内蒙古自治区公安厅蒙古文网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠬᠤᠶᠠᠷ ᠢ ᠠᠷᠢᠯᠭᠠᠨ ᠴᠡᠭᠴᠡᠯᠡᠵᠦ ᠬᠤᠶᠠᠷ ᠲᠤ ᠴᠣᠬᠢᠯᠲᠠ ᠥᠭᠬᠦ︾ ᠲᠤᠰᠬᠠᠢ ᠠᠵᠢᠯᠯᠠᠭ᠎ᠠ ᠶᠢᠨ ᠳᠤᠮᠳᠠ ᠪᠣᠳᠠᠲᠤ ᠦᠷ᠎ᠡ ᠪᠦᠲᠦᠮᠵᠢ ᠣᠯᠪᠠ
        ᠨᠡᠶᠢᠲᠡᠯᠡᠭᠰᠡᠨ ᠴᠠᠭ᠄
        2022/11/20
              ᠨᠡᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠨ ᠡᠵᠡᠮᠳᠡᠬᠦ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽856︾ ᠤ ᠪᠠᠶᠢᠩᠭᠤ ᠶᠢᠨ ᠴᠠᠭᠳᠠᠨ ᠰᠡᠷᠭᠡᠶᠢᠯᠡᠬᠦ ᠲᠣᠭᠲᠠᠴᠠ ᠪᠠ ︽1᠂ 3᠂ 5 ᠮᠢᠨᠦ᠋ᠲ︾ ᠤᠨ ᠲᠦᠷᠭᠡᠨ ᠲᠤᠰᠬᠠᠬᠤ ᠲᠣᠭᠲᠠᠴᠠ ᠳᠤ ᠲᠦᠰᠢᠭᠯᠡᠨ᠂ ᠨᠡᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠤᠯᠠᠮ ᠨᠢᠭᠡ ᠠᠯᠬᠤᠮ ᠴᠢᠩᠭᠠᠳᠬᠠᠵᠤ᠂ ᠵᠡᠭᠡᠯᠢ ᠳᠡᠭᠡᠷᠡᠬᠢ ᠲᠣᠪᠤᠶᠢᠮ᠎ᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠶᠢ ᠴᠢᠩᠭᠠᠳᠬᠠᠨ᠂ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠪᠡ᠃ ᠨᠡᠶᠢᠭᠡᠮ ᠤᠨ ᠲᠠᠯ᠎ᠠ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠦᠯᠵᠢᠶ᠎ᠡ᠂ ᠭᠤᠣᠯᠳᠠᠯᠭ᠎ᠠ ᠲᠠᠢ ᠠᠵᠢᠯ ᠲᠥᠷᠥᠯ ᠪᠣᠯᠤᠨ ᠭᠤᠣᠯᠳᠠᠯᠭ᠎ᠠ ᠲᠠᠢ ᠣᠷᠣᠨ ᠪᠠᠶᠢᠷᠢ᠂ ᠰᠤᠮᠤ ︵ᠵᠡᠭᠡᠯᠢ ᠭᠤᠳᠤᠮᠵᠢ︶ ᠪᠣᠯᠤᠨ ᠭᠠᠴᠠᠭ᠎ᠠ ︵ᠨᠡᠶᠢᠭᠡᠮ ᠲᠣᠭᠤᠷᠢᠭ︶ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠪᠠᠷ ᠭᠤᠣᠯᠳᠠᠭᠤᠯᠵᠤ᠂ ᠡᠯ᠎ᠡ ᠠᠵᠢᠯ ᠲᠥᠷᠥᠯ ᠵᠢᠴᠢ ᠭᠤᠣᠯᠳᠠᠯᠭ᠎ᠠ ᠲᠠᠢ ᠣᠷᠣᠨ ᠪᠦᠰᠡ ᠶᠢ ᠪᠠᠶᠢᠴᠠᠭᠠᠨ ᠴᠡᠭᠴᠡᠯᠡᠬᠦ ᠶᠢ ᠯᠠᠪᠳᠠᠭᠤᠨ ᠪᠠᠲᠤᠲᠠᠢ ᠥᠷᠨᠢᠭᠦᠯᠵᠦ᠂ 3392 ᠬᠥᠮᠦᠨ ᠤᠳᠠᠭ᠎ᠠ ᠴᠠᠭᠳᠠᠭ᠎ᠠ ᠬᠥᠳᠡᠯᠭᠡᠵᠦ᠂ 923 ᠤᠳᠠᠭ᠎ᠠ ᠴᠠᠭᠳᠠᠭᠠᠨ ᠤ ᠲᠡᠷᠭᠡ ᠶᠢ ᠬᠥᠳᠡᠯᠭᠡᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠬᠦᠴᠦᠨ ᠢ 908 ᠬᠥᠮᠦᠨ ᠤᠳᠠᠭ᠎ᠠ ᠳᠠᠶᠢᠴᠢᠯᠠᠨ᠂ ᠡᠯ᠎ᠡ ᠲᠥᠷᠥᠯ ᠤᠨ ᠭᠤᠣᠯᠳᠠᠯᠭ᠎ᠠ ᠲᠠᠢ ᠲᠠᠯᠠᠪᠤᠷ ᠢ 1937 ᠤᠳᠠᠭ᠎ᠠ ᠪᠠᠶᠢᠴᠠᠭᠠᠵᠤ᠂ ᠬᠠᠷᠢᠶᠠᠲᠤ ᠣᠷᠣᠨ ᠤ ᠠᠶᠠᠨᠴᠢᠳ ᠤᠨ ᠪᠠᠭᠤᠳᠠᠯ᠂ ᠤᠬᠢᠶᠠᠯᠭ᠎ᠠ᠂ ᠳᠠᠭᠤᠤ ᠶᠢᠨ ᠲᠢᠩᠬᠢᠮ᠂ ᠠᠷᠢᠬᠢᠨ ᠮᠤᠬᠤᠯᠠᠭ ᠵᠡᠷᠭᠡ ᠠᠵᠢᠯ ᠲᠥᠷᠥᠯ ᠤᠨ ᠲᠠᠯᠠᠪᠤᠷ ᠢ ᠨᠡᠶᠢᠲᠡ 1249 ᠪᠠᠢᠴᠠᠭᠠᠨ ᠴᠡᠭᠴᠡᠯᠡᠵᠦ᠂ ᠠᠮᠤᠷ ᠲᠦᠪᠰᠢᠨ ᠤ ᠳᠠᠯᠳᠠ ᠭᠡᠮ ᠢ ᠨᠡᠶᠢᠳᠡ 48 ᠵᠢᠭᠰᠠᠭᠠᠨ ᠪᠠᠶᠢᠴᠠᠭᠠᠪᠠ︔ ᠲᠡᠷᠭᠡ ᠬᠥᠰᠬᠡ ᠳᠤ 21669 ᠤᠳᠠᠭ᠎ᠠ ᠪᠠᠶᠢᠴᠠᠭᠠᠯᠲᠠ ᠶᠠᠪᠤᠭᠳᠠᠭᠤᠯᠵᠤ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ 3424 ᠪᠠᠶᠢᠴᠠᠭᠠᠨ ᠰᠢᠢᠳᠪᠦᠷᠢᠯᠡᠪᠡ᠃
        微信图片_20220928152415.jpg  
              ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠬᠠᠮᠢᠶᠠᠷᠤᠨ ᠡᠵᠡᠮᠳᠡᠵᠦ᠂ ᠵᠠᠬᠢᠷᠤᠨ ᠡᠵᠡᠮᠳᠡᠵᠦ ᠪᠠᠶᠢᠭ᠎ᠠ ᠪᠠᠭᠠᠵᠢ ᠵᠡᠪᠰᠡᠭ᠂ ᠫᠤᠤ ᠵᠡᠪᠰᠡᠭ ᠳᠡᠯᠪᠡᠷᠡᠭᠦᠯᠬᠦ ᠡᠳ᠋ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠡᠭᠴᠡᠯᠡᠨ ᠵᠠᠰᠠᠬᠤ ᠪᠠᠷ ᠬᠥᠲᠥᠯᠦᠮᠵᠢ ᠪᠣᠯᠭᠠᠵᠤ᠂ ᠠᠶᠤᠯ ᠲᠦᠭᠰᠢᠭᠦᠷᠢ ᠲᠠᠢ ᠳᠡᠯᠪᠡᠷᠡᠬᠦ ᠡᠳ᠋ ᠪᠣᠳᠠᠰ ᠢ ᠬᠥᠳᠡᠯᠦᠩᠭᠦᠢ ᠪᠠᠷ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠭᠤᠭᠤᠵᠢᠭᠳᠠᠯ ᠦᠭᠡᠢ ᠪᠠᠷ ᠰᠡᠷᠭᠡᠶᠢᠯᠡᠨ ᠪᠠᠶᠢᠴᠠᠭᠠᠵᠤ᠂ ᠠᠮᠤᠷ ᠲᠦᠪᠰᠢᠨ ᠤ ᠭᠡᠮ ᠰᠣᠭᠤᠭ ᠢ ᠠᠷᠢᠯᠭᠠᠭᠰᠠᠨ︔ ᠫᠤᠤ ᠵᠡᠪᠰᠡᠭ ᠲᠤ ᠬᠤᠯᠪᠣᠭᠳᠠᠭᠰᠠᠨ ᠳᠡᠯᠪᠡᠷᠡᠯᠲᠡ ᠳᠤ ᠬᠤᠯᠪᠣᠭᠳᠠᠭᠰᠠᠨ ᠬᠢᠲᠤᠭ᠎ᠠ ᠳᠤ ᠬᠤᠯᠪᠣᠭᠳᠠᠭᠰᠠᠨ 37 ᠨᠢᠭᠡᠴᠢ ᠶᠢ ᠪᠠᠶᠢᠴᠠᠭᠠᠵᠤ᠂ ᠠᠮᠤᠷ ᠲᠦᠪᠰᠢᠨ ᠤ ᠭᠡᠮ ᠰᠣᠭᠤᠭ ᠢ 2 ᠤᠳᠠᠭ᠎ᠠ ᠳᠠᠷᠠᠭᠠᠯᠠᠨ ᠪᠠᠢᠴᠠᠭᠠᠪᠠ᠃ ᠣᠶᠢᠷ᠎ᠠ ᠳᠤ᠂ ᠠᠮᠤᠷ ᠢ ᠬᠠᠮᠠᠭᠠᠯᠠᠬᠤ ᠶᠡᠭᠡ ᠠᠩᠭᠢ ᠶᠢᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ ᠰᠠᠭᠤᠵᠤ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠠᠵᠢᠯ ᠤᠨ ᠳᠤᠮᠳᠠ ᠪᠠᠨ ᠴᠠᠭᠠᠵᠠᠲᠠᠢ ᠡᠳ᠋ ᠪᠣᠳᠠᠰ ᠠᠪᠴᠤ ᠶᠠᠪᠤᠭ᠎ᠠ ᠶᠢ ᠢᠯᠡᠷᠡᠭᠦᠯᠵᠦ᠂ ᠲᠡᠷᠡ ᠳᠠᠷᠤᠢ ᠳᠤ ᠨᠢ ᠬᠤᠷᠢᠶᠠᠨ ᠠᠪᠤᠭᠰᠠᠨ ᠤ ᠳᠠᠷᠠᠭ᠎ᠠ᠂ ᠴᠠᠭᠠᠵᠠᠲᠠᠢ ᠡᠳ᠋ ᠪᠣᠳᠠᠰ ᠠᠪᠴᠤ ᠶᠠᠪᠤᠭᠰᠠᠳ ᠢ ᠰᠢᠭᠦᠮᠵᠢᠯᠡᠨ ᠰᠤᠷᠭᠠᠵᠤ᠂ ᠵᠠᠬᠢᠷᠤᠨ ᠬᠠᠮᠢᠶᠠᠷᠴᠤ ᠪᠠᠶᠢᠭ᠎ᠠ ᠬᠢᠲᠤᠭ᠎ᠠ ᠪᠠᠭᠠᠵᠢ ᠵᠡᠷᠭᠡ ᠠᠴᠠ ᠪᠣᠯᠤᠭᠰᠠᠨ ᠳᠠᠯᠳᠠ ᠭᠡᠮ ᠰᠣᠭᠤᠭ ᠢ ᠪᠦᠲᠦᠮᠵᠢᠲᠡᠢ ᠠᠷᠢᠯᠭᠠᠵᠤ᠂ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠨᠡᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠢ ᠪᠣᠢ ᠪᠣᠯᠭᠠᠪᠠ᠃  
        ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ