内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠤᠴᠠ ᠲᠡᠮᠳᠡᠭ ᠤᠨ ᠬᠠᠤᠯᠢ
        ᠨᠡᠶᠢᠲᠡᠯᠡᠭᠰᠡᠨ ᠴᠠᠭ᠄
        2020/11/27
             ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠵᠠᠷᠯᠢᠭ      ᠭᠤᠴᠢᠨ ᠲᠠᠪᠤᠳᠤᠭᠠᠷ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠤᠴᠠ ᠲᠡᠮᠳᠡᠭ ᠤᠨ ᠬᠠᠤᠯᠢ︾ ᠶᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠶᠢᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯᠳᠤᠭᠠᠨ ᠠᠴᠠ 2019 ᠣᠨ ᠤ 10 ᠳ᠋ᠤᠭᠠᠷ ᠰᠠᠷ᠎ᠠ ᠶᠢᠨ 26 ᠤ ᠡᠳᠦᠷ ᠪᠠᠲᠤᠯᠠᠵᠤ᠂ ᠡᠳᠦᠭᠡ ᠨᠡᠶᠢᠲᠡᠯᠡᠨ᠂ 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃                  ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ                  2019 ᠣᠨ ᠤ 10 ᠳ᠋ᠤᠭᠠᠷ ᠰᠠᠷ᠎ᠠ ᠶᠢᠨ 26 ᠤ ᠡᠳᠦᠷ      ᠭᠠᠷᠴᠠᠭ      ᠨᠢᠭᠡᠳᠦᠭᠡᠷ ᠪᠦᠯᠦᠭ  ᠶᠡᠷᠦᠩᠬᠡᠶ ᠲᠦᠷᠢᠮ      ᠬᠤᠶᠠᠳᠤᠭᠠᠷ ᠪᠦᠯᠦᠭ  ᠭᠤᠤᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ      ᠭᠤᠷᠪᠠᠳᠤᠭᠠᠷ ᠪᠦᠯᠦᠭ  ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ      ᠳᠥᠷᠪᠡᠳᠦᠭᠡᠷ ᠪᠦᠯᠦᠭ  ᠬᠠᠤᠯᠢ ᠴᠠᠭᠠᠵᠠ ᠶᠢᠨ ᠬᠠᠷᠢᠭᠤᠴᠠᠯᠭ᠎ᠠ      ᠲᠠᠪᠤᠳᠤᠭᠠᠷ ᠪᠦᠯᠦᠭ  ᠳᠠᠭᠠᠯᠳᠤᠭᠤᠯᠤᠯ ᠲᠦᠷᠢᠮ      ᠨᠢᠭᠡᠳᠦᠭᠡᠷ ᠪᠦᠯᠦᠭ  ᠶᠡᠷᠦᠩᠬᠡᠶ ᠲᠦᠷᠢᠮ      ᠨᠢᠭᠡᠳᠦᠭᠡᠷ ᠵᠦᠢᠯ᠂ ᠨᠢᠭᠤᠴᠠ ᠲᠡᠮᠳᠡᠭ ᠤᠨ ᠬᠡᠷᠡᠭᠯᠡᠯᠲᠡ ᠪᠠ ᠬᠠᠮᠢᠶᠠᠷᠤᠯᠲᠠ ᠶᠢ ᠵᠢᠷᠤᠮᠵᠢᠭᠤᠯᠵᠤ᠂ ᠨᠢᠭᠤᠴᠠ ᠲᠡᠮᠳᠡᠭ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠂ ᠲᠣᠣᠷ ᠰᠦᠯᠵᠢᠶ᠎ᠡ ᠪᠣᠯᠤᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠠᠮᠠᠭᠠᠯᠠᠵᠤ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ᠲᠤᠰ ᠬᠠᠤᠯᠢ ᠶᠢ ᠲᠣᠭᠲᠠᠭᠠᠪᠠ᠃      ᠬᠤᠶᠠᠳᠤᠭᠠᠷ ᠵᠦᠢᠯ᠂ ᠲᠤᠰ ᠬᠠᠤᠯᠢ ᠳᠤ ᠬᠡᠯᠡᠵᠦ ᠪᠠᠶᠢᠭ᠎ᠠ ᠨᠢᠭᠤᠴᠠ ᠲᠡᠮᠳᠡᠭ ᠭᠡᠳᠡᠭ ᠨᠢ ᠣᠨᠴᠠ ᠲᠣᠭᠲᠠᠭᠰᠠᠨ ᠬᠤᠪᠢᠷᠠᠭᠤᠯᠬᠤ ᠠᠷᠭ᠎ᠠ ᠪᠠᠷ ᠮᠡᠳᠡᠭᠡ ᠵᠠᠩᠭᠢ ᠵᠡᠷᠭᠡ ᠶᠢ ᠨᠢᠭᠤᠴᠠᠯᠠᠨ ᠬᠠᠮᠠᠭᠠᠯᠠᠬᠤ᠂ ᠠᠶᠤᠯᠭᠦᠢ ᠶᠢᠨ ᠭᠡᠷᠡᠴᠢᠯᠡᠯ ᠬᠢᠬᠦ ᠮᠡᠷᠭᠡᠵᠢᠯ᠂ ᠦᠢᠯᠡᠳᠬᠦᠨ ᠪᠠ ᠦᠢᠯᠡᠴᠢᠯᠡᠭᠡ ᠶᠢ ᠵᠢᠭᠠᠵᠤ ᠪᠤᠢ᠃    ᠭᠤᠷᠪᠠᠳᠤᠭᠠᠷ ᠵᠦᠢᠯ᠂ ᠨᠢᠭᠤᠴᠠ ᠲᠡᠮᠳᠡᠭ ᠤᠨ ᠠᠵᠢᠯ ᠳᠤ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠨ᠂ ᠨᠢᠭᠡᠳᠦᠯᠲᠡᠶ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ᠂ ᠬᠥᠭᠵᠢᠯᠲᠡ ᠶᠢᠨ ᠰᠢᠨ᠎ᠡ ᠶᠢ ᠡᠭᠦᠳᠬᠦ᠂ ᠶᠡᠭᠡ ᠲᠠᠯ᠎ᠠ ᠳᠤ ᠦᠢᠯᠡᠴᠢᠯᠡᠬᠦ᠂ ᠬᠠᠤᠯᠢ ᠶᠣᠰᠣᠭᠠᠷ ᠬᠠᠮᠢᠶᠠᠷᠬᠤ᠂ ᠠᠮᠤᠷ ᠲᠦᠪᠰᠢᠨ ᠢ ᠪᠠᠲᠤᠯᠠᠬᠤ ᠵᠠᠷᠴᠢᠮ ᠢ ᠵᠢᠷᠤᠮᠯᠠᠨ᠎ᠠ᠃      ᠳᠥᠷᠪᠡᠳᠦᠭᠡᠷ ᠵᠦᠢᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠤᠴᠠ ᠲᠡᠮᠳᠡᠭ ᠤᠨ ᠠᠵᠢᠯ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠲᠥᠪ ᠤᠨ ᠨᠢᠭᠤᠴᠠ ᠲᠡᠮᠳᠡᠭ ᠤᠨ ᠠᠵᠢᠯ ᠤᠨ ᠤᠳᠤᠷᠢᠳᠬᠤ ᠪᠠᠶᠢᠭᠤᠯᠤᠮᠵᠢ ᠠᠴᠠ ᠪᠦᠬᠦ ᠤᠯᠤᠰ ᠤᠨ ᠨᠢᠭᠤᠴᠠ ᠲᠡᠮᠳᠡᠭ ᠤᠨ ᠠᠵᠢᠯ ᠳᠤ ᠨᠢᠭᠡᠳᠦᠯᠲᠡᠶ ᠤᠳᠤᠷᠢᠳᠤᠯᠭ᠎ᠠ ᠶᠠᠪᠤᠭᠤᠯᠵᠤ᠂ ᠤᠯᠤᠰ ᠤᠨ ᠨᠢᠭᠤᠴᠠ ᠲᠡᠮᠳᠡᠭ ᠤᠨ ᠠᠵᠢᠯ ᠤᠨ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠤᠯᠤᠰ ᠤᠨ ᠨᠢᠭᠤᠴᠠ ᠲᠡᠮᠳᠡᠭ ᠤᠨ ᠴᠢᠬᠤᠯᠠ ᠶᠡᠭᠡ ᠤᠴᠢᠷ ᠶᠠᠪᠤᠳᠠᠯ ᠪᠠ ᠴᠢᠬᠤᠯᠠ ᠠᠵᠢᠯ ᠢ ᠨᠢᠭᠡᠳᠦᠯᠲᠡᠶ ᠲᠦᠯᠦᠪᠯᠡᠨ ᠵᠣᠬᠢᠴᠠᠭᠤᠯᠵᠤ᠂ ᠤᠯᠤᠰ ᠤᠨ ᠨᠢᠭᠤᠴᠠ ᠲᠡᠮᠳᠡᠭ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ᠲᠠᠪᠤᠳᠤᠭᠠᠷ ᠵᠦᠢᠯ᠂ ᠤᠯᠤᠰ ᠤᠨ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠥᠬᠦ ᠤᠯᠤᠰ ᠤᠨ ᠨᠢᠭᠤᠴᠠ ᠲᠡᠮᠳᠡᠭ ᠤᠨ ᠠᠵᠢᠯ ᠢ ᠬᠠᠷᠢᠭᠤᠴᠠᠨ ᠬᠠᠮᠢᠶᠠᠷᠤᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠨᠢᠭᠤᠴᠠ ᠲᠡᠮᠳᠡᠭ ᠤᠨ ᠠᠵᠢᠯ ᠢ ᠬᠠᠷᠢᠭᠤᠴᠠᠨ ᠬᠠᠮᠢᠶᠠᠷᠤᠨ᠎ᠠ᠃      ᠲᠥᠷᠥ ᠶᠢᠨ ᠪᠠᠶᠢᠭᠤᠯᠭ᠎ᠠ ᠪᠣᠯᠤᠨ ᠨᠢᠭᠤᠴᠠ ᠲᠡᠮᠳᠡᠭ ᠤᠨ ᠠᠵᠢᠯ ᠳᠤ ᠬᠤᠯᠪᠣᠭᠳᠠᠬᠤ ᠨᠢᠭᠡᠴᠢ ᠨᠢ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠲᠣᠰ ᠪᠠᠶᠢᠭᠤᠯᠭ᠎ᠠ᠂ ᠲᠣᠰ ᠨᠢᠭᠡᠴᠢ ᠪᠤᠶᠤ ᠲᠣᠰ ᠰᠢᠰᠲ᠋ᠧᠮ ᠤᠨ ᠢᠶᠠᠨ ᠨᠢᠭᠤᠴᠠ ᠲᠡᠮᠳᠡᠭ ᠤᠨ ᠠᠵᠢᠯ ᠢ ᠬᠠᠷᠢᠭᠤᠴᠠᠨ᠎ᠠ᠃      ᠵᠢᠷᠭᠤᠳᠤᠭᠠᠷ ᠵᠦᠢᠯ᠂ ᠤᠯᠤᠰ ᠠᠴᠠ ᠨᠢᠭᠤᠴᠠ ᠲᠡᠮᠳᠡᠭ ᠲᠤ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ᠃      ᠨᠢᠭᠤᠴᠠ ᠲᠡᠮᠳᠡᠭ ᠢ ᠭᠤᠣᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠪᠠ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠭᠡᠵᠦ ᠬᠤᠪᠢᠶᠠᠨ᠎ᠠ᠃      ᠳᠣᠯᠣᠳᠤᠭᠠᠷ ᠵᠦᠢᠯ᠂ ᠭᠤᠣᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠨᠢ ᠤᠯᠤᠰ ᠤᠨ ᠨᠢᠭᠤᠴᠠ ᠮᠡᠳᠡᠭᠡ ᠵᠠᠩᠭᠢ ᠶᠢ ᠬᠠᠮᠠᠭᠠᠯᠠᠬᠤ ᠳᠤ ᠬᠡᠷᠡᠭᠯᠡᠵᠦ᠂ ᠭᠤᠣᠯ ᠨᠢᠭᠤᠴᠠ ᠳᠡᠮᠳᠡᠭ ᠤᠨ ᠬᠠᠮᠠᠭᠠᠯᠠᠬᠤ ᠮᠡᠳᠡᠭᠡ ᠵᠠᠩᠭᠢ ᠶᠢᠨ ᠬᠠᠮᠤᠭ ᠤᠨ ᠥᠨᠳᠥᠷ ᠨᠢᠭᠤᠴᠠ ᠶᠢᠨ ᠳᠡᠰ ᠨᠢ ᠲᠠᠰᠤ ᠨᠢᠭᠤᠴᠠ ᠶᠢᠨ ᠳᠡᠰ ᠪᠣᠯᠤᠨ᠎ᠠ᠂ ᠡᠩ ᠤᠨ ᠨᠢᠭᠤᠴᠠ ᠳᠡᠮᠳᠡᠭ ᠤᠨ ᠬᠠᠮᠠᠭᠠᠯᠠᠬᠤ ᠮᠡᠳᠡᠭᠡ ᠵᠠᠩᠭᠢ ᠶᠢᠨ ᠬᠠᠮᠤᠭ ᠤᠨ ᠥᠨᠳᠥᠷ ᠨᠢᠭᠤᠴᠠ ᠶᠢᠨ ᠳᠡᠰ ᠨᠢ ᠴᠢᠬᠤᠯᠠ ᠨᠢᠭᠤᠴᠠ ᠶᠢᠨ ᠳᠡᠰ ᠪᠣᠯᠤᠨ᠎ᠠ᠃      ᠭᠤᠣᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠨᠢ ᠤᠯᠤᠰ ᠤᠨ ᠨᠢᠭᠤᠴᠠ ᠳᠤ ᠬᠠᠷᠢᠶᠠᠯᠠᠭᠳᠠᠨ᠎ᠠ᠃ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠣᠰ ᠬᠠᠤᠯᠢ ᠪᠣᠯᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠤᠤᠯ  ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠲᠤ ᠴᠢᠩᠭ᠎ᠠ ᠨᠢᠭᠡᠳᠦᠯᠲᠡᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃       ᠨᠠᠢᠮᠠᠳᠤᠭᠠᠷ ᠵᠦᠢᠯ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠢ ᠤᠯᠤᠰ ᠤᠨ ᠨᠢᠭᠤᠴᠠ ᠳᠤ ᠬᠠᠷᠢᠶᠠᠯᠠᠭᠳᠠᠬᠤ ᠥᠬᠡᠶ ᠮᠡᠳᠡᠭᠡ ᠵᠠᠩᠭᠢ ᠶᠢ ᠬᠠᠮᠠᠭᠠᠯᠠᠬᠤ ᠳᠤ ᠬᠡᠷᠡᠭᠯᠡᠨ᠎ᠡ᠃      ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠢ ᠬᠤᠳᠠᠯᠳᠤᠭᠠᠨ ᠤ ᠬᠡᠷᠡᠭᠯᠡᠬᠦ ᠨᠢᠭᠤᠴᠠ ᠲᠡᠮᠳᠡᠭ ᠢ ᠬᠠᠤᠯᠢ ᠶᠣᠰᠣᠭᠠᠷ ᠬᠡᠷᠡᠭᠯᠡᠨ ᠲᠣᠤᠷ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠵᠤ ᠪᠣᠯᠤᠨ᠎ᠠ᠃      ᠶᠢᠰᠦᠳᠦᠭᠡᠷ ᠵᠦᠢᠯ᠂ ᠤᠯᠤᠰ ᠠᠴᠠ ᠨᠢᠭᠤᠴᠠ ᠲᠡᠮᠳᠡᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠯ ᠪᠠ ᠬᠡᠷᠡᠭᠯᠡᠭᠡ ᠶᠢ ᠵᠣᠷᠢᠭᠵᠢᠭᠤᠯᠤᠨ ᠳᠡᠮᠵᠢᠵᠦ᠂ ᠨᠢᠭᠤᠴᠠ ᠲᠡᠮᠳᠡᠭ ᠤᠨ ᠬᠦᠷᠢᠶ᠎ᠡ ᠬᠡᠪᠴᠢᠶᠡᠨ ᠳᠠᠬᠢ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢ ᠬᠠᠤᠯᠢ ᠶᠣᠰᠤᠭᠠᠷ ᠬᠠᠮᠠᠭᠠᠯᠠᠵᠤ᠂ ᠨᠢᠭᠤᠴᠠ ᠲᠡᠮᠳᠡᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠣᠯᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃      ᠤᠯᠤᠰ ᠠᠴᠠ ᠨᠢᠭᠤᠴᠠ ᠲᠡᠮᠳᠡᠭ ᠤᠨ ᠴᠢᠳᠠᠪᠤᠷᠢᠲᠠᠨ ᠢ ᠬᠥᠮᠦᠵᠢᠭᠦᠯᠬᠦ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠢᠭᠤᠴᠠ ᠲᠡᠮᠳᠡᠭ ᠤᠨ ᠠᠵᠢᠯ ᠤᠨ ᠳᠤᠮᠳᠠ ᠳᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠦᠬᠢᠭᠦᠯᠬᠦ ᠪᠠ ᠱᠠᠩᠨᠠᠨ᠎ᠠ᠃              ᠠᠷᠪᠠᠳᠤᠭᠠᠷ ᠵᠦᠢᠯ᠂ ᠤᠯᠤᠰ ᠠᠴᠠ ᠤᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ ᠪᠠᠶᠢᠭᠠᠳ ᠨᠢᠭᠤᠴᠠ ᠲᠡᠮᠳᠡᠭ ᠤᠨ ᠠᠶᠤᠯᠭᠦᠢ ᠶᠢᠨ ᠬᠥᠮᠦᠵᠢᠯ ᠢ ᠴᠢᠩᠭᠠᠳᠬᠠᠵᠤ᠂ ᠨᠢᠭᠤᠴᠠ ᠲᠡᠮᠳᠡᠭ ᠤᠨ ᠠᠶᠤᠯᠭᠦᠢ ᠶᠢᠨ ᠬᠥᠮᠦᠵᠢᠯ ᠢ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮᠵᠢ ᠪᠣᠯᠤᠨ ᠠᠯᠪᠠᠲᠠᠨ ᠤ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠰᠢᠰᠲ᠋ᠧᠮᠵᠢ ᠳᠤ ᠣᠷᠣᠭᠤᠯᠵᠤ᠂ ᠠᠷᠠᠳ ᠢᠷᠭᠡᠳ᠂ ᠬᠠᠤᠯᠢ ᠶᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠨᠢᠭᠤᠴᠠ ᠲᠡᠮᠳᠡᠭ ᠤᠨ ᠠᠶᠤᠯᠭᠦᠢ ᠶᠢᠨ ᠦᠵᠡᠯ ᠤᠬᠠᠮᠰᠠᠷ ᠢ ᠨᠡᠮᠡᠭᠳᠡᠭᠦᠯᠦᠨ᠎ᠡ᠃      ᠠᠷᠪᠠᠨ ᠨᠢᠭᠡᠳᠦᠭᠡᠷ ᠵᠦᠢᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠨᠢᠭᠤᠴᠠ ᠲᠡᠮᠳᠡᠭ ᠤᠨ ᠠᠵᠢᠯ ᠢ ᠲᠤᠰ ᠱᠠᠲᠤᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠪᠠᠨ ᠣᠷᠣᠭᠤᠯᠬᠤ ᠬᠡᠷᠡᠭᠲᠡᠢ᠂ ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃      ᠠᠷᠪᠠᠨ ᠬᠤᠶᠠᠳᠤᠭᠠᠷ ᠵᠦᠢᠯ᠂ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠨᠢ ᠪᠤᠰᠤᠳ ᠤᠨ ᠨᠢᠭᠤᠴᠠ ᠨᠡᠮᠡᠵᠦ ᠬᠠᠮᠠᠭᠠᠯᠠᠭᠰᠠᠨ ᠮᠡᠳᠡᠭᠡ ᠵᠠᠩᠭᠢ ᠶᠢ ᠬᠤᠯᠠᠭᠠᠶᠢᠯᠠᠨ ᠠᠪᠬᠤ ᠪᠤᠶᠤ ᠪᠤᠰᠤᠳ ᠤᠨ ᠨᠢᠭᠤᠴᠠ ᠲᠡᠮᠳᠡᠭ ᠤᠨ ᠪᠠᠲᠤᠯᠠᠭ᠎ᠠ ᠶᠢᠨ ᠰᠢᠰᠲ᠋ᠧᠮ ᠳᠤ ᠬᠠᠤᠯᠢ ᠪᠤᠰᠤ ᠪᠠᠷ ᠲᠦᠷᠢᠨ ᠣᠷᠣᠵᠤ ᠪᠣᠯᠬᠤ ᠥᠭᠡᠢ᠃      ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠨᠢ ᠨᠢᠭᠤᠴᠠ ᠲᠡᠮᠳᠡᠭ ᠢ ᠠᠰᠢᠭᠯᠠᠨ ᠤᠯᠤᠰ ᠣᠷᠣᠨ ᠤ ᠠᠮᠤᠷ ᠲᠦᠪᠰᠢᠨ᠂ ᠨᠡᠶᠢᠭᠡᠮ ᠨᠡᠶᠢᠲᠡ ᠶᠢᠨ ᠠᠰᠢᠭ ᠲᠤᠰᠠ᠂ ᠪᠤᠰᠤᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠢᠵᠦ ᠪᠣᠯᠬᠤ ᠦᠭᠡᠢ᠃      ᠬᠤᠶᠠᠳᠤᠭᠠᠷ ᠪᠦᠯᠦᠭ  ᠭᠤᠤᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ      ᠠᠷᠪᠠᠨ ᠭᠤᠷᠪᠠᠳᠤᠭᠠᠷ ᠵᠦᠢᠯ᠂ ᠤᠯᠤᠰ ᠠᠴᠠ ᠭᠤᠣᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠬᠠᠮᠢᠶᠠᠷᠬᠤ ᠪᠠ ᠬᠡᠷᠡᠭᠯᠡᠬᠦ ᠶᠢ ᠴᠢᠩᠭᠠᠳᠬᠠᠵᠤ᠂ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠨᠢᠭᠤᠴᠠ ᠲᠡᠮᠳᠡᠭ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃      ᠠᠷᠪᠠᠨ ᠳᠥᠷᠪᠡᠳᠦᠭᠡᠷ ᠵᠦᠢᠯ᠂ ᠤᠲᠠᠰᠤᠲᠤ᠂ ᠤᠳᠠᠰᠤ ᠦᠭᠡᠢ ᠬᠤᠯᠪᠣᠭ᠎ᠠ ᠳᠤᠮᠳᠠ ᠤᠯᠤᠰ ᠤᠨ ᠨᠢᠭᠤᠴᠠ ᠮᠡᠳᠡᠭᠡ ᠵᠠᠩᠭᠢ ᠶᠢ ᠳᠠᠮᠵᠢᠭᠤᠯᠬᠤ ᠵᠢᠴᠢ ᠤᠯᠤᠰ ᠤᠨ ᠨᠢᠭᠤᠴᠠ ᠶᠢᠨ ᠮᠡᠳᠡᠭᠡ ᠵᠠᠩᠭᠢ ᠶᠢ ᠬᠠᠳᠠᠭᠠᠯᠠᠬᠤ᠂ ᠰᠢᠢᠳᠪᠦᠷᠢᠯᠡᠬᠦ ᠮᠡᠳᠡᠭᠡ ᠵᠠᠩᠭᠢ ᠶᠢᠨ ᠰᠢᠰᠲ᠋ᠧᠮ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠤᠤᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠢ ᠬᠡᠷᠡᠭᠯᠡᠨ ᠨᠢᠭᠤᠴᠠᠯᠠᠨ ᠬᠠᠮᠠᠭᠠᠯᠠᠵᠤ᠂ ᠠᠶᠤᠯᠭᠦᠢ ᠶᠢᠨ ᠭᠡᠷᠡᠴᠢᠯᠡᠯ ᠬᠢᠬᠦ ᠬᠡᠷᠡᠭᠲᠡᠶ᠃      ᠠᠷᠪᠠᠨ ᠲᠠᠪᠤᠳᠤᠭᠠᠷ ᠵᠦᠢᠯ᠂ ᠭᠤᠤᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠦᠢᠯᠡᠳᠪᠦᠷᠢᠯᠡᠯ᠂ ᠦᠢᠯᠡᠴᠢᠯᠡᠭᠡ᠂ ᠪᠠᠶᠢᠴᠠᠭᠠᠨ ᠰᠢᠯᠭᠠᠯᠲᠠ᠂ ᠲᠣᠨᠤᠭ ᠲᠥᠬᠦᠭᠡᠷᠦᠮᠵᠢ᠂ ᠬᠡᠷᠡᠭᠯᠡᠬᠦ ᠪᠠ ᠤᠰᠠᠳᠬᠠᠬᠤ ᠵᠡᠷᠭᠡ ᠠᠵᠢᠯ ᠢ ᠡᠷᠭᠢᠯᠡᠨ ᠬᠢᠬᠦ ᠪᠠᠶᠢᠭᠤᠯᠤᠮᠵᠢ ︵ᠳᠣᠷᠣᠭᠰᠢ ᠨᠢᠭᠤᠴᠠ ᠲᠡᠮᠳᠡᠭ ᠤᠨ ᠠᠵᠢᠯ ᠤᠨ ᠪᠠᠶᠢᠭᠤᠯᠤᠮᠵᠢ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠵᠢᠴᠢ ᠭᠤᠤᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ᠂ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠴᠢᠩᠭ᠎ᠠ ᠨᠢᠮᠪᠠᠶ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ ᠪᠠ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠠᠪᠴᠤ᠂ ᠭᠤᠣᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃      ᠠᠷᠪᠠᠨ ᠵᠢᠷᠭᠤᠳᠤᠭᠠᠷ ᠵᠦᠢᠯ᠂ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠨᠢᠭᠤᠴᠠ ᠲᠡᠮᠳᠡᠭ ᠤᠨ ᠠᠵᠢᠯ ᠤᠨ ᠪᠠᠶᠢᠭᠤᠯᠤᠮᠵᠢ ᠶᠢᠨ ᠭᠤᠣᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠤᠨ ᠠᠵᠢᠯ  ᠢ ᠬᠠᠤᠯᠢ ᠶᠣᠰᠣᠭᠠᠷ ᠵᠢᠯᠣᠭᠤᠳᠬᠤ᠂ ᠬᠢᠨᠠᠯᠲᠠ ᠲᠠᠯᠪᠢᠬᠤ ᠪᠠ ᠪᠠᠶᠢᠴᠠᠭᠠᠵᠤ᠂ ᠨᠢᠭᠤᠴᠠ ᠲᠡᠮᠳᠡᠭ ᠤᠨ ᠠᠵᠢᠯ ᠤᠨ ᠪᠠᠶᠢᠭᠤᠯᠤᠮᠵᠢ ᠠᠴᠠ ᠬᠠᠮᠵᠢᠯᠴᠠᠬᠤ ᠬᠡᠷᠡᠭᠲᠡᠶ᠃      ᠠᠷᠪᠠᠨ ᠳᠣᠯᠣᠳᠤᠭᠠᠷ ᠵᠦᠢᠯ᠂ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠭᠤᠣᠯ ᠨᠢᠭᠤᠴᠠ ᠲᠡᠮᠳᠡᠭ᠂ ᠡᠩ   ᠤᠨ ᠨᠢᠭᠤᠴᠠ ᠲᠡᠮᠳᠡᠭ ᠤᠨ ᠠᠮᠤᠷ ᠲᠥᠪᠰᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠠᠶᠤᠯᠭᠦᠢ ᠶᠢᠨ ᠲᠦᠭᠰᠢᠭᠦᠷᠢ ᠶᠢᠨ ᠦᠨᠡᠯᠡᠯᠲᠡ᠂ ᠮᠡᠳᠡᠭᠡ ᠵᠠᠩᠭᠢ ᠶᠢᠨ ᠮᠡᠳᠡᠭᠡᠯᠡᠯ᠂ ᠴᠢᠬᠤᠯᠠ ᠶᠡᠭᠡ ᠬᠡᠷᠡᠭ ᠶᠠᠪᠤᠳᠠᠯ ᠤᠨ ᠵᠥᠪᠳᠡᠯᠴᠡᠭᠡ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠭᠤᠣᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠤᠯᠪᠤᠭᠠᠯᠠᠨ ᠬᠦᠳᠡᠯᠦᠯᠴᠡᠬᠦ ᠪᠠ ᠡᠮᠬᠢ ᠵᠢᠷᠤᠮ ᠲᠠᠢ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠨᠢᠭᠤᠴᠠ ᠲᠡᠮᠳᠡᠭ ᠤᠨ ᠠᠵᠢᠯ ᠤᠨ ᠪᠠᠶᠢᠭᠤᠯᠤᠮᠵᠢ ᠨᠢ ᠭᠤᠣᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠤᠨ ᠨᠢᠭᠤᠴᠠ ᠵᠠᠳᠠᠷᠠᠭᠰᠠᠨ ᠪᠤᠶᠤ ᠭᠤᠣᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠤᠨ ᠠᠮᠤᠷ ᠲᠦᠪᠰᠢᠨ ᠢ ᠨᠥᠯᠥᠭᠡᠯᠡᠬᠦ ᠴᠢᠬᠤᠯᠠ ᠶᠡᠭᠡ ᠠᠰᠠᠭᠤᠳᠠᠯ᠂ ᠠᠶᠤᠯ ᠲᠦᠭᠰᠢᠭᠦᠷᠢ ᠶᠢᠨ ᠳᠠᠯᠳᠠ ᠬᠡᠮ ᠢ ᠣᠯᠵᠤ ᠮᠡᠳᠡᠪᠡᠯ ᠂ ᠳᠠᠷᠦ᠋ᠢᠬᠠᠨ ᠠᠷᠭᠠᠴᠠᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠂ ᠡᠭᠦᠨ ᠤ ᠬᠠᠮᠲᠤ ᠨᠢᠭᠤᠴᠠ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠦᠯᠵᠦ᠂ ᠨᠢᠭᠤᠴᠠ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠵᠦ᠂ ᠲᠡᠷᠡᠴᠢᠯᠡᠨ ᠬᠤᠯᠪᠣᠭᠳᠠᠯ ᠪᠦᠬᠦᠢ ᠨᠢᠭᠤᠴᠠ ᠲᠡᠮᠳᠡᠭ ᠤᠨ ᠠᠵᠢᠯ ᠤᠨ ᠪᠠᠶᠢᠭᠤᠯᠤᠮᠵᠢ ᠶᠢ ᠵᠢᠭᠠᠨ ᠵᠢᠯᠣᠭᠤᠳᠴᠤ ᠪᠠᠶᠢᠭᠠᠳ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤ ᠨᠢ ᠠᠷᠢᠯᠭᠠᠬᠤ ᠬᠡᠷᠡᠭᠲᠡᠶ᠃      ᠠᠷᠪᠠᠨ ᠨᠠᠢᠮᠠᠳᠤᠭᠠᠷ ᠵᠦᠢᠯ᠂ ᠤᠯᠤᠰ ᠠᠴᠠ ᠨᠢᠭᠤᠴᠠ ᠲᠡᠮᠳᠡᠭ ᠤᠨ ᠠᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠡᠭᠦᠨ ᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠲᠤᠯᠠᠨ᠎ᠠ᠃      ᠤᠯᠤᠰ ᠠᠴᠠ ᠭᠤᠣᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠤᠨ ᠠᠵᠢᠯ ᠤᠨ ᠬᠡᠷᠡᠭᠴᠡᠭᠡ ᠳᠤ ᠵᠣᠬᠢᠴᠠᠭᠰᠠᠨ ᠬᠥᠮᠦᠰ ᠢ ᠡᠯᠰᠡᠨ ᠬᠡᠷᠡᠭᠯᠡᠬᠦ᠂ ᠰᠣᠩᠭᠤᠨ ᠲᠣᠬᠢᠷᠠᠭᠤᠯᠬᠤ᠂ ᠨᠢᠭᠤᠴᠠ ᠶᠢ ᠬᠠᠮᠠᠭᠠᠯᠠᠬᠤ᠂ ᠬᠢᠨᠠᠨ ᠰᠢᠯᠭᠠᠬᠤ᠂ ᠪᠣᠯᠪᠠᠰᠤᠷᠠᠭᠤᠯᠬᠤ᠂ ᠣᠯᠭᠤᠮᠵᠢ᠂ ᠱᠠᠩᠨᠠᠵᠤ ᠰᠢᠢᠳᠬᠡᠬᠦ᠂ ᠰᠣᠯᠢᠯᠴᠠᠬᠤ᠂ ᠪᠤᠴᠠᠭᠠᠵᠤ ᠵᠡᠷᠭᠡ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ᠎ᠠ᠃      ᠠᠷᠪᠠ ᠶᠢᠰᠦᠳᠦᠭᠡᠷ ᠵᠦᠢᠯ᠂ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠵᠢᠯ ᠤᠨ ᠬᠡᠷᠡᠭᠴᠡᠭᠡ ᠠᠴᠠ ᠪᠣᠯᠵᠤ᠂ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠪᠣᠭᠤᠮᠲᠠ ᠵᠡᠷᠭᠡ ᠰᠠᠯᠠᠭ᠎ᠠ ᠮᠥᠴᠢᠷ ᠲᠤ ᠲᠡᠪᠰᠢᠭᠦᠯᠵᠦ ᠪᠠᠶᠢᠭᠠᠳ ᠭᠤᠤᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠤᠨ ᠬᠤᠯᠪᠤᠭᠳᠠᠯ ᠪᠥᠬᠦᠶ ᠡᠳ᠋ ᠪᠣᠳᠠᠰ ᠪᠠ ᠬᠥᠮᠦᠰ ᠲᠤ ᠥᠯᠥ ᠪᠠᠶᠢᠴᠠᠭᠠᠬᠤ ᠵᠡᠷᠭᠡ ᠲᠥᠬᠦᠮ ᠦᠵᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠮᠵᠢᠯᠴᠠᠬᠤ ᠬᠡᠷᠡᠭᠲᠡᠶ᠃      ᠬᠤᠷᠢᠳᠤᠭᠠᠷ ᠵᠦᠢᠯ᠂ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠨᠢᠭᠤᠴᠠ ᠲᠡᠮᠳᠡᠭ ᠤᠨ ᠠᠵᠢᠯ ᠤᠨ ᠪᠠᠶᠢᠭᠤᠯᠤᠮᠵᠢ ᠠᠴᠠ ᠴᠢᠩᠭ᠎ᠠ ᠬᠢᠨᠠᠯᠲᠠ ᠲᠠᠯᠪᠢᠬᠤ ᠪᠠ ᠠᠶᠤᠯᠭᠦᠢ ᠶᠢᠨ ᠬᠢᠨᠠᠨ ᠪᠠᠶᠢᠴᠠᠭᠠᠯᠲᠠ ᠶᠢᠨ ᠲᠥᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠡᠭᠦᠨ ᠤ ᠠᠵᠢᠯᠲᠠᠨ ᠤ ᠬᠠᠤᠯᠢ ᠴᠠᠭᠠᠵᠠ ᠪᠠ ᠰᠠᠬᠢᠯᠭ᠎ᠠ ᠪᠠᠲᠤ ᠶᠢ ᠰᠠᠬᠢᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠶᠢᠨ ᠬᠠᠮᠲᠤ᠂ ᠬᠠᠤᠯᠢ ᠶᠣᠰᠣᠭᠠᠷ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠠᠶᠤᠯᠭᠦᠢ ᠶᠢᠨ ᠬᠢᠨᠠᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠣᠬᠢᠶᠠᠨ  ᠪᠠᠶᠢᠭᠤᠯᠵᠤ ᠥᠷᠨᠢᠭᠦᠯᠬᠦ ᠬᠡᠷᠡᠭᠲᠡᠶ᠃     ᠭᠤᠷᠪᠠᠳᠤᠭᠠᠷ ᠪᠦᠯᠦᠭ  ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ      ᠬᠤᠷᠢᠨ ᠨᠢᠭᠡᠳᠦᠭᠡᠷ ᠵᠦᠢᠯ᠂ ᠤᠯᠤᠰ ᠠᠴᠠ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠮᠡᠷᠭᠡᠵᠢᠯ ᠢ ᠰᠤᠳᠤᠯᠤᠨ ᠨᠡᠭᠡᠭᠡᠬᠦ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ᠂ ᠦᠷ᠎ᠡ ᠪᠦᠲᠦᠭᠡᠯ ᠢ ᠬᠤᠪᠢᠷᠠᠭᠤᠯᠬᠤ ᠪᠠ ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠵᠤ᠂ ᠨᠢᠭᠡᠳᠦᠯᠲᠡᠶ᠂ ᠨᠡᠭᠡᠭᠡᠯᠲᠡᠲᠡᠶ᠂ ᠥᠷᠢᠰᠥᠯᠳᠦᠭᠡᠨ ᠲᠠᠢ᠂ ᠡᠮᠬᠢ ᠵᠢᠷᠤᠮ ᠲᠠᠢ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠤᠨ ᠠᠬᠢᠭᠤᠯᠤᠨ᠎ᠠ᠃      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠭᠠᠳᠠᠭᠤᠷᠴᠢᠯᠠᠬᠤ ᠦᠭᠡᠢ ᠪᠠᠶᠢᠬᠤ ᠵᠠᠷᠴᠢᠮ ᠢ ᠵᠢᠷᠤᠮᠯᠠᠨ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ ᠪᠠᠭᠲᠠᠭᠠᠭᠰᠠᠨ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠡᠷᠳᠡᠮ ᠰᠢᠨᠵᠢᠯᠡᠭᠡᠨ᠂ ᠦᠢᠯᠡᠳᠪᠦᠷᠢᠯᠡᠯ᠂ ᠪᠣᠷᠣᠯᠠᠭᠤᠯᠭ᠎ᠠ᠂ ᠦᠢᠯᠡᠴᠢᠯᠡᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠡᠷᠭᠡ ᠨᠢᠭᠡᠴᠢ ︵ᠳᠣᠷᠣᠭᠰᠢ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠠᠵᠢᠯ ᠡᠷᠬᠢᠯᠡᠬᠦ ᠨᠢᠭᠡᠴᠢ ᠭᠡᠨ᠎ᠡ︶ ᠳᠤ ᠬᠠᠤᠯᠢ ᠶᠣᠰᠣᠭᠠᠷ ᠡᠷᠬᠡ ᠲᠡᠭᠰᠢ ᠪᠠᠷ ᠬᠠᠨᠳᠤᠬᠤ ᠬᠡᠷᠡᠭᠲᠡᠶ᠃ ᠤᠯᠤᠰ ᠠᠴᠠ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠠᠪᠤᠴᠠ ᠳᠤ ᠰᠠᠶᠢᠨ ᠳᠤᠷ᠎ᠠ ᠶᠢᠨ ᠵᠠᠷᠴᠢᠮ ᠪᠠ ᠬᠤᠳᠠᠯᠳᠤᠭᠠᠨ ᠤ ᠲᠦᠷᠢᠮ ᠳᠤ ᠰᠠᠭᠤᠷᠢᠯᠠᠨ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠮᠡᠷᠭᠡᠵᠢᠯ ᠤᠨ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠭᠦᠨ ᠤ ᠠᠵᠢᠯᠲᠠᠨ ᠨᠢ ᠵᠠᠰᠠᠭ ᠵᠠᠬᠢᠷᠭᠠᠨ ᠤ ᠠᠷᠭ᠎ᠠ ᠪᠠᠷᠢᠯ ᠢ ᠠᠰᠢᠭᠯᠠᠨ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠮᠡᠷᠭᠡᠵᠢᠯ ᠢ ᠠᠯᠪᠠᠳᠠᠯᠭ᠎ᠠ ᠪᠠᠷ ᠰᠢᠯᠵᠢᠭᠦᠯᠦᠨ ᠥᠭᠴᠦ ᠪᠣᠯᠬᠤ ᠦᠭᠡᠢ᠃      ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠡᠷᠳᠡᠮ ᠰᠢᠨᠵᠢᠯᠡᠭᠡᠨ᠂ ᠦᠢᠯᠡᠳᠪᠦᠷᠢᠯᠡᠯ᠂ ᠪᠣᠷᠣᠯᠠᠭᠤᠯᠭ᠎ᠠ᠂ ᠦᠢᠯᠡᠴᠢᠯᠡᠭᠡ ᠪᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠨᠢ᠂ ᠤᠯᠤᠰ ᠣᠷᠣᠨ ᠤ ᠠᠮᠤᠷ ᠲᠦᠪᠰᠢᠨ᠂ ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠪᠤᠰᠤᠳ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠃      ᠬᠤᠷᠢᠨ ᠬᠤᠶᠠᠳᠤᠭᠠᠷ ᠵᠦᠢᠯ᠂ ᠤᠯᠤᠰ ᠠᠴᠠ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃      ᠲᠥᠷᠥ ᠶᠢᠨ ᠶᠠᠪᠤᠳᠠᠯ ᠤᠨ ᠬᠤᠷᠢᠶᠠᠨ ᠤ ᠪᠠᠷᠢᠮᠵᠢᠶᠠᠵᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠯᠤᠰ ᠤᠨ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃      ᠤᠯᠤᠰ ᠠᠴᠠ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠮᠡᠷᠭᠡᠵᠢᠯ ᠢ ᠠᠰᠢᠭᠯᠠᠨ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠶᠢᠨ ᠬᠤᠯᠪᠣᠭᠳᠠᠯ ᠪᠦᠬᠦᠢ ᠮᠡᠷᠭᠡᠵᠢᠯ ᠤᠨ ᠱᠠᠭᠠᠷᠳᠠᠯᠭ᠎ᠠ ᠠᠴᠠ ᠥᠨᠳᠥᠷ ᠪᠠᠶᠢᠬᠤ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ ᠶᠢ ᠳᠡᠮᠵᠢᠨ᠎ᠡ᠃      ᠬᠤᠷᠢᠨ ᠭᠤᠷᠪᠠᠳᠤᠭᠠᠷ ᠵᠦᠢᠯ᠂ ᠤᠯᠤᠰ ᠠᠴᠠ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠤᠯᠠᠨ ᠤᠯᠤᠰ ᠤᠨ ᠪᠠᠷᠢᠮᠵᠢᠶᠠᠵᠢᠭᠤᠯᠬᠤ ᠠᠵᠢᠯᠯᠠᠭ᠎ᠠ ᠳᠤ ᠣᠷᠣᠯᠴᠠᠬᠤ ᠶᠢ ᠲᠥᠯᠬᠢᠨ ᠠᠬᠢᠭᠤᠯᠵᠤ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠤᠯᠠᠨ ᠤᠯᠤᠰ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠤᠯᠴᠠᠵᠤ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠳᠤᠮᠳᠠᠳᠤ ᠤᠯᠤᠰ ᠤᠨ ᠪᠠᠷᠢᠮᠵᠢᠶ᠎ᠠ ᠪᠣᠯᠤᠨ ᠭᠠᠳᠠᠭᠠᠳᠤ ᠶᠢᠨ ᠪᠠᠷᠢᠮᠵᠢᠶ᠎ᠠ ᠶᠢᠨ ᠬᠤᠭᠤᠷᠣᠨᠳᠣᠬᠢ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠎ᠠ᠃      ᠤᠯᠤᠰ ᠠᠴᠠ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠪᠠ ᠰᠤᠷᠭᠠᠨ ᠬᠥᠮᠦᠵᠢᠯ᠂ ᠡᠷᠳᠡᠮ ᠰᠢᠨᠵᠢᠯᠡᠭᠡᠨ  ᠤ ᠪᠠᠶᠢᠭᠤᠯᠤᠮᠵᠢ ᠵᠡᠷᠭᠡ ᠶᠢᠨ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠤᠯᠠᠨ ᠤᠯᠤᠰ ᠤᠨ ᠪᠠᠷᠢᠮᠵᠢᠶᠠᠵᠢᠭᠤᠯᠬᠤ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠤᠨ᠎ᠠ᠃      ᠬᠤᠷᠢᠨ ᠳᠥᠷᠪᠡᠳᠦᠭᠡᠷ ᠵᠦᠢᠯ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠠᠵᠢᠯ ᠡᠷᠬᠢᠯᠡᠬᠦ ᠨᠢᠭᠡᠴᠢ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠬᠦᠳᠡᠯᠭᠡᠭᠡᠨ ᠦᠷᠨᠢᠭᠦᠯᠬᠦ ᠳᠤ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠵᠢᠴᠢ ᠲᠤᠰ ᠠᠵᠢᠯ ᠡᠷᠬᠢᠯᠡᠬᠦ ᠨᠢᠭᠡᠴᠢ ᠶᠢᠨ ᠢᠯᠡ ᠪᠣᠯᠭᠠᠬᠤ ᠪᠠᠷᠢᠮᠵᠢᠶ᠎ᠠ ᠶᠢᠨ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃      ᠤᠯᠤᠰ ᠠᠴᠠ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠠᠵᠢᠯ ᠡᠷᠬᠢᠯᠡᠬᠦ ᠨᠢᠭᠡᠴᠢ ᠶᠢᠨ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠲᠠᠨᠢᠯᠴᠠᠭᠤᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢ ᠬᠡᠷᠡᠭᠯᠡᠬᠦ ᠶᠢ ᠵᠣᠷᠢᠭᠵᠢᠭᠤᠯᠵᠤ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃      ᠬᠤᠷᠢᠨ ᠲᠠᠪᠤᠳᠤᠭᠠᠷ ᠵᠦᠢᠯ᠂ ᠤᠯᠤᠰ ᠠᠴᠠ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠢ ᠪᠠᠶᠢᠴᠠᠭᠠᠨ ᠰᠢᠯᠭᠠᠵᠤ ᠭᠡᠷᠡᠴᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠪᠠᠶᠢᠴᠠᠭᠠᠨ ᠰᠢᠯᠭᠠᠵᠤ ᠭᠡᠷᠡᠴᠢᠯᠡᠬᠦ ᠮᠡᠷᠭᠡᠵᠢᠯ ᠤᠨ ᠵᠢᠷᠤᠮᠵᠢᠯ᠂ ᠳᠦᠷᠢᠮ ᠢ ᠲᠣᠭᠲᠠᠭᠠᠵᠤ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠠᠵᠢᠯ ᠡᠷᠬᠢᠯᠡᠬᠦ ᠨᠢᠭᠡᠴᠢ ᠶᠢᠨ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠪᠠᠶᠢᠴᠠᠭᠠᠨ ᠰᠢᠯᠭᠠᠵᠤ ᠭᠡᠷᠡᠴᠢᠯᠡᠬᠦ ᠶᠢ ᠰᠠᠶᠢᠨ ᠳᠤᠷ᠎ᠠ ᠠᠴᠠ ᠪᠠᠨ ᠬᠦᠯᠢᠶᠡᠨ ᠠᠪᠴᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃      ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠢ ᠪᠠᠶᠢᠴᠠᠭᠠᠨ ᠰᠢᠯᠭᠠᠬᠤ᠂ ᠭᠡᠷᠡᠴᠢᠯᠡᠬᠦ ᠪᠠᠶᠢᠭᠤᠯᠤᠮᠵᠢ ᠨᠢ ᠬᠠᠤᠯᠢ ᠶᠣᠰᠣᠭᠠᠷ ᠬᠠᠮᠢᠶ᠎ᠠ ᠪᠦᠬᠦᠢ ᠬᠢᠷᠢ ᠬᠡᠮ ᠢ ᠣᠯᠬᠤ ᠶᠢᠨ ᠬᠠᠮᠲᠤ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠪᠣᠯᠤᠨ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠢ ᠪᠠᠶᠢᠴᠠᠭᠠᠨ ᠰᠢᠯᠭᠠᠵᠤ ᠭᠡᠷᠡᠴᠢᠯᠡᠬᠦ ᠮᠡᠷᠭᠡᠵᠢᠯ ᠤᠨ ᠵᠢᠷᠤᠮᠵᠢᠯ᠂ ᠳᠦᠷᠢᠮ ᠶᠣᠰᠣᠭᠠᠷ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠢ ᠪᠠᠶᠢᠴᠠᠭᠠᠨ ᠰᠢᠯᠭᠠᠵᠤ ᠭᠡᠷᠡᠴᠢᠯᠡᠬᠦ ᠶᠢ ᠦᠷᠨᠢᠭᠦᠯᠦᠨ᠎ᠡ᠃      ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠢ ᠪᠠᠶᠢᠴᠠᠭᠠᠨ ᠰᠢᠯᠭᠠᠬᠤ᠂ ᠬᠡᠷᠡᠴᠢᠯᠡᠬᠦ ᠪᠠᠶᠢᠭᠤᠯᠤᠮᠵᠢ ᠨᠢ ᠲᠡᠭᠦᠨ ᠤ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠢ ᠪᠠᠶᠢᠴᠠᠭᠠᠨ ᠰᠢᠯᠭᠠᠵᠤ ᠬᠡᠷᠡᠴᠢᠯᠡᠬᠦ ᠲᠤᠮᠳᠠ ᠣᠯᠵᠤ ᠮᠡᠳᠡᠭᠰᠡᠨ ᠤᠯᠤᠰ ᠤᠨ ᠨᠢᠭᠤᠴᠠ ᠪᠠ ᠬᠤᠳᠠᠯᠳᠤᠭᠠᠨ ᠳᠤ ᠬᠡᠷᠡᠭᠯᠡᠬᠦ ᠨᠢᠭᠤᠴᠠ ᠶᠢ ᠬᠠᠮᠠᠭᠠᠯᠠᠬᠤ ᠡᠭᠦᠷᠭᠡ ᠡᠭᠦᠷᠭᠡᠯᠡᠬᠦ ᠬᠡᠷᠡᠭᠲᠡᠶ᠃      ᠬᠤᠷᠢᠨ ᠵᠢᠷᠭᠤᠳᠤᠭᠠᠷ ᠵᠦᠢᠯ᠂ ᠤᠯᠤᠰ ᠤᠨ ᠠᠮᠤᠷ ᠲᠦᠪᠰᠢᠨ᠂ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ᠂ ᠨᠡᠶᠢᠭᠡᠮ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠦᠢᠯᠡᠳᠬᠦᠨ ᠢ ᠬᠠᠤᠯᠢ ᠶᠣᠰᠤᠭᠠᠷ ᠰᠦᠯᠵᠢᠶᠡᠨ ᠤ ᠵᠠᠩᠭᠢᠯᠠᠭ᠎ᠠ ᠶᠢᠨ ᠲᠥᠬᠦᠭᠡᠷᠦᠮᠵᠢ ᠪᠣᠯᠤᠨ ᠰᠦᠯᠵᠢᠶᠡᠨ ᠤ ᠠᠮᠤᠷ ᠲᠦᠪᠰᠢᠨ ᠤ ᠲᠤᠰᠬᠠᠶ ᠬᠡᠷᠡᠭᠯᠡᠬᠦ ᠦᠢᠯᠡᠳᠬᠦᠨ ᠤ ᠭᠠᠷᠴᠠᠭ ᠲᠤ ᠵᠢᠭᠰᠠᠭᠠᠨ ᠣᠷᠣᠭᠤᠯᠵᠤ᠂ ᠬᠢᠷᠢ ᠬᠡᠮ ᠪᠦᠬᠦᠢ ᠪᠠᠶᠢᠭᠤᠯᠤᠮᠵᠢ ᠠᠴᠠ ᠪᠠᠶᠢᠴᠠᠭᠠᠨ ᠰᠢᠯᠭᠠᠵᠤ ᠭᠡᠷᠡᠴᠢᠯᠡᠭᠡᠳ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠪᠣᠷᠣᠯᠠᠭᠤᠯᠬᠤ ᠪᠤᠶᠤ ᠬᠠᠩᠭᠠᠵᠤ ᠪᠣᠯᠤᠨ᠎ᠠ᠃ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠦᠢᠯᠡᠳᠬᠦᠨ ᠢ ᠪᠠᠶᠢᠴᠠᠭᠠᠨ ᠰᠢᠯᠭᠠᠵᠤ ᠭᠡᠷᠡᠴᠢᠯᠡᠬᠦ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ᠶᠢᠨ ᠬᠤᠯᠪᠤᠭᠳᠠᠯ ᠪᠦᠬᠦᠢ ᠲᠣᠭᠲᠠᠭᠠᠯ ᠢ ᠬᠡᠷᠡᠭᠯᠡᠵᠦ᠂ ᠳᠠᠪᠬᠤᠷᠳᠠᠭᠤᠯᠤᠨ ᠪᠠᠶᠢᠴᠠᠭᠠᠨ ᠰᠢᠯᠭᠠᠵᠤ ᠭᠡᠷᠡᠴᠢᠯᠡᠬᠦ ᠠᠴᠠ ᠵᠠᠶᠢᠯᠠᠰᠬᠢᠨ᠎ᠡ᠃      ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠦᠢᠯᠡᠴᠢᠯᠡᠭᠡ ᠨᠢ ᠰᠦᠯᠵᠢᠶᠡᠨ ᠤ ᠵᠠᠩᠭᠢᠯᠠᠭ᠎ᠠ ᠶᠢᠨ ᠲᠦᠬᠦᠭᠡᠷᠦᠮᠵᠢ ᠪᠠ ᠰᠦᠯᠵᠢᠶᠡᠨ ᠤ ᠠᠮᠤᠷ ᠲᠦᠪᠰᠢᠨ ᠤ ᠲᠤᠰᠬᠠᠶ ᠬᠡᠷᠡᠭᠯᠡᠬᠦ ᠦᠢᠯᠡᠳᠬᠦᠨ ᠢ ᠬᠡᠷᠡᠭᠯᠡᠬᠦ ᠳᠤ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠭᠡᠷᠡᠴᠢᠯᠡᠬᠦ ᠪᠠᠶᠢᠭᠤᠯᠤᠮᠵᠢ ᠠᠴᠠ ᠲᠤᠰ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠦᠢᠯᠡᠴᠢᠯᠡᠭᠡ ᠶᠢ ᠭᠡᠷᠡᠴᠢᠯᠡᠭᠡᠳ ᠬᠢᠷᠢ ᠲᠡᠩᠴᠡᠭᠰᠡᠨ ᠪᠠᠶᠢᠬᠤ ᠬᠡᠷᠡᠭᠲᠡᠶ᠃      ᠬᠤᠷᠢᠨ ᠳᠣᠯᠣᠳᠤᠭᠠᠷ ᠵᠦᠢᠯ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠤᠯᠤᠰ ᠤᠨ ᠬᠤᠯᠪᠤᠭᠳᠠᠯ ᠪᠥᠬᠦᠢ ᠲᠣᠭᠲᠠᠭᠠᠯ ᠳᠤ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠢᠶᠠᠷ ᠬᠠᠮᠠᠭᠠᠯᠠᠬᠤ ᠶᠢ ᠱᠠᠭᠠᠷᠳᠠᠭᠰᠠᠨ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠦᠬᠦᠭᠡᠷᠦᠮᠵᠢ ᠶᠢ᠂ ᠲᠡᠭᠦᠨ ᠤ ᠡᠵᠡᠩᠨᠡᠭᠴᠢ ᠨᠢ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠢᠶᠠᠷ ᠬᠠᠮᠠᠭᠠᠯᠠᠵᠤ᠂ ᠥᠪᠡᠰᠦᠪᠡᠨ ᠪᠣᠶᠤ ᠬᠤᠳᠠᠯᠳᠤᠭᠠᠨ ᠳᠤ ᠬᠡᠷᠡᠭᠯᠡᠬᠦ ᠨᠢᠭᠤᠴᠠ ᠳᠡᠮᠳᠡᠭ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠨᠠᠶᠢᠳᠠᠵᠤ ᠬᠤᠳᠠᠯᠳᠤᠭᠠᠨ ᠳᠤ ᠬᠡᠷᠡᠭᠯᠡᠬᠦ ᠨᠢᠭᠤᠴᠠ ᠳᠡᠮᠳᠡᠭ ᠢ ᠬᠡᠷᠡᠭᠯᠡᠭᠡᠨ ᠤ ᠠᠮᠤᠷ ᠲᠥᠪᠰᠢᠨ ᠴᠢᠨᠠᠷ ᠤᠨ ᠦᠨᠡᠯᠡᠯᠲᠡ ᠬᠢᠯᠭᠡᠬᠦ ᠬᠡᠷᠡᠭᠲᠡᠶ᠃ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠬᠡᠷᠡᠭᠯᠡᠭᠡᠨ ᠤ ᠠᠮᠤᠷ ᠲᠦᠪᠰᠢᠨ ᠴᠢᠨᠠᠷ ᠢ ᠦᠨᠡᠯᠡᠬᠦ ᠶᠢ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠪᠠᠶᠢᠴᠠᠭᠠᠨ ᠰᠢᠯᠭᠠᠵᠤ ᠦᠨᠡᠯᠡᠬᠦ᠂ ᠰᠦᠯᠵᠢᠶᠡᠨ ᠤ ᠠᠮᠤᠷ ᠲᠦᠪᠰᠢᠨ ᠤ ᠵᠡᠷᠭᠡ ᠳᠡᠰ ᠢ ᠬᠡᠮᠵᠢᠨ ᠲᠣᠭᠲᠠᠭᠠᠬᠤ ᠳᠦᠷᠢᠮ ᠲᠠᠢ ᠬᠠᠷᠢᠯᠴᠠᠨ ᠵᠣᠯᠭᠠᠭᠤᠯᠵᠤ᠂ ᠳᠠᠪᠬᠤᠷᠳᠠᠭᠤᠯᠤᠨ ᠦᠨᠡᠯᠡᠬᠦ᠂ ᠬᠡᠮᠵᠢᠨ ᠲᠣᠭᠲᠠᠭᠠᠬᠤ ᠠᠴᠠ ᠵᠠᠶᠢᠯᠠᠰᠬᠢᠬᠦ ᠬᠡᠷᠡᠭᠲᠡᠶ᠃      ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠡᠵᠡᠩᠨᠡᠭᠴᠢ ᠠᠴᠠ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠲᠠᠢ ᠬᠤᠯᠪᠤᠭᠳᠠᠭᠰᠠᠨ ᠰᠦᠯᠵᠢᠶᠡᠨ ᠤ ᠪᠦᠲᠦᠭᠡᠭᠳᠡᠬᠦᠨ ᠪᠣᠯᠤᠨ ᠦᠢᠯᠡᠴᠢᠯᠡᠭᠡ ᠶᠢ ᠬᠤᠳᠠᠯᠳᠤᠨ ᠠᠪᠬᠤ ᠳᠤ᠂ ᠤᠯᠤᠰ ᠣᠷᠣᠨ ᠤ ᠠᠮᠤᠷ ᠲᠦᠪᠰᠢᠨ ᠢ ᠨᠥᠯᠥᠭᠡᠯᠡᠵᠦ ᠮᠡᠳᠡᠪᠡᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ᠶᠢᠨ ᠲᠣᠭᠲᠠᠭᠠᠯ ᠶᠣᠰᠣᠭᠠᠷ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠠᠴᠠ ᠤᠯᠤᠰ ᠤᠨ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠤᠭᠢᠶᠠᠨ ᠪᠠᠶᠢᠭᠤᠯᠤᠭᠰᠠᠨ ᠤᠯᠤᠰ ᠤᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠪᠠᠷ ᠳᠠᠮᠵᠢᠬᠤ ᠬᠡᠷᠡᠭᠲᠡᠶ᠃      ᠬᠤᠷᠢᠨ ᠨᠠᠢᠮᠠᠳᠤᠭᠠᠷ ᠵᠦᠢᠯ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠳᠠᠯᠳᠤᠭᠠᠨ ᠤ ᠶᠠᠪᠤᠳᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠤᠯᠤᠰ ᠤᠨ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠤᠭᠠᠷ ᠤᠯᠤᠰ ᠤᠨ ᠠᠮᠤᠷ ᠲᠦᠪᠰᠢᠨ᠂ ᠨᠡᠶᠢᠭᠡᠮ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠮᠥᠷᠲᠡᠭᠡᠨ ᠨᠢᠭᠤᠴᠠᠯᠠᠨ ᠬᠠᠮᠠᠭᠠᠯᠠᠬᠤ ᠴᠢᠳᠠᠮᠵᠢ ᠲᠠᠢ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠲᠤ ᠭᠠᠳᠠᠭᠠᠳᠤ ᠠᠴᠠ ᠣᠷᠣᠭᠤᠯᠬᠤ ᠵᠥᠪᠰᠢᠶᠡᠷᠡᠯ ᠢ ᠬᠡᠷᠡᠭᠵᠢᠭᠦᠯᠦᠨ᠂ ᠤᠯᠤᠰ ᠤᠨ ᠠᠮᠤᠷ ᠲᠦᠪᠰᠢᠨ᠂ ᠨᠡᠶᠢᠭᠡᠮ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠪᠤᠶᠤ ᠳᠤᠮᠳᠠᠳᠤ ᠤᠯᠤᠰ ᠠᠴᠠ ᠣᠯᠠᠨ ᠤᠯᠤᠰ ᠤᠨ ᠡᠭᠦᠷᠭᠡ ᠶᠢ ᠡᠭᠦᠷᠭᠡᠯᠡᠵᠦ ᠪᠠᠶᠢᠭ᠎ᠠ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠲᠤ ᠭᠠᠳᠠᠭᠠᠳᠤ ᠭᠠᠷᠭᠠᠯᠲᠠ ᠶᠢᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠢ ᠭᠠᠳᠠᠭᠠᠳᠤ ᠠᠴᠠ ᠣᠷᠣᠭᠤᠯᠬᠤ ᠵᠥᠪᠰᠢᠶᠡᠷᠡᠯ ᠤᠨ ᠨᠠᠷᠢᠨ ᠬᠠᠭᠤᠳᠠᠰᠤ ᠪᠠ ᠭᠠᠳᠠᠭᠠᠳᠤ ᠭᠠᠷᠭᠠᠯᠲᠠ ᠶᠢᠨ ᠵᠠᠬᠢᠷᠤᠨ ᠬᠠᠮᠢᠶᠠᠷᠤᠯᠲᠠ ᠶᠢᠨ ᠨᠠᠷᠢᠨ ᠬᠠᠭᠤᠳᠠᠰᠤ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠬᠤᠳᠠᠯᠳᠤᠭᠠᠨ ᠤ ᠶᠠᠪᠤᠳᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠤᠨ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠪᠣᠭᠤᠮᠲᠠ ᠶᠢᠨ ᠶᠡᠷᠦᠩᠬᠡᠶ ᠵᠠᠬᠢᠷᠭ᠎ᠠ ᠲᠠᠢ ᠬᠠᠮᠲᠤᠷᠠᠨ ᠲᠣᠭᠲᠠᠭᠠᠵᠤ ᠨᠡᠶᠢᠲᠡᠯᠡᠨ᠎ᠡ᠃      ᠤᠯᠡᠠ ᠨᠡᠶᠢᠲᠡ ᠶᠢᠨ ᠬᠡᠷᠡᠭᠯᠡᠭᠡᠨ ᠤ ᠲᠦᠷᠦᠯ ᠤᠨ ᠦᠢᠯᠡᠳᠬᠦᠨ ᠳᠤ ᠬᠡᠷᠡᠭᠯᠡᠬᠦ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠲᠤ ᠭᠠᠳᠠᠭᠠᠳᠤ ᠠᠴᠠ ᠣᠷᠣᠭᠤᠯᠬᠤ ᠶᠢ ᠵᠥᠪᠰᠢᠶᠡᠷᠡᠬᠦ ᠪᠠ ᠭᠠᠳᠠᠭᠠᠳᠤ ᠭᠠᠷᠭᠠᠯᠲᠠ ᠶᠢᠨ ᠵᠠᠬᠢᠷᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠤᠢᠭᠡᠢ᠃      ᠬᠤᠷᠢ ᠶᠢᠰᠦᠳᠦᠭᠡᠷ ᠵᠦᠢᠯ᠂ ᠤᠯᠤᠰ ᠤᠨ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠮᠡᠷᠭᠡᠵᠢᠯ ᠢ ᠬᠡᠷᠡᠭᠯᠡᠨ ᠡᠯᠧᠺᠲᠷᠣᠨ ᠵᠠᠰᠠᠭ ᠤᠨ ᠶᠠᠪᠤᠳᠠᠯ ᠢ ᠡᠯᠧᠺᠲᠷᠣᠨ ᠭᠡᠷᠡᠴᠢᠯᠡᠭᠡ ᠶᠢᠨ ᠦᠢᠯᠡᠴᠢᠯᠡᠭᠡ ᠬᠢᠬᠦ ᠪᠠᠶᠢᠭᠤᠯᠤᠮᠵᠢ ᠳᠤ ᠮᠠᠭᠠᠳᠯᠠᠨ ᠲᠣᠭᠲᠠᠭᠠᠯᠲᠠ ᠬᠢᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠤᠨ ᠶᠠᠪᠤᠳᠠᠯ ᠤᠨ ᠠᠵᠢᠯᠯᠠᠭ᠎ᠠ ᠳᠤᠮᠳᠠ ᠡᠯᠧᠺᠲᠷᠣᠨ ᠭᠠᠷ ᠤᠨ ᠦᠰᠦᠭ᠂ ᠳ᠋ᠠᠶᠢᠲ᠋ᠠ ᠡᠯᠧᠺᠲᠷᠣᠨ ᠪᠢᠴᠢᠭ ᠢ ᠬᠡᠷᠡᠭᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃      ᠭᠤᠴᠢᠳᠤᠭᠠᠷ ᠵᠦᠢᠯ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠬᠦᠷᠢᠶ᠎ᠡ ᠬᠡᠪᠴᠢᠶᠡᠨ ᠳᠠᠬᠢ ᠠᠵᠢᠯ ᠲᠥᠷᠥᠯ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠵᠢᠴᠢ ᠲᠡᠭᠦᠨ ᠤ ᠲᠥᠷᠢᠮ ᠤᠨ ᠲᠣᠭᠲᠠᠭᠠᠯ ᠶᠣᠰᠣᠭᠠᠷ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠠᠵᠢᠯ ᠡᠷᠬᠢᠯᠡᠬᠦ  ᠨᠢᠭᠡᠴᠢ ᠳᠤ ᠮᠡᠳᠡᠭᠡ ᠵᠠᠩᠭᠢ᠂ ᠮᠡᠷᠭᠡᠵᠢᠯ᠂ ᠪᠣᠯᠪᠠᠰᠤᠷᠠᠯ ᠵᠡᠷᠭᠡ ᠦᠢᠯᠡᠴᠢᠯᠡᠭᠡ ᠬᠠᠩᠭᠠᠵᠤ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠠᠵᠢᠯ ᠡᠷᠬᠢᠯᠡᠬᠦ ᠨᠢᠭᠡᠴᠢ ᠶᠢ ᠬᠥᠲᠥᠯᠥᠨ ᠵᠢᠯᠣᠭᠤᠳᠬᠤ ᠪᠠ ᠰᠢᠮᠳᠠᠭᠤᠯᠵᠤ ᠪᠠᠶᠢᠭᠠᠳ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠠᠵᠢᠯᠯᠠᠭ᠎ᠠ ᠥᠷᠨᠢᠭᠦᠯᠵᠦ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃      ᠭᠤᠴᠢᠨ ᠨᠢᠭᠡᠳᠦᠭᠡᠷ ᠵᠦᠢᠯ᠂ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠤᠯᠪᠣᠭᠳᠠᠯ ᠪᠥᠬᠦᠢ ᠰᠠᠯᠠᠭ᠎ᠠ ᠮᠥᠴᠢᠷ ᠠᠴᠠ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠪᠣᠯᠤᠨ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠤᠭᠰᠠᠨ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠠᠵᠢᠯ ᠤᠨ ᠳᠤᠮᠳᠠᠬᠢ ᠪᠠ ᠠᠵᠢᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠲᠥᠷᠢᠮ ᠢ ᠪᠠᠶᠢᠭᠤᠯᠵᠤ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠢ ᠬᠢᠨᠠᠨ ᠬᠠᠮᠢᠶᠠᠷᠬᠤ ᠨᠢᠭᠡᠳᠦᠯᠲᠡᠶ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠠᠵᠢᠯ ᠤᠨ ᠳᠤᠮᠳᠠᠬᠢ ᠪᠠ ᠠᠵᠢᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠯᠦᠭᠡ ᠬᠠᠷᠢᠯᠴᠠᠨ ᠵᠣᠯᠭᠠᠭᠤᠯᠬᠤ ᠶᠢ ᠠᠬᠢᠭᠤᠯᠵᠤ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠠᠵᠢᠯ ᠡᠷᠬᠢᠯᠡᠬᠦ ᠨᠢᠭᠡᠴᠢ ᠶᠢᠨ ᠥᠪᠡᠷ ᠢ ᠪᠠᠨ ᠱᠠᠭᠠᠷᠳᠠᠬᠤ ᠪᠠ ᠨᠡᠶᠢᠭᠡᠮ ᠤᠨ ᠬᠢᠨᠠᠯᠲᠠ ᠲᠠᠯᠪᠢᠬᠤ ᠶᠢ ᠴᠢᠩᠭᠠᠷᠠᠭᠤᠯᠤᠨ᠎ᠠ᠃      ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠳ ᠨᠢ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠠᠵᠢᠯ ᠡᠷᠬᠢᠯᠡᠬᠦ ᠨᠢᠭᠡᠴᠢ ᠪᠣᠯᠤᠨ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠪᠠᠶᠢᠴᠠᠭᠠᠨ ᠰᠢᠯᠭᠠᠵᠤ ᠭᠡᠷᠡᠴᠢᠯᠡᠬᠦ ᠪᠠᠶᠢᠭᠤᠯᠤᠮᠵᠢ ᠶᠢ ᠱᠠᠭᠠᠷᠳᠠᠵᠤ ᠪᠠᠶᠢᠭᠠᠳ ᠡᠬᠢ ᠺᠣᠳ᠋ ᠵᠡᠷᠭᠡ ᠨᠢᠭᠤᠴᠠ ᠲᠡᠮᠳᠡᠭ ᠤᠨ ᠬᠠᠮᠢᠶ᠎ᠠ ᠪᠦᠬᠦᠢ ᠲᠤᠰᠬᠠᠶ ᠮᠡᠳᠡᠭᠡ ᠵᠠᠩᠭᠢ ᠶᠢ ᠵᠠᠳᠠᠷᠠᠭᠤᠯᠵᠤ ᠪᠣᠯᠬᠤ ᠦᠭᠡᠢ᠂ ᠲᠡᠷᠡᠴᠢᠯᠡᠨ ᠲᠡᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠣᠯᠵᠤ ᠮᠡᠳᠡᠭᠰᠡᠨ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠶᠢ ᠴᠢᠩᠭ᠎ᠠ ᠬᠠᠮᠠᠭᠠᠯᠠᠵᠤ᠂ ᠪᠤᠰᠤᠳ ᠬᠥᠮᠦᠨ ᠳᠤ ᠵᠠᠳᠠᠷᠠᠭᠤᠯᠬᠤ ᠪᠤᠶᠤ ᠬᠠᠤᠯᠢ ᠪᠤᠰᠤ ᠪᠠᠷ ᠬᠠᠩᠭᠠᠵᠤ ᠪᠣᠯᠬᠤ ᠦᠭᠡᠢ᠃      ᠳᠥᠷᠪᠡᠳᠦᠭᠡᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ      ᠭᠤᠴᠢᠨ ᠬᠤᠶᠠᠳᠤᠭᠠᠷ ᠵᠦᠢᠯ᠂ ᠲᠤᠰ ᠬᠠᠤᠯᠢ ᠶᠢᠨ ᠠᠷᠪᠠᠨ ᠬᠤᠶᠠᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠪᠤᠰᠤᠳ ᠤᠨ ᠨᠢᠭᠤᠴᠠᠯᠠᠨ ᠬᠠᠮᠠᠭᠠᠯᠠᠬᠤ ᠮᠡᠳᠡᠭᠡ ᠵᠠᠩᠭᠢ ᠶᠢ ᠬᠤᠯᠠᠭᠠᠶᠢᠯᠠᠨ ᠠᠪᠴᠤ᠂ ᠬᠠᠤᠯᠢ ᠪᠤᠰᠤ ᠪᠠᠷ ᠪᠣᠰᠤᠳ ᠬᠥᠮᠦᠨ ᠤ ᠨᠢᠭᠤᠴᠠ ᠲᠡᠮᠳᠡᠭ ᠢ ᠪᠠᠲᠤᠯᠠᠬᠤ ᠰᠢᠰᠲ᠋ᠧᠮ ᠳᠤ ᠲᠦᠷᠢᠨ ᠣᠷᠣᠵᠤ᠂ ᠡᠰᠡᠬᠦᠯ᠎ᠡ ᠨᠢᠭᠤᠴᠠ ᠲᠡᠮᠳᠡᠭ ᠢ ᠠᠰᠢᠭᠯᠠ ᠤᠯᠤᠰ ᠣᠷᠣᠨ ᠤ ᠠᠮᠤᠷ ᠲᠦᠪᠰᠢᠨ᠂ ᠨᠡᠶᠢᠭᠡᠮ ᠨᠡᠶᠢᠲᠡ ᠶᠢᠨ ᠠᠰᠢᠭ ᠲᠤᠰᠠ᠂ ᠪᠤᠰᠤᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠬᠢᠭᠰᠡᠨ ᠪᠣᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ᠪᠣᠯᠤᠨ ᠪᠤᠰᠤᠳ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠴᠢᠨ ᠭᠤᠷᠪᠠᠳᠤᠭᠠᠷ ᠵᠦᠢᠯ᠂ ᠲᠤᠰ ᠬᠠᠤᠯᠢ ᠶᠢᠨ ᠠᠷᠪᠠᠨ ᠳᠥᠷᠪᠡᠳᠦᠭᠡᠷ ᠵᠦᠢᠯ ᠤᠨ ᠲᠣᠭᠲᠠᠭᠠᠯ ᠢ ᠵᠦᠷᠢᠴᠡᠵᠦ᠂ ᠱᠠᠭᠠᠷᠳᠠᠯᠭ᠎ᠠ ᠶᠣᠰᠣᠭᠠᠷ ᠭᠤᠤᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠢ ᠬᠡᠷᠡᠭᠯᠡᠭᠰᠡᠨ ᠦᠭᠡᠢ ᠪᠠᠶᠢᠪᠠᠯ᠂ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠪᠤᠶᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠤᠭᠠᠵᠤ᠂ ᠰᠡᠷᠡᠮᠵᠢ ᠥᠭᠭᠦᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ᠂ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠯᠪᠤᠭᠳᠠᠯ ᠪᠦᠬᠦᠢ ᠲᠦᠷᠦ ᠶᠢᠨ ᠪᠠᠶᠢᠭᠤᠯᠭ᠎ᠠ᠂ ᠨᠢᠭᠡᠴᠢ ᠳᠤ ᠰᠠᠨᠠᠭᠤᠯᠭ᠎ᠠ ᠭᠠᠷᠭᠠᠵᠤ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠬᠡᠯ ᠥᠭᠬᠦ ᠪᠤᠶᠤ ᠰᠢᠢᠳᠪᠦᠷᠢᠯᠡᠨ᠎ᠡ᠃      ᠭᠤᠴᠢᠨ ᠳᠥᠷᠪᠡᠳᠦᠭᠡᠷ ᠵᠦᠢᠯ᠂ ᠲᠤᠰ ᠬᠠᠤᠯᠢ ᠶᠢᠨ ᠲᠣᠭᠲᠠᠭᠠᠯ ᠢ ᠵᠦᠷᠢᠴᠡᠵᠦ᠂ ᠭᠤᠤᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠤᠨ ᠨᠢᠭᠤᠴᠠ ᠶᠢ ᠵᠠᠳᠠᠷᠠᠭᠤᠯᠤᠭᠰᠠᠨ ᠬᠡᠷᠡᠭ ᠭᠠᠷᠤᠭᠰᠠᠨ ᠪᠣᠯ᠂ ᠨᠢᠭᠤᠴᠠ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠦᠷᠦ ᠶᠢᠨ ᠪᠠᠶᠢᠭᠤᠯᠭ᠎ᠠ᠂ ᠨᠢᠭᠡᠴᠢ ᠳᠤ ᠰᠠᠨᠠᠭᠤᠯᠭ᠎ᠠ ᠭᠠᠷᠭᠠᠵᠤ᠂ ᠰᠢᠭᠤᠳ ᠬᠠᠷᠢᠭᠤᠴᠠᠵᠤ ᠪᠠᠶᠢᠭ᠎ᠠ  ᠭᠤᠣᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠬᠡᠯ ᠥᠭᠬᠦ ᠪᠤᠶᠤ ᠰᠢᠢᠳᠪᠦᠷᠢᠯᠡᠨ᠎ᠡ᠃      ᠲᠤᠰ ᠬᠠᠤᠯᠢ ᠶᠢᠨ ᠠᠷᠪᠠᠨ ᠳᠣᠯᠣᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠢ ᠵᠥᠷᠢᠴᠡᠵᠦ᠂ ᠭᠤᠤᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠤᠨ ᠨᠢᠭᠤᠴᠠ ᠶᠢ ᠵᠠᠳᠠᠷᠠᠭᠤᠯᠬᠤ ᠪᠤᠶᠤ ᠭᠤᠤᠯ ᠨᠢᠭᠤᠴᠠ ᠲᠡᠮᠳᠡᠭ᠂ ᠡᠩ ᠤᠨ ᠨᠢᠭᠤᠴᠠ ᠲᠡᠮᠳᠡᠭ ᠤᠨ ᠠᠮᠤᠷ ᠲᠦᠪᠰᠢᠨ ᠢ ᠨᠥᠯᠥᠭᠡᠯᠡᠬᠦ ᠴᠢᠬᠤᠯᠠ ᠶᠡᠭᠡ ᠠᠰᠠᠭᠤᠳᠠᠯ᠂ ᠲᠦᠭᠰᠢᠭᠦᠷᠢ ᠶᠢᠨ ᠳᠠᠯᠳᠠ ᠬᠡᠮ ᠢ ᠣᠯᠵᠤ ᠮᠡᠳᠡᠭᠡᠳ᠂ ᠲᠡᠷᠡ ᠳᠠᠷᠤᠶ ᠳᠤ ᠨᠢ ᠠᠷᠭᠠᠴᠠᠭᠠᠬᠤ ᠠᠷᠭ᠎ᠠ ᠬᠡᠮᠵᠢᠶ᠎ᠡ ᠠᠪᠤᠭᠰᠠᠨ ᠦᠭᠡᠢ᠂ ᠡᠰᠡᠬᠦᠯ᠎ᠡ ᠴᠠᠭ ᠲᠤᠬᠠᠶ ᠳᠤ ᠨᠢ ᠮᠡᠳᠡᠭᠦᠯᠦᠭᠰᠡᠨ ᠦᠭᠡᠢ ᠪᠠᠶᠢᠪᠠᠯ᠂ ᠨᠢᠭᠤᠴᠠ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠦᠷᠦ ᠶᠢᠨ ᠪᠠᠶᠢᠭᠤᠯᠭ᠎ᠠ᠂ ᠨᠢᠭᠡᠴᠢ ᠳᠤ ᠰᠠᠨᠠᠭᠤᠯᠭ᠎ᠠ ᠭᠠᠷᠭᠠᠵᠤ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠬᠡᠯ ᠥᠭᠬᠦ ᠪᠤᠶᠤ ᠰᠢᠢᠳᠪᠦᠷᠢᠯᠡᠨ᠎ᠡ᠃      ᠭᠤᠴᠢᠨ ᠲᠠᠪᠤᠳᠤᠭᠠᠷ ᠵᠦᠢᠯ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠢ ᠪᠠᠶᠢᠴᠠᠭᠠᠨ ᠰᠢᠯᠭᠠᠬᠤ᠂ ᠭᠡᠷᠡᠴᠢᠯᠡᠬᠦ ᠪᠠᠶᠢᠭᠤᠯᠤᠮᠵᠢ ᠨᠢ ᠲᠤᠰ ᠬᠠᠤᠯᠢ ᠶᠢᠨ ᠬᠤᠷᠢᠨ ᠲᠠᠪᠤᠳᠤᠭᠠᠷ ᠵᠦᠢᠯ ᠤᠨ ᠬᠤᠶᠠᠳᠤᠭᠠᠷ ᠪᠠᠳᠠᠭ᠂ ᠭᠤᠷᠪᠠᠳᠤᠭᠠᠷ ᠪᠠᠳᠠᠭ ᠤᠨ ᠲᠣᠭᠲᠠᠭᠠᠯ ᠢ ᠵᠦᠷᠢᠴᠡᠵᠦ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠢ ᠪᠠᠶᠢᠴᠠᠭᠠᠨ ᠰᠢᠯᠭᠠᠵᠤ ᠭᠡᠷᠡᠴᠢᠯᠡᠬᠦ ᠠᠵᠢᠯ ᠥᠷᠨᠢᠭᠦᠯᠦᠭᠰᠡᠨ ᠪᠣᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠵᠠᠷᠯᠢᠭᠳᠠᠵᠤ ᠪᠠᠶᠢᠭᠠᠳ ᠵᠠᠯᠠᠷᠠᠭᠤᠯᠬᠤ ᠪᠤᠶᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠨ᠂ ᠰᠡᠷᠡᠮᠵᠢ ᠥᠭᠴᠦ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠵᠤ ᠠᠪᠤᠨ᠎ᠠ︔ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠨᠢ ᠭᠤᠴᠢᠨ ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠤᠨ ᠬᠢᠨᠢ ᠨᠢᠭᠡ ᠲᠠᠬᠢᠨ ᠠᠴᠠ ᠳᠡᠭᠡᠭᠰᠢ ᠭᠤᠷᠪᠠᠨ ᠲᠠᠬᠢᠨ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠵᠦ ᠪᠣᠯᠤᠨ᠎ᠠ︔ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠦᠭᠡᠢ ᠪᠤᠶᠤ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠨᠢ ᠭᠤᠴᠢᠨ ᠲᠦᠮᠡᠨ ᠲᠥᠭᠦᠷᠢᠭ ᠲᠤ ᠬᠦᠷᠬᠦ ᠦᠭᠡᠢ ᠪᠠᠶᠢᠪᠠᠯ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠭᠤᠴᠢᠨ ᠲᠦᠮᠡᠨ ᠲᠥᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠵᠦ ᠪᠣᠯᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠬᠠᠮᠢᠶ᠎ᠠ ᠪᠦᠬᠦᠢ ᠬᠢᠷᠢ ᠬᠡᠮ ᠢ ᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠨ᠎ᠠ᠃      ᠭᠤᠴᠢᠨ ᠵᠢᠷᠭᠤᠳᠤᠭᠠᠷ ᠵᠦᠢᠯ᠂ ᠲᠤᠰ ᠬᠠᠤᠯᠢ ᠶᠢᠨ ᠬᠤᠷᠢᠨ ᠵᠢᠷᠭᠤᠳᠤᠭᠠᠷ ᠵᠦᠢᠯ ᠤᠨ ᠲᠣᠭᠲᠠᠭᠠᠯ ᠢ ᠵᠦᠷᠢᠴᠡᠵᠦ᠂ ᠪᠠᠶᠢᠴᠠᠭᠠᠨ ᠰᠢᠯᠭᠠᠵᠤ ᠭᠡᠷᠡᠴᠢᠯᠡᠭᠰᠡᠨ ᠦᠭᠡᠢ ᠪᠤᠶᠤ ᠪᠠᠶᠢᠴᠠᠭᠠᠨ ᠰᠢᠯᠭᠠᠵᠤ ᠭᠡᠷᠡᠴᠢᠯᠡᠭᠡᠳ ᠬᠢᠷᠢ ᠲᠡᠩᠴᠡᠭᠰᠡᠨ ᠦᠭᠡᠢ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠦᠢᠯᠡᠳᠬᠦᠨ ᠢ ᠪᠣᠷᠤᠯᠠᠭᠤᠯᠬᠤ ᠪᠤᠶᠤ ᠬᠠᠩᠭᠠᠬᠤ᠂ ᠡᠰᠡᠬᠦᠯ᠎ᠡ ᠬᠡᠷᠡᠴᠢᠯᠡᠭᠡ ᠬᠢᠭᠰᠡᠨ ᠦᠭᠡᠢ ᠪᠣᠶᠤ ᠭᠡᠷᠡᠴᠢᠯᠡᠭᠰᠡᠨ ᠨᠢ ᠬᠢᠷᠢ ᠲᠡᠩᠴᠡᠭᠰᠡᠨ ᠦᠭᠡᠢ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠦᠢᠯᠡᠴᠢᠯᠡᠭᠡ ᠬᠠᠩᠭᠠᠪᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠵᠠᠷᠯᠢᠭᠳᠠᠵᠤ ᠪᠠᠶᠢᠭᠠᠳ ᠵᠠᠯᠠᠷᠠᠭᠤᠯᠬᠤ ᠪᠤᠶᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠨ᠂ ᠰᠡᠷᠡᠮᠵᠢ ᠥᠭᠴᠦ᠂ ᠬᠠᠤᠯᠢ ᠠᠴᠠ ᠵᠥᠷᠢᠴᠡᠭᠰᠡᠨ ᠦᠢᠯᠡᠳᠬᠦᠨ ᠪᠠ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠵᠤ ᠠᠪᠤᠨ᠎ᠠ︔ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠨᠢ ᠠᠷᠪᠠᠨ ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠤᠨ ᠬᠢᠨᠢ ᠨᠢᠭᠡ ᠲᠠᠬᠢᠨ ᠠᠴᠠ ᠳᠡᠭᠡᠭᠰᠢ ᠭᠤᠷᠪᠠᠨ ᠲᠠᠬᠢᠨ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠵᠦ ᠪᠣᠯᠤᠨ᠎ᠠ︔ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠦᠭᠡᠢ ᠪᠤᠶᠤ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠨᠢ ᠠᠷᠪᠠᠨ ᠲᠦᠮᠡᠨ ᠲᠥᠭᠦᠷᠢᠭ ᠲᠤ ᠬᠦᠷᠬᠦ ᠦᠭᠡᠢ ᠪᠠᠶᠢᠪᠠᠯ᠂ ᠭᠤᠷᠪᠠᠨ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠵᠦ ᠪᠣᠯᠤᠨ᠎ᠠ᠃      ᠭᠤᠴᠢᠨ ᠳᠣᠯᠣᠳᠤᠭᠠᠷ ᠵᠦᠢᠯ᠂ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠦᠬᠦᠭᠡᠷᠦᠮᠵᠢ ᠶᠢᠨ ᠡᠵᠡᠩᠨᠡᠭᠴᠢ ᠠᠴᠠ ᠲᠤᠰ ᠬᠠᠤᠯᠢ ᠶᠢᠨ ᠬᠤᠷᠢᠨ ᠳᠣᠯᠣᠳᠤᠭᠠᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠢ ᠵᠥᠷᠢᠴᠡᠵᠦ᠂ ᠱᠠᠭᠠᠷᠳᠠᠯᠭ᠎ᠠ ᠶᠣᠰᠣᠭᠠᠷ ᠬᠤᠳᠠᠯᠳᠤᠭᠠᠨ ᠤ ᠨᠢᠭᠤᠴᠠ ᠲᠡᠮᠳᠡᠭ ᠢ ᠬᠡᠷᠡᠭᠯᠡᠭᠰᠡᠨ ᠦᠭᠡᠢ᠂ ᠡᠰᠡᠬᠦᠯ᠎ᠡ ᠱᠠᠭᠠᠷᠳᠠᠯᠭ᠎ᠠ ᠶᠣᠰᠣᠭᠠᠷ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠲᠤ ᠠᠮᠤᠷ ᠲᠦᠪᠰᠢᠨ ᠴᠢᠨᠠᠷ ᠤᠨ ᠦᠨᠡᠯᠡᠯᠲᠡ ᠬᠢᠭᠰᠡᠨ ᠥᠬᠡᠶ ᠪᠣᠯ᠂ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠵᠤ᠂ ᠰᠡᠷᠡᠮᠵᠢ ᠥᠭᠭᠦᠨ᠎ᠡ︔ ᠵᠠᠯᠠᠷᠠᠭᠤᠯᠬᠤ ᠶᠢ ᠲᠡᠪᠴᠢᠭᠰᠡᠨ ᠪᠤᠶᠤ ᠰᠦᠯᠵᠢᠶᠡᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠵᠡᠷᠭᠡ ᠤᠷᠰᠢᠭ ᠲᠠᠲᠠᠭᠰᠠᠨ ᠪᠣᠯ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠵᠠᠭᠤᠨ ᠲᠦᠮᠡᠨ ᠲᠥᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠬᠤ ᠬᠥᠮᠦᠨ ᠢ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃      ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠡᠵᠡᠩᠨᠡᠭᠴᠢ ᠠᠴᠠ ᠲᠤᠰ ᠬᠠᠤᠯᠢ ᠶᠢᠨ ᠬᠤᠷᠢᠨ ᠳᠣᠯᠤᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠢ ᠵᠥᠷᠢᠴᠡᠵᠦ᠂ ᠠᠮᠤᠷ ᠲᠦᠪᠰᠢᠨ ᠤ ᠬᠢᠨᠠᠨ ᠪᠠᠶᠢᠴᠠᠭᠠᠯᠲᠠ ᠬᠢᠭᠰᠡᠨ ᠦᠭᠡᠢ ᠪᠤᠶᠤ ᠠᠮᠤᠷ ᠲᠦᠪᠰᠢᠨ ᠤ ᠬᠢᠨᠠᠨ ᠪᠠᠶᠢᠴᠠᠭᠠᠯᠲᠠ ᠬᠢᠭᠰᠡᠨ ᠦᠭᠡᠢ ᠦᠢᠯᠡᠳᠬᠦᠨ ᠪᠤᠶᠤ ᠦᠢᠯᠡᠴᠢᠯᠡᠭᠡ ᠶᠢ ᠬᠡᠷᠡᠭᠯᠡᠭᠰᠡᠨ ᠪᠣᠯ᠂ ᠬᠤᠯᠪᠣᠭᠳᠠᠯ ᠪᠦᠬᠦᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠡᠷᠡᠭᠯᠡᠬᠦ ᠶᠢ ᠨᠢ ᠵᠠᠷᠯᠢᠭᠳᠠᠨ ᠵᠣᠭᠰᠤᠭᠠᠵᠤ᠂ ᠬᠤᠳᠠᠯᠳᠤᠨ ᠠᠪᠤᠭᠰᠠᠨ ᠵᠣᠭᠤᠰ ᠤᠨ ᠲᠣᠭᠠᠨ ᠤ ᠬᠢᠨᠢ ᠨᠢᠭᠡ ᠳᠠᠬᠢᠨ ᠠᠴᠠ ᠳᠡᠭᠡᠭᠰᠢ ᠠᠷᠪᠠᠨ ᠳᠠᠬᠢᠨ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠢ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃      ᠭᠤᠴᠢᠨ ᠨᠠᠢᠮᠠᠳᠤᠭᠠᠷ ᠵᠦᠢᠯ᠂ ᠲᠤᠰ ᠬᠠᠤᠯᠢ ᠶᠢᠨ ᠬᠤᠷᠢᠨ ᠨᠠᠢᠮᠠᠳᠤᠭᠠᠷ ᠵᠦᠢᠯ ᠤᠨ ᠭᠠᠳᠠᠭᠠᠳᠤ ᠠᠴᠠ ᠣᠷᠤᠭᠤᠯᠬᠤ ᠶᠢ ᠵᠥᠪᠰᠢᠶᠡᠷᠡᠬᠦ᠂ ᠭᠠᠳᠠᠭᠠᠳᠤ ᠭᠠᠷᠭᠠᠯᠲᠠ ᠶᠢᠨ ᠵᠠᠬᠢᠷᠤᠨ ᠬᠠᠮᠢᠶᠠᠷᠤᠯᠲᠠ ᠶᠢᠨ ᠲᠣᠭᠲᠠᠭᠠᠯ ᠢ ᠵᠦᠷᠢᠴᠡᠵᠦ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠢ ᠲᠦᠷᠦ ᠶᠢᠨ ᠶᠠᠪᠤᠳᠠᠯ ᠤᠨ ᠬᠤᠷᠢᠶᠠᠨ ᠤ ᠬᠤᠳᠠᠯᠳᠤᠭᠠᠨ ᠤ ᠶᠠᠪᠤᠳᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠣᠭᠤᠮᠲᠠ ᠠᠴᠠ ᠬᠠᠤᠯᠢ ᠶᠣᠰᠣᠭᠠᠷ ᠰᠢᠢᠳᠬᠡᠨ᠎ᠡ᠃      ᠭᠤᠴᠢ ᠶᠢᠰᠦᠳᠦᠭᠡᠷ ᠵᠦᠢᠯ᠂ ᠲᠤᠰ ᠬᠠᠤᠯᠢ ᠶᠢᠨ ᠬᠤᠷᠢ ᠶᠢᠰᠦᠳᠦᠭᠡᠷ ᠵᠦᠢᠯ ᠤᠨ ᠲᠣᠭᠲᠠᠭᠠᠯ ᠢ ᠵᠥᠷᠢᠴᠡᠵᠦ ᠂ ᠮᠠᠭᠠᠳᠯᠠᠨ ᠲᠣᠭᠲᠠᠭᠠᠯᠲᠠ ᠬᠢᠭᠰᠡᠨ ᠦᠭᠡᠢ ᠪᠠᠷ ᠡᠯᠧᠺᠲᠷᠣᠨ ᠵᠠᠰᠠᠭ ᠤᠨ ᠶᠠᠪᠤᠳᠠᠯ᠂ ᠡᠯᠧᠺᠲᠷᠣᠨ ᠭᠡᠷᠡᠴᠢᠯᠡᠭᠡᠨ ᠤ ᠦᠢᠯᠡᠴᠢᠯᠡᠭᠡ ᠡᠷᠬᠢᠯᠡᠪᠡᠯ᠂ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠪᠤᠶᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠨ᠂ ᠰᠡᠷᠡᠮᠵᠢ ᠥᠭᠴᠦ᠂ ᠬᠠᠤᠯᠢ ᠶᠢ ᠵᠥᠷᠢᠴᠡᠭᠰᠡᠨ ᠦᠢᠯᠡᠳᠬᠦᠨ ᠪᠠ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠵᠤ ᠠᠪᠤᠨ᠎ᠠ︔ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠨᠢ ᠭᠤᠴᠢᠨ ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠤᠨ ᠬᠢᠨᠢ ᠨᠢᠭᠡ ᠲᠠᠬᠢᠨ ᠠᠴᠠ ᠳᠡᠭᠡᠭᠰᠢ ᠭᠤᠷᠪᠠᠨ ᠲᠠᠬᠢᠨ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠵᠦ ᠪᠣᠯᠤᠨ᠎ᠠ︔ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠦᠭᠡᠢ ᠪᠤᠶᠤ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠨᠢ ᠭᠤᠴᠢᠨ ᠲᠦᠮᠡᠨ ᠲᠥᠭᠦᠷᠢᠭ ᠲᠤ ᠬᠦᠷᠬᠦ ᠦᠭᠡᠢ ᠪᠠᠶᠢᠪᠠᠯ᠂ ᠠᠷᠪᠠᠨ ᠲᠦᠮᠡᠨ ᠲᠥᠭᠦᠷᠢᠭ ᠠᠴᠠ ᠳᠡᠭᠡᠭᠰᠢ ᠭᠤᠴᠢᠨ ᠲᠦᠮᠡᠨ ᠲᠥᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠵᠦ ᠪᠣᠯᠤᠨ᠎ᠠ᠃      ᠳᠥᠴᠢᠳᠦᠭᠡᠷ ᠵᠦᠢᠯ᠂ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠤᠯᠪᠣᠭᠳᠠᠯ ᠪᠥᠬᠦᠢ ᠰᠠᠯᠠᠭ᠎ᠠ ᠮᠥᠴᠢᠷ᠂ ᠨᠢᠭᠡᠴᠢ ᠶᠢᠨ ᠠᠵᠢᠯᠳᠠᠨ ᠨᠢ ᠨᠢᠭᠤᠴᠠ ᠲᠡᠮᠳᠡᠭ ᠤᠨ ᠠᠵᠢᠯ ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠵᠤ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠨ᠂ ᠡᠰᠡᠬᠦᠯ᠎ᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠣᠯᠵᠤ ᠮᠡᠳᠡᠭᠰᠡᠨ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠶᠢ ᠪᠤᠰᠤᠳ ᠲᠤ ᠵᠠᠳᠠᠷᠠᠭᠤᠯᠵᠤ᠂ ᠬᠠᠤᠯᠢ ᠪᠤᠰᠤ ᠪᠠᠷ ᠬᠠᠩᠭᠠᠪᠠᠯ᠂ ᠬᠠᠤᠯᠢ ᠶᠣᠰᠣᠭᠠᠷ ᠰᠢᠢᠳᠬᠡᠯ ᠣᠯᠭᠤᠨ᠎ᠠ᠃      ᠳᠥᠴᠢᠨ ᠨᠢᠭᠡᠳᠦᠭᠡᠷ ᠵᠦᠢᠯ᠂ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠶᠠᠯ᠎ᠠ ᠪᠣᠯᠵᠤ ᠪᠦᠷᠢᠯᠳᠦᠪᠡᠯ ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠪᠤᠰᠤᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ᠃     ᠲᠠᠪᠤᠳᠤᠭᠠᠷ ᠪᠦᠯᠦᠭ  ᠳᠠᠭᠠᠯᠳᠤᠭᠤᠯᠤᠯ ᠲᠦᠷᠢᠮ      ᠳᠥᠴᠢᠨ ᠬᠤᠶᠠᠳᠤᠭᠠᠷ ᠵᠦᠢᠯ᠂ ᠤᠯᠤᠰ ᠤᠨ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ᠃      ᠳᠥᠴᠢᠨ ᠭᠤᠷᠪᠠᠳᠤᠭᠠᠷ ᠵᠦᠢᠯ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠣᠯᠤᠨ ᠳᠤᠮᠳᠠᠳᠤ ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠨᠢᠭᠤᠴᠠ ᠲᠡᠮᠳᠡᠭ ᠤᠨ ᠠᠵᠢᠯ ᠤᠨ ᠬᠠᠮᠢᠶᠠᠷᠤᠯᠲᠠ ᠶᠢᠨ ᠠᠷᠭ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠲᠤᠰ ᠬᠠᠤᠯᠢ ᠶᠢ ᠦᠨᠳᠦᠰᠦᠯᠡᠵᠦ ᠲᠣᠭᠲᠠᠭᠠᠨ᠎ᠠ᠃      ᠳᠥᠴᠢᠨ ᠳᠥᠷᠪᠡᠳᠦᠭ᠊ ᠵᠦᠢᠯ᠂ ᠲᠣᠰ ᠬᠠᠤᠯᠢ ᠶᠢ 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ︵ᠰᠢᠨᠬᠤᠸᠠ ᠬᠤᠷᠢᠶᠠᠨ ᠤ ᠪᠡᠭᠡᠵᠢᠩ ᠤᠨ 10 ᠳ᠋ᠤᠭᠠᠷ ᠰᠠᠷ᠎ᠠ ᠶᠢᠨ 26 ᠤ ᠴᠠᠬᠢᠯᠭᠠᠨ ᠮᠡᠳᠡᠭᠡ︶      ︽ᠠᠷᠠᠳ ᠤᠨ ᠡᠳᠦᠷ ᠤᠨ ᠰᠣᠨᠢᠨ︾ ︵2019 ᠣᠨ ᠤ 10 ᠳ᠋ᠤᠭᠠᠷ ᠰᠠᠷ᠎ᠠ ᠶᠢᠨ 28 ᠤ ᠡᠳᠦᠷ ᠤᠨ ᠬᠡᠪᠯᠡᠯ ᠤᠨ 11 ᠳ᠋ᠦᠭᠡᠷ ᠨᠢᠭᠤᠷ︶      【ᠬᠤᠯᠪᠤᠭᠳᠠᠯ ᠪᠥᠬᠦᠶ ᠲᠠᠶᠢᠯᠤᠮᠵᠢ】 ᠰᠢᠨ᠎ᠡ ᠴᠠᠭ ᠦᠶ᠎ᠡ ᠶᠢᠨ ᠨᠢᠭᠤᠴᠠ ᠲᠡᠮᠳᠡᠭ ᠤᠨ ᠠᠵᠢᠯ ᠤᠨ ᠪᠠᠲᠤ ᠴᠢᠩᠭ᠎ᠠ ᠬᠠᠤᠯᠢ ᠴᠠᠭᠠᠵᠠ ᠶᠢᠨ ᠪᠠᠲᠤᠯᠠᠭ᠎ᠠ
         
        ᠢᠷᠡᠯᠲᠡ᠄ ᠵᠠᠮ ᠬᠠᠨᠷᠢᠯᠴᠠᠭ᠎ᠠ ᠲᠡᠭᠡᠭᠡᠪᠦᠷᠢ ᠶᠢᠨ ᠮᠡᠳᠡᠭᠡ ᠵᠠᠩᠭᠢ ᠶᠢᠨ ᠲᠦᠪ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号