内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠲᠣᠭᠲᠠᠭᠠᠯ
        ᠨᠡᠶᠢᠲᠡᠯᠡᠭᠰᠡᠨ ᠴᠠᠭ᠄
        2020/12/11
             ᠨᠢᠭᠡᠳᠦᠭᠡᠷ ᠵᠦᠢᠯ᠂ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠵᠤ᠂ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠠᠷᠠᠳ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾᠂ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃      ᠬᠤᠶᠠᠳᠤᠭᠠᠷ ᠵᠦᠢᠯ᠂ ᠵᠠᠰᠠᠮᠠᠯ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠬᠢᠬᠦ ᠳᠤ᠂ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠳᠤ᠂ ᠲᠣᠰ ᠲᠣᠭᠲᠠᠭᠠᠯ ᠢ ᠵᠢᠷᠤᠮᠯᠠᠬᠤ ᠬᠡᠷᠡᠭᠲᠡᠶ᠃      ᠲᠣᠰ ᠲᠣᠭᠲᠠᠭᠠᠯ ᠳᠤ ᠬᠡᠯᠡᠵᠦ ᠪᠠᠶᠢᠭ᠎ᠠ ᠵᠠᠰᠠᠮᠠᠯ ᠵᠠᠮ ᠤᠨ ᠪᠠᠷᠢᠯᠭ᠎ᠠ ᠭᠡᠳᠡᠭ ᠨᠢ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠵᠢᠴᠢ ᠠᠷᠠᠴᠢᠯᠠᠨ ᠬᠠᠮᠠᠭᠠᠯᠠᠵᠤ ᠶᠡᠬᠡᠪᠡᠷ ᠵᠠᠰᠠᠬᠤ ᠵᠡᠷᠭᠡ ᠪᠠᠷᠢᠯᠭ᠎ᠠ ᠶᠢ ᠵᠢᠭᠠᠵᠤ ᠪᠣᠢ᠃      ᠲᠤᠰ ᠲᠣᠭᠲᠠᠭᠠᠯ ᠳᠤ ᠬᠡᠯᠡᠵᠦ ᠪᠠᠶᠢᠭ᠎ᠠ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠭᠡᠳᠡᠭ ᠨᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ ᠪᠣᠯᠤᠨ ᠵᠢᠷᠤᠮᠵᠢᠯ ᠢ ᠦᠨᠳᠦᠰᠦᠯᠡᠨ᠂ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠵᠢᠭᠠᠵᠤ ᠪᠣᠢ᠃      ᠭᠤᠷᠪᠠᠳᠤᠭᠠᠷ ᠵᠦᠢᠯ᠂ ᠤᠯᠤᠰ ᠠᠴᠠ ᠵᠠᠰᠠᠮᠠᠯ ᠵᠡᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ ᠢ ᠬᠡᠷᠡᠭᠵᠢᠭᠦᠯᠦᠨ᠎ᠡ᠃      ᠵᠠᠰᠠᠮᠠᠯ ᠵᠡᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠳᠤ ᠰᠢᠨᠵᠢᠯᠡᠬᠦ ᠤᠬᠠᠭᠠᠨᠴᠢ᠂ ᠪᠣᠰᠤᠳᠴᠢ᠂ ᠢᠯᠠ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠶ᠃      ᠳᠥᠷᠪᠡᠳᠦᠭᠡᠷ ᠵᠦᠢᠯ᠂ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠡᠷᠬᠢᠯᠡᠬᠦ ᠨᠢᠭᠡᠴᠢ ᠠᠴᠠ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠵᠦ᠂ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠡᠭᠦᠨ ᠤ ᠬᠠᠷᠢᠶ᠎ᠠ ᠪᠦᠬᠦᠢ ᠶᠠᠰᠤ ᠴᠢᠨᠠᠷ ᠲᠤ ᠬᠢᠨᠠᠯᠲᠠ ᠲᠠᠯᠪᠢᠬᠤ ᠪᠠᠶᠢᠭᠤᠯᠤᠮᠵᠢ ︵ᠳᠣᠷᠣᠭᠰᠢ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠭᠡᠵᠦ ᠲᠣᠪᠴᠢᠯᠠᠨ᠎ᠠ︶ ᠶᠢᠨ ᠬᠢᠨᠠᠯᠲᠠ ᠪᠠᠶᠢᠴᠠᠭᠠᠯᠲᠠ ᠶᠢ ᠬᠦᠯᠢᠶᠡᠨ ᠠᠪᠴᠤ᠂ ᠬᠠᠮᠴᠢᠯᠴᠠᠨ᠂ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃      ᠡᠮᠦᠨᠡᠬᠢ ᠪᠠᠳᠠᠭ ᠲᠤ ᠬᠡᠯᠡᠵᠦ ᠪᠠᠶᠢᠭ᠎ᠠ ᠠᠵᠢᠯ ᠡᠷᠬᠢᠯᠡᠬᠦ ᠨᠢᠭᠡᠴᠢ ᠭᠡᠳᠡᠭ ᠨᠢ ᠵᠠᠰᠠᠮᠠᠯ ᠵᠡᠮ ᠤᠨ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢ ᠬᠢᠵᠦ ᠪᠠᠶᠢᠭ᠎ᠠ ᠪᠦᠳᠦᠭᠡᠠ ᠪᠠᠶᠢᠭᠤᠯᠬᠤ ᠨᠢᠭᠡᠴᠢ᠂ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ ᠨᠢᠭᠡᠴᠢ᠂ ᠪᠠᠷᠢᠯᠭ᠎ᠠ ᠪᠠᠷᠢᠬᠤ ᠨᠢᠭᠡᠴᠢ᠂ ᠬᠢᠨᠠᠨ ᠬᠠᠮᠢᠶᠠᠷᠬᠤ ᠨᠢᠭᠡᠴᠢ᠂ ᠲᠤᠷᠰᠢᠯᠲᠠ ᠶᠢᠨ ᠪᠠᠶᠢᠴᠠᠭᠠᠨ ᠬᠡᠮᠵᠢᠬᠦ ᠨᠢᠭᠡᠴᠢ ᠵᠢᠴᠢ  ᠬᠠᠮᠢᠶ᠎ᠠ ᠪᠦᠬᠦᠢ ᠲᠥᠬᠦᠭᠡᠷᠦᠮᠵᠢ᠂ ᠮᠠᠲ᠋ᠧᠷᠢᠶᠠᠯ ᠬᠠᠩᠭᠠᠬᠤ ᠨᠢᠭᠡᠴᠢ ᠶᠢ ᠵᠢᠭᠠᠵᠤ ᠪᠣᠢ᠃      ᠲᠠᠪᠤᠳᠤᠭᠠᠷ ᠵᠦᠢᠯ᠂ ᠵᠠᠮ ᠬᠠᠷᠢᠯᠴᠠᠭᠠᠨ ᠤ ᠶᠠᠮᠤᠨ ᠠᠴᠠ ᠪᠦᠬᠦ ᠤᠯᠤᠰ ᠤᠨ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠭᠤᠣᠯᠯᠠᠨ ᠬᠠᠮᠢᠶᠠᠷᠤᠨ᠎ᠠ᠃      ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠡᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠵᠠᠰᠠᠮᠠᠯ ᠵᠡᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃      ᠵᠢᠷᠭᠤᠳᠤᠭᠠᠷ ᠵᠦᠢᠯ᠂ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠳᠤ ᠭᠤᠤᠯᠳᠠᠭᠤ ᠳᠣᠤᠷᠠᠬᠢ ᠠᠭᠤᠯᠭ᠎ᠠ ᠶᠢ ᠪᠠᠭᠲᠠᠭᠠᠨ᠎ᠠ᠄      ︵ᠨᠢᠭᠡ︶ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ ᠪᠠ ᠵᠢᠷᠤᠮᠵᠢᠯ ᠢ ᠬᠡᠷᠡᠭᠵᠢᠭᠦᠯᠦᠭᠰᠡᠨ ᠪᠠᠶᠢᠳᠠᠯ︔᡽      ︵ᠬᠤᠶᠠᠷ︶ ᠠᠵᠢᠯ ᠡᠷᠬᠢᠯᠡᠬᠦ ᠨᠢᠭᠡᠴᠢ ᠶᠢᠨ ᠶᠠᠰᠤ ᠴᠢᠨᠠᠷ ᠢ ᠪᠠᠲᠤᠯᠠᠬᠤ ᠰᠢᠰᠲ᠋ᠧᠮ ᠵᠢᠴᠢ ᠲᠡᠭᠦᠨ ᠤ ᠠᠵᠢᠯᠯᠠᠭᠠᠨ ᠤ ᠪᠠᠶᠢᠳᠠᠯ︔      ︵ᠭᠤᠷᠪᠠ︶ ᠬᠠᠶᠢᠨ ᠪᠠᠶᠢᠴᠠᠭᠠᠭᠰᠠᠨ᠂ ᠵᠢᠷᠤᠵᠤ ᠲᠥᠯᠥᠪᠯᠡᠭᠰᠡᠨ ᠶᠠᠰᠤ ᠴᠢᠨᠠᠷ ᠤᠨ ᠪᠠᠶᠢᠳᠠᠯ᠂ ᠪᠠᠷᠢᠯᠭ᠎ᠠ ᠶᠢᠨ ᠶᠠᠰᠤ ᠴᠢᠨᠠᠷ ᠤᠨ ᠪᠠᠶᠢᠳᠠᠯ᠂ ᠬᠡᠷᠡᠭᠯᠡᠭᠰᠡᠨ ᠮᠠᠲ᠋ᠧᠷᠢᠶᠠᠯ᠂ ᠲᠥᠬᠦᠭᠡᠷᠦᠮᠵᠢ ᠶᠢᠨ ᠶᠠᠰᠤ ᠴᠢᠨᠠᠷ ᠤᠨ ᠪᠠᠶᠢᠳᠠᠯ︔      ︵ᠳᠥᠷᠪᠡ︶ ᠪᠠᠷᠢᠯᠭ᠎ᠠ ᠶᠢᠨ ᠲᠤᠷᠰᠢᠯᠲᠠ ᠬᠢᠵᠦ ᠪᠠᠶᠢᠴᠠᠭᠠᠨ ᠰᠢᠯᠭᠠᠭᠰᠠᠨ ᠠᠵᠢᠯ ᠤᠨ ᠪᠠᠶᠢᠳᠠᠯ︔      ︵ᠲᠠᠪᠤ︶ ᠪᠠᠷᠢᠯᠭ᠎ᠠ ᠶᠢᠨ ᠶᠠᠰᠤ ᠴᠢᠨᠠᠷ ᠤᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠵᠢᠷᠤᠮᠵᠢᠯ ᠤᠨ ᠴᠢᠨᠠᠷ᠂ ᠬᠠᠤᠯᠢ ᠶᠣᠰᠣᠴᠢ ᠴᠢᠨᠠᠷ ᠤᠨ ᠪᠠᠶᠢᠳᠠᠯ︔      ︵ᠵᠢᠷᠭᠤᠭ᠎ᠠ︶ ᠠᠵᠢᠯ ᠡᠷᠬᠢᠯᠡᠬᠦ ᠨᠢᠭᠡᠴᠢ ᠶᠢᠨ ᠪᠠᠷᠢᠯᠭ᠎ᠠ ᠶᠢ ᠬᠡᠷᠡᠭᠵᠢᠭᠦᠯᠬᠦ ᠶᠠᠪᠤᠴᠠ ᠳᠠᠬᠢ ᠶᠠᠰᠤ ᠴᠢᠨᠠᠷ ᠤᠨ ᠦᠢᠯᠡ ᠠᠵᠢᠯᠯᠠᠭ᠎ᠠ᠃      ᠳᠣᠯᠣᠳᠤᠭᠠᠷ ᠵᠦᠢᠯ᠂ ᠵᠠᠮ ᠬᠠᠷᠢᠯᠴᠠᠭ᠎ᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠨᠢ ᠭᠤᠣᠯᠳᠠᠭᠤ᠄      ︵ᠨᠢᠭᠡ︶ ᠠᠵᠢᠯ ᠡᠷᠬᠢᠯᠡᠬᠦ ᠨᠢᠭᠡᠴᠢ ᠨᠢ ᠬᠠᠤᠯᠢ ᠶᠣᠰᠣᠭᠠᠷ ᠣᠯᠤᠭᠰᠠᠨ ᠵᠣᠬᠢᠴᠠᠩᠭᠤᠶ ᠵᠡᠷᠭᠡ ᠲᠡᠰ ᠤᠨ ᠬᠢᠷᠢ ᠬᠡᠮ ᠤᠨ ᠦᠨᠡᠮᠯᠡᠯ ᠪᠠᠶᠢᠬᠤ ᠡᠰᠡᠬᠦ᠂ ᠠᠵᠢᠯᠯᠠᠵᠤ ᠪᠠᠶᠢᠭ᠎ᠠ ᠬᠥᠮᠦᠰ ᠨᠢ ᠤᠯᠤᠰ ᠤᠨ ᠲᠣᠭᠲᠠᠭᠠᠯ ᠶᠣᠰᠣᠭᠠᠷ ᠰᠢᠯᠭᠠᠯᠲᠠ ᠳᠤ ᠬᠢᠷᠢ ᠲᠡᠩᠴᠡᠬᠦ ᠪᠠᠷ ᠲᠠᠮᠵᠢᠨ᠂ ᠠᠵᠢᠯ ᠤᠨ ᠪᠠᠶᠢᠷᠢ ᠳᠤ ᠭᠠᠷᠬᠤ ᠬᠢᠷᠢ ᠬᠡᠮ ᠣᠯᠤᠭᠰᠠᠨ ᠡᠰᠡᠬᠦ ᠳᠤ ᠬᠢᠨᠠᠯᠲᠠ ᠲᠠᠯᠪᠢᠵᠤ ᠪᠠᠶᠢᠴᠠᠭᠠᠨ᠎ᠠ︔      ︵ᠬᠤᠶᠠᠷ︶ ᠪᠦᠲᠦᠭᠡᠨ ᠪᠠᠶᠢᠭᠤᠯᠬᠤ᠂ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ ᠨᠢᠭᠡᠴᠢ᠂ ᠪᠠᠷᠢᠯᠭ᠎ᠠ ᠪᠠᠷᠢᠬᠤ ᠪᠠ ᠬᠢᠨᠠᠨ ᠬᠠᠮᠢᠶᠠᠷᠬᠤ ᠨᠢᠭᠡᠴᠢ ᠶᠢᠨ ᠶᠠᠰᠤ ᠴᠢᠨᠠᠷ ᠢ ᠪᠠᠲᠤᠯᠠᠬᠤ ᠰᠢᠰᠲ᠋ᠧᠮᠵᠢ ᠶᠢᠨ ᠬᠠᠨᠳᠤᠯᠭᠠᠲᠤ ᠴᠢᠨᠠᠷ᠂ ᠴᠢᠩᠭ᠎ᠠ ᠨᠢᠭᠲᠠ ᠴᠢᠨᠠᠷ ᠪᠠ ᠠᠵᠢᠯᠯᠠᠭᠠᠨ ᠤ ᠪᠦᠲᠦᠮᠵᠢᠲᠦ ᠴᠢᠨᠠᠷ ᠵᠢᠴᠢ ᠡᠯ᠎ᠡ ᠨᠢᠭᠡᠴᠢ ᠶᠢᠨ ᠶᠠᠰᠤ ᠴᠢᠨᠠᠷ ᠢ ᠪᠠᠲᠤᠯᠠᠬᠤ ᠰᠢᠰᠲ᠋ᠧᠮ ᠤᠨ ᠬᠤᠭᠤᠷᠣᠨᠳᠣᠬᠢ ᠵᠣᠬᠢᠴᠠᠩᠭᠤᠶ ᠴᠢᠨᠠᠷ ᠪᠠ ᠨᠢᠭᠡᠳᠦᠯᠲᠦ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠨ᠎ᠠ᠃︔      ︵ᠭᠤᠷᠪᠠ︶ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ ᠪᠢᠴᠢᠭ ᠮᠠᠲ᠋ᠧᠷᠢᠶᠠᠯ ᠨᠢ ᠤᠯᠤᠰ ᠠᠴᠠ ᠲᠣᠭᠲᠠᠭᠠᠭᠰᠠᠨ ᠮᠡᠷᠭᠡᠵᠢᠯ ᠤᠨ ᠪᠠᠷᠢᠮᠵᠢᠶ᠎ᠠ ᠪᠠ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠵᠢᠷᠤᠵᠤ ᠲᠥᠯᠥᠪᠯᠡᠬᠦ ᠪᠢᠴᠢᠭ ᠮᠠᠲ᠋ᠧᠷᠢᠶᠠᠯ ᠨᠢ ᠤᠯᠤᠰ ᠠᠴᠠ ᠲᠣᠭᠲᠠᠭᠠᠭᠰᠠᠨ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠳᠤ ᠬᠦᠷᠦᠭᠰᠡᠨ ᠡᠰᠡᠬᠦ ᠳᠤ ᠬᠢᠨᠠᠯᠲᠠ ᠲᠠᠯᠪᠢᠵᠤ ᠪᠠᠶᠢᠴᠠᠭᠠᠨ᠎ᠠ᠃᠃      ︵ᠳᠥᠷᠪᠡ︶ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠪᠠ ᠲᠥᠬᠦᠭᠡᠷᠦᠮᠵᠢ᠂ ᠮᠠᠲ᠋ᠧᠷᠢᠶᠠᠯ ᠬᠠᠩᠭᠠᠬᠤ ᠨᠢᠭᠡᠴᠢ ᠶᠢᠨ ᠬᠤᠯᠪᠣᠭᠳᠠᠯ ᠪᠦᠬᠦᠢ ᠶᠠᠰᠤ ᠴᠢᠨᠠᠷ ᠤᠨ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠪᠠ ᠲᠥᠬᠦᠭᠡᠷᠦᠮᠵᠢ᠂ ᠮᠠᠲ᠋ᠧᠷᠢᠶᠠᠯ ᠬᠠᠩᠭᠠᠬᠤ ᠡᠰᠡᠬᠦ ᠳᠤ ᠬᠢᠨᠠᠯᠲᠠ ᠲᠠᠯᠪᠢᠵᠤ ᠪᠠᠶᠢᠴᠠᠭᠠᠨ᠎ᠠ︔      ︵ᠲᠠᠪᠤ︶ ᠬᠢᠨᠠᠨ ᠬᠠᠮᠢᠶᠠᠷᠬᠤ ᠨᠢᠭᠡᠴᠢ ᠶᠢᠨ ᠶᠠᠰᠤ ᠴᠢᠨᠠᠷ ᠤᠨ ᠬᠠᠮᠢᠶᠠᠷᠤᠯᠲᠠ ᠪᠠ ᠲᠤᠬᠠᠶ ᠶᠢᠨ ᠲᠠᠯᠠᠪᠠᠢ ᠶᠢᠨ ᠶᠠᠰᠤ ᠴᠢᠨᠠᠷ ᠤᠨ ᠡᠵᠡᠮᠰᠢᠯ ᠤᠨ ᠪᠠᠶᠢᠳᠠᠯ ᠵᠢᠴᠢ ᠵᠠᠰᠠᠮᠠᠯ ᠵᠠᠮ ᠤᠨ ᠪᠠᠷᠢᠯᠭ᠎ᠠ ᠶᠢᠨ ᠵᠠᠩᠭᠢᠯᠠᠭ᠎ᠠ ᠶᠢᠨ ᠬᠡᠰᠡᠭ ᠪᠣᠯᠤᠨ ᠳᠠᠯᠳᠠ ᠪᠠᠷᠢᠯᠭ᠎ᠠ ᠶᠢᠨ ᠬᠠᠵᠠᠭᠤ ᠶᠢᠨ ᠪᠠᠶᠢᠳᠠᠯ᠂ ᠡᠯ᠎ᠡ ᠪᠠᠷᠢᠯᠭ᠎ᠠ ᠶᠢᠨ ᠠᠵᠢᠯ ᠤᠨ ᠲᠠᠰ ᠳᠠᠷᠠᠭᠠᠯᠠᠯ ᠤᠨ ᠶᠠᠰᠤ ᠴᠢᠨᠠᠷ ᠢ ᠪᠠᠶᠢᠴᠠᠭᠠᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ︔      ︵ᠵᠢᠷᠭᠤᠭ᠎ᠠ︶ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠲᠥᠬᠦᠭᠡᠷᠦᠮᠵᠢ ᠶᠢᠨ ᠬᠢᠷᠢ ᠲᠡᠩᠴᠡᠭᠰᠡᠨ ᠡᠰᠡᠬᠦ᠂ ᠲᠤᠷᠰᠢᠯᠲᠠ ᠶᠢᠨ ᠠᠷᠭ᠎ᠠ ᠨᠢ ᠵᠢᠷᠤᠮᠵᠢᠭᠤᠨ ᠡᠰᠡᠬᠦ᠂ ᠲᠤᠷᠰᠢᠯᠲᠠ ᠶᠢᠨ ᠲᠤᠭ᠎ᠠ ᠪᠠᠷᠢᠮᠲᠠ ᠨᠢ ᠣᠨᠣᠪᠴᠢᠲᠠᠶ ᠡᠰᠡᠬᠦ᠂ ᠲᠤᠷᠰᠢᠯᠲᠠ ᠶᠢᠨ ᠪᠠᠶᠢᠴᠠᠭᠠᠯᠲᠠ ᠶᠢᠨ ᠳᠠᠪᠲᠠᠮᠵᠢ ᠨᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠰᠡᠬᠦ ᠳᠤ ᠬᠢᠨᠠᠯᠲᠠ ᠲᠠᠯᠪᠢᠵᠤ ᠪᠠᠶᠢᠴᠠᠭᠠᠨ᠎ᠠ︔      ︵ᠳᠣᠯᠤᠭ᠎ᠠ︶ ᠮᠠᠲ᠋ᠧᠷᠢᠶᠠᠯ ᠬᠤᠳᠠᠯᠳᠤᠨ ᠠᠪᠬᠤ᠂ ᠲᠠᠯᠠᠪᠠᠢ ᠳᠤ ᠣᠷᠣᠭᠤᠯᠬᠤ ᠪᠠ ᠬᠡᠷᠡᠭᠯᠡᠬᠦ ᠵᠡᠷᠭᠡ ᠵᠠᠩᠭᠢᠯᠠᠭ᠎ᠠ ᠶᠢᠨ ᠶᠠᠰᠤ ᠴᠢᠨᠠᠷ ᠤᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠬᠤ ᠶᠢᠨ ᠬᠠᠮᠲᠤ᠂ ᠰᠣᠩᠭᠤᠨ ᠪᠠᠶᠢᠴᠠᠭᠠᠭᠰᠠᠨ ᠦᠯᠢᠭᠡᠷ ᠡᠳ᠋ ᠤᠨ ᠶᠠᠰᠤ ᠴᠢᠨᠠᠷ ᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠨᠡᠶᠢᠲᠡᠯᠡᠵᠦ᠂ ᠵᠠᠩᠭᠢᠯᠠᠭ᠎ᠠ ᠶᠢᠨ ᠲᠥᠬᠦᠭᠡᠷᠦᠮᠵᠢ ᠶᠢᠨ ᠴᠢᠳᠠᠮᠵᠢ ᠶᠢᠨ ᠪᠠᠶᠢᠳᠠᠯ ᠢ ᠪᠠᠶᠢᠴᠠᠭᠠᠨ᠎ᠠ︔      ︵ᠨᠠᠢᠮᠠ︶ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠤᠨ ᠪᠠᠶᠢᠳᠠᠯ ᠳᠤ ᠰᠤᠭᠤᠴᠢᠨ ᠪᠠᠶᠢᠴᠠᠭᠠᠯᠲᠠ ᠬᠢᠵᠦ᠂ ᠶᠠᠰᠤ ᠴᠢᠨᠠᠷ ᠤᠨ ᠭᠤᠤᠯ ᠭᠦᠢᠴᠡᠳᠬᠡᠯ ᠲᠤᠭ᠎ᠠ ᠶᠢᠨ ᠬᠤᠪᠢᠷᠠᠯᠲᠠ ᠶᠢᠨ ᠪᠠᠶᠢᠳᠠᠯ ᠢ ᠵᠠᠳᠠᠯᠵᠤ᠂ ᠶᠠᠰᠤ ᠴᠢᠨᠠᠷ ᠤᠨ ᠶᠡᠷᠦᠩᠬᠡᠶ ᠪᠠᠶᠢᠳᠠᠯ ᠪᠣᠯᠤᠨ ᠣᠷᠣᠰᠢᠵᠤ ᠪᠠᠶᠢᠭ᠎ᠠ ᠭᠤᠤᠯ ᠠᠰᠠᠭᠤᠳᠠᠯ ᠢ ᠦᠨᠡᠯᠡᠨ ᠵᠢᠱᠢᠵᠦ᠂ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠵᠢᠯᠤᠭᠤᠳᠬᠤ ᠴᠢᠨᠠᠷᠲᠠᠶ ᠰᠠᠨᠠᠯ ᠢ ᠳᠤᠷᠠᠳᠴᠤ᠂ ᠶᠠᠰᠤ ᠴᠢᠨᠠᠷ ᠤᠨ ᠬᠥᠳᠡᠯᠦᠩᠭᠦᠶ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ︔      ︵ᠶᠢᠰᠦ︶ ᠪᠠᠷᠢᠯᠭ᠎ᠠ ᠳᠠᠭᠤᠰᠤᠭᠰᠠᠨ ᠲᠥᠷᠥᠯ ᠵᠦᠢᠯ ᠳᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠪᠠ ᠶᠠᠰᠤ ᠴᠢᠨᠠᠷ ᠤᠨ ᠰᠢᠯᠭᠠᠨ ᠲᠣᠭᠲᠠᠭᠠᠯᠲᠠ ᠬᠢᠨ᠎ᠡ᠃       ᠨᠠᠢᠮᠠᠳᠤᠭᠠᠷ ᠵᠦᠢᠯ᠂ ᠵᠠᠮ ᠬᠠᠷᠢᠯᠴᠠᠭᠠᠨ ᠤ ᠶᠠᠮᠤᠨ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠨᠥᠬᠦᠴᠡᠯ ᠲᠠᠢ ᠲᠣᠭᠤᠷᠢᠭ ᠪᠠᠶᠢᠭᠤᠯᠤᠭᠰᠠ ᠬᠤᠲᠠ ᠶᠢᠨ ᠱᠠᠲᠤᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠶ᠎ᠠ ᠪᠦᠬᠦᠢ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠳᠤ ᠨᠠᠶᠢᠳᠠᠵᠤ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠪᠣᠳᠠᠲᠠᠶ ᠬᠡᠷᠡᠭᠵᠢᠭᠦᠯᠦᠨ᠎ᠡ᠃      ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠯᠤᠨ ᠶᠠᠰᠤ ᠴᠢᠨᠠᠷ ᠤᠨ ᠬᠢᠨᠠᠯᠲᠠ ᠶᠢᠨ ᠲᠤᠰᠬᠠᠶ ᠪᠠᠶᠢᠭᠤᠯᠤᠮᠵᠢ ᠪᠠᠶᠢᠭᠤᠯᠤᠭᠠᠳᠤᠶ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠶᠠᠰᠤ ᠴᠢᠨᠠᠷ ᠲᠤ ᠬᠢᠨᠠᠯᠲᠠ ᠲᠠᠯᠪᠢᠬᠤ ᠲᠤᠰᠬᠠᠶ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠠᠵᠢᠯᠳᠠᠨ ᠲᠠᠢ ᠪᠠᠶᠢᠬᠤ ᠶᠢᠨ ᠬᠠᠮᠲᠤ᠂ ᠳᠡᠭᠡᠷ᠎ᠡ ᠨᠢᠭᠡ ᠱᠠᠲᠤᠨ ᠤ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠬᠦᠯᠢᠶᠡᠬᠦ ᠬᠡᠷᠡᠭᠲᠡᠶ᠃      ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠨᠢ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠨᠠᠶᠢᠳᠠᠭᠰᠠᠨ ᠵᠦᠢᠯᠡᠰ ᠤᠨ ᠬᠡᠪᠴᠢᠶᠡᠨ ᠳᠣᠲᠣᠷ᠎ᠠ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠡᠷᠡᠭᠵᠢᠭᠦᠯᠬᠦ ᠬᠡᠷᠡᠭᠲᠡᠶ᠃      ᠶᠢᠰᠦᠳᠦᠭᠡᠷ ᠵᠦᠢᠯ᠂ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠨᠢ ᠳᠣᠤᠷᠠᠬᠢ ᠮᠡᠲᠦ ᠦᠨᠳᠦᠰᠦᠨ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄      ︵ᠨᠢᠭᠡ︶ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠬᠢᠵᠦ ᠪᠠᠶᠢᠭ᠎ᠠ ᠲᠤᠰᠬᠠᠶ ᠮᠡᠷᠭᠡᠵᠢᠯ ᠤᠨ ᠠᠵᠢᠯᠲᠠᠨ ᠤ ᠪᠦᠲᠦᠴᠡ ᠨᠢ ᠵᠦᠶ ᠵᠣᠬᠢᠰᠲᠠᠶ ᠪᠠᠶᠢᠵᠤ᠂ ᠲᠤᠭ᠎ᠠ ᠬᠡᠮᠵᠢᠶ᠎ᠡ ᠨᠢ ᠠᠵᠢᠯᠲᠠᠨ ᠠᠵᠢᠯᠴᠢᠨ ᠤ ᠶᠡᠷᠦᠩᠬᠡᠶ ᠲᠣᠭᠠᠨ ᠤ 70% ᠠᠴᠠ ᠳᠤᠲᠠᠭᠤ ᠪᠠᠶᠢᠵᠤ ᠪᠣᠯᠬᠤ ᠥᠬᠡᠶ︔      ︵ᠬᠤᠶᠠᠷ︶ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠬᠢᠵᠦ ᠪᠠᠶᠢᠭ᠎ᠠ ᠲᠤᠰᠬᠠᠶ ᠮᠡᠷᠭᠡᠵᠢᠯ ᠤᠨ ᠠᠵᠢᠯᠳᠠᠨ ᠲᠤᠰ ᠲᠤᠰᠬᠠᠶ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠤᠶᠤ ᠲᠤᠰ ᠲᠤᠰᠬᠠᠢ ᠮᠡᠷᠭᠡᠵᠢᠯ ᠤᠨ ᠳᠤᠮᠳᠠ ᠵᠡᠷᠭᠡ ᠠᠴᠠ ᠳᠡᠭᠡᠭᠰᠢᠬᠢ ᠲᠤᠰᠬᠠᠶ ᠮᠡᠷᠭᠡᠵᠢᠯ ᠤᠨ ᠲᠤᠰᠢᠶᠠᠯ ᠡᠭᠦᠷᠭᠡᠯᠡᠬᠦ ᠬᠢᠷᠢ ᠬᠡᠮ ᠲᠠᠢ ᠪᠠᠶᠢᠬᠤ︔      ︵ᠭᠤᠷᠪᠠ︶ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠪᠠ ᠮᠡᠷᠭᠡᠵᠢᠯ ᠤᠨ ᠬᠠᠷᠢᠭᠤᠴᠠᠯᠭᠠᠲᠠᠨ ᠨᠢ 10 ᠵᠢᠯ ᠠᠴᠠ ᠳᠡᠭᠡᠭᠰᠢᠬᠢ ᠵᠠᠰᠠᠮᠠᠯ ᠵᠡᠮ ᠤᠨ ᠲᠤᠰᠬᠠᠶ ᠮᠡᠷᠭᠡᠵᠢᠯ ᠤᠨ ᠠᠵᠢᠯ ᠤᠨ ᠥᠩᠭᠡᠷᠡᠯᠲᠡ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠲᠤᠰᠢᠶᠠᠯ ᠡᠭᠦᠷᠭᠡᠯᠡᠬᠦ ᠬᠢᠷᠢ ᠬᠡᠮ ᠲᠠᠢ ᠪᠠᠶᠢᠬᠤ︔      ︵ᠳᠥᠷᠪᠡ︶ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠲᠠᠢ ᠵᠣᠬᠢᠴᠠᠯᠳᠤᠭᠰᠠᠨ ᠲᠤᠷᠰᠢᠨ ᠪᠠᠶᠢᠴᠠᠭᠠᠬᠤ ᠨᠥᠬᠦᠴᠡᠯ ᠢ ᠪᠦᠷᠢᠯᠳᠦᠭᠦᠯᠬᠦ︔ ᡾      ︵ᠲᠠᠪᠤ︶ ᠶᠠᠰᠤ ᠴᠢᠨᠠᠷ ᠲᠤ ᠬᠢᠨᠠᠯᠲᠠ ᠲᠠᠯᠪᠢᠬᠤ ᠪᠠ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠦᠷᠢᠨ ᠲᠡᠭᠦᠯᠳᠡᠷ ᠳᠦᠷᠢᠮ ᠲᠠᠢ ᠪᠠᠶᠢᠬᠤ︔      ︵ᠵᠢᠷᠭᠤᠭ᠎ᠠ︶ ᠮᠤᠵᠢ ᠶᠢᠨ ᠱᠠᠲᠤᠨ ᠠᠴᠠ ᠳᠡᠭᠡᠭᠰᠢᠬᠢ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠠᠶᠢᠬᠤ᠃      ᠠᠷᠪᠠᠳᠤᠭᠠᠷ ᠵᠦᠢᠯ᠂ ᠪᠦᠲᠦᠭᠡᠨ ᠪᠠᠶᠢᠭᠤᠯᠬᠤ ᠨᠢᠭᠡᠴᠢ ᠪᠤᠶᠤ ᠲᠥᠷᠥᠯ ᠵᠦᠢᠯ ᠤᠨ ᠬᠠᠤᠯᠢ ᠤᠨ ᠡᠷᠬᠡᠲᠡᠨ ᠨᠢ ᠠᠵᠢᠯ ᠡᠬᠢᠯᠡᠬᠦ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢᠶᠠᠨ ᠪᠡᠶᠡᠯᠡᠭᠦᠯᠦᠭᠰᠡᠨ ᠤ ᠳᠠᠷᠠᠭ᠎ᠠ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠠᠴᠠ ᠭᠤᠴᠢᠨ ᠡᠳᠦᠷ ᠤᠨ ᠡᠮᠦᠨ᠎ᠡ᠂ ᠵᠠᠮ ᠬᠠᠷᠢᠯᠴᠠᠭᠠᠨ ᠤ ᠶᠠᠮᠤᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠳᠤ ᠬᠦᠷᠴᠦ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠭᠠᠷ ᠭᠦᠢᠴᠡᠳᠬᠡᠯ ᠬᠢᠬᠦ ᠬᠡᠷᠡᠭᠲᠡᠶ᠃       ᠠᠷᠪᠠᠨ ᠨᠢᠭᠡᠳᠦᠭᠡᠷ ᠵᠦᠢᠯ᠂ ᠪᠠᠷᠢᠯᠭ᠎ᠠ ᠪᠠᠷᠢᠭᠤᠯᠬᠤ ᠨᠢᠭᠡᠴᠢ ᠠᠴᠠ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠭᠠᠷ ᠭᠦᠢᠴᠡᠳᠬᠡᠯ ᠬᠢᠬᠦ ᠳᠤ᠂ ᠵᠠᠰᠠᠮᠠᠯ ᠵᠠᠮ ᠤᠨ ᠪᠠᠷᠢᠯᠭ᠎ᠠ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠳᠤ ᠭᠤᠶᠤᠴᠢᠯᠠᠯ ᠭᠠᠷᠭᠠᠬᠤ ᠶᠢᠨ ᠬᠠᠮᠲᠤ ᠳᠣᠤᠷᠠᠬᠢ ᠮᠡᠲᠦ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠶ᠄      ︵ᠨᠢᠭᠡ︶ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠭᠤᠶᠤᠴᠢᠯᠠᠯ ᠤᠨ ᠪᠢᠴᠢᠭ ᠃ ᠡᠭᠦᠨ ᠳᠤ ᠵᠠᠰᠠᠮᠠᠯ ᠵᠠᠮ ᠤᠨ ᠪᠠᠷᠢᠯᠭ᠎ᠠ ᠶᠢᠨ ᠲᠥᠷᠥᠯ ᠵᠦᠢᠯ ᠤᠨ ᠨᠡᠷᠡᠶᠢᠳᠦᠯ ᠵᠢᠴᠢ ᠭᠠᠵᠠᠷ ᠣᠷᠣᠨ᠂ ᠪᠥᠲᠥᠭᠡᠨ ᠪᠠᠶᠢᠭᠤᠯᠬᠤ ᠨᠢᠭᠡᠴᠢ᠂ ᠬᠠᠷᠢᠯᠴᠠᠬᠤ ᠠᠷᠭ᠎ᠠ ᠮᠠᠶ᠋ᠢᠭ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠭᠤᠶᠤᠴᠢᠯᠠᠯ ᠳᠤᠷᠠᠳᠬᠤ ᠵᠡᠷᠭᠡ ᠪᠠᠭᠲᠠᠨ᠎ᠠ︔      ︵ᠬᠤᠶᠠᠷ︶ ᠵᠠᠰᠠᠮᠠᠯ ᠵᠠᠮ ᠤᠨ ᠪᠠᠷᠢᠯᠭ᠎ᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ︔      ︵ᠭᠤᠷᠪᠠ︶ ᠵᠠᠰᠠᠮᠠᠯ ᠵᠡᠮ ᠤᠨ ᠪᠠᠷᠢᠯᠭ᠎ᠠ ᠶᠢᠨ ᠲᠦᠷᠦᠯ ᠵᠦᠢᠯ ᠤᠨ ᠵᠢᠷᠤᠵᠤ ᠲᠦᠯᠦᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠭᠡᠷ᠎ᠡ ᠶᠢᠨ ᠪᠢᠴᠢᠭ ᠮᠠᠲ᠋ᠧᠷᠢᠶᠠᠯ︔      ︵ᠲᠦᠷᠪᠡ︶ ᠵᠠᠰᠠᠮᠠᠯ ᠵᠡᠮ ᠤᠨ ᠪᠠᠷᠢᠯᠭ᠎ᠠ ᠶᠢᠨ ᠲᠦᠷᠦᠯ ᠵᠦᠢᠯ ᠤᠨ ᠠᠵᠢᠯ ᠡᠷᠬᠢᠯᠡᠬᠦ ᠨᠢᠭᠡᠴᠢ ᠶᠢᠨ ᠬᠢᠷᠢ ᠬᠡᠮ ᠤᠨ ᠭᠡᠷᠡᠴᠢ ᠮᠠᠲ᠋ᠧᠷᠢᠶᠠᠯ︔      ︵ᠲᠠᠪᠤ︶ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠱᠠᠭᠠᠷᠳᠠᠭᠰᠠᠨ ᠪᠤᠰᠤᠳ ᠬᠤᠯᠪᠣᠭᠳᠠᠯ ᠪᠦᠬᠦᠢ ᠮᠠᠲ᠋ᠧᠷᠢᠶᠠᠯ᠃      ᠠᠷᠪᠠᠨ ᠬᠤᠶᠠᠳᠤᠭᠠᠷ ᠵᠦᠢᠯ᠂ ᠣᠯᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠠᠷᠢᠯᠭ᠎ᠠ ᠶᠢᠨ ᠲᠦᠷᠦᠯ ᠵᠦᠢᠯ ᠨᠢ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠭᠠᠷᠳᠠᠮ ᠢ ᠲᠥᠪᠯᠡᠷᠡᠭᠦᠯᠦᠨ ᠨᠢᠭᠡᠳᠦᠯᠲᠡᠶ ᠭᠤᠶᠤᠴᠢᠯᠠᠵᠤ ᠪᠣᠯᠤᠨ᠎ᠠ᠃      ᠠᠷᠪᠠᠨ ᠭᠤᠷᠪᠠᠳᠤᠭᠠᠷ ᠵᠦᠢᠯ᠂ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠠᠴᠠ ᠶᠠᠰᠤ ᠴᠢᠨᠠᠷ ᠲᠤ ᠬᠢᠨᠠᠯᠲᠠ ᠲᠠᠯᠪᠢᠬᠤ ᠭᠤᠶᠤᠴᠢᠯᠠᠯ ᠤᠨ ᠮᠠᠲ᠋ᠧᠷᠢᠶᠠᠯ ᠢ ᠣᠯᠤᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠳᠣᠲᠣᠷ᠎ᠠ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠢᠷᠤᠮ ᠳᠤ ᠨᠡᠶᠢᠴᠡᠬᠦ ᠵᠠᠰᠠᠮᠠᠯ ᠵᠠᠮ ᠤᠨ ᠪᠠᠷᠢᠯᠭ᠎ᠠ ᠶᠢᠨ ᠲᠥᠷᠥᠯ ᠵᠦᠢᠯ ᠳᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠮᠡᠳᠡᠭᠳᠡᠯ ᠤᠨ ᠪᠢᠴᠢᠭ ᠪᠢᠴᠢᠵᠦ ᠥᠭᠭᠦᠨ᠎ᠡ᠃ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠢᠷᠤᠮ ᠳᠤ ᠨᠡᠶᠢᠴᠡᠬᠦ ᠦᠭᠡᠢ ᠲᠥᠷᠥᠯ ᠵᠦᠢᠯ ᠳᠤ᠂ ᠭᠤᠶᠤᠴᠢᠯᠠᠭᠴᠢ ᠳᠤ ᠶᠠᠰᠤ ᠴᠢᠨᠠᠷ ᠲᠤ ᠬᠢᠨᠠᠯᠲᠠ ᠲᠠᠯᠪᠢᠬᠤ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ ᠪᠥᠭᠡᠳ ᠰᠢᠯᠲᠠᠭᠠᠨ ᠢ ᠨᠢ ᠬᠡᠯᠡᠵᠦ ᠥᠭᠬᠦ ᠪᠠᠷ ᠪᠢᠴᠢᠭ ᠢᠶᠠᠷ ᠮᠡᠳᠡᠭᠳᠡᠬᠦ ᠶᠢᠨ ᠬᠠᠮᠲᠤ᠂ ᠲᠣᠰ ᠱᠠᠲᠤᠨ ᠤ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠪᠦᠳᠦᠭᠡᠨ ᠪᠠᠶᠢᠭᠤᠯᠬᠤ ᠨᠢᠭᠡᠴᠢ ᠶᠢ ᠵᠠᠷᠯᠢᠭᠳᠠᠵᠤ ᠪᠠᠶᠢᠭᠠᠳ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠵᠢᠷᠤᠮ ᠢ ᠲᠡᠭᠦᠯᠳᠡᠷᠵᠢᠭᠦᠯᠬᠦ ᠬᠡᠷᠡᠭᠲᠡᠶ᠃      ᠵᠠᠰᠠᠮᠠᠯ ᠵᠡᠮ ᠤᠨ ᠪᠠᠷᠢᠯᠭ᠎ᠠ ᠶᠢᠨ ᠲᠦᠷᠦᠯ ᠵᠦᠢᠯ ᠨᠢ ᠦᠨᠳᠦᠰᠦᠨ ᠪᠦᠳᠦᠭᠡᠠ ᠪᠠᠶᠢᠭᠤᠯᠤᠯᠲᠠ ᠶᠢᠨ ᠵᠢᠷᠤᠮ ᠳᠤ ᠨᠡᠶᠢᠴᠡᠭᠰᠡᠨ ᠤ ᠲᠡᠷᠠᠭ᠎ᠠ᠂ ᠪᠦᠳᠦᠭᠡᠠ ᠪᠠᠶᠢᠭᠤᠯᠤᠯᠲᠠ ᠶᠢᠨ ᠨᠢᠭᠡᠴᠢ ᠠᠴᠠ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠭᠤᠶᠤᠴᠢᠯᠠᠯ ᠢᠶᠠᠨ ᠲᠡᠬᠢᠵᠦ ᠳᠤᠷᠠᠳᠬᠤ ᠬᠡᠷᠡᠭᠲᠡᠶ᠃      ᠠᠷᠪᠠᠨ ᠳᠥᠷᠪᠡᠳᠦᠭᠡᠷ ᠵᠦᠢᠯ᠂ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ ᠨᠢᠭᠡᠴᠢ ᠠᠴᠠ ᠡᠷᠬᠡᠪᠰᠢ ᠵᠠᠰᠠᠮᠠᠯ ᠵᠡᠮ ᠤᠨ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠣᠰᠣᠭᠠᠷ ᠬᠠᠶᠢᠨ ᠪᠠᠶᠢᠴᠠᠭᠠᠵᠤ᠂ ᠵᠢᠷᠤᠵᠤ ᠲᠥᠯᠥᠪᠯᠡᠬᠦ ᠶᠢᠨ ᠬᠠᠮᠲᠤ᠂ ᠬᠠᠶᠢᠨ ᠪᠠᠶᠢᠴᠠᠭᠠᠵᠤ᠂ ᠵᠢᠷᠤᠵᠤ ᠲᠥᠯᠦᠪᠯᠡᠭᠰᠡᠨ ᠶᠠᠰᠤ ᠴᠢᠨᠠᠷ ᠲᠤ ᠪᠠᠨ ᠬᠠᠷᠢᠭᠤᠴᠠᠬᠤ ᠬᠡᠷᠡᠭᠲᠡᠶ᠃      ᠠᠷᠪᠠᠨ ᠲᠠᠪᠤᠳᠤᠭᠠᠷ ᠵᠦᠢᠯ᠂ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ ᠤ ᠨᠠᠶᠢᠳᠠᠭᠰᠠᠨ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠠᠴᠠ ᠬᠢᠨᠠᠯᠲᠠ ᠲᠠᠯᠪᠢᠵᠤ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠪᠠᠨ᠂ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠠᠪᠬᠤ ᠡᠷᠬᠡ ᠲᠠᠢ᠄      ︵ᠨᠢᠭᠡ︶ ᠪᠠᠶᠢᠴᠠᠭᠠᠭᠳᠠᠬᠤ ᠨᠢᠭᠡᠴᠢ ᠶᠢ ᠪᠠᠷᠢᠯᠭ᠎ᠠ ᠶᠢᠨ ᠶᠠᠰᠤ ᠴᠢᠨᠠᠷ ᠲᠤ ᠬᠤᠯᠪᠣᠭᠳᠠᠬᠤ ᠪᠢᠴᠢᠭ ᠬᠠᠷ᠎ᠠ ᠪᠠ ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠬᠤ︔      ︵ᠬᠤᠶᠠᠷ︶ ᠪᠠᠶᠢᠴᠠᠭᠠᠭᠳᠠᠬᠤ ᠨᠢᠭᠡᠴᠢ ᠶᠢᠨ ᠪᠠᠷᠢᠯᠭ᠎ᠠ ᠶᠢᠨ ᠲᠤᠬᠠᠶ ᠶᠢᠨ ᠭᠠᠵᠠᠷ ᠲᠤ ᠣᠴᠢᠵᠤ ᠪᠠᠶᠢᠴᠠᠭᠠᠬᠤ      ︵ᠭᠤᠷᠪᠠ︶ ᠪᠠᠷᠢᠯᠭ᠎ᠠ ᠶᠢᠨ ᠶᠠᠰᠤ ᠴᠢᠨᠠᠷ ᠢ ᠨᠥᠯᠥᠭᠡᠯᠡᠬᠦ ᠠᠰᠠᠭᠤᠳᠠᠯ ᠪᠠᠶᠢᠬᠤ ᠶᠢ ᠣᠯᠵᠤ ᠮᠡᠳᠡᠪᠡᠯ᠂ ᠵᠠᠷᠯᠢᠭᠳᠠᠵᠤ ᠪᠠᠶᠢᠭᠠᠳ ᠵᠠᠯᠠᠷᠠᠭᠤᠯᠬᠤ᠃      ᠠᠷᠪᠠᠨ ᠵᠢᠷᠭᠤᠳᠤᠭᠠᠷ ᠵᠦᠢᠯ᠂ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ ᠤ ᠨᠠᠶᠢᠳᠠᠭᠰᠠᠨ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠠᠴᠠ ᠪᠠᠷᠢᠯᠭ᠎ᠠ ᠶᠢᠨ ᠪᠣᠳᠠᠲᠤ ᠴᠣᠭᠴᠠ  ᠶᠢᠨ ᠶᠠᠰᠤ ᠴᠢᠨᠠᠷ ᠲᠤ ᠲᠤᠬᠠᠶ ᠶᠢᠨ ᠲᠠᠯᠠᠪᠠᠢ ᠶᠢᠨ ᠬᠢᠨᠠᠯᠲᠠ ᠪᠠᠶᠢᠴᠠᠭᠠᠯᠲᠠ ᠬᠢᠬᠦ ᠦᠶᠡᠰ᠂ ᠶᠠᠰᠤ ᠴᠢᠨᠠᠷ ᠤᠨ ᠪᠠᠭᠤᠷᠠᠶ ᠲᠠᠯ᠎ᠠ ᠪᠠ ᠪᠦᠲᠦᠴᠡ ᠶᠢᠨ ᠬᠦᠴᠦᠯᠡᠴᠡ ᠵᠢᠴᠢ ᠲᠣᠭᠲᠠᠪᠤᠷᠢᠲᠤ ᠴᠢᠨᠠᠷ ᠲᠤ ᠬᠤᠯᠪᠤᠭᠳᠠᠬᠤ ᠴᠢᠬᠤᠯᠠ ᠭᠦᠢᠴᠡᠳᠬᠡᠬᠦ ᠲᠤᠭ᠎ᠠ ᠶᠢ ᠭᠤᠤᠯᠳᠠᠯᠭ᠎ᠠ ᠲᠠᠢ ᠪᠠᠶᠢᠴᠠᠭᠠᠬᠤ ᠬᠡᠷᠡᠭᠲᠡᠶ᠃      ᠠᠷᠪᠠᠨ ᠳᠣᠯᠣᠳᠤᠭᠠᠷ ᠵᠦᠢᠯ᠂ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ ᠤ ᠨᠠᠶᠢᠳᠠᠭᠰᠠᠨ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠠᠴᠠ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠰᠠᠭᠤᠳᠠᠯ ᠳᠤ᠂ ᠬᠤᠯᠪᠣᠭᠳᠠᠯ ᠪᠦᠬᠦᠢ ᠨᠢᠭᠡᠴᠢ ᠳᠤ ᠴᠠᠭ ᠲᠤᠬᠠᠶ ᠳᠤ ᠨᠢ ᠪᠢᠴᠢᠭ ᠤᠨ ᠬᠡᠯᠪᠡᠷᠢ ᠪᠠᠷ ᠮᠡᠳᠡᠭᠳᠡᠬᠦ ᠬᠡᠷᠡᠭᠲᠡᠶ᠃ ᠡᠩ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠠᠰᠠᠭᠤᠳᠠᠯ ᠪᠣᠯᠤᠨ ᠡᠩ ᠤᠨ ᠶᠠᠰᠤ ᠴᠢᠨᠠᠷ ᠤᠨ ᠳᠤᠲᠠᠭᠳᠠᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ︔ ᠬᠢᠷᠢ ᠲᠡᠩᠴᠡᠬᠦ ᠦᠭᠡᠢ ᠪᠠᠷᠢᠯᠭ᠎ᠠ ᠶᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠪᠤᠴᠠᠭᠠᠨ ᠵᠠᠰᠠᠭᠤᠯᠤᠨ᠎ᠠ︔ ᠬᠠᠤᠯᠢ ᠠᠴᠠ ᠵᠥᠷᠢᠴᠡᠭᠰᠡᠨ ᠶᠠᠰᠤ ᠴᠢᠨᠠᠷ ᠤᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠠᠯᠠᠷᠠᠭᠤᠯᠤᠨ᠎ᠠ᠃      ᠠᠰᠠᠭᠤᠳᠠᠯ ᠣᠷᠣᠰᠢᠵᠤ ᠪᠠᠶᠢᠭ᠎ᠠ ᠨᠢᠭᠡᠴᠢ ᠨᠢ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠵᠤ᠂ ᠪᠤᠴᠠᠭᠠᠨ ᠵᠠᠰᠠᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠶ᠃      ᠠᠷᠪᠠᠨ ᠨᠠᠢᠮᠠᠳᠤᠭᠠᠷ ᠵᠦᠢᠯ᠂ ᠪᠦᠲᠦᠭᠡᠨ ᠪᠠᠶᠢᠭᠤᠯᠬᠤ ᠨᠢᠭᠡᠴᠢ ᠠᠴᠠ ᠣᠳᠣ ᠶᠢᠨ ᠬᠡᠷᠡᠭᠵᠢᠭᠦᠯᠵᠦ ᠪᠠᠶᠢᠭ᠎ᠠ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠳᠤ ᠲᠣᠭᠲᠠᠭᠠᠭᠰᠠᠨ ᠶᠠᠰᠤ ᠴᠢᠨᠠᠷ ᠤᠨ ᠱᠠᠭᠠᠷᠳᠠᠯᠭ᠎ᠠ ᠶᠣᠰᠣᠭᠠᠷ ᠠᠵᠢᠯ ᠢᠶᠠᠨ ᠲᠤᠰᠢᠶᠠᠵᠤ ᠰᠢᠯᠭᠠᠨ ᠠᠪᠬᠤ ᠬᠡᠷᠡᠭᠲᠡᠶ᠂ ᠠᠵᠢᠯ ᠢᠶᠠᠨ ᠲᠤᠰᠢᠶᠠᠵᠤ ᠰᠢᠯᠭᠠᠨ ᠠᠪᠤᠭᠤᠯᠤᠭᠰᠠᠨ ᠦᠭᠡᠢ ᠪᠤᠶᠤ ᠠᠵᠢᠯ ᠢᠶᠠᠨ ᠲᠤᠰᠢᠶᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠷᠢᠯᠭ᠎ᠠ ᠶᠢ ᠲᠤᠰᠢᠶᠠᠨ ᠥᠭᠴᠦ ᠬᠡᠷᠡᠭᠯᠡᠭᠦᠯᠵᠦ ᠪᠣᠯᠬᠤ ᠦᠭᠡᠢ᠃      ᠠᠷᠪᠠ ᠶᠢᠰᠦᠳᠦᠭᠡᠷ ᠵᠦᠢᠯ᠂ ᠵᠠᠰᠠᠮᠠᠯ ᠵᠠᠮ ᠤᠨ ᠪᠠᠷᠢᠯᠭ᠎ᠠ ᠶᠢ ᠲᠤᠰᠢᠶᠠᠵᠤ ᠰᠢᠯᠭᠠᠨ ᠠᠪᠬᠤ ᠠᠴᠠ ᠡᠮᠦᠨ᠎ᠡ᠂ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠷᠢᠯᠭ᠎ᠠ ᠶᠢᠨ ᠶᠠᠰᠤ ᠴᠢᠨᠠᠷ ᠲᠤ ᠪᠠᠶᠢᠴᠠᠭᠠᠨ ᠰᠢᠯᠭᠠᠯᠲᠠ ᠬᠢᠬᠦ ᠶᠢᠨ ᠬᠠᠮᠲᠤ ᠪᠠᠶᠢᠴᠠᠭᠠᠨ ᠰᠢᠯᠭᠠᠭᠰᠠᠨ ᠰᠠᠨᠠᠯ ᠭᠠᠷᠭᠠᠬᠤ ᠬᠡᠷᠡᠭᠲᠡᠶ᠃      ᠬᠤᠷᠢᠳᠤᠭᠠᠷ ᠵᠦᠢᠯ᠂ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠠᠪᠬᠤ ᠠᠴᠠ ᠡᠮᠦᠨ᠎ᠡ᠂ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠠᠴᠠ ᠪᠠᠷᠢᠯᠭ᠎ᠠ ᠶᠢᠨ ᠶᠠᠰᠤ ᠴᠢᠨᠠᠷ ᠲᠤ ᠶᠠᠰᠤ ᠴᠢᠨᠠᠷ ᠤᠨ ᠬᠢᠨᠠᠨ ᠲᠣᠭᠲᠠᠭᠠᠯᠲᠠ ᠬᠢᠬᠦ ᠶᠢᠨ ᠬᠠᠮᠲᠤ ᠶᠠᠰᠤ ᠴᠢᠨᠠᠷ ᠤᠨ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠪᠢᠴᠢᠵᠦ ᠥᠭᠬᠦ ᠬᠡᠷᠡᠭᠲᠡᠶ᠃ ᠶᠠᠰᠤ ᠴᠢᠨᠠᠷ ᠤᠨ ᠬᠢᠨᠠᠨ ᠲᠣᠭᠲᠠᠭᠠᠯᠲᠠ ᠬᠢᠯᠭᠡᠭᠰᠡᠨ ᠦᠭᠡᠢ ᠪᠤᠶᠤ ᠶᠠᠰᠤ ᠴᠢᠨᠠᠷ ᠤᠨ ᠬᠢᠨᠠᠨ ᠲᠣᠭᠲᠠᠭᠠᠯᠲᠠ ᠨᠢ ᠬᠢᠷᠢ ᠲᠡᠩᠴᠡᠭᠰᠡᠨ ᠦᠭᠡᠢ ᠲᠥᠷᠥᠯ ᠵᠦᠢᠯ ᠳᠤ᠂ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠵᠣᠬᠢᠶᠠᠨ ᠪᠠᠶᠢᠭᠤᠯᠵᠤ ᠪᠣᠯᠬᠤ ᠦᠭᠡᠢ᠃      ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠠᠴᠠ ᠶᠠᠰᠤ ᠴᠢᠨᠠᠷ ᠢ ᠬᠢᠨᠠᠨ ᠲᠣᠭᠲᠠᠭᠠᠭᠰᠠᠨ ᠦᠷ᠎ᠡ ᠳ᠋ᠦᠩ ᠳᠤ ᠬᠠᠷᠢᠭᠤᠴᠠᠬᠤ ᠬᠡᠷᠡᠭᠲᠡᠶ᠃      ᠬᠤᠷᠢᠨ ᠨᠢᠭᠡᠳᠦᠭᠡᠷ ᠵᠦᠢᠯ᠂ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠨᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠷᠢ ᠬᠡᠮ ᠪᠦᠬᠦᠢ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠨᠢᠭᠡᠴᠢ ᠳᠤ ᠨᠠᠶᠢᠳᠠᠵᠤ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠵᠤ ᠪᠣᠯᠤᠨ᠎ᠠ᠃      ᠤᠯᠤᠰ ᠤᠨ ᠴᠢᠬᠤᠯᠠ ᠶᠡᠭᠡ ᠵᠠᠰᠠᠮᠠᠯ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠠᠰᠤ ᠴᠢᠨᠠᠷ ᠢ ᠬᠢᠨᠠᠨ ᠲᠣᠭᠲᠠᠭᠠᠬᠤ ᠳᠤᠮᠳᠠᠬᠢ ᠪᠠᠶᠢᠴᠠᠭᠠᠨ ᠰᠢᠯᠭᠠᠬᠤ ᠠᠵᠢᠯ ᠳᠤ᠂ ᠵᠠᠮ ᠬᠠᠷᠢᠯᠴᠠᠭᠠᠨ ᠤ ᠶᠠᠮᠤᠨ ᠠᠴᠠ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠳᠤ ᠨᠠᠶᠢᠳᠠᠵᠤ ᠭᠠᠵᠠᠷ ᠣᠷᠣᠨ ᠠᠯᠤᠰᠯᠠᠨ ᠲᠤᠷᠰᠢᠯᠲᠠ ᠬᠢᠵᠦ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠰᠣᠩᠭᠤᠨ ᠬᠢᠯᠭᠡᠵᠦ ᠪᠣᠯᠤᠨ᠎ᠠ᠃      ᠲᠤᠷᠰᠢᠯᠲᠠ ᠬᠢᠵᠦ ᠪᠠᠶᠢᠴᠠᠭᠠᠨ ᠰᠢᠯᠭᠠᠬᠤ ᠨᠢᠭᠡᠴᠢ ᠨᠢ ᠪᠠᠶᠢᠴᠠᠭᠠᠨ ᠰᠢᠯᠭᠠᠭᠰᠠᠨ ᠲᠤᠭ᠎ᠠ ᠪᠠᠷᠢᠮᠲᠠ ᠳᠤ ᠬᠠᠷᠢᠭᠤᠴᠠᠨ᠎ᠠ᠃      ᠬᠤᠷᠢᠨ ᠬᠤᠶᠠᠳᠤᠭᠠᠷ ᠵᠦᠢᠯ᠂ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠳᠤ ᠴᠢᠬᠤᠯᠠ ᠪᠦᠬᠦᠢ ᠠᠵᠢᠯ ᠤᠨ ᠨᠥᠬᠦᠴᠡᠯ ᠪᠣᠯᠤᠨ ᠵᠠᠷᠤᠳᠠᠯ ᠬᠠᠩᠭᠠᠬᠤ ᠬᠡᠷᠡᠭᠲᠡᠶ᠃      ᠬᠤᠷᠢᠨ ᠭᠤᠷᠪᠠᠳᠤᠭᠠᠷ ᠵᠦᠢᠯ᠂ ᠪᠦᠲᠦᠭᠡᠨ ᠪᠠᠶᠢᠭᠤᠯᠬᠤ ᠨᠢᠭᠡᠴᠢ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠥᠷᠥᠯ ᠵᠦᠢᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠰᠦᠢᠳᠬᠡᠯ ᠲᠤᠰᠢᠶᠠᠬᠤ ᠬᠡᠷᠡᠭᠲᠡᠶ      ᠶᠠᠰᠤ ᠴᠢᠨᠠᠷ ᠲᠤ ᠬᠢᠨᠠᠯᠲᠠ ᠲᠠᠯᠪᠢᠬᠤ ᠵᠠᠷᠤᠳᠠᠯ ᠢ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠠᠴᠠ ᠵᠠᠰᠠᠮᠠᠯ ᠵᠠᠮ ᠤᠨ ᠪᠠᠷᠢᠯᠭ᠎ᠠ ᠶᠢᠨ ᠪᠠᠶᠢᠭ᠎ᠠ ᠭᠠᠵᠠᠷ ᠤᠨ ᠪᠠᠩᠬᠢ ᠳᠤ ᠲᠤᠰᠬᠠᠶ ᠡᠷᠦᠬᠡ ᠭᠠᠷᠭᠠᠵᠤ᠂ ᠲᠤᠰᠠᠭᠠᠷ ᠳᠠᠩᠰᠠ ᠪᠠᠶᠢᠭᠤᠯᠵᠤ᠂ ᠲᠤᠰᠬᠠᠶ ᠵᠣᠭᠤᠰ ᠢ ᠲᠤᠰᠬᠠᠶ ᠬᠡᠷᠡᠭᠯᠡᠬᠦ ᠬᠡᠷᠡᠭᠲᠡᠶ᠃ ᠶᠠᠮᠠᠷᠪᠠ ᠨᠢᠭᠡᠴᠢ ᠪᠠ ᠬᠤᠪᠢ ᠬᠥᠮᠦᠨ ᠠᠴᠠ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠵᠦ ᠪᠣᠯᠬᠤ ᠦᠭᠡᠢ᠃      ᠬᠤᠷᠢᠨ ᠳᠥᠷᠪᠡᠳᠦᠭᠡᠷ ᠵᠦᠢᠯ᠂ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠶᠢᠨ ᠠᠵᠢᠯ ᠤᠨ ᠬᠡᠷᠡᠭᠴᠡᠭᠡ ᠠᠴᠠ ᠪᠣᠯᠵᠤ ᠪᠠᠷᠢᠯᠭ᠎ᠠ ᠶᠢᠨ ᠪᠣᠳᠠᠲᠤ ᠴᠣᠭᠴᠠ ᠳᠤ ᠬᠡᠪ ᠤᠨ ᠪᠤᠰᠤ ᠲᠤᠷᠰᠢᠯᠲᠠ ᠶᠢᠨ ᠪᠠᠶᠢᠴᠠᠭᠠᠯᠲᠠ ᠪᠠ ᠠᠵᠢᠯ ᠲᠤᠰᠢᠶᠠᠬᠤ᠂ ᠠᠵᠢᠯ ᠳᠠᠭᠤᠰᠤᠭᠰᠠᠨ ᠤ ᠰᠢᠯᠭᠠᠨ ᠪᠠᠶᠢᠴᠠᠭᠠᠯᠲᠠ ᠶᠢᠨ ᠬᠠᠤᠯᠢ ᠶᠣᠰᠤᠭᠠᠷ ᠡᠭᠦᠰᠦᠭᠰᠡᠨ ᠲᠤᠷᠰᠢᠯᠲᠠ ᠶᠢᠨ  ᠪᠠᠶᠢᠴᠠᠭᠠᠯᠲᠠ ᠶᠢᠨ ᠵᠠᠷᠤᠳᠠᠯ ᠢ ᠪᠦᠲᠦᠭᠡᠨ ᠪᠠᠶᠢᠭᠤᠯᠬᠤ ᠨᠢᠭᠡᠴᠢ ᠡᠭᠦᠷᠭᠡᠯᠡᠨ᠎ᠡ᠃      ᠬᠤᠷᠢᠨ ᠲᠠᠪᠤᠳᠤᠭᠠᠷ ᠵᠦᠢᠯ᠂ ᠵᠠᠰᠠᠮᠠᠯ ᠵᠠᠮ ᠤᠨ ᠪᠠᠷᠢᠯᠭ᠎ᠠ ᠳᠤ ᠶᠠᠰᠤ ᠴᠢᠨᠠᠷ ᠤᠨ ᠠᠳᠡᠯ ᠭᠠᠷᠪᠠᠯ᠂ ᠬᠤᠯᠪᠣᠭᠳᠠᠯ ᠪᠦᠬᠦᠢ ᠨᠢᠭᠡᠴᠢ ᠠᠴᠠ ᠬᠤᠷᠢᠨ ᠳᠥᠷᠪᠡᠨ ᠴᠠᠭ ᠤᠨ ᠳᠣᠲᠣᠷ᠎ᠠ ᠲᠤᠬᠠᠶ ᠶᠢᠨ ᠭᠠᠵᠠᠷ ᠤᠨ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠳᠤ ᠮᠡᠳᠡᠭᠦᠯᠬᠦ ᠬᠡᠷᠡᠭᠲᠡᠶ᠃ ᠶᠠᠰᠤ ᠴᠢᠨᠠᠷ ᠤᠨ ᠬᠦᠨᠳᠦ ᠶᠡᠭᠡ ᠠᠳᠡᠯ ᠢ᠂ ᠲᠤᠬᠠᠶ ᠶᠢᠨ ᠭᠠᠵᠠᠷ ᠤᠨ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠳᠡᠭᠡᠳᠦ ᠱᠠᠲᠤᠨ ᠤ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠶᠠᠰᠤ ᠴᠢᠨᠠᠷ ᠤᠨ ᠣᠨᠴᠠ ᠶᠡᠭᠡ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃      ᠬᠤᠷᠢᠨ ᠵᠢᠷᠭᠤᠳᠤᠭᠠᠷ ᠵᠦᠢᠯ᠂ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯᠲᠠᠳ ᠨᠢ ᠡᠭᠦᠷᠭᠡ ᠲᠤᠰᠢᠶᠠᠯ ᠢᠶᠠᠨ ᠬᠢᠨᠠᠮᠠᠭᠠᠢ ᠭᠦᠢᠴᠡᠳᠬᠡᠵᠦ᠂ ᠲᠥᠪ ᠭᠤᠤᠯᠴᠢ ᠪᠠᠷ ᠠᠵᠢᠯᠯᠠᠵᠤ᠂ ᠲᠥᠪ ᠭᠤᠤᠯᠴᠢ ᠠᠷᠢᠭᠤᠨ ᠴᠢᠬᠡᠴᠢ ᠪᠠᠶᠢᠬᠤ ᠬᠡᠷᠡᠭᠲᠡᠶ᠃ ᠬᠢᠨᠠᠭᠳᠠᠬᠤ ᠡᠲᠡᠭᠡᠳ ᠲᠠᠢ ᠠᠰᠢᠭ ᠬᠤᠤᠷ ᠤᠨ ᠬᠠᠷᠢᠴᠠᠭ᠎ᠠ ᠲᠠᠢ ᠬᠢᠨᠠᠯᠲᠠ ᠲᠠᠯᠪᠢᠬᠤ ᠬᠥᠮᠦᠰ ᠨᠢ ᠵᠠᠶᠢᠯᠠᠬᠤ ᠬᠡᠷᠡᠭᠲᠡᠶ᠃      ᠬᠤᠷᠢᠨ ᠳᠣᠯᠣᠳᠤᠭᠠᠷ ᠵᠦᠢᠯ᠂ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠳᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠃ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠠᠴᠠ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠠᠵᠢᠯᠲᠠᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃      ᠬᠤᠷᠢᠨ ᠨᠠᠢᠮᠠᠳᠤᠭᠠᠷ ᠵᠦᠢᠯ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ ᠨᠢ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠤᠨ ᠳᠤᠲᠠᠭᠳᠠᠯ᠂ ᠶᠠᠰᠤ ᠴᠢᠨᠠᠷ ᠤᠨ ᠠᠳᠡᠯ ᠵᠢᠴᠢ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠵᠢᠴᠢ ᠠᠵᠢᠯᠲᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠡᠷᠬᠡ ᠲᠠᠢ᠃      ᠬᠤᠷᠢ ᠶᠢᠰᠦᠳᠦᠭᠡᠷ ᠵᠦᠢᠯ᠂ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠢ ᠬᠡᠷᠡᠭᠵᠢᠭᠦᠯᠦᠨ᠎ᠡ᠃      ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠨᠢ ᠨᠠᠶᠢᠳᠠᠭᠰᠠᠨ ᠵᠦᠢᠯᠡᠰ ᠤᠨ ᠡᠷᠬᠡ ᠮᠡᠳᠡᠯ ᠤᠨ ᠳᠣᠲᠣᠷ᠎ᠠ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠢ ᠬᠡᠷᠡᠭᠵᠢᠭᠦᠯᠦᠨ᠎ᠡ᠃      ᠭᠤᠴᠢᠳᠤᠭᠠᠷ ᠵᠦᠢᠯ᠂ ᠪᠦᠲᠦᠭᠡᠨ ᠪᠠᠶᠢᠭᠤᠯᠬᠤ ᠨᠢᠭᠡᠴᠢ ᠨᠢ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠭᠠᠷ ᠭᠦᠢᠴᠡᠳᠬᠡᠯ ᠬᠢᠭᠰᠡᠨ ᠦᠭᠡᠢ ᠪᠣᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠭᠠᠷᠳᠠᠮ ᠢ ᠨᠥᠬᠦᠵᠦ ᠬᠢᠯᠭᠡᠬᠦ ᠶᠢᠨ ᠬᠠᠮᠲᠤ᠂ 20 ᠲᠦᠮᠡᠨ ᠲᠦᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃      ᠭᠤᠴᠢᠨ ᠨᠢᠭᠡᠳᠦᠭᠡᠷ ᠵᠦᠢᠯ᠂ ᠪᠠᠷᠢᠯᠭ᠎ᠠ ᠪᠠᠷᠢᠭᠤᠯᠬᠤ ᠨᠢᠭᠡᠴᠢ ᠨᠢ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠭᠰᠠᠨ ᠦᠭᠡᠢ ᠪᠤᠶᠤ ᠶᠠᠰᠤ ᠴᠢᠨᠠᠷ ᠢ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠦᠭᠡᠢ ᠪᠠᠷᠢᠯᠭ᠎ᠠ ᠳᠤ ᠬᠢᠷᠢ ᠲᠡᠩᠴᠡᠭᠰᠡᠨ ᠪᠠᠷᠢᠯᠭ᠎ᠠ ᠶᠢᠨ ᠶᠣᠰᠣᠭᠠᠷ ᠲᠤᠰᠢᠶᠠᠵᠤ ᠰᠢᠯᠭᠠᠨ ᠠᠪᠬᠤ ᠶᠢ ᠵᠣᠬᠢᠶᠠᠨ ᠪᠠᠶᠢᠭᠤᠯᠤᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠵᠤ᠂ ᠪᠠᠷᠢᠯᠭ᠎ᠠ ᠶᠢᠨ ᠭᠡᠷ᠎ᠡ ᠶᠢᠨ ᠦᠨ᠎ᠡ ᠶᠢᠨ ᠵᠣᠭᠤᠰ ᠤᠨ ᠵᠠᠭᠤᠨ ᠤ ᠬᠤᠶᠠᠷ ᠠᠴᠠ ᠳᠡᠭᠡᠭᠰᠢ ᠵᠠᠭᠤᠨ ᠤ ᠲᠦᠷᠪᠡ ᠠᠴᠠ ᠳᠣᠷᠤᠭᠰᠢ ᠵᠣᠭᠤᠰ ᠢᠶᠠᠷ ᠲᠣᠷᠭᠠᠨ᠎ᠠ᠃      ᠭᠤᠴᠢᠨ ᠬᠤᠶᠠᠳᠤᠭᠠᠷ ᠵᠦᠢᠯ᠂ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ ᠨᠢᠭᠡᠴᠢ ᠨᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠣᠰᠣᠭᠠᠷ ᠬᠠᠶᠢᠨ ᠪᠠᠶᠢᠴᠠᠭᠠᠵᠤ᠂ ᠵᠢᠷᠤᠵᠤ ᠲᠥᠯᠥᠪᠯᠡᠬᠦ ᠦᠭᠡᠢ ᠪᠣᠯ ᠵᠠᠷᠯᠢᠭᠳᠠᠨ ᠵᠠᠯᠠᠷᠠᠭᠤᠯᠵᠤ᠂ 10 ᠲᠦᠮᠡᠨ ᠲᠥᠭᠦᠷᠢᠭ ᠠᠴᠠ ᠳᠡᠭᠡᠭᠰᠢ 30 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃      ᠭᠤᠴᠢᠨ ᠭᠤᠷᠪᠠᠳᠤᠭᠠᠷ ᠵᠦᠢᠯ᠂ ᠨᠢᠭᠡᠴᠢ ᠶᠢ ᠵᠣᠭᠤᠰ ᠢᠶᠠᠷ ᠲᠣᠷᠭᠠᠬᠤ ᠪᠠᠷ ᠰᠢᠢᠳᠬᠡᠭᠰᠡᠨ ᠪᠠᠶᠢᠪᠠᠯ᠂ ᠨᠢᠭᠡᠴᠢ ᠶᠢ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠬᠤ ᠬᠥᠮᠦᠨ ᠪᠣᠯᠤᠨ ᠪᠤᠰᠤᠳ ᠬᠠᠷᠢᠭᠤᠴᠠᠯᠭ᠎ᠠ ᠡᠭᠦᠷᠭᠡᠯᠡᠭᠴᠢ ᠳᠤ ᠨᠢᠭᠡᠴᠢ ᠶᠢᠨ ᠵᠣᠭᠤᠰ ᠢᠶᠠᠷ ᠲᠣᠷᠭᠠᠬᠤ ᠲᠣᠭᠠᠨ ᠤ ᠬᠢᠨᠢ ᠵᠠᠭᠤᠨ ᠤ ᠲᠠᠪᠤ ᠠᠴᠠ ᠳᠡᠭᠡᠭᠰᠢ ᠵᠠᠭᠤᠨ ᠤ ᠠᠷᠪᠠ ᠠᠴᠠ ᠳᠣᠭᠤᠭᠰᠢ ᠵᠣᠭᠤᠰ ᠢᠶᠠᠷ ᠲᠣᠷᠭᠠᠨ᠎ᠠ᠃      ᠭᠤᠴᠢᠨ ᠳᠥᠷᠪᠡᠳᠦᠭᠡᠷ ᠵᠦᠢᠯ᠂ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠤᠨ ᠬᠦᠨᠳᠦ ᠶᠡᠭᠡ ᠠᠳᠡᠯ ᠭᠠᠷᠤᠭᠠᠳ ᠮᠡᠳᠡᠭᠦᠯᠬᠦ ᠦᠭᠡᠢ᠂ ᠬᠤᠳᠠᠯ ᠢᠶᠠᠷ ᠮᠡᠳᠡᠭᠦᠯᠬᠦ ᠪᠤᠶᠤ ᠮᠡᠳᠡᠭᠦᠯᠬᠦ ᠬᠤᠭᠤᠴᠠᠭ᠎ᠠ ᠶᠢ ᠤᠳᠠᠭᠠᠰᠢᠷᠠᠭᠤᠯᠪᠠᠯ᠂ ᠵᠠᠰᠠᠭ ᠵᠠᠬᠢᠷᠭᠠᠨ ᠤ ᠬᠠᠷᠢᠶᠠᠯᠠᠭᠳᠠᠬᠤ ᠬᠠᠷᠢᠴᠠᠭ᠎ᠠ ᠲᠠᠢ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠬᠤ ᠬᠦᠮᠦᠨ ᠪᠣᠯᠤᠨ ᠪᠤᠰᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠣᠯᠭᠤᠨ᠎ᠠ᠃      ᠭᠤᠴᠢᠨ ᠲᠠᠪᠤᠳᠤᠭᠠᠷ ᠵᠦᠢᠯ᠂ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠨᠢ ᠲᠤᠰ ᠲᠣᠭᠲᠠᠭᠠᠯ ᠢ ᠵᠦᠷᠢᠴᠡᠵᠦ᠂ ᠬᠢᠷᠢ ᠲᠡᠩᠴᠡᠬᠦ ᠦᠭᠡᠢ ᠵᠠᠰᠠᠮᠠᠯ ᠵᠠᠮ ᠤᠨ ᠪᠠᠷᠢᠯᠭ᠎ᠠ ᠳᠤ ᠶᠠᠰᠤ ᠴᠢᠨᠠᠷ ᠤᠨ ᠬᠢᠷᠢ ᠲᠡᠩᠴᠡᠭᠰᠡᠨ ᠪᠢᠴᠢᠭ ᠮᠠᠲ᠋ᠧᠷᠢᠶᠠᠯ ᠢ ᠭᠠᠷᠭᠠᠵᠤ ᠥᠭᠭᠦᠭᠰᠡᠨ ᠪᠠᠶᠢᠪᠠᠯ᠂ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠴᠢᠨ ᠵᠢᠷᠭᠤᠳᠤᠭᠠᠷ ᠵᠦᠢᠯ᠂ ᠲᠤᠷᠰᠢᠯᠲᠠ ᠬᠢᠵᠦ ᠪᠠᠶᠢᠴᠠᠭᠠᠨ ᠰᠢᠯᠭᠠᠬᠤ ᠨᠢᠭᠡᠴᠢ ᠨᠢ ᠲᠣᠰ ᠲᠣᠭᠲᠠᠭᠠᠯ ᠢ ᠵᠦᠷᠢᠴᠡᠵᠦ᠂ ᠬᠢᠷᠢ ᠲᠡᠩᠴᠡᠬᠦ ᠦᠭᠡᠢ ᠵᠠᠰᠠᠮᠠᠯ ᠵᠠᠮ ᠤᠨ ᠪᠠᠷᠢᠯᠭ᠎ᠠ ᠳᠤ ᠦᠨᠡᠨ ᠪᠣᠳᠠᠲᠠᠶ ᠪᠤᠰᠤ ᠲᠤᠷᠰᠢᠯᠲᠠ ᠬᠢᠵᠦ ᠪᠠᠶᠢᠴᠠᠭᠠᠨ ᠰᠢᠯᠭᠠᠬᠤ ᠲᠤᠭ᠎ᠠ ᠪᠠᠷᠢᠮᠲᠠ ᠵᠢᠴᠢ ᠰᠠᠨᠠᠯ ᠭᠠᠷᠭᠠᠭᠰᠠᠨ ᠪᠠᠶᠢᠪᠠᠯ᠂ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠤᠬᠢᠷᠠᠯ ᠤᠴᠠᠷᠠᠭᠤᠯᠤᠭᠰᠠᠨ ᠪᠠᠶᠢᠪᠠᠯ᠂ ᠵᠣᠬᠢᠴᠠᠩᠭᠤᠶ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃      ᠭᠤᠴᠢᠨ ᠳᠣᠯᠣᠳᠤᠭᠠᠷ ᠵᠦᠢᠯ᠂ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ ᠤ ᠨᠠᠶᠢᠳᠠᠭᠰᠠᠨ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠶᠢᠨ ᠠᠵᠢᠯᠲᠠᠨ ᠨᠢ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠤᠨ ᠳᠤᠮᠳᠠ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠵᠦ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠨ᠂ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠤᠢᠭᠡᠢ ᠪᠠᠶᠢᠪᠠᠯ᠂ ᠵᠡᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠠᠴᠠ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠣᠯᠭᠤᠨ᠎ᠠ᠃      ᠭᠤᠴᠢᠨ ᠨᠠᠢᠮᠠᠳᠤᠭᠠᠷ ᠵᠦᠢᠯ᠂ ᠶᠠᠰᠤ ᠴᠢᠨᠠᠷ ᠤᠨ ᠬᠢᠨᠠᠯᠲᠠ ᠶᠢᠨ ᠪᠠᠶᠢᠭᠤᠯᠤᠮᠵᠢ ᠨᠢ ᠲᠣᠰ ᠲᠣᠭᠲᠠᠭᠠᠯ ᠶᠣᠰᠣᠭᠠᠷ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ᠂ ᠶᠠᠰᠤ ᠴᠢᠨᠠᠷ ᠲᠤ ᠬᠢᠨᠠᠯᠲᠠ ᠲᠠᠯᠪᠢᠬᠤ ᠬᠠᠷᠢᠭᠤᠴᠠᠯᠭ᠎ᠠ ᠡᠭᠦᠷᠭᠡᠯᠡᠭᠰᠡᠨ ᠦᠭᠡᠢ ᠪᠠᠶᠢᠪᠠᠯ᠂ ᠵᠠᠮ ᠬᠠᠷᠢᠯᠴᠠᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ  ᠵᠠᠷᠯᠢᠭᠳᠠᠵᠤ ᠴᠡᠭᠴᠡᠯᠡᠨ ᠰᠠᠶᠢᠵᠢᠷᠠᠭᠤᠯᠬᠤ ᠪᠤᠶᠤ ᠰᠡᠷᠡᠮᠵᠢ ᠥᠭᠬᠦ ᠬᠡᠷᠡᠭᠲᠡᠶ᠃      ᠭᠤᠴᠢ ᠶᠢᠰᠦᠳᠦᠭᠡᠷ ᠵᠦᠢᠯ᠂ ᠲᠤᠰ ᠲᠣᠭᠲᠠᠭᠠᠯ ᠢ 2005 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠲᠦᠷ ᠬᠡᠷᠡᠭᠵᠢᠭᠦᠯᠬᠦ ᠲᠣᠭᠲᠠᠭᠠᠯ︾ ︵ᠵᠠᠰᠠᠮᠠᠯ ᠵᠠᠮ ᠲᠠᠷᠬᠠᠭᠠᠭᠰᠠᠨ ﹇1992﹈ 443 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ ᠲᠤᠰ ᠲᠣᠭᠲᠠᠭᠠᠯ ᠢ ᠬᠡᠷᠡᠭᠵᠢᠭᠦᠯᠬᠦ ᠠᠴᠠ ᠡᠮᠦᠨ᠎ᠡ ᠨᠡᠶᠢᠲᠡᠯᠡᠭᠰᠡᠨ ᠬᠤᠯᠪᠣᠭᠳᠠᠯ ᠪᠦᠬᠦᠢ ᠲᠣᠭᠲᠠᠭᠠᠯ ᠨᠢ ᠲᠤᠰ  ᠲᠣᠭᠲᠠᠭᠠᠯ ᠲᠠᠢ ᠬᠠᠷᠰᠢᠯᠳᠤᠭᠰᠠᠨ ᠪᠠᠶᠢᠪᠠᠯ᠂ ᠲᠤᠰ ᠲᠣᠭᠲᠠᠭᠠᠯ ᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ ᠬᠡᠷᠡᠭᠵᠢᠭᠦᠯᠬᠦ ᠪᠠᠨ ᠵᠣᠭᠰᠣᠭᠠᠨ᠎ᠠ᠃
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠤᠨ ᠮᠡᠳᠡᠭᠡ ᠵᠠᠩᠭᠢ ᠶᠢᠨ ᠲᠦᠪ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号