内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ
        ᠨᠡᠶᠢᠲᠡᠯᠡᠭᠰᠡᠨ ᠴᠠᠭ᠄
        2020/11/9
             ︵1987 ᠣᠨ ᠤ 9 ᠳ᠋ᠦ᠋ᠭᠡᠷ ᠰᠠᠷ᠎ᠠ ᠶᠢᠨ 5 ᠤ ᠡᠳᠦᠷ᠂ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯᠳᠤᠭᠠᠨ ᠠᠴᠠ ᠪᠠᠲᠤᠯᠠᠪᠠ 1996 ᠣᠨ ᠤ 7 ᠳ᠋ᠤᠭᠠᠷ ᠰᠠᠷ᠎ᠠ ᠶᠢᠨ 5 ᠤ ᠡᠳᠦᠷ ᠤᠨ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠠᠩᠬ᠎ᠠ ᠤᠳᠠᠭ᠎ᠠ ᠵᠠᠰᠠᠪᠤᠷᠢᠯᠠᠪᠠ 2016 ᠣᠨ ᠤ 11 ᠳ᠋ᠦ᠋ᠭᠡᠷ ᠰᠠᠷ᠎ᠠ ᠶᠢᠨ 7 ᠤ ᠡᠳᠦᠷ ᠤᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠥᠷᠪᠡᠳᠦᠭᠡᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠠᠷᠠᠯᠵᠢᠶᠠᠨ ᠤ ᠬᠠᠤᠯᠢ﹀ ᠵᠡᠷᠭᠡ ᠠᠷᠪᠠᠨ ᠬᠤᠶᠠᠷ ᠲᠦᠷᠦᠯ ᠤᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠤᠷᠢᠯᠠᠪᠠ 2020 ᠣᠨ ᠤ 6 ᠳ᠋ᠤᠭᠠᠷ ᠰᠠᠷ᠎ᠠ ᠶᠢᠨ 20 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠬᠤᠷᠠᠯᠳᠤᠭᠠᠨ ᠠᠴᠠ ᠵᠠᠰᠠᠪᠤᠷᠢ ᠣᠷᠣᠭᠤᠯᠪᠠ︶      ᠭᠠᠷᠴᠠᠭ      ᠨᠢᠭᠡᠳᠦᠭᠡᠷ ᠪᠦᠯᠦᠭ  ᠶᠡᠷᠦᠩᠬᠡᠶ ᠲᠦᠷᠢᠮ      ᠬᠤᠶᠠᠳᠤᠭᠠᠷ ᠪᠦᠯᠦᠭ  ᠳᠠᠩᠰᠠ ᠡᠪᠬᠡᠮᠡᠯ ᠤᠨ ᠪᠠᠶᠢᠭᠤᠯᠤᠮᠵᠢ ᠵᠢᠴᠢ ᠲᠡᠭᠦᠨ ᠤ ᠲᠤᠰᠢᠶᠠᠯ ᠬᠠᠷᠢᠭᠤᠴᠠᠯᠭ᠎ᠠ      ᠭᠤᠷᠪᠠᠳᠤᠭᠠᠷ ᠪᠦᠯᠦᠭ  ᠳᠠᠩᠰᠠ ᠡᠪᠬᠡᠮᠡᠯ ᠤᠨ ᠬᠠᠮᠢᠶᠠᠷᠤᠯᠲᠠ      ᠳᠥᠷᠪᠡᠳᠦᠭᠡᠷ ᠪᠦᠯᠦᠭ  ᠳᠠᠩᠰᠠ ᠡᠪᠬᠡᠮᠡᠯ ᠢ ᠠᠰᠢᠭᠯᠠᠬᠤ ᠪᠠ ᠨᠡᠶᠢᠲᠡᠯᠡᠬᠦ      ᠲᠠᠪᠤᠳᠤᠭᠠᠷ ᠪᠦᠯᠦᠭ  ᠳᠠᠩᠰᠠ ᠡᠪᠬᠡᠮᠡᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ      ᠵᠢᠷᠭᠤᠳᠤᠭᠠᠷ ᠪᠦᠯᠦᠭ  ᠬᠢᠨᠠᠯᠲᠠ ᠲᠠᠯᠪᠢᠵᠤ ᠪᠠᠶᠢᠴᠠᠭᠠᠬᠤ      ᠳᠣᠯᠣᠳᠤᠭᠠᠷ ᠪᠦᠯᠦᠭ  ᠬᠠᠤᠯᠢ ᠶᠢᠨ ᠬᠠᠷᠢᠭᠤᠴᠠᠯᠭ᠎ᠠ      ᠨᠠᠢᠮᠠᠳᠤᠭᠠᠷ ᠪᠦᠯᠦᠭ  ᠳᠠᠭᠠᠯᠳᠤᠭᠤᠯᠤᠭᠰᠠᠨ ᠲᠦᠷᠢᠮ      ᠨᠢᠭᠡᠳᠦᠭᠡᠷ ᠪᠦᠯᠦᠭ  ᠶᠡᠷᠦᠩᠬᠡᠶ ᠲᠦᠷᠢᠮ      ᠨᠢᠭᠡᠳᠦᠭᠡᠷ ᠵᠦᠢᠯ᠂ ᠳᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ᠳᠠᠩᠰᠠ ᠡᠪᠬᠡᠮᠡᠯ ᠢ ᠴᠤᠭᠯᠠᠭᠤᠯᠬᠤ ᠪᠠ ᠡᠮᠬᠢᠯᠡᠬᠦ ᠠᠵᠢᠯ ᠢ ᠵᠢᠷᠤᠮᠵᠢᠭᠤᠯᠵᠤ᠂ ᠳᠠᠩᠰᠠ ᠡᠪᠬᠡᠮᠡᠯ ᠢ ᠪᠦᠲᠦᠮᠵᠢᠲᠡᠢ ᠬᠠᠮᠠᠭᠠᠯᠠᠬᠤ ᠪᠠ ᠠᠰᠢᠭᠯᠠᠵᠤ᠂ ᠳᠠᠩᠰᠠ ᠡᠪᠬᠡᠮᠡᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠤᠰ ᠠᠴᠠ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ  ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠲᠤ ᠦᠢᠯᠡᠴᠢᠯᠡᠬᠦ ᠪᠠᠷ ᠲᠤᠰ ᠬᠠᠤᠯᠢ ᠶᠢ ᠲᠣᠭᠲᠠᠭᠠᠪᠠ᠃      ᠬᠤᠶᠠᠳᠤᠭᠠᠷ ᠵᠦᠢᠯ᠂ ᠳᠠᠩᠰᠠ ᠡᠪᠬᠡᠮᠡᠯ ᠢ ᠴᠤᠭᠯᠠᠭᠤᠯᠬᠤ᠂ ᠡᠮᠬᠢᠯᠡᠬᠦ᠂ ᠬᠠᠮᠠᠭᠠᠯᠠᠬᠤ᠂ ᠠᠰᠢᠭᠯᠠᠬᠤ ᠵᠢᠴᠢ ᠬᠢᠨᠠᠨ ᠬᠠᠮᠢᠶᠠᠷᠬᠤ ᠠᠵᠢᠯᠯᠠᠭ᠎ᠠ ᠬᠢᠬᠦ ᠳᠤ᠂ ᠲᠤᠰ ᠬᠠᠤᠯᠢ ᠶᠢ ᠬᠡᠷᠡᠭᠯᠡᠨ᠎ᠡ᠃      ᠲᠤᠰ ᠬᠠᠤᠯᠢ ᠳᠤ ᠬᠡᠯᠡᠵᠦ ᠪᠠᠶᠢᠭ᠎ᠠ ᠳᠠᠩᠰᠠ ᠡᠪᠬᠡᠮᠡᠯ ᠭᠡᠳᠡᠭ ᠪᠣᠯ ᠥᠩᠭᠡᠷᠡᠭᠰᠡᠨ ᠪᠠ ᠤᠳᠤ ᠶᠢᠨ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠪᠤᠰᠤᠳ ᠵᠣᠬᠢᠶᠠᠨ ᠪᠠᠶᠢᠭᠤᠯᠤᠯᠲᠠ ᠵᠢᠴᠢ ᠬᠤᠪᠢ ᠬᠦᠮᠦᠨ ᠤ ᠠᠵᠤ ᠠᠬᠤᠶ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠶ ᠶᠢᠨ ᠪᠣᠯᠪᠠᠰᠤᠨ᠂ ᠴᠡᠷᠢᠭ ᠤᠨ ᠶᠠᠪᠤᠳᠠᠯ᠂ ᠭᠠᠳᠠᠭᠠᠳᠤ ᠶᠠᠪᠤᠳᠠᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ ᠶᠢᠨ ᠠᠵᠢᠯᠯᠠᠭ᠎ᠠ ᠳᠤ ᠰᠢᠭᠤᠳ ᠪᠦᠷᠢᠯᠳᠦᠭᠰᠡᠨ ᠤᠯᠤᠰ ᠣᠷᠣᠨ ᠪᠠ ᠨᠡᠶᠢᠭᠡᠮ ᠳᠤ ᠬᠠᠳᠠᠭᠠᠯᠠᠬᠤ ᠦᠨ᠎ᠡ ᠥᠷᠲᠡᠭ ᠲᠠᠢ ᠡᠯ᠎ᠡ ᠵᠦᠢᠯ ᠤᠨ ᠦᠰᠦᠭ ᠪᠢᠴᠢᠭ᠂ ᠵᠢᠷᠤᠭ ᠬᠦᠰᠦᠨᠦᠭᠲᠦ᠂ ᠳᠠᠭᠤ ᠳᠦᠷᠰᠦ ᠵᠡᠷᠭᠡ ᠠᠳᠠᠯᠢ ᠪᠤᠰᠤ ᠬᠡᠯᠪᠡᠷᠢ ᠶᠢᠨ ᠲᠡᠤᠬᠡ ᠶᠢᠨ ᠲᠡᠮᠳᠡᠭᠯᠡᠯ ᠢ ᠵᠢᠭᠠᠪᠠ᠃        ᠭᠤᠷᠪᠠᠳᠤᠭᠠᠷ ᠵᠦᠢᠯ᠂ ᠳᠠᠩᠰᠠ ᠡᠪᠬᠡᠮᠡᠯ ᠤᠨ ᠠᠵᠢᠯ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠳᠠᠩᠰᠠ ᠡᠪᠬᠡᠮᠡᠯ ᠤᠨ ᠠᠵᠢᠯ ᠢᠶᠠᠨ ᠴᠢᠩᠭᠠᠳᠬᠠᠵᠤ᠂ ᠳᠠᠩᠰᠠ ᠡᠪᠬᠡᠮᠡᠯ ᠤᠨ ᠦᠢᠯᠡᠰ ᠢ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠵᠤ᠂ ᠳᠠᠩᠰᠠ ᠡᠪᠬᠡᠮᠡᠯ ᠤᠨ ᠦᠢᠯᠡᠰ ᠤᠨ ᠬᠥᠭᠵᠢᠯᠲᠡ ᠶᠢᠨ ᠵᠠᠷᠤᠳᠠᠯ ᠢ ᠵᠠᠰᠠᠭ ᠤᠨ ᠣᠷᠳᠣᠨ ᠤ ᠲᠥᠰᠦᠪ ᠲᠤ ᠣᠷᠣᠭᠤᠯᠵᠤ᠂ ᠳᠠᠩᠰᠠ ᠡᠪᠬᠡᠮᠡᠯ ᠤᠨ ᠦᠢᠯᠡᠰ ᠤᠨ ᠬᠥᠭᠵᠢᠯᠲᠡ ᠶᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠬᠠᠷᠢᠯᠴᠠᠨ ᠵᠣᠬᠢᠴᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠳᠥᠷᠪᠡᠳᠦᠭᠡᠷ ᠵᠦᠢᠯ᠂ ᠳᠠᠩᠰᠠ ᠡᠪᠬᠡᠮᠡᠯ ᠤᠨ ᠠᠵᠢᠯ ᠳᠤ ᠨᠢᠭᠡᠳᠦᠯᠲᠡᠶ ᠤᠳᠤᠷᠢᠳᠬᠤ᠂ ᠱᠠᠲᠤ ᠬᠤᠪᠢᠶᠠᠨ ᠬᠠᠮᠢᠶᠠᠷᠬᠤ ᠵᠠᠷᠴᠢᠮ ᠢ ᠬᠡᠷᠡᠭᠵᠢᠭᠦᠯᠵᠦ᠂ ᠳᠠᠩᠰᠠ ᠡᠪᠬᠡᠮᠡᠯ ᠤᠨ ᠪᠦᠷᠢᠨ ᠪᠦᠲᠦᠨ ᠪᠠ ᠠᠮᠤᠷ ᠲᠦᠪᠰᠢᠨ ᠢ ᠬᠠᠮᠠᠭᠠᠯᠠᠵᠤ᠂ ᠨᠡᠶᠢᠭᠡᠮ ᠤᠨ ᠡᠯ᠎ᠡ ᠲᠠᠯ᠎ᠠ ᠶᠢᠨ ᠠᠰᠢᠭᠯᠠᠯᠲᠠ ᠳᠤ ᠳᠥᠭᠦᠮ ᠦᠵᠡᠭᠦᠯᠬᠦ ᠬᠡᠷᠡᠭᠲᠡᠢ᠃      ᠲᠠᠪᠤᠳᠤᠭᠠᠷ ᠵᠦᠢᠯ᠂ ᠠᠯᠢᠪᠠ ᠲᠥᠷᠥ ᠶᠢᠨ ᠪᠠᠶᠢᠭᠤᠯᠭ᠎ᠠ᠂ ᠵᠡᠪᠰᠡᠭᠲᠦ ᠬᠦᠴᠦᠨ᠂ ᠲᠥᠷᠥ ᠶᠢᠨ ᠨᠠᠮ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠠᠷᠠᠳ ᠢᠷᠭᠡᠨ ᠳᠤ ᠴᠥᠮ ᠳᠠᠩᠰᠠ ᠡᠪᠬᠡᠮᠡᠯ ᠢ ᠬᠠᠮᠠᠭᠠᠯᠠᠬᠤ ᠡᠭᠦᠷᠭᠡ ᠲᠠᠢ᠂ ᠳᠠᠩᠰᠠ ᠡᠪᠬᠡᠮᠡᠯ ᠢ ᠬᠠᠤᠯᠢ ᠶᠣᠰᠣᠭᠠᠷ ᠠᠰᠢᠭᠯᠠᠬᠤ ᠡᠷᠬᠡ ᠲᠠᠢ᠃      ᠵᠢᠷᠭᠤᠳᠤᠭᠠᠷ ᠵᠦᠢᠯ᠂ ᠤᠯᠤᠰ ᠠᠴᠠ ᠳᠠᠩᠰᠠ ᠡᠪᠬᠡᠮᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠳᠠᠮᠵᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠠᠩᠰᠠ ᠡᠪᠬᠡᠮᠡᠯ ᠢ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ᠂ ᠠᠰᠢᠭᠯᠠᠬᠤ ᠵᠡᠷᠭᠡ ᠲᠠᠯ᠎ᠠ ᠪᠠᠷ ᠬᠤᠪᠢᠷᠠᠭᠤᠯᠬᠤ ᠪᠠ ᠬᠡᠷᠡᠭᠯᠡᠬᠦ ᠶᠢ ᠠᠬᠢᠭᠤᠯᠵᠤ᠂ ᠳᠠᠩᠰᠠ ᠡᠪᠬᠡᠮᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢ ᠲᠦᠯᠬᠢᠨ ᠠᠬᠢᠭᠤᠯᠬᠤ ᠬᠡᠷᠡᠭᠲᠡᠢ᠃      ᠤᠯᠤᠰ ᠠᠴᠠ ᠠᠷᠭ᠎ᠠ ᠬᠡᠮᠵᠢᠶ᠎ᠡ ᠠᠪᠴᠤ᠂ ᠳᠠᠩᠰᠠ ᠡᠪᠬᠡᠮᠡᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠬᠦ ᠨᠡᠶᠢᠭᠡᠮ ᠤᠨ ᠳᠠᠩᠰᠠ ᠡᠪᠬᠡᠮᠡᠯ ᠤᠨ ᠦᠵᠡᠯ ᠤᠬᠠᠮᠰᠠᠷ ᠢ ᠴᠢᠩᠭᠠᠷᠠᠭᠤᠯᠤᠨ᠎ᠠ᠃      ᠤᠯᠤᠰ ᠠᠴᠠ ᠳᠠᠩᠰᠠ ᠡᠪᠬᠡᠮᠡᠯ ᠤᠨ ᠬᠦᠷᠢᠶᠡᠨ ᠳᠤ ᠤᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠦᠷᠨᠢᠭᠦᠯᠬᠦ ᠶᠢ ᠵᠣᠷᠢᠭᠵᠢᠭᠤᠯᠤᠨ ᠳᠡᠮᠵᠢᠨ᠎ᠡ᠃      ᠳᠣᠯᠣᠳᠤᠭᠠᠷ ᠵᠦᠢᠯ᠂ ᠤᠯᠤᠰ ᠠᠴᠠ ᠨᠡᠶᠢᠭᠡᠮ ᠤᠨ ᠬᠦᠴᠦᠨ ᠤ ᠳᠠᠩᠰᠠ ᠡᠪᠬᠡᠮᠡᠯ ᠤᠨ ᠦᠢᠯᠡᠰ ᠤᠨ ᠬᠥᠭᠵᠢᠯᠲᠡ ᠳᠤ ᠣᠷᠤᠯᠴᠠᠬᠤ ᠪᠠ ᠳᠡᠮᠵᠢᠬᠦ ᠶᠢ ᠵᠣᠷᠢᠭᠵᠢᠭᠤᠯᠤᠨ᠎ᠠ᠃      ᠳᠠᠩᠰᠠ ᠡᠪᠬᠡᠮᠡᠯ ᠢ ᠴᠤᠭᠯᠠᠭᠤᠯᠬᠤ᠂ ᠡᠮᠬᠢᠯᠡᠬᠦ᠂ ᠬᠠᠮᠠᠭᠠᠯᠠᠬᠤ᠂ ᠠᠰᠢᠭᠯᠠᠬᠤ ᠵᠡᠷᠭᠡ ᠲᠠᠯ᠎ᠠ ᠪᠠᠷ ᠳᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠦᠨ ᠳᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠬᠤ ᠬᠡᠷᠡᠭᠲᠡᠶ᠃      ᠬᠤᠶᠠᠳᠤᠭᠠᠷ ᠪᠦᠯᠦᠭ  ᠳᠠᠩᠰᠠ ᠡᠪᠬᠡᠮᠡᠯ ᠤᠨ ᠪᠠᠶᠢᠭᠤᠯᠤᠮᠵᠢ ᠵᠢᠴᠢ ᠲᠡᠭᠦᠨ ᠤ ᠲᠤᠰᠢᠶᠠᠯ ᠬᠠᠷᠢᠭᠤᠴᠠᠯᠭ᠎ᠠ     ᠨᠠᠢᠮᠠᠳᠤᠭᠠᠷ ᠵᠦᠢᠯ᠂ ᠤᠯᠤᠰ ᠤᠨ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠠᠴᠠ ᠪᠦᠬᠦ ᠤᠯᠤᠰ ᠤᠨ ᠳᠠᠩᠰᠠ ᠡᠪᠬᠡᠮᠡᠯ ᠤᠨ ᠠᠵᠢᠯ ᠢ ᠡᠷᠬᠢᠯᠡᠨ ᠬᠠᠮᠢᠶᠠᠷᠴᠤ᠂ ᠪᠦᠬᠦ ᠤᠯᠤᠰ ᠤᠨ ᠳᠠᠩᠰᠠ ᠡᠪᠬᠡᠮᠡᠯ  ᠤᠨ ᠦᠢᠯᠡᠰ ᠢ ᠨᠢᠭᠡᠳᠦᠯᠲᠡᠶ ᠲᠥᠯᠥᠪᠵᠢᠭᠦᠯᠬᠦ ᠪᠠ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠬᠠᠷᠢᠭᠤᠴᠠᠨ᠂ ᠨᠢᠭᠡᠳᠦᠯᠲᠡᠶ ᠳᠦᠷᠢᠮ ᠲᠣᠭᠲᠠᠭᠠᠵᠤ᠂ ᠬᠢᠨᠠᠯᠲᠠ ᠲᠠᠯᠪᠢᠬᠤ ᠪᠠ ᠵᠢᠯᠤᠭᠤᠳᠬᠤ ᠶᠢ ᠬᠡᠷᠡᠭᠵᠢᠭᠦᠯᠦᠨ᠎ᠡ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠠᠴᠠ ᠲᠤᠰ ᠵᠠᠰᠠᠭ ᠵᠠᠬᠢᠷᠭᠠᠨ ᠤ ᠣᠷᠣᠨ ᠳᠠᠬᠢ ᠳᠠᠩᠰᠠ ᠡᠪᠬᠡᠮᠡᠯ ᠤᠨ ᠠᠵᠢᠯ ᠢ ᠡᠷᠬᠢᠯᠡᠨ ᠬᠠᠮᠢᠶᠠᠷᠴᠤ᠂ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠠᠵᠢᠯ ᠳᠤ ᠬᠢᠨᠠᠯᠲᠠ ᠲᠠᠯᠪᠢᠬᠤ ᠪᠠ ᠵᠢᠭᠠᠨ ᠵᠢᠯᠣᠭᠤᠳᠬᠤ ᠶᠢ ᠬᠡᠷᠡᠭᠵᠢᠭᠦᠯᠦᠨ᠎ᠡ᠃      ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠠᠵᠢᠯᠲᠠᠨ ᠵᠢᠭᠠᠨ ᠲᠣᠭᠲᠠᠭᠠᠵᠤ᠂ ᠲᠣᠰ ᠪᠠᠶᠢᠭᠤᠯᠭ᠎ᠠ ᠶᠢᠨ ᠳᠠᠩᠰᠠ ᠡᠪᠬᠡᠮᠡᠯ ᠢ ᠬᠠᠷᠢᠭᠤᠴᠠᠨ ᠬᠠᠮᠢᠶᠠᠷᠤᠭᠤᠯᠵᠤ᠂ ᠡᠭᠦᠨ ᠤ ᠬᠠᠮᠲᠤ ᠬᠠᠷᠢᠶ᠎ᠠ ᠨᠢᠭᠡᠴᠢ ᠪᠠ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠵᠡᠷᠭᠡ ᠶᠢᠨ ᠳᠠᠩᠰᠠ ᠡᠪᠬᠡᠮᠡᠯ ᠤᠨ ᠠᠵᠢᠯ ᠳᠤ ᠬᠢᠨᠠᠯᠲᠠ ᠲᠠᠯᠪᠢᠬᠤ ᠪᠠ ᠵᠢᠭᠠᠨ ᠵᠢᠯᠤᠭᠤᠳᠬᠤ ᠶᠢ ᠬᠡᠷᠡᠭᠵᠢᠭᠦᠯᠬᠦ ᠬᠡᠷᠡᠭᠲᠡᠢ᠃      ᠶᠢᠰᠦᠳᠦᠭᠡᠷ ᠵᠦᠢᠯ᠂ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠪᠤᠰᠤᠳ ᠵᠣᠬᠢᠶᠠᠨ ᠪᠠᠶᠢᠭᠤᠯᠤᠯᠲᠠ ᠠᠴᠠ ᠳᠠᠩᠰᠠ ᠡᠪᠬᠡᠮᠡᠯ ᠤᠨ ᠪᠠᠶᠢᠭᠤᠯᠤᠮᠵᠢ ᠪᠤᠶᠤ ᠳᠠᠩᠰᠠ ᠡᠪᠬᠡᠮᠡᠯ ᠤᠨ ᠠᠵᠢᠯᠳᠠᠨ ᠢ ᠲᠣᠭᠲᠠᠭᠠᠵᠤ ᠲᠤᠰ ᠨᠢᠭᠡᠴᠢ ᠶᠢᠨ ᠢᠶᠠᠨ ᠳᠠᠩᠰᠠ ᠡᠪᠬᠡᠮᠡᠯ ᠢ ᠬᠠᠷᠢᠭᠤᠴᠠᠨ ᠬᠠᠮᠢᠶᠠᠷᠤᠭᠤᠯᠵᠤ᠂ ᠡᠭᠦᠨ ᠤ ᠬᠠᠮᠲᠤ ᠬᠠᠷᠢᠶ᠎ᠠ ᠨᠢᠭᠡᠴᠢ ᠶᠢᠨ ᠢᠶᠠᠨ ᠳᠠᠩᠰᠠ ᠡᠪᠬᠡᠮᠡᠯ ᠤᠨ ᠠᠵᠢᠯ ᠳᠤ ᠬᠢᠨᠠᠯᠲᠠ ᠲᠠᠯᠪᠢᠬᠤ ᠪᠠ ᠵᠠᠭᠠᠨ ᠵᠢᠯᠤᠭᠤᠳᠬᠤ ᠶᠢ ᠬᠡᠷᠡᠭᠵᠢᠭᠦᠯᠬᠦ ᠬᠡᠷᠡᠭᠲᠡᠶ᠃      ᠲᠥᠪ ᠤᠨ ᠲᠥᠷᠥ ᠶᠢᠨ ᠪᠠᠶᠢᠭᠤᠯᠭ᠎ᠠ ᠠᠴᠠ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠬᠡᠷᠡᠭᠴᠡᠭᠡ ᠶᠢ ᠦᠨᠳᠦᠰᠦᠯᠡᠨ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠲᠣᠰ ᠰᠢᠰᠲ᠋ᠧᠮ ᠤᠨ ᠢᠶᠠᠨ ᠳᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠢ ᠵᠢᠯᠣᠭᠤᠳᠤᠨ᠎ᠠ᠃      ᠠᠷᠪᠠᠳᠤᠭᠠᠷ ᠵᠦᠢᠯ᠂ ᠲᠥᠪ ᠪᠠ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠡᠯ᠎ᠡ ᠲᠥᠷᠥᠯ ᠤᠨ ᠳᠠᠩᠰᠠ ᠡᠪᠬᠡᠮᠡᠯ ᠤᠨ ᠣᠷᠳᠤᠨ ᠪᠣᠯ ᠳᠠᠩᠰᠠ ᠡᠪᠬᠡᠮᠡᠯ ᠢ ᠲᠥᠪᠯᠡᠷᠡᠭᠦᠯᠦᠨ ᠬᠠᠮᠢᠶᠠᠷᠬᠤ ᠰᠣᠶᠣᠯ ᠤᠨ ᠦᠢᠯᠡᠰ ᠤᠨ ᠪᠠᠶᠢᠭᠤᠯᠤᠮᠵᠢ ᠮᠥᠨ᠂ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠡᠪᠴᠢᠶᠡᠨ ᠳᠣᠲᠣᠷᠠᠬᠢ ᠳᠠᠩᠰᠠ ᠡᠪᠬᠡᠮᠡᠯ ᠢ ᠬᠤᠷᠢᠶᠠᠨ ᠴᠤᠭᠯᠠᠭᠤᠯᠬᠤ᠂ ᠡᠮᠬᠢᠯᠡᠬᠦ᠂ ᠬᠠᠳᠠᠭᠠᠯᠠᠨ ᠬᠠᠮᠢᠶᠠᠷᠬᠤ ᠪᠠ ᠬᠠᠩᠭᠠᠨ ᠠᠰᠢᠭᠯᠠᠬᠤ ᠶᠢ ᠬᠠᠷᠢᠭᠤᠴᠠᠨ᠎ᠠ᠃      ᠠᠷᠪᠠᠨ ᠨᠢᠭᠡᠳᠦᠭᠡᠷ ᠵᠦᠢᠯ᠂ ᠤᠯᠤᠰ ᠠᠴᠠ ᠳᠠᠩᠰᠠ ᠡᠪᠬᠡᠮᠡᠯ ᠤᠨ ᠠᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠳᠠᠩᠰᠠ ᠡᠪᠬᠡᠮᠡᠯ ᠤᠨ ᠠᠵᠢᠯᠳᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠦᠨ᠎ᠡ᠃      ᠳᠠᠩᠰᠠ ᠡᠪᠬᠡᠮᠡᠯ ᠤᠨ ᠠᠵᠢᠯᠲᠠᠳ ᠨᠢ ᠡᠭᠦᠷᠭᠡ ᠲᠤᠰᠢᠶᠠᠯ ᠳᠤ ᠪᠠᠨ ᠦᠨᠡᠨᠴᠢ ᠰᠢᠳᠤᠷᠭᠤ ᠪᠠᠶᠢᠵᠤ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠵᠤ᠂ ᠵᠣᠬᠢᠴᠠᠩᠭᠤᠶ ᠲᠤᠰᠬᠠᠶ ᠮᠡᠷᠭᠡᠵᠢᠯ ᠤᠨ ᠮᠡᠳᠡᠯᠭᠡ ᠬᠢᠭᠡᠳ ᠮᠡᠷᠭᠡᠵᠢᠯ ᠴᠢᠳᠠᠪᠤᠷᠢ ᠲᠠᠢ ᠪᠠᠶᠢᠵᠤ᠂ ᠡᠭᠦᠨ ᠳᠤ᠂ ᠳᠠᠩᠰᠠ ᠡᠪᠬᠡᠮᠡᠯ ᠤᠨ ᠲᠤᠰᠬᠠᠶ ᠮᠡᠷᠭᠡᠵᠢᠯ ᠤᠨ ᠠᠵᠢᠯᠲᠠᠳ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠰᠬᠠᠶ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠵᠤ ᠪᠣᠯᠤᠨ᠎ᠠ᠃      ᠭᠤᠷᠪᠠᠳᠤᠭᠠᠷ ᠪᠦᠯᠦᠭ  ᠳᠠᠩᠰᠠ ᠡᠪᠬᠡᠮᠡᠯ ᠤᠨ ᠬᠠᠮᠢᠶᠠᠷᠤᠯᠲᠠ      ᠠᠷᠪᠠᠨ ᠬᠤᠶᠠᠳᠤᠭᠠᠷ ᠵᠦᠢᠯ᠂ ᠤᠯᠤᠰ ᠤᠨ ᠲᠣᠭᠲᠠᠭᠠᠯ ᠶᠣᠰᠣᠭᠠᠷ ᠳᠠᠩᠰᠠ ᠡᠪᠬᠡᠮᠡᠯ ᠢ ᠪᠦᠷᠢᠯᠳᠦᠭᠦᠯᠪᠡᠰᠦ ᠵᠣᠬᠢᠬᠤ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠪᠤᠰᠤᠳ ᠵᠣᠬᠢᠶᠠᠨ ᠪᠠᠶᠢᠭᠤᠯᠤᠯᠲᠠ ᠨᠢ ᠳᠠᠩᠰᠠ ᠡᠪᠬᠡᠮᠡᠯ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠬᠠᠤᠯᠢ ᠶᠣᠰᠣᠭᠠᠷ ᠲᠡᠭᠦᠯᠳᠡᠷᠵᠢᠭᠦᠯᠬᠦ ᠬᠡᠷᠡᠭᠲᠡᠶ᠃      ᠠᠷᠪᠠᠨ ᠭᠤᠷᠪᠠᠳᠤᠭᠠᠷ ᠵᠦᠢᠯ᠂ ᠤᠯᠤᠰ ᠪᠠ ᠨᠡᠶᠢᠭᠡᠮ ᠳᠤ ᠬᠠᠳᠠᠭᠠᠯᠠᠬᠤ ᠥᠷᠲᠡᠭ ᠪᠦᠬᠦᠢ ᠰᠢᠭᠤᠳ ᠪᠦᠷᠢᠯᠳᠦᠭᠰᠡᠨ ᠮᠠᠲ᠋ᠧᠷᠢᠶᠠᠯ ᠢ ᠲᠠᠩᠰᠠ ᠡᠪᠬᠡᠮᠡᠯ ᠤᠨ ᠬᠡᠪᠴᠢᠶᠡᠨ ᠳᠤ ᠣᠷᠣᠭᠤᠯᠬᠤ ᠬᠡᠷᠡᠭᠲᠡᠶ᠂ ᠡᠭᠦᠨ ᠳᠤ ᠳᠣᠣᠷᠠᠬᠢ ᠮᠡᠲᠦ᠄      ︵ᠨᠢᠭᠡ︶ ᠪᠠᠶᠢᠭᠤᠯᠭ᠎ᠠ᠂ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠤᠯᠠᠷᠢᠯ ᠬᠤᠪᠢᠰᠤᠯ ᠪᠠ ᠭᠤᠤᠯ ᠡᠭᠦᠷᠭᠡ ᠴᠢᠳᠠᠪᠤᠷᠢ ᠶᠢᠨ ᠠᠵᠢᠯᠯᠠᠭ᠎ᠠ ᠶᠢ ᠲᠤᠰᠬᠠᠭᠰᠠᠨ︔      ︵ᠬᠤᠶᠠᠷ︶ ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠣᠯ ᠰᠤᠳᠤᠯᠤᠨ ᠨᠡᠭᠡᠭᠡᠬᠦ᠂ ᠪᠦᠲᠦᠭᠡᠨ ᠪᠠᠶᠢᠭᠤᠯᠬᠤ᠂ ᠦᠢᠯᠡᠳᠪᠦᠷᠢᠯᠡᠬᠦ᠂ ᠡᠵᠡᠩᠨᠡᠬᠦ ᠪᠠ ᠦᠢᠯᠡᠴᠢᠯᠡᠬᠦ ᠠᠵᠢᠯᠯᠠᠭ᠎ᠠ ᠶᠢ ᠲᠤᠰᠬᠠᠬᠤ ᠵᠢᠴᠢ ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠷᠬᠡ ᠠᠰᠢᠭ ᠪᠠ ᠠᠵᠢᠯᠲᠠᠳ ᠤᠨ ᠡᠷᠬᠡ ᠠᠰᠢᠭ ᠢ ᠬᠠᠮᠠᠭᠠᠯᠠᠭᠰᠠᠨ︔      ︵ᠭᠤᠷᠪᠠ︶ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠪᠠ ᠦᠢᠯᠡᠴᠢᠯᠡᠭᠡᠨ ᠤ ᠠᠵᠢᠯᠯᠠᠭ᠎ᠠ ᠶᠢ ᠲᠤᠰᠬᠠᠭᠰᠠᠨ︔      ︵ᠲᠦᠷᠪᠡ︶ ᠲᠡᠤᠬᠡᠨ ᠳᠠᠬᠢ ᠡᠯ᠎ᠡ ᠴᠠᠭ ᠦᠶ᠎ᠡ ᠶᠢᠨ ᠤᠯᠤᠰ ᠢ ᠵᠠᠰᠠᠬᠤ ᠠᠵᠢᠯᠯᠠᠭ᠎ᠠ᠂ ᠠᠵᠤ ᠠᠬᠤᠶ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠨᠡᠶᠢᠭᠡᠮ ᠤᠨ ᠲᠡᠦᠬᠡ ᠶᠢᠨ ᠳᠦᠷᠰᠦ ᠪᠠᠶᠢᠳᠠᠯ᠂ ᠰᠣᠶᠣᠯ ᠵᠠᠩ ᠳᠠᠳᠬᠠᠯ᠂ ᠠᠮᠢ ᠠᠬᠤᠶ ᠶᠢᠨ ᠣᠷᠴᠢᠨ ᠨᠥᠬᠦᠴᠡᠯ ᠢ ᠲᠤᠰᠬᠠᠭᠰᠠᠨ︔      ︵ᠲᠠᠪᠤ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠢ ᠭᠡᠵᠦ ᠲᠣᠭᠲᠠᠭᠠᠭᠰᠠᠨ᠃      ᠤᠯᠤᠰ ᠤᠨ ᠦᠮᠴᠢᠯᠡᠯ ᠤᠨ ᠪᠤᠰᠤ ᠠᠵᠤ ᠠᠬᠤᠶᠢᠯᠠᠯ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠢᠭᠡᠴᠢ ᠨᠢ ᠡᠮᠦᠨᠡᠬᠢ ᠪᠠᠳᠠᠭ ᠤᠨ ᠬᠤᠶᠠᠳᠤᠭᠠᠷ ᠵᠤᠷᠪᠤᠰ ᠲᠤ ᠵᠢᠭᠰᠠᠭᠠᠭᠰᠠᠨ ᠬᠡᠪᠴᠢᠶ᠎ᠡ ᠶᠣᠰᠣᠭᠠᠷ ᠲᠤᠰ ᠨᠢᠭᠡᠴᠢ ᠶᠢᠨ ᠢᠶᠠᠨ ᠬᠤᠯᠪᠣᠭᠳᠠᠯ ᠪᠦᠬᠦᠢ ᠮᠠᠲ᠋ᠧᠷᠢᠶᠠᠯ ᠢ ᠬᠠᠳᠠᠭᠠᠯᠠᠬᠤ ᠬᠡᠷᠡᠭᠲᠡᠢ᠃      ᠠᠷᠪᠠᠨ ᠳᠥᠷᠪᠡᠳᠦᠭᠡᠷ ᠵᠦᠢᠯ᠂ ᠳᠠᠩᠰᠠ ᠡᠪᠬᠡᠮᠡᠯ ᠳᠤ ᠣᠷᠣᠭᠤᠯᠬᠤ ᠶᠣᠰᠣᠲᠠᠶ ᠮᠠᠲ᠋ᠧᠷᠢᠶᠠᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠰ ᠨᠢᠭᠡᠴᠢ ᠶᠢᠨ ᠢᠶᠠᠨ ᠳᠠᠩᠰᠠ ᠡᠪᠬᠡᠮᠡᠯ ᠤᠨ ᠪᠠᠶᠢᠭᠤᠯᠤᠮᠵᠢ ᠪᠤᠶᠤ ᠳᠠᠩᠰᠠ ᠡᠪᠬᠡᠮᠡᠯ ᠤᠨ ᠠᠵᠢᠯᠲᠠᠨ ᠳᠤ ᠲᠣᠭᠲᠠᠮᠠᠯ ᠬᠤᠭᠤᠴᠠᠭ᠎ᠠ ᠲᠠᠢ ᠪᠠᠷ ᠰᠢᠯᠵᠢᠭᠦᠯᠦᠨ ᠲᠤᠰᠢᠶᠠᠵᠤ᠂ ᠲᠥᠪᠯᠡᠷᠡᠭᠦᠯᠦᠨ ᠬᠠᠮᠢᠶᠠᠷᠠᠭᠤᠯᠵᠤ᠂ ᠶᠠᠮᠠᠷᠪᠠ ᠬᠤᠪᠢ ᠬᠥᠮᠦᠨ ᠴᠤ ᠲᠠᠩᠰᠠ ᠡᠪᠬᠡᠮᠡᠯ ᠳᠤ ᠣᠷᠣᠭᠤᠯᠬᠤ ᠶᠢ ᠲᠡᠪᠴᠢᠬᠦ ᠪᠤᠶᠤ ᠥᠪᠡᠷ ᠤᠨ ᠬᠢ ᠪᠠᠨ ᠪᠣᠯᠭᠠᠵᠤ ᠪᠣᠯᠬᠤ ᠦᠭᠡᠢ᠃      ᠤᠯᠤᠰ ᠠᠴᠠ ᠳᠠᠩᠰᠠ ᠡᠪᠬᠡᠮᠡᠯ ᠳᠤ ᠣᠷᠣᠭᠤᠯᠵᠤ ᠪᠣᠯᠬᠤ ᠦᠭᠡᠢ ᠭᠡᠵᠦ ᠲᠣᠭᠲᠠᠭᠠᠭᠰᠠᠨ ᠮᠠᠲ᠋ᠧᠷᠢᠶᠠᠯ ᠢ ᠳᠤᠷ᠎ᠠ ᠪᠠᠷ ᠢᠶᠠᠨ ᠳᠠᠩᠰᠠ ᠡᠪᠬᠡᠮᠡᠯ ᠳᠤ ᠣᠷᠣᠭᠤᠯᠬᠤ ᠶᠢ ᠴᠠᠭᠠᠵᠠᠯᠠᠨ᠎ᠠ᠃      ᠠᠷᠪᠠᠨ ᠲᠠᠪᠤᠳᠤᠭᠠᠷ ᠵᠦᠢᠯ᠂ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠳᠠᠩᠰᠠ ᠡᠪᠬᠡᠮᠡᠯ ᠤᠨ ᠣᠷᠳᠤᠨ ᠳᠤ ᠳᠠᠩᠰᠠ ᠡᠪᠬᠡᠮᠡᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠯᠵᠢᠭᠦᠯᠦᠨ ᠲᠤᠰᠢᠶᠠᠵᠤ᠂ ᠳᠠᠩᠰᠠ ᠡᠪᠬᠡᠮᠡᠯ ᠤᠨ ᠣᠷᠳᠤᠨ ᠠᠴᠠ ᠬᠦᠯᠢᠶᠡᠨ ᠠᠪᠬᠤ ᠶᠢ ᠲᠡᠪᠴᠢᠵᠦ ᠪᠣᠯᠬᠤ ᠦᠭᠡᠢ᠃      ᠳᠠᠩᠰᠠ ᠡᠪᠬᠡᠮᠡᠯ ᠤᠨ ᠣᠷᠳᠤᠨ ᠢᠶᠠᠷ ᠵᠥᠪᠰᠢᠶᠡᠷᠡᠭᠦᠯᠦᠭᠡᠳ᠂ ᠳᠠᠩᠰᠠ ᠡᠪᠬᠡᠮᠡᠯ ᠢ ᠳᠠᠩᠰᠠ ᠡᠪᠬᠡᠮᠡᠯ ᠤᠨ ᠣᠷᠳᠤᠨ ᠳᠤ ᠤᠷᠢᠳᠴᠢᠯᠠᠨ ᠲᠤᠰᠢᠶᠠᠵᠤ ᠬᠠᠳᠠᠭᠠᠯᠠᠭᠤᠯᠤᠭᠰᠠᠨ ᠪᠠᠶᠢᠪᠠᠯ᠂ ᠤᠯᠤᠰ ᠠᠴᠠ ᠲᠣᠭᠲᠠᠭᠠᠭᠰᠠᠨ ᠰᠢᠯᠵᠢᠭᠦᠯᠦᠨ ᠲᠤᠰᠢᠶᠠᠬᠤ ᠬᠤᠭᠤᠴᠠᠭ᠎ᠠ ᠳᠦᠭᠦᠷᠬᠦ ᠠᠴᠠ ᠡᠮᠦᠨ᠎ᠡ᠂ ᠲᠣᠰ ᠲᠠᠩᠰᠠ ᠡᠪᠬᠡᠮᠡᠯ ᠳᠤ ᠬᠤᠯᠪᠣᠭᠳᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠢᠯᠡᠰ ᠢ ᠮᠥᠨ ᠬᠦ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠦᠢᠯᠡᠳᠬᠦ ᠪᠤᠶᠤ ᠬᠠᠳᠠᠭᠠᠯᠠᠵᠤ ᠪᠠᠶᠢᠭ᠎ᠠ ᠤᠤᠯ ᠤᠨ ᠨᠢᠭᠡᠴᠢ ᠠᠴᠠ ᠭᠦᠢᠴᠡᠳᠬᠡᠨ᠎ᠡ᠃ ᠰᠢᠯᠵᠢᠭᠦᠯᠦᠨ ᠲᠤᠰᠢᠶᠠᠬᠤ ᠬᠤᠭᠤᠴᠠᠭ᠎ᠠ ᠨᠢ ᠳᠦᠭᠦᠷᠪᠡᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠢᠯᠡᠰ ᠲᠤ ᠬᠤᠯᠪᠣᠭᠳᠠᠬᠤ ᠳᠠᠩᠰᠠ ᠡᠪᠬᠡᠮᠡᠯ ᠢ ᠨᠢ ᠳᠠᠩᠰᠠ ᠡᠪᠬᠡᠮᠡᠯ ᠢ ᠠᠰᠢᠭᠯᠠᠬᠤ ᠲᠣᠭᠲᠠᠭᠠᠯ ᠶᠣᠰᠤᠭᠠᠷ ᠭᠦᠢᠴᠡᠳᠬᠡᠬᠦ ᠬᠡᠷᠡᠭᠲᠡᠶ᠃      ᠠᠷᠪᠠᠨ ᠵᠢᠷᠭᠤᠳᠤᠭᠠᠷ ᠵᠦᠢᠯ᠂ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠣᠰᠤᠳ ᠵᠣᠬᠢᠶᠠᠨ ᠪᠠᠶᠢᠭᠤᠯᠤᠯᠲᠠ ᠳᠤ ᠪᠠᠶᠢᠭᠤᠯᠤᠮᠵᠢ ᠬᠤᠪᠢᠷᠠᠬᠤ ᠪᠤᠶᠤ ᠬᠦᠴᠦᠨ ᠦᠭᠡᠢ ᠪᠣᠯᠭᠠᠬᠤ᠂ ᠨᠡᠶᠢᠯᠡᠭᠦᠯᠬᠦ ᠵᠡᠷᠭᠡ  ᠪᠠᠶᠢᠳᠠᠯ ᠭᠠᠷᠬᠤ ᠦᠶᠡᠰ᠂ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠨᠢᠭᠡᠴᠢ ᠪᠤᠶᠤ ᠳᠠᠩᠰᠠ ᠡᠪᠬᠡᠮᠡᠯ ᠤᠨ ᠣᠷᠳᠤᠨ ᠳᠤ ᠳᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠬᠡᠷᠡᠭᠲᠡᠶ᠃      ᠠᠷᠪᠠᠨ ᠳᠣᠯᠣᠳᠤᠭᠠᠷ ᠵᠦᠢᠯ᠂ ᠳᠠᠩᠰᠠ ᠡᠪᠬᠡᠮᠡᠯ ᠤᠨ ᠣᠷᠳᠤᠨ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ  ᠶᠣᠰᠤᠭᠠᠷ ᠰᠢᠯᠵᠢᠭᠦᠯᠦᠨ ᠲᠤᠰᠢᠶᠠᠭᠰᠠᠨ ᠳᠠᠩᠰᠠ ᠡᠪᠬᠡᠮᠡᠯ ᠢ ᠬᠦᠯᠢᠶᠡᠨ ᠠᠪᠬᠤ ᠠᠴᠠ ᠭᠠᠳᠠᠨ᠎ᠠ᠂ ᠬᠠᠨᠳᠢᠪᠯᠠᠬᠤ᠂ ᠬᠤᠳᠠᠯᠳᠤᠨ ᠠᠪᠬᠤ᠂ ᠣᠷᠣᠯᠠᠨ ᠬᠠᠳᠠᠭᠠᠯᠠᠬᠤ ᠵᠡᠷᠭᠡ ᠠᠷᠭ᠎ᠠ ᠮᠠᠶ᠋ᠢᠭ ᠢᠶᠠᠷ ᠳᠠᠩᠰᠠ ᠡᠪᠬᠡᠮᠡᠯ ᠢ ᠴᠤᠭᠯᠠᠭᠤᠯᠵᠤ ᠪᠣᠯᠤᠨ᠎ᠠ᠃      ᠠᠷᠪᠠᠨ ᠨᠠᠢᠮᠠᠳᠤᠭᠠᠷ ᠵᠦᠢᠯ᠂ ᠮᠦᠽᠧᠶ᠂ ᠨᠣᠮ ᠤᠨ ᠰᠠᠩ ᠪᠠ ᠳᠤᠷᠠᠰᠬᠠᠯ ᠤᠨ ᠣᠷᠳᠣᠨ ᠵᠡᠷᠭᠡ ᠨᠢᠭᠡᠴᠢ ᠶᠢᠨ ᠬᠠᠳᠠᠭᠠᠯᠠᠵᠤ ᠪᠠᠶᠢᠭ᠎ᠠ ᠲᠡᠤᠬᠡ ᠶᠢᠨ ᠳᠤᠷᠠᠰᠬᠠᠯᠲᠤ ᠵᠦᠢᠯ᠂ ᠰᠤᠷᠪᠤᠯᠵᠢ ᠪᠢᠴᠢᠭ ᠤᠨ ᠮᠡᠳᠡᠭᠡ ᠵᠠᠩᠭᠢ  ᠨᠢ ᠬᠠᠮᠲᠤ ᠳᠤ ᠨᠢ ᠳᠠᠩᠰᠠ ᠡᠪᠬᠡᠮᠡᠯ ᠳᠤ ᠪᠠᠭᠲᠠᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠶᠣᠰᠣᠭᠠᠷ ᠳᠡᠭᠡᠷ᠎ᠡ ᠳᠤᠷᠠᠳᠤᠭᠰᠠᠨ ᠨᠢᠭᠡᠴᠢ ᠠᠴᠠ ᠥᠪᠡᠰᠦᠪᠡᠨ ᠬᠠᠮᠢᠶᠠᠷᠴᠤ ᠪᠣᠯᠤᠨ᠎ᠠ᠃      ᠳᠠᠩᠰᠠ ᠡᠪᠬᠡᠮᠡᠯ ᠤᠨ ᠣᠷᠳᠤᠨ ᠬᠢᠭᠡᠳ ᠡᠮᠦᠨᠡᠬᠢ ᠪᠠᠳᠠᠭ ᠲᠤ ᠵᠢᠭᠰᠠᠭᠠᠭᠰᠠᠨ ᠨᠢᠭᠡᠴᠢ ᠨᠢ ᠳᠠᠩᠰᠠ ᠡᠪᠬᠡᠮᠡᠯ ᠢ ᠠᠰᠢᠭᠯᠠᠬᠤ ᠲᠠᠯ᠎ᠠ ᠪᠠᠷ ᠬᠠᠷᠢᠯᠴᠠᠨ ᠬᠠᠮᠵᠢᠯᠴᠠᠬᠤ ᠬᠡᠷᠡᠭᠲᠡᠶ᠂ ᠳᠠᠪᠲᠠᠯᠲᠠ᠂ ᠪᠠᠭᠤᠯᠭᠠᠪᠤᠷᠢ ᠪᠤᠶᠤ ᠭᠠᠷᠴᠠᠭ ᠢᠶᠠᠨ ᠬᠠᠷᠢᠯᠴᠠᠨ ᠰᠣᠯᠢᠯᠴᠠᠵᠤ᠂ ᠦᠵᠡᠰᠬᠦᠯᠡᠩ ᠢ ᠬᠠᠮᠲᠤᠷᠠᠨ ᠡᠷᠬᠢᠯᠡᠵᠦ᠂ ᠬᠤᠯᠪᠣᠭᠳᠠᠯ ᠪᠦᠬᠦᠢ ᠲᠡᠤᠬᠡᠨ ᠮᠠᠲ᠋ᠧᠷᠢᠶᠠᠯ ᠢ ᠬᠠᠮᠲᠤ ᠪᠠᠷ ᠰᠤᠳᠤᠯᠵᠤ ᠨᠠᠶᠢᠷᠠᠭᠤᠯᠤᠨ ᠬᠡᠪᠯᠡᠭᠦᠯᠵᠦ ᠪᠣᠯᠤᠨ᠎ᠠ᠃      ᠠᠷᠪᠠ ᠶᠢᠰᠦᠳᠦᠭᠡᠷ ᠵᠦᠢᠯ᠂ ᠳᠠᠩᠰᠠ ᠡᠪᠬᠡᠮᠡᠯ ᠢ ᠠᠰᠢᠭᠯᠠᠬᠤ ᠳᠤ ᠳᠥᠭᠦᠮ ᠤᠨ ᠲᠤᠰᠠᠳᠠ᠂ ᠳᠠᠩᠰᠠ ᠡᠪᠬᠡᠮᠡᠯ ᠤᠨ ᠣᠷᠳᠤᠨ ᠵᠢᠴᠢ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠪᠠᠶᠢᠭᠤᠯᠤᠮᠵᠢ ᠨᠢ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠳᠦᠷᠢᠮ ᠪᠠᠶᠢᠭᠤᠯᠬᠤ ᠬᠡᠷᠡᠭᠲᠡᠢ︔ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠩᠰᠠ ᠡᠪᠬᠡᠮᠡᠯ ᠢ ᠬᠠᠳᠠᠭᠠᠯᠠᠬᠤ ᠳᠤ ᠲᠣᠬᠢᠷᠠᠬᠤ ᠬᠦᠮᠦᠷᠭᠡ ᠪᠠ ᠴᠢᠬᠤᠯᠠ ᠪᠦᠬᠦᠢ ᠪᠡᠯᠡᠳᠬᠡᠮᠵᠢ᠂ ᠲᠥᠬᠦᠭᠡᠷᠦᠮᠵᠢ ᠶᠢ ᠲᠣᠬᠢᠷᠠᠭᠤᠯᠵᠤ᠂ ᠲᠠᠩᠰᠠ ᠡᠪᠬᠡᠮᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ︔ ᠲᠡᠷᠢᠭᠦᠨ ᠤ ᠮᠡᠷᠭᠡᠵᠢᠯ ᠢ ᠬᠡᠷᠡᠭᠯᠡᠵᠦ᠂ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠬᠡᠷᠡᠭᠲᠡᠢ᠃      ᠳᠠᠩᠰᠠ ᠡᠪᠬᠡᠮᠡᠯ ᠤᠨ ᠣᠷᠳᠤᠨ ᠪᠣᠯᠤᠨ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠪᠤᠰᠤᠳ ᠵᠣᠬᠢᠶᠠᠨ ᠪᠠᠶᠢᠭᠤᠯᠤᠯᠲᠠ ᠨᠢ ᠳᠠᠩᠰᠠ ᠡᠪᠬᠡᠮᠡᠯ ᠤᠨ ᠠᠮᠤᠷ ᠲᠦᠪᠰᠢᠨ ᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠠᠩᠰᠠ ᠡᠪᠬᠡᠮᠡᠯ ᠤᠨ ᠠᠮᠤᠷ ᠲᠥᠪᠰᠢᠨ ᠤ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠳᠠᠩᠰᠠ ᠡᠪᠬᠡᠮᠡᠯ ᠤᠨ ᠠᠮᠤᠷ ᠲᠥᠪᠰᠢᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ᠬᠤᠷᠢᠳᠤᠭᠠᠷ ᠵᠦᠢᠯ᠂ ᠤᠯᠤᠰ ᠤᠨ ᠨᠢᠭᠤᠴᠠ ᠳᠤ ᠬᠤᠯᠪᠤᠭᠳᠠᠬᠤ ᠳᠠᠩᠰᠠ ᠡᠪᠬᠡᠮᠡᠯ ᠤᠨ ᠬᠠᠮᠢᠶᠠᠷᠤᠯᠲᠠ ᠪᠠ ᠠᠰᠢᠭᠯᠠᠯᠲᠠ᠂ ᠨᠢᠭᠤᠴᠠ ᠶᠢᠨ ᠳᠡᠰ ᠢ ᠬᠤᠪᠢᠷᠠᠭᠤᠯᠬᠤ ᠪᠠ ᠨᠢᠭᠤᠴᠠ ᠶᠢ ᠲᠠᠶᠢᠯᠬᠤ ᠳᠤ ᠤᠯᠤᠰ ᠤᠨ ᠨᠢᠭᠤᠴᠠ ᠶᠢ ᠬᠠᠮᠠᠭᠠᠯᠠᠬᠤ ᠬᠤᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠶᠣᠰᠤᠭᠠᠷ ᠰᠢᠢᠳᠪᠦᠷᠢᠯᠡᠬᠦ ᠬᠡᠷᠡᠭᠲᠡᠢ  ᠃      ᠬᠤᠷᠢᠨ ᠨᠢᠭᠡᠳᠦᠭᠡᠷ ᠵᠦᠢᠯ᠂ ᠳᠠᠩᠰᠠ ᠡᠪᠬᠡᠮᠡᠯ ᠤᠨ ᠬᠠᠳᠠᠭᠠᠯᠠᠬᠤ ᠦᠨ᠎ᠡ ᠥᠷᠲᠡᠭ ᠤᠨ ᠵᠠᠷᠴᠢᠮ᠂ ᠬᠠᠳᠠᠭᠠᠯᠠᠬᠤ ᠬᠤᠭᠤᠴᠠᠭ᠎ᠠ ᠶᠢᠨ ᠪᠠᠷᠢᠮᠵᠢᠶ᠎ᠠ ᠵᠢᠴᠢ ᠳᠠᠩᠰᠠ ᠡᠪᠬᠡᠮᠡᠯ ᠢ ᠤᠰᠠᠳᠬᠠᠬᠤ ᠳᠡᠰ ᠳᠠᠷᠠᠭᠠᠯᠠᠯ ᠪᠠ ᠠᠷᠭ᠎ᠠ ᠮᠠᠶ᠋ᠢᠭ ᠢ ᠰᠢᠯᠭᠠᠨ ᠲᠣᠭᠲᠠᠭᠠᠬᠤ ᠳᠤ᠂ ᠤᠯᠤᠰ ᠤᠨ ᠳᠠᠩᠰᠠ ᠡᠪᠬᠡᠮᠡᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠣᠭᠲᠠᠭᠠᠨ᠎ᠠ᠃      ᠳᠠᠩᠰᠠ ᠡᠪᠬᠡᠮᠡᠯ ᠢ ᠥᠭᠡᠷᠡᠲᠦᠭᠦᠯᠬᠦ᠂ ᠡᠪᠳᠡᠨ ᠰᠦᠢᠳᠬᠡᠬᠦ᠂ ᠬᠠᠭᠤᠷᠮᠠᠭᠯᠠᠨ ᠵᠣᠭᠢᠶᠠᠬᠤ ᠶᠢ ᠴᠠᠭᠠᠵᠠᠯᠠᠨ᠎ᠠ᠃ ᠳᠠᠩᠰᠠ ᠡᠪᠬᠡᠮᠡᠯ ᠢ ᠳᠤᠷ᠎ᠠ ᠪᠠᠷ ᠤᠰᠠᠳᠬᠠᠬᠤ ᠶᠢ ᠴᠠᠭᠠᠵᠠᠯᠠᠨ᠎ᠠ᠃      ᠬᠤᠷᠢᠨ ᠬᠤᠶᠠᠳᠤᠭᠠᠷ ᠵᠦᠢᠯ᠂ ᠤᠯᠤᠰ ᠤᠨ ᠦᠮᠴᠢᠯᠡᠯ ᠤᠨ ᠪᠣᠰᠤ ᠠᠵᠤ ᠠᠬᠤᠶᠢᠯᠠᠯ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠢᠭᠡᠴᠢ ᠪᠣᠯᠤᠨ ᠬᠤᠪᠢ ᠬᠥᠮᠦᠨ ᠠᠴᠠ ᠪᠦᠷᠢᠯᠳᠦᠭᠰᠡᠨ ᠳᠠᠩᠰᠠ ᠡᠪᠬᠡᠮᠡᠯ  ᠨᠢ ᠤᠯᠤᠰ ᠪᠠ ᠨᠡᠶᠢᠭᠡᠮ ᠳᠤ ᠴᠢᠬᠤᠯᠠ ᠬᠠᠳᠠᠭᠠᠯᠠᠬᠤ ᠦᠨ᠎ᠡ ᠦᠷᠲᠡᠭ ᠲᠠᠢ ᠪᠤᠶᠤ ᠨᠢᠭᠤᠴᠠ ᠶᠢ ᠬᠠᠮᠠᠭᠠᠯᠠᠬᠤ ᠬᠡᠷᠡᠭᠲᠡᠶ ᠪᠠᠶᠢᠪᠠᠯ᠂ ᠳᠠᠩᠰᠠ ᠡᠪᠬᠡᠮᠡᠯ ᠤᠨ ᠥᠮᠴᠢᠯᠡᠭᠴᠢ ᠠᠴᠠ ᠲᠣᠬᠢᠲᠠᠶ ᠬᠠᠳᠠᠭᠠᠯᠠᠨ ᠬᠠᠮᠢᠶᠠᠷᠬᠤ ᠬᠡᠷᠡᠭᠲᠡᠶ᠃ ᠬᠠᠳᠠᠭᠠᠯᠠᠨ ᠬᠠᠮᠢᠶᠠᠷᠬᠤ ᠨᠥᠬᠦᠴᠡᠯ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠪᠤᠶᠤ ᠪᠤᠰᠤᠳ ᠰᠢᠯᠲᠠᠭᠠᠨ ᠣᠷᠤᠰᠢᠵᠤ ᠳᠠᠩᠰᠠ ᠡᠪᠬᠡᠮᠡᠯ ᠢ ᠬᠦᠨᠳᠦ ᠨᠣᠴᠢᠲᠠᠶ ᠡᠪᠳᠡᠵᠦ ᠰᠦᠢᠳᠬᠡᠵᠦ ᠮᠡᠳᠡᠬᠦ ᠪᠠ ᠠᠶᠤᠯ ᠲᠠᠢ ᠪᠣᠯᠭᠠᠵᠤ ᠮᠡᠳᠡᠬᠦ ᠪᠠᠶᠢᠳᠠᠯ  ᠳᠤ᠂ ᠮᠤᠵᠢ ᠶᠢᠨ ᠱᠠᠲᠤᠨ ᠠᠴᠠ ᠳᠡᠭᠡᠭᠰᠢᠬᠢ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠨᠢ ᠬᠠᠪᠰᠤᠷᠤᠯᠭ᠎ᠠ ᠦᠵᠡᠭᠦᠯᠬᠦ ᠪᠤᠶᠤ ᠵᠥᠪᠳᠡᠯᠴᠡᠵᠦ ᠪᠠᠶᠢᠭᠠᠳ ᠳᠠᠩᠰᠠ ᠡᠪᠬᠡᠮᠡᠯ ᠤᠨ ᠣᠷᠳᠤᠨ ᠢ ᠣᠷᠣᠯᠠᠨ ᠬᠠᠮᠢᠶᠠᠷᠬᠤ ᠵᠠᠷᠭᠡ ᠳᠠᠩᠰᠠ ᠡᠪᠬᠡᠮᠡᠯ ᠤᠨ ᠪᠦᠷᠢᠨ ᠪᠦᠲᠦᠨ ᠪᠠ ᠠᠮᠤᠷ ᠲᠦᠪᠰᠢᠨ ᠢ ᠦᠨᠡᠨ ᠬᠦ ᠪᠠᠲᠤᠯᠠᠬᠤ ᠠᠷᠭ᠎ᠠ ᠬᠡᠮᠵᠢᠶ᠎ᠡ ᠠᠪᠴᠤ ᠪᠣᠯᠤᠨ᠎ᠠ︔ ᠴᠢᠬᠤᠯᠠᠲᠠᠶ ᠦᠶ᠎ᠡ ᠳᠤ ᠬᠠᠤᠯᠢ ᠶᠣᠰᠣᠭᠠᠷ ᠬᠤᠳᠠᠯᠳᠤᠨ ᠠᠪᠬᠤ ᠪᠤᠶᠤ ᠲᠠᠲᠠᠪᠤᠷᠢᠯᠠᠨ ᠬᠤᠳᠠᠯᠳᠤᠨ ᠠᠪᠴᠤ ᠪᠣᠯᠤᠨ᠎ᠠ᠃      ᠡᠮᠦᠨᠡᠬᠢ ᠪᠠᠳᠠᠭ ᠲᠤ ᠵᠢᠭᠰᠠᠭᠠᠭᠰᠠᠨ ᠳᠠᠩᠰᠠ ᠡᠪᠬᠡᠮᠡᠯ ᠢ ᠳᠠᠩᠰᠠ ᠡᠪᠬᠡᠮᠡᠯ ᠤᠨ ᠥᠮᠴᠢᠯᠡᠭᠴᠢ ᠠᠴᠠ ᠤᠯᠤᠰ ᠤᠨ ᠳᠠᠩᠰᠠ ᠡᠪᠬᠡᠮᠡᠯ ᠤᠨ ᠣᠷᠳᠤᠨ ᠳᠤ ᠬᠠᠳᠠᠭᠠᠯᠠᠭᠤᠯᠬᠤ ᠪᠤᠶᠤ ᠰᠢᠯᠵᠢᠭᠦᠯᠦᠨ ᠥᠭᠴᠦ ᠪᠣᠯᠤᠨ᠎ᠠ᠃ ᠭᠠᠳᠠᠭᠠᠳᠤ ᠤᠯᠤᠰ ᠤᠨ ᠬᠥᠮᠦᠨ ᠪᠤᠶᠤ ᠭᠠᠳᠠᠭᠠᠳᠤ ᠤᠯᠤᠰ ᠤᠨ ᠵᠣᠬᠢᠶᠠᠨ ᠪᠠᠶᠢᠭᠤᠯᠤᠯᠲᠠ ᠳᠤ ᠬᠤᠳᠠᠯᠳᠤᠬᠤ ᠪᠠ ᠪᠡᠯᠭᠡᠯᠡᠨ ᠬᠦᠷᠭᠡᠬᠦ ᠶᠢ ᠴᠢᠩᠭ᠎ᠠ ᠴᠠᠭᠠᠵᠠᠯᠠᠨ᠎ᠠ᠃      ᠤᠯᠤᠰ ᠲᠤ ᠴᠢᠬᠤᠯᠠ᠂ ᠬᠤᠪᠣᠷ ᠨᠠᠨᠳᠢᠨ ᠳᠠᠩᠰᠠ ᠡᠪᠬᠡᠮᠡᠯ ᠢᠶᠠᠨ ᠬᠠᠨᠳᠢᠪᠯᠠᠭᠰᠠᠨ ᠪᠠᠶᠢᠪᠠᠯ᠂ ᠤᠯᠤᠰ ᠤᠨ ᠳᠠᠩᠰᠠ ᠡᠪᠬᠡᠮᠡᠯ ᠤᠨ ᠣᠷᠳᠤᠨ ᠠᠴᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠱᠠᠩᠨᠠᠬᠤ ᠬᠡᠷᠡᠭᠲᠡᠶ      ᠬᠤᠷᠢᠨ ᠭᠤᠷᠪᠠᠳᠤᠭᠠᠷ ᠵᠦᠢᠯ᠂ ᠤᠯᠤᠰ ᠤᠨ ᠥᠮᠴᠢᠯᠡᠯ ᠳᠤ ᠬᠠᠷᠢᠶᠠᠯᠠᠭᠳᠠᠬᠤ ᠳᠠᠩᠰᠠ ᠡᠪᠬᠡᠮᠡᠯ ᠢ ᠬᠤᠳᠠᠯᠳᠤᠭᠠᠯᠠᠬᠤ  ᠶᠢ ᠴᠠᠭᠠᠵᠠᠯᠠᠨ᠎ᠠ᠃      ᠤᠯᠤᠰ ᠤᠨ ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠠᠴᠠ ᠡᠳ᠋ ᠬᠥᠷᠥᠩᠭᠡ ᠰᠢᠯᠵᠢᠭᠦᠯᠦᠨ ᠥᠭᠬᠦ ᠳᠤ᠂ ᠬᠤᠯᠪᠣᠭᠳᠠᠯ ᠪᠦᠬᠦᠢ ᠳᠠᠩᠰᠠ ᠡᠪᠬᠡᠮᠡᠯ ᠢ ᠰᠢᠯᠵᠢᠭᠦᠯᠦᠨ ᠥᠭᠬᠦ ᠪᠣᠳᠠᠲᠠᠶ ᠠᠷᠭ᠎ᠠ ᠶᠢ ᠤᠯᠤᠰ ᠤᠨ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠠᠴᠠ ᠲᠣᠭᠲᠠᠭᠠᠨ᠎ᠠ᠃      ᠳᠠᠩᠰᠠ ᠡᠪᠬᠡᠮᠡᠯ ᠤᠨ ᠪᠠᠭᠤᠯᠭᠠᠪᠤᠷᠢ ᠶᠢ ᠰᠣᠯᠢᠯᠴᠠᠬᠤ᠂ ᠰᠢᠯᠵᠢᠭᠦᠯᠦᠨ ᠥᠭᠬᠦ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠃      ᠬᠤᠷᠢᠨ ᠳᠥᠷᠪᠡᠳᠦᠭᠡᠷ ᠵᠦᠢᠯ᠂ ᠳᠠᠩᠰᠠ ᠡᠪᠬᠡᠮᠡᠯ ᠤᠨ ᠣᠷᠳᠤᠨ ᠪᠣᠯᠤᠨ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠪᠤᠰᠤᠳ ᠵᠣᠬᠢᠶᠠᠨ ᠪᠠᠶᠢᠭᠤᠯᠤᠯᠲᠠ ᠳᠠᠩᠰᠠ ᠡᠪᠬᠡᠮᠡᠯ ᠢ ᠡᠮᠬᠢᠯᠡᠬᠦ᠂ ᠬᠠᠳᠠᠭᠠᠯᠠᠭᠤᠯᠬᠤ᠂ ᠨᠡᠭᠡᠭᠡᠨ ᠠᠰᠢᠭᠯᠠᠬᠤ ᠪᠠ ᠲᠣᠭᠠᠵᠢᠭᠤᠯᠬᠤ ᠵᠡᠷᠭᠡ ᠦᠢᠯᠡᠴᠢᠯᠡᠭᠡ ᠳᠤ ᠨᠠᠶᠢᠳᠠᠭᠰᠠᠨ ᠢ ᠨᠥᠬᠦᠴᠡᠯ ᠳᠤ ᠨᠡᠶᠢᠴᠡᠭᠰᠡᠨ ᠳᠠᠩᠰᠠ ᠡᠪᠬᠡᠮᠡᠯ ᠤᠨ ᠦᠢᠯᠡᠴᠢᠯᠡᠭᠡᠨ ᠤ ᠠᠵᠤ ᠠᠬᠤᠶᠢᠯᠠᠯ ᠲᠠᠢ ᠨᠠᠶᠢᠳᠠᠯᠭ᠎ᠠ ᠶᠢᠨ ᠬᠡᠯᠡᠯᠴᠡᠭᠡᠷ ᠲᠣᠭᠲᠠᠵᠤ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ᠂ ᠶᠠᠰᠤ ᠴᠢᠨᠠᠷ ᠪᠠ ᠮᠡᠷᠭᠡᠵᠢᠯ ᠤᠨ ᠪᠠᠷᠢᠮᠵᠢᠶ᠎ᠠ ᠵᠡᠷᠭᠡ ᠠᠭᠤᠯᠭ᠎ᠠ ᠶᠢ ᠪᠣᠯᠵᠣᠨ ᠲᠣᠭᠲᠠᠭᠠᠬᠤ ᠶᠢᠨ ᠬᠠᠮᠲᠤ ᠨᠠᠶᠢᠳᠠᠯᠭ᠎ᠠ ᠬᠦᠯᠢᠶᠡᠭᠰᠡᠨ ᠲᠠᠯ᠎ᠠ ᠳᠤ ᠬᠢᠨᠠᠯᠲᠠ ᠲᠠᠯᠪᠢᠬᠤ ᠬᠡᠷᠡᠭᠲᠡᠢ᠃      ᠨᠠᠶᠢᠳᠠᠯᠭ᠎ᠠ ᠬᠦᠯᠢᠶᠡᠭᠰᠡᠨ ᠲᠠᠯ᠎ᠠ ᠨᠢ ᠳᠠᠩᠰᠠ ᠡᠪᠬᠡᠮᠡᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠬᠤᠯᠪᠣᠭᠳᠠᠯ ᠪᠦᠬᠦᠢ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠲᠣᠭᠲᠠᠭᠠᠯ ᠢ ᠵᠢᠷᠤᠮᠯᠠᠨ ᠰᠠᠬᠢᠵᠤ᠂ ᠳᠠᠩᠰᠠ ᠡᠪᠬᠡᠮᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃      ᠬᠤᠷᠢᠨ ᠲᠠᠪᠤᠳᠤᠭᠠᠷ ᠵᠦᠢᠯ᠂ ᠤᠯᠤᠰ ᠤᠨ ᠥᠮᠴᠢᠯᠡᠯ ᠳᠤ ᠬᠠᠷᠢᠶᠠᠯᠠᠭᠳᠠᠬᠤ ᠳᠠᠩᠰᠠ ᠡᠪᠬᠡᠮᠡᠯ ᠪᠣᠯᠤᠨ ᠲᠤᠰ ᠬᠠᠤᠯᠢ ᠤᠨ ᠬᠤᠷᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠳᠠᠩᠰᠠ ᠡᠪᠬᠡᠮᠡᠯ ᠵᠢᠴᠢ ᠲᠡᠭᠦᠨ ᠤ ᠪᠠᠭᠤᠯᠭᠠᠪᠤᠷᠢ ᠮᠠᠲ᠋ᠧᠷᠢᠶᠠᠯ ᠢ ᠳᠤᠷ᠎ᠠ ᠪᠠᠷ ᠢᠶᠠᠨ ᠵᠥᠭᠡᠭᠡᠪᠦᠷᠢᠯᠡᠬᠦ᠂ ᠰᠢᠤᠳᠠᠨ ᠢᠶᠠᠷ ᠢᠯᠡᠭᠡᠬᠦ᠂ ᠪᠡᠶ᠎ᠡ ᠳᠤ ᠪᠠᠨ ᠠᠪᠴᠤ ᠬᠢᠯᠢ ᠠᠴᠠ ᠭᠠᠷᠬᠤ ᠪᠣᠶᠤ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠬᠢᠯᠢ ᠠᠴᠠ ᠭᠠᠷᠭᠠᠬᠤ ᠶᠢ ᠴᠠᠭᠠᠵᠠᠯᠠᠬᠤ ᠬᠡᠷᠡᠭᠲᠡᠢ᠃ ᠦᠨᠡᠬᠡᠷ ᠬᠢᠯᠢ ᠠᠴᠠ ᠭᠠᠷᠭᠠᠬᠤ ᠴᠢᠬᠤᠯᠠᠲᠠᠶ ᠪᠣᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠬᠦ ᠬᠡᠷᠡᠭᠲᠡᠶ᠃      ᠬᠤᠷᠢᠨ ᠵᠢᠷᠭᠤᠳᠤᠭᠠᠷ ᠵᠦᠢᠯ᠂ ᠤᠯᠤᠰ ᠤᠨ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ  ᠠᠴᠠ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯᠯᠠᠭ᠎ᠠ ᠶᠢᠨ ᠬᠤᠯᠪᠣᠭᠳᠠᠯ ᠪᠦᠬᠦᠢ ᠳᠠᠩᠰᠠ ᠡᠪᠬᠡᠮᠡᠯ ᠢ ᠴᠤᠭᠯᠠᠭᠤᠯᠬᠤ᠂ ᠡᠮᠬᠢᠯᠡᠬᠦ᠂ ᠬᠠᠮᠠᠭᠠᠯᠠᠬᠤ᠂ ᠠᠰᠢᠭᠯᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃      ᠳᠠᠩᠰᠠ ᠡᠪᠬᠡᠮᠡᠯ ᠤᠨ ᠣᠷᠳᠤᠨ ᠠᠴᠠ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯᠯᠠᠭ᠎ᠠ ᠶᠢᠨ ᠬᠠᠮᠢᠶ᠎ᠠ ᠪᠦᠬᠦᠢ ᠳᠠᠩᠰᠠ ᠡᠪᠬᠡᠮᠡᠯ ᠢ ᠰᠤᠳᠤᠯᠤᠨ ᠡᠮᠬᠢᠳᠬᠡᠬᠦ ᠪᠠ ᠨᠡᠭᠡᠭᠡᠨ ᠠᠰᠢᠭᠯᠠᠬᠤ ᠪᠠᠨ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯᠯᠠᠭ᠎ᠠ ᠳᠤ ᠰᠤᠷᠪᠤᠯᠵᠢ ᠪᠢᠴᠢᠭ ᠤᠨ ᠯᠠᠪᠯᠠᠯᠲᠠ ᠪᠠ ᠰᠢᠢᠳᠪᠦᠷᠢᠲᠦ ᠪᠣᠳᠤᠯᠭ᠎ᠠ ᠶᠢᠨ ᠳᠡᠮᠵᠢᠯᠭᠡ ᠬᠠᠩᠭᠠᠬᠤ ᠬᠡᠷᠡᠭᠲᠡᠢ᠃      ᠳᠥᠷᠪᠡᠳᠦᠭᠡᠷ ᠪᠦᠯᠦᠭ  ᠳᠠᠩᠰᠠ ᠡᠪᠬᠡᠮᠡᠯ ᠢ ᠠᠰᠢᠭᠯᠠᠬᠤ ᠪᠠ ᠨᠡᠶᠢᠲᠡᠯᠡᠬᠦ      ᠬᠤᠷᠢᠨ ᠳᠣᠯᠣᠳᠤᠭᠠᠷ ᠵᠦᠢᠯ᠂ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠳᠠᠩᠰᠠ ᠡᠪᠬᠡᠮᠡᠯ ᠤᠨ ᠣᠷᠳᠤᠨ ᠤ ᠳᠠᠩᠰᠠ ᠡᠪᠬᠡᠮᠡᠯ ᠢ ᠪᠤᠢ ᠪᠣᠯᠤᠭᠰᠠᠨ ᠡᠳᠦᠷ ᠠᠴᠠ ᠡᠬᠢᠯᠡᠨ ᠪᠦᠬᠦᠯᠢ ᠬᠤᠷᠢᠨ ᠲᠠᠪᠤᠨ ᠵᠢᠯ ᠪᠣᠯᠲᠠᠯ᠎ᠠ ᠨᠡᠶᠢᠭᠡᠮ ᠳᠤ ᠨᠡᠭᠡᠭᠡᠬᠦ ᠬᠡᠷᠡᠭᠲᠡᠶ᠃ ᠠᠵᠤ ᠠᠬᠤᠶ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠵᠡᠷᠭᠡ ᠲᠦᠷᠦᠯ ᠤᠨ ᠳᠠᠩᠰᠠ ᠡᠪᠬᠡᠮᠡᠯ ᠢ ᠬᠤᠷᠢᠨ ᠲᠠᠪᠤᠨ ᠵᠢᠯ ᠠᠴᠠ ᠳᠣᠷᠤᠭᠰᠢ ᠨᠡᠶᠢᠭᠡᠮ ᠳᠤ ᠨᠡᠭᠡᠭᠡᠵᠦ ᠪᠣᠯᠤᠨ᠎ᠠ︔ ᠤᠯᠤᠰ ᠣᠷᠣᠨ ᠤ ᠠᠮᠤᠷ ᠲᠦᠪᠰᠢᠨ ᠪᠤᠶᠤ ᠴᠢᠬᠤᠯᠠ ᠶᠡᠭᠡ ᠠᠰᠢᠭ ᠲᠤᠰᠠ ᠳᠤ ᠬᠤᠯᠪᠣᠭᠳᠠᠭᠰᠠᠨ ᠵᠢᠴᠢ ᠬᠤᠭᠤᠴᠠᠭ᠎ᠠ ᠨᠢ ᠲᠤᠯᠪᠠᠯ ᠨᠡᠭᠡᠭᠡᠬᠦ ᠳᠤ ᠲᠣᠬᠢᠷᠠᠮᠵᠢ ᠦᠭᠡᠢ ᠪᠤᠰᠤᠳ ᠳᠠᠩᠰᠠ ᠡᠪᠬᠡᠮᠡᠯ ᠢ ᠬᠤᠷᠢᠨ ᠲᠠᠪᠤᠨ ᠵᠢᠯ ᠠᠴᠠ ᠢᠯᠡᠭᠦᠤ ᠨᠡᠶᠢᠭᠡᠮ ᠳᠤ ᠨᠡᠭᠡᠭᠡᠵᠦ ᠪᠣᠯᠤᠨ᠎ᠠ᠃ ᠤᠯᠤᠰ ᠠᠴᠠ ᠳᠠᠩᠰᠠ ᠡᠪᠬᠡᠮᠡᠯ ᠤᠨ ᠪᠤᠰᠤᠳ ᠭᠠᠵᠠᠷ ᠤᠨ ᠳᠠᠩᠰᠠ ᠡᠪᠬᠡᠮᠡᠯ ᠢ ᠨᠡᠶᠢᠭᠡᠮ ᠳᠤ ᠴᠢᠯᠥᠭᠡᠲᠡᠶ ᠨᠡᠭᠡᠭᠡᠬᠦ ᠶᠢ ᠵᠣᠷᠢᠭᠵᠢᠭᠤᠯᠤᠨ ᠳᠡᠮᠵᠢᠨ᠎ᠡ᠃ ᠳᠠᠩᠰᠠ ᠡᠪᠬᠡᠮᠡᠯ ᠢ ᠨᠡᠭᠡᠭᠡᠬᠦ ᠪᠣᠳᠠᠲᠠᠶ ᠠᠷᠭ᠎ᠠ ᠶᠢ ᠤᠯᠤᠰ ᠤᠨ ᠳᠠᠩᠰᠠ ᠡᠪᠬᠡᠮᠡᠯ ᠢ ᠭᠤᠣᠯᠯᠠ ᠬᠠᠮᠢᠶᠠᠷᠬᠤ ᠰᠠᠯᠠᠭ᠎ᠠ ᠮᠦᠴᠢᠷ ᠠᠴᠠ ᠲᠣᠭᠲᠠᠭᠠᠵᠤ᠂ ᠳᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠵᠥᠪᠰᠢᠶᠡᠷᠡᠭᠦᠯᠦᠨ᠎ᠡ᠃      ᠬᠤᠷᠢᠨ ᠨᠠᠢᠮᠠᠳᠤᠭᠠᠷ ᠵᠦᠢᠯ᠂ ᠳᠠᠩᠰᠠ ᠡᠪᠬᠡᠮᠡᠯ ᠤᠨ ᠣᠷᠳᠤᠨ ᠨᠢ ᠰᠦᠯᠵᠢᠶᠡᠨ ᠥᠷᠲᠡᠭᠡ ᠪᠤᠶᠤ ᠪᠤᠰᠤᠳ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠩᠰᠠ ᠡᠪᠬᠡᠮᠡᠯ ᠤᠨ ᠭᠠᠷᠴᠠᠭ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠠᠰᠢᠭᠯᠠᠬᠤ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠬᠡᠯᠪᠡᠷᠢ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠵᠤ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠳᠠᠩᠰᠠ ᠡᠪᠬᠡᠮᠡᠯ ᠢ ᠠᠰᠢᠭᠯᠠᠬᠤ ᠳᠤ ᠢᠳᠡᠪᠬᠢᠲᠠᠢ ᠪᠠᠷ ᠨᠥᠬᠦᠴᠡᠯ ᠪᠦᠷᠢᠯᠳᠦᠭᠦᠯᠵᠦ᠂ ᠭᠠᠷᠳᠠᠮ ᠢ ᠳᠥᠭᠦᠮᠴᠢᠯᠡᠵᠦ᠂ ᠳᠥᠭᠦᠮ ᠦᠵᠡᠭᠦᠯᠬᠦ ᠬᠡᠷᠡᠭᠲᠡᠶ᠃      ᠨᠢᠭᠡᠴᠢ ᠪᠠ ᠬᠤᠪᠢ ᠬᠥᠮᠦᠨ ᠨᠢ ᠬᠠᠤᠯᠢ ᠶᠣᠰᠣᠨ ᠤ ᠭᠡᠷᠡᠴᠢ ᠲᠠᠢ ᠪᠠᠶᠢᠪᠠᠯ᠂ ᠨᠢᠭᠡᠨᠲᠡ ᠨᠡᠭᠡᠭᠡᠭᠰᠡᠨ ᠳᠠᠩᠰᠠ ᠡᠪᠬᠡᠮᠡᠯ ᠢ ᠠᠰᠢᠭᠯᠠᠵᠤ ᠪᠣᠯᠤᠨ᠎ᠠ᠃ ᠳᠠᠩᠰᠠ ᠡᠪᠬᠡᠮᠡᠯ ᠤᠨ ᠣᠷᠳᠤᠨ ᠨᠢ ᠲᠣᠭᠲᠠᠭᠠᠯ ᠶᠣᠰᠣᠭᠠᠷ ᠨᠡᠭᠡᠭᠡᠨ ᠠᠰᠢᠭᠯᠠᠭᠤᠯᠬᠤ ᠦᠭᠡᠢ ᠪᠣᠯ᠂ ᠨᠢᠭᠡᠴᠢ ᠪᠣᠯᠤᠨ ᠬᠤᠪᠢ ᠬᠥᠮᠦᠨ ᠠᠴᠠ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠲᠤ ᠵᠠᠭᠠᠯᠳᠤᠵᠤ ᠪᠣᠯᠤᠨ᠎ᠠ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠠᠴᠠ ᠴᠠᠭ ᠲᠤᠬᠠᠶ ᠳᠤ ᠨᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ᠂ ᠰᠢᠢᠳᠪᠦᠷᠢᠯᠡᠭᠰᠡᠨ ᠦᠷ᠎ᠡ ᠳ᠋ᠦᠩ ᠢᠶᠠᠨ ᠵᠠᠭᠠᠯᠳᠤᠭᠴᠢ ᠳᠤ ᠮᠡᠳᠡᠭᠳᠡᠬᠦ ᠬᠡᠷᠡᠭᠲᠡᠶ᠃      ᠳᠠᠩᠰᠠ ᠡᠪᠬᠡᠮᠡᠯ ᠢ ᠠᠰᠢᠭᠯᠠᠬᠤ ᠨᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠬᠤᠪᠢ ᠬᠥᠮᠦᠨ ᠤ ᠮᠡᠳᠡᠭᠡ ᠵᠠᠩᠭᠢ ᠲᠠᠢ ᠬᠤᠯᠪᠣᠭᠳᠠᠭᠰᠠᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠵᠢᠷᠤᠮᠯᠠᠬᠤ ᠬᠡᠷᠡᠭᠲᠡᠶ᠃      ᠬᠤᠷᠢ ᠶᠢᠰᠦᠳᠦᠭᠡᠷ ᠵᠦᠢᠯ᠂ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠵᠢᠴᠢ ᠠᠷᠠᠳ ᠢᠷᠭᠡᠳ ᠠᠴᠠ ᠠᠵᠤ ᠠᠬᠤᠶ ᠶᠢᠨ ᠪᠦᠳᠦᠭᠡᠠ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠠ ᠪᠠᠶᠢᠭᠤᠯᠤᠯᠲᠠ᠂ ᠵᠢᠭᠠᠨ ᠰᠤᠷᠭᠠᠬᠤ ᠰᠢᠨᠵᠢᠯᠡᠬᠦ ᠤᠬᠠᠭᠠᠨ ᠤ ᠰᠤᠳᠤᠯᠤᠯ ᠬᠢᠭᠡᠳ ᠪᠤᠰᠤᠳ ᠠᠵᠢᠯ ᠤᠨ ᠬᠡᠷᠡᠭᠴᠡᠭᠡ ᠶᠢ ᠦᠨᠳᠦᠰᠦᠯᠡᠵᠦ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠳᠠᠩᠰᠠ ᠡᠪᠬᠡᠮᠡᠯ ᠤᠨ ᠣᠷᠳᠤᠨ ᠤ ᠨᠡᠬᠡᠭᠡᠳᠦᠶ ᠳᠠᠩᠰᠠ ᠡᠪᠬᠡᠮᠡᠯ ᠵᠢᠴᠢ ᠬᠤᠯᠪᠣᠭᠳᠠᠯ ᠪᠦᠬᠦᠢ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠳᠠᠭᠠᠯᠠᠵᠤ ᠪᠠᠶᠢᠭ᠎ᠠ ᠳᠠᠩᠰᠠ ᠡᠪᠬᠡᠮᠡᠯ ᠢ ᠠᠰᠢᠭᠯᠠᠵᠤ ᠪᠣᠯᠤᠨ᠎ᠠ᠃      ᠭᠤᠴᠢᠳᠤᠭᠠᠷ ᠵᠦᠢᠯ᠂ ᠣᠷᠳᠤᠨ ᠳᠤ ᠬᠠᠳᠠᠭᠠᠯᠠᠵᠤ ᠪᠠᠶᠢᠭ᠎ᠠ ᠳᠠᠩᠰᠠ ᠡᠪᠬᠡᠮᠡᠯ ᠤᠨ ᠨᠡᠭᠡᠭᠡᠬᠦ᠂ ᠬᠢᠨᠠᠨ ᠬᠠᠷᠭᠤᠭᠤᠯᠬᠤ ᠶᠢ ᠳᠠᠩᠰᠠ ᠡᠪᠬᠡᠮᠡᠯ ᠤᠨ ᠭᠠᠵᠠᠷ ᠨᠢ ᠳᠠᠩᠰᠠ ᠡᠪᠬᠡᠮᠡᠯ ᠤᠨ ᠪᠦᠷᠢᠯᠳᠦᠭᠰᠡᠨ ᠨᠢᠭᠡᠴᠢ ᠪᠣᠶᠤ ᠰᠢᠯᠵᠢᠭᠦᠯᠦᠨ ᠲᠤᠰᠢᠶᠠᠬᠤ ᠨᠢᠭᠡᠴᠢ ᠲᠠᠢ ᠬᠠᠮᠲᠤᠷᠠᠨ ᠬᠠᠮᠲᠤ ᠪᠠᠷ ᠬᠠᠷᠢᠭᠤᠴᠠᠨ᠎ᠠ᠃ ᠣᠷᠳᠣᠨ ᠳᠤ ᠰᠢᠯᠵᠢᠭᠦᠯᠦᠨ ᠲᠤᠰᠢᠶᠠᠵᠤ ᠣᠷᠣᠭᠤᠯᠤᠭ᠎ᠠ ᠦᠭᠡᠢ ᠳᠠᠩᠰᠠ ᠡᠪᠬᠡᠮᠡᠯ ᠤᠨ ᠨᠡᠭᠡᠭᠡᠯᠲᠡ ᠬᠢᠨᠠᠨ ᠬᠠᠷᠭᠤᠭᠤᠯᠤᠯᠲᠠ ᠶᠢ᠂ ᠳᠠᠩᠰᠠ ᠡᠪᠬᠡᠮᠡᠯ ᠪᠦᠷᠢᠯᠳᠦᠭᠰᠡᠨ ᠨᠢᠭᠡᠴᠢ ᠪᠤᠶᠤ ᠬᠠᠳᠠᠭᠠᠯᠠᠨ ᠬᠠᠮᠢᠶᠠᠷᠬᠤ ᠨᠢᠭᠡᠴᠢ ᠠᠴᠠ ᠬᠠᠷᠢᠭᠤᠴᠠᠬᠤ ᠶᠢᠨ ᠬᠠᠮᠲᠤ ᠰᠢᠯᠵᠢᠭᠦᠯᠦᠨ ᠲᠤᠰᠢᠶᠠᠬᠤ ᠳᠤ ᠪᠠᠨ ᠰᠠᠨᠠᠯ ᠢᠶᠠᠨ ᠳᠠᠭᠠᠯᠳᠤᠭᠤᠯᠬᠤ ᠬᠡᠷᠡᠭᠲᠡᠶ᠃      ᠭᠤᠴᠢᠨ ᠨᠢᠭᠡᠳᠦᠭᠡᠷ ᠵᠦᠢᠯ᠂ ᠳᠠᠩᠰᠠ ᠡᠪᠬᠡᠮᠡᠯ ᠤᠨ ᠣᠷᠳᠤᠨ ᠳᠤ ᠳᠠᠩᠰᠠ ᠡᠪᠬᠡᠮᠡᠯ ᠢ ᠰᠢᠯᠵᠢᠭᠦᠯᠦᠨ ᠲᠤᠰᠢᠶᠠᠭᠰᠠᠨ᠂ ᠬᠠᠨᠳᠢᠪᠯᠠᠭᠰᠠᠨ᠂ ᠬᠠᠳᠠᠭᠠᠯᠠᠭᠤᠯᠤᠭᠰᠠᠨ ᠨᠢᠭᠡᠴᠢ ᠪᠠ ᠬᠤᠪᠢ ᠬᠥᠮᠦᠨ ᠨᠢ ᠲᠣᠰ ᠳᠠᠩᠰᠠ ᠡᠪᠬᠡᠮᠡᠯ ᠢ ᠤᠷᠢᠳᠠᠪᠠᠷ ᠠᠰᠢᠭᠯᠠᠵᠤ ᠪᠣᠯᠤᠨ᠎ᠠ᠂ ᠲᠡᠷᠡᠴᠢᠯᠡᠨ ᠳᠠᠩᠰᠠ ᠡᠪᠬᠡᠮᠡᠯ ᠤᠨ ᠳᠣᠲᠣᠷᠠᠬᠢ ᠨᠡᠶᠢᠭᠡᠮ ᠳᠤ ᠨᠡᠭᠡᠭᠡᠬᠦ ᠳᠤ ᠲᠣᠬᠢᠷᠠᠮᠵᠢ ᠦᠭᠡᠢ ᠬᠡᠰᠡᠭ ᠲᠤ ᠠᠰᠢᠭᠯᠠᠬᠤ ᠶᠢ ᠬᠢᠵᠠᠭᠠᠷᠯᠠᠬᠤ ᠰᠠᠨᠠᠯ ᠳᠤᠷᠠᠳᠴᠤ ᠪᠣᠯᠤᠨ᠎ᠠ᠂ ᠳᠠᠩᠰᠠ ᠡᠪᠬᠡᠮᠡᠯ ᠤᠨ ᠣᠷᠳᠤᠨ ᠠᠴᠠ  ᠳᠡᠮᠵᠢᠵᠦ᠂ ᠳᠥᠭᠦᠮ ᠦᠵᠡᠭᠦᠯᠬᠦ ᠬᠡᠷᠡᠭᠲᠡᠢ᠃      ᠭᠤᠴᠢᠨ ᠬᠤᠶᠠᠳᠤᠭᠠᠷ ᠵᠦᠢᠯ᠂ ᠤᠯᠤᠰ ᠤᠨ ᠥᠮᠴᠢᠯᠡᠯ ᠳᠤ ᠬᠠᠷᠢᠶᠠᠯᠠᠭᠳᠠᠬᠤ ᠳᠠᠩᠰᠠ ᠡᠪᠬᠡᠮᠡᠯ ᠢ ᠤᠯᠤᠰ ᠠᠴᠠ ᠡᠷᠬᠡ ᠣᠯᠭᠤᠭᠰᠠᠨ ᠳᠠᠩᠰᠠ ᠡᠪᠬᠡᠮᠡᠯ ᠤᠨ ᠣᠷᠳᠤᠨ ᠪᠤᠶᠤ ᠬᠤᠯᠪᠣᠭᠳᠠᠯ ᠪᠦᠬᠦᠢ ᠪᠠᠶᠢᠭᠤᠯᠭ᠎ᠠ ᠠᠴᠠ ᠨᠡᠶᠢᠲᠡᠯᠡᠨ᠎ᠡ︔ ᠲᠡᠩᠰᠠ ᠡᠪᠬᠡᠮᠡᠯ ᠤᠨ ᠣᠷᠳᠤᠨ ᠪᠤᠶᠤ ᠬᠤᠯᠪᠣᠭᠳᠠᠯ ᠪᠦᠬᠦᠢ ᠪᠠᠶᠢᠭᠤᠯᠭ᠎ᠠ ᠶᠢᠨ ᠵᠥᠪᠰᠢᠶᠡᠷᠡᠯ ᠤᠢᠭᠡᠢ ᠪᠠᠷ ᠶᠠᠮᠠᠷᠪᠠ ᠨᠢᠭᠡᠴᠢ ᠪᠠ ᠬᠤᠪᠢ ᠬᠥᠮᠦᠨ ᠨᠡᠶᠢᠲᠡᠯᠡᠬᠦ ᠡᠷᠬᠡ ᠤᠢᠭᠡᠢ᠃ ᠤᠯᠤᠰ ᠤᠨ ᠥᠮᠴᠢᠯᠡᠯ ᠤᠨ ᠪᠤᠰᠤ ᠠᠵᠤ ᠠᠬᠤᠶᠢᠯᠠᠯ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠢᠭᠡᠴᠢ ᠪᠠ ᠬᠤᠪᠢ ᠬᠥᠮᠦᠨ ᠤ ᠪᠦᠷᠢᠯᠳᠦᠭᠰᠡᠨ ᠳᠠᠩᠰᠠ ᠡᠪᠬᠡᠮᠡᠯ ᠢ ᠳᠠᠩᠰᠠ ᠡᠪᠬᠡᠮᠡᠯ ᠤᠨ ᠥᠮᠴᠢᠯᠡᠭᠴᠢ ᠨᠢ ᠨᠡᠶᠢᠲᠡᠯᠡᠬᠦ ᠡᠷᠬᠡ ᠲᠠᠢ᠃      ᠳᠠᠩᠰᠠ ᠡᠪᠬᠡᠮᠡᠯ ᠢ ᠨᠡᠶᠢᠲᠡᠯᠡᠬᠦ ᠳᠤ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠬᠤ ᠬᠡᠷᠡᠭᠲᠡᠶ᠂ ᠤᠯᠤᠰ ᠣᠷᠣᠨ ᠤ ᠠᠮᠤᠷ ᠲᠦᠪᠰᠢᠨ ᠪᠠ ᠠᠰᠢᠭ ᠲᠤᠰᠠ ᠶᠢ ᠬᠤᠬᠢᠷᠠᠭᠤᠯᠵᠤ ᠪᠣᠯᠬᠤ ᠦᠭᠡᠢ᠂ ᠪᠤᠰᠤᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠤ ᠪᠣᠯᠬᠤ ᠦᠭᠡᠢ᠃      ᠭᠤᠴᠢᠨ ᠭᠤᠷᠪᠠᠳᠤᠭᠠᠷ ᠵᠦᠢᠯ᠂ ᠳᠠᠩᠰᠠ ᠡᠪᠬᠡᠮᠡᠯ ᠤᠨ ᠣᠷᠳᠤᠨ ᠨᠢ ᠥᠪᠡᠷ ᠤᠨ ᠨᠥᠬᠦᠴᠡᠯ ᠢᠶᠠᠨ ᠦᠨᠳᠦᠰᠦᠯᠡᠵᠦ᠂ ᠲᠦᠷᠦ ᠶᠢᠨ ᠪᠠᠶᠢᠭᠤᠯᠭ᠎ᠠ ᠳᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠲᠣᠭᠲᠠᠭᠠᠬᠤ ᠪᠠ ᠬᠤᠯᠪᠤᠭᠳᠠᠯ ᠪᠦᠬᠦᠢ ᠠᠰᠠᠭᠤᠳᠠᠯ ᠤᠨ ᠰᠤᠳᠤᠯᠭᠠᠨ ᠥᠷᠨᠢᠭᠦᠯᠬᠦ ᠳᠤ ᠳᠡᠮᠵᠢᠯᠭᠡ ᠪᠠ ᠳᠦᠭᠦᠮ ᠦᠵᠡᠭᠦᠯᠬᠦ ᠬᠡᠷᠡᠭᠲᠡᠢ᠃      ᠳᠠᠩᠰᠠ ᠡᠪᠬᠡᠮᠡᠯ ᠤᠨ ᠣᠷᠳᠤᠨ ᠳᠤ ᠰᠤᠳᠤᠯᠭᠠᠨ ᠤ ᠠᠵᠢᠯᠲᠠᠨ ᠲᠣᠬᠢᠷᠠᠭᠤᠯᠵᠤ᠂ ᠳᠠᠩᠰᠠ ᠡᠪᠬᠡᠮᠡᠯ ᠢ ᠰᠤᠳᠤᠯᠤᠨ ᠡᠮᠬᠢᠯᠡᠬᠦ ᠠᠵᠢᠯ ᠢ ᠴᠢᠩᠭᠠᠳᠬᠠᠵᠤ᠂ ᠳᠠᠩᠰᠠ ᠡᠪᠬᠡᠮᠡᠯ ᠤᠨ ᠮᠠᠲ᠋ᠧᠷᠢᠶᠠᠯ ᠢ ᠲᠦᠯᠦᠪᠯᠡᠭᠡ ᠲᠠᠢ ᠪᠠᠷ ᠨᠠᠶᠢᠷᠠᠭᠤᠯᠤᠨ ᠬᠡᠪᠯᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠠᠳᠠᠯᠢ ᠪᠤᠰᠤ ᠬᠡᠪᠴᠢᠶᠡᠨ ᠳᠤ ᠲᠠᠷᠬᠠᠭᠠᠬᠤ ᠬᠡᠷᠡᠭᠲᠡᠢ᠃      ᠳᠠᠩᠰᠠ ᠡᠪᠬᠡᠮᠡᠯ ᠤᠨ ᠰᠤᠳᠤᠯᠭᠠᠨ ᠤ ᠠᠵᠢᠯᠲᠠᠨ ᠠᠴᠠ ᠳᠠᠩᠰᠠ ᠡᠪᠬᠡᠮᠡᠯ ᠢ ᠰᠤᠳᠤᠯᠤᠨ ᠡᠮᠬᠢᠯᠡᠬᠦ ᠳᠤ ᠪᠠᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠣᠭᠲᠠᠭᠠᠯ ᠢ ᠵᠢᠷᠤᠮᠯᠠᠬᠤ ᠬᠡᠷᠡᠭᠲᠡᠶ᠃      ᠭᠤᠴᠢᠨ ᠳᠥᠷᠪᠡᠳᠦᠭᠡᠷ ᠵᠦᠢᠯ᠂ ᠤᠯᠤᠰ ᠠᠴᠠ ᠳᠠᠩᠰᠠ ᠡᠪᠬᠡᠮᠡᠯ ᠤᠨ ᠣᠷᠳᠤᠨ ᠤ ᠬᠠᠳᠠᠭᠠᠯᠠᠵᠤ ᠪᠠᠶᠢᠭ᠎ᠠ ᠳᠠᠩᠰᠠ ᠡᠪᠬᠡᠮᠡᠯ ᠢ ᠨᠡᠭᠡᠭᠡᠨ ᠠᠰᠢᠭᠯᠠᠬᠤ ᠶᠢ ᠵᠣᠷᠢᠭᠵᠢᠭᠤᠯᠵᠤ᠂ ᠲᠤᠰᠬᠠᠶ ᠰᠡᠳᠦᠪᠲᠦ ᠦᠵᠡᠭᠦᠯᠦᠯᠭᠡ᠂ ᠨᠡᠶᠢᠲᠡ  ᠶᠢᠨ ᠠᠰᠠᠷᠠᠮᠵᠢ ᠶᠢᠨ ᠲᠠᠶᠢᠯᠤᠮᠵᠢ᠂ ᠵᠠᠭᠤᠴᠢᠯᠠᠭᠤᠷ ᠤᠨ ᠤᠬᠠᠭᠤᠯᠭ᠎ᠠ ᠵᠡᠷᠭᠡ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠡᠬᠡ ᠣᠷᠣᠨᠴᠢ ᠦᠵᠡᠯ᠂ ᠨᠡᠶᠢᠲᠡᠴᠢ ᠦᠵᠡᠯ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠥᠮᠦᠵᠢᠯ ᠬᠢᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠵᠦ᠂ ᠬᠤᠪᠢᠰᠬᠠᠯᠲᠤ ᠰᠣᠶᠣᠯ ᠢ ᠵᠠᠯᠭᠠᠮᠵᠢᠯᠠᠨ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠰᠣᠶᠣᠯ ᠤᠨ ᠢᠲᠡᠭᠡᠯ ᠢ ᠨᠡᠮᠡᠭᠳᠡᠭᠦᠯᠵᠦ᠂ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠲᠡ ᠶᠢ ᠪᠠᠳᠠᠷᠠᠭᠤᠯᠤᠨ᠎ᠠ᠃      ᠲᠠᠪᠤᠳᠤᠭᠠᠷ ᠪᠦᠯᠦᠭ  ᠳᠠᠩᠰᠠ ᠡᠪᠬᠡᠮᠡᠯ ᠤᠨ ᠮᠡᠳᠡᠭᠡ  ᠵᠠᠩᠭᠢᠴᠢᠯᠠᠯᠲᠠ ᠶᠢᠨ ᠪᠠᠶᠢᠭᠤᠯᠤᠯᠲᠠ      ᠭᠤᠴᠢᠨ ᠲᠠᠪᠤᠳᠤᠭᠠᠷ ᠵᠦᠢᠯ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠩᠰᠠ ᠡᠪᠬᠡᠮᠡᠯ ᠤᠨ ᠮᠡᠳᠡᠭᠡ ᠵᠠᠩᠭᠢᠴᠢᠯᠠᠯᠲᠠ ᠶᠢ ᠮᠡᠳᠡᠭᠡ ᠵᠠᠩᠭᠢᠴᠢᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠡᠯᠧᠺᠲᠷᠣᠨ ᠳᠠᠩᠰᠠ ᠡᠪᠬᠡᠮᠡᠯ ᠪᠠ ᠤᠯᠠᠮᠵᠢᠯᠠᠯᠲᠤ ᠠᠴᠢᠶᠠᠯᠠᠪᠤᠷᠢ ᠶᠢᠨ ᠳᠠᠩᠰᠠ ᠡᠪᠬᠡᠮᠡᠯ ᠤᠨ ᠲᠣᠭᠠᠵᠢᠭᠤᠯᠤᠭᠰᠠᠨ ᠦᠷ᠎ᠡ ᠪᠦᠲᠦᠭᠡᠯ ᠵᠡᠷᠭᠡ ᠳᠠᠩᠰᠠ ᠡᠪᠬᠡᠮᠡᠯ ᠤᠨ ᠲᠣᠭᠠᠵᠢᠭᠤᠯᠤᠭᠰᠠᠨ ᠡᠬᠢ ᠪᠠᠶᠠᠯᠢᠭ ᠢ ᠠᠶᠤᠯ ᠦᠭᠡᠢ ᠬᠠᠳᠠᠭᠠᠯᠠᠬᠤ ᠪᠠ ᠪᠦᠲᠦᠮᠵᠢᠲᠡᠶ ᠠᠰᠢᠭᠯᠠᠬᠤ ᠶᠢ ᠪᠠᠲᠤᠯᠠᠬᠤ ᠬᠡᠷᠡᠭᠲᠡᠶ᠃      ᠳᠠᠩᠰᠠ ᠡᠪᠬᠡᠮᠡᠯ ᠤᠨ ᠣᠷᠳᠤᠨ ᠪᠠ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠪᠤᠰᠤᠳ ᠵᠣᠬᠢᠶᠠᠨ ᠪᠠᠶᠢᠭᠤᠯᠤᠯᠲᠠ ᠠᠴᠠ ᠳᠠᠩᠰᠠ ᠡᠪᠬᠡᠮᠡᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠭᠦᠨ ᠤ ᠬᠠᠮᠲᠤ ᠠᠷᠭ᠎ᠠ ᠬᠡᠮᠵᠢᠶ᠎ᠡ ᠠᠪᠴᠤ ᠳᠠᠩᠰᠠ ᠡᠪᠬᠡᠮᠡᠯ ᠤᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃      ᠭᠤᠴᠢᠨ ᠵᠢᠷᠭᠤᠳᠤᠭᠠᠷ ᠵᠦᠢᠯ᠂ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠠᠴᠠ ᠡᠯᠧᠺᠲᠷᠣᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠠᠯᠪᠠᠨ ᠠᠵᠢᠯ ᠤᠨ ᠠᠦ᠋ᠲ᠋ᠣᠴᠢᠯᠠᠭᠰᠠᠨ ᠰᠢᠰᠲ᠋ᠧᠮ᠂ ᠲᠤᠬᠠᠶᠢᠯᠠᠭᠰᠠᠨ ᠠᠵᠢᠯ ᠤᠨ ᠰᠢᠰᠲ᠋ᠧᠮ ᠵᠡᠷᠭᠡ ᠲᠠᠢ ᠬᠠᠷᠢᠯᠴᠠᠨ ᠵᠣᠯᠭᠠᠭᠤᠯᠬᠤ ᠬᠡᠷᠡᠭᠲᠡᠢ᠃      ᠭᠤᠴᠢᠨ ᠳᠣᠯᠣᠳᠤᠭᠠᠷ ᠵᠦᠢᠯ᠂ ᠡᠯᠧᠺᠲᠷᠣᠨ ᠳᠠᠩᠰᠠ ᠡᠪᠬᠡᠮᠡᠯ ᠤᠨ ᠢᠷᠡᠯᠲᠡ ᠨᠢ ᠨᠠᠶᠢᠳᠠᠪᠤᠷᠢᠲᠠᠶ᠂ ᠳᠡᠰ ᠳᠠᠷᠠᠭᠠᠯᠠᠯ ᠨᠢ ᠵᠢᠷᠤᠮᠵᠢᠭᠰᠠᠨ᠂ ᠬᠦᠴᠦᠨ ᠵᠦᠢᠯ ᠨᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃      ᠡᠯᠧᠺᠲᠷᠣᠨ ᠳᠠᠩᠰᠠ ᠡᠪᠬᠡᠮᠡᠯ ᠬᠢᠭᠡᠳ ᠤᠯᠠᠮᠵᠢᠯᠠᠯᠲᠤ ᠠᠴᠢᠶᠠᠯᠠᠪᠤᠷᠢ ᠶᠢᠨ ᠳᠠᠩᠰᠠ ᠡᠪᠬᠡᠮᠡᠯ ᠨᠢ ᠠᠳᠠᠯᠢᠬᠠᠨ ᠬᠦᠴᠦᠨ ᠲᠠᠢ ᠪᠠᠶᠢᠵᠤ᠂ ᠡᠯᠧᠺᠲᠷᠣᠨ ᠬᠡᠯᠪᠡᠷᠢ ᠪᠠᠷ ᠭᠡᠷᠡᠴᠢ ᠪᠠᠷᠢᠮᠲᠠ ᠪᠣᠯᠭᠠᠨ ᠬᠡᠷᠡᠭᠯᠡᠵᠦ ᠪᠣᠯᠤᠨ᠎ᠠ᠃      ᠡᠯᠧᠺᠲᠷᠣᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ ᠶᠢ ᠤᠯᠤᠰ ᠤᠨ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃      ᠭᠤᠴᠢᠨ ᠨᠠᠢᠮᠠᠳᠤᠭᠠᠷ ᠵᠦᠢᠯ᠂ ᠤᠯᠤᠰ ᠠᠴᠠ ᠳᠠᠩᠰᠠ ᠡᠪᠬᠡᠮᠡᠯ ᠤᠨ ᠣᠷᠳᠤᠨ ᠪᠠ ᠪᠠᠶᠢᠭᠤᠯᠭ᠎ᠠ᠂ ᠪᠦᠯᠬᠦᠮ᠂ ᠠᠵᠤ  ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢᠨ ᠤᠯᠠᠮᠵᠢᠯᠠᠯᠲᠤ ᠠᠴᠢᠶᠠᠯᠠᠪᠤᠷᠢ ᠶᠢᠨ ᠳᠠᠩᠰᠠ ᠡᠪᠬᠡᠮᠡᠯ ᠢ ᠳᠤᠭᠠᠴᠠᠯᠠᠬᠤ ᠶᠢ ᠠᠬᠢᠭᠤᠯᠬᠤ ᠶᠢ ᠵᠣᠷᠢᠭᠵᠢᠭᠤᠯᠤᠨ ᠳᠡᠮᠵᠢᠨ᠎ᠡ᠃ ᠨᠢᠭᠡᠨᠲᠡ ᠲᠣᠭᠠᠴᠢᠯᠠᠭᠰᠠᠨ ᠪᠠᠶᠢᠪᠠᠯ᠂ ᠳᠠᠩᠰᠠ ᠡᠪᠬᠡᠮᠡᠯ ᠤᠨ ᠤᠭ ᠮᠠᠲ᠋ᠧᠷᠢᠶᠠᠯ ᠢ ᠲᠣᠬᠢᠲᠠᠶ ᠬᠠᠳᠠᠭᠠᠯᠠᠨ ᠬᠠᠮᠢᠶᠠᠷᠬᠤ ᠬᠡᠷᠡᠭᠲᠡᠶ᠃      ᠭᠤᠴᠢ ᠶᠢᠰᠦᠳᠦᠭᠡᠷ ᠵᠦᠢᠯ᠂ ᠡᠯᠧᠺᠲᠷᠣᠨ ᠳᠠᠩᠰᠠ ᠡᠪᠬᠡᠮᠡᠯ ᠢ ᠠᠮᠤᠷ ᠲᠦᠪᠰᠢᠨ ᠤ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠲᠣᠤᠷ ᠰᠦᠯᠵᠢᠶ᠎ᠡ ᠪᠤᠶᠤ ᠬᠠᠳᠠᠭᠠᠯᠠᠬᠤ ᠵᠠᠭᠤᠴᠢ ᠪᠠᠷ ᠳᠠᠮᠵᠢᠭᠤᠯᠤᠨ ᠳᠠᠩᠰᠠ ᠡᠪᠬᠡᠮᠡᠯ ᠤᠨ ᠣᠷᠳᠤᠨ ᠳᠤ ᠰᠢᠯᠵᠢᠭᠦᠯᠦᠨ ᠲᠤᠰᠢᠶᠠᠬᠤ ᠬᠡᠷᠡᠭᠲᠡᠶ᠃      ᠳᠠᠩᠰᠠ ᠡᠪᠬᠡᠮᠡᠯ ᠤᠨ ᠣᠷᠳᠤᠨ ᠨᠢ ᠬᠦᠯᠢᠶᠡᠨ ᠠᠪᠤᠭᠰᠠᠨ ᠡᠯᠧᠺᠲᠷᠣᠨ ᠳᠠᠩᠰᠠ ᠡᠪᠬᠡᠮᠡᠯ ᠢ ᠪᠠᠶᠢᠴᠠᠭᠠᠨ ᠬᠡᠮᠵᠢᠵᠦ᠂ ᠡᠯᠧᠺᠲᠷᠣᠨ ᠳᠠᠩᠰᠠ ᠡᠪᠬᠡᠮᠡᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠬᠡᠷᠡᠭᠯᠡᠵᠦ ᠪᠣᠯᠬᠤᠶᠢᠴᠠ ᠴᠢᠨᠠᠷ ᠪᠠ ᠠᠶᠤᠯ ᠦᠭᠡᠢ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃      ᠳᠠᠩᠰᠠ ᠡᠪᠬᠡᠮᠡᠯ ᠤᠨ ᠣᠷᠳᠤᠨ ᠨᠢ ᠴᠢᠬᠤᠯᠠ ᠡᠯᠧᠺᠲᠷᠣᠨ ᠳᠠᠩᠰᠠ ᠡᠪᠬᠡᠮᠡᠯ ᠢ ᠣᠨᠳᠣᠤ ᠭᠠᠵᠠᠷ ᠲᠤ ᠬᠤᠪᠢ ᠪᠡᠯᠡᠳᠬᠡᠨ ᠬᠠᠳᠠᠭᠠᠯᠠᠵᠤ ᠪᠣᠯᠤᠨ᠎ᠠ᠃      ᠳᠥᠴᠢᠳᠦᠭᠡᠷ ᠵᠦᠢᠯ᠂ ᠳᠠᠩᠰᠠ ᠡᠪᠬᠡᠮᠡᠯ ᠤᠨ ᠣᠷᠳᠤᠨ ᠨᠢ ᠳᠠᠩᠰᠠ ᠡᠪᠬᠡᠮᠡᠯ ᠤᠨ ᠲᠣᠭᠠᠨ ᠤ ᠡᠬᠢ ᠪᠠᠶᠠᠯᠢᠭ ᠢ ᠴᠤᠭᠯᠠᠭᠤᠯᠬᠤ᠂ ᠬᠠᠳᠠᠭᠠᠯᠠᠬᠤ ᠪᠠ ᠬᠠᠩᠭᠠᠨ ᠠᠰᠢᠭᠯᠠᠬᠤ ᠶᠢ ᠬᠠᠷᠢᠭᠤᠴᠠᠨ᠎ᠠ᠃ ᠨᠥᠬᠦᠴᠡᠯ ᠲᠠᠢ ᠳᠠᠩᠰᠠ ᠡᠪᠬᠡᠮᠡᠯ ᠤᠨ ᠣᠷᠳᠤᠨ ᠨᠢ ᠲᠣᠭᠠᠴᠢᠯᠠᠭᠰᠠᠨ ᠳᠠᠩᠰᠠ ᠡᠪᠬᠡᠮᠡᠯ ᠤᠨ ᠣᠷᠳᠤᠨ ᠪᠠᠶᠢᠭᠤᠯᠬᠤ ᠬᠡᠷᠡᠭᠲᠡᠢ᠃      ᠳᠥᠴᠢᠨ ᠨᠢᠭᠡᠳᠦᠭᠡᠷ ᠵᠦᠢᠯ᠂ ᠤᠯᠤᠰ ᠠᠴᠠ ᠳᠠᠩᠰᠠ ᠡᠪᠬᠡᠮᠡᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠠᠩᠰᠠ ᠡᠪᠬᠡᠮᠡᠯ ᠤᠨ ᠲᠣᠭᠠᠴᠢᠯᠠᠭᠰᠠᠨ ᠡᠬᠢ ᠪᠠᠶᠠᠯᠢᠭ ᠢ ᠣᠷᠣᠨ ᠪᠦᠰᠡ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠬᠠᠮᠲᠤ ᠪᠠᠷ ᠡᠳ᠋ᠯᠡᠵᠦ ᠠᠰᠢᠭᠯᠠᠬᠤ ᠶᠢ ᠲᠦᠯᠬᠢᠨ ᠠᠬᠢᠭᠤᠯᠤᠨ᠎ᠠ᠃      ᠵᠢᠷᠭᠤᠳᠤᠭᠠᠷ ᠪᠦᠯᠦᠭ  ᠬᠢᠨᠠᠯᠲᠠ ᠲᠠᠯᠪᠢᠵᠤ ᠪᠠᠶᠢᠴᠠᠭᠠᠬᠤ      ᠳᠥᠴᠢᠨ ᠬᠤᠶᠠᠳᠤᠭᠠᠷ ᠵᠦᠢᠯ᠂ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠳᠠᠩᠰᠠ ᠡᠪᠬᠡᠮᠡᠯ ᠤᠨ ᠣᠷᠳᠤᠨ ᠪᠠ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢᠨ ᠳᠣᠤᠷ᠎ᠠ ᠵᠢᠭᠰᠠᠭᠠᠭᠰᠠᠨ ᠪᠠᠶᠢᠳᠠᠯ ᠳᠤ ᠪᠠᠶᠢᠴᠠᠭᠠᠯᠲᠠ ᠬᠢᠵᠦ ᠪᠣᠯᠤᠨ᠎ᠠ᠄      ︵ᠨᠢᠭᠡ︶ ᠲᠠᠩᠰᠠ ᠡᠪᠬᠡᠮᠡᠯ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠪᠣᠯᠤᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ︔      ︵ᠬᠤᠶᠠᠷ︶ ᠲᠠᠩᠰᠠ ᠡᠪᠬᠡᠮᠡᠯ ᠤᠨ ᠬᠥᠮᠥᠷᠭᠡ᠂ ᠪᠡᠯᠡᠳᠬᠡᠮᠵᠢ᠂ ᠲᠥᠬᠦᠭᠡᠷᠦᠮᠵᠢ ᠶᠢ ᠳᠣᠭᠢᠷᠠᠭᠤᠯᠤᠨ ᠬᠡᠷᠡᠭᠯᠡᠭᠰᠡᠨ ᠪᠠᠶᠢᠳᠠᠯ︔      ︵ᠭᠤᠷᠪᠠ︶ ᠲᠠᠩᠰᠠ ᠡᠪᠬᠡᠮᠡᠯ ᠤᠨ ᠠᠵᠢᠯᠲᠠᠨ ᠤ ᠬᠠᠮᠢᠶᠠᠷᠤᠯᠲᠠ ᠶᠢᠨ ᠪᠠᠶᠢᠳᠠᠯ︔      ︵ᠳᠥᠷᠪᠡ︶ ᠲᠠᠩᠰᠠ ᠡᠪᠬᠡᠮᠡᠯ ᠢ ᠴᠤᠭᠯᠠᠭᠤᠯᠤᠭᠰᠠᠨ᠂ ᠡᠮᠬᠢᠳᠬᠡᠭᠰᠡᠨ᠂ ᠬᠠᠳᠠᠭᠠᠯᠠᠨ ᠬᠠᠮᠢᠶᠠᠷᠤᠭᠰᠠᠨ᠂ ᠬᠠᠩᠭᠠᠨ ᠠᠰᠢᠭᠯᠠᠭᠰᠠᠨ ᠵᠡᠷᠭᠡ ᠪᠠᠶᠢᠳᠠᠯ︔      ︵ᠲᠠᠪᠤ︶ ᠲᠠᠩᠰᠠ ᠡᠪᠬᠡᠮᠡᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠪᠠ ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠪᠠᠶᠢᠳᠠᠯ︔      ︵ᠵᠢᠷᠭᠤᠭ᠎ᠠ︶ ᠬᠠᠷᠢᠶ᠎ᠠ ᠨᠢᠭᠡᠴᠢ ᠵᠡᠷᠭᠡ ᠶᠢᠨ ᠢᠶᠠᠨ ᠳᠠᠩᠰᠠ ᠡᠪᠬᠡᠮᠡᠯ ᠤᠨ ᠠᠵᠢᠯ ᠳᠤ ᠬᠢᠨᠠᠯᠲᠠ ᠲᠠᠯᠪᠢᠭᠰᠠᠨ ᠪᠠ ᠵᠢᠭᠠᠨ ᠵᠢᠯᠣᠭᠤᠳᠤᠭᠰᠠᠨ ᠪᠠᠶᠢᠳᠠᠯ᠃      ᠳᠥᠴᠢᠨ ᠭᠤᠷᠪᠠᠳᠤᠭᠠᠷ ᠵᠦᠢᠯ᠂ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠨᠢ ᠬᠠᠤᠯᠢ ᠠᠴᠠ ᠵᠦᠷᠢᠴᠡᠭᠰᠡᠨ ᠰᠦᠪᠡᠭᠴᠢ ᠶᠢ ᠦᠨᠳᠦᠰᠦᠯᠡᠨ ᠪᠠᠶᠢᠴᠠᠭᠠᠬᠤ ᠣᠶᠢᠶ᠎ᠠ ᠳᠤ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ᠂ ᠬᠠᠮᠢᠶ᠎ᠠ ᠪᠦᠬᠦᠢ ᠬᠥᠮᠥᠷᠭᠡ᠂ ᠪᠡᠯᠡᠳᠬᠡᠮᠵᠢ᠂ ᠲᠥᠬᠦᠭᠡᠷᠦᠮᠵᠢ ᠶᠢ ᠪᠠᠶᠢᠴᠠᠭᠠᠵᠤ ᠪᠣᠯᠤᠨ᠎ᠠ᠂ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠬᠥᠮᠦᠰ ᠠᠴᠠ ᠯᠠᠪᠯᠠᠨ ᠠᠰᠠᠭᠤᠵᠤ᠂ ᠬᠤᠯᠪᠣᠭᠳᠠᠯ ᠪᠦᠬᠦᠢ ᠪᠠᠶᠢᠳᠠᠯ ᠢ ᠲᠡᠮᠳᠡᠭᠯᠡᠵᠦ ᠂ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠬᠠᠮᠵᠢᠯᠴᠠᠬᠤ ᠬᠡᠷᠡᠭᠲᠡᠶ᠃      ᠳᠥᠴᠢᠨ ᠳᠥᠷᠪᠡᠳᠦᠭᠡᠷ ᠵᠦᠢᠯ᠂ ᠳᠠᠩᠰᠠ ᠡᠪᠬᠡᠮᠡᠯ ᠤᠨ ᠣᠷᠳᠤᠨ ᠪᠣᠯᠤᠨ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠪᠤᠰᠤᠳ ᠵᠣᠬᠢᠶᠠᠨ ᠪᠠᠶᠢᠭᠤᠯᠤᠯᠲᠠ ᠲᠣᠰ ᠨᠢᠭᠡᠴᠢ ᠶᠢᠨ ᠢᠶᠠᠨ ᠳᠠᠩᠰᠠ ᠡᠪᠬᠡᠮᠡᠯ ᠤᠨ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤ ᠨᠢ ᠨᠥᠬᠦᠪᠥᠷᠢᠯᠡᠬᠦ ᠠᠷᠭ᠎ᠠ ᠬᠡᠮᠵᠢᠶ᠎ᠡ ᠠᠪᠴᠤ᠂ ᠳᠠᠩᠰᠠ ᠡᠪᠬᠡᠮᠡᠯ ᠤᠨ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠬᠡᠷᠡᠭᠲᠡᠶ᠃ ᠳᠠᠩᠰᠠ ᠡᠪᠬᠡᠮᠡᠯ ᠡᠪᠳᠡᠷᠡᠵᠦ ᠰᠦᠢᠳᠦᠭᠰᠡᠨ᠂ ᠮᠡᠳᠡᠭᠡ ᠵᠠᠩᠭᠢ ᠵᠠᠳᠠᠷᠠᠭᠰᠠᠨ ᠵᠡᠷᠭᠡ ᠪᠠᠶᠢᠳᠠᠯ ᠭᠠᠷᠪᠠᠯ᠂ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠲᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃      ᠳᠥᠴᠢᠨ ᠲᠠᠪᠤᠳᠤᠭᠠᠷ ᠵᠦᠢᠯ᠂ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠳᠠᠩᠰᠠ ᠡᠪᠬᠡᠮᠡᠯ ᠤᠨ ᠣᠷᠳᠤᠨ ᠪᠣᠯᠤᠨ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠪᠤᠰᠤᠳ ᠵᠣᠬᠢᠶᠠᠨ ᠪᠠᠶᠢᠭᠤᠯᠤᠯᠲᠠ ᠳᠤ ᠳᠠᠩᠰᠠ ᠡᠪᠬᠡᠮᠡᠯ ᠤᠨ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠵᠠᠰᠠᠭᠤᠯᠵᠤ᠂ ᠳᠠᠩᠰᠠ ᠡᠪᠬᠡᠮᠡᠯ ᠤᠨ ᠠᠮᠤᠷ ᠲᠥᠪᠰᠢᠨ ᠤ ᠳᠠᠯᠳᠠ ᠭᠡᠮ ᠢ ᠠᠷᠢᠯᠭᠠᠬᠤ ᠬᠡᠷᠡᠭᠲᠡᠶ᠃      ᠳᠥᠴᠢᠨ ᠵᠢᠷᠭᠤᠳᠤᠭᠠᠷ ᠵᠦᠢᠯ᠂ ᠳᠠᠩᠰᠠ ᠡᠪᠬᠡᠮᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠶᠠᠮᠠᠷᠪᠠ ᠨᠢᠭᠡᠴᠢ ᠪᠠ ᠬᠤᠪᠢ ᠬᠥᠮᠦᠨ ᠠᠴᠠ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠪᠠ ᠬᠤᠯᠪᠣᠭᠳᠠᠯ ᠪᠦᠬᠦᠢ ᠪᠠᠶᠢᠭᠤᠯᠭ᠎ᠠ ᠳᠤ ᠢᠯᠡᠴᠢᠯᠡᠨ ᠮᠡᠳᠡᠭᠦᠯᠬᠦ ᠡᠷᠬᠡ ᠲᠠᠢ᠃      ᠢᠯᠡᠴᠢᠯᠡᠨ ᠮᠡᠳᠡᠭᠦᠯᠦᠯᠲᠡ ᠶᠢ ᠣᠯᠤᠭᠰᠠᠨ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠪᠤᠶᠤ ᠬᠤᠯᠪᠣᠭᠳᠠᠯ ᠪᠦᠬᠦᠢ ᠪᠠᠶᠢᠭᠤᠯᠭ᠎ᠠ ᠨᠢ ᠴᠠᠭ ᠲᠤᠬᠠᠶ ᠳᠤ ᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃      ᠳᠥᠴᠢᠨ ᠳᠣᠯᠣᠳᠤᠭᠠᠷ ᠵᠦᠢᠯ᠂ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠵᠢᠴᠢ ᠲᠡᠭᠦᠨ ᠤ ᠠᠵᠢᠯᠲᠠᠳ ᠨᠢ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠪᠠ ᠵᠢᠷᠤᠮ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢᠶᠠᠨ ᠥᠷᠨᠢᠭᠦᠯᠵᠦ᠂ ᠰᠢᠨᠵᠢᠯᠡᠬᠦ ᠤᠬᠠᠭᠠᠨᠴᠢ᠂ ᠲᠥᠪ ᠭᠤᠤᠯᠴᠢ᠂ ᠴᠢᠩᠭ᠎ᠠ ᠨᠢᠮᠪᠠᠶ᠂ ᠥᠨᠳᠥᠷ ᠪᠦᠲᠦᠮᠵᠢᠲᠡᠶ ᠪᠠᠶᠢᠬᠤ ᠬᠡᠷᠡᠭᠲᠡᠶ᠂ ᠡᠷᠬᠡ ᠲᠤᠰᠢᠶᠠᠯ ᠢᠶᠠᠨ ᠠᠰᠢᠭᠯᠠᠨ ᠠᠰᠢᠭ ᠣᠯᠵᠤ ᠪᠣᠯᠬᠤ ᠦᠭᠡᠢ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠣᠯᠵᠤ ᠮᠡᠳᠡᠭᠰᠡᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠤᠶᠤ ᠬᠤᠪᠢ ᠬᠥᠮᠦᠨ ᠤ ᠨᠢᠭᠤᠴᠠ ᠶᠢ ᠵᠠᠳᠠᠷᠠᠭᠤᠯᠵᠤ ᠪᠣᠯᠬᠤ ᠦᠭᠡᠢ᠃      ᠳᠣᠯᠣᠳᠤᠭᠠᠷ ᠪᠦᠯᠦᠭ  ᠬᠠᠤᠯᠢ ᠶᠢᠨ ᠬᠠᠷᠢᠭᠤᠴᠠᠯᠭ᠎ᠠ      ᠳᠥᠴᠢᠨ ᠨᠠᠢᠮᠠᠳᠤᠭᠠᠷ ᠵᠦᠢᠯ᠂ ᠨᠢᠭᠡᠴᠢ ᠪᠤᠶᠤ ᠬᠤᠪᠢ ᠬᠥᠮᠦᠨ ᠨᠢ ᠳᠣᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠣᠯ᠂ ᠰᠢᠶᠠᠨ ᠤ ᠱᠠᠲᠤᠨ ᠠᠴᠠ ᠳᠡᠭᠡᠭᠰᠢᠬᠢ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ᠂ ᠬᠤᠯᠪᠤᠭᠳᠠᠯ ᠪᠦᠬᠦᠢ ᠪᠠᠶᠢᠭᠤᠯᠭ᠎ᠠ ᠠᠴᠠ ᠰᠢᠭᠤᠳ ᠬᠠᠷᠢᠭᠤᠴᠠᠯᠭᠠᠲᠠᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ᠄      ︵ᠨᠢᠭᠡ︶ ᠤᠯᠤᠰ ᠤᠨ ᠥᠮᠴᠢᠯᠡᠯ ᠳᠤ ᠬᠠᠷᠢᠶᠠᠯᠠᠭᠳᠠᠬᠤ ᠳᠠᠩᠰᠠ ᠡᠪᠬᠡᠮᠡᠯ ᠢ ᠭᠡᠭᠡᠭᠰᠡᠨ︔      ︵ᠬᠤᠶᠠᠷ︶ ᠤᠯᠤᠰ ᠤᠨ ᠥᠮᠴᠢᠯᠡᠯ ᠳᠤ ᠬᠠᠷᠢᠶᠠᠯᠠᠭᠳᠠᠬᠤ ᠳᠠᠩᠰᠠ ᠡᠪᠬᠡᠮᠡᠯ ᠢ ᠳᠤᠷ᠎ᠠ ᠪᠠᠷ ᠢᠶᠠᠨ ᠬᠠᠩᠭᠠᠭᠰᠠᠨ᠂ ᠬᠠᠭᠤᠯᠤᠭᠰᠠᠨ᠂ ᠪᠠᠭᠤᠯᠭᠠᠭᠰᠠᠨ᠂ ᠨᠡᠶᠢᠲᠡᠯᠡᠭᠰᠡᠨ︔      ︵ᠭᠤᠷᠪᠠ︶ ᠤᠯᠤᠰ ᠤᠨ ᠥᠮᠴᠢᠯᠡᠯ ᠳᠤ ᠬᠠᠷᠢᠶᠠᠯᠠᠭᠳᠠᠬᠤ ᠳᠠᠩᠰᠠ ᠡᠪᠬᠡᠮᠡᠯ ᠢ ᠬᠤᠳᠠᠯᠳᠤᠭᠠᠯᠠᠭᠰᠠᠨ ᠪᠤᠶᠤ ᠬᠠᠤᠯᠢ  ᠪᠣᠰᠤ ᠪᠠᠷ ᠰᠢᠯᠵᠢᠭᠦᠯᠦᠨ ᠥᠭᠭᠦᠭᠰᠡᠨ︔      ︵ᠳᠦᠷᠪᠡ︶ ᠳᠠᠩᠰᠠ ᠡᠪᠬᠡᠮᠡᠯ ᠢ ᠥᠭᠡᠷᠡᠲᠦᠭᠦᠯᠦᠭᠰᠡᠨ᠂ ᠡᠪᠳᠡᠨ ᠰᠦᠢᠳᠬᠡᠭᠰᠡᠨ᠂ ᠬᠠᠭᠤᠷᠮᠠᠭᠯᠠᠨ ᠵᠣᠬᠢᠶᠠᠭᠰᠠᠨ  ᠪᠣᠶᠤ ᠳᠠᠩᠰᠠ ᠡᠪᠬᠡᠮᠡᠯ ᠢ ᠳᠤᠷ᠎ᠠ ᠪᠠᠷ ᠢᠶᠠᠨ ᠤᠰᠠᠳᠬᠠᠭᠰᠠᠨ︔      ︵ᠲᠠᠪᠤ︶ ᠳᠠᠩᠰᠠ ᠡᠪᠬᠡᠮᠡᠯ ᠢ ᠭᠠᠳᠠᠭᠠᠳᠤ ᠶᠢᠨ ᠬᠥᠮᠦᠨ ᠪᠤᠶᠤ ᠭᠠᠳᠠᠭᠠᠳᠤ ᠶᠢᠨ ᠵᠣᠬᠢᠶᠠᠨ ᠪᠠᠶᠢᠭᠤᠯᠤᠯᠲᠠ ᠳᠤ ᠬᠤᠳᠠᠯᠳᠤᠭᠰᠠᠨ᠂ ᠪᠡᠯᠡᠭᠯᠡᠭᠰᠡᠨ︔      ︵ᠵᠢᠷᠭᠤᠭ᠎ᠠ︶ ᠲᠣᠭᠲᠠᠭᠠᠯ ᠶᠣᠰᠣᠭᠠᠷ ᠳᠠᠩᠰᠠ ᠡᠪᠬᠡᠮᠡᠯ ᠳᠤ ᠣᠷᠣᠭᠤᠯᠬᠤ ᠦᠭᠡᠢ ᠪᠤᠶᠤ ᠳᠠᠩᠰᠠ ᠡᠪᠬᠡᠮᠡᠯ ᠢ  ᠬᠤᠭᠤᠴᠠᠭ᠎ᠠ ᠶᠣᠰᠣᠭᠠᠷ ᠰᠢᠯᠵᠢᠭᠦᠯᠦᠨ ᠲᠤᠰᠢᠶᠠᠬᠤ ᠦᠭᠡᠢ᠂ ᠵᠠᠯᠠᠷᠠᠭᠤᠯᠤᠭᠤᠯᠬᠤ ᠪᠠᠷ ᠵᠠᠷᠯᠢᠭᠳᠠᠭᠰᠠᠨ ᠪᠠᠶᠢᠲᠠᠯ᠎ᠠ ᠵᠠᠯᠠᠷᠠᠭᠤᠯᠬᠤ ᠶᠢ ᠲᠡᠪᠴᠢᠭᠰᠡᠨ︔      ︵ᠳᠣᠯᠤᠭ᠎ᠠ︶ ᠲᠠᠩᠰᠠ ᠡᠪᠬᠡᠮᠡᠯ ᠢ ᠲᠣᠭᠲᠠᠭᠠᠯ ᠶᠣᠰᠣᠭᠠᠷ ᠨᠡᠶᠢᠭᠡᠮ ᠳᠤ ᠨᠡᠭᠡᠭᠡᠭᠰᠡᠨ ᠥᠬᠡᠶ᠂ ᠬᠠᠩᠭᠠᠵᠤ ᠠᠰᠢᠭᠯᠠᠭᠤᠯᠤᠭᠰᠠᠨ ᠥᠬᠡᠶ︔      ︵ᠨᠠᠢᠮᠠ︶ ᠳᠠᠩᠰᠠ ᠡᠪᠬᠡᠮᠡᠯ ᠤᠨ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠶᠢ ᠲᠣᠳᠣᠷᠬᠠᠶ ᠮᠡᠳᠡᠵᠦ ᠪᠠᠶᠢᠭᠠᠳ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠠᠴᠠ ᠪᠣᠯᠵᠤ᠂ ᠲᠠᠩᠰᠠ ᠡᠪᠬᠡᠮᠡᠯ ᠢ ᠡᠪᠳᠡᠵᠦ ᠰᠦᠢᠳᠬᠡᠭᠰᠡᠨ᠂ ᠤᠰᠠᠳᠬᠠᠭᠰᠠᠨ᠂ ᠡᠰᠡᠬᠦᠯ᠎ᠡ ᠲᠠᠩᠰᠠ ᠡᠪᠬᠡᠮᠡᠯ ᠤᠨ ᠠᠮᠤᠷ ᠲᠦᠪᠰᠢᠨ ᠪᠤᠰᠤ ᠳᠠᠯᠳᠠ ᠬᠡᠮ ᠣᠷᠣᠰᠢᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠭᠰᠠᠨ ᠪᠠᠶᠢᠲᠠᠯ᠎ᠠ ᠬᠤᠭᠤᠴᠠᠭ᠎ᠠ ᠬᠡᠲᠦᠷᠡᠲᠡᠯ᠎ᠡ ᠴᠡᠭᠴᠡᠯᠡᠨ ᠥᠭᠡᠷᠡᠴᠢᠯᠡᠭᠰᠡᠨ ᠥᠬᠡᠶ︔      ︵ᠶᠢᠰᠦ︶ ᠳᠠᠩᠰᠠ ᠡᠪᠬᠡᠮᠡᠯ ᠤᠨ ᠠᠶᠤᠯᠭᠦᠶ ᠶᠢᠨ ᠡ᠊ᠨᠳᠡᠯ ᠭᠠᠷᠤᠭᠰᠠᠨ ᠤ ᠳᠠᠷᠠᠭ᠎ᠠ᠂ ᠠᠪᠤᠷᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠨᠢᠭᠤᠨ ᠳᠠᠯᠳᠠᠯᠠᠵᠤ ᠮᠡᠳᠡᠭᠦᠯᠦᠭᠰᠡᠨ ᠦᠭᠡᠢ᠂ ᠪᠠᠶᠢᠴᠠᠭᠠᠬᠤ ᠶᠢ ᠲᠡᠪᠴᠢᠭᠰᠡᠨ︔      ︵ᠠᠷᠪᠠ︶ ᠳᠠᠩᠰᠠ ᠡᠪᠬᠡᠮᠡᠯ ᠤᠨ ᠠᠵᠢᠯᠳᠠᠨ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠳᠠᠩᠰᠠ ᠡᠪᠬᠡᠮᠡᠯ ᠢ ᠡᠪᠳᠡᠨ ᠰᠦᠢᠳᠬᠡᠵᠦ᠂ ᠤᠰᠠᠳᠬᠠᠭᠰᠠᠨ ᠪᠠᠶᠢᠬᠤ᠃      ᠳᠥᠴᠢ ᠶᠢᠰᠦᠳᠦᠭᠡᠷ ᠵᠦᠢᠯ᠂ ᠳᠠᠩᠰᠠ ᠡᠪᠬᠡᠮᠡᠯ ᠤᠨ ᠣᠷᠳᠤᠨ ᠤ ᠳᠠᠩᠰᠠ ᠡᠪᠬᠡᠮᠡᠯ ᠢ ᠠᠰᠢᠭᠯᠠᠵᠤ᠂ ᠲᠤᠰ ᠬᠠᠤᠯᠢ ᠶᠢᠨ ᠳᠥᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ᠬᠤᠶᠠᠳᠤᠭᠠᠷ ᠵᠤᠷᠪᠤᠰ᠂ ᠳᠥᠷᠪᠡᠳᠦᠭᠡᠷ ᠵᠤᠷᠪᠤᠰ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠠᠴᠠ ᠰᠡᠷᠡᠮᠵᠢ ᠥᠭᠴᠦ᠂ ᠲᠡᠷᠡᠴᠢᠯᠡᠨ ᠨᠢᠭᠡᠴᠢ ᠶᠢ  ᠨᠢ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ᠂ ᠬᠤᠪᠢ ᠬᠥᠮᠦᠨ ᠢ ᠨᠢ ᠲᠠᠪᠤᠨ ᠵᠠᠭᠤᠨ ᠲᠥᠭᠦᠷᠢᠭ ᠠᠴᠠ ᠳᠡᠭᠡᠭᠰᠢ ᠲᠠᠪᠤᠨ ᠮᠢᠩᠭᠠᠨ ᠲᠦᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃      ᠳᠠᠩᠰᠠ ᠡᠪᠬᠡᠮᠡᠯ ᠤᠨ ᠦᠢᠯᠡᠴᠢᠯᠡᠭᠡᠨ ᠤ ᠠᠵᠤ ᠠᠬᠤᠶᠢᠯᠠᠯ ᠨᠢ ᠦᠢᠯᠡᠴᠢᠯᠡᠭᠡᠨ ᠤ ᠶᠠᠪᠤᠴᠠ ᠳᠤ ᠲᠤᠰ ᠬᠠᠤᠯᠢ ᠶᠢᠨ ᠳᠥᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ᠬᠤᠶᠠᠳᠤᠭᠠᠷ ᠵᠤᠷᠪᠤᠰ᠂ ᠳᠥᠷᠪᠡᠳᠦᠭᠡᠷ ᠵᠤᠷᠪᠤᠰ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠠᠴᠠ ᠰᠡᠷᠡᠮᠵᠢ ᠥᠭᠴᠦ᠂ ᠬᠤᠶᠠᠷ ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃      ᠨᠢᠭᠡᠴᠢ ᠪᠤᠶᠤ ᠬᠤᠪᠢ ᠬᠥᠮᠦᠨ ᠳᠤ ᠲᠤᠰ ᠬᠠᠤᠯᠢ ᠶᠢᠨ ᠳᠥᠴᠢᠨ ᠨᠠᠢᠮᠠᠳᠤᠭᠠᠷ ᠵᠦᠢᠯ ᠤᠨ ᠭᠤᠷᠪᠠᠳᠤᠭᠠᠷ ᠵᠤᠷᠪᠤᠰ᠂ ᠲᠠᠪᠤᠳᠤᠭᠠᠷ ᠵᠤᠷᠪᠤᠰ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠠᠴᠠ ᠰᠡᠷᠡᠮᠵᠢ ᠥᠭᠴᠦ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠲᠡᠷᠡᠴᠢᠯᠡᠨ ᠨᠢᠭᠡᠴᠢ ᠶᠢ ᠨᠢ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ᠂ ᠬᠤᠪᠢ ᠬᠥᠮᠦᠨ ᠢ ᠲᠠᠪᠤᠨ ᠵᠠᠭᠤᠨ ᠲᠥᠭᠦᠷᠢᠭ ᠠᠴᠠ ᠳᠡᠭᠡᠭᠰᠢ ᠲᠠᠪᠤᠨ ᠮᠢᠩᠭᠠᠨ ᠲᠦᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ  ᠰᠢᠢᠳᠬᠡᠨ᠎ᠡ︔ ᠲᠡᠷᠡᠴᠢᠯᠡᠨ ᠲᠤᠰ ᠬᠠᠤᠯᠢ ᠶᠢᠨ ᠬᠤᠷᠢᠨ ᠬᠤᠶᠠᠳᠤᠭᠠᠷ ᠵᠦᠢᠯ ᠤᠨ ᠲᠣᠭᠲᠠᠭᠠᠯ ᠶᠣᠰᠣᠭᠠᠷ ᠬᠤᠳᠠᠯᠳᠤᠬᠤ ᠪᠤᠶᠤ  ᠪᠡᠯᠡᠭᠯᠡᠨ ᠬᠦᠷᠭᠡᠭᠰᠡᠨ ᠳᠠᠩᠰᠠ ᠡᠪᠬᠡᠮᠡᠯ ᠢ ᠲᠠᠲᠠᠪᠤᠷᠢᠯᠠᠨ ᠬᠤᠳᠠᠯᠳᠤᠵᠤ ᠪᠣᠯᠤᠨ᠎ᠠ᠃      ᠲᠠᠪᠢᠳᠤᠭᠠᠷ ᠵᠦᠢᠯ᠂ ᠲᠣᠰ ᠬᠠᠤᠯᠢ ᠲᠣᠭᠲᠠᠭᠠᠯ ᠢ ᠵᠦᠷᠢᠴᠡᠵᠦ᠂ ᠳᠤᠷ᠎ᠠ ᠪᠠᠷ ᠢᠶᠠᠨ ᠵᠥᠭᠡᠭᠡᠪᠦᠷᠢᠯᠡᠭᠰᠡᠨ᠂ ᠰᠢᠤᠳᠠᠨ ᠢᠶᠠᠷ ᠢᠯᠡᠭᠡᠭᠰᠡᠨ᠂ ᠠᠪᠴᠤ ᠶᠠᠪᠤᠬᠤ ᠪᠤᠶᠤ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠬᠢᠯᠢ ᠪᠠᠷ ᠭᠠᠷᠬᠤ ᠶᠢ ᠴᠠᠭᠠᠵᠠᠯᠠᠭᠰᠠᠨ ᠳᠠᠩᠰᠠ ᠡᠪᠬᠡᠮᠡᠯ ᠪᠤᠶᠤ ᠲᠡᠭᠦᠨ ᠤ ᠪᠠᠭᠤᠯᠭᠠᠪᠤᠷᠢ ᠮᠠᠲ᠋ᠧᠷᠢᠶᠠᠯ ᠢ ᠬᠢᠯᠢ ᠠᠴᠠ ᠭᠠᠷᠭᠠᠭᠰᠠᠨ ᠪᠠᠶᠢᠪᠠᠯ᠂ ᠪᠣᠭᠤᠮᠲᠠ ᠪᠤᠶᠤ ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠳᠠᠮᠵᠢᠭᠤᠯᠬᠤ ᠶᠢ ᠨᠢ ᠬᠤᠷᠢᠶᠠᠨ ᠠᠪᠴᠤ ᠲᠠᠰᠤᠯᠤᠨ᠂ ᠲᠡᠷᠡᠴᠢᠯᠡᠨ ᠨᠢᠭᠡᠴᠢ ᠶᠢ ᠨᠢ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ᠂ ᠬᠤᠪᠢ ᠬᠥᠮᠦᠨ ᠢ ᠨᠢ ᠲᠠᠪᠤᠨ ᠵᠠᠭᠤᠨ ᠲᠥᠭᠦᠷᠢᠭ ᠠᠴᠠ ᠳᠡᠭᠡᠭᠰᠢ ᠲᠠᠪᠤᠨ ᠮᠢᠩᠭᠠᠨ ᠲᠦᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠲᠡᠷᠡᠴᠢᠯᠡᠨ ᠳᠠᠮᠵᠢᠭᠤᠯᠬᠤ ᠳᠠᠩᠰᠠ ᠡᠪᠬᠡᠮᠡᠯ ᠪᠤᠶᠤ ᠲᠡᠭᠦᠨ ᠤ ᠪᠠᠭᠤᠯᠭᠠᠪᠤᠷᠢ ᠮᠠᠲ᠋ᠧᠷᠢᠶᠠᠯ ᠢ ᠳᠠᠩᠰᠠ ᠡᠪᠬᠡᠮᠡᠯ ᠤᠨ ᠭᠤᠣᠯᠯᠠ ᠬᠠᠮᠢᠶᠠᠷᠬᠤ ᠰᠠᠯᠠᠭ᠎ᠠ ᠮᠦᠴᠢᠷ ᠲᠤ ᠰᠢᠯᠵᠢᠭᠦᠯᠦᠨ ᠲᠤᠰᠢᠶᠠᠬᠤ ᠬᠡᠷᠡᠭᠲᠡᠶ᠃      ᠲᠠᠪᠢᠨ ᠨᠢᠭᠡᠳᠦᠭᠡᠷ ᠵᠦᠢᠯ᠂ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠤᠶᠤ ᠪᠤᠰᠤᠳ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ᠃      ᠨᠠᠢᠮᠠᠳᠤᠭᠠᠷ ᠪᠦᠯᠦᠭ  ᠳᠠᠭᠠᠯᠳᠤᠭᠤᠯᠤᠭᠰᠠᠨ ᠲᠦᠷᠢᠮ      ᠲᠠᠪᠢᠨ ᠬᠤᠶᠠᠳᠤᠭᠠᠷ ᠵᠦᠢᠯ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠣᠯᠤᠨ ᠳᠤᠮᠳᠠᠳᠤ ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠩᠰᠠ ᠡᠪᠬᠡᠮᠡᠯ ᠤᠨ ᠠᠵᠢᠯ ᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠲᠤᠰ ᠬᠠᠤᠯᠢ ᠶᠢ ᠦᠨᠳᠦᠰᠦᠯᠡᠨ ᠬᠠᠮᠢᠶᠠᠷᠤᠯᠲᠠ ᠶᠢᠨ ᠠᠷᠭ᠎ᠠ ᠲᠣᠭᠲᠠᠭᠠᠨ᠎ᠠ᠃      ᠲᠠᠪᠢᠨ ᠭᠤᠷᠪᠠᠳᠤᠭᠠᠷ ᠵᠦᠢᠯ᠂ ᠲᠤᠰ ᠬᠠᠤᠯᠢ ᠶᠢ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠰᠠ ᠡᠪᠬᠡᠮᠡᠯ ᠤᠨ ᠬᠠᠤᠯᠢ︾ ᠶᠢᠨ ᠲᠠᠶᠢᠯᠤᠮᠵᠢ᠄ http://jtyst.nmg.gov.cn/doc/2020/07/24/362538.shtml
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠮᠡᠳᠡᠭᠡ ᠵᠠᠩᠭᠢ ᠶᠢᠨ ᠲᠥᠪ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号