内蒙古自治区农牧厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠠᠷᠬᠡᠶᠢᠯᠡᠬᠦ ᠬᠠᠤᠯᠢ
        ᠨᠡᠶᠢᠲᠡᠯᠡᠭᠰᠡᠨ ᠴᠠᠭ᠄
        2019/5/28
             ︵1997 ᠤᠨ ᠤ 7 ᠰᠠᠷ᠎ᠠ ᠶᠢᠨ 3 ᠤ ᠡᠳᠤᠷ ᠨᠠᠢᠮᠠᠳᠤᠭᠠᠷ ᠤᠳᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠭᠡᠰᠢᠭᠦᠨ ᠤ ᠬᠤᠷᠠᠯ ᠤᠨ ᠬᠤᠷᠢᠨ ᠵᠢᠷᠭᠤᠳᠤᠭᠠᠷ ᠬᠤᠷᠠᠯ ᠠᠴᠠ ᠵᠦᠪᠰᠢᠶᠡᠷᠡᠭᠰᠡᠨ 2007 ᠤᠨ ᠤ 8 ᠰᠠᠷ᠎ᠠ ᠶᠢᠨ 30 ᠤ ᠡᠳᠤᠷ ᠠᠷᠪᠠᠳᠤᠭᠠᠷ ᠤᠳᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠭᠡᠰᠢᠭᠦᠨ ᠤ ᠬᠤᠷᠠᠯ ᠤᠨ ᠬᠤᠷᠢᠨ ᠶᠢᠰᠦᠳᠦᠭᠡᠷ ᠬᠤᠷᠠᠯ ᠤᠨ ᠬᠢᠨᠠᠨ ᠵᠠᠰᠠᠯᠲᠠ︶            ᠭᠠᠷᠴᠠᠭᠨᠢᠭᠡᠳᠦᠭᠡᠷ ᠪᠦᠯᠦᠭ ᠶᠡᠷᠦᠩᠭᠡᠢ ᠳᠦᠷᠢᠮᠬᠤᠶᠠᠳᠤᠭᠠᠷ ᠪᠦᠯᠦᠭ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠬᠡᠶᠢᠯᠡᠬᠦᠭᠤᠷᠪᠠᠳᠤᠭᠠᠷ ᠪᠦᠯᠦᠭ ᠠᠮᠢᠲᠠᠨ ᠤ ᠬᠢᠵᠢᠭ ᠤᠨ ᠪᠠᠶᠢᠳᠠᠯ ᠢ ᠮᠡᠳᠡᠭᠦᠯᠬᠦ᠂ ᠮᠡᠳᠡᠭᠳᠡᠬᠦ ᠪᠠ ᠨᠡᠶᠢᠳᠡᠯᠡᠬᠦ ᠳᠦᠷᠪᠡᠳᠦᠭᠡᠷ ᠪᠦᠯᠦᠭ ᠠᠮᠢᠲᠠᠨ ᠤ ᠬᠢᠵᠢᠭ ᠡᠪᠡᠳᠴᠢᠨ ᠢ ᠬᠢᠵᠠᠭᠠᠷᠯᠠᠬᠤ ᠪᠠ ᠠᠷᠢᠯᠭᠠᠬᠤᠲᠠᠪᠤᠳᠤᠭᠠᠷ ᠪᠦᠯᠦᠭ ᠠᠮᠢᠲᠠᠨ ᠪᠠ ᠠᠮᠢᠲᠠᠨ ᠤ ᠠᠰᠢᠬ ᠰᠢᠮ᠎ᠠ ᠶᠢᠨ ᠬᠢᠵᠢᠭ ᠢ ᠪᠠᠶᠢᠴᠠᠭᠠᠬᠤ ᠵᠢᠷᠭᠤᠳᠤᠭᠠᠷ ᠪᠦᠯᠦᠭ ᠠᠮᠢᠲᠠᠨ ᠢ ᠤᠨᠤᠰᠢᠯᠠᠨ ᠡᠮᠨᠡᠯᠭᠡ ᠳᠤᠯᠤᠳᠤᠭᠠᠷ ᠪᠦᠯᠦᠭ ᠬᠢᠨᠠᠵᠦ ᠬᠠᠮᠢᠶᠠᠷᠬᠤ ᠨᠠᠢᠮᠠᠳᠤᠭᠠᠷ ᠪᠦᠯᠦᠭ ᠪᠠᠳᠤᠯᠠᠬᠤ ᠠᠷᠭ᠎ᠠ ᠬᠡᠮᠵᠢᠶ᠎ᠡ ᠶᠢᠰᠦᠳᠦᠭᠡᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ ᠠᠷᠪᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ            ᠨᠢᠭᠡᠳᠦᠭᠡᠷ ᠪᠦᠯᠦᠭ ᠶᠡᠷᠦᠩᠭᠡᠢ ᠳᠦᠷᠢᠮ      ᠨᠢᠭᠡᠳᠦᠭᠡᠷ ᠵᠦᠢᠯ ᠠᠮᠢᠳᠠᠨ ᠤ ᠬᠢᠵᠢᠭ ᠢ ᠰᠠᠷᠬᠡᠶᠢᠯᠡᠬᠦ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠠᠮᠢᠲᠠᠨ  ᠤ ᠬᠢᠵᠢᠭ ᠡᠪᠡᠳᠴᠢᠨ ᠢ ᠤᠷᠢᠳᠴᠢᠯᠠᠨ ᠰᠠᠷᠬᠡᠶᠢᠯᠡᠵᠦ᠂ ᠬᠢᠵᠠᠭᠠᠷᠯᠠᠬᠤ ᠪᠠ ᠠᠷᠢᠯᠭᠠᠵᠦ᠂ ᠲᠡᠵᠢᠭᠡᠨ ᠦᠷᠡᠵᠢᠭᠦᠯᠬᠦ ᠦᠢᠯᠡᠰ ᠤᠨ ᠬᠦᠭᠵᠢᠯᠲᠡ ᠶᠢ ᠠᠭᠢᠭᠤᠯᠵᠤ᠂ ᠬᠦᠮᠦᠨ ᠤ ᠪᠡᠶ᠎ᠡ ᠶᠢᠨ ᠡᠷᠡᠭᠦᠯ ᠮᠡᠨᠳᠦ ᠶᠢ ᠬᠠᠮᠠᠭᠠᠯᠠᠵᠤ᠂ ᠣᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠬᠤ ᠶᠢᠨ ᠲᠦᠯᠦᠭᠡ ᠲᠤᠰ ᠬᠠᠤᠯᠢ ᠶᠢ ᠲᠤᠭᠲᠠᠭᠠᠪᠠ᠃      ᠬᠤᠶᠠᠳᠤᠭᠠᠷ ᠵᠦᠢᠯ ᠲᠤᠰ ᠬᠠᠤᠯᠢ ᠶᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠳᠤᠭ ᠳᠡᠪᠢᠰᠭᠡᠷ ᠳᠤᠲᠤᠷᠠᠬᠢ ᠠᠮᠢᠲᠠᠨ ᠤ ᠬᠢᠵᠢᠭ ᠢ ᠰᠡᠷᠬᠡᠶᠢᠯᠡᠬᠦ ᠪᠠ ᠲᠡᠭᠦᠨ ᠢ ᠬᠢᠨᠠᠵᠤ ᠬᠠᠮᠢᠶᠠᠷᠬᠤ ᠠᠵᠢᠯᠯᠠᠭ᠎ᠠ ᠳᠤ ᠬᠡᠷᠡᠭᠯᠡᠨ᠎ᠠ ᠬᠢᠯᠢ ᠪᠠᠷ ᠤᠷᠤᠭᠤᠯᠵᠤ ᠭᠠᠷᠭᠠᠬᠤ ᠠᠮᠢᠲᠠᠨ᠂ ᠠᠮᠢᠲᠠᠨ ᠤ ᠠᠰᠢᠭ ᠰᠢᠮ᠎ᠡ ᠶᠢᠨ ᠬᠢᠵᠢᠭ ᠢ ᠪᠠᠶᠢᠴᠠᠭᠠᠬᠤ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠤᠷᠤᠭᠤᠯᠵᠤ ᠭᠠᠷᠭᠠᠬᠤ ᠠᠮᠢᠲᠠᠨ ᠤᠷᠭᠤᠮᠠᠯ ᠤᠨ ᠬᠢᠵᠢᠭ ᠢᠪᠠᠶᠢᠴᠠᠭᠠᠬᠤ ᠬᠠᠤᠯᠢ︾ ᠶᠢ ᠬᠡᠷᠡᠭᠯᠡᠨ᠎ᠠ᠃      ᠭᠤᠷᠪᠠᠳᠤᠭᠠᠷ ᠵᠦᠢᠯ ᠲᠤᠰ ᠬᠠᠤᠯᠢ ᠳᠤ ᠬᠡᠯᠡᠵᠦ ᠪᠠᠶᠢᠭ᠎ᠠ ᠠᠮᠢᠲᠠᠨ ᠭᠡᠳᠡᠭ ᠪᠤᠯ ᠳᠠᠵᠢᠭᠡᠪᠦᠷᠢ ᠮᠠᠯ ᠵᠢᠭᠦᠷᠳᠡᠨ ᠪᠠ ᠬᠦᠮᠦᠨ ᠤ ᠬᠦᠴᠤ ᠪᠠᠷ ᠠᠷᠠᠴᠢᠯᠠᠵᠤ ᠲᠡᠵᠢᠭᠡᠭᠰᠡᠨ᠂ ᠬᠠᠤᠯᠢ ᠶᠤᠰᠤᠭᠠᠷ ᠠᠩᠨᠠᠵᠤ ᠪᠠᠷᠢᠭᠰᠠᠨ ᠪᠤᠰᠤᠳ ᠠᠮᠢᠲᠠᠨ ᠢ ᠵᠢᠭᠠᠵᠤ ᠪᠠᠶᠢᠨ᠎ᠠ ᠲᠤᠰ ᠬᠠᠤᠯᠢ ᠳᠤ ᠬᠡᠯᠡᠵᠦ ᠪᠠᠶᠢᠭ᠎ᠠ ᠠᠮᠢᠲᠠᠨ ᠤ ᠠᠰᠢᠭ ᠰᠢᠮ᠎ᠡ ᠭᠡᠳᠡᠭ ᠪᠤᠯ ᠠᠮᠢᠲᠠᠨ ᠤ ᠮᠢᠬ᠎ᠠ᠂ ᠲᠦᠭᠦᠬᠡᠢᠠᠷᠠᠰᠤ᠂ ᠴᠤᠯᠭᠤᠢ ᠨᠤᠤᠰᠤ᠂ ᠨᠤᠣᠯᠤᠭᠤᠷ᠂ ᠳᠤᠳᠤᠷ ᠡᠷᠬᠡᠳᠡᠨ᠂ ᠦᠭᠡᠬᠦ᠂ ᠴᠢᠰᠤ᠂ ᠦᠷ᠎ᠡ ᠶᠢᠨ ᠰᠢᠩᠭᠡᠨ᠂ ᠦᠨᠳᠡᠭᠡ᠂ᠬᠦᠪᠦᠷᠡᠯ᠂ ᠶᠠᠰᠤ᠂ ᠲᠤᠭᠤᠷᠠᠢ᠂ ᠲᠤᠯᠤᠭᠠᠢ᠂ ᠡᠪᠡᠷ᠂ ᠰᠢᠷᠪᠦᠰᠦ ᠵᠢᠴᠢ ᠠᠮᠢᠲᠠᠨ ᠤ ᠬᠢᠵᠢᠭ ᠡᠪᠡᠳᠴᠢᠨ ᠢ ᠬᠠᠯᠳᠠᠭᠠᠨ ᠳᠡᠯᠭᠡᠷᠡᠭᠦᠯᠵᠦ ᠮᠡᠳᠡᠬᠦ ᠰᠦ᠂ ᠦᠨᠳᠡᠭᠡ ᠵᠡᠷᠭᠡ ᠶᠢ ᠵᠢᠭᠠᠵᠤ ᠪᠠᠶᠢᠨ᠎ᠠ ᠲᠤᠰ ᠬᠠᠤᠯᠢ ᠳᠤ ᠬᠡᠯᠡᠵᠦ ᠪᠠᠶᠢᠭ᠎ᠠ ᠠᠮᠢᠲᠠᠨ ᠤ ᠬᠢᠵᠢᠭ ᠡᠪᠡᠳᠴᠢᠨ ᠭᠡᠳᠡᠭ ᠪᠤᠯ ᠠᠮᠢᠲᠠᠨ ᠤ ᠬᠠᠯᠳᠠᠪᠤᠷᠢᠳᠤ ᠡᠪᠡᠳᠴᠢᠨ᠂ ᠰᠢᠮᠡᠭᠦᠷ ᠬᠤᠷᠤᠬᠠᠶᠢᠲᠤ ᠡᠪᠡᠳᠴᠢᠨ ᠢ ᠵᠢᠭᠠᠵᠤ ᠪᠠᠶᠢᠨ᠎ᠠ ᠲᠤᠰ ᠬᠠᠤᠯᠢ ᠳᠤ ᠬᠡᠯᠡᠵᠦ ᠪᠠᠶᠢᠭ᠎ᠠ ᠠᠮᠢᠲᠠᠨ ᠤ ᠬᠢᠵᠢᠭ ᠢ ᠰᠠᠷᠬᠡᠶᠢᠯᠡᠬᠦ ᠭᠡᠳᠡᠭ ᠪᠤᠯ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠬᠡᠶᠢᠯᠡᠬᠦ᠂ ᠬᠢᠵᠠᠭᠠᠷᠯᠠᠬᠤ᠂ ᠠᠷᠢᠯᠭᠠᠬᠤ ᠪᠠ ᠠᠮᠢᠲᠠᠨ᠂ ᠠᠮᠢᠲᠠᠨ ᠤ ᠠᠰᠢᠭ ᠰᠢᠮ᠎ᠡ ᠶᠢᠨ ᠬᠢᠵᠢᠭ ᠢ ᠪᠠᠶᠢᠴᠠᠭᠠᠬᠤ ᠶᠢ ᠵᠢᠭᠠᠵᠤ ᠪᠠᠶᠢᠨ᠎ᠠ᠃      ᠳᠦᠷᠪᠡᠳᠦᠭᠡᠷ ᠵᠦᠢᠯ ᠠᠮᠢᠲᠠᠨ ᠤ ᠬᠢᠵᠢᠭ ᠡᠪᠡᠳᠴᠢᠨ ᠠᠴᠠ ᠲᠡᠵᠢᠭᠡᠨ ᠦᠷᠡᠵᠢᠬᠦᠯᠬᠦ ᠦᠢᠯᠡᠰ ᠤᠨ ᠦᠢᠯᠡᠳᠪᠦᠷᠢᠯᠡᠯ ᠪᠠ ᠬᠦᠮᠦᠨ ᠤ ᠪᠡᠶ᠎ᠡ ᠶᠢᠨ ᠡᠷᠡᠭᠦᠯ ᠮᠡᠨᠳᠦ ᠳᠤ ᠤᠴᠠᠷᠠᠭᠤᠯᠬᠤ ᠬᠤᠤᠷ ᠬᠦᠨᠦᠭᠡᠯ ᠤᠨ ᠬᠡᠮᠵᠢᠶ᠎ᠡ ᠶᠢ ᠦᠨᠳᠦᠰᠦᠯᠡᠨ᠂ ᠲᠤᠰ ᠬᠠᠤᠯᠢ ᠳᠤ ᠬᠠᠮᠢᠶᠠᠷᠬᠤ ᠪᠠᠷ ᠲᠣᠭᠲᠠᠭᠠᠭᠰᠠᠨ ᠠᠮᠢᠲᠠᠨ ᠤ ᠬᠢᠵᠢᠭ ᠡᠪᠡᠳᠴᠢᠨ ᠢ ᠳᠤᠤᠷ᠎ᠠ ᠵᠢᠭᠰᠠᠭᠠᠭᠰᠠᠨ ᠭᠤᠷᠪᠠᠨ ᠲᠦᠷᠦᠯ ᠳᠤ ᠬᠤᠪᠢᠶᠠᠨ᠎ᠠ᠃      ︵ᠨᠢᠭᠡ︶ ᠨᠢᠭᠡᠳᠦᠭᠡᠷ ᠲᠦᠷᠦᠯ ᠤᠨ ᠬᠢᠵᠢᠭ ᠡᠪᠡᠳᠴᠢᠨ ᠭᠡᠳᠡᠭ ᠪᠤᠯ ᠠᠯᠪᠠᠳᠠᠯᠭ᠎ᠠ ᠪᠠᠷ ᠤᠷᠢᠳᠴᠢᠯᠠᠨ ᠰᠡᠷᠬᠡᠶᠢᠯᠡᠬᠦ᠂ ᠬᠢᠵᠠᠭᠠᠷᠯᠠᠬᠤ᠂ ᠠᠷᠢᠯᠭᠠᠬᠤ ᠵᠡᠷᠭᠡ ᠪᠠᠴᠢᠮ ᠪᠦᠭᠡᠳ ᠴᠢᠩᠭ᠎ᠠ ᠠᠷᠭ᠎ᠠ ᠬᠡᠮᠵᠢᠶ᠎ᠡ ᠠᠪᠬᠤ ᠴᠢᠬᠤᠯᠠᠲᠠᠢ ᠬᠦᠮᠦᠨ ᠪᠣᠯᠤᠨ ᠮᠠᠯ ᠳᠤ ᠬᠦᠨᠳᠦ ᠨᠣᠴᠢᠲᠠᠢ ᠬᠤᠤᠷ ᠬᠦᠨᠦᠭᠡᠯ ᠤᠴᠠᠷᠠᠭᠤᠯᠳᠠᠭ ᠬᠢᠵᠢᠭ ᠡᠪᠡᠳᠴᠢᠨ ᠢ ᠵᠢᠭᠠᠵᠤ ᠪᠠᠶᠢᠨ᠎ᠠ︔      ︵ᠬᠤᠶᠠᠷ︶ ᠬᠤᠶᠠᠳᠤᠭᠠᠷ ᠲᠦᠷᠦᠯ ᠤᠨ ᠬᠢᠵᠢᠭ ᠡᠪᠡᠳᠴᠢᠨ ᠭᠡᠳᠡᠭ ᠪᠤᠯ ᠴᠢᠩᠭ᠎ᠠ ᠬᠢᠵᠠᠭᠠᠷᠯᠠᠬᠤ᠂ ᠠᠷᠢᠯᠭᠠᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠲᠡᠷᠬᠠᠨ ᠳᠠᠯᠭᠡᠷᠡᠬᠦ ᠶᠢ ᠨᠢ ᠰᠡᠷᠬᠡᠶᠢᠯᠡᠨ ᠬᠤᠷᠢᠭᠯᠠᠬᠤ ᠴᠢᠬᠤᠯᠠᠲᠠᠢ ᠠᠵᠤ ᠠᠬᠤᠢ ᠶᠢᠨ ᠬᠦᠨᠳᠦ ᠶᠡᠭᠡ ᠬᠤᠬᠢᠷᠠᠯ ᠤᠴᠠᠷᠠᠭᠤᠯᠵᠤ ᠮᠡᠳᠡᠬᠦ ᠬᠢᠵᠢᠭ ᠡᠪᠡᠳᠴᠢᠨ ᠢ ᠵᠢᠭᠠᠵᠤ ᠪᠠᠶᠢᠨ᠎ᠠ︔      ︵ᠭᠤᠷᠪᠠ︶ ᠭᠤᠷᠪᠠᠳᠤᠭᠠᠷ ᠲᠦᠷᠦᠯ ᠤᠨ ᠬᠢᠵᠢᠭ ᠡᠪᠡᠳᠴᠢᠨ ᠭᠡᠳᠡᠭ ᠪᠤᠯ ᠦᠷᠬᠦᠯᠵᠢ ᠳᠤᠬᠢᠶᠠᠯᠳᠤᠳᠠᠭ ᠪᠦᠭᠡᠳ ᠤᠯᠠᠨᠳᠠ ᠡᠭᠦᠰᠳᠡᠭ᠂ ᠠᠵᠤ ᠠᠬᠤᠢ ᠶᠢᠨ ᠬᠦᠨᠳᠦ ᠶᠡᠭᠡ ᠬᠤᠬᠢᠷᠠᠯ ᠤᠴᠠᠷᠠᠭᠤᠯᠵᠤ ᠮᠡᠳᠡᠬᠦ᠂ ᠬᠢᠵᠠᠭᠠᠷᠯᠠᠬᠤ ᠪᠠ ᠴᠡᠪᠡᠷᠰᠢᠬᠦᠯᠬᠦ ᠴᠢᠬᠤᠯᠠᠲᠠᠢ ᠬᠢᠵᠢᠭ ᠡᠪᠡᠳᠴᠢᠨ ᠢ ᠵᠢᠭᠠᠵᠤ ᠪᠠᠶᠢᠨ᠎ᠠ᠃ ᠡᠮᠦᠨᠡᠬᠢ ᠪᠠᠳᠠᠭ ᠲᠤ ᠳᠤᠷᠠᠳᠤᠭᠰᠠᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠦᠷᠦᠯ ᠤᠨ ᠠᠮᠢᠲᠠᠨ ᠤ ᠬᠢᠵᠢᠭ ᠡᠪᠡᠳᠴᠢᠨ ᠤ ᠪᠤᠳᠠᠳᠠᠢ ᠡᠪᠡᠳᠴᠢᠨ ᠤ ᠲᠦᠷᠦᠯ ᠤᠨ ᠨᠡᠷᠡᠰ ᠤᠨ ᠵᠢᠭᠰᠠᠭᠠᠯᠲᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠲᠠᠭᠠᠵᠦ ᠨᠡᠶᠢᠳᠡᠯᠡᠨ᠎ᠡ᠃      ᠲᠠᠪᠤᠳᠤᠭᠠᠷ ᠵᠦᠢᠯ ᠤᠯᠤᠰ ᠠᠴᠠ ᠠᠮᠢᠲᠠᠨ ᠤ ᠬᠢᠵᠢᠭ ᠡᠪᠡᠳᠴᠢᠨ ᠳᠤ ᠤᠷᠢᠳᠴᠢᠯᠠᠨ ᠰᠡᠷᠬᠡᠶᠢᠯᠡᠬᠦ ᠪᠠᠷ ᠭᠤᠤᠯ ᠪᠤᠯᠭᠠᠬᠤ ᠴᠢᠭᠯᠡᠯᠲᠡ ᠶᠢ ᠬᠡᠷᠡᠭᠵᠢᠭᠦᠯᠦᠨ᠎ᠡ᠃      ᠵᠢᠷᠭᠤᠳᠤᠭᠠᠷ ᠵᠦᠢᠯ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠠᠮᠢᠲᠠᠨ ᠤ ᠬᠢᠵᠢᠭ ᠢ ᠰᠡᠷᠬᠡᠶᠢᠯᠡᠬᠦ ᠠᠵᠢᠯ ᠤᠨ ᠲᠤᠬᠠᠢ ᠨᠢᠭᠡᠳᠦᠯᠳᠡᠢ ᠤᠳᠤᠷᠢᠳᠤᠯᠭ᠎ᠠ ᠪᠠᠨ ᠴᠢᠩᠭᠠᠳᠬᠠᠵᠤ᠂ ᠦᠨᠳᠦᠰᠦᠨ ᠱᠠᠳᠤᠨ ᠤ ᠠᠮᠢᠲᠠᠨ ᠤ ᠬᠢᠵᠢᠭ ᠢ ᠰᠡᠷᠬᠡᠶᠢᠯᠡᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠠᠮᠢᠲᠠᠨ ᠤ ᠬᠢᠵᠢᠭ ᠢ ᠰᠡᠷᠬᠡᠶᠢᠯᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠠᠮᠢᠲᠠᠨ ᠤ ᠬᠢᠵᠢᠭ ᠡᠪᠡᠳᠴᠢᠨ ᠢ ᠰᠡᠷᠬᠡᠶᠢᠯᠡᠵᠦ ᠵᠠᠰᠠᠬᠤ ᠲᠦᠯᠦᠪᠵᠢᠭᠦᠯᠭᠡ ᠲᠤᠭᠲᠠᠭᠠᠬᠤ ᠶᠢᠨ ᠬᠠᠮᠳᠤ ᠵᠤᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ ᠰᠢᠶᠠᠩ ᠤᠨ ᠱᠠᠳᠤᠨ ᠤ ᠠᠷᠠᠳ ᠤᠨ ᠵᠠᠰᠠᠭ ᠤᠨ ᠤᠷᠳᠤᠨ᠂ ᠬᠤᠳᠠ ᠶᠢᠨ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠤᠯᠠᠨ ᠲᠦᠮᠡᠨ ᠢ ᠵᠤᠬᠢᠶᠠᠨ ᠪᠠᠶᠢᠭᠤᠯᠵᠦ᠂ ᠲᠤᠰ ᠬᠠᠷᠢᠶ᠎ᠠ ᠤᠷᠤᠨ ᠤ ᠳᠤᠲᠤᠷᠠᠬᠢ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠬᠡᠶᠢᠯᠡᠬᠦ ᠪᠠ ᠬᠢᠵᠠᠭᠠᠷᠯᠠᠬᠤ ᠠᠵᠢᠯ ᠢ ᠬᠠᠪᠰᠤᠷᠴᠤ ᠰᠠᠶᠢᠳᠤᠷ ᠬᠢᠬᠦ ᠬᠡᠷᠡᠭᠲᠡᠢ᠃      ᠳᠤᠯᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠦᠬᠦ ᠤᠯᠤᠰ ᠤᠨ ᠠᠮᠢᠲᠠᠨ ᠤ ᠬᠢᠵᠢᠭ ᠢ ᠰᠡᠷᠬᠡᠶᠢᠯᠡᠬᠦ ᠠᠵᠢᠯ ᠢ ᠡᠷᠬᠢᠯᠡᠨ ᠬᠠᠮᠢᠶᠠᠷᠦᠨ᠎ᠠ᠃ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠳᠤᠲᠤᠷᠠᠬᠢ ᠠᠮᠢᠲᠠᠨ ᠤ ᠬᠢᠵᠢᠭ ᠢ ᠰᠡᠷᠬᠡᠶᠢᠯᠡᠬᠦ ᠠᠵᠢᠯ ᠢ ᠡᠷᠬᠢᠯᠡᠨ ᠬᠠᠮᠢᠶᠠᠷᠤᠨ᠎ᠠ᠃ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠪᠤᠰᠤᠳ ᠰᠠᠯᠠᠭ᠎ᠠ ᠮᠦᠴᠢᠷ ᠤᠳ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤᠲᠤᠷ᠎ᠠ ᠠᠮᠢᠲᠠᠨ ᠤ ᠬᠢᠵᠢᠭ ᠢ ᠰᠡᠷᠬᠡᠶᠢᠯᠡᠬᠦ ᠠᠵᠢᠯ ᠢ ᠰᠠᠶᠢᠳᠤᠷ ᠬᠢᠨ᠎ᠠ᠃ ᠴᠡᠷᠢᠭ ᠠᠩᠭᠢ ᠪᠠ ᠵᠠᠪᠰᠡᠭᠲᠦ ᠴᠠᠭᠳᠠᠭᠠᠨ ᠤ ᠴᠡᠷᠢᠭ ᠠᠩᠭᠢ ᠶᠢᠨ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠡᠭᠦᠷᠭᠡ ᠴᠢᠳᠠᠪᠤᠷᠢᠳᠦ ᠰᠠᠯᠠᠭ᠎ᠠ ᠮᠦᠴᠢᠷ ᠤᠳ ᠴᠡᠷᠢᠭ ᠠᠩᠭᠢ ᠪᠠ ᠵᠡᠪᠰᠡᠭᠲᠦ ᠴᠠᠭᠳᠠᠭᠠᠨ ᠤ ᠴᠡᠷᠢᠭ ᠠᠩᠭᠢ ᠶᠢᠨ ᠵᠢᠩᠬᠢᠨᠢ ᠠᠯᠪᠠᠨ ᠳᠤ ᠪᠠᠶᠢᠭ᠎ᠠ ᠠᠮᠢᠳᠠᠨ ᠵᠢᠴᠢ ᠦᠪᠡᠰᠦᠪᠡᠨ ᠳᠡᠵᠢᠭᠡᠵᠦ ᠬᠡᠷᠡᠭᠯᠡᠬᠦ ᠠᠮᠢᠲᠠᠨ ᠤ ᠬᠢᠵᠢᠭ ᠢ ᠰᠡᠷᠬᠡᠶᠢᠯᠡᠬᠦ ᠠᠵᠢᠯ ᠢ ᠲᠤᠰ ᠲᠤᠰ ᠬᠠᠷᠢᠭᠤᠴᠠᠨ᠎ᠠ᠃      ᠨᠠᠢᠮᠠᠳᠤᠭᠠᠷ ᠵᠦᠢᠯ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠪᠠᠶᠢᠭᠤᠯᠤᠭᠰᠠᠨ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠲᠤᠰ ᠬᠠᠤᠯᠢ ᠶᠢᠨ ᠲᠤᠭᠳᠠᠭᠠᠯ ᠶᠤᠰᠤᠭᠠᠷ ᠠᠮᠢᠲᠠᠨ᠂ ᠠᠮᠢᠲᠠᠨ ᠤ ᠠᠰᠢᠭ ᠰᠢᠮ᠎ᠡ ᠶᠢᠨ ᠬᠢᠵᠢᠭ ᠢ ᠪᠠᠶᠢᠴᠠᠭᠠᠬᠤ ᠠᠵᠢᠯ ᠪᠠ ᠠᠮᠢᠲᠠᠨ ᠤ ᠬᠢᠵᠢᠭ ᠢ ᠰᠠᠷᠬᠡᠶᠢᠯᠡᠬᠦ ᠳᠤ ᠬᠤᠯᠪᠤᠭᠳᠠᠬᠤ ᠪᠤᠰᠤᠳ ᠬᠢᠨᠠᠵᠤ ᠬᠠᠮᠢᠶᠠᠷᠬᠤ ᠬᠠᠤᠯᠢ ᠬᠡᠷᠡᠭᠵᠢᠬᠦᠯᠬᠦ ᠠᠵᠢᠯ ᠢ ᠬᠠᠷᠢᠭᠤᠴᠠᠨ᠎ᠠ᠃      ᠶᠢᠰᠦᠳᠦᠭᠡᠷ ᠵᠦᠢᠯ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠯ ᠶᠤᠰᠤᠭᠠᠷ᠂ ᠨᠢᠭᠡᠳᠦᠯᠳᠡᠢ ᠲᠦᠯᠦᠪᠵᠢᠭᠦᠯᠬᠦ᠂ ᠵᠦᠢ ᠵᠤᠬᠢᠰᠲᠠᠢ ᠪᠠᠶᠢᠷᠢᠯᠠᠭᠤᠯᠬᠤ᠂ ᠶᠡᠷᠦᠩᠬᠡᠶᠢᠯᠡᠨ ᠳᠤᠬᠢᠷᠠᠭᠤᠯᠬᠤ ᠵᠠᠷᠴᠢᠮ ᠢ ᠦᠨᠳᠦᠰᠦᠯᠡᠵᠦ ᠠᠮᠢᠲᠠᠨ ᠤ ᠬᠢᠵᠢᠭ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢ ᠪᠠᠶᠢᠭᠤᠯᠤᠨ᠂ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ᠂ ᠰᠢᠯᠭᠠᠨ ᠬᠡᠮᠵᠢᠬᠦ᠂ ᠤᠨᠤᠰᠢᠯᠠᠬᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠬᠦ᠂ ᠬᠢᠵᠢᠭ ᠤᠨ ᠪᠠᠶᠢᠳᠠᠯ ᠢ ᠮᠡᠳᠡᠭᠦᠯᠬᠦ ᠵᠢᠴᠢ ᠤᠷᠢᠳᠴᠢᠯᠠᠨ ᠰᠡᠷᠬᠡᠶᠢᠯᠡᠬᠦ᠂ ᠬᠢᠵᠠᠭᠠᠷᠯᠠᠬᠤ ᠵᠡᠷᠭᠡ ᠪᠤᠰᠤᠳ ᠮᠡᠷᠭᠡᠵᠢᠯ ᠤᠨ ᠠᠵᠢᠯ ᠢ ᠡᠭᠦᠷᠭᠡᠯᠡᠨ᠎ᠡ᠃      ᠠᠷᠪᠠᠳᠤᠭᠠᠷ ᠵᠦᠢᠯ ᠤᠯᠤᠰ ᠠᠴᠠ ᠠᠮᠢᠲᠠᠨ ᠤ ᠬᠢᠵᠢᠭ ᠡᠪᠡᠳᠴᠢᠨ ᠤ ᠲᠤᠬᠠᠢ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠪᠠ ᠤᠯᠠᠨ ᠤᠯᠤᠰ ᠤᠨ ᠬᠠᠮᠳᠤᠷᠠᠯᠴᠠᠭ᠎ᠠ ᠰᠤᠯᠢᠯᠴᠠᠭ᠎ᠠ ᠬᠢᠬᠦ ᠶᠢ ᠳᠠᠮᠵᠢᠨ ᠵᠤᠷᠢᠬᠵᠢᠭᠤᠯᠵᠤ᠂ ᠲᠡᠷᠢᠭᠦᠨ ᠤ ᠬᠡᠷᠡᠭᠯᠡᠭᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠳᠡᠯᠭᠡᠷᠡᠭᠦᠯᠦᠨ᠂ ᠠᠮᠢᠲᠠᠨ ᠤ ᠬᠢᠵᠢᠭ ᠡᠪᠡᠳᠴᠢᠨ ᠢ ᠰᠡᠷᠬᠡᠶᠢᠯᠡᠬᠦ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠬᠦᠯᠵᠦ᠂ ᠠᠮᠢᠲᠠᠨ ᠤ ᠬᠢᠵᠢᠭ ᠡᠪᠡᠳᠴᠢᠨ ᠢ ᠰᠡᠷᠬᠡᠶᠢᠯᠡᠨ ᠵᠠᠰᠠᠬᠤ ᠰᠢᠨᠵᠢᠯᠡᠬᠦ ᠤᠬᠠᠭᠠᠨ ᠮᠡᠷᠬᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠠᠷᠪᠠᠨ ᠨᠢᠭᠡᠳᠦᠭᠡᠷ ᠵᠦᠢᠯ ᠠᠮᠢᠲᠠᠨ ᠤ ᠬᠢᠵᠢᠭ ᠢ ᠰᠡᠷᠬᠡᠶᠢᠯᠡᠬᠦ ᠠᠵᠢᠯ᠂ ᠠᠮᠢᠲᠠᠨ ᠤ ᠬᠢᠵᠢᠭ ᠢ ᠰᠡᠷᠭᠡᠶᠢᠯᠡᠬᠦ ᠰᠢᠨᠵᠢᠯᠡᠬᠦ ᠤᠬᠠᠭᠠᠨ ᠤ ᠰᠤᠳᠤᠯᠭᠠᠨ ᠤ ᠳᠤᠮᠳᠠ ᠠᠮᠵᠢᠯᠲᠠ ᠪᠦᠲᠦᠮᠵᠢ ᠭᠠᠷᠭᠠᠭᠰᠠᠨ ᠪᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠣᠯᠣᠨ ᠬᠤᠪᠢ ᠬᠦᠮᠦᠨ ᠢ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠬᠦᠬᠢᠬᠦᠯᠦᠨ ᠱᠠᠩᠨᠠᠨ᠎ᠠ᠃     ᠬᠤᠶᠠᠳᠤᠭᠠᠷ ᠪᠦᠯᠦᠭ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠬᠡᠶᠢᠯᠡᠬᠦ      ᠠᠷᠪᠠᠨ ᠬᠤᠶᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠮᠢᠲᠠᠨ ᠤ ᠬᠢᠵᠢᠭ ᠡᠪᠡᠳᠴᠢᠨ ᠤ ᠪᠠᠶᠢᠳᠠᠯ ᠳᠤ ᠲᠦᠭᠰᠢᠭᠦᠷᠢ ᠶᠢᠨ ᠦᠨᠡᠯᠡᠯᠲᠡ ᠬᠢᠵᠦ᠂ ᠦᠨᠡᠯᠡᠯᠲᠡ ᠶᠢᠨ ᠳ᠋ᠦᠩ ᠢ ᠦᠨᠳᠦᠰᠦᠯᠡᠨ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠬᠡᠶᠢᠯᠡᠬᠦ᠂ ᠬᠢᠵᠠᠭᠠᠷᠯᠠᠬᠤ ᠵᠣᠬᠢᠴᠠᠩᠭᠤᠢ ᠠᠷᠭ᠎ᠠ ᠬᠡᠮᠵᠢᠶ᠎ᠡ ᠶᠢ ᠲᠤᠭᠳᠠᠭᠠᠨ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠯᠤᠰ ᠤᠨ ᠳᠤᠲᠤᠭᠠᠳᠤ ᠭᠠᠳᠠᠭᠠᠳᠤ ᠶᠢᠨ ᠠᠮᠢᠲᠠᠨ ᠤ ᠬᠢᠵᠢᠭ ᠤᠨ ᠪᠠᠶᠢᠳᠠᠯ ᠪᠠ ᠲᠡᠵᠢᠭᠡᠨ ᠦᠷᠡᠵᠢᠬᠦᠯᠬᠦ ᠦᠢᠯᠡᠰ ᠤᠨ ᠦᠢᠯᠡᠳᠪᠦᠷᠢᠯᠡᠯ ᠵᠢᠴᠢ ᠬᠦᠮᠦᠨ ᠤ ᠪᠡᠶ᠎ᠡ ᠶᠢᠨ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠴᠡᠭᠡ ᠶᠢ ᠦᠨᠳᠦᠰᠦᠯᠡᠨ᠂ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠬᠡᠶᠢᠯᠡᠬᠦ᠂ ᠬᠢᠵᠠᠭᠠᠷᠯᠠᠬᠤ ᠮᠡᠷᠬᠡᠵᠢᠯ ᠤᠨ ᠵᠢᠷᠤᠮᠵᠢᠯ ᠢ ᠴᠠᠭ ᠲᠤᠬᠠᠢ ᠳᠤᠨᠢ ᠲᠤᠭᠲᠠᠭᠠᠵᠤ ᠨᠡᠶᠢᠳᠡᠯᠡᠨ᠎ᠡ᠃      ᠠᠷᠪᠠᠨ ᠭᠤᠷᠪᠠᠳᠤᠭᠠᠷ ᠵᠦᠢᠯ ᠤᠯᠤᠰ ᠠᠴᠠ ᠳᠡᠵᠢᠭᠡᠨ ᠦᠷᠡᠵᠢᠬᠦᠯᠬᠦ ᠦᠢᠯᠡᠰ ᠤᠨ ᠦᠢᠯᠡᠳᠪᠦᠷᠢᠯᠡᠯ ᠪᠠ ᠬᠦᠮᠦᠨ ᠤ ᠪᠡᠶ᠎ᠡ ᠶᠢᠨ ᠡᠷᠡᠭᠦᠯ ᠮᠡᠨᠳᠦ ᠳᠤ ᠬᠦᠨᠳᠦ ᠨᠤᠴᠢᠳᠠᠢ ᠬᠤᠤᠷ ᠬᠦᠨᠦᠭᠡᠯ ᠤᠴᠠᠷᠠᠭᠤᠯᠬᠤ ᠠᠮᠢᠲᠠᠨ ᠤ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠴᠠᠷᠤᠯᠲᠠ ᠬᠢᠯᠭᠡᠨ᠎ᠡ᠃ ᠲᠥᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠠᠯᠪᠠᠳᠠᠯᠭ᠎ᠠ ᠪᠠᠷ ᠴᠠᠷᠤᠯᠲᠠ ᠬᠢᠯᠬᠡᠬᠦ ᠴᠢᠬᠤᠯᠠᠲᠠᠢ ᠠᠮᠢᠲᠠᠨ ᠤ ᠬᠢᠵᠢᠭ ᠡᠪᠡᠳᠴᠢᠨ ᠤ ᠲᠦᠷᠦᠯ ᠪᠠ ᠤᠷᠤᠨ ᠪᠦᠰᠡ ᠶᠢ ᠲᠤᠭᠳᠠᠭᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠤᠯᠤᠰ ᠤᠨ ᠠᠮᠢᠳ᠋ᠨᠨ ᠤ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠴᠠᠷᠤᠯᠲᠠ ᠬᠢᠯᠬᠡᠬᠦ ᠲᠦᠯᠦᠪᠯᠡᠭᠡ ᠶᠢ ᠲᠣᠭᠲᠠᠭᠠᠨ᠎ᠠ᠃ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠯᠤᠰ ᠤᠨ ᠠᠮᠢᠳ᠋ᠨᠨ ᠤ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠴᠠᠷᠤᠯᠲᠠ ᠬᠢᠯᠬᠡᠬᠦ ᠲᠦᠯᠦᠪᠯᠡᠭᠡ ᠶᠢ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠤᠷᠤᠨ ᠤ ᠠᠯᠪᠠᠳᠠᠯᠭ᠎ᠠ ᠪᠠᠷ ᠴᠠᠷᠤᠯᠲᠠ ᠬᠢᠯᠬᠡᠬᠦ ᠲᠦᠯᠦᠪᠯᠡᠭᠡ ᠶᠢ ᠲᠣᠭᠲᠠᠭᠠᠨ᠎ᠠ︔ ᠡᠭᠦᠨ ᠤ ᠬᠠᠮᠲᠤ ᠲᠤᠰ ᠵᠠᠰᠠᠭ ᠵᠠᠬᠢᠷᠭᠠᠨ ᠤ ᠤᠷᠤᠨ ᠤ ᠳᠤᠲᠤᠷᠠᠬᠢ ᠠᠮᠢᠲᠠᠨ ᠤ ᠬᠢᠵᠢᠭ ᠡᠪᠡᠳᠴᠢᠨ ᠤ ᠳᠡᠯᠭᠡᠷᠡᠬᠦ ᠪᠠᠶᠢᠳᠠᠯ ᠢ ᠦᠨᠳᠦᠰᠦᠯᠡᠨ ᠠᠯᠪᠠᠳᠠᠯᠭ᠎ᠠ ᠪᠠᠷ ᠴᠠᠷᠤᠯᠲᠠ ᠬᠢᠯᠬᠡᠬᠦ ᠠᠮᠢᠲᠠᠨ ᠤ ᠬᠢᠵᠢᠭ ᠡᠪᠡᠳᠴᠢᠨ ᠤ ᠲᠦᠷᠦᠯ ᠪᠠ ᠤᠷᠤᠨ ᠪᠦᠰᠡ ᠶᠢ ᠨᠡᠮᠡᠭᠳᠡᠬᠦᠯᠵᠦ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠵᠦ ᠵᠦᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠬᠦᠯᠬᠦ ᠪᠦᠭᠡᠳ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃      ᠠᠷᠪᠠᠨ ᠳᠦᠷᠪᠡᠳᠦᠭᠡᠷ ᠵᠦᠢᠯ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠮᠢᠲᠠᠨ ᠤ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠴᠠᠷᠤᠯᠲᠠ ᠬᠢᠯᠬᠡᠬᠦ ᠲᠦᠯᠦᠪᠯᠡᠭᠡ ᠶᠢ ᠵᠤᠬᠢᠶᠠᠨ ᠪᠠᠶᠢᠭᠤᠯᠵᠦ ᠬᠡᠷᠡᠭᠵᠢᠬᠦᠯᠦᠨ᠎ᠠ᠃ ᠰᠢᠶᠠᠩ ᠤᠨ ᠱᠠᠳᠤᠨ ᠤ ᠠᠷᠠᠳ ᠤᠨ ᠵᠠᠰᠠᠭ ᠤᠨ ᠤᠷᠳᠤᠨ᠂ ᠬᠤᠳᠠ ᠶᠢᠨ ᠵᠠᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤᠰ ᠬᠠᠷᠢᠶ᠎ᠠ ᠤᠷᠤᠨ ᠤ ᠳᠤᠲᠤᠷᠠᠬᠢ ᠠᠮᠢᠲᠠᠨ ᠳᠡᠵᠢᠭᠡᠵᠦ ᠪᠠᠶᠢᠭ᠎ᠠ ᠨᠢᠭᠡᠴᠢ ᠪᠠ ᠬᠤᠪᠢ ᠬᠦᠮᠦᠨ ᠢ ᠵᠤᠬᠢᠶᠠᠨ ᠪᠠᠶᠢᠭᠤᠯᠵᠤ ᠪᠠᠶᠢᠭᠠᠳ ᠠᠯᠪᠠᠳᠠᠯᠭ᠎ᠠ ᠪᠠᠷ ᠴᠠᠷᠤᠯᠲᠠ ᠬᠢᠯᠬᠡᠬᠦ ᠠᠵᠢᠯ ᠢ ᠰᠠᠶᠢᠳᠤᠷ ᠬᠢᠬᠦ ᠬᠡᠷᠡᠭᠲᠡᠢᠠᠮᠢᠲᠠᠨ ᠳᠡᠵᠢᠬᠡᠵᠦ ᠪᠠᠶᠢᠭ᠎ᠠ ᠨᠢᠭᠡᠴᠢ ᠪᠠ ᠬᠤᠪᠢ ᠬᠦᠮᠦᠨ ᠠᠮᠢᠲᠠᠨ ᠤ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠴᠠᠷᠤᠯᠲᠠ ᠬᠢᠯᠬᠡᠬᠦ ᠡᠭᠦᠷᠬᠡ ᠪᠠᠨ ᠬᠠᠤᠯᠢ ᠶᠤᠰᠤᠭᠠᠷ ᠭᠦᠢᠴᠡᠳᠬᠡᠵᠦ᠂ ᠮᠡᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠱᠠᠭᠠᠷᠳᠠᠯᠭ᠎ᠠ ᠶᠤᠰᠤᠭᠠᠷ ᠠᠯᠪᠠᠳᠠᠯᠭ᠎ᠠ ᠪᠠᠷ ᠴᠠᠷᠤᠯᠲᠠ ᠬᠢᠯᠬᠡᠬᠦ ᠠᠵᠢᠯ ᠢ ᠰᠠᠶᠢᠳᠤᠷ ᠬᠢᠬᠦ ᠬᠡᠷᠡᠭᠲᠡᠢ ᠠᠯᠪᠠᠳᠠᠯᠭ᠎ᠠ ᠪᠠᠷ ᠴᠠᠷᠤᠯᠲᠠ ᠬᠢᠯᠭᠡᠭᠰᠡᠨ ᠠᠮᠢᠲᠠᠨ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠲᠠᠭᠠᠯ ᠶᠤᠰᠤᠭᠠᠷ ᠴᠠᠷᠤᠯᠲᠠ ᠬᠢᠯᠭᠡᠭᠰᠡᠨ ᠳᠠᠩᠰᠠ ᠪᠠᠶᠢᠭᠤᠯᠵᠤ᠂ ᠮᠠᠯ ᠵᠢᠭᠦᠷᠲᠡᠨ ᠢ ᠢᠯᠭᠠᠬᠤ ᠳᠡᠮᠳᠡᠭ ᠲᠠᠯᠪᠢᠵᠤ᠂ ᠮᠦᠷᠳᠡᠵᠦ ᠪᠤᠯᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃      ᠠᠷᠪᠠᠨ ᠲᠠᠪᠤᠳᠤᠭᠠᠷ ᠵᠦᠢᠯ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠠᠮᠢᠲᠠᠨ ᠤ ᠬᠢᠵᠢᠭ ᠤᠨ ᠪᠠᠶᠢᠳᠠᠯ ᠢ ᠬᠢᠨᠡᠨ ᠬᠡᠮᠵᠢᠬᠦ ᠲᠤᠤᠷ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠠᠮᠢᠲᠠᠨ ᠤ ᠬᠢᠵᠢᠭ ᠤᠨ ᠪᠠᠶᠢᠳᠠᠯ ᠢ ᠬᠢᠨᠡᠨ ᠬᠡᠮᠵᠢᠬᠦ ᠠᠵᠢᠯ ᠢ ᠴᠢᠩᠭᠠᠳᠬᠠᠬᠤ ᠬᠡᠷᠡᠭᠲᠡᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠯᠤᠰ ᠤᠨ ᠠᠮᠢᠲᠠᠨ ᠤ ᠬᠢᠵᠢᠭ ᠡᠪᠡᠳᠴᠢᠨ ᠢ ᠬᠢᠨᠡᠨ ᠬᠡᠮᠵᠢᠬᠦ ᠲᠦᠯᠦᠪᠯᠡᠭᠡ ᠶᠢ ᠲᠤᠭᠳᠠᠭᠠᠬᠤ ᠬᠡᠷᠡᠭᠲᠡᠢ᠃ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠯᠤᠰ ᠤᠨ ᠠᠮᠢᠲᠠᠨ ᠤ ᠬᠢᠵᠢᠭ ᠡᠪᠡᠳᠴᠢᠨ ᠢ ᠬᠢᠨᠡᠨ ᠬᠡᠮᠵᠢᠬᠦ ᠲᠦᠯᠦᠪᠯᠡᠭᠡ ᠶᠢ ᠦᠨᠳᠦᠰᠦᠯᠡᠵᠦ᠂ ᠲᠤᠰ ᠵᠠᠰᠠᠭ ᠵᠠᠬᠢᠷᠭᠠᠨ ᠤ ᠤᠷᠤᠨ ᠳᠠᠬᠢ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠲᠦᠯᠦᠪᠯᠡᠭᠡ ᠶᠢ ᠲᠤᠭᠲᠠᠭᠠᠬᠤ ᠬᠡᠷᠡᠭᠲᠡᠢ᠃ ᠠᠮᠢᠲᠠᠨ ᠤ ᠬᠢᠵᠢᠭ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ ᠪᠠᠶᠢᠭᠤᠯᠤᠮᠵᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠲᠠᠭᠠᠯ ᠶᠤᠰᠤᠭᠠᠷ ᠠᠮᠢᠲᠠᠨ ᠤ ᠬᠢᠵᠢᠭ ᠡᠪᠡᠳᠴᠢᠨ ᠤ ᠡᠭᠦᠰᠬᠦ᠂ ᠳᠡᠯᠭᠡᠷᠡᠬᠦ ᠵᠡᠷᠭᠡ ᠪᠠᠶᠢᠳᠠᠯ ᠢ ᠬᠢᠨᠠᠨ ᠬᠡᠮᠵᠢᠬᠦ ᠬᠡᠷᠡᠭᠲᠡᠢ︔ ᠠᠮᠢᠲᠠᠨ ᠢ ᠳᠡᠵᠢᠭᠡᠬᠦ᠂ ᠨᠢᠳᠤᠯᠬᠤ᠂ ᠡᠵᠡᠩᠨᠡᠬᠦ᠂ ᠲᠤᠰᠠᠭᠠᠷᠯᠠᠬᠤ᠂ ᠲᠡᠭᠡᠭᠡᠪᠦᠷᠢᠯᠡᠬᠦ ᠪᠠ ᠠᠮᠢᠲᠠᠨ ᠤ ᠠᠰᠢᠭ ᠰᠢᠮ᠎ᠡ ᠶᠢ ᠦᠢᠯᠡᠳᠪᠦᠷᠢᠯᠡᠬᠦ᠂ ᠡᠵᠡᠩᠨᠡᠬᠦ᠂ ᠪᠤᠯᠪᠠᠰᠤᠷᠠᠭᠤᠯᠬᠤ᠂ ᠬᠠᠳᠠᠭᠠᠯᠠᠬᠤ ᠵᠡᠷᠭᠡ ᠠᠵᠢᠯᠯᠠᠭ᠎ᠠ ᠬᠢᠳᠡᠭ ᠨᠢᠭᠡᠴᠢ ᠪᠤᠯᠤᠨ ᠬᠤᠪᠢ ᠬᠦᠮᠦᠨ ᠳᠡᠪᠴᠢᠬᠦ ᠪᠤᠶᠤ ᠬᠠᠷᠰᠢᠯᠠᠵᠤ ᠪᠤᠯᠬᠤ ᠦᠭᠡᠢ᠃     ᠠᠷᠪᠠᠨ ᠵᠢᠷᠭᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠠ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠮᠢᠲᠠᠨ ᠤ ᠬᠢᠵᠢᠭ ᠡᠪᠡᠳᠴᠢᠨ ᠡᠭᠦᠰᠬᠦ᠂ ᠳᠡᠯᠭᠡᠷᠡᠬᠦ ᠬᠠᠨᠳᠤᠰᠢ ᠶᠢᠨ ᠲᠤᠬᠠᠢ ᠲᠦᠰᠦᠭᠡᠯᠡᠯᠲᠡ ᠶᠢ ᠦᠨᠳᠦᠰᠦᠯᠡᠨ᠂ ᠠᠮᠢᠲᠠᠨ ᠤ ᠬᠢᠵᠢᠭ ᠤᠨ ᠪᠠᠶᠢᠳᠠᠯ ᠤᠨ ᠲᠤᠬᠠᠢ ᠤᠷᠢᠳᠴᠢᠯᠠᠭᠰᠠᠨ ᠰᠡᠷᠡᠮᠵᠢᠯᠡᠭᠦᠯᠦᠯ ᠢ ᠴᠠᠭ ᠲᠤᠬᠠᠢ ᠳᠤᠨᠢ ᠭᠠᠷᠭᠠᠬᠤ ᠬᠡᠷᠡᠭᠲᠡᠢ᠃ ᠣᠷᠤᠨ ᠨᠤᠳᠤᠭ ᠤᠨ ᠡᠯ᠎ᠠ ᠱᠠᠳᠤᠨ ᠤ ᠠᠷᠠᠳ ᠤᠨ ᠵᠠᠰᠠᠭ ᠤᠨ ᠤᠷᠳᠤᠨ ᠠᠮᠢᠲᠠᠨ ᠤ ᠬᠢᠵᠢᠭ ᠤᠨ ᠪᠠᠶᠢᠳᠠᠯ ᠤᠨ ᠲᠤᠬᠠᠢ ᠤᠷᠢᠳᠴᠢᠯᠠᠭᠰᠠᠨ ᠰᠡᠷᠡᠮᠵᠢᠯᠡᠭᠦᠯᠦᠯ ᠢ ᠤᠯᠤᠭᠰᠠᠨ ᠤ ᠳᠠᠷᠠᠭ᠎ᠠ ᠤᠷᠢᠳᠴᠢᠯᠠᠨ ᠰᠡᠷᠬᠡᠶᠢᠯᠡᠬᠦ᠂ ᠬᠢᠵᠠᠭᠠᠷᠯᠠᠬᠤ ᠵᠣᠬᠢᠴᠠᠩᠭᠤᠢ ᠠᠷᠭ᠎ᠠ ᠬᠡᠮᠵᠢᠶ᠎ᠡ ᠠᠪᠬᠤ ᠬᠡᠷᠡᠭᠲᠡᠢ᠃      ᠠᠷᠪᠠᠨ ᠳᠤᠯᠤᠳᠤᠭᠠᠷ ᠵᠦᠢᠯ ᠠᠮᠢᠲᠠᠨ ᠢ ᠳᠡᠵᠢᠭᠡᠬᠦ᠂ ᠨᠢᠳᠤᠯᠬᠤ᠂ ᠡᠵᠡᠩᠨᠡᠬᠦ᠂ ᠲᠤᠰᠠᠭᠠᠷᠯᠠᠬᠤ᠂ᠲᠡᠭᠡᠭᠡᠪᠦᠷᠢᠯᠡᠬᠦ ᠪᠠ ᠠᠮᠢᠲᠠᠨ ᠤ ᠠᠰᠢᠭ ᠰᠢᠮ᠎ᠡ ᠶᠢ ᠦᠢᠯᠡᠳᠪᠦᠷᠢᠯᠡᠬᠦ᠂ ᠡᠵᠡᠩᠨᠡᠬᠦ᠂ ᠪᠤᠯᠪᠠᠰᠤᠷᠠᠭᠤᠯᠬᠤ᠂ ᠬᠠᠳᠠᠭᠠᠯᠠᠬᠤ ᠵᠡᠷᠭᠡ ᠠᠵᠢᠯᠯᠠᠭ᠎ᠠ ᠡᠷᠬᠢᠯᠡᠵᠦ ᠪᠠᠶᠢᠭ᠎ᠠ ᠨᠢᠭᠡᠴᠢ ᠪᠤᠯᠤᠨ ᠬᠤᠪᠢ ᠬᠦᠮᠦᠨ ᠲᠤᠰ ᠬᠠᠤᠯᠢ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠲᠠᠭᠠᠯ ᠶᠤᠰᠤᠭᠠᠷ ᠴᠠᠷᠤᠯᠲᠠ ᠬᠢᠯᠭᠡᠬᠦ᠂ ᠠᠷᠢᠭᠤᠳᠬᠠᠬᠤ ᠵᠡᠷᠭᠡ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠬᠡᠶᠢᠯᠡᠬᠦ ᠠᠵᠢᠯ ᠢ ᠰᠠᠶᠢᠳᠤᠷ ᠬᠢᠬᠦ ᠬᠡᠷᠡᠭᠲᠡᠢ᠃      ᠠᠷᠪᠠᠨ ᠨᠠᠢᠮᠠᠳᠤᠭᠠᠷ ᠵᠦᠢᠯ ᠡᠭᠦᠯᠳᠡᠷ ᠤᠨ ᠪᠠ ᠰᠠᠭᠠᠯᠢ ᠶᠢᠨ ᠠᠮᠢᠲᠠᠨ ᠪᠤᠯᠤᠨ ᠡᠩᠭᠦᠷᠡᠢ ᠠᠮᠢᠲᠠᠨ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠲᠠᠭᠠᠭᠰᠠᠨ ᠡᠷᠡᠭᠦᠯ ᠤᠨ ᠪᠠᠷᠢᠮᠵᠢᠶ᠎ᠡ ᠳᠤ ᠨᠡᠶᠢᠴᠡᠭᠰᠡᠨ ᠪᠠᠶᠢᠬᠤ ᠬᠡᠷᠡᠭᠲᠡᠢᠡᠭᠦᠯᠳᠡᠷ ᠤᠨ ᠪᠠ ᠰᠠᠭᠠᠯᠢ ᠶᠢᠨ ᠠᠮᠢᠲᠠᠨ ᠢ ᠠᠮᠢᠲᠠᠨ ᠤ ᠬᠢᠵᠢᠭ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ ᠪᠠᠶᠢᠭᠤᠯᠤᠮᠵᠢ ᠳᠤ ᠲᠤᠭᠳᠠᠮᠠᠯ ᠬᠤᠭᠤᠴᠠᠭ᠎ᠠ ᠲᠠᠢ ᠰᠢᠯᠭᠠᠨ ᠬᠡᠮᠵᠢᠯᠲᠡ ᠬᠢᠯᠭᠡᠬᠦ ᠬᠡᠷᠡᠭᠲᠡᠢ︔ ᠰᠢᠯᠭᠠᠨ ᠬᠡᠮᠵᠢᠭᠡᠳ ᠬᠢᠷᠢ ᠲᠡᠩᠴᠡᠬᠦ ᠦᠭᠡᠢ ᠪᠠᠶᠢᠪᠠᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠲᠠᠭᠠᠯ ᠶᠤᠰᠤᠭᠠᠷ ᠰᠢᠢᠳᠪᠦᠷᠢᠯᠡᠬᠦ ᠬᠡᠷᠡᠭᠲᠡᠢ᠃     ᠠᠷᠪᠠ ᠶᠢᠰᠦᠳᠦᠭᠡᠷ ᠵᠦᠢᠯ ᠠᠮᠢᠲᠠᠨ ᠳᠡᠵᠢᠬᠡᠬᠦ ᠳᠡᠯᠡᠪᠠᠢ ︵ᠲᠡᠵᠢᠭᠡᠨ ᠦᠷᠡᠵᠢᠬᠦᠯᠬᠦ ᠵᠢᠵᠢᠭ ᠲᠤᠭᠤᠷᠢᠭ︶ ᠪᠠ ᠳᠤᠰᠠᠭᠠᠷᠯᠠᠬᠤ ᠲᠠᠯᠠᠪᠤᠷ ᠭᠠᠵᠠᠷ᠂ ᠠᠮᠢᠲᠠᠨ ᠢ ᠨᠢᠲᠤᠯᠠᠵᠤ ‍ᠤᠯᠪᠠᠰᠤᠷᠠᠭᠤᠯᠬᠤ ᠲᠠᠯᠠᠪᠤᠷ ᠭᠠᠵᠠᠷ ᠪᠤᠯᠤᠨ ᠠᠮᠢᠲᠠᠨ ᠪᠠ ᠠᠮᠢᠲᠠᠨ ᠤ ᠠᠰᠢᠭ ᠰᠢᠮ᠎ᠡ ᠶᠢ ᠬᠤᠤᠷ ᠦᠭᠡᠶᠢᠵᠢᠭᠦᠯᠦᠨ ᠰᠢᠢᠳᠪᠦᠷᠢᠯᠡᠬᠦ ᠲᠠᠯᠠᠪᠤᠷ ᠭᠠᠵᠠᠷ ᠨᠢ ᠳᠤᠤᠷ᠎ᠠ ᠵᠢᠭᠰᠠᠭᠠᠭᠰᠠᠨ ᠠᠮᠢᠲᠠᠨ ᠤ ᠬᠢᠵᠢᠭ ᠢ ᠰᠠᠷᠬᠡᠶᠢᠯᠡᠬᠦ ᠨᠦᠭᠦᠴᠡᠯ ᠳᠤ ᠨᠡᠶᠢᠴᠡᠭᠰᠠᠨ ᠪᠠᠶᠢᠬᠤ ᠬᠡᠷᠡᠭᠲᠡᠢ᠄     ︵ᠨᠢᠭᠡ︶ ᠲᠠᠯᠠᠪᠤᠷ ᠭᠠᠵᠠᠷ ᠤᠨ ᠪᠠᠶᠢᠷᠢ ᠬᠢᠭᠡᠳ ᠰᠠᠭᠤᠭᠠᠯᠢ ᠠᠷᠠᠳ ᠤᠨ ᠠᠮᠢᠲᠤᠷᠠᠯ ᠤᠨ ᠲᠤᠭᠤᠷᠢᠭ᠂ ᠠᠮᠢᠳᠤᠷᠠᠯ ᠤᠨ ᠤᠰᠤ ᠤᠮᠳᠠ ᠶᠢᠨ ᠰᠤᠷᠪᠤᠯᠵᠢ ᠭᠠᠵᠠᠷ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠣᠯᠠᠨ ᠨᠡᠶᠢᠳᠡ ᠶᠢᠨ ᠲᠠᠯᠠᠪᠤᠷ ᠭᠠᠵᠠᠷ ᠤᠨ ᠬᠤᠭᠤᠷᠤᠨᠳᠤᠬᠢ ᠵᠠᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠲᠠᠭᠠᠭᠰᠠᠨ ᠪᠡᠷᠢᠮᠵᠢᠶ᠎ᠠ ᠳᠤ ᠨᠡᠶᠢᠴᠡᠭᠰᠡᠨ ᠪᠠᠶᠢᠬᠤ︔      ︵ᠬᠤᠶᠠᠷ︶ ᠦᠢᠯᠡᠳᠪᠦᠷᠢᠯᠡᠯ ᠤᠨ ᠲᠤᠭᠤᠷᠢᠭ ᠢ ᠪᠢᠳᠡᠬᠦᠮᠵᠢᠯᠡᠨ ᠲᠤᠰᠠᠭᠠᠷᠯᠠᠭᠰᠠᠨ᠂ ᠪᠠᠷᠢᠯᠭ᠎ᠠ ᠶᠢᠨ ᠵᠢᠷᠤᠭ ᠲᠦᠯᠦᠪᠯᠡᠭᠡ ᠪᠠ ᠤᠷᠠᠯᠠᠯ ᠤᠨ ᠶᠠᠪᠤᠴᠠ ᠨᠢ ᠠᠮᠢᠲᠠᠨ ᠤ ᠬᠢᠵᠢᠭ ᠢ ᠰᠡᠷᠬᠡᠶᠢᠯᠡᠬᠦ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔      ︵ᠭᠤᠷᠪᠠ︶ ᠪᠤᠬᠢᠷᠳᠤᠯ ᠤᠰᠤ᠂ ᠪᠤᠬᠢᠷᠳᠤᠯ ᠪᠤᠳᠠᠰ᠂ ᠡᠪᠡᠳᠴᠢᠯᠡᠵᠦ ᠦᠭᠦᠭᠰᠡᠨ ᠠᠮᠢᠲᠠᠨ᠂ ᠬᠢᠵᠢᠭ ᠬᠠᠯᠳᠠᠪᠤᠷᠢᠯᠠᠭᠰᠠᠨ ᠠᠮᠢᠲᠠᠨ ᠤ ᠠᠰᠢᠭ ᠰᠢᠮ᠎ᠡ ᠶᠢ ᠬᠤᠤᠷ ᠦᠭᠡᠶᠢᠵᠢᠭᠦᠯᠦᠨ ᠰᠢᠢᠳᠪᠦᠷᠢᠯᠡᠬᠦ ᠵᠣᠬᠢᠴᠠᠩᠭᠤᠢ ᠪᠡᠯᠡᠳᠬᠡᠮᠵᠢ ᠲᠦᠭᠦᠭᠡᠷᠦᠮᠵᠢ ᠪᠠ ᠤᠬᠢᠶᠠᠵᠤ ᠠᠷᠢᠭᠤᠳᠬᠠᠬᠤ ᠪᠡᠯᠡᠳᠬᠡᠮᠵᠢ ᠲᠦᠭᠦᠭᠡᠷᠦᠮᠵᠢ ᠲᠠᠢ ᠪᠠᠶᠢᠬᠤ︔      ︵ᠳᠦᠷᠪᠡ︶ ᠲᠡᠭᠦᠨ ᠳᠤ ᠦᠢᠯᠡᠴᠢᠯᠡᠬᠦ ᠠᠮᠢᠲᠠᠨ ᠤ ᠬᠢᠵᠢᠭ ᠢ ᠰᠡᠷᠬᠡᠶᠢᠯᠡᠬᠦ ᠮᠡᠷᠭᠡᠵᠢᠯᠲᠡᠨ ᠲᠠᠢ ᠪᠠᠶᠢᠬᠤ︔      ︵ᠲᠠᠪᠤ︶ ᠠᠮᠢᠲᠠᠨ ᠤ ᠬᠢᠵᠢᠭ ᠢ ᠰᠡᠷᠬᠡᠶᠢᠯᠡᠬᠦ ᠪᠦᠷᠢᠨ ᠲᠡᠭᠦᠯᠳᠡᠷ ᠳᠦᠷᠢᠮ ᠲᠠᠢ ᠪᠠᠶᠢᠬᠤ︔      ︵ᠵᠢᠷᠭᠤᠭ᠎ᠠ︶ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠲᠠᠭᠠᠭᠰᠠᠨ ᠠᠮᠢᠲᠠᠨ ᠤ ᠬᠢᠵᠢᠭ ᠢ ᠰᠡᠷᠬᠡᠶᠢᠯᠡᠬᠦ ᠪᠤᠰᠤᠳ ᠨᠦᠭᠦᠴᠡᠯ ᠢ ᠪᠦᠷᠢᠳᠦᠭᠦᠯᠦᠭᠰᠡᠨ ᠪᠠᠶᠢᠬᠤ᠃      ᠬᠤᠷᠢᠳᠤᠭᠠᠷ ᠵᠦᠢᠯ ᠠᠮᠢᠲᠠᠨ ᠳᠡᠵᠢᠬᠡᠬᠦ ᠳᠡᠯᠡᠪᠠᠢ ︵ᠲᠡᠵᠢᠭᠡᠨ ᠦᠷᠡᠵᠢᠬᠦᠯᠬᠦ ᠵᠢᠵᠢᠭ ᠲᠤᠭᠤᠷᠢᠭ︶ ᠪᠠ ᠳᠤᠰᠠᠭᠠᠷᠯᠠᠬᠤ ᠲᠠᠯᠠᠪᠤᠷ ᠭᠠᠵᠠᠷ᠂ ᠠᠮᠢᠲᠠᠨ ᠢ ᠨᠢᠳᠤᠯᠵᠤ ᠪᠤᠯᠪᠠᠰᠤᠷᠠᠭᠤᠯᠬᠤ ᠲᠠᠯᠠᠪᠤᠷ ᠭᠠᠵᠠᠷ ᠪᠤᠯᠤᠨ ᠠᠮᠢᠲᠠᠨ ᠪᠠ ᠠᠮᠢᠲᠠᠨ ᠤ ᠠᠰᠢᠭ ᠰᠢᠮ᠎ᠡ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠲᠠᠯᠠᠪᠤᠷ ᠭᠠᠵᠠᠷ ᠪᠠᠶᠢᠭᠤᠯᠬᠤ ᠳᠤ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠬᠤ ᠭᠡᠷᠡᠭᠲᠡᠢ ᠪᠦᠭᠡᠳ ᠬᠤᠯᠪᠤᠭᠳᠠᠯ ᠪᠦᠬᠦᠢ ᠮᠠᠲ᠋ᠧᠷᠢᠶᠡᠯ ᠢ ᠳᠠᠭᠠᠯᠳᠤᠭᠤᠯᠬᠤ ᠬᠡᠷᠡᠭᠲᠡᠢ᠃ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤᠰ ᠬᠠᠤᠯᠢ ᠪᠠ ︽ᠪᠦᠬᠦᠳᠡ ᠨᠡᠶᠢᠷᠡᠮᠳᠡᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠦᠪᠰᠢᠶᠠᠷᠠᠯ ᠤᠨ ᠬᠠᠤᠯᠢ︾ ᠶᠢᠨ ᠲᠤᠭᠲᠠᠭᠠᠯ ᠶᠤᠰᠤᠭᠠᠷ ᠬᠢᠨᠠᠨ ᠪᠠᠶᠢᠴᠠᠭᠠᠬᠤ ᠬᠡᠷᠡᠭᠲᠡᠢ᠃ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠠᠶᠢᠪᠠᠯ᠂ ᠠᠮᠢᠲᠠᠨ ᠤ ᠬᠢᠵᠢᠭ ᠢ ᠰᠡᠷᠬᠡᠶᠢᠯᠡᠬᠦ ᠨᠦᠭᠦᠴᠡᠯ ᠤᠨ ᠬᠢᠷᠢ ᠲᠡᠩᠴᠡᠭᠰᠡᠨ ᠦᠨᠡᠮᠯᠡᠯ ᠤᠯᠭᠤᠨ᠎ᠠ︔ ᠬᠢᠷᠢ ᠲᠡᠩᠴᠡᠭᠰᠡᠨ ᠦᠭᠡᠢ ᠪᠠᠶᠢᠪᠠᠯ ᠭᠤᠶᠤᠴᠢᠯᠠᠭᠴᠢ ᠳᠤ ᠮᠡᠳᠡᠭᠳᠡᠬᠦ ᠶᠢᠨ ᠬᠠᠮᠳᠤ ᠤᠴᠢᠷ ᠰᠢᠯᠲᠠᠭᠠᠨ ᠢᠶᠠᠨ ᠲᠣᠳᠤᠷᠬᠠᠶᠢᠯᠠᠬᠤ ᠬᠡᠷᠡᠭᠲᠡᠢ᠃ ᠦᠢᠯᠡᠳᠪᠦᠷᠢ ᠬᠤᠳᠠᠯᠳᠤᠭᠠᠨ ᠤ ᠳᠠᠩᠰᠠᠯᠠᠯᠳᠠ ᠬᠢᠯᠭᠡᠬᠦ ᠴᠢᠬᠤᠯᠠᠲᠠᠢ ᠪᠠᠶᠢᠪᠠᠯ᠂ ᠭᠤᠶᠤᠴᠢᠯᠠᠭᠴᠢ ᠨᠢ ᠠᠮᠢᠲᠠᠨ ᠤ ᠬᠢᠵᠢᠭ ᠢ ᠰᠡᠷᠬᠡᠶᠢᠯᠡᠬᠦ ᠨᠦᠭᠦᠴᠡᠯ ᠤᠨ ᠬᠢᠷᠢ ᠲᠡᠩᠴᠡᠭᠰᠡᠨ ᠦᠨᠡᠮᠯᠡᠯ ᠢᠶᠠᠷ ᠢᠶᠠᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠪᠦᠷᠢᠳᠬᠡᠭᠦᠯᠦᠨ ᠳᠠᠩᠰᠠᠯᠠᠭᠤᠯᠬᠤ ᠭᠠᠷ ᠬᠦᠢᠴᠡᠳᠬᠡᠯ ᠬᠢᠯᠭᠡᠬᠦ ᠪᠠᠷ ᠭᠤᠶᠤᠴᠢᠯᠠᠯ ᠭᠠᠷᠭᠠᠨ᠎ᠠ᠃ ᠠᠮᠢᠲᠠᠨ ᠤ ᠬᠢᠵᠢᠭ ᠢ ᠰᠡᠷᠬᠡᠶᠢᠯᠡᠬᠦ ᠨᠦᠭᠦᠴᠡᠯ ᠤᠨ ᠬᠢᠷᠢ ᠲᠡᠩᠴᠡᠭᠰᠡᠨ ᠦᠨᠡᠮᠯᠡᠯ ᠳᠤ ᠭᠤᠶᠤᠴᠢᠯᠠᠭᠴᠢ ᠶᠢᠨ ᠨᠡᠷᠡᠶᠢᠳᠦᠯ᠂ ᠲᠠᠯᠠᠪᠠᠢ ︵ᠦᠢᠯᠡᠳᠪᠦᠷᠢ︶ ᠶᠢᠨ ᠬᠠᠶ᠋ᠢᠭ ᠵᠡᠷᠭᠡ ᠵᠦᠢᠯᠡᠰ ᠢ ᠳᠤᠲᠤᠷᠬᠠᠢ ᠲᠡᠮᠲᠡᠭᠯᠡᠭᠰᠡᠨ ᠪᠠᠶᠢᠬᠤ ᠬᠡᠷᠡᠭᠲᠡᠢ᠃ ᠠᠮᠢᠲᠠᠨ᠂ ᠠᠮᠢᠲᠠᠨ ᠤ ᠠᠰᠢᠭ ᠰᠢᠮ᠎ᠡ ᠶᠢ ᠡᠵᠡᠩᠨᠡᠬᠦ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠲᠠᠭᠠᠭᠰᠠᠨ ᠠᠮᠢᠲᠠᠨ ᠤ ᠬᠢᠵᠢᠭ ᠢ ᠰᠡᠷᠬᠡᠶᠢᠯᠡᠬᠦ ᠨᠦᠭᠦᠴᠡᠯ ᠢ ᠪᠦᠷᠢᠳᠦᠭᠦᠯᠬᠦ ᠶᠢᠨ ᠬᠠᠮᠳᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠬᠡᠷᠡᠭᠲᠡᠢ᠃      ᠬᠤᠷᠢᠨ ᠨᠢᠭᠡᠳᠦᠭᠡᠷ ᠵᠦᠢᠯ ᠠᠮᠢᠲᠠᠨ᠂ ᠠᠮᠢᠲᠠᠨ ᠤ ᠠᠰᠢᠭ ᠰᠢᠮ᠎ᠡ ᠶᠢ ᠳᠡᠭᠡᠭᠡᠪᠦᠷᠢᠯᠡᠬᠦ ᠪᠠᠭᠠᠵᠢ ᠬᠡᠷᠡᠭᠰᠡᠯ᠂ ᠳᠡᠪᠢᠰᠬᠦ ᠡᠳ᠋᠂ ᠪᠤᠭᠤᠳᠠᠯᠯᠠᠬᠤ ᠡᠳ᠋᠂ ᠰᠠᠪᠠ ᠵᠡᠷᠭᠡ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠲᠠᠭᠠᠭᠰᠠᠨ ᠠᠮᠢᠲᠠᠨ ᠤ ᠬᠢᠵᠢᠭ ᠢ ᠰᠡᠷᠬᠡᠶᠢᠯᠡᠬᠦ ᠱᠠᠭᠠᠷᠳᠠᠯᠭ᠎ᠠ ᠳᠤ ᠨᠠᠶᠢᠴᠡᠭᠰᠡᠨ ᠪᠠᠶᠢᠬᠤ  ᠬᠡᠷᠡᠭᠲᠡᠢ᠃ ᠬᠢᠵᠢᠭ ᠬᠠᠯᠳᠠᠪᠤᠷᠢᠯᠠᠭᠰᠠᠨ ᠠᠮᠢᠲᠠᠨ ᠵᠢᠴᠢ ᠲᠡᠭᠦᠨ ᠤ ᠢᠯᠭᠠᠳᠠᠰᠤ᠂ ᠬᠢᠵᠢᠭ ᠬᠠᠯᠳᠠᠪᠤᠷᠢᠯᠠᠭᠰᠠᠨ ᠠᠮᠢᠲᠠᠨ ᠤ ᠠᠰᠢᠭ ᠰᠢᠮ᠎ᠡ᠂ ᠡᠪᠡᠳᠴᠢᠯᠡᠵᠦ ᠦᠬᠦᠭᠰᠡᠨ ᠪᠤᠶᠤ ᠦᠭᠦᠭᠰᠡᠨ ᠰᠢᠯᠳᠠᠭᠠᠨ ᠨᠢ ᠳᠤᠳᠤᠷᠬᠠᠢ ᠦᠭᠡᠢ ᠠᠮᠢᠲᠠᠨ ᠤ ᠦᠬᠦᠳᠡᠯ᠂ ᠲᠡᠭᠡᠭᠡᠪᠦᠷᠢᠯᠡᠬᠦ ᠪᠠᠭᠠᠵᠢ ᠬᠡᠷᠡᠭᠰᠡᠯ ᠳᠠᠬᠢ ᠠᠮᠢᠲᠠᠨ ᠤ ᠢᠯᠭᠠᠳᠠᠰᠤ ᠪᠤᠯᠤᠨ ᠳᠡᠪᠢᠰᠬᠦ ᠡᠳ᠋᠂ ᠪᠤᠭᠤᠳᠠᠯᠯᠠᠬᠤ ᠡᠳ᠋᠂ ᠰᠠᠪᠠ ᠵᠡᠷᠭᠡ ᠪᠤᠬᠢᠷᠳᠤᠭᠰᠠᠨ ᠪᠤᠳᠠᠰ ᠤᠳ ᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠲᠠᠭᠠᠯ ᠶᠣᠰᠤᠭᠠᠷ ᠰᠢᠢᠳᠪᠤᠷᠢᠯᠡᠬᠦ ᠬᠡᠷᠡᠭᠲᠡᠢ᠂ ᠳᠤᠷ᠎ᠠ ᠪᠠᠷ ᠢᠶᠠᠨ ᠰᠢᠢᠳᠪᠦᠷᠢᠯᠡᠵᠦ ᠪᠤᠯᠬᠤ ᠦᠭᠡᠢ᠃     ᠬᠤᠷᠢᠨ ᠬᠤᠶᠠᠳᠤᠭᠠᠷ ᠵᠦᠢᠯ ᠠᠮᠢᠲᠠᠨ ᠤ ᠡᠪᠡᠳᠴᠢᠨ ᠤ ᠮᠡᠲ᠋ᠧᠷᠢᠶᠠᠯ ᠪᠤᠶᠤ ᠡᠪᠡᠳᠴᠢᠨ ᠡᠭᠦᠰᠬᠡᠬᠦ ᠮᠢᠺᠷᠤᠪ ᠢ ᠴᠤᠭᠯᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ ᠪᠠ ᠡᠪᠡᠳᠴᠢᠨ ᠡᠭᠦᠰᠬᠡᠬᠦ ᠮᠢᠺᠷᠤᠪ ᠤᠨ ᠰᠤᠳᠤᠯᠭᠠᠨ᠂ ᠵᠢᠭᠠᠨ ᠰᠤᠷᠭᠠᠯᠲᠠ᠂ ᠰᠢᠯᠭᠠᠠ ᠬᠡᠮᠵᠢᠯᠲᠡ᠂ ᠤᠨᠤᠰᠢᠯᠠᠯᠲᠠ ᠵᠡᠷᠭᠡ ᠠᠵᠢᠯᠯᠠᠭ᠎ᠠ ᠬᠢᠬᠦ ᠳᠤ ᠤᠯᠤᠰ ᠤᠨ ᠡᠪᠡᠳᠴᠢᠨ ᠡᠭᠦᠰᠬᠡᠬᠦ ᠮᠢᠺᠷᠤᠪ ᠤᠨ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠶᠢᠨ ᠬᠤᠯᠪᠤᠭᠳᠠᠯ ᠪᠦᠬᠦᠢ ᠲᠤᠭᠲᠠᠭᠠᠯ ᠢ ᠵᠢᠷᠤᠮᠯᠠᠬᠤ ᠭᠡᠷᠡᠭᠲᠡᠢ᠃      ᠬᠤᠷᠢᠨ ᠭᠤᠷᠪᠠᠳᠤᠭᠠᠷ ᠵᠦᠢᠯ ᠬᠦᠮᠦᠨ ᠮᠠᠯ ᠳᠤ ᠪᠦᠷ ᠬᠠᠯᠳᠠᠪᠤᠷᠢᠯᠠᠳᠠᠭ ᠬᠠᠯᠳᠠᠪᠤᠷᠢᠳᠦ ᠡᠪᠡᠳᠴᠢᠨ ᠲᠠᠢ ᠬᠦᠮᠦᠨ ᠠᠮᠢᠲᠠᠨ ᠢ ᠤᠨᠤᠰᠢᠯᠠᠨ ᠡᠮᠨᠡᠬᠦ ᠵᠢᠴᠢ ᠠᠮᠠᠷᠬᠠᠨ ᠬᠠᠯᠳᠠᠪᠤᠷᠢᠯᠠᠳᠠᠭ ᠠᠮᠢᠲᠠᠨ ᠢ ᠳᠡᠵᠢᠭᠡᠬᠦ᠂ ᠨᠢᠳᠦᠯᠬᠤ᠂ ᠡᠵᠡᠩᠨᠡᠬᠦ᠂ ᠲᠤᠰᠠᠭᠠᠷᠯᠠᠬᠤ᠂ ᠲᠡᠭᠡᠭᠡᠪᠦᠷᠢᠯᠡᠬᠦ ᠵᠡᠷᠭᠡ ᠠᠵᠢᠯᠯᠠᠭ᠎ᠠ ᠶᠢ ᠰᠢᠭᠤᠳ ᠬᠢᠵᠦ ᠪᠤᠯᠬᠤ ᠦᠬᠡᠢ᠂ ᠬᠦᠮᠦᠨ ᠮᠠᠯ ᠳᠤ ᠪᠦᠷ ᠬᠠᠯᠳᠠᠪᠤᠷᠢᠯᠠᠳᠠᠭ ᠬᠠᠯᠳᠠᠪᠤᠷᠢᠳᠦ ᠡᠪᠡᠳᠴᠢᠨ ᠤ ᠨᠡᠷᠡᠰ ᠤᠨ ᠵᠢᠭᠰᠠᠭᠠᠯᠲᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠥᠷᠦ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠳᠤᠭᠲᠠᠭᠠᠵᠤ ᠨᠠᠶᠢᠳᠡᠯᠡᠨ᠎ᠡ᠃      ᠬᠤᠷᠢᠨ ᠳᠦᠷᠪᠡᠳᠦᠭᠡᠷ ᠵᠦᠢᠯ ᠤᠯᠤᠰ ᠠᠴᠠ ᠠᠮᠢᠲᠠᠨ ᠤ ᠬᠢᠵᠢᠭ ᠡᠪᠡᠳᠴᠢᠨ ᠳᠤ ᠤᠷᠤᠨ ᠪᠦᠰᠡᠴᠢᠯᠡᠭᠰᠡᠨ ᠬᠠᠮᠢᠶᠠᠷᠤᠯᠲᠠ ᠶᠠᠪᠤᠭᠤᠯᠵᠤ᠂ ᠲᠤᠭᠲᠠᠭᠠᠭᠰᠠᠨ ᠠᠮᠢᠲᠠᠨ ᠤ ᠬᠢᠵᠢᠭ ᠡᠪᠡᠳᠴᠢᠨ ᠦᠭᠡᠢ ᠤᠷᠤᠨ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠲᠤᠭᠲᠠᠭᠠᠭᠰᠠᠨ ᠠᠮᠢᠲᠠᠨ ᠤ ᠬᠢᠵᠢᠭ ᠡᠪᠡᠳᠴᠢᠨ ᠦᠭᠡᠢ ᠤᠷᠤᠨ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠲᠠᠭᠠᠭᠰᠠᠨ ᠪᠠᠷᠢᠮᠵᠢᠶ᠎ᠡ ᠳᠤ ᠨᠡᠶᠢᠴᠡᠭᠰᠡᠨ ᠪᠠᠶᠢᠬᠤ ᠬᠡᠷᠡᠭᠲᠡᠢ᠂ ᠲᠡᠭᠦᠨ ᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠨᠡᠶᠢᠳᠡᠯᠡᠨ᠎ᠠ ᠳ᠋ᠤᠰ ᠬᠠᠤᠯᠢ ᠳᠤ ᠬᠡᠯᠡᠵᠦ ᠪᠠᠶᠢᠭ᠎ᠠ ᠲᠤᠭᠲᠠᠭᠠᠭᠰᠠᠨ ᠠᠮᠢᠲᠠᠨ ᠤ ᠬᠢᠵᠢᠭ ᠡᠪᠡᠳᠴᠢᠨ ᠦᠭᠡᠢ ᠤᠷᠤᠨ ᠭᠡᠳᠡᠭ ᠪᠤᠯ ᠪᠠᠶᠢᠭᠠᠯᠢ ᠶᠢᠨ ᠬᠠᠯᠬᠠᠪᠴᠢ ᠲᠠᠢ ᠪᠤᠶᠤ ᠵᠣᠬᠢᠶᠠᠮᠠᠯ ᠠᠷᠭ᠎ᠠ ᠬᠡᠮᠵᠢᠶ᠎ᠡ ᠠᠪᠤᠭᠠᠳ ᠵᠤᠬᠢᠬᠤ ᠬᠤᠭᠤᠴᠠᠭᠠᠨ ᠳᠤ ᠲᠤᠭᠲᠠᠭᠠᠭᠰᠠᠨ ᠨᠢᠭᠡ ᠪᠤᠶᠤ ᠬᠡᠳᠦᠨ ᠵᠦᠢᠯ ᠤᠨ ᠠᠮᠢᠲᠠᠨ ᠤ ᠬᠢᠵᠢᠭ ᠡᠪᠡᠳᠴᠢᠨ ᠡᠭᠦᠰᠦᠭᠰᠡᠨ ᠦᠭᠡᠢ ᠪᠦᠭᠡᠳ ᠰᠢᠯᠭᠠᠨ ᠠᠪᠬᠤ ᠳᠤ ᠬᠢᠷᠢ ᠲᠡᠩᠴᠡᠭᠰᠡᠨ ᠤᠷᠤᠨ ᠪᠦᠰᠡ ᠶᠢ ᠵᠢᠭᠠᠵᠤ ᠪᠠᠶᠢᠨ᠎ᠠ᠃      ᠬᠤᠷᠢᠨ ᠲᠠᠪᠤᠳᠤᠭᠠᠷ ᠵᠦᠢᠯ ᠳᠤᠤᠷ᠎ᠠ ᠵᠢᠭᠰᠠᠭᠠᠭᠰᠠᠨ ᠠᠮᠢᠲᠠᠡ ᠢ ᠠᠯᠠᠵᠤ ᠨᠢᠳᠤᠯᠬᠤ᠂ ᠡᠵᠡᠩᠨᠡᠬᠦ᠂ ᠳᠡᠭᠡᠭᠡᠪᠦᠷᠢᠯᠡᠬᠦ ᠪᠠ ᠳᠤᠤᠷ᠎ᠠ ᠵᠢᠭᠰᠠᠭᠠᠭᠰᠠᠨ ᠠᠮᠢᠲᠠᠨ ᠤ ᠠᠰᠢᠭ ᠰᠢᠮ᠎ᠡ ᠶᠢ ᠦᠢᠯᠡᠳᠪᠦᠷᠢᠯᠡᠬᠦ᠂ ᠡᠵᠡᠩᠨᠡᠬᠦ᠂ ᠪᠤᠯᠪᠠᠰᠤᠷᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ ᠶᠢ ᠴᠠᠭᠠᠵᠠᠯᠠᠨ᠎ᠠ᠄      ︵ᠨᠢᠭᠡ︶ ᠬᠢᠵᠢᠭ ᠤᠨ ᠬᠤᠷᠢᠭᠠᠳᠤ ᠤᠷᠤᠨ ᠳᠤ ᠡᠭᠦᠰᠦᠭᠰᠡᠨ ᠠᠮᠢᠲᠠᠨ ᠤ ᠬᠢᠵᠢᠭ ᠡᠪᠡᠳᠴᠢᠨ ᠲᠠᠢ ᠬᠤᠯᠪᠤᠭᠳᠠᠬᠤ ᠵᠦᠢᠯ︔     ︵ᠬᠤᠶᠠᠷ︶ ᠬᠢᠵᠢᠭ ᠤᠨ ᠤᠷᠤᠨ ᠳᠠᠬᠢ ᠠᠮᠠᠷᠬᠠᠨ ᠬᠠᠯᠳᠠᠪᠤᠷᠢᠯᠠᠭᠳᠠᠬᠤ ᠵᠦᠢᠯ︔      ︵ᠭᠤᠷᠪᠠ︶ ᠬᠠᠤᠯᠢ ᠶᠤᠰᠤᠭᠠᠷ ᠬᠢᠵᠢᠭ ᠤᠨ ᠪᠠᠶᠢᠴᠠᠭᠠᠯᠲᠠ ᠬᠢᠬᠦ ᠶᠤᠰᠤᠲᠠᠢ ᠪᠠᠶᠢᠳᠠᠯ᠎ᠠ ᠬᠢᠵᠢᠭ ᠤᠨ ᠪᠠᠶᠢᠴᠠᠭᠠᠯᠲᠠ ᠬᠢᠭᠰᠡᠨ ᠦᠭᠡᠢ ᠪᠤᠶᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠵᠦᠢᠯ︔      ︵ᠳᠦᠷᠪᠡ︶ ᠬᠢᠵᠢᠭ ᠬᠠᠯᠳᠠᠪᠤᠷᠢᠯᠠᠭᠰᠠᠨ ᠪᠤᠶᠤ ᠬᠢᠵᠢᠭ ᠬᠠᠯᠳᠠᠪᠤᠷᠢᠯᠠᠭᠰᠠᠨ ᠰᠡᠵᠢᠭᠯᠡᠯ ᠲᠠᠢ ᠵᠦᠢᠯ︔      ︵ᠲᠠᠪᠤ︶ ᠡᠪᠡᠳᠴᠢᠯᠡᠵᠦ ᠦᠬᠦᠭᠰᠡᠨ ᠪᠤᠶᠤ ᠦᠭᠦᠭᠰᠡᠨ ᠰᠢᠯᠲᠠᠭᠠᠨ ᠨᠢ ᠳᠤᠳᠤᠷᠬᠠᠢ ᠦᠭᠡᠢ ᠵᠦᠢᠯ︔     ︵ᠵᠢᠷᠭᠤᠭ᠎ᠠ︶ ᠠᠮᠢᠲᠠᠨ ᠤ ᠬᠢᠵᠢᠭ ᠢ ᠰᠡᠷᠬᠡᠶᠢᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠬᠤᠯᠪᠤᠭᠳᠠᠯ ᠪᠦᠬᠦᠢ ᠲᠤᠭᠲᠠᠭᠠᠯ ᠳᠤ ᠦᠯᠦ ᠨᠡᠶᠢᠴᠡᠬᠦ ᠪᠤᠰᠤᠳ ᠵᠦᠢᠯ ᠤᠳ᠃      ᠭᠤᠷᠪᠠᠳᠤᠭᠠᠷ ᠪᠦᠯᠦᠭ ᠠᠮᠢᠲᠠᠨ ᠤ ᠬᠢᠵᠢᠭ ᠤᠨ ᠪᠠᠶᠢᠳᠠᠯ ᠢ ᠮᠡᠳᠡᠭᠦᠯᠬᠦ᠂ ᠮᠡᠳᠡᠭᠳᠡᠬᠦ ᠪᠠ ᠨᠡᠶᠢᠳᠡᠯᠡᠬᠦ      ᠬᠤᠷᠢᠨ ᠵᠢᠷᠭᠤᠳᠤᠭᠠᠷ ᠵᠦᠢᠯ ᠠᠮᠢᠲᠠᠨ ᠤ ᠬᠢᠵᠢᠭ ᠤᠨ ᠪᠠᠶᠢᠳᠠᠯ ᠢ ᠬᠢᠨᠠᠨ ᠬᠡᠮᠵᠢᠬᠦ᠂ ᠬᠢᠵᠢᠭ ᠢ ᠰᠢᠯᠭᠠᠨ ᠪᠠᠶᠢᠴᠠᠭᠠᠬᠤ᠂ ᠬᠢᠵᠢᠭ ᠡᠪᠡᠳᠴᠢᠨ ᠢ ᠰᠤᠳᠤᠯᠬᠤ ᠪᠠ ᠤᠨᠤᠰᠢᠯᠠᠨ ᠡᠮᠨᠡᠬᠦ ᠵᠢᠴᠢ ᠠᠮᠢᠲᠠᠨ ᠢ ᠳᠡᠵᠢᠭᠡᠬᠦ᠂ ᠨᠢᠲᠤᠯᠠᠬᠤ᠂ ᠡᠵᠡᠩᠨᠡᠬᠦ᠂ ᠲᠤᠰᠠᠭᠠᠷᠯᠠᠬᠤ᠂ ᠲᠡᠭᠡᠭᠡᠪᠦᠷᠢᠯᠡᠬᠦ ᠵᠡᠷᠭᠡ ᠠᠵᠢᠯᠯᠠᠭ᠎ᠠ ᠡᠷᠬᠢᠯᠡᠵᠦ ᠪᠠᠶᠢᠭ᠎ᠠ ᠨᠢᠭᠡᠴᠢ ᠪᠠ ᠬᠤᠪᠢ ᠬᠦᠮᠦᠨ ᠠᠮᠢᠲᠠᠨ ᠤ ᠬᠢᠵᠢᠭ ᠬᠠᠯᠳᠠᠪᠤᠷᠢᠯᠠᠭᠰᠠᠨ ᠪᠤᠶᠤ ᠬᠢᠵᠢᠭ ᠬᠠᠯᠳᠠᠪᠤᠷᠢᠯᠠᠭᠰᠠᠨ ᠰᠡᠵᠢᠭᠯᠡᠯ ᠲᠠᠢ ᠵᠦᠢᠯ ᠪᠠᠶᠢᠬᠤ ᠶᠢ ᠤᠯᠵᠤ ᠮᠡᠳᠡᠪᠡᠯ᠂ ᠲᠡᠷᠡ ᠲᠤᠤᠷ᠎ᠠ ᠨᠢ ᠲᠤᠬᠠᠢ ᠶᠢᠨ ᠭᠠᠵᠠᠷ ᠤᠨ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ᠂ ᠠᠮᠢᠲᠡᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠪᠤᠶᠤ ᠠᠮᠢᠲᠠᠨ ᠤ ᠬᠢᠵᠢᠭ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ ᠪᠠᠶᠢᠭᠤᠯᠤᠮᠵᠢ ᠳᠤ ᠮᠡᠳᠡᠭᠦᠯᠬᠦ ᠶᠢᠨ ᠬᠠᠮᠳᠤ ᠲᠤᠰᠠᠭᠠᠷᠯᠠᠬᠤ ᠵᠡᠷᠭᠡ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ ᠪᠠᠶᠢᠭᠠᠳ ᠠᠮᠢᠲᠠᠨ ᠤ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠶᠢ ᠰᠡᠷᠬᠡᠶᠢᠯᠡᠨ ᠬᠤᠷᠢᠭᠯᠠᠬᠤ ᠬᠡᠷᠡᠭᠲᠡᠢ᠂ ᠠᠮᠢᠲᠠᠨ ᠤ ᠬᠢᠵᠢᠭ ᠬᠠᠯᠳᠠᠪᠤᠷᠢᠯᠠᠭᠰᠠᠨ ᠪᠤᠶᠤ ᠬᠢᠵᠢᠭ ᠬᠠᠯᠳᠠᠪᠤᠷᠢᠯᠠᠭᠰᠠᠨ ᠰᠡᠵᠢᠭᠯᠡᠯ ᠲᠠᠢ ᠵᠦᠢᠯ ᠪᠠᠶᠢᠬᠤ ᠶᠢ ᠪᠤᠰᠤᠳ ᠨᠢᠭᠡᠴᠢ ᠪᠤᠶᠤ ᠬᠤᠪᠢ ᠬᠦᠮᠦᠨ ᠤᠯᠵᠤ ᠮᠡᠳᠡᠪᠡᠯ ᠴᠠᠭ ᠲᠤᠬᠠᠢ ᠳᠤᠨᠢ ᠮᠡᠳᠡᠭᠦᠯᠬᠦ  ᠬᠡᠷᠡᠭᠲᠡᠢ᠂ ᠠᠮᠢᠲᠠᠨ ᠤ ᠬᠢᠵᠢᠭ ᠤᠨ ᠪᠠᠶᠢᠳᠠᠯ ᠤᠨ ᠮᠡᠳᠡᠭᠦᠯᠦᠯᠲᠡ ᠶᠢ ᠤᠯᠤᠭᠰᠠᠨ ᠨᠢᠭᠡᠴᠢ ᠴᠠᠭ ᠲᠤᠬᠠᠢ ᠳᠤᠨᠢ ᠴᠢᠬᠤᠯᠠ ᠪᠥᠬᠦᠢ ᠵᠠᠷᠯᠠᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠶᠢᠨ ᠬᠠᠮᠳᠤ ᠤᠯᠤᠰ ᠤᠨ ᠲᠤᠭᠲᠠᠭᠠᠭᠰᠠᠨ ᠵᠢᠷᠤᠮ ᠢᠶᠠᠷ ᠳᠡᠭᠡᠭᠰᠢ ᠮᠡᠳᠡᠭᠦᠯᠬᠦ ᠬᠡᠷᠡᠭᠲᠡᠢ᠃      ᠬᠤᠷᠢᠨ ᠳᠤᠯᠤᠳᠤᠭᠠᠷ ᠵᠦᠢᠯ ᠠᠮᠢᠲᠠᠨ ᠤ ᠬᠢᠵᠢᠭ ᠤᠨ ᠪᠠᠶᠢᠳᠠᠯ ᠢ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠮᠠᠭᠠᠳᠯᠠᠨ ᠲᠤᠭᠳᠠᠭᠠᠨ᠎ᠠ︔ ᠲᠡᠭᠦᠨ ᠤ ᠳᠤᠲᠤᠷᠡᠬᠢ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠮᠠᠭᠠᠳᠯᠠᠨ ᠲᠤᠭᠲᠠᠭᠠᠵᠤ᠂ ᠴᠢᠬᠤᠯᠠᠲᠠᠢ ᠦᠶ᠎ᠠ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠦ ᠮᠠᠭᠠᠳᠯᠠᠨ ᠲᠤᠭᠲᠠᠭᠠᠯᠭᠠᠨ᠎ᠠ᠃      ᠬᠤᠷᠢᠨ ᠨᠠᠢᠮᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠤᠨ ᠡᠭᠦᠰᠦᠭᠰᠡᠨ ᠪᠠ ᠲᠡᠭᠦᠨ ᠢ ᠰᠢᠢᠳᠪᠦᠷᠢᠯᠡᠭᠰᠡᠨ ᠪᠠᠶᠢᠳᠠᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠴᠡᠷᠢᠭ ᠠᠩᠭᠢ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠴᠠᠭ ᠲᠤᠬᠠᠢ ᠳᠤᠨᠢ ᠮᠡᠳᠡᠭᠳᠡᠬᠦ ᠬᠡᠷᠡᠭᠳᠡᠢ︔ ᠬᠦᠮᠦᠨ ᠮᠠᠯ ᠳᠤ ᠪᠦᠷ ᠬᠠᠯᠳᠠᠪᠤᠷᠢᠯᠠᠳᠠᠭ ᠬᠠᠯᠳᠠᠪᠤᠷᠢᠲᠤ ᠡᠪᠡᠳᠴᠢᠨ ᠡᠭᠦᠰᠦᠭᠰᠡᠨ ᠪᠠᠶᠢᠪᠠᠯ᠂ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠣᠯᠤᠨ ᠠᠳᠠᠯᠢ ᠱᠠᠳᠤᠨ ᠤ ᠡᠷᠡᠭᠦᠯ ᠬᠠᠮᠠᠭᠠᠯᠠᠯ ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠴᠠᠭ ᠲᠤᠬᠠᠢ ᠳᠤᠨᠢ ᠬᠠᠷᠢᠯᠴᠠᠨ ᠮᠡᠳᠡᠭᠳᠡᠬᠦ ᠬᠡᠷᠡᠭᠲᠡᠢ᠂ ᠲᠥᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠮᠠᠨ ᠤ ᠤᠯᠤᠰ ᠤᠨ ᠪᠠᠶᠢᠭᠤᠯᠤᠭᠰᠠᠨ ᠪᠤᠶᠤ ᠤᠷᠤᠯᠴᠠᠭᠰᠠᠨ ᠭᠡᠷ᠎ᠡ᠂ ᠬᠡᠯᠡᠯᠴᠡᠭᠡᠷ ᠤᠨ ᠶᠤᠰᠤᠭᠠᠷ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠤᠨ ᠡᠭᠦᠰᠦᠭᠰᠡᠨ ᠪᠠ ᠲᠡᠭᠦᠨ ᠢ ᠰᠢᠢᠳᠪᠦᠷᠢᠯᠡᠭᠰᠡᠨ ᠪᠠᠶᠢᠳᠠᠯ ᠢ ᠬᠤᠯᠪᠤᠭᠳᠠᠯ ᠪᠦᠬᠦᠢ ᠤᠯᠠᠨ ᠤᠯᠤᠰ ᠤᠨ ᠵᠤᠬᠢᠶᠠᠨ ᠪᠠᠶᠢᠭᠤᠯᠤᠯᠲᠠ ᠪᠤᠶᠤ ᠠᠷᠠᠯᠵᠢᠶᠠᠨ ᠤ ᠡᠲᠡᠭᠡᠳ ᠲᠤ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ᠃     ᠬᠤᠷᠢ ᠶᠢᠰᠦᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠦᠬᠦ ᠤᠯᠤᠰ ᠤᠨ ᠠᠮᠢᠲᠠᠨ ᠤ ᠬᠢᠵᠢᠭ ᠤᠨ ᠪᠠᠶᠢᠳᠠᠯ ᠢ ᠨᠡᠶᠢᠭᠡᠮ ᠳᠠᠶᠠᠭᠠᠷ ᠲᠤ ᠴᠠᠭ ᠲᠤᠬᠠᠢ ᠳᠤᠨᠢ ᠨᠡᠶᠢᠲᠡᠯᠡᠬᠦ ᠠᠵᠢᠯ ᠢ ᠬᠠᠷᠢᠭᠤᠴᠠᠨ᠎ᠠ᠂ ᠭᠡᠷᠡᠭᠴᠡᠭᠡ ᠪᠠᠨ ᠦᠨᠳᠦᠰᠦᠯᠡᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠡ ᠶᠢᠨ ᠠᠷᠠᠳ ᠤᠨ ᠵᠠᠰᠠᠭ ᠤᠨ ᠤᠷᠳᠤᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠡᠷᠭᠡ ᠤᠯᠭᠤᠵᠤ ᠲᠤᠰ ᠵᠠᠰᠠᠭ ᠵᠠᠬᠢᠷᠭᠠᠨ ᠤ ᠤᠷᠤᠨ ᠤ ᠬᠡᠪᠴᠢᠶᠡᠨ ᠳᠠᠬᠢ ᠠᠮᠢᠲᠠᠨ ᠤ ᠬᠢᠵᠢᠭ ᠤᠨ ᠪᠠᠶᠢᠳᠠᠯ ᠢ ᠨᠡᠶᠢᠲᠡᠯᠡᠭᠦᠯᠦᠭᠰᠡᠨ ᠴᠦ ᠪᠤᠯᠤᠨ᠎ᠠ ᠪᠤᠰᠤᠳ ᠨᠢᠭᠡᠴᠢ ᠪᠠ ᠬᠤᠪᠢ ᠬᠦᠮᠦᠨ ᠠᠮᠢᠲᠠᠨ ᠤ ᠬᠢᠵᠢᠭ ᠤᠨ ᠪᠠᠶᠢᠳᠠᠯ ᠢ ᠨᠡᠶᠢᠲᠡᠯᠡᠵᠦ ᠪᠤᠯᠬᠤ ᠦᠭᠡᠢ᠃     ᠭᠤᠴᠢᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠦᠮᠦᠨ ᠠᠮᠢᠲᠠᠨ ᠤ ᠬᠢᠵᠢᠭ ᠤᠨ ᠪᠠᠶᠢᠳᠠᠯ ᠢ ᠮᠡᠳᠡᠭᠦᠯᠬᠦ ᠦᠭᠡᠢ ᠨᠢᠭᠤᠵᠤ᠂ ᠬᠤᠳᠠᠯ ᠢᠶᠠᠷ ᠮᠡᠳᠡᠭᠦᠯᠵᠦ᠂ ᠤᠳᠠᠭᠠᠰᠢᠷᠠᠭᠤᠯᠤᠨ ᠮᠡᠳᠡᠭᠦᠯᠵᠦ᠂ ᠣᠷᠬᠢᠭᠳᠠᠭᠤᠯᠤᠨ ᠮᠡᠳᠡᠭᠦᠯᠵᠦ ᠪᠤᠯᠬᠤ ᠦᠭᠡᠢ᠂ ᠠᠮᠢᠲᠠᠨ ᠤ ᠬᠢᠵᠢᠭ ᠤᠨ ᠪᠠᠶᠢᠳᠠᠯ ᠢ ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ ᠮᠡᠳᠡᠭᠦᠯᠬᠦ᠂ ᠤᠳᠠᠭᠠᠰᠢᠷᠠᠭᠤᠯᠤᠨ ᠮᠡᠳᠡᠭᠦᠯᠭᠦ ᠪᠠᠷ ᠪᠤᠰᠤᠳ ᠬᠦᠮᠦᠨ ᠳᠤ ᠰᠠᠨᠠᠭᠤᠯᠵᠤ ᠪᠤᠯᠬᠤ ᠦᠭᠡᠢ᠂ ᠪᠤᠰᠤᠳ ᠤᠨ ᠠᠮᠢᠲᠠᠨ ᠤ ᠬᠢᠵᠢᠭ ᠤᠨ ᠪᠠᠶᠢᠳᠠᠯ ᠢ ᠮᠡᠳᠡᠭᠦᠯᠬᠦ ᠶᠢ ᠬᠠᠷᠰᠢᠯᠠᠵᠤ ᠪᠤᠯᠬᠤ ᠦᠭᠡᠢ᠃      ᠳᠦᠷᠪᠡᠳᠦᠭᠡᠷ ᠪᠦᠯᠦᠭ ᠠᠮᠢᠲᠠᠨ ᠤ ᠬᠢᠵᠢᠭ ᠡᠪᠡᠳᠴᠢᠨ ᠢ ᠬᠢᠵᠠᠭᠠᠷᠯᠠᠬᠤ ᠪᠠ ᠠᠷᠢᠯᠭᠠᠬᠤ      ᠭᠤᠴᠢᠨ ᠨᠢᠭᠡᠳᠦᠭᠡᠷ ᠵᠦᠢᠯ ᠨᠢᠭᠡᠳᠦᠭᠡᠷ ᠲᠦᠷᠦᠯ ᠤᠨ ᠠᠮᠢᠲᠠᠨ ᠤ ᠬᠢᠵᠢᠭ ᠡᠪᠡᠳᠴᠢᠨ ᠡᠭᠦᠰᠬᠦ ᠦᠶ᠎ᠡ ᠳᠤ᠂ ᠲᠤᠤᠷ᠎ᠠ ᠵᠢᠭᠰᠠᠭᠠᠭᠰᠠᠨ ᠬᠢᠵᠠᠭᠠᠷᠯᠠᠬᠤ ᠪᠠ ᠠᠷᠢᠯᠭᠠᠬᠤ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠄      ︵ᠨᠢᠭᠡ︶ ᠲᠤᠬᠠᠢ ᠶᠢᠨ ᠭᠠᠵᠠᠷ ᠤᠨ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠡᠷᠡ ᠳᠠᠷᠤᠢ ᠳᠤᠨᠢ ᠬᠦᠮᠦᠨ ᠲᠤᠮᠢᠯᠠᠨ ᠲᠤᠬᠠᠢ ᠶᠢᠨ ᠭᠠᠵᠠᠷ ᠲᠤᠨᠢ ᠤᠴᠢᠭᠤᠯᠵᠤ᠂ ᠬᠢᠵᠢᠭ ᠤᠨ ᠴᠡᠭ᠂ ᠬᠢᠵᠢᠭᠳᠦ ᠤᠷᠤᠨ᠂ ᠰᠦᠷᠳᠡᠭᠦᠯᠦᠯ ᠳᠤ ᠤᠴᠠᠷᠠᠭᠰᠠᠨ ᠤᠷᠤᠨ ᠢ ᠵᠠᠭᠠᠭᠯᠠᠨ ᠲᠤᠭᠲᠠᠭᠠᠵᠤ᠂ ᠬᠢᠵᠢᠭ ᠤᠨ ᠡᠭᠦᠰᠦᠯ ᠢ ᠪᠠᠶᠢᠴᠠᠭᠠᠵᠤ᠂ ᠬᠢᠵᠢᠭᠲᠦ ᠣᠷᠤᠨ ᠢ ᠪᠢᠲᠡᠭᠦᠮᠵᠢᠯᠡᠭᠦᠯᠬᠦ ᠪᠠᠷ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠴᠠᠭ ᠲᠤᠬᠠᠢ ᠳᠤᠨᠢ ᠮᠡᠳᠡᠭᠦᠯᠦᠨ ᠭᠤᠶᠤᠴᠢᠯᠠᠬᠤ ᠬᠡᠷᠡᠭᠲᠡᠢᠬᠢᠵᠢᠭᠳᠦ ᠤᠷᠤᠨ ᠤ ᠬᠦᠷᠢᠶ᠎ᠡ ᠬᠡᠪᠴᠢᠶ᠎ᠡ ᠨᠢ ᠬᠤᠶᠠᠷ ᠠᠴᠠ ᠳᠡᠭᠡᠭᠰᠢ ᠵᠠᠰᠠᠭ ᠵᠠᠬᠢᠷᠭᠠᠨ ᠤ ᠤᠷᠤᠨ ᠳᠤ ᠬᠤᠯᠪᠤᠭᠳᠠᠭᠰᠠᠨ ᠪᠠᠶᠢᠪᠠᠯ᠂ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠤᠷᠤᠨ ᠤ ᠬᠠᠮᠳᠤ ᠶᠢᠨ ᠳᠡᠭᠡᠷ᠎ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠬᠢᠵᠢᠭᠳᠦ ᠤᠷᠤᠨ ᠢ ᠪᠢᠲᠡᠭᠦᠮᠵᠢᠯᠡᠨ᠎ᠡ᠂ ᠡᠰᠡᠭᠦᠯ᠎ᠡ ᠬᠤᠯᠪᠤᠭᠳᠠᠯ ᠪᠦᠬᠦᠢ ᠡᠯ᠎ᠡ ᠵᠠᠰᠠᠭ ᠵᠠᠬᠢᠷᠭᠠᠨ ᠤ ᠤᠷᠤᠨ ᠤ ᠳᠡᠭᠡᠷ᠎ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠬᠠᠮᠳᠤᠪᠡᠷ ᠬᠢᠵᠢᠭᠳᠦ ᠤᠷᠤᠨ ᠢ ᠪᠢᠲᠡᠭᠦᠮᠵᠢᠯᠡᠨ᠎ᠡ ᠴᠢᠬᠤᠯᠠᠲᠠᠢ ᠦᠶ᠎ᠡ ᠳᠤ ᠳᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠳᠤᠤᠷᠠᠳᠤ ᠱᠠᠳᠤᠨ ᠤ ᠠᠷᠠᠳ ᠤᠨ ᠵᠠᠰᠠᠭ ᠤᠨ ᠤᠷᠳᠤᠨ ᠢᠶᠠᠷ ᠬᠢᠵᠢᠭᠳᠦ ᠤᠷᠤᠨ ᠢ ᠪᠢᠲᠡᠭᠦᠮᠵᠢᠯᠡᠬᠦ ᠶᠠᠪᠤᠳᠠᠯ ᠢ ᠬᠠᠷᠢᠭᠤᠴᠠᠭᠤᠯᠤᠨ᠎ᠠ᠃     ︵ᠬᠤᠶᠠᠷ︶ ᠰᠢᠶᠠᠨ ᠤ ᠱᠠᠳᠤᠨ ᠠᠴᠠ ᠳᠡᠭᠡᠭᠰᠢᠬᠢ ᠣᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠲᠡᠷᠡ ᠳᠠᠷᠤᠢ ᠳᠤᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠢ ᠶᠢ ᠵᠤᠬᠢᠶᠠᠨ ᠪᠠᠶᠢᠭᠤᠯᠵᠤ ᠪᠠᠶᠢᠭᠠᠳ ᠪᠢᠲᠡᠭᠦᠮᠵᠢᠯᠡᠬᠦ᠂ ᠲᠤᠰᠠᠭᠠᠷᠯᠠᠬᠤ᠂ ᠠᠯᠠᠬᠤ᠂ ᠤᠰᠠᠳᠬᠠᠬᠤ᠂ ᠠᠷᠢᠭᠤᠳᠬᠠᠬᠤ᠂ ᠬᠤᠣᠷ ᠦᠭᠡᠶᠢᠵᠢᠭᠦᠯᠦᠨ ᠰᠢᠢᠳᠪᠦᠷᠢᠯᠡᠬᠦ᠂ ᠴᠠᠷᠤᠯᠲᠠ ᠶᠢᠨ ᠪᠠᠴᠢᠮ ᠲᠠᠷᠢᠯᠭ᠎ᠠ ᠬᠢᠬᠦ ᠵᠡᠷᠭᠡ ᠠᠯᠪᠠᠳᠠᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠠᠪᠴᠤ᠂ ᠬᠢᠵᠢᠭ ᠡᠪᠡᠳᠴᠢᠨ ᠢ ᠥᠳᠲᠡᠷ ᠲᠦᠷᠭᠡᠨ ᠠᠷᠢᠯᠭᠠᠬᠤ ᠬᠡᠷᠡᠭᠲᠡᠢ᠃      ︵ᠭᠤᠷᠪᠠ︶ ᠪᠢᠲᠡᠭᠦᠮᠵᠢᠯᠡᠵᠦ ᠪᠠᠶᠢᠭ᠎ᠠ ᠬᠤᠭᠤᠴᠠᠭᠠᠨ ᠳᠤ ᠬᠢᠵᠢᠭ ᠬᠠᠯᠳᠠᠪᠤᠷᠢᠯᠠᠭᠰᠠᠨ᠂ ᠬᠢᠵᠢᠭ ᠬᠠᠯᠳᠠᠪᠤᠷᠢᠯᠠᠭᠰᠠᠨ ᠰᠡᠵᠢᠭᠯᠡᠯ ᠲᠠᠢ ᠪᠠ ᠠᠮᠠᠷᠬᠠᠨ ᠬᠠᠯᠳᠠᠪᠤᠷᠢᠯᠠᠬᠳᠠᠬᠤ ᠠᠮᠢᠲᠠᠨ᠂ ᠠᠮᠢᠲᠠᠨ ᠤ ᠠᠰᠢᠭ ᠰᠢᠮ᠎ᠡ ᠶᠢ ᠬᠢᠵᠢᠭᠳᠦ ᠤᠷᠤᠨ ᠠᠴᠠ ᠭᠠᠷᠭᠠᠬᠤ ᠶᠢ ᠴᠠᠭᠠᠵᠠᠯᠠᠵᠤ᠂ ᠬᠢᠵᠢᠭᠳᠦ ᠪᠤᠰᠤ ᠤᠷᠤᠨ ᠤ ᠠᠮᠠᠷᠬᠠᠨ ᠬᠠᠯᠳᠠᠪᠤᠷᠢᠯᠠᠭᠳᠠᠬᠤ ᠠᠮᠢᠲᠠᠨ ᠤ ᠬᠢᠵᠢᠭᠳᠦ ᠤᠷᠤᠨ ᠳᠤ ᠤᠷᠤᠬᠤ ᠶᠢ ᠴᠠᠭᠠᠵᠠᠯᠠᠬᠤ ᠶᠢᠨ ᠬᠠᠮᠳᠤ ᠠᠮᠢᠲᠠᠨ ᠤ ᠬᠢᠵᠢᠭ ᠡᠪᠡᠳᠴᠢᠨ ᠢ ᠠᠷᠢᠯᠭᠠᠬᠤ ᠬᠡᠷᠡᠭᠴᠡᠭᠡ ᠶᠢ ᠦᠨᠳᠦᠰᠦᠯᠡᠨ ᠬᠢᠵᠢᠭᠲᠦ ᠤᠷᠤᠨ ᠢᠶᠠᠷ ᠤᠷᠤᠵᠦ ᠭᠠᠷᠬᠤ ᠬᠦᠮᠦᠨ᠂ ᠲᠡᠭᠡᠭᠡᠪᠦᠷᠢᠯᠡᠬᠦ ᠪᠠᠭᠠᠵᠢ ᠬᠡᠷᠡᠭᠰᠡᠯ ᠵᠢᠴᠢ ᠬᠤᠯᠪᠤᠭᠳᠠᠯ ᠪᠦᠬᠦᠢ ᠡᠳ᠋ ᠪᠤᠳᠠᠰ ᠲᠤ ᠠᠷᠢᠭᠤᠳᠬᠠᠬᠤ ᠪᠤᠶᠤ ᠪᠤᠰᠤᠳ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠠᠪᠤᠨ᠎ᠠ᠃     ᠭᠤᠴᠢᠨ ᠬᠤᠶᠠᠳᠤᠭᠠᠷ ᠵᠦᠢᠯ ᠬᠤᠶᠠᠳᠤᠭᠠᠷ ᠲᠦᠷᠦᠯ ᠤᠨ ᠠᠮᠢᠲᠠᠨ ᠤ ᠬᠢᠵᠢᠭ ᠡᠪᠡᠳᠴᠢᠨ ᠡᠭᠦᠰᠬᠦ ᠦᠶ᠎ᠡ ᠳᠤ᠂ ᠲᠤᠤᠷ᠎ᠠ ᠵᠢᠭᠰᠠᠭᠠᠭᠰᠠᠨ ᠬᠢᠵᠠᠭᠠᠷᠯᠠᠬᠤ ᠪᠠ ᠠᠷᠢᠯᠭᠠᠬᠤ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠄      ︵ᠨᠢᠭᠡ︶ ᠲᠤᠬᠠᠢ ᠶᠢᠨ ᠭᠠᠵᠠᠷ ᠤᠨ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠢᠵᠢᠭ ᠤᠨ ᠴᠡᠭ᠂ ᠬᠢᠵᠢᠭᠳᠦ ᠤᠷᠤᠨ᠂ ᠰᠦᠷᠳᠡᠭᠦᠯᠦᠯ ᠳᠤ ᠤᠴᠠᠷᠠᠭᠰᠠᠠ ᠤᠷᠤᠨ ᠢ ᠵᠠᠭᠠᠭᠯᠠᠨ ᠲᠤᠭᠲᠠᠭᠠᠬᠤ ᠬᠡᠷᠡᠭᠲᠡᠢ᠃     ︵ᠬᠤᠶᠠᠷ︶ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠬᠡᠷᠡᠭᠴᠡᠭᠡ ᠪᠠᠨ ᠦᠨᠳᠦᠰᠦᠯᠡᠨ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠢ ᠶᠢ ᠵᠤᠬᠢᠶᠠᠨ ᠪᠠᠶᠢᠭᠤᠯᠵᠤ ᠪᠠᠶᠢᠭᠠᠳ ᠲᠤᠰᠠᠭᠠᠷᠯᠠᠬᠤ᠂ ᠠᠯᠠᠬᠤ᠂ ᠤᠰᠠᠳᠬᠠᠬᠤ᠂ ᠠᠷᠢᠭᠤᠳᠬᠠᠬᠤ᠂ ᠬᠤᠤᠷ ᠦᠭᠡᠶᠢᠵᠢᠭᠦᠯᠦᠨ ᠰᠢᠢᠳᠪᠦᠷᠢᠯᠡᠬᠦ᠂ ᠴᠠᠷᠤᠯᠲᠠ ᠶᠢᠨ ᠪᠠᠴᠢᠮ ᠲᠠᠷᠢᠯᠭ᠎ᠠ ᠬᠢᠬᠦ᠂ ᠠᠮᠠᠷᠬᠠᠨ ᠬᠠᠯᠳᠠᠪᠤᠷᠢᠯᠠᠭᠳᠠᠬᠤ ᠠᠮᠢᠲᠠᠨ ᠪᠠ ᠠᠮᠢᠲᠠᠨ ᠤ ᠠᠰᠢᠭ ᠰᠢᠮ᠎ᠡ ᠵᠢᠴᠢ ᠬᠤᠯᠪᠤᠭᠳᠠᠯ ᠪᠦᠬᠦᠢ ᠡᠳ᠋ ᠪᠤᠳᠠᠰ ᠢ ᠤᠷᠤᠭᠤᠯᠵᠤ ᠭᠠᠷᠭᠠᠬᠤ ᠶᠢ ᠬᠢᠵᠠᠭᠠᠷᠯᠠᠬᠤ ᠵᠡᠷᠭᠡ ᠬᠢᠵᠠᠭᠠᠷᠯᠠᠬᠤ᠂ ᠠᠷᠢᠯᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃     ᠭᠤᠴᠢᠨ ᠭᠤᠷᠪᠠᠳᠤᠭᠠᠷ ᠵᠦᠢᠯ ᠬᠢᠵᠢᠭ ᠤᠨ ᠴᠡᠭ᠂ ᠬᠢᠵᠢᠭᠳᠦ ᠤᠷᠤᠨ᠂ ᠰᠦᠷᠳᠡᠭᠦᠯᠦᠯ ᠳᠤ ᠤᠴᠠᠷᠠᠭᠰᠠᠨ ᠤᠷᠤᠨ ᠢᠶᠠᠷ ᠵᠠᠭᠠᠭᠯᠠᠨ ᠲᠣᠭᠲᠠᠭᠠᠭᠰᠠᠨ ᠢ ᠬᠦᠴᠦᠨ ᠦᠭᠡᠢ ᠪᠤᠯᠭᠠᠬᠤ ᠪᠠ ᠬᠢᠵᠢᠭᠳᠦ ᠤᠷᠤᠨ ᠤ ᠪᠢᠲᠡᠭᠦᠮᠵᠢᠯᠡᠯ ᠢ ᠲᠠᠶᠢᠯᠬᠤ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠲᠠᠭᠠᠭᠰᠠᠨ ᠪᠠᠷᠢᠮᠵᠢᠶ᠎ᠡ ᠪᠠ ᠵᠢᠷᠤᠮ ᠤᠨ ᠶᠤᠰᠤᠭᠠᠷ ᠵᠢᠱᠢᠯᠲᠠ ᠬᠢᠭᠰᠡᠨ ᠤ ᠰᠡᠭᠦᠯᠡᠷ᠂ ᠤᠤᠯ ᠤᠨ ᠰᠢᠢᠳᠪᠤᠷᠢ ᠭᠠᠷᠭᠠᠭᠰᠠᠨ ᠪᠠᠶᠢᠭᠤᠯᠭ᠎ᠠ ᠠᠴᠠ ᠰᠢᠢᠳᠪᠦᠷᠢ ᠭᠠᠷᠭᠠᠬᠤ ᠶᠢᠨ ᠬᠠᠮᠳᠤ ᠨᠡᠶᠢᠲᠡᠯᠡᠨ᠎ᠡ᠃     ᠭᠤᠴᠢᠨ ᠳᠦᠷᠪᠡᠳᠦᠭᠡᠷ ᠵᠦᠢᠯ ᠭᠤᠷᠪᠠᠳᠤᠭᠠᠷ ᠲᠦᠷᠦᠯ ᠤᠨ ᠬᠢᠵᠢᠭ ᠡᠪᠡᠳᠴᠢᠨ ᠡᠭᠦᠰᠬᠦ ᠦᠶ᠎ᠡ ᠳᠤ᠂ ᠲᠤᠬᠠᠢ ᠶᠢᠨ ᠭᠠᠵᠠᠷ ᠤᠨ ᠰᠢᠶᠠᠨ᠂ ᠰᠢᠶᠠᠩ ᠤᠨ ᠱᠠᠳᠤᠨ ᠤ ᠠᠷᠠᠳ ᠤᠨ ᠵᠠᠰᠠᠭ ᠤᠨ ᠤᠷᠳᠤᠨ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ ᠰᠠᠷᠬᠡᠶᠢᠯᠡᠨ ᠵᠠᠰᠠᠬᠤ ᠪᠠ ᠴᠡᠪᠡᠷᠰᠢᠬᠦᠯᠬᠦ ᠠᠵᠢᠯ ᠢ ᠵᠤᠬᠢᠶᠠᠨ ᠪᠠᠶᠢᠭᠤᠯᠬᠤ ᠬᠡᠷᠡᠭᠲᠡᠢ᠃     ᠭᠤᠴᠢᠨ ᠲᠠᠪᠤᠳᠤᠭᠠᠷ ᠵᠦᠢᠯ ᠬᠤᠶᠠᠳᠤᠭᠠᠷ᠂ ᠭᠤᠷᠪᠠᠳᠤᠭᠠᠷ ᠲᠦᠷᠦᠯ ᠤᠨ ᠠᠮᠢᠲᠠᠨ ᠤ ᠬᠢᠵᠢᠭ ᠡᠪᠡᠳᠴᠢᠨ ᠳᠣᠯᠬᠢᠨ ᠳᠡᠯᠭᠡᠷᠡᠭᠰᠡᠨ ᠦᠶ᠎ᠡ ᠳᠤ ᠨᠢᠭᠡᠳᠦᠭᠡᠷ ᠲᠦᠷᠦᠯ ᠤᠨ ᠠᠮᠢᠲᠠᠨ ᠤ ᠬᠢᠵᠢᠭ ᠡᠪᠡᠳᠴᠢᠨ ᠢ ᠰᠢᠢᠳᠪᠦᠷᠢᠯᠡᠬᠦ ᠶᠤᠰᠤᠭᠠᠷ ᠰᠢᠢᠳᠪᠦᠷᠢᠯᠡᠨ᠎ᠠ᠃      ᠭᠤᠴᠢᠨ ᠵᠢᠷᠭᠤᠳᠤᠭᠠᠷ ᠵᠦᠢᠯ ᠠᠮᠢᠲᠠᠨ ᠤ ᠬᠢᠵᠢᠭ ᠡᠪᠡᠳᠴᠢᠨ ᠢ ᠬᠢᠵᠠᠭᠠᠷᠯᠠᠬᠤ᠂ ᠠᠷᠢᠯᠭᠠᠬᠤ ᠶᠢᠨ ᠲᠦᠯᠦᠭᠡ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠲᠤᠬᠠᠢ ᠶᠢᠨ ᠭᠠᠵᠠᠷ ᠤᠨ ᠬᠠᠤᠯᠢ ᠶᠤᠰᠤᠭᠠᠷ ᠪᠠᠶᠢᠭᠤᠯᠤᠭᠰᠠᠨ ᠤᠳᠤ ᠪᠠᠶᠢᠭ᠎ᠠ ᠪᠠᠶᠢᠴᠠᠭᠠᠬᠤ ᠦᠷᠳᠡᠭᠡᠨ ᠳᠤ ᠬᠦᠮᠦᠨ ᠲᠤᠮᠢᠯᠡᠨ ᠬᠢᠨᠠᠨ ᠪᠠᠶᠢᠴᠠᠭᠠᠬᠤ ᠡᠭᠦᠷᠭᠡ ᠬᠦᠢᠴᠡᠳᠬᠡᠭᠦᠯᠬᠦ ᠬᠡᠷᠡᠭᠲᠡᠢ︔ ᠴᠢᠬᠤᠯᠠᠲᠠᠢ ᠦᠶ᠎ᠡ ᠳᠤ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠠᠷᠡᠭᠦᠯᠦᠭᠡᠳ ᠠᠮᠢᠲᠠᠨ ᠤ ᠡᠷᠡᠭᠦᠯ ᠬᠠᠮᠠᠭᠠᠯᠠᠯ ᠢ ᠬᠢᠨᠠᠨ ᠪᠠᠶᠢᠴᠠᠭᠠᠬᠤ ᠲᠦᠷ ᠴᠠᠭ ᠤᠨ ᠦᠷᠳᠡᠭᠡ ᠪᠠᠶᠢᠭᠤᠯᠵᠤ᠂ ᠬᠢᠨᠠᠨ ᠪᠠᠶᠢᠴᠠᠭᠠᠬᠤ ᠡᠭᠦᠷᠭᠡ ᠶᠢ ᠭᠦᠢᠴᠡᠳᠬᠡᠵᠦ ᠪᠤᠯᠤᠨ᠎ᠠ᠃      ᠭᠤᠴᠢᠨ ᠳᠤᠯᠤᠳᠤᠭᠠᠷ ᠵᠦᠢᠯ ᠬᠦᠮᠦᠨ ᠮᠠᠯ ᠳᠤ ᠪᠦᠷ ᠬᠠᠯᠳᠠᠪᠤᠷᠢᠯᠠᠳᠠᠭ ᠬᠠᠯᠳᠠᠪᠤᠷᠢᠳᠤ ᠡᠪᠡᠳᠴᠢᠨ ᠡᠭᠦᠰᠬᠦ ᠦᠶ᠎ᠡ ᠳᠤ᠂ ᠡᠷᠡᠭᠦᠯ ᠬᠠᠮᠠᠭᠠᠯᠠᠯ ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠢᠵᠢᠭᠳᠦ ᠤᠷᠤᠨ ᠳᠠᠬᠢ ᠠᠮᠠᠷᠬᠠᠨ ᠬᠠᠯᠳᠠᠪᠤᠷᠢᠯᠠᠭᠳᠠᠬᠤ ᠬᠦᠮᠦᠰ ᠲᠤ ᠬᠢᠨᠠᠨ ᠬᠡᠮᠵᠢᠯᠲᠡ ᠬᠢᠬᠦ ᠠᠵᠢᠯ ᠢ ᠵᠤᠬᠢᠶᠠᠨ ᠪᠠᠶᠢᠭᠤᠯᠬᠤ ᠶᠢᠨ ᠬᠠᠮᠳᠤ ᠤᠷᠢᠳᠴᠢᠯᠠᠨ ᠰᠡᠷᠬᠡᠶᠢᠯᠡᠬᠦ᠂ ᠬᠢᠵᠠᠭᠠᠷᠯᠠᠬᠤ ᠵᠣᠬᠢᠴᠠᠩᠭᠤᠢ ᠠᠷᠭ᠎ᠠ ᠬᠡᠮᠵᠢᠶ᠎ᠡ ᠠᠪᠬᠤ ᠬᠡᠷᠡᠭᠲᠡᠢ᠃      ᠭᠤᠴᠢᠨ ᠨᠠᠢᠮᠠᠳᠤᠭᠠᠷ ᠵᠦᠢᠯ ᠬᠢᠵᠢᠭᠳᠦ ᠤᠷᠤᠨ ᠳᠠᠬᠢ ᠬᠤᠯᠪᠤᠭᠳᠠᠯ ᠪᠦᠬᠦᠢ ᠨᠢᠭᠡᠴᠢ ᠪᠠ ᠬᠤᠪᠢ ᠬᠦᠮᠦᠨ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ ᠲᠡᠬᠦᠨ ᠤ ᠮᠡᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠬᠠᠤᠯᠢ ᠶᠤᠰᠤᠭᠠᠷ ᠲᠤᠭᠲᠠᠭᠠᠭᠰᠠᠨ ᠠᠮᠢᠲᠠᠨ ᠤ ᠬᠢᠵᠢᠭ ᠡᠪᠡᠳᠴᠢᠨ ᠢ ᠬᠢᠵᠠᠭᠠᠷᠯᠠᠬᠤ᠂ ᠠᠷᠢᠯᠭᠠᠬᠤ ᠬᠤᠯᠪᠤᠭᠳᠠᠯ ᠪᠦᠬᠦᠢ ᠲᠤᠭᠲᠠᠭᠠᠯ ᠢ ᠵᠢᠷᠤᠮᠯᠠᠬᠤ ᠬᠡᠷᠡᠭᠲᠡᠢᠶᠠᠮᠠᠷᠪᠠ ᠨᠢᠭᠡᠴᠢ ᠪᠠ ᠬᠤᠪᠢ ᠬᠦᠮᠦᠨ ᠨᠢᠭᠡᠨᠲᠡ ᠬᠠᠤᠯᠢ ᠶᠤᠰᠤᠭᠠᠷ ᠲᠤᠰᠠᠭᠠᠷᠯᠠᠭᠰᠠᠨ᠂ ᠪᠢᠲᠡᠭᠦᠮᠵᠢᠯᠡᠭᠰᠡᠨ᠂ ᠰᠢᠢᠳᠪᠦᠷᠢᠯᠡᠭᠰᠡᠨ ᠠᠮᠢᠲᠠᠨ ᠪᠠ ᠠᠮᠢᠲᠠᠨ ᠤ ᠠᠰᠢᠭ ᠰᠢᠮ᠎ᠡ ᠶᠢ ᠨᠢᠭᠤᠵᠤ ᠳᠠᠯᠳᠠᠯᠠᠬᠤ᠂ ᠰᠢᠯᠵᠢᠭᠦᠯᠬᠦ ᠪᠠ ᠬᠤᠯᠠᠭᠠᠶᠢᠯᠠᠨ ᠮᠠᠯᠲᠠᠵᠤ ᠪᠣᠯᠬᠤ ᠦᠭᠡᠢ᠃     ᠭᠤᠴᠢ ᠶᠢᠰᠦᠳᠦᠭᠡᠷ ᠵᠦᠢᠯ ᠠᠮᠢᠲᠠᠨ ᠤ ᠬᠢᠵᠢᠭ ᠤᠨ ᠪᠠᠶᠢᠳᠠᠯ ᠭᠠᠷᠬᠤ ᠦᠶ᠎ᠡ ᠳᠤ᠂ ᠠᠭᠠᠷ ᠤᠨ ᠠᠶᠠᠯᠠᠯ᠂ ᠲᠡᠮᠦᠷ ᠵᠠᠮ᠂ ᠵᠠᠰᠠᠮᠠᠯ ᠵᠠᠮ᠂ ᠤᠰᠤᠨ ᠵᠠᠮ ᠵᠡᠷᠭᠡ ᠲᠡᠭᠡᠭᠡᠪᠦᠷᠢ ᠶᠢᠨ ᠰᠠᠯᠠᠭ᠎ᠠ ᠮᠦᠴᠢᠷ ᠤᠳ ᠬᠢᠵᠢᠭ ᠡᠪᠡᠳᠴᠢᠨ ᠢ ᠬᠢᠵᠠᠭᠠᠷᠯᠠᠬᠤ᠂ ᠠᠷᠢᠯᠭᠠᠬᠤ ᠠᠵᠢᠯᠳᠡᠨ ᠪᠠ ᠬᠤᠯᠪᠤᠭᠳᠠᠯ ᠪᠦᠬᠦᠢ ᠡᠳ᠋ ᠪᠤᠳᠠᠰ ᠢ ᠲᠡᠭᠡᠭᠡᠪᠦᠷᠢᠯᠡᠨ ᠬᠦᠷᠭᠡᠬᠦ ᠠᠵᠢᠯ ᠢ ᠡ᠊ᠩ ᠲᠡᠷᠢᠭᠦᠨ ᠳᠤ ᠵᠣᠬᠢᠶᠠᠨ ᠪᠠᠶᠢᠭᠤᠯᠬᠤ ᠬᠡᠷᠡᠭᠲᠡᠢ᠃      ᠳᠦᠴᠢᠳᠦᠭᠡᠷ ᠵᠦᠢᠯ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠦᠷᠦᠯ ᠤᠨ ᠠᠮᠢᠲᠠᠨ ᠤ ᠬᠢᠵᠢᠭ ᠡᠪᠡᠳᠴᠢᠨ ᠬᠡᠨᠡᠳᠳᠡ ᠡᠭᠦᠰᠴᠦ᠂ ᠮᠠᠰᠢ ᠲᠦᠷᠬᠡᠨ ᠳᠠᠷᠬᠠᠭᠠᠳ ᠳᠡᠵᠢᠭᠡᠨ ᠦᠷᠡᠵᠢᠬᠦᠯᠬᠦ ᠦᠢᠯᠡᠰ ᠤᠨ ᠦᠢᠯᠡᠳᠪᠦᠷᠢᠯᠡᠯ ᠤᠨ ᠠᠮᠤᠷ ᠲᠦᠪᠰᠢᠨ ᠳᠤ ᠬᠦᠨᠳᠦ ᠨᠤᠴᠢᠳᠠᠢ ᠰᠦᠷᠳᠡᠭᠦᠯᠦᠯ᠂ ᠬᠤᠤᠷ ᠬᠦᠨᠦᠭᠡᠯ ᠤᠴᠠᠷᠠᠭᠤᠯᠤᠭᠰᠠᠨ᠂ ᠴᠢᠨᠠᠭᠰᠢᠯᠠᠪᠠᠯ ᠤᠯᠠᠨ ᠨᠡᠶᠢᠳᠡ ᠶᠢᠨ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠳᠤ ᠬᠤᠤᠷ ᠬᠦᠨᠦᠬᠡᠯ ᠤᠴᠠᠷᠠᠭᠤᠯᠵᠦ ᠮᠡᠳᠡᠬᠦ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠢ ᠪᠣᠢ ᠪᠣᠯᠭᠠᠭᠰᠠᠨ ᠪᠠᠶᠢᠪᠠᠯ᠂ ᠬᠠᠤᠯᠢ ᠴᠠᠭᠠᠵᠠ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠯ ᠶᠤᠰᠤᠭᠠᠷ ᠪᠠᠴᠢᠮ ᠠᠷᠭᠠᠴᠠᠬᠤ ᠠᠷᠭ᠎ᠠ ᠬᠡᠮᠵᠢᠶ᠎ᠡ ᠠᠪᠤᠨ᠎ᠠ᠃      ᠲᠠᠪᠤᠳᠤᠭᠠᠷ ᠪᠦᠯᠦᠭ ᠠᠮᠢᠲᠠᠨ ᠪᠠ ᠠᠮᠢᠲᠠᠨ ᠤ ᠠᠰᠢᠬ ᠰᠢᠮ᠎ᠠ ᠶᠢᠨ ᠬᠢᠵᠢᠭ ᠢ ᠪᠠᠶᠢᠴᠠᠭᠠᠬᠤ      ᠳᠦᠴᠢᠨ ᠨᠢᠭᠡᠳᠦᠭᠡᠷ ᠵᠦᠢᠯ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠳᠠᠯᠪᠢᠬᠤ ᠪᠠᠶᠢᠭᠤᠯᠤᠮᠵᠢ ᠲᠤᠰ ᠬᠠᠤᠯᠢ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ ᠠᠮᠢᠲᠠᠨ ᠪᠠ ᠠᠮᠢᠲᠠᠨ ᠤ ᠠᠰᠢᠭ ᠰᠢᠮ᠎ᠡ ᠳᠤ ᠬᠢᠵᠢᠭ ᠤᠨ ᠪᠠᠶᠢᠴᠠᠭᠠᠯᠲᠠ ᠬᠢᠨ᠎ᠠ ‍ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠠᠯᠪᠠᠨ ᠤ ᠮᠠᠯ ᠤᠨ ᠡᠮᠴᠢ ᠠᠮᠢᠲᠠᠨ ᠪᠠ ᠠᠮᠢᠲᠠᠨ ᠤ ᠠᠰᠢᠭ ᠰᠢᠮ᠎ᠡ ᠳᠤ ᠪᠤᠳᠠᠳᠠᠢ ᠬᠢᠵᠢᠭ ᠤᠨ ᠪᠠᠶᠢᠴᠠᠭᠠᠯᠲᠠ ᠬᠢᠨ᠎ᠠ ‍ᠠᠯᠪᠠᠨ ᠤ ᠮᠠᠯ ᠤᠨ ᠡᠮᠴᠢ ᠨᠢ ᠲᠤᠭᠲᠠᠭᠠᠭᠰᠠᠨ ᠬᠢᠷᠢ ᠬᠡᠮ ᠤᠨ ᠨᠦᠭᠦᠴᠡᠯ ᠢ ᠪᠦᠷᠢᠳᠦᠭᠦᠯᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠤᠯᠭᠤᠬᠤ ᠬᠢᠷᠢ ᠬᠡᠮ ᠤᠨ ᠦᠨᠡᠮᠯᠡᠯ ᠢ ᠤᠯᠤᠭᠰᠠᠨ ᠪᠠᠶᠢᠬᠤ ᠬᠡᠷᠡᠭᠲᠡᠢ᠂ ᠪᠤᠳᠠᠳᠠᠢ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠵᠢᠯᠲᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠳᠤᠷᠠᠵᠤ ᠲᠤᠭᠲᠠᠭᠠᠨ᠎ᠠ ᠳ᠋ᠤᠰ ᠬᠠᠤᠯᠢ ᠳᠤ ᠬᠡᠯᠡᠵᠦ ᠪᠠᠶᠢᠭ᠎ᠠ ᠠᠯᠪᠠᠨ ᠤ ᠮᠠᠯ ᠤᠨ ᠡᠮᠴᠢ ᠭᠡᠳᠡᠭ ᠨᠢ ᠲᠤᠭᠲᠠᠭᠠᠭᠰᠠᠨ ᠬᠢᠷᠢ ᠬᠡᠮ ᠤᠨ ᠨᠦᠭᠦᠴᠡᠯ ᠢ ᠪᠦᠷᠢᠳᠦᠭᠦᠯᠦᠭᠰᠡᠨ ᠪᠦᠭᠡᠳ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠮᠢᠯᠠᠭᠰᠠᠨ᠂ ᠬᠢᠵᠢᠭ ᠤᠨ ᠪᠠᠶᠢᠴᠠᠭᠠᠯᠲᠠ ᠵᠡᠷᠭᠡ ᠶᠢᠨ ᠭᠡᠷᠡᠴᠢᠯᠡᠯ ᠬᠢᠵᠦ ᠦᠭᠬᠦ ᠠᠵᠢᠯ ᠢ ᠬᠠᠷᠢᠭᠤᠴᠠᠬᠤ ᠤᠯᠤᠰ ᠤᠨ ᠮᠠᠯ ᠡᠮᠨᠡᠯᠭᠡ ᠶᠢᠨ ᠠᠵᠢᠯᠳᠠᠨ ᠢ ᠵᠢᠭᠠᠵᠤ ᠪᠠᠶᠢᠨ᠎ᠠ᠃      ᠳᠦᠴᠢᠨ ᠬᠤᠶᠠᠳᠤᠭᠠᠷ ᠵᠦᠢᠯ ᠠᠮᠢᠲᠠᠨ ᠢ ᠨᠢᠳᠤᠯᠬᠤ᠂ ᠬᠤᠳᠠᠯᠳᠤᠬᠤ ᠪᠠ ᠲᠡᠭᠡᠭᠡᠪᠦᠷᠢᠯᠡᠬᠦ ᠵᠢᠴᠢ ᠠᠮᠢᠲᠠᠨ ᠤ ᠠᠰᠢᠭ ᠰᠢᠮ᠎ᠡ ᠶᠢ ᠬᠤᠳᠠᠯᠳᠤᠬᠤ ᠪᠠ ᠲᠡᠭᠡᠭᠡᠪᠦᠷᠢᠯᠡᠬᠦ ᠠᠴᠠ ᠡᠮᠦᠨ᠎ᠡ᠂ ᠪᠠᠷᠠᠭᠠᠨ ᠤ ᠡᠵᠡᠨ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ ᠲᠤᠬᠠᠢ ᠶᠢᠨ ᠭᠠᠵᠠᠷ ᠤᠨ ᠠᠮᠢᠲᠠᠨ ᠤ ᠡᠷᠡᠭᠦᠯ ᠬᠠᠮᠠᠭᠠᠯᠠᠯ ᠳᠤ ᠬᠢᠨᠡᠯᠲᠠ ᠲᠠᠯᠪᠢᠬᠤ ᠪᠠᠶᠢᠭᠤᠯᠤᠮᠵᠢ ᠳᠤ ᠬᠢᠵᠢᠭ ᠤᠨ ᠪᠠᠶᠢᠴᠠᠭᠠᠯᠲᠠ ᠬᠢᠯᠬᠡᠬᠦ ᠪᠠᠷ ᠮᠡᠳᠡᠭᠦᠯᠬᠦ ᠬᠡᠷᠡᠭᠲᠡᠢ ᠠᠮᠢᠲᠠᠨ ᠤ ᠡᠷᠡᠭᠦᠯ ᠬᠠᠮᠠᠭᠠᠯᠠᠯ ᠳᠤ ᠬᠢᠨᠡᠯᠲᠠ ᠲᠠᠯᠪᠢᠬᠤ ᠪᠠᠶᠢᠭᠤᠯᠤᠮᠵᠢ ᠬᠢᠵᠢᠭ ᠤᠨ ᠪᠠᠶᠢᠴᠠᠭᠠᠯᠲᠠ ᠬᠢᠯᠭᠡᠬᠦ ᠮᠡᠳᠡᠭᠦᠯᠦᠯᠲᠡ ᠶᠢ ᠤᠯᠤᠭᠰᠠᠨ ᠤ ᠳᠠᠷᠠᠭ᠎ᠠ᠂ ᠴᠠᠭ ᠲᠤᠬᠠᠢ ᠳᠤᠨᠢ ᠠᠯᠪᠠᠨ ᠤ ᠮᠠᠯ ᠤᠨ ᠡᠮᠴᠢ ᠶᠢ ᠲᠤᠮᠢᠯᠠᠵᠤ ᠠᠮᠢᠲᠠᠨ᠂ ᠠᠮᠢᠲᠠᠨ ᠤ ᠠᠰᠢᠭ ᠰᠢᠮ᠎ᠡ ᠳᠤ ᠲᠤᠬᠠᠢ ᠶᠢᠨ ᠲᠠᠯᠠᠪᠤᠷ ᠲᠤᠨᠢ ᠬᠢᠵᠢᠭ ᠤᠨ ᠪᠠᠶᠢᠴᠠᠭᠠᠯᠲᠠ ᠬᠢᠬᠦ ᠬᠡᠷᠡᠭᠲᠡᠢ︔ ᠬᠢᠵᠢᠭ ᠤᠨ ᠪᠠᠶᠢᠴᠠᠭᠠᠯᠲᠠ ᠳᠤ ᠬᠢᠷᠢ ᠳᠡᠩᠴᠡᠪᠠᠯ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢᠯᠡᠯ ᠬᠢᠵᠦ ᠦᠭᠬᠦᠭᠡᠳ᠂ ᠬᠢᠵᠢᠭ ᠤᠨ ᠪᠠᠶᠢᠴᠠᠭᠠᠯᠲᠠ ᠬᠢᠭᠰᠡᠨ ᠳᠡᠮᠳᠡᠭ ᠲᠠᠯᠪᠢᠨ᠎ᠠ ᠳ᠋ᠤᠬᠠᠢ ᠶᠢᠨ ᠲᠠᠯᠠᠪᠤᠷ ᠲᠤᠨᠢ ᠬᠢᠵᠢᠭ ᠤᠨ ᠪᠠᠶᠢᠴᠠᠭᠠᠯᠲᠠ ᠬᠢᠭᠰᠡᠨ ᠠᠯᠪᠠᠨ ᠤ ᠮᠠᠯ ᠤᠨ ᠡᠮᠴᠢ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢᠯᠡᠯ᠂ ᠬᠢᠵᠢᠭ ᠤᠨ ᠪᠠᠶᠢᠴᠠᠭᠠᠯᠲᠠ ᠬᠢᠭᠰᠡᠨ ᠳᠡᠮᠳᠡᠭ ᠳᠡᠭᠡᠷ᠎ᠡ ᠭᠠᠷ ᠤᠨ ᠦᠰᠦᠭ ᠵᠢᠷᠤᠬᠤ ᠪᠤᠶᠤ ᠳᠠᠮᠠᠭ᠎ᠠ ᠳᠠᠷᠤᠬᠤ ᠶᠢᠨ ᠬᠠᠮᠳᠤ ᠬᠢᠵᠢᠭ ᠤᠨ ᠪᠠᠶᠢᠴᠠᠭᠠᠯᠲᠠ ᠶᠢᠨ ᠳ᠋ᠦᠩ ᠳᠤ ᠬᠠᠷᠢᠭᠤᠴᠠᠬᠤ ᠬᠡᠷᠡᠭᠲᠡᠢ᠃      ᠳᠦᠴᠢᠨ ᠭᠤᠷᠪᠠᠳᠤᠭᠠᠷ ᠵᠦᠢᠯ ᠨᠢᠳᠤᠯᠬᠤ᠂ ᠡᠵᠡᠩᠨᠡᠬᠦ᠂ ᠳᠡᠭᠡᠭᠡᠪᠦᠷᠢᠯᠡᠬᠦ ᠵᠢᠴᠢ ᠦᠵᠡᠭᠦᠯᠦᠯᠭᠡ᠂ ᠲᠤᠭᠯᠠᠯᠲᠠ ᠪᠠ ᠤᠷᠤᠯᠳᠤᠭᠠᠨ ᠳᠤ ᠤᠷᠤᠯᠴᠠᠬᠤ ᠠᠮᠢᠲᠠᠨ ᠳᠤ ᠬᠢᠵᠢᠭ ᠤᠨ ᠪᠠᠶᠢᠴᠠᠭᠠᠯᠲᠠ ᠬᠢᠭᠰᠡᠨ ᠬᠡᠷᠡᠴᠢᠯᠡᠯ ᠲᠠᠭᠠᠯᠳᠤᠭᠤᠯᠤᠭᠰᠠᠨ ᠪᠠᠶᠢᠬᠤ ᠬᠡᠷᠡᠭᠲᠡᠢ︔ ᠡᠵᠡᠩᠨᠡᠬᠦ ᠪᠠ ᠳᠡᠭᠡᠭᠡᠪᠦᠷᠢᠯᠡᠬᠦ ᠠᠮᠢᠲᠠᠨ ᠤ ᠠᠰᠢᠭ ᠰᠢᠮ᠎ᠡ ᠳᠤ ᠬᠢᠵᠢᠭ ᠤᠨ ᠪᠠᠶᠢᠴᠠᠭᠠᠯᠲᠠ ᠬᠢᠭᠰᠡᠨ ᠬᠡᠷᠡᠴᠢᠯᠡᠯ᠂ ᠬᠢᠵᠢᠭ ᠤᠨ ᠪᠠᠶᠢᠴᠠᠭᠠᠯᠲᠠ ᠬᠢᠭᠰᠡᠨ ᠳᠡᠮᠳᠡᠭ ᠲᠠᠭᠠᠯᠳᠤᠭᠤᠯᠤᠭᠰᠠᠨ ᠪᠠᠶᠢᠬᠤ ᠬᠡᠷᠡᠭᠲᠡᠢᠡᠮᠦᠨᠠᠬᠢ ᠪᠠᠳᠠᠭ ᠲᠤ ᠳᠤᠭᠳᠠᠭᠠᠭᠰᠠᠨ ᠠᠮᠢᠲᠠᠨ᠂ ᠠᠮᠢᠲᠠᠨ ᠤ ᠠᠰᠢᠭ ᠰᠢᠮ᠎ᠡ ᠶᠢᠨ ᠲᠤᠬᠠᠢ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢᠯᠠᠯ᠂ ᠬᠢᠵᠢᠭ ᠤᠨ ᠪᠠᠶᠢᠴᠠᠭᠠᠯᠲᠠ ᠭᠢᠭᠰᠡᠨ ᠳᠡᠮᠳᠡᠭ ᠢ ᠪᠠᠶᠢᠴᠠᠭᠠᠨ ᠰᠢᠯᠭᠠᠵᠤ᠂ ᠬᠢᠨᠠᠯᠲᠠ ᠲᠠᠯᠪᠢᠵᠤ ᠰᠤᠭᠤᠯᠤᠨ ᠪᠠᠶᠢᠴᠠᠭᠠᠵᠤ ᠪᠤᠯᠤᠨ᠎ᠠ᠂ ᠭᠡᠬᠦ ᠳᠡᠭᠡᠨ ᠳᠠᠪᠬᠤᠷᠳᠠᠭᠤᠯᠤᠨ ᠬᠢᠵᠢᠭ ᠤᠨ ᠪᠠᠶᠢᠴᠠᠭᠠᠯᠲᠠ ᠬᠢᠵᠦ ᠰᠦᠢᠳᠬᠡᠯ ᠬᠤᠷᠢᠶᠠᠵᠤ ᠪᠤᠯᠬᠤ ᠦᠭᠡᠢ᠃     ᠳᠦᠴᠢᠨ ᠳᠦᠷᠪᠡᠳᠦᠭᠡᠷ ᠵᠦᠢᠯ ᠠᠮᠢᠲᠠᠨ ᠪᠠ ᠠᠮᠢᠳᠠᠨ ᠤ ᠠᠰᠢᠭ ᠰᠢᠮ᠎ᠡ ᠶᠢ ᠲᠡᠮᠦᠷ ᠵᠠᠮ᠂ ᠵᠠᠰᠠᠮᠠᠯ ᠵᠠᠮ᠂ ᠤᠰᠤᠨ ᠵᠠᠮ᠂ ᠠᠭᠠᠷ ᠢᠶᠠᠷ ᠲᠡᠭᠡᠭᠡᠪᠦᠷᠢᠯᠡᠬᠦ ᠳᠤ ᠬᠦᠷᠪᠡᠯ᠂ ᠨᠠᠶᠢᠳᠠᠨ ᠲᠡᠭᠡᠭᠡᠪᠦᠷᠢᠯᠡᠭᠦᠯᠦᠭᠴᠢ ᠲᠡᠭᠡᠭᠡᠪᠦᠷᠢᠯᠡᠭᠦᠯᠬᠦ ᠦᠶ᠎ᠡ ᠳᠤ ᠬᠢᠵᠢᠭ  ᠤᠨ ᠪᠠᠶᠢᠴᠠᠭᠠᠯᠲᠠ ᠬᠢᠭᠰᠡᠨ ᠬᠡᠷᠡᠴᠢᠯᠡᠯ ᠬᠠᠩᠭᠠᠬᠤ ᠬᠡᠷᠡᠭᠲᠡᠢ︔ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢᠯᠡᠯ ᠦᠭᠡᠢ ᠪᠣᠯ᠂ ᠳᠠᠭᠠᠭᠠᠨ ᠲᠡᠭᠡᠭᠡᠪᠦᠷᠢᠯᠡᠭᠴᠢ ᠳᠠᠭᠠᠭᠠᠨ ᠲᠡᠭᠡᠭᠡᠪᠦᠷᠢᠯᠡᠵᠦ ᠪᠤᠯᠬᠤ ᠦᠭᠡᠢ᠃ ᠠᠴᠢᠶᠠᠯᠠᠬᠤ ᠠᠴᠠ ᠡᠮᠦᠨ᠎ᠡ ᠪᠤᠶᠤ ᠠᠴᠢᠶ᠎ᠠ ᠪᠠᠭᠤᠯᠭᠠᠭᠰᠠᠨ ᠤ ᠳᠠᠷᠠᠭ᠎ᠠ ᠲᠡᠭᠡᠭᠡᠪᠦᠷᠢᠯᠡᠬᠦ ᠪᠠᠭᠠᠵᠢ ᠬᠡᠷᠡᠭᠰᠡᠯ ᠢ ᠴᠠᠭ ᠲᠤᠬᠠᠢ ᠳᠤᠨᠢ ᠤᠬᠢᠶᠠᠨ ᠴᠡᠪᠡᠷᠯᠡᠵᠤ᠂ ᠠᠷᠢᠭᠤᠳᠬᠠᠬᠤ ᠬᠡᠷᠡᠭᠲᠡᠢ᠃      ᠳᠦᠴᠢᠨ ᠲᠠᠪᠤᠳᠤᠭᠠᠷ ᠵᠦᠢᠯ ᠲᠤᠭᠳᠠᠭᠠᠭᠰᠠᠨ ᠠᠮᠢᠲᠠᠨ ᠤ ᠬᠢᠵᠢᠭ ᠡᠪᠡᠳᠴᠢᠨ ᠦᠭᠡᠢ ᠤᠷᠤᠨ ᠳᠤ ᠠᠮᠢᠲᠠᠨ᠂ ᠠᠮᠢᠲᠠᠨ ᠤ ᠠᠰᠢᠭ ᠰᠢᠮ᠎ᠡ ᠶᠢ ᠲᠡᠭᠡᠭᠡᠪᠦᠷᠢᠯᠡᠨ ᠤᠷᠤᠭᠤᠯᠬᠤ ᠦᠶ᠎ᠠ ᠳᠤ᠂ ᠪᠠᠷᠠᠭᠠᠨ ᠤ ᠡᠵᠡᠨ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ ᠲᠤᠭᠳᠠᠭᠠᠭᠰᠠᠨ ᠠᠮᠢᠲᠠᠨ ᠤ ᠬᠢᠵᠢᠭ ᠡᠪᠡᠳᠴᠢᠨ ᠦᠭᠡᠢ ᠤᠷᠤᠨ ᠤ ᠪᠠᠶᠢᠭ᠎ᠠ ᠭᠠᠵᠠᠷ ᠤᠨ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠳᠤ ᠬᠢᠵᠢᠭ ᠤᠨ ᠪᠠᠶᠢᠴᠠᠭᠠᠯᠲᠠ ᠬᠢᠯᠭᠡᠬᠦ ᠪᠠᠷ ᠮᠡᠳᠡᠭᠦᠯᠬᠦ ᠬᠡᠷᠡᠭᠲᠡᠢ᠂ ᠬᠢᠵᠢᠭ ᠤᠨ ᠪᠠᠶᠢᠴᠠᠭᠠᠯᠲᠠ ᠳᠤ ᠬᠢᠷᠢ ᠳᠡᠩᠴᠡᠪᠡᠯ ᠰᠠᠶ᠋ᠢ ᠤᠷᠤᠭᠤᠯᠵᠤ ᠪᠤᠯᠤᠨ᠎ᠠ︔ ᠬᠢᠵᠢᠭ ᠤᠨ ᠪᠠᠶᠢᠴᠠᠭᠠᠯᠲᠠ ᠳᠤ ᠬᠡᠷᠡᠭᠰᠡᠬᠦ ᠵᠠᠷᠤᠳᠡᠯ ᠢ ᠲᠤᠭᠳᠠᠭᠠᠭᠰᠠᠨ ᠠᠮᠢᠲᠠᠨ ᠤ ᠬᠢᠵᠢᠭ ᠡᠪᠡᠳᠴᠢᠨ ᠦᠭᠡᠢ ᠤᠷᠤᠨ ᠤ ᠪᠠᠶᠢᠭ᠎ᠠ ᠭᠠᠵᠠᠷ ᠤᠨ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ᠎ᠠ᠃      ᠳᠦᠴᠢᠨ ᠵᠢᠷᠭᠤᠳᠤᠭᠠᠷ ᠵᠦᠢᠯ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠯᠤᠰᠯᠠᠨ ᠰᠠᠭᠠᠯᠢ ᠶᠢᠨ ᠠᠮᠢᠲᠠᠨ᠂ ᠡᠭᠦᠯᠳᠡᠷ ᠤᠨ ᠠᠮᠢᠲᠠᠨ ᠵᠢᠴᠢ ᠲᠡᠭᠦᠨ ᠤ ᠦᠷ᠎ᠡ ᠶᠢᠨ ᠰᠢᠩᠭᠡᠨ᠂ ᠬᠦᠪᠦᠷᠡᠯ᠂ ᠦᠷ᠎ᠡ ᠶᠢᠨ ᠦᠨᠳᠡᠭᠡ ᠶᠢ ᠤᠷᠤᠭᠤᠯᠬᠤ ᠳᠤ᠂ ᠲᠡᠭᠡᠭᠡᠪᠦᠷᠢᠯᠡᠨ ᠤᠷᠤᠭᠤᠯᠬᠤ ᠭᠠᠵᠠᠷ ᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠳᠤ ᠬᠢᠨᠠᠨ ᠵᠦᠪᠰᠢᠶᠡᠷᠡᠭᠦᠯᠬᠦ ᠭᠠᠷ ᠭᠦᠢᠴᠡᠳᠬᠡᠯ ᠬᠢᠯᠭᠡᠬᠦ ᠪᠠᠷ ᠭᠤᠶᠤᠴᠢᠯᠠᠯ ᠭᠠᠷᠭᠠᠬᠤ ᠶᠢᠨ ᠬᠠᠮᠳᠤ ᠲᠤᠰ ᠬᠠᠤᠯᠢ ᠶᠢᠨ ᠳᠦᠴᠢᠨ ᠬᠤᠶᠠᠳᠤᠭᠠᠷ ᠵᠦᠢᠯ ᠤᠨ ᠳᠤᠭᠳᠠᠭᠠᠯ ᠶᠤᠰᠤᠭᠠᠷ ᠬᠢᠵᠢᠭ ᠤᠨ ᠪᠠᠶᠢᠴᠠᠭᠠᠯᠲᠠ ᠬᠢᠭᠰᠡᠨ ᠬᠡᠷᠡᠴᠢᠯᠡᠯ ᠣᠯᠬᠤ ᠬᠡᠷᠡᠭᠲᠡᠢ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠯᠤᠰᠯᠠᠨ ᠤᠷᠤᠭᠤᠯᠤᠭᠰᠠᠨ ᠰᠠᠭᠠᠯᠢ ᠶᠢᠨ ᠠᠮᠢᠲᠠᠨ᠂ ᠡᠭᠦᠯᠳᠡᠷ ᠤᠨ ᠠᠮᠢᠲᠠᠨ ᠢ ᠲᠡᠭᠡᠭᠡᠪᠦᠷᠢᠯᠡᠨ ᠤᠷᠤᠭᠤᠯᠬᠤ ᠭᠠᠵᠠᠷ ᠲᠤ ᠬᠦᠷᠭᠡᠭᠰᠡᠨ ᠤ ᠳᠠᠷᠠᠭ᠎ᠠ᠂ ᠪᠠᠷᠠᠭᠠᠨ ᠤ ᠡᠵᠡᠨ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ᠂ ᠤᠷᠤᠭᠤᠯᠵᠤ ᠠᠪᠴᠢᠷᠠᠭᠰᠠᠨ ᠰᠠᠭᠠᠯᠢ ᠶᠢᠨ ᠠᠮᠢᠲᠠᠨ᠂ ᠡᠭᠦᠯᠳᠡᠷ ᠤᠨ ᠠᠮᠢᠲᠠᠨ ᠢ ᠲᠤᠰᠠᠭᠠᠷᠯᠠᠨ ᠠᠵᠢᠭᠯᠠᠵᠤ ᠪᠠᠶᠢᠴᠠᠭᠠᠬᠤ ᠬᠡᠷᠡᠭᠲᠡᠢ᠃      ᠳᠦᠴᠢᠨ ᠳᠣᠯᠤᠳᠤᠭᠠᠷ ᠵᠦᠢᠯ ᠠᠩᠨᠠᠵᠤ ᠪᠠᠷᠢᠭᠰᠠᠨ ᠠᠮᠢᠲᠠᠨ ᠤ ᠬᠢᠵᠢᠭ ᠡᠪᠡᠳᠴᠢᠨ ᠢ ᠲᠠᠷᠬᠠᠭᠠᠵᠤ ᠮᠡᠳᠡᠬᠦ ᠬᠡᠭᠡᠷ᠎ᠡ ᠶᠢᠨ ᠠᠮᠢᠲᠠᠨ ᠢ ᠪᠣᠯ ᠠᠩᠨᠠᠵᠤ ᠪᠠᠷᠢᠭᠰᠠᠨ ᠭᠠᠵᠠᠷ ᠤᠨ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠳᠤ ᠮᠡᠳᠡᠭᠦᠯᠦᠨ ᠬᠢᠵᠢᠭ ᠤᠨ ᠪᠠᠶᠢᠴᠠᠭᠠᠯᠲᠠ ᠬᠢᠯᠭᠡᠬᠦ ᠬᠡᠷᠡᠭᠲᠡᠢ᠂ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠪᠡᠯ ᠰᠠᠶ᠋ᠢ ᠲᠡᠵᠢᠭᠡᠵᠦ᠂ ᠡᠵᠡᠩᠨᠡᠵᠤ᠂ ᠲᠡᠭᠡᠭᠡᠪᠦᠷᠢᠯᠡᠵᠦ ᠪᠣᠯᠤᠨ᠎ᠠ᠃      ᠳᠦᠴᠢᠨ ᠨᠠᠢᠮᠠᠳᠤᠭᠠᠷ ᠵᠦᠢᠯ ᠪᠠᠷᠠᠭᠠᠠ ᠤ ᠡᠵᠡᠨ ᠨᠢ ᠬᠢᠵᠢᠭ ᠤᠨ ᠪᠠᠶᠢᠴᠠᠭᠠᠯᠲᠠ ᠳᠤ ᠬᠢᠷᠢ ᠳᠡᠩᠴᠡᠭᠰᠡᠨ ᠦᠭᠡᠢ ᠠᠮᠢᠲᠠᠨ᠂ ᠠᠮᠢᠲᠠᠨ ᠤ ᠠᠰᠢᠭ ᠰᠢᠮ᠎ᠡ ᠶᠢ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠬᠢᠨᠠᠯᠲᠠ ᠳᠤᠤᠷ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ ᠰᠢᠢᠳᠪᠦᠷᠢᠯᠡᠬᠦ ᠬᠡᠷᠡᠭᠲᠡᠢ᠂ ᠰᠢᠢᠳᠪᠦᠷᠢᠯᠡᠬᠦ ᠵᠠᠷᠤᠳᠡᠯ ᠢ ᠪᠠᠷᠠᠭᠠᠨ ᠤ ᠡᠵᠡᠨ ᠡᠭᠦᠷᠭᠡᠯᠡᠨ᠎ᠡ᠃      ᠳᠦᠴᠢ ᠶᠢᠰᠦᠳᠦᠭᠡᠷ ᠵᠦᠢᠯ ᠬᠠᠤᠯᠢ ᠶᠤᠰᠤᠭᠠᠷ ᠬᠢᠵᠢᠭ ᠤᠨ ᠪᠠᠶᠢᠴᠠᠭᠠᠯᠲᠠ ᠬᠢᠬᠦ ᠳᠤ ᠰᠦᠢᠳᠬᠡᠯ ᠬᠤᠷᠢᠶᠠᠬᠤ ᠴᠢᠬᠤᠯᠠᠲᠠᠢ ᠪᠠᠶᠢᠪᠠᠯ᠂ ᠲᠡᠭᠦᠨ ᠤ ᠵᠦᠢᠯᠡᠰ ᠪᠠ ᠪᠠᠷᠢᠮᠵᠢᠶ᠎ᠡ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ᠂ ᠪᠠᠷᠠᠭᠠᠨ ᠤ ᠦᠨ᠎ᠡ ᠶᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃     ᠵᠢᠷᠭᠤᠳᠤᠭᠠᠷ ᠪᠦᠯᠦᠭ ᠠᠮᠢᠲᠠᠨ ᠢ ᠤᠨᠤᠰᠢᠯᠠᠨ ᠡᠮᠨᠡᠯᠭᠡ      ᠲᠠᠪᠢᠳᠤᠭᠠᠷ ᠵᠦᠢᠯ ᠠᠮᠢᠲᠠᠨ ᠢ ᠤᠨᠤᠰᠢᠯᠠᠨ ᠡᠮᠨᠡᠬᠦ ᠠᠵᠢᠯᠯᠠᠭ᠎ᠠ ᠡᠷᠬᠢᠯᠡᠬᠦ ᠪᠠᠶᠢᠭᠤᠯᠤᠮᠵᠢ ᠳᠤᠤᠷ᠎ᠠ ᠵᠢᠭᠰᠠᠭᠠᠭᠰᠠᠨ ᠨᠦᠭᠦᠴᠡᠯ ᠢ ᠪᠦᠷᠢᠳᠦᠭᠦᠯᠬᠦ ᠬᠡᠷᠡᠭᠲᠡᠢ᠄     ︵ᠨᠢᠭᠡ︶ ᠠᠮᠢᠲᠠᠨ ᠢ ᠤᠨᠤᠰᠢᠯᠠᠨ ᠡᠮᠨᠡᠬᠦ ᠠᠵᠢᠯᠯᠠᠭ᠎ᠠ ᠲᠠᠢ ᠳᠤᠬᠢᠷᠠᠯᠴᠠᠭᠰᠠᠨ ᠪᠦᠭᠡᠳ ᠠᠮᠢᠲᠠᠨ ᠤ ᠬᠢᠵᠢᠭ ᠢ ᠰᠡᠷᠬᠡᠶᠢᠯᠡᠬᠦ ᠨᠦᠭᠦᠴᠡᠯ ᠳᠤ ᠨᠡᠶᠢᠴᠡᠭᠰᠡᠨ ᠲᠠᠯᠠᠪᠤᠷ ᠭᠠᠵᠠᠷ ᠲᠠᠢ ᠪᠠᠶᠢᠬᠤ︔      ︵ᠬᠤᠶᠠᠷ︶ ᠠᠮᠢᠲᠠᠨ ᠢ ᠤᠨᠤᠰᠢᠯᠠᠨ ᠡᠮᠨᠡᠬᠦ ᠠᠵᠢᠯᠯᠠᠭ᠎ᠠ ᠲᠠᠢ ᠳᠤᠬᠢᠷᠠᠯᠴᠠᠭᠰᠠᠨ ᠠᠵᠢᠯ ᠡᠷᠬᠢᠯᠡᠬᠦ ᠮᠠᠯ ᠤᠨ ᠡᠮᠴᠢ ᠲᠠᠢ ᠪᠠᠶᠢᠬᠤ︔     ︵ᠭᠤᠷᠪᠠ︶ ᠠᠮᠢᠲᠠᠨ ᠢ ᠤᠨᠤᠰᠢᠯᠠᠨ ᠡᠮᠨᠡᠬᠦ ᠠᠵᠢᠯᠯᠠᠭ᠎ᠠ ᠲᠠᠢ ᠳᠤᠬᠢᠷᠠᠯᠴᠠᠭᠰᠠᠨ ᠮᠠᠯ ᠡᠮᠨᠡᠯᠭᠡ ᠶᠢᠨ ᠪᠠᠭᠠᠵᠢ ᠬᠡᠷᠡᠭᠰᠡᠯ ᠪᠠ ᠲᠣᠨᠤᠭ ᠲᠦᠭᠦᠭᠡᠷᠦᠮᠵᠢ ᠲᠠᠢ ᠪᠠᠶᠢᠬᠤ︔      ︵ᠳᠦᠷᠪᠡ︶ ᠪᠦᠷᠢᠨ ᠳᠦᠭᠦᠷ ᠬᠠᠮᠢᠶᠠᠷᠤᠯᠲᠠ ᠶᠢᠨ ᠳᠦᠷᠢᠮ ᠲᠠᠢ ᠪᠠᠶᠢᠬᠤ᠃      ᠲᠠᠪᠢᠨ ᠨᠢᠭᠡᠳᠦᠭᠡᠷ ᠵᠦᠢᠯ ᠠᠮᠢᠲᠠᠨ ᠢ ᠤᠨᠤᠰᠢᠯᠠᠨ ᠡᠮᠨᠡᠬᠦ ᠠᠵᠢᠯᠯᠠᠭ᠎ᠠ ᠶᠢ ᠡᠷᠬᠢᠯᠡᠬᠦ ᠪᠠᠶᠢᠭᠤᠯᠤᠮᠵᠢ ᠪᠠᠶᠢᠭᠤᠯᠬᠤ ᠳᠤ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠠᠮᠢᠲᠠᠨ ᠢ ᠤᠨᠤᠰᠢᠯᠠᠨ ᠡᠮᠨᠡᠬᠦ ᠵᠦᠪᠰᠢᠶᠠᠷᠠᠯ ᠤᠨ ᠦᠨᠡᠮᠯᠡᠯ ᠭᠤᠶᠤᠴᠢᠯᠠᠬᠤ ᠬᠡᠷᠡᠭᠲᠡᠢ᠂ ᠭᠤᠶᠤᠴᠢᠯᠠᠯ ᠢ ᠰᠢᠢᠳᠪᠤᠷᠢᠯᠡᠬᠦ ᠪᠠᠷ ᠬᠦᠯᠢᠶᠡᠨ ᠠᠪᠤᠭᠰᠠᠨ ᠮᠠᠯ ᠡᠮᠨᠡᠯᠭᠡ ᠶᠢᠨ ᠡᠷᠬᠢᠯᠠᠨ ᠬᠠᠮᠢᠶᠠᠷᠬᠤ ᠰᠠᠯᠠᠭ᠎ᠠ ᠮᠦᠴᠢᠷ ᠲᠤᠰ ᠬᠠᠤᠯᠢ ᠪᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠦᠪᠰᠢᠶᠠᠷᠠᠯ ᠤᠨ ᠬᠠᠤᠯᠢ︾ ᠶᠢᠨ ᠲᠤᠭᠳᠠᠭᠠᠯ ᠶᠤᠰᠤᠭᠠᠷ ᠬᠢᠨᠠᠨ ᠪᠠᠶᠢᠴᠠᠭᠠᠬᠤ ᠬᠡᠷᠡᠭᠲᠡᠢ ᠬᠢᠨᠠᠨ ᠪᠠᠶᠢᠴᠠᠭᠠᠭᠠᠳ ᠬᠢᠷᠢ ᠳᠡᠩᠴᠡᠪᠠᠯ᠂ ᠠᠮᠢᠲᠠᠨ ᠢ ᠤᠨᠤᠰᠢᠯᠠᠨ ᠡᠮᠨᠡᠬᠦ ᠵᠦᠪᠰᠢᠶᠡᠷᠡᠯ ᠤᠨ ᠦᠨᠡᠮᠯᠡᠯ ᠤᠯᠭᠤᠨ᠎ᠠ︔ ᠬᠢᠷᠢ ᠳᠡᠩᠴᠡᠭᠰᠡᠨ ᠦᠭᠡᠢ ᠪᠠᠶᠢᠪᠠᠯ ᠭᠤᠶᠤᠴᠢᠯᠠᠭᠴᠢ ᠳᠤ ᠮᠡᠳᠡᠭᠳᠡᠬᠦ ᠶᠢᠨ ᠬᠠᠮᠳᠤ ᠤᠴᠢᠷ ᠰᠢᠯᠳᠠᠭᠠᠨ ᠢᠶᠠᠨ ᠳᠤᠳᠤᠷᠬᠠᠶᠢᠯᠠᠬᠤ ᠬᠡᠷᠡᠭᠲᠡᠢ ᠭᠤᠶᠤᠴᠢᠯᠠᠭᠴᠢ ᠨᠢ ᠠᠮᠢᠲᠠᠨ ᠢ ᠤᠨᠤᠰᠢᠯᠠᠨ ᠡᠮᠨᠡᠬᠦ ᠵᠦᠪᠰᠢᠶᠡᠷᠡᠯ ᠤᠨ ᠦᠨᠡᠮᠯᠡᠯ ᠢᠶᠠᠷ ᠢᠶᠠᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠪᠦᠷᠢᠳᠬᠡᠭᠦᠯᠦᠨ ᠳᠠᠩᠰᠠᠯᠠᠭᠤᠯᠬᠤ ᠭᠠᠷ ᠭᠦᠢᠴᠡᠳᠬᠡᠯ ᠬᠢᠯᠭᠡᠬᠦ ᠪᠠᠷ ᠭᠤᠶᠤᠴᠢᠯᠠᠯ ᠭᠠᠷᠭᠠᠨ᠎ᠠ᠂ ᠡᠵᠡᠩᠨᠡᠯᠲᠠ ᠶᠢᠨ ᠦᠨᠡᠮᠯᠡᠯ ᠤᠯᠤᠭᠰᠠᠨ ᠤ ᠳᠠᠷᠠᠭ᠎ᠠ ᠰᠠᠶ᠋ᠢ ᠠᠮᠢᠲᠠᠨ ᠢ ᠤᠨᠤᠰᠢᠯᠠᠨ ᠡᠮᠨᠡᠬᠦ ᠠᠵᠢᠯᠯᠠᠭ᠎ᠠ ᠡᠷᠬᠢᠯᠡᠵᠦ ᠪᠤᠯᠤᠨ᠎ᠠ᠃      ᠲᠠᠪᠢᠨ ᠬᠤᠶᠠᠳᠤᠭᠠᠷ ᠵᠦᠢᠯ ᠠᠮᠢᠲᠠᠨ ᠢ ᠤᠨᠤᠰᠢᠯᠠᠨ ᠡᠮᠨᠡᠬᠦ ᠵᠦᠪᠰᠢᠶᠡᠷᠡᠯ ᠤᠨ ᠦᠨᠡᠮᠯᠡᠯ ᠳᠤ ᠤᠨᠤᠰᠢᠯᠠᠨ ᠡᠮᠨᠡᠬᠦ ᠪᠠᠶᠢᠭᠤᠯᠤᠮᠵᠢ ᠶᠢᠨ ᠨᠡᠷᠡᠶᠢᠳᠦᠯ᠂ ᠤᠨᠤᠰᠢᠯᠠᠨ ᠡᠮᠨᠡᠬᠦ ᠠᠵᠢᠯᠯᠠᠭ᠎ᠠ ᠶᠢᠨ ᠬᠦᠷᠢᠶ᠎ᠡ ᠬᠡᠪᠴᠢᠶ᠎ᠡ᠂ ᠠᠵᠢᠯ ᠡᠷᠬᠢᠯᠡᠬᠦ ᠭᠠᠵᠠᠷ ᠪᠠ ᠬᠠᠤᠯᠢ ᠪᠠᠷ ᠲᠣᠭᠲᠠᠭᠠᠭᠰᠠᠨ ᠲᠦᠯᠦᠭᠡᠯᠡᠭᠴᠢ ︵ᠬᠠᠷᠢᠭᠤᠴᠠᠯᠭᠠᠳᠠᠨ︶ ᠵᠡᠷᠭᠡ ᠵᠦᠢᠯᠡᠰ ᠢ ᠲᠤᠳᠤᠷᠬᠠᠢ ᠲᠡᠮᠲᠡᠭᠯᠡᠭᠰᠡᠨ ᠪᠠᠶᠢᠬᠤ ᠬᠡᠷᠡᠭᠲᠡᠢ᠂ ᠠᠮᠢᠲᠠᠨ ᠢ ᠤᠨᠤᠰᠢᠯᠠᠨ ᠡᠮᠨᠡᠬᠦ ᠵᠦᠪᠰᠢᠶᠠᠷᠠᠯ ᠤᠨ ᠦᠨᠡᠮᠯᠡᠯ ᠳᠤ ᠲᠣᠳᠤᠷᠬᠠᠶᠢᠯᠠᠨ ᠲᠡᠮᠲᠡᠭᠯᠡᠭᠰᠡᠨ ᠵᠦᠢᠯᠡᠰ ᠢᠶᠠᠨ ᠬᠤᠪᠢᠷᠠᠭᠤᠯᠤᠭᠰᠠᠨ ᠪᠠᠶᠢᠪᠠᠯ᠂ ᠠᠮᠢᠲᠠᠨ ᠢ ᠤᠨᠤᠰᠢᠯᠠᠨ ᠡᠮᠨᠡᠬᠦ ᠵᠦᠪᠰᠢᠶᠠᠷᠠᠯ ᠤᠨ ᠦᠨᠡᠮᠯᠡᠯ ᠢ ᠬᠤᠪᠢᠷᠠᠭᠤᠯᠬᠤ ᠪᠤᠶᠤ ᠰᠤᠯᠢᠬᠤ ᠪᠠᠷ ᠭᠤᠶᠤᠴᠢᠯᠠᠬᠤ ᠶᠢᠨ ᠬᠠᠮᠳᠦ ᠬᠠᠤᠯᠢ ᠶᠤᠰᠤᠭᠠᠷ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠪᠠᠨ ᠬᠤᠪᠢᠷᠠᠭᠤᠯᠬᠤ ᠭᠠᠷ ᠭᠦᠢᠴᠡᠳᠬᠡᠯ ᠬᠢᠯᠭᠡᠬᠦ ᠬᠡᠷᠡᠭᠲᠡᠢ᠃      ᠲᠠᠪᠢᠨ ᠭᠤᠷᠪᠠᠳᠤᠭᠠᠷ ᠵᠦᠢᠯ ᠠᠮᠢᠲᠠᠨ ᠢ ᠤᠨᠤᠰᠢᠯᠠᠨ ᠡᠮᠨᠡᠬᠦ ᠪᠠᠶᠢᠭᠤᠯᠤᠮᠵᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠳᠤᠭᠳᠠᠭᠠᠯ ᠶᠤᠰᠤᠭᠠᠷ ᠤᠨᠤᠰᠢᠯᠠᠨ ᠡᠮᠨᠡᠬᠦ ᠠᠵᠢᠯᠯᠠᠭᠠᠨ ᠤ ᠳᠤᠮᠳᠠᠬᠢ ᠡᠷᠡᠭᠦᠯ ᠬᠠᠮᠠᠭᠠᠯᠠᠯ ᠠᠮᠤᠷ ᠲᠦᠪᠰᠢᠨ ᠤ ᠰᠡᠷᠬᠡᠶᠢᠯᠡᠨ ᠬᠠᠮᠠᠭᠠᠯᠠᠬᠤ᠂ ᠠᠷᠢᠭᠤᠳᠬᠠᠬᠤ᠂ ᠲᠤᠰᠠᠭᠠᠷᠯᠠᠬᠤ ᠪᠠ ᠡᠮᠴᠢᠯᠡᠭᠡᠨ ᠤ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠵᠡᠷᠭᠡ ᠠᠵᠢᠯ ᠢ ᠰᠠᠶᠢᠳᠤᠷ ᠬᠢᠬᠦ ᠬᠡᠷᠡᠭᠲᠡᠢ᠃      ᠲᠠᠪᠢᠨ ᠳᠦᠷᠪᠡᠳᠦᠭᠡᠷ ᠵᠦᠢᠯ ᠤᠯᠤᠰ ᠠᠴᠠ ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠳᠦᠷᠢᠮ ᠢ ᠬᠡᠷᠡᠭᠵᠢᠬᠦᠯᠦᠨ᠎ᠠ᠂ ᠮᠠᠯ ᠡᠮᠨᠡᠯᠭᠡ ᠶᠢᠨ ᠬᠤᠯᠪᠤᠭᠳᠡᠯ ᠪᠦᠬᠦᠢ ᠲᠤᠰᠬᠠᠢ ᠮᠡᠷᠬᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠮᠠᠷᠬᠡᠵᠢᠯ ᠠᠴᠠ ᠳᠡᠭᠡᠭᠰᠢ ᠰᠤᠷᠤᠯᠭ᠎ᠠ ᠶᠢᠨ ᠨᠠᠮᠳᠠᠷ ᠲᠠᠢ ᠪᠠᠶᠢᠪᠠᠯ᠂ ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠳᠤ ᠤᠷᠤᠯᠴᠠᠬᠤ ᠪᠠᠷ ᠭᠤᠶᠤᠴᠢᠯᠠᠵᠤ ᠪᠤᠯᠤᠨ᠎ᠠ︔ ᠰᠢᠯᠭᠠᠯᠲᠠ ᠳᠤ ᠬᠢᠷᠢ ᠳᠡᠩᠴᠡᠭᠰᠡᠨ ᠪᠠᠶᠢᠪᠠᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠠᠯ ᠡᠮᠨᠡᠯᠭᠡ ᠶᠢᠨ ᠡᠷᠬᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠦᠨᠡᠮᠯᠡᠯ ᠤᠯᠭᠤᠨ᠎ᠠ︔ ᠠᠮᠢᠲᠠᠨ ᠢ ᠤᠨᠤᠰᠢᠯᠠᠨ ᠡᠮᠨᠡᠬᠦ ᠠᠵᠢᠯ ᠡᠷᠬᠢᠯᠡᠬᠦ ᠳᠤ ᠪᠠᠰᠠ ᠲᠤᠬᠠᠢ ᠶᠢᠨ ᠭᠠᠵᠠᠷ ᠤᠨ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠳᠠᠩᠰᠠᠯᠠᠭᠤᠯᠬᠤ ᠪᠠᠷ ᠭᠤᠶᠤᠴᠢᠯᠠᠬᠤ ᠬᠡᠷᠡᠭᠲᠡᠢ᠂ ᠠᠵᠢᠯ ᠡᠷᠬᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠪᠠ ᠳᠠᠩᠰᠠᠯᠠᠭᠤᠯᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠵᠢᠯᠲᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠵᠦᠪᠳᠡᠯᠴᠡᠨ ᠳᠤᠭᠳᠠᠭᠠᠨ᠎ᠠ᠂ ᠲᠤᠰ ᠬᠠᠤᠯᠢ ᠳᠤ ᠬᠡᠯᠡᠵᠦ ᠪᠠᠶᠢᠭ᠎ᠠ ᠠᠵᠢᠯ ᠡᠷᠬᠢᠯᠡᠬᠦ ᠮᠠᠯ ᠤᠨ ᠡᠮᠴᠢ ᠭᠡᠳᠡᠭ ᠨᠢ ᠠᠮᠢᠲᠠᠨ ᠢ ᠤᠨᠤᠰᠢᠯᠠᠨ ᠡᠮᠨᠡᠬᠦ ᠪᠠ ᠠᠮᠢᠲᠠᠨ ᠢ ᠡᠷᠡᠭᠦᠯᠵᠢᠭᠦᠯᠬᠦ ᠵᠡᠷᠭᠡ ᠡᠵᠡᠩᠨᠡᠯᠲᠡ ᠶᠢᠨ ᠠᠵᠢᠯᠯᠠᠭ᠎ᠠ ᠡᠷᠬᠢᠯᠡᠳᠡᠭ ᠮᠠᠯ ᠤᠨ ᠡᠮᠴᠢ ᠶᠢ ᠵᠢᠭᠠᠵᠤ ᠪᠠᠶᠢᠨ᠎ᠠ᠃      ᠲᠠᠪᠢᠨ ᠲᠠᠪᠤᠳᠤᠭᠠᠷ ᠵᠦᠢᠯ ᠳᠠᠩᠰᠠᠯᠠᠭᠤᠯᠤᠭᠰᠠᠨ ᠠᠵᠢᠯ ᠡᠷᠬᠢᠯᠡᠬᠦ ᠮᠠᠯ ᠤᠨ ᠡᠮᠴᠢ ᠰᠠᠶ᠋ᠢ ᠠᠮᠢᠲᠠᠨ ᠢ ᠤᠨᠤᠰᠢᠯᠠᠨ ᠡᠮᠨᠡᠬᠦ᠂ ᠮᠠᠯ ᠤᠨ ᠡᠮ ᠤᠨ ᠵᠤᠷ ᠪᠢᠴᠢᠬᠦ ᠵᠡᠷᠭᠡ ᠠᠵᠢᠯᠯᠠᠭ᠎ᠠ ᠶᠢ ᠡᠷᠬᠢᠯᠡᠵᠦ ᠪᠤᠯᠤᠨ᠎ᠠ᠂ ᠭᠡᠪᠡᠴᠦ ᠲᠤᠰ ᠬᠠᠤᠯᠢ ᠶᠢᠨ ᠲᠠᠪᠢᠨ ᠳᠤᠯᠤᠳᠤᠭᠠᠷ ᠵᠦᠢᠯ ᠳᠤ ᠬᠦᠳᠡᠭᠡ ᠲᠤᠰᠬᠤᠨ ᠤ ᠮᠠᠯ ᠡᠮᠨᠡᠯᠭᠡ ᠶᠢᠨ ᠦᠢᠯᠡᠴᠢᠯᠡᠭᠡᠨ ᠤ ᠬᠦᠮᠦᠰ ᠤᠨ ᠲᠤᠬᠠᠢ ᠠᠰᠲᠠᠭᠠᠨ ᠲᠤᠭᠳᠠᠭᠠᠯ ᠲᠠᠢ ᠪᠠᠶᠢᠪᠠᠯ ᠲᠡᠷᠡ ᠲᠤᠭᠳᠠᠭᠠᠯ ᠢ ᠵᠢᠷᠤᠮᠯᠠᠨ᠎ᠠ᠂ ᠠᠵᠢᠯ ᠡᠷᠬᠢᠯᠡᠬᠦ ᠮᠠᠯ ᠤᠨ ᠡᠮᠴᠢ᠂ ᠬᠦᠳᠡᠭᠡ ᠲᠤᠰᠬᠤᠨ ᠤ ᠮᠠᠯ ᠡᠮᠨᠡᠯᠭᠡ ᠶᠢᠨ ᠦᠢᠯᠡᠴᠢᠯᠡᠭᠡᠨ ᠤ ᠠᠵᠢᠯᠳᠡᠨ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠪᠤᠶᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠱᠠᠭᠠᠷᠳᠠᠯᠭ᠎ᠠ ᠶᠤᠰᠤᠭᠠᠷ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠬᠡᠶᠢᠯᠡᠬᠦ᠂ ᠬᠢᠵᠠᠭᠠᠷᠯᠠᠬᠤ ᠪᠠ ᠠᠷᠢᠯᠭᠠᠬᠤ ᠠᠵᠢᠯᠯᠠᠭ᠎ᠠ ᠳᠤ ᠤᠷᠤᠯᠴᠠᠬᠤ ᠬᠡᠷᠡᠭᠲᠡᠢ᠃      ᠲᠠᠪᠢᠨ ᠵᠢᠷᠭᠤᠳᠤᠭᠠᠷ ᠵᠦᠢᠯ ᠠᠮᠢᠲᠠᠨ ᠢ ᠤᠨᠤᠰᠢᠯᠠᠨ ᠡᠮᠨᠡᠬᠦ ᠠᠵᠢᠯᠯᠠᠭ᠎ᠠ ᠡᠷᠬᠢᠯᠡᠬᠦ ᠳᠤ ᠠᠮᠢᠲᠠᠠ ᠢ ᠤᠨᠤᠰᠢᠯᠠᠨ ᠡᠮᠨᠡᠬᠦ ᠳᠤ ᠬᠤᠯᠪᠤᠭᠳᠠᠬᠤ ᠠᠵᠢᠯᠯᠠᠬᠤ ᠮᠡᠷᠭᠡᠵᠢᠯ ᠤᠨ ᠵᠢᠷᠤᠮᠵᠢᠯ ᠢ ᠵᠢᠷᠤᠮᠯᠠᠵᠤ᠂ ᠤᠯᠤᠰ ᠤᠨ ᠲᠤᠭᠳᠠᠭᠠᠯ ᠳᠤ ᠨᠡᠶᠢᠴᠡᠭᠰᠡᠨ ᠮᠠᠯ ᠤᠨ ᠡᠮ ᠪᠠ ᠮᠠᠯ ᠡᠮᠨᠡᠯᠭᠡ ᠶᠢᠨ ᠪᠠᠭᠠᠵᠢ ᠬᠡᠷᠡᠭᠰᠡᠯ ᠢ ᠬᠡᠷᠡᠭᠯᠡᠬᠦ ᠬᠡᠷᠡᠭᠲᠡᠢ᠃      ᠲᠠᠪᠢᠨ ᠳᠤᠯᠤᠳᠤᠭᠠᠷ ᠵᠦᠢᠯ ᠬᠦᠳᠡᠭᠡ ᠲᠤᠰᠬᠤᠨ ᠤ ᠮᠠᠯ ᠡᠮᠨᠡᠯᠭᠡ ᠶᠢᠨ ᠦᠢᠯᠡᠴᠢᠯᠡᠭᠡᠨ ᠤ ᠠᠵᠢᠯᠳᠠᠨ ᠬᠦᠳᠡᠭᠡ ᠲᠤᠰᠬᠤᠨ ᠳᠤ ᠠᠮᠢᠲᠠᠨ ᠢ ᠤᠨᠤᠰᠢᠯᠠᠨ ᠡᠮᠨᠡᠬᠦ ᠦᠢᠯᠡᠴᠢᠯᠡᠬᠡᠨ ᠤ ᠠᠵᠢᠯᠯᠠᠭ᠎ᠠ ᠶᠢ ᠡᠷᠬᠢᠯᠡᠵᠦ ᠪᠤᠯᠤᠨ᠎ᠠ᠂ ᠪᠤᠳᠠᠳᠠᠢ ᠬᠠᠮᠢᠶᠠᠷᠤᠯᠲᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠳᠤᠭᠳᠠᠭᠠᠨ᠎ᠠ᠃      ᠳᠤᠯᠤᠳᠤᠭᠠᠷ ᠪᠦᠯᠦᠭ ᠬᠢᠨᠠᠵᠦ ᠬᠠᠮᠢᠶᠠᠷᠬᠤ      ᠲᠠᠪᠢᠨ ᠨᠠᠢᠮᠠᠳᠤᠭᠠᠷ ᠵᠦᠢᠯ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠲᠤᠰ ᠬᠠᠤᠯᠢ ᠶᠢᠨ ᠲᠣᠭᠲᠠᠭᠠᠯ ᠶᠤᠰᠤᠭᠠᠷ᠂ ᠠᠮᠢᠲᠠᠨ ᠢ ᠳᠡᠵᠢᠭᠡᠬᠦ᠂ ᠨᠢᠳᠤᠯᠬᠤ᠂ ᠡᠵᠡᠩᠨᠡᠬᠦ᠂ ᠲᠤᠰᠠᠭᠠᠷᠯᠠᠬᠤ᠂ ᠲᠡᠭᠡᠭᠡᠪᠦᠷᠢᠯᠡᠬᠦ ᠪᠠ ᠠᠮᠢᠲᠠᠨ ᠤ ᠠᠰᠢᠭ ᠰᠢᠮ᠎ᠡ ᠶᠢ ᠦᠢᠯᠡᠳᠪᠦᠷᠢᠯᠡᠬᠦ᠂ ᠡᠵᠡᠩᠨᠡᠬᠦ᠂ ᠪᠤᠯᠪᠠᠰᠤᠷᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ ᠵᠡᠷᠭᠡ ᠠᠵᠢᠯᠯᠠᠭ᠎ᠠ ᠶᠢᠨ ᠳᠤᠮᠳᠠᠬᠢ ᠠᠮᠢᠲᠠᠨ ᠤ ᠬᠢᠵᠢᠭ ᠢ ᠰᠡᠷᠬᠡᠶᠢᠯᠡᠬᠦ ᠠᠵᠢᠯ ᠢ ᠬᠢᠨᠡᠵᠤ ᠬᠠᠮᠢᠶᠠᠷᠤᠨ᠎ᠠ᠃      ᠲᠠᠪᠢ ᠶᠢᠰᠦᠳᠦᠭᠡᠷ ᠵᠦᠢᠯ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠬᠢᠨᠡᠨ ᠪᠠᠶᠢᠴᠠᠭᠠᠬᠤ ᠡᠭᠦᠷᠭᠡ ᠬᠦᠢᠴᠡᠳᠬᠡᠬᠦ ᠳᠡᠭᠡᠨ ᠳᠤᠤᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠨᠦᠭᠦᠳ ᠢ ᠠᠪᠴᠤ ᠪᠤᠯᠤᠨ᠎ᠠ᠂ ᠬᠤᠯᠪᠤᠭᠳᠠᠯ ᠪᠦᠬᠦᠢ ᠨᠢᠭᠡᠴᠢ ᠪᠠ ᠬᠤᠪᠢ ᠬᠦᠮᠦᠨ ᠡᠬᠦᠨ ᠢ ᠳᠡᠪᠴᠢᠬᠦ ᠪᠤᠶᠤ ᠬᠠᠷᠰᠢᠯᠠᠵᠤ ᠪᠤᠯᠬᠤ ᠦᠭᠡᠢ᠄      ︵ᠨᠢᠭᠡ︶ ᠠᠮᠢᠲᠠᠨ᠂ ᠠᠮᠢᠲᠠᠨ ᠤ ᠠᠰᠢᠭ ᠰᠢᠮ᠎ᠡ ᠠᠴᠠ ᠲᠤᠭᠲᠠᠭᠠᠯ ᠶᠤᠰᠤᠭᠠᠷ ᠦᠯᠢᠭᠡᠷ ᠠᠪᠬᠤ᠂ ᠦᠯᠡᠳᠡᠭᠡᠨ ᠰᠢᠯᠭᠠᠬᠤ᠂ ᠰᠤᠭᠤᠯᠤᠨ ᠪᠠᠶᠢᠴᠠᠭᠠᠬᠤ︔      ︵ᠬᠤᠶᠠᠷ︶ ᠬᠢᠵᠢᠭ ᠬᠠᠯᠳᠠᠪᠤᠷᠢᠯᠠᠭᠰᠠᠨ ᠪᠤᠶᠤ ᠬᠢᠵᠢᠭ ᠬᠠᠯᠳᠠᠪᠤᠷᠢᠯᠠᠭᠰᠠᠨ ᠰᠡᠵᠢᠭᠯᠡᠯ ᠲᠠᠢ ᠠᠮᠢᠲᠠᠨ᠂ ᠠᠮᠢᠲᠠᠨ ᠤ ᠠᠰᠢᠭ ᠰᠢᠮ᠎ᠡ ᠪᠠ ᠲᠡᠭᠦᠨ ᠳᠤ ᠬᠤᠯᠪᠤᠭᠳᠠᠬᠤ ᠡᠳ᠋ ᠪᠤᠳᠠᠰ ᠢ ᠲᠤᠰᠠᠭᠠᠷᠯᠠᠬᠤ᠂ ᠪᠠᠶᠢᠴᠠᠭᠠᠨ ᠪᠢᠳᠡᠭᠦᠮᠵᠢᠯᠡᠬᠦ᠂ ᠳᠠᠷᠤᠵᠤ ᠠᠪᠬᠤ ᠪᠠ ᠰᠢᠢᠳᠪᠦᠷᠢᠯᠡᠬᠦ︔      ︵ᠭᠤᠷᠪᠠ︶ ᠬᠠᠤᠯᠢ ᠶᠤᠰᠤᠭᠠᠷ ᠬᠢᠵᠢᠭ ᠤᠨ ᠪᠠᠶᠢᠴᠠᠭᠠᠯᠲᠠ ᠬᠢᠯᠬᠡᠬᠦ ᠬᠡᠷᠡᠭᠲᠡᠢ ᠪᠠᠶᠢᠳᠠᠯ᠎ᠠ ᠬᠢᠵᠢᠭ ᠤᠨ ᠪᠠᠶᠢᠴᠠᠭᠠᠯᠲᠠ ᠬᠢᠯᠭᠡᠭᠰᠡᠨ ᠦᠭᠡᠢ ᠠᠮᠢᠲᠠᠨ ᠳᠤ ᠪᠠᠶᠢᠴᠠᠭᠠᠯᠳᠠ ᠶᠢ ᠨᠦᠬᠦᠵᠦ ᠬᠢᠬᠦ︔      ︵ᠳᠦᠷᠪᠡ︶ ᠬᠠᠤᠯᠢ ᠶᠤᠰᠤᠭᠠᠷ ᠬᠢᠵᠢᠭ ᠤᠨ ᠪᠠᠶᠢᠴᠠᠭᠠᠯᠲᠠ ᠬᠢᠯᠬᠡᠬᠦ ᠬᠡᠷᠡᠭᠲᠡᠢ ᠪᠠᠶᠢᠳᠠᠯ᠎ᠠ ᠬᠢᠵᠢᠭ ᠤᠨ ᠪᠠᠶᠢᠴᠠᠭᠠᠯᠲᠠ ᠬᠢᠯᠭᠡᠭᠰᠡᠨ ᠦᠭᠡᠢ ᠠᠮᠢᠲᠠᠨ ᠤ ᠠᠰᠢᠭ ᠰᠢᠮ᠎ᠡ ᠳᠤ ᠪᠠᠶᠢᠴᠠᠭᠠᠯᠲᠠ ᠶᠢ ᠨᠦᠬᠦᠵᠦ ᠬᠢᠬᠦ ᠨᠦᠭᠦᠴᠡᠯ ᠢ ᠪᠦᠷᠢᠳᠦᠭᠦᠯᠦᠭᠰᠡᠨ ᠪᠠᠶᠢᠪᠠᠯ ᠪᠠᠶᠢᠴᠠᠭᠠᠯᠲᠠ ᠶᠢ ᠨᠦᠭᠦᠨ ᠬᠢᠵᠦ᠂ ᠪᠠᠶᠢᠴᠠᠭᠠᠯᠲᠠ ᠶᠢ ᠨᠦᠭᠦᠵᠦ ᠬᠢᠬᠦ ᠨᠦᠭᠦᠴᠡᠯ ᠢ ᠪᠦᠷᠢᠳᠦᠭᠦᠯᠦᠭᠰᠡᠨ ᠦᠭᠡᠢ ᠪᠠᠶᠢᠪᠠᠯ ᠲᠡᠭᠦᠨ ᠢ ᠬᠤᠷᠢᠶᠠᠨ ᠠᠪᠴᠤ ᠤᠰᠠᠳᠬᠠᠬᠤ︔     ︵ᠲᠠᠪᠤ︶ ᠬᠢᠵᠢᠭ ᠤᠨ ᠪᠠᠶᠢᠴᠠᠭᠠᠯᠲᠠ ᠬᠢᠯᠭᠡᠭᠰᠡᠨ ᠬᠡᠷᠡᠴᠢᠯᠡᠯ᠂ ᠬᠢᠵᠢᠭ ᠤᠨ ᠪᠠᠶᠢᠴᠠᠭᠠᠯᠲᠠ ᠬᠢᠯᠭᠡᠭᠰᠡᠨ ᠳᠡᠮᠳᠡᠭ ᠪᠠ ᠮᠠᠯ ᠵᠢᠭᠦᠷᠳᠡᠨ ᠢ ᠢᠯᠭᠠᠬᠤ ᠳᠡᠮᠳᠡᠭ ᠢ ᠪᠠᠶᠢᠴᠠᠭᠠᠨ ᠰᠢᠯᠭᠠᠬᠤ︔      ︵ᠵᠢᠷᠭᠤᠭ᠎ᠠ︶ ᠬᠤᠯᠪᠤᠭᠳᠠᠯ ᠪᠦᠬᠦᠢ ᠲᠠᠯᠠᠪᠤᠷ ᠭᠠᠵᠠᠷ ᠲᠤ ᠤᠷᠤᠵᠤ ᠪᠠᠶᠢᠴᠠᠭᠠᠨ ᠭᠡᠷᠡᠴᠢ ᠠᠪᠴᠤ᠂ ᠠᠮᠢᠲᠠᠨ ᠤ ᠬᠢᠵᠢᠭ ᠢ ᠰᠡᠷᠬᠡᠶᠢᠯᠡᠬᠦ ᠳᠤ ᠬᠤᠯᠪᠤᠭᠳᠠᠬᠤ ᠮᠡᠲ᠋ᠧᠷᠢᠶᠠᠯ ᠢ ᠪᠠᠶᠢᠴᠠᠭᠠᠨ ᠦᠵᠡᠬᠦ᠂ ᠪᠠᠭᠤᠯᠭᠠᠬᠤ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠡᠯᠲᠡ ᠲᠠᠯᠪᠢᠬᠤ ᠪᠠᠶᠢᠭᠤᠯᠤᠮᠵᠢ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠬᠡᠶᠢᠯᠡᠬᠦ᠂ ᠬᠢᠵᠠᠭᠠᠷᠯᠠᠬᠤ ᠬᠡᠷᠡᠭᠴᠡᠭᠡ ᠶᠢ ᠦᠨᠳᠦᠰᠦᠯᠡᠵᠦ᠂ ᠲᠤᠬᠠᠢ ᠶᠢᠨ ᠭᠠᠵᠠᠷ ᠤᠨ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠠᠷᠡᠭᠦᠯᠦᠭᠡᠳ ᠲᠡᠷᠭᠡᠨ ᠦᠷᠳᠡᠭᠡ᠂ ᠭᠠᠷᠠᠮ᠂ ᠨᠢᠰᠬᠡᠯ ᠤᠨ ᠪᠠᠭᠤᠳᠠᠯ ᠵᠡᠷᠭᠡ ᠬᠤᠯᠪᠤᠭᠳᠠᠯ ᠪᠦᠬᠦᠢ ᠲᠠᠯᠠᠪᠤᠷ ᠭᠠᠵᠠᠷ ᠲᠤ ᠠᠯᠪᠠᠨ ᠤ ᠮᠠᠯ ᠤᠨ ᠡᠮᠴᠢ ᠶᠢ ᠲᠤᠮᠢᠯᠠᠨ ᠰᠠᠭᠤᠯᠭᠠᠵᠤ ᠪᠤᠯᠤᠨ᠎ᠠ      ᠵᠢᠷᠠᠳᠤᠭᠠᠷ ᠵᠦᠢᠯ ᠠᠯᠪᠠᠨ ᠤ ᠮᠠᠯ ᠤᠨ ᠡᠮᠴᠢ ᠠᠮᠢᠲᠠᠨ ᠤ ᠬᠢᠵᠢᠭ ᠢ ᠰᠠᠷᠬᠡᠶᠢᠯᠡᠬᠦ ᠠᠵᠢᠯ ᠢ ᠬᠢᠨᠡᠨ ᠪᠠᠶᠢᠴᠠᠭᠠᠬᠤ ᠡᠭᠦᠷᠭᠡ ᠭᠦᠢᠴᠡᠳᠬᠡᠬᠦ ᠳᠡᠭᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠨ ᠦᠵᠡᠭᠦᠯᠵᠦ᠂ ᠨᠢᠭᠡᠳᠦᠯᠳᠡᠢ ᠳᠡᠮᠳᠡᠭ ᠵᠡᠭᠦᠬᠦ ᠬᠡᠷᠡᠭᠲᠡᠢᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠵᠢᠴᠢ ᠲᠡᠭᠦᠨ ᠤ ᠠᠵᠢᠯᠳᠠᠨ ᠠᠮᠢᠲᠠᠨ ᠤ ᠬᠢᠵᠢᠭ ᠢ ᠰᠡᠷᠬᠡᠶᠢᠯᠡᠬᠦ ᠳᠤ ᠬᠤᠯᠪᠤᠭᠳᠠᠬᠤ ᠡᠵᠡᠩᠨᠡᠯᠲᠠ ᠶᠢᠨ ᠴᠢᠨᠠᠷᠲᠠᠢ ᠠᠵᠢᠯᠯᠠᠭ᠎ᠠ ᠶᠢ ᠡᠷᠬᠢᠯᠡᠵᠦ ᠪᠤᠯᠬᠤ ᠦᠭᠡᠢ᠂ ᠬᠢᠨᠡᠨ ᠪᠠᠶᠢᠴᠠᠭᠠᠬᠤ ᠳᠠᠭᠠᠨ ᠶᠠᠮᠠᠷ ᠴᠦ ᠰᠦᠢᠳᠬᠡᠯ ᠬᠤᠷᠢᠶᠠᠵᠤ ᠪᠤᠯᠬᠤ ᠦᠭᠡᠢ᠃     ᠵᠢᠷᠠᠨ ᠨᠢᠭᠡᠳᠦᠭᠡᠷ ᠵᠦᠢᠯ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢᠯᠡᠯ᠂ ᠬᠢᠵᠢᠭ ᠤᠨ ᠪᠠᠶᠢᠴᠠᠭᠠᠯᠲᠠ ᠭᠢᠭᠰᠡᠨ ᠳᠡᠮᠳᠡᠭ ᠪᠤᠶᠤ ᠮᠠᠯ ᠵᠢᠭᠦᠷᠳᠡᠨ ᠢ ᠢᠯᠭᠠᠬᠤ ᠳᠡᠮᠳᠡᠭ ᠢ ᠰᠢᠯᠵᠢᠭᠦᠯᠦᠨ ᠦᠭᠬᠦ᠂ ᠬᠠᠭᠤᠷᠮᠠᠬᠯᠠᠨ ᠵᠤᠬᠢᠶᠠᠬᠤ ᠪᠤᠶᠤ ᠬᠤᠪᠢᠷᠠᠭᠤᠯᠤᠨ ᠵᠤᠬᠢᠶᠠᠬᠤ ᠶᠢ ᠴᠠᠭᠠᠵᠠᠯᠠᠨ᠎ᠠ ᠬᠢᠵᠢᠭ᠋ ᠤᠨ ᠪᠠᠶᠢᠴᠠᠭᠠᠯᠲᠠ ᠬᠢᠭᠰᠡᠨ ᠭᠡᠷᠡᠴᠢᠯᠡᠯ᠂ ᠬᠢᠵᠢᠭ ᠤᠨ ᠪᠠᠶᠢᠴᠠᠭᠠᠯᠲᠠ ᠬᠢᠭᠰᠡᠨ ᠳᠠᠮᠳᠡᠭ ᠢ ᠬᠠᠮᠢᠶᠠᠷᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠳᠤᠭᠳᠠᠭᠠᠨ᠎ᠠ᠃      ᠨᠠᠢᠮᠠᠳᠤᠭᠠᠷ ᠪᠦᠯᠦᠭ ᠪᠠᠳᠤᠯᠠᠬᠤ ᠠᠷᠭ᠎ᠠ ᠬᠡᠮᠵᠢᠶ᠎ᠡ      ᠵᠢᠷᠠᠨ ᠬᠤᠶᠠᠳᠤᠭᠠᠷ ᠵᠦᠢᠯ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠠᠮᠢᠳ᠋ᠨᠨ ᠤ ᠬᠢᠵᠢᠭ ᠢ ᠰᠡᠷᠬᠡᠶᠢᠯᠡᠬᠦ ᠠᠵᠢᠯ ᠢ ᠲᠤᠰ ᠱᠠᠳᠤᠨ ᠤ ᠤᠯᠤᠰ ᠠᠷᠠᠳ ᠤᠨ ᠠᠵᠤ ᠠᠬᠤᠢ ᠪᠠ ᠨᠠᠶᠢᠭᠡᠮ ᠤᠨ ᠬᠦᠭᠵᠢᠯᠲᠡ ᠶᠢᠨ ᠲᠦᠯᠦᠪᠵᠢᠭᠦᠯᠭᠡ ᠪᠤᠯᠤᠨ ᠤᠨ ᠤ ᠳᠦᠯᠦᠪᠯᠡᠭᠡ ᠳᠡᠭᠡᠨ ᠤᠷᠤᠭᠤᠯᠬᠤ ᠬᠡᠷᠡᠭᠲᠡᠢ᠃      ᠵᠢᠷᠠᠨ ᠭᠤᠷᠪᠠᠳᠤᠭᠠᠷ ᠵᠦᠢᠯ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠪᠠ ᠰᠢᠶᠠᠩ ᠤᠨ ᠱᠠᠳᠤᠨ ᠤ ᠠᠷᠠᠳ ᠤᠨ ᠵᠠᠰᠠᠭ ᠤᠨ ᠤᠷᠳᠤᠨ ᠪᠦᠳᠦᠮᠵᠢᠳᠡᠢ ᠠᠷᠭ᠎ᠠ ᠬᠡᠮᠵᠢᠶ᠎ᠡ ᠠᠪᠴᠤ ᠪᠠᠶᠢᠭᠠᠳ ᠭᠠᠴᠠᠭ᠎ᠠ ᠶᠢᠨ ᠱᠠᠳᠤᠨ ᠤ ᠬᠢᠵᠢᠭ ᠰᠡᠷᠬᠡᠶᠢᠯᠡᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠂ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠮᠢᠲᠠᠨ ᠤ ᠬᠢᠵᠢᠭ ᠢ ᠰᠡᠷᠬᠡᠶᠢᠯᠡᠬᠦ ᠠᠵᠢᠯ ᠤᠨ ᠭᠡᠷᠡᠭᠴᠡᠭᠡ ᠪᠠᠨ ᠦᠨᠳᠦᠰᠦᠯᠡᠵᠦ᠂ ᠰᠢᠶᠠᠩ᠂ ᠪᠠᠯᠭᠠᠰᠤ ᠪᠤᠶᠤ ᠤᠨᠴᠠᠭᠠᠢ ᠲᠤᠭᠳᠠᠭᠠᠭᠰᠠᠨ ᠤᠷᠤᠨ ᠳᠤ ᠮᠠᠯ ᠡᠮᠨᠡᠯᠭᠡ ᠶᠢᠨ ᠪᠠᠶᠢᠭᠤᠯᠤᠮᠵᠢ ᠶᠢ ᠲᠤᠮᠢᠯᠠᠨ ᠰᠠᠭᠤᠯᠭᠠᠵᠤ ᠪᠤᠯᠤᠨ᠎ᠠ᠃      ᠵᠢᠷᠠᠨ ᠳᠦᠷᠪᠡᠳᠦᠭᠡᠷ ᠵᠦᠢᠯ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠲᠤᠰ ᠱᠠᠳᠤᠨ ᠤ ᠵᠠᠰᠠᠭ ᠤᠨ ᠤᠷᠳᠤᠨ ᠤ ᠲᠤᠰᠢᠶᠠᠯ ᠬᠠᠷᠢᠭᠤᠴᠠᠯᠭ᠎ᠠ ᠶᠢᠨ ᠶᠤᠰᠤᠭᠠᠷ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠬᠡᠶᠢᠯᠡᠬᠦ᠂ ᠬᠢᠵᠠᠭᠠᠷᠯᠠᠬᠤ᠂ ᠠᠷᠢᠯᠭᠠᠬᠤ᠂ ᠬᠢᠵᠢᠭ ᠤᠨ ᠪᠠᠶᠢᠴᠠᠭᠠᠯᠲᠠ ᠬᠢᠬᠦ ᠪᠠ ᠬᠢᠨᠠᠵᠦ ᠬᠠᠮᠢᠶᠠᠷᠬᠤ ᠠᠵᠢᠯ ᠳᠤ ᠬᠡᠷᠡᠭᠰᠡᠬᠦ ᠵᠠᠷᠤᠳᠠᠯ ᠢ ᠲᠤᠰ ᠱᠠᠳᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠬᠤ ᠬᠡᠷᠡᠭᠲᠡᠢ᠃      ᠵᠢᠷᠡᠨ ᠲᠠᠪᠤᠳᠤᠭᠠᠷ ᠵᠦᠢᠯ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠠᠮᠢᠲᠠᠨ ᠤ ᠬᠢᠵᠢᠭ ᠤᠨ ᠪᠠᠶᠢᠳᠠᠯ ᠢ ᠪᠠᠴᠢᠮ ᠠᠷᠭᠠᠴᠠᠵᠤ ᠰᠢᠢᠳᠪᠦᠷᠢᠯᠡᠬᠦ ᠠᠵᠢᠯ ᠳᠤ ᠬᠡᠷᠡᠭᠰᠡᠬᠦ ᠬᠢᠵᠢᠭ ᠢ ᠰᠡᠷᠬᠡᠶᠢᠯᠡᠬᠦ ᠡᠳ᠋ ᠪᠠᠷᠠᠭ᠎ᠠ ᠶᠢ ᠨᠦᠭᠡᠴᠡᠯᠡᠬᠦ ᠬᠡᠷᠡᠭᠲᠡᠢ᠃      ᠵᠢᠷᠠᠨ ᠵᠢᠷᠭᠤᠳᠤᠭᠠᠷ ᠵᠦᠢᠯ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠬᠡᠶᠢᠯᠡᠬᠦ ᠪᠠ ᠬᠢᠵᠠᠭᠠᠷᠯᠠᠬᠤ᠂ ᠠᠷᠢᠯᠭᠠᠬᠤ ᠶᠠᠪᠤᠴᠠ ᠳᠤ ᠠᠯᠪᠠᠳᠠᠯᠭ᠎ᠠ ᠪᠠᠷ ᠠᠯᠠᠭᠰᠠᠨ ᠠᠮᠢᠲᠠᠨ᠂ ᠤᠰᠠᠳᠬᠠᠭᠰᠠᠨ ᠠᠮᠢᠲᠠᠨ ᠤ ᠠᠰᠢᠭ ᠰᠢᠮ᠎ᠡ ᠪᠤᠯᠤᠨ ᠬᠤᠯᠪᠤᠭᠳᠠᠯ ᠪᠦᠬᠦᠢ ᠡᠳ᠋ ᠪᠤᠳᠠᠰ ᠲᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠲᠦᠯᠦᠪᠦᠷᠢ ᠦᠭᠬᠦ ᠬᠡᠷᠡᠭᠲᠡᠢ᠂ ᠲᠦᠯᠦᠪᠦᠷᠢ ᠦᠭᠬᠦ ᠪᠤᠳᠠᠳᠠᠢ ᠪᠠᠷᠢᠮᠵᠢᠶ᠎ᠡ ᠪᠠ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠳᠤᠭᠳᠠᠭᠠᠨ᠎ᠠ᠂ ᠬᠠᠤᠯᠢ ᠶᠤᠰᠤᠭᠠᠷ ᠠᠯᠪᠠᠳᠠᠯᠭ᠎ᠠ ᠶᠢᠨ ᠴᠠᠷᠤᠯᠲᠠ ᠬᠢᠭᠰᠡᠨ ᠠᠴᠠ ᠪᠤᠯᠵᠤ ᠠᠮᠢᠲᠠᠨ ᠰᠡᠷᠡᠯᠵᠢᠵᠦ ᠦᠬᠦᠭᠰᠡᠨ ᠪᠠᠶᠢᠪᠠᠯ ᠲᠦᠯᠦᠪᠦᠷᠢ ᠦᠭᠬᠦᠨ᠎ᠡ ᠳ᠋ᠦ᠋ᠯᠦᠪᠦᠷᠢ ᠦᠭᠬᠦ ᠪᠤᠳᠠᠳᠠᠢ ᠪᠠᠷᠢᠮᠵᠢᠶ᠎ᠡ ᠪᠠ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠲᠤᠭᠳᠠᠭᠠᠨ᠎ᠠ᠃      ᠵᠢᠷᠠᠨ ᠳᠤᠯᠤᠳᠤᠭᠠᠷ ᠵᠦᠢᠯ ᠠᠮᠢᠲᠠᠨ ᠤ ᠬᠢᠵᠢᠭ ᠡᠪᠡᠳᠴᠢᠨ ᠳᠤ ᠤᠷᠢᠳᠴᠢᠯᠠᠨ ᠰᠡᠷᠬᠡᠶᠢᠯᠡᠯᠲᠡ ᠬᠢᠬᠦ᠂ ᠬᠢᠵᠢᠭ ᠤᠨ ᠪᠠᠶᠢᠴᠠᠭᠠᠯᠲᠠ ᠬᠢᠬᠦ᠂ ᠬᠢᠨᠠᠨ ᠪᠠᠶᠢᠴᠠᠭᠠᠯᠲᠠ ᠬᠢᠬᠦ᠂ ᠲᠤᠬᠠᠢ ᠶᠢᠨ ᠲᠠᠯᠠᠪᠤᠷ ᠲᠤᠨᠢ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠬᠢᠬᠦ ᠵᠢᠴᠢ ᠠᠵᠢᠯ ᠤᠨ ᠳᠤᠮᠳᠠ ᠪᠠᠨ ᠠᠮᠢᠲᠠᠨ ᠤ ᠬᠢᠵᠢᠭ ᠡᠪᠡᠳᠴᠢᠨ ᠤ ᠡᠪᠡᠳᠴᠢᠨ ᠡᠭᠦᠰᠭᠡᠭᠴᠢ ᠲᠠᠢ ᠬᠥᠷᠥᠯᠴᠡᠬᠦ ᠬᠦᠮᠦᠨ ᠳᠤ ᠬᠤᠯᠪᠤᠭᠳᠠᠯ ᠪᠦᠬᠦᠢ ᠨᠢᠭᠡᠴᠢ ᠠᠴᠠ ᠤᠯᠤᠰ ᠤᠨ ᠲᠤᠭᠳᠠᠭᠠᠯ ᠶᠤᠰᠤᠭᠠᠷ ᠡᠷᠡᠭᠦᠯ ᠬᠠᠮᠠᠭᠠᠯᠠᠯ ᠤᠨ ᠰᠡᠷᠬᠡᠶᠢᠯᠡᠨ ᠬᠠᠮᠠᠭᠠᠯᠠᠯᠲᠠ ᠶᠢᠨ ᠪᠦᠳᠦᠮᠵᠢᠲᠡᠢ ᠠᠷᠭ᠎ᠠ ᠬᠡᠮᠵᠢᠶ᠎ᠡ ᠪᠠ ᠡᠮᠴᠢᠯᠡᠭᠡ ᠡᠷᠡᠭᠦᠯᠵᠢᠯ ᠤᠨ ᠪᠦᠳᠦᠮᠵᠢᠲᠡᠢ ᠠᠷᠭ᠎ᠠ ᠬᠡᠮᠵᠢᠶ᠎ᠡ ᠠᠪᠬᠤ ᠬᠡᠷᠡᠭᠲᠡᠢ᠃      ᠶᠢᠰᠦᠳᠦᠭᠡᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ      ᠵᠢᠷᠠᠨ ᠨᠠᠢᠮᠠᠳᠤᠭᠠᠷ ᠵᠦᠢᠯ ᠤᠷᠤᠨ ᠨᠤᠲᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠵᠢᠴᠢ ᠲᠡᠭᠦᠨ ᠤ ᠠᠵᠢᠯᠲᠠᠨ ᠲᠤᠰ ᠬᠠᠤᠯᠢ ᠶᠢᠨ ᠲᠤᠭᠳᠠᠭᠠᠯ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠰᠢᠢᠳᠭᠡᠯ ᠦᠭᠭᠦᠨ᠎ᠡ᠃      ᠵᠢᠷᠠ ᠶᠢᠰᠦᠳᠦᠭᠡᠷ ᠵᠦᠢᠯ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠵᠢᠴᠢ ᠲᠡᠭᠦᠨ ᠤ ᠠᠵᠢᠯᠳᠠᠨ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠳᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ︔ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠰᠢᠢᠳᠭᠡᠯ ᠦᠭᠬᠦᠨ᠎ᠡ᠄      ︵ᠨᠢᠭᠡ︶ ᠰᠡᠷᠬᠡᠶᠢᠯᠡᠬᠦ᠂ ᠬᠢᠵᠠᠭᠠᠷᠯᠠᠬᠤ᠂ ᠠᠷᠢᠯᠭᠠᠬᠤ ᠵᠡᠷᠭᠡ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠠᠪᠤᠭᠰᠠᠨ ᠦᠭᠡᠢ᠃      ︵ᠬᠤᠶᠠᠷ︶ ᠨᠦᠭᠦᠴᠡᠯ ᠳᠤ ᠨᠡᠶᠢᠴᠡᠭᠦ ᠦᠭᠡᠢ ᠪᠠᠶᠢᠳᠠᠯ᠎ᠠ ᠠᠮᠢᠲᠠᠨ ᠤ ᠬᠢᠵᠢᠭ ᠢ ᠰᠡᠷᠬᠡᠶᠢᠯᠡᠬᠦ ᠨᠦᠭᠦᠴᠡᠯ ᠳᠤ ᠨᠠᠶᠢᠴᠡᠭᠰᠡᠨ ᠦᠨᠡᠮᠯᠡᠯ᠂ ᠠᠮᠢᠲᠠᠨ ᠢ ᠤᠨᠤᠰᠢᠯᠠᠨ ᠡᠮᠨᠡᠬᠦ ᠵᠦᠪᠰᠢᠶᠠᠷᠠᠯ ᠤᠨ ᠦᠨᠡᠮᠯᠡᠯ ᠤᠯᠭᠤᠭᠰᠠᠨ᠂ ᠡᠰᠡᠭᠦᠯ᠎ᠠ ᠨᠦᠭᠦᠴᠡᠯ ᠳᠤ ᠨᠡᠶᠢᠴᠡᠭᠰᠡᠨ ᠪᠠᠶᠢᠳᠠᠯ᠎ᠠ ᠠᠮᠢᠲᠠᠨ ᠤ ᠬᠢᠵᠢᠭ ᠢ ᠰᠡᠷᠬᠡᠶᠢᠯᠡᠬᠦ ᠨᠦᠭᠦᠴᠡᠯ ᠳᠤ ᠨᠠᠶᠢᠴᠡᠭᠰᠡᠨ ᠦᠨᠡᠮᠯᠡᠯ᠂ ᠠᠮᠢᠲᠠᠨ ᠢ ᠤᠨᠤᠰᠢᠯᠠᠨ ᠡᠮᠨᠡᠬᠦ ᠵᠦᠪᠰᠢᠶᠠᠷᠠᠯ ᠤᠨ ᠦᠨᠡᠮᠯᠡᠯ ᠤᠯᠭᠤᠭᠰᠠᠨ ᠦᠭᠡᠢ︔      ︵ᠭᠤᠷᠪᠠ︶ ᠲᠤᠰ ᠬᠠᠤᠯᠢ ᠶᠢᠨ ᠲᠤᠭᠳᠠᠭᠠᠯ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠦᠯᠦ ᠭᠦᠢᠴᠡᠳᠬᠡᠭᠰᠡᠨ ᠪᠤᠰᠤᠳ ᠦᠢᠯᠡ ᠠᠵᠢᠯᠯᠠᠭ᠎ᠠ᠃      ᠳᠠᠯᠠᠳᠤᠭᠠᠷ ᠵᠦᠢᠯ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠵᠢᠴᠢ ᠲᠡᠭᠦᠨ ᠤ ᠠᠵᠢᠯᠳᠠᠨ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠳᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠠ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ︔ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠰᠢᠢᠳᠭᠡᠯ ᠦᠭᠬᠦᠨ᠎ᠡ᠄      ︵ᠨᠢᠭᠡ︶ ᠲᠤᠬᠠᠢ ᠶᠢᠨ ᠲᠠᠯᠠᠪᠤᠷ ᠤᠨ ᠬᠢᠵᠢᠭ ᠤᠨ ᠪᠠᠶᠢᠴᠠᠭᠠᠯᠲᠠ ᠬᠢᠯᠭᠡᠭᠰᠡᠨ ᠦᠭᠡᠢ ᠪᠤᠶᠤ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠦᠭᠡᠢ ᠠᠮᠢᠲᠠᠨ᠂ ᠠᠮᠢᠲᠠᠨ ᠤ ᠠᠰᠢᠭ ᠰᠢᠮ᠎ᠡ ᠳᠤ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢᠯᠡᠯ ᠤᠯᠭᠤᠵᠤ᠂ ᠬᠢᠵᠢᠭ ᠤᠨ ᠪᠠᠶᠢᠴᠠᠭᠠᠯᠲᠠ ᠬᠢᠭᠰᠡᠨ ᠳᠡᠮᠳᠡᠭ ᠲᠠᠯᠪᠢᠭᠰᠠᠨ᠂ ᠡᠰᠡᠭᠦᠯ᠎ᠡ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠠᠮᠢᠲᠠᠨ᠂ ᠠᠮᠢᠲᠠᠨ ᠤ ᠠᠰᠢᠭ ᠰᠢᠮ᠎ᠡ ᠳᠤ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢᠯᠡᠯ ᠤᠯᠭᠤᠭᠰᠠᠨ ᠦᠭᠡᠢ᠂ ᠬᠢᠵᠢᠭ ᠤᠨ ᠪᠠᠶᠢᠴᠠᠭᠠᠯᠲᠠ ᠬᠢᠭᠰᠡᠨ ᠳᠡᠮᠳᠡᠭ ᠲᠠᠯᠪᠢᠭᠰᠠᠨ ᠦᠭᠡᠢ︔     ︵ᠬᠤᠶᠠᠷ︶ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢᠯᠡᠯ᠂ ᠬᠢᠵᠢᠭ ᠤᠨ ᠪᠠᠶᠢᠴᠠᠭᠠᠯᠲᠠ ᠬᠢᠭᠰᠡᠨ ᠳᠡᠮᠳᠡᠭ ᠲᠠᠢ ᠠᠮᠢᠲᠠᠨ᠂ ᠠᠮᠢᠲᠠᠨ ᠤ ᠠᠰᠢᠭ ᠰᠢᠮ᠎ᠡ ᠳᠤ ᠬᠢᠵᠢᠭ ᠤᠨ ᠪᠠᠶᠢᠴᠠᠭᠠᠯᠲᠠ ᠶᠢ ᠳᠠᠪᠬᠤᠷᠳᠠᠭᠤᠯᠤᠨ ᠬᠢᠭᠰᠡᠨ︔      ︵ᠭᠤᠷᠪᠠ︶ ᠠᠮᠢᠲᠠᠨ ᠤ ᠬᠢᠵᠢᠭ ᠢ ᠰᠡᠷᠬᠡᠶᠢᠯᠡᠬᠦ ᠳᠤ ᠬᠤᠯᠪᠤᠭᠳᠠᠬᠤ ᠡᠵᠡᠩᠨᠡᠯᠲᠡ ᠶᠢᠨ ᠴᠢᠨᠡᠷᠲᠠᠢ ᠠᠵᠢᠯᠯᠠᠭ᠎ᠠ ᠬᠢᠭᠰᠡᠨ᠂ ᠡᠰᠡᠭᠦᠯ᠎ᠡ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ᠂ ᠪᠠᠷᠠᠭᠠᠨ ᠤ ᠦᠨ᠎ᠡ ᠶᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠯ ᠠᠴᠠ ᠭᠠᠳᠠᠭᠤᠷ ᠰᠦᠢᠳᠬᠡᠯ ᠨᠡᠮᠡᠵᠦ ᠬᠤᠷᠢᠶᠠᠬᠰᠠᠨ᠂ ᠳᠠᠪᠬᠤᠷᠳᠠᠭᠤᠯᠤᠨ ᠰᠦᠢᠳᠬᠡᠯ ᠬᠤᠷᠢᠶᠠᠬᠰᠠᠨ︔     ︵ᠳᠦᠷᠪᠡ︶ ᠲᠤᠰ ᠬᠠᠤᠯᠢ ᠶᠢᠨ ᠲᠤᠭᠳᠠᠭᠠᠯ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠦᠯᠦ ᠭᠦᠢᠴᠡᠳᠬᠡᠭᠰᠡᠨ ᠪᠤᠰᠤᠳ ᠦᠢᠯᠡ ᠠᠵᠢᠯᠯᠠᠭ᠎ᠠ᠃      ᠳᠠᠯᠨᠨ ᠨᠢᠭᠡᠳᠦᠭᠡᠷ ᠵᠦᠢᠯ ᠠᠮᠢᠲᠠᠨ ᠤ ᠬᠢᠵᠢᠭ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ ᠪᠠᠶᠢᠭᠤᠯᠤᠮᠵᠢ ᠵᠢᠴᠢ ᠲᠡᠭᠦᠨ ᠤ ᠠᠵᠢᠯᠳᠠᠨ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠳᠤᠤᠷ᠎ᠡ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠭᠢᠭᠰᠡᠨ ᠪᠠᠶᠢᠪᠠᠯ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠡ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ︔ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠰᠢᠢᠳᠭᠡᠯ ᠦᠭᠬᠦᠨ᠎ᠡ᠄      ︵ᠨᠢᠭᠡ︶ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ᠂ ᠰᠢᠯᠭᠠᠨ ᠬᠡᠮᠵᠢᠬᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠤᠶᠤ ᠬᠢᠨᠠᠨ ᠬᠡᠮᠵᠢᠭᠰᠡᠨ᠂ ᠰᠢᠯᠭᠠᠨ ᠬᠡᠮᠵᠢᠭᠰᠡᠨ ᠳ᠋ᠦᠩ ᠢ ᠬᠠᠭᠤᠷᠮᠠᠭᠯᠠᠨ ᠵᠤᠬᠢᠶᠠᠭᠰᠨᠨ︔      ︵ᠬᠤᠶᠠᠷ︶ ᠠᠮᠢᠲᠠᠨ ᠤ ᠬᠢᠵᠢᠭ ᠤᠨ ᠪᠠᠶᠢᠳᠠᠯ ᠡᠭᠦᠰᠦᠭᠰᠡᠨ ᠦᠶ᠎ᠡ ᠳᠤ ᠴᠠᠭ ᠲᠤᠬᠠᠢ ᠳᠤᠨᠢ ᠤᠨᠤᠰᠢᠯᠠᠵᠤ᠂ ᠪᠠᠶᠢᠴᠠᠭᠠᠯᠲᠠ ᠬᠢᠭᠰᠡᠨ ᠦᠭᠡᠢ︔      ︵ᠭᠤᠷᠪᠠ︶ ᠲᠤᠰ ᠬᠠᠤᠯᠢ ᠶᠢᠨ ᠲᠤᠭᠲᠠᠭᠠᠯ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠦᠯᠦ ᠭᠦᠢᠴᠡᠳᠬᠡᠭᠰᠡᠨ ᠪᠤᠰᠤᠳ ᠦᠢᠯᠡ ᠠᠵᠢᠯᠯᠠᠭ᠎ᠠ᠃      ᠳᠠᠯᠨᠨ ᠬᠤᠶᠠᠳᠤᠭᠠᠷ ᠵᠦᠢᠯ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠲᠡᠭᠦᠨ ᠤ ᠠᠵᠢᠯᠳᠠᠨ ᠠᠮᠢᠲᠠᠨ ᠤ ᠬᠢᠵᠢᠭ ᠤᠨ ᠪᠠᠶᠢᠳᠠᠯ ᠢ ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ ᠮᠡᠳᠡᠭᠦᠯᠬᠦ᠂ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ ᠪᠤᠶᠤ ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ ᠮᠡᠳᠡᠭᠦᠯᠬᠦ᠂ ᠤᠳᠠᠭᠠᠰᠢᠷᠠᠭᠤᠯᠤᠨ ᠮᠡᠳᠡᠭᠦᠯᠭᠦ ᠪᠠᠷ ᠪᠤᠰᠤᠳ ᠬᠦᠮᠦᠨ ᠳᠤ ᠰᠠᠨᠠᠭᠤᠯᠤᠭᠰᠠᠨ᠂ ᠡᠰᠡᠭᠦᠯ᠎ᠡ ᠪᠤᠰᠤᠳ ᠬᠦᠮᠦᠨ ᠤ ᠠᠮᠢᠲᠠᠨ ᠤ ᠬᠢᠵᠢᠭ ᠤᠨ ᠪᠠᠶᠢᠳᠠᠯ ᠢ ᠮᠡᠳᠡᠭᠦᠯᠬᠦ ᠶᠢ ᠬᠠᠷᠰᠢᠯᠠᠭᠰᠠᠨ ᠪᠠᠶᠢᠪᠠᠯ᠂ ᠳᠡᠭᠡᠷ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠭᠤᠯᠵᠦ᠂ ᠵᠠᠷᠯᠠᠨ ᠰᠢᠭᠦᠮᠵᠢᠯᠡᠨ᠎ᠠ︔ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠰᠢᠢᠳᠭᠡᠯ ᠦᠭᠭᠦᠨ᠎ᠡ᠃      ᠳᠠᠯᠨᠨ ᠭᠤᠷᠪᠠᠳᠤᠭᠠᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠳᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠡᠯᠳᠡ ᠳᠠᠯᠪᠢᠬᠤ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠤᠭᠤᠯᠵᠤ᠂ ᠳᠣᠩᠭᠤᠳᠤᠨ᠎ᠠ︔ ᠵᠠᠯᠠᠷᠠᠭᠤᠯᠬᠤ ᠶᠢ ᠳᠡᠪᠴᠢᠭᠰᠡᠨ ᠪᠠᠶᠢᠪᠠᠯ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠤᠷᠤᠯᠠᠨ ᠰᠢᠢᠳᠪᠦᠷᠢᠯᠡᠵᠦ᠂ ᠰᠢᠢᠳᠪᠦᠷᠢᠯᠡᠬᠦ ᠳᠤ ᠬᠡᠷᠡᠭᠰᠡᠬᠦ ᠵᠠᠷᠤᠳᠡᠯ ᠢ ᠬᠠᠤᠯᠢ ᠶᠢ ᠵᠦᠷᠢᠴᠡᠭᠰᠡᠨ ᠦᠢᠯᠡ ᠠᠵᠢᠯᠯᠠᠭᠠᠲᠠᠨ ᠡᠭᠦᠷᠭᠡᠯᠡᠨ᠎ᠡ᠂ ᠮᠢᠩᠭᠠᠨ ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠬᠤ ᠪᠠᠷ ᠰᠢᠳᠬᠡᠵᠦ ᠪᠤᠯᠤᠨ᠎ᠠ᠄      ︵ᠨᠢᠭᠡ︶ ᠳᠡᠵᠢᠭᠡᠵᠦ ᠪᠠᠶᠢᠭ᠎ᠠ ᠠᠮᠢᠲᠠᠨ ᠳᠠᠭᠠᠨ ᠠᠮᠢᠲᠠᠨ ᠤ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠴᠠᠷᠤᠯᠲᠠ ᠬᠢᠬᠦ ᠲᠦᠯᠦᠪᠯᠡᠭᠡ ᠶᠤᠰᠤᠭᠠᠷ ᠴᠠᠷᠤᠯᠲᠠ ᠶᠢᠨ ᠲᠠᠷᠢᠯᠭ᠎ᠠ ᠬᠢᠯᠭᠡᠭᠰᠡᠨ ᠦᠭᠡᠢ︔      ︵ᠬᠤᠶᠠᠷ︶ ᠡᠭᠦᠯᠳᠡᠷ ᠤᠨ᠂ ᠰᠠᠭᠠᠯᠢ ᠶᠢᠨ ᠠᠮᠢᠲᠠᠨ ᠢ ᠰᠢᠯᠭᠠᠨ ᠬᠡᠮᠵᠢᠭᠰᠡᠨ ᠦᠭᠡᠢ ᠪᠤᠶᠤ ᠰᠢᠯᠭᠠᠨ ᠬᠡᠮᠵᠢᠭᠡᠳ ᠬᠢᠷᠢ ᠲᠡᠩᠴᠡᠭᠰᠡᠨ ᠦᠭᠡᠢ ᠪᠠᠶᠢᠳᠠᠯ᠎ᠠ ᠳᠤᠭᠲᠠᠭᠠᠯ ᠶᠤᠰᠤᠭᠠᠷ ᠰᠢᠢᠳᠪᠦᠷᠢᠯᠡᠭᠰᠡᠨ ᠦᠭᠡᠢ︔      ︵ᠭᠤᠷᠪᠠ︶ ᠠᠮᠢᠲᠠᠨ᠂ ᠠᠮᠢᠲᠠᠨ ᠤ ᠠᠰᠢᠭ ᠰᠢᠮ᠎ᠡ ᠶᠢ ᠳᠡᠭᠡᠭᠡᠪᠦᠷᠢᠯᠡᠬᠦ ᠪᠠᠭᠠᠵᠢ ᠬᠡᠷᠡᠭᠰᠡᠯ ᠢ ᠠᠴᠢᠶᠠᠯᠠᠬᠤ ᠠᠴᠠ ᠡᠮᠦᠨ᠎ᠡ ᠪᠠ ᠠᠴᠢᠶ᠎ᠠ ᠪᠠᠭᠤᠯᠭᠠᠭᠰᠠᠨ ᠤ ᠳᠠᠷᠠᠭ᠎ᠠ ᠴᠠᠭ ᠲᠤᠬᠠᠢ ᠳᠤᠨᠢ ᠤᠬᠢᠶᠠᠨ ᠴᠡᠪᠡᠷᠯᠡᠵᠦ᠂ ᠠᠷᠢᠭᠤᠳᠬᠠᠭᠰᠠᠨ ᠦᠭᠡᠢ᠃      ᠳᠠᠯᠠᠨ ᠳᠦᠷᠪᠡᠳᠦᠭᠡᠷ ᠵᠦᠢᠯ ᠲᠤᠰ ᠬᠠᠤᠯᠢ ᠶᠢᠨ ᠲᠤᠭᠲᠠᠭᠠᠯ ᠢ ᠵᠦᠷᠢᠴᠡᠵᠦ᠂ ᠠᠯᠪᠠᠳᠠᠯᠭ᠎ᠠ ᠪᠠᠷ ᠴᠠᠷᠤᠯᠲᠠ ᠬᠢᠯᠭᠡᠭᠰᠡᠨ ᠠᠮᠢᠲᠠᠨ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠲᠠᠭᠠᠯ ᠶᠤᠰᠤᠭᠠᠷ ᠴᠠᠷᠤᠯᠲᠠ ᠬᠢᠯᠭᠡᠭᠰᠡᠨ ᠳᠠᠩᠰᠠ ᠪᠠᠶᠢᠭᠤᠯᠤᠭᠰᠠᠨ ᠦᠭᠡᠢ᠂ ᠮᠠᠯ ᠵᠢᠭᠦᠷᠳᠡᠨ ᠢ ᠢᠯᠭᠠᠬᠤ ᠳᠡᠮᠳᠡᠭ ᠲᠠᠯᠪᠢᠭᠰᠠᠨ ᠦᠭᠡᠢ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠦ ᠠᠬᠤᠢ ᠶᠢᠨ ᠬᠠᠤᠯᠢ︾ ᠶᠢᠨ ᠬᠤᠯᠪᠤᠭᠳᠠᠯ ᠪᠦᠬᠦᠢ ᠳᠤᠭᠳᠠᠭᠠᠯ ᠶᠣᠰᠤᠭᠠᠷ ᠰᠢᠢᠳᠭᠡᠨ᠎ᠡ᠃      ᠳᠠᠯᠠᠨ ᠲᠠᠪᠤᠳᠤᠭᠠᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠬᠢᠵᠢᠭ ᠬᠠᠯᠳᠠᠪᠤᠷᠢᠯᠠᠭᠰᠠᠨ ᠠᠮᠢᠲᠠᠨ ᠪᠠ ᠲᠡᠭᠦᠨ ᠤ ᠢᠯᠭᠠᠳᠠᠰᠤ᠂ ᠬᠢᠵᠢᠭ ᠬᠠᠯᠳᠠᠪᠤᠷᠢᠯᠠᠭᠰᠠᠨ ᠠᠮᠢᠲᠠᠨ ᠤ ᠠᠰᠢᠭ ᠰᠢᠮ᠎ᠡ᠂ ᠡᠪᠡᠳᠴᠢᠯᠡᠵᠦ ᠦᠭᠦᠭᠰᠡᠨ ᠪᠤᠶᠤ ᠦᠭᠦᠭᠰᠡᠨ ᠰᠢᠯᠳᠠᠭᠠᠨ ᠨᠢ ᠳᠤᠳᠤᠷᠬᠠᠢ ᠦᠭᠡᠢ ᠠᠮᠢᠲᠠᠨ ᠤ ᠦᠬᠦᠳᠡᠯ᠂ ᠳᠡᠭᠡᠭᠡᠪᠦᠷᠢᠯᠡᠬᠦ ᠪᠠᠭᠠᠵᠢ ᠬᠡᠷᠡᠭᠰᠡᠯ ᠳᠠᠬᠢ ᠠᠮᠢᠲᠠᠨ ᠤ ᠢᠯᠭᠠᠳᠠᠰᠤ ᠪᠤᠯᠤᠨ ᠳᠠᠪᠢᠰᠬᠦ ᠡᠳ᠋᠂ ᠪᠤᠭᠤᠳᠠᠯᠯᠠᠬᠤ ᠡᠳ᠋᠂ ᠰᠠᠪᠠ ᠵᠡᠷᠭᠡ ᠪᠤᠬᠢᠷᠳᠤᠭᠰᠠᠨ ᠪᠤᠳᠠᠰ ᠵᠢᠴᠢ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠤᠰᠤᠳ ᠠᠮᠢᠲᠠᠨ᠂ ᠠᠮᠢᠲᠠᠨ ᠤ ᠠᠰᠢᠭ ᠰᠢᠮ᠎ᠡ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ ᠰᠢᠢᠳᠪᠦᠷᠢᠯᠡᠭᠰᠡᠨ ᠦᠭᠡᠢ ᠪᠠᠶᠢᠪᠠᠯ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠳᠠᠯᠪᠢᠬᠤ ᠪᠠᠶᠢᠭᠤᠯᠤᠮᠵᠢ ᠠᠴᠠ ᠵᠠᠷᠯᠢᠭᠳᠠᠨ ᠬᠤᠣᠷ ᠦᠭᠡᠶᠢᠵᠢᠭᠦᠯᠦᠨ ᠰᠢᠢᠳᠪᠦᠷᠢᠯᠡᠬᠦᠯᠦᠨ᠎ᠡ᠂ ᠰᠢᠢᠳᠪᠦᠷᠢᠯᠡᠬᠦ ᠳᠤ ᠬᠡᠷᠡᠭᠰᠡᠬᠦ ᠰᠦᠢᠳᠬᠡᠯ ᠢ ᠬᠠᠤᠯᠢ ᠶᠢ ᠵᠦᠷᠢᠴᠡᠭᠰᠡᠨ ᠦᠢᠯᠠ ᠠᠵᠢᠯᠯᠠᠭᠠᠲᠠᠨ ᠡᠭᠦᠷᠭᠡᠯᠡᠨ᠎ᠡ᠂ ᠭᠤᠷᠪᠠᠨ ᠮᠢᠩᠭᠠᠨ ᠲᠦᠭᠦᠷᠢᠭ ᠠᠴᠠ ᠳᠤᠭᠤᠭᠰᠢ ᠵᠤᠭᠤᠰ ᠢᠶᠠᠷ ᠳᠤᠷᠭᠠᠬᠤ ᠪᠠᠷ ᠰᠢᠳᠬᠡᠵᠦ ᠪᠤᠯᠤᠨ᠎ᠠ᠃      ᠳᠠᠯᠠᠨ ᠵᠢᠷᠭᠤᠳᠤᠭᠠᠷ ᠵᠦᠢᠯ ᠲᠤᠰ ᠬᠠᠤᠯᠢ ᠶᠢᠨ ᠬᠤᠷᠢᠨ ᠲᠠᠪᠤᠳᠤᠭᠠᠷ ᠵᠦᠢᠯ ᠤᠨ ᠳᠤᠭᠳᠠᠭᠠᠯ ᠢ ᠵᠦᠷᠢᠴᠡᠵᠦ᠂ ᠠᠮᠢᠲᠠᠨ ᠢ ᠨᠢᠳᠤᠯᠵᠦ᠂ ᠡᠵᠡᠩᠨᠡᠵᠦ᠂ ᠳᠡᠭᠡᠭᠡᠪᠦᠷᠢᠯᠡᠭᠰᠡᠨ ᠪᠤᠶᠤ ᠠᠮᠢᠲᠠᠨ ᠤ ᠠᠰᠢᠭ ᠰᠢᠮ᠎ᠡ ᠶᠢ ᠦᠢᠯᠡᠳᠪᠦᠷᠢᠯᠡᠵᠦ᠂ ᠡᠵᠡᠩᠨᠡᠵᠦ᠂ ᠪᠤᠯᠪᠠᠰᠤᠷᠠᠭᠤᠯᠵᠦ᠂ ᠬᠠᠳᠠᠭᠠᠯᠠᠵᠤ᠂ ᠳᠡᠭᠡᠭᠡᠪᠦᠷᠢᠯᠡᠭᠰᠡᠨ ᠪᠠᠶᠢᠪᠠᠯ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠤᠭᠤᠯᠵᠤ᠂ ᠨᠦᠬᠦᠵᠦ ᠵᠠᠰᠠᠬᠤ ᠠᠷᠭ᠎ᠠ ᠬᠡᠮᠵᠢᠶ᠎ᠡ ᠠᠪᠤᠭᠤᠯᠵᠤ᠂ ᠬᠠᠤᠯᠢ ᠶᠢ ᠵᠦᠷᠢᠴᠡᠵᠦ ᠤᠯᠤᠭᠰᠠᠨ ᠣᠯᠵᠠ ᠠᠰᠢᠭ ᠪᠠ ᠠᠮᠢᠲᠠᠨ᠂ ᠠᠮᠢᠲᠠᠨ ᠤ ᠠᠰᠢᠭ ᠰᠢᠮ᠎ᠡ ᠶᠢ ᠨᠢ ᠬᠤᠷᠢᠶᠠᠨ ᠠᠪᠴᠤ᠂ ᠬᠢᠵᠢᠭ ᠤᠨ ᠪᠠᠶᠢᠴᠠᠭᠠᠯᠲᠠ ᠳᠤ ᠬᠢᠷᠢ ᠳᠡᠩᠴᠡᠭᠰᠡᠨ ᠠᠳᠠᠯᠢ ᠲᠦᠷᠦᠯ ᠤᠨ ᠠᠮᠢᠲᠠᠨ᠂ ᠠᠮᠢᠲᠠᠨ ᠤ ᠠᠰᠢᠭ ᠰᠢᠮ᠎ᠡ ᠶᠢᠨ ᠪᠠᠷᠠᠭᠠᠨ ᠤ ᠦᠷᠳᠡᠭ ᠤᠨ ᠵᠣᠭᠤᠰ ᠤᠨ ᠲᠣᠭᠠᠨ ᠤ ᠨᠢᠭᠡ ᠳᠠᠬᠢᠨ ᠠᠴᠠ ᠳᠡᠭᠡᠭᠰᠢ ᠲᠠᠪᠤᠨ ᠳᠠᠬᠢᠨ ᠠᠴᠠ ᠳᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ ᠲᠡᠭᠦᠨ ᠤ ᠳᠤᠲᠤᠷᠠᠬᠢ ᠬᠠᠤᠯᠢ ᠶᠣᠰᠤᠭᠠᠷ ᠬᠢᠵᠢᠭ ᠤᠨ ᠪᠠᠶᠢᠴᠠᠭᠠᠯᠲᠠ ᠬᠢᠯᠭᠡᠬᠦ ᠶᠤᠰᠤᠲᠠᠢ ᠪᠠᠶᠢᠳᠠᠯ᠎ᠠ ᠬᠢᠵᠢᠭ ᠤᠨ ᠪᠠᠶᠢᠴᠠᠭᠠᠯᠲᠠ ᠬᠢᠯᠭᠡᠭᠰᠡᠨ ᠦᠭᠡᠢ ᠶᠢ ᠨᠢ ᠲᠤᠰ ᠬᠠᠤᠯᠢ ᠶᠢᠨ ᠳᠠᠯᠠᠨ ᠨᠠᠢᠮᠠᠳᠤᠭᠠᠷ ᠵᠦᠢᠯ ᠤᠨ ᠲᠤᠭᠳᠠᠭᠠᠯ ᠶᠤᠰᠤᠭᠠᠷ ᠰᠢᠢᠳᠭᠡᠨ᠎ᠡ᠃      ᠳᠠᠯᠨᠨ ᠳᠤᠯᠤᠳᠤᠭᠠᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠳᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠤᠭᠤᠯᠵᠤ᠂ ᠮᠢᠩᠭᠠᠨ ᠲᠦᠭᠦᠷᠢᠭ ᠠᠴᠠ ᠳᠡᠭᠡᠭᠰᠢ ᠲᠦᠮᠡᠨ ᠲᠦᠭᠦᠷᠢᠭ ᠠᠴᠠ ᠳᠤᠭᠤᠭᠰᠢ ᠵᠤᠭᠤᠰ ᠢᠶᠠᠷ ᠳᠤᠷᠭᠠᠬᠤ ᠪᠠᠷ ᠰᠢᠢᠳᠭᠡᠨ᠎ᠡ︔ ᠦᠢᠯᠡ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠲᠦᠮᠡᠨ ᠲᠦᠭᠦᠷᠢᠭ ᠠᠴᠠ ᠳᠡᠭᠡᠭᠰᠢ ᠠᠷᠪᠠᠨ ᠲᠦᠮᠡᠨ ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠬᠤ ᠪᠠᠷ ᠰᠢᠢᠳᠭᠡᠨ᠎ᠡ᠄     ︵ᠨᠢᠭᠡ︶ ᠠᠮᠢᠲᠠᠨ ᠤ ᠬᠢᠵᠢᠭ ᠢ ᠰᠡᠷᠬᠡᠶᠢᠯᠡᠬᠦ ᠨᠦᠭᠦᠴᠡᠯ ᠳᠤ ᠨᠡᠶᠢᠴᠡᠭᠰᠡᠨ ᠦᠨᠡᠮᠯᠡᠯ ᠣᠯᠤᠭᠰᠠᠨ ᠦᠭᠡᠢ ᠪᠠᠷ ᠠᠮᠢᠲᠠᠨ ᠳᠡᠵᠢᠭᠡᠬᠦ ᠲᠠᠯᠠᠪᠠᠢ ︵ᠳᠡᠵᠢᠭᠡᠨ ᠦᠷᠡᠵᠢᠭᠦᠯᠬᠦ ᠵᠢᠵᠢᠭ ᠲᠤᠭᠤᠷᠢᠭ︶ ᠪᠠ ᠲᠤᠰᠠᠭᠠᠷᠯᠠᠬᠤ ᠲᠠᠯᠠᠪᠤᠷ ᠭᠠᠵᠠᠷ᠂ ᠠᠮᠢᠲᠠᠨ ᠢ ᠨᠢᠲᠤᠯᠠᠵᠤ ᠪᠤᠯᠪᠠᠰᠤᠷᠠᠭᠤᠯᠬᠤ ᠲᠠᠯᠠᠪᠤᠷ ᠭᠠᠵᠠᠷ ᠵᠢᠴᠢ ᠠᠮᠢᠲᠠᠨ ᠪᠠ ᠠᠮᠢᠲᠠᠨ ᠤ ᠠᠰᠢᠭ ᠰᠢᠮ᠎ᠡ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠲᠠᠯᠠᠪᠤᠷ ᠭᠠᠵᠠᠷ ᠢ ᠡᠷᠬᠢᠯᠡᠨ ᠪᠠᠶᠢᠭᠤᠯᠤᠭᠰᠠᠨ︔      ︵ᠬᠤᠶᠠᠷ︶ ᠬᠢᠨᠠᠨ ᠵᠦᠪᠰᠢᠶᠠᠷᠡᠭᠦᠯᠬᠦ ᠭᠠᠷ ᠭᠦᠢᠴᠡᠳᠬᠡᠯ ᠬᠢᠯᠭᠡᠭᠰᠡᠨ ᠦᠭᠡᠢ ᠪᠠᠷ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠯᠤᠰᠯᠠᠨ ᠰᠠᠭᠠᠯᠢ ᠶᠢᠨ ᠠᠮᠢᠲᠠᠨ᠂ ᠡᠭᠦᠯᠳᠡᠷ ᠤᠨ ᠠᠮᠢᠲᠠᠨ ᠵᠢᠴᠢ ᠲᠡᠭᠦᠨ ᠤ ᠦᠷ᠎ᠡ ᠶᠢᠨ ᠰᠢᠩᠭᠡᠨ᠂ ᠬᠦᠪᠦᠷᠡᠯ᠂ ᠦᠷ᠎ᠡ ᠶᠢᠨ ᠦᠨᠳᠡᠭᠡ ᠶᠢ ᠤᠷᠤᠭᠤᠯᠤᠭᠰᠠᠨ︔      ︵ᠭᠤᠷᠪᠠ︶ ᠬᠢᠵᠢᠭ ᠤᠨ ᠪᠠᠶᠢᠴᠠᠭᠠᠯᠲᠠ ᠬᠢᠯᠭᠡᠭᠰᠡᠨ ᠦᠭᠡᠢ ᠪᠠᠷ᠂ ᠲᠤᠭᠲᠠᠭᠠᠭᠰᠠᠨ ᠠᠮᠢᠲᠠᠨ ᠤ ᠬᠢᠵᠢᠭ ᠡᠪᠡᠳᠴᠢᠨ ᠦᠭᠡᠢ ᠤᠷᠤᠨ ᠳᠤ ᠠᠮᠢᠲᠠᠨ᠂ ᠠᠮᠢᠲᠠᠨ ᠤ ᠠᠰᠢᠭ ᠰᠢᠮ᠎ᠡ ᠶᠢ ᠵᠦᠭᠡᠭᠡᠪᠦᠷᠢᠯᠡᠵᠦ ᠤᠷᠤᠭᠤᠯᠤᠭᠰᠠᠨ᠃      ᠳᠠᠯᠠᠨ ᠨᠠᠢᠮᠠᠳᠤᠭᠠᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠨᠢᠳᠤᠯᠬᠤ᠂ ᠡᠵᠡᠩᠨᠡᠬᠦ᠂ ᠳᠡᠭᠡᠭᠡᠪᠦᠷᠢᠯᠡᠬᠦ ᠠᠮᠢᠲᠠᠨ ᠳᠤ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢᠯᠡᠯ ᠳᠠᠭᠠᠯᠳᠤᠭᠤᠯᠤᠭᠰᠠᠨ ᠦᠭᠡᠢ᠂ ᠡᠵᠡᠩᠨᠡᠬᠦ ᠪᠠ ᠳᠡᠭᠡᠭᠡᠪᠦᠷᠢᠯᠡᠬᠦ ᠠᠮᠢᠲᠠᠨ ᠤ ᠠᠰᠢᠭ ᠰᠢᠮ᠎ᠡ ᠳᠤ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢᠯᠡᠯ᠂ ᠬᠢᠵᠢᠭ ᠤᠨ ᠪᠠᠶᠢᠴᠠᠭᠠᠯᠲᠠ ᠬᠢᠭᠰᠡᠨ ᠳᠠᠮᠳᠡᠭ ᠳᠠᠭᠠᠯᠳᠤᠭᠤᠯᠤᠭᠰᠠᠨ ᠦᠭᠡᠢ ᠪᠠᠶᠢᠪᠠᠯ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠢᠵᠢᠭ ᠤᠨ ᠪᠠᠶᠢᠴᠠᠭᠠᠯᠲᠠ ᠳᠤ ᠬᠢᠷᠢ ᠳᠡᠩᠴᠡᠭᠰᠡᠨ ᠠᠳᠠᠯᠢ ᠲᠦᠷᠦᠯ ᠤᠨ ᠠᠮᠢᠲᠠᠨ᠂ ᠠᠮᠢᠲᠠᠨ ᠤ ᠠᠰᠢᠭ ᠰᠢᠮ᠎ᠡ ᠶᠢᠨ ᠪᠠᠷᠠᠭᠠᠨ ᠤ ᠦᠷᠳᠡᠭ ᠤᠨ ᠵᠣᠭᠤᠰ ᠤᠨ ᠲᠣᠭᠠᠨ ᠤ ᠵᠠᠭᠤᠨ ᠤ ᠠᠷᠪᠠ ᠠᠴᠠ ᠳᠡᠭᠡᠭᠰᠢ ᠵᠠᠭᠤᠨ ᠤ ᠲᠠᠪᠢ ᠠᠴᠠ ᠳᠤᠭᠤᠭᠰᠢ ᠵᠤᠭᠤᠰ ᠢᠶᠠᠷ ᠲᠤᠷᠭᠠᠬᠤ ᠪᠠᠷ ᠰᠢᠢᠳᠭᠡᠨ᠎ᠡ︔ ᠪᠠᠷᠠᠭᠠᠨ ᠤ ᠡᠵᠡᠨ ᠠᠴᠠ ᠪᠤᠰᠤᠳ ᠳᠠᠭᠠᠭᠠᠨ ᠲᠡᠭᠡᠭᠡᠪᠦᠷᠢᠯᠡᠭᠴᠢ ᠶᠢ ᠳᠡᠭᠡᠭᠡᠪᠦᠷᠢᠯᠡᠬᠦ ᠰᠦᠢᠳᠬᠡᠯ ᠤᠨ ᠬᠢᠨᠢ ᠨᠢᠭᠡ ᠳᠠᠬᠢᠨ ᠠᠴᠠ ᠳᠠᠭᠡᠭᠰᠢ ᠭᠤᠷᠪᠠᠨ ᠳᠠᠬᠢᠨ ᠠᠴᠠ ᠳᠤᠭᠤᠭᠰᠢ ᠵᠤᠭᠤᠰ ᠢᠶᠠᠷ ᠲᠤᠷᠭᠠᠬᠤ ᠪᠠᠷ ᠰᠢᠢᠳᠭᠡᠨ᠎ᠡ ᠳ᠋ᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠦᠵᠡᠭᠦᠯᠦᠯᠭᠡ᠂ ᠲᠤᠭᠯᠠᠯᠲᠠ ᠪᠠ ᠤᠷᠤᠯᠳᠤᠭᠠᠨ ᠳᠤ ᠤᠷᠤᠯᠴᠠᠬᠤ ᠠᠮᠢᠲᠠᠨ ᠳᠤ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢᠯᠡᠯ ᠳᠠᠭᠠᠯᠳᠤᠭᠤᠯᠤᠭᠰᠠᠨ ᠦᠭᠡᠢ ᠪᠠᠶᠢᠪᠠᠯ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠤᠭᠤᠯᠵᠤ᠂ ᠮᠢᠩᠭᠠᠨ ᠲᠦᠭᠦᠷᠢᠭ ᠠᠴᠠ ᠳᠡᠭᠡᠭᠰᠢ ᠭᠤᠷᠪᠠᠨ ᠮᠢᠩᠭᠠᠨ ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠬᠤ ᠪᠠᠷ ᠰᠢᠢᠳᠭᠡᠨ᠎ᠡ᠃      ᠳᠠᠯᠠ ᠶᠢᠰᠦᠳᠦᠭᠡᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢᠯᠡᠯ᠂ ᠬᠢᠵᠢᠭ ᠤᠨ ᠪᠠᠶᠢᠴᠠᠭᠠᠯᠲᠠ ᠬᠢᠭᠰᠡᠨ ᠳᠡᠮᠳᠡᠭ ᠪᠤᠶᠤ ᠮᠠᠯ ᠵᠢᠭᠦᠷᠲᠡᠨ ᠢ ᠢᠯᠭᠠᠬᠤ ᠲᠡᠮᠳᠡᠭ ᠢ ᠰᠢᠯᠵᠢᠭᠦᠯᠦᠨ ᠥᠭᠭᠦᠭᠰᠡᠨ᠂ ᠬᠠᠭᠤᠷᠮᠠᠭᠯᠠᠨ ᠵᠤᠬᠢᠶᠠᠭᠰᠠᠨ ᠪᠤᠶᠤ ᠬᠤᠪᠢᠷᠠᠭᠤᠯᠦᠨ ᠵᠤᠬᠢᠶᠠᠭᠰᠠᠨ ᠪᠠᠶᠢᠪᠠᠯ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠬᠠᠤᠯᠢ ᠶᠢ ᠵᠦᠷᠢᠴᠡᠵᠦ ᠤᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢᠯᠡᠯ᠂ ᠬᠢᠵᠢᠭ ᠤᠨ ᠪᠠᠶᠢᠴᠠᠭᠠᠯᠲᠠ ᠬᠢᠭᠰᠡᠨ ᠳᠠᠮᠳᠡᠭ ᠪᠤᠶᠤ ᠮᠠᠯ ᠵᠢᠭᠦᠷᠳᠡᠨ ᠢ ᠢᠯᠭᠠᠬᠤ ᠳᠡᠮᠳᠡᠭ ᠢ ᠨᠢ ᠬᠤᠷᠢᠶᠠᠨ ᠠᠪᠴᠤ᠂ ᠭᠤᠷᠪᠠᠨ ᠮᠢᠩᠭᠠᠨ ᠲᠦᠭᠦᠷᠢᠭ ᠠᠴᠠ ᠳᠡᠭᠡᠭᠰᠢ ᠭᠤᠷᠪᠠᠨ ᠲᠦᠮᠡᠨ ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠭᠦᠯᠦᠨ ᠰᠢᠢᠳᠭᠡᠨ᠎ᠡ᠃      ᠨᠠᠶᠠᠳᠤᠭᠠᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠳᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠵᠡᠷᠯᠢᠭ᠌ᠳᠠᠨ ᠵᠠᠯᠠᠷᠠᠭᠤᠯᠤᠭᠤᠯᠵᠤ᠂ ᠮᠢᠩᠭᠠᠨ ᠲᠦᠭᠦᠷᠢᠭ ᠠᠴᠠ ᠳᠡᠭᠡᠭᠰᠢ ᠲᠦᠮᠡᠨ ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠬᠤ ᠪᠠᠷ ᠰᠢᠢᠳᠭᠡᠨ᠎ᠡ᠄      ︵ᠨᠢᠭᠡ︶ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ ᠲᠡᠬᠦᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠬᠠᠤᠯᠢ ᠶᠤᠰᠤᠭᠠᠷ ᠭᠠᠷᠭᠠᠭᠰᠠᠨ ᠠᠮᠢᠲᠠᠨ ᠤ ᠬᠢᠵᠢᠭ ᠡᠪᠡᠳᠴᠢᠨ ᠢ ᠬᠢᠵᠠᠭᠠᠷᠯᠠᠬᠤ᠂ ᠠᠷᠢᠯᠭᠠᠬᠤ ᠲᠤᠬᠠᠢ ᠬᠤᠯᠪᠤᠭᠳᠠᠯ ᠪᠦᠬᠦᠢ ᠲᠤᠭᠳᠠᠭᠠᠯ ᠢ ᠵᠢᠷᠤᠮᠯᠠᠭᠰᠠᠨ ᠦᠭᠡᠢ︔      ︵ᠬᠤᠶᠠᠷ︶ ᠨᠢᠭᠡᠨᠲᠡ ᠬᠠᠤᠯᠢ ᠶᠤᠰᠤᠭᠠᠷ ᠲᠤᠰᠠᠭᠠᠷᠯᠠᠵᠤ᠂ ᠪᠢᠳᠡᠭᠦᠮᠵᠢᠯᠡᠵᠦ᠂ ᠰᠢᠢᠳᠪᠦᠷᠢᠯᠡᠭᠰᠡᠨ ᠠᠮᠢᠲᠠᠨ᠂ ᠠᠮᠢᠲᠠᠨ ᠤ ᠠᠰᠢᠭ ᠰᠢᠮ᠎ᠡ ᠶᠢ ᠨᠢᠭᠤᠨ ᠳᠠᠯᠳᠠᠯᠠᠵᠤ᠂ ᠰᠢᠯᠵᠢᠭᠦᠯᠵᠦ᠂ ᠬᠤᠯᠠᠭᠠᠶᠢᠯᠠᠨ ᠮᠠᠯᠲᠠᠭᠰᠠᠨ︔     ︵ᠭᠤᠷᠪᠠ︶ ᠠᠮᠢᠲᠠᠨ ᠤ ᠬᠢᠵᠢᠭ ᠤᠨ ᠪᠠᠶᠢᠳᠠᠯ ᠢ ᠨᠡᠶᠢᠳᠡᠯᠡᠭᠰᠡᠨ᠃      ᠨᠠᠶᠠᠨ ᠨᠢᠭᠡᠳᠦᠭᠡᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠠᠮᠢᠲᠠᠨ ᠢ ᠤᠨᠤᠰᠢᠯᠠᠨ ᠡᠮᠨᠡᠬᠦ ᠵᠦᠪᠰᠢᠶᠠᠷᠠᠯ ᠤᠨ ᠦᠨᠡᠮᠯᠡᠯ ᠤᠯᠤᠭᠰᠠᠨ ᠦᠭᠡᠢ ᠪᠠᠷ ᠠᠮᠢᠲᠠᠨ ᠢ ᠤᠨᠤᠰᠢᠯᠠᠨ ᠡᠮᠨᠡᠬᠦ ᠠᠵᠢᠯᠯᠠᠭ᠎ᠠ ᠬᠢᠭᠰᠡᠨ ᠪᠠᠶᠢᠪᠠᠯ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠤᠨᠤᠰᠢᠯᠠᠨ ᠡᠮᠨᠡᠬᠦ ᠠᠵᠢᠯᠯᠠᠭ᠎ᠠ ᠶᠢ ᠨᠢ ᠵᠡᠷᠯᠢᠭ᠌ᠳᠠᠨ ᠵᠤᠭᠰᠤᠭᠠᠵᠤ᠂ ᠬᠠᠤᠯᠢ ᠶᠢ ᠵᠦᠷᠢᠴᠡᠵᠦ ᠤᠯᠤᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ︔ ᠬᠠᠤᠯᠢ ᠶᠢ ᠵᠦᠷᠢᠴᠡᠵᠦ ᠤᠯᠤᠭᠰᠠᠨ ᠣᠯᠵᠠ ᠠᠰᠢᠭ ᠨᠢ ᠭᠤᠷᠪᠠᠨ ᠲᠦᠮᠡᠨ ᠲᠦᠭᠦᠷᠢᠭ ᠠᠴᠠ ᠳᠡᠭᠡᠭᠰᠢ ᠪᠠᠶᠢᠪᠠᠯ᠂ ᠬᠠᠤᠯᠢ ᠶᠢ ᠵᠦᠷᠢᠴᠡᠵᠦ ᠤᠯᠤᠭᠰᠠᠨ ᠣᠯᠵᠠ ᠠᠰᠢᠭ ᠤᠨ ᠬᠢᠨᠢ ᠨᠢᠭᠡ ᠳᠠᠬᠢᠨ ᠠᠴᠠ ᠳᠡᠭᠡᠭᠰᠢ ᠭᠤᠷᠪᠠᠨ ᠳᠠᠬᠢᠨ ᠠᠴᠠ ᠳᠤᠭᠤᠭᠰᠢ ᠵᠤᠭᠤᠰ ᠢᠶᠠᠷ ᠳᠤᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ ᠬᠠᠤᠯᠢ ᠶᠢ ᠵᠦᠷᠢᠴᠡᠵᠦ ᠤᠯᠤᠭᠰᠠᠨ ᠣᠯᠵᠠ ᠠᠰᠢᠭ ᠪᠠᠶᠢᠬᠤ ᠦᠭᠡᠢ ᠪᠤᠶᠤ ᠬᠠᠤᠯᠢ ᠶᠢ ᠵᠦᠷᠢᠴᠡᠵᠦ ᠤᠯᠤᠭᠰᠠᠨ ᠣᠯᠵᠠ ᠠᠰᠢᠭ ᠨᠢ ᠭᠤᠷᠪᠠᠨ ᠲᠦᠮᠡᠨ ᠲᠦᠭᠦᠷᠢᠭ ᠲᠤ ᠬᠦᠷᠬᠦ ᠦᠭᠡᠢ ᠪᠠᠶᠢᠪᠠᠯ᠂ ᠭᠤᠷᠪᠠᠨ ᠮᠢᠩᠭᠠᠨ ᠲᠦᠭᠦᠷᠢᠭ ᠠᠴᠠ ᠳᠡᠭᠡᠭᠰᠢ ᠭᠤᠷᠪᠠᠨ ᠲᠦᠮᠡᠨ ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠭᠦᠯᠦᠨ ᠰᠢᠢᠳᠭᠡᠨ᠎ᠡ᠂ ᠠᠮᠢᠲᠠᠨ ᠢ ᠤᠨᠤᠰᠢᠯᠠᠨ ᠡᠮᠨᠡᠬᠦ ᠪᠠᠶᠢᠭᠤᠯᠤᠮᠵᠢ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠠᠮᠢᠲᠠᠨ ᠤ ᠬᠢᠵᠢᠭ ᠡᠪᠡᠳᠴᠢᠨ ᠢ ᠲᠠᠷᠬᠠᠭᠠᠨ ᠳᠡᠯᠭᠡᠷᠡᠭᠦᠯᠦᠭᠰᠡᠨ ᠪᠠᠶᠢᠪᠠᠯ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠡᠯᠳᠠ ᠲᠠᠯᠪᠢᠬᠤ ᠪᠠᠶᠢᠭᠤᠯᠤᠮᠵᠢ ᠠᠴᠠ ᠵᠡᠷᠯᠢᠭ᠌ᠳᠠᠨ ᠵᠠᠯᠠᠷᠠᠭᠤᠯᠤᠭᠤᠯᠵᠤ᠂ ᠲᠦᠮᠡᠨ ᠲᠦᠭᠦᠷᠢᠭ ᠠᠴᠠ ᠳᠡᠭᠡᠭᠰᠢ ᠲᠠᠪᠤᠨ ᠲᠦᠮᠡᠨ ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠬᠤ ᠪᠠᠷ ᠰᠢᠢᠳᠭᠡᠨ᠎ᠡ︔ ᠦᠢᠯᠡ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠦᠨᠡᠮᠯᠡᠯ ᠤᠯᠭᠤᠭᠰᠠᠨ ᠪᠠᠶᠢᠭᠤᠯᠭ᠎ᠠ ᠠᠴᠠ ᠠᠮᠢᠲᠠᠨ ᠢ ᠤᠨᠤᠰᠢᠯᠠᠨ ᠡᠮᠨᠡᠬᠦ ᠵᠦᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃      ᠨᠠᠶᠠᠨ ᠬᠤᠶᠠᠳᠤᠭᠠᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠮᠠᠯ ᠡᠮᠨᠡᠯᠭᠡ ᠶᠢᠨ ᠠᠵᠢᠯ ᠡᠷᠬᠢᠯᠡᠬᠦ ᠳᠠᠩᠰᠠᠯᠡᠯᠲᠠ ᠬᠢᠯᠭᠡᠭᠰᠡᠨ ᠦᠭᠡᠢ ᠪᠠᠷ ᠠᠮᠢᠲᠠᠨ ᠢ ᠤᠨᠤᠰᠢᠯᠠᠨ ᠡᠮᠨᠡᠬᠦ ᠠᠵᠢᠯᠯᠠᠭ᠎ᠠ ᠬᠢᠭᠰᠡᠨ ᠪᠠᠶᠢᠪᠠᠯ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠠᠮᠢᠲᠠᠨ ᠢ ᠤᠨᠤᠰᠢᠯᠠᠨ ᠡᠮᠨᠡᠬᠦ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ᠂ ᠬᠠᠤᠯᠢ ᠶᠢ ᠵᠦᠷᠢᠴᠡᠵᠦ ᠤᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠮᠢᠩᠭᠠᠨ ᠲᠦᠭᠦᠷᠢᠭ ᠠᠴᠠ ᠳᠡᠭᠡᠭᠰᠢ ᠲᠦᠮᠡᠨ ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠭᠦᠯᠦᠨ ᠰᠢᠢᠳᠭᠡᠨ᠎ᠡ ᠠᠵᠢᠯ ᠡᠷᠬᠢᠯᠡᠬᠦ ᠮᠠᠯ ᠤᠨ ᠡᠮᠴᠢ ᠳᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠳᠣᠩᠭᠤᠳᠴᠤ᠂ ᠠᠮᠢᠲᠠᠨ ᠢ ᠤᠨᠤᠰᠢᠯᠠᠨ ᠡᠮᠨᠡᠬᠦ ᠠᠵᠢᠯᠯᠠᠭ᠎ᠠ ᠶᠢ ᠨᠢ ᠵᠢᠷᠭᠤᠭᠠᠨ ᠰᠠᠷ᠎ᠠ ᠠᠴᠠ ᠳᠡᠭᠡᠭᠰᠢ ᠨᠢᠭᠡ ᠵᠢᠯ ᠠᠴᠠ ᠳᠤᠭᠤᠭᠰᠢ ᠬᠤᠭᠤᠴᠠᠭ᠎ᠠ ᠲᠠᠢ ᠵᠠᠷᠯᠢᠭᠳᠠᠨ ᠲᠦᠷ ᠵᠤᠭᠰᠤᠭᠠᠨ᠎ᠠ︔ ᠦᠢᠯᠡ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠦᠨᠡᠮᠯᠡᠯ ᠤᠯᠭᠤᠭᠰᠠᠨ ᠪᠠᠶᠢᠭᠤᠯᠭ᠎ᠠ ᠠᠴᠠ ᠳᠠᠩᠰᠠᠯᠠᠭᠤᠯᠤᠭᠰᠠᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠄      ︵ᠨᠢᠭᠡ︶ ᠠᠮᠢᠲᠠᠨ ᠢ ᠤᠨᠤᠰᠢᠯᠠᠨ ᠡᠮᠨᠡᠬᠦ ᠠᠵᠢᠯᠯᠠᠭᠠᠨ ᠤ ᠬᠤᠯᠪᠤᠭᠳᠠᠯ ᠪᠥᠬᠦᠢ ᠮᠡᠷᠬᠡᠵᠢᠯ ᠤᠨ ᠵᠢᠷᠥᠮᠵᠢᠯ ᠢ ᠵᠦᠷᠢᠴᠡᠵᠦ᠂ ᠠᠮᠢᠲᠠᠨ ᠤ ᠬᠢᠵᠢᠭ ᠡᠪᠡᠳᠴᠢᠨ ᠢ ᠳᠠᠷᠬᠠᠭᠠᠵᠦ᠂ ᠳᠡᠯᠭᠡᠷᠡᠬᠦᠯᠦᠭᠰᠡᠨ ᠪᠤᠶᠤ ᠲᠠᠷᠬᠠᠭᠠᠵᠤ᠂ ᠳᠡᠯᠭᠡᠷᠡᠭᠦᠯᠬᠦ ᠪᠤᠯᠤᠯᠴᠠᠭ᠎ᠠ ᠲᠠᠢ ᠪᠤᠯᠭᠠᠭᠰᠠᠨ︔     ︵ᠬᠤᠶᠠᠷ︶ ᠤᠯᠤᠰ ᠤᠨ ᠳᠤᠭᠳᠠᠭᠠᠯ ᠳᠤ ᠨᠡᠶᠢᠴᠡᠬᠦ ᠦᠭᠡᠢ ᠮᠠᠯ ᠤᠨ ᠡᠮ ᠪᠠ ᠮᠠᠯ ᠡᠮᠨᠡᠯᠭᠡ ᠶᠢᠨ ᠪᠠᠭᠠᠵᠢ ᠬᠡᠷᠡᠭᠰᠡᠯ ᠢ ᠬᠡᠷᠡᠭᠯᠡᠭᠰᠡᠨ︔      ︵ᠭᠤᠷᠪᠠ︶ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠪᠤᠶᠦ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠱᠠᠭᠠᠷᠳᠠᠯᠭ᠎ᠠ ᠶᠤᠰᠤᠭᠠᠷ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠬᠡᠶᠢᠯᠡᠬᠦ᠂ ᠬᠢᠵᠠᠭᠠᠷᠯᠠᠬᠤ ᠪᠠ ᠠᠷᠢᠯᠭᠠᠬᠤ ᠠᠵᠢᠯᠯᠠᠭ᠎ᠠ ᠳᠤ ᠤᠷᠤᠯᠴᠠᠭᠰᠠᠨ ᠦᠭᠡᠢ᠃      ᠨᠠᠶᠠᠨ ᠭᠤᠷᠪᠠᠳᠤᠭᠠᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠠᠮᠢᠲᠠᠨ ᠤ ᠬᠢᠵᠢᠭ ᠡᠪᠡᠳᠴᠢᠨ ᠢ ᠰᠤᠳᠤᠯᠬᠤ᠂ ᠤᠨᠤᠰᠢᠯᠠᠨ ᠡᠮᠨᠡᠬᠦ ᠪᠠ ᠠᠮᠢᠲᠠᠨ ᠢ ᠳᠡᠵᠢᠭᠡᠬᠦ᠂ ᠨᠢᠳᠤᠯᠬᠤ᠂ ᠡᠵᠡᠩᠨᠡᠬᠦ᠂ ᠲᠤᠰᠠᠭᠠᠷᠯᠠᠬᠤ᠂ ᠳᠡᠭᠡᠭᠡᠪᠦᠷᠢᠯᠡᠬᠦ ᠵᠢᠴᠢ ᠠᠮᠢᠳ᠋ᠨᠨ ᠤ ᠠᠰᠢᠭ ᠰᠢᠮ᠎ᠡ ᠶᠢ ᠦᠢᠯᠡᠳᠪᠤᠷᠢᠯᠡᠬᠦ᠂ ᠡᠵᠡᠩᠨᠡᠬᠦ᠂ ᠪᠤᠯᠪᠠᠰᠤᠷᠠᠭᠤᠯᠬᠤ᠂ ᠬᠠᠳᠠᠭᠠᠯᠠᠬᠤ ᠵᠡᠷᠭᠡ ᠠᠵᠢᠯᠯᠠᠭ᠎ᠠ ᠡᠷᠬᠢᠯᠡᠵᠦ ᠪᠠᠶᠢᠭ᠎ᠠ ᠨᠢᠭᠡᠴᠢ ᠪᠤᠯᠣᠨ ᠬᠤᠪᠢ ᠬᠦᠮᠦᠨ ᠳᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠡᠯᠲᠡ ᠲᠠᠯᠪᠢᠬᠤ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠵᠠᠯᠠᠷᠠᠭᠤᠯᠬᠤ ᠶᠢ ᠳᠡᠪᠴᠢᠭᠰᠡᠨ ᠪᠠᠶᠢᠪᠠᠯ᠂ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠬᠢᠭᠰᠡᠨ ᠨᠢᠭᠡᠴᠢ ᠶᠢ ᠮᠢᠩᠭᠠᠨ ᠲᠦᠭᠦᠷᠢᠭ ᠠᠴᠠ ᠳᠡᠭᠡᠭᠰᠢ ᠲᠦᠮᠡᠨ ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠬᠤ ᠪᠠᠷ ᠰᠢᠳᠬᠡᠵᠦ᠂ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠬᠢᠭᠰᠡᠨ ᠬᠤᠪᠢ ᠬᠦᠮᠦᠨ ᠢ ᠲᠠᠪᠤᠨ ᠵᠠᠭᠤᠨ ᠲᠦᠭᠦᠷᠢᠭ ᠠᠴᠠ ᠳᠤᠭᠤᠭᠰᠢ ᠵᠤᠭᠤᠰ ᠢᠶᠠᠷ ᠲᠤᠷᠭᠠᠬᠤ ᠪᠠᠷ ᠰᠢᠢᠳᠭᠡᠨ᠎ᠡ᠄      ︵ᠨᠢᠭᠡ︶ ᠠᠮᠢᠲᠠᠨ ᠤ ᠬᠢᠵᠢᠭ ᠤᠨ ᠪᠠᠶᠢᠳᠠᠯ ᠢ ᠮᠡᠳᠡᠭᠦᠯᠬᠦ ᠡᠭᠦᠷᠭᠡ ᠪᠠᠨ ᠭᠦᠢᠴᠡᠳᠭᠡᠭᠰᠡᠨ ᠦᠭᠡᠢ︔      ︵ᠬᠤᠶᠠᠷ︶ ᠠᠮᠢᠳᠠᠨ ᠤ ᠬᠢᠵᠢᠭ ᠢ ᠰᠡᠷᠬᠡᠶᠢᠯᠡᠬᠦ ᠠᠵᠢᠯᠯᠠᠭ᠎ᠠ ᠳᠤ ᠬᠤᠯᠪᠤᠭᠳᠠᠬᠤ ᠮᠡᠲ᠋ᠧᠷᠢᠶᠠᠯ ᠢ ᠦᠨᠡᠨ ᠮᠦᠨ ᠢᠶᠠᠷ ᠨᠢ ᠬᠠᠩᠭᠠᠬᠰᠠᠨ ᠦᠭᠡᠢ︔      ︵ᠭᠤᠷᠪᠡ︶ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠬᠢᠨᠠᠨ ᠪᠠᠶᠢᠴᠠᠭᠠᠬᠤ ᠶᠢ ᠳᠡᠪᠴᠢᠭᠰᠡᠨ︔      ︵ᠳᠦᠷᠪᠡ︶ ᠠᠮᠢᠲᠠᠨ ᠤ ᠬᠢᠵᠢᠭ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ᠂ ᠰᠢᠯᠭᠠᠨ ᠬᠡᠮᠵᠢᠬᠦ ᠶᠢ ᠳᠡᠪᠴᠢᠭᠰᠡᠨ᠃      ᠨᠠᠶᠠᠨ ᠳᠦᠷᠪᠡᠳᠦᠭᠡᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠶᠡᠯ᠎ᠡ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠳ᠋ᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠠᠮᠢᠲᠠᠨ ᠤ ᠬᠢᠵᠢᠭ ᠡᠪᠡᠳᠴᠢᠨ ᠢ ᠳᠠᠷᠬᠠᠭᠠᠵᠦ᠂ ᠳᠡᠯᠭᠡᠷᠡᠭᠦᠯᠭᠦᠵᠡᠷᠭᠡ ᠳᠤ ᠬᠦᠷᠭᠡᠵᠦ᠂ ᠪᠤᠰᠤᠳ ᠤᠨ ᠪᠡᠶ᠎ᠡ ᠮᠠᠬᠠᠪᠤᠳ᠂ ᠡᠳ᠋ ᠬᠦᠷᠦᠩᠭᠡ ᠳᠤ ᠬᠤᠭᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠤᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ᠃      ᠠᠷᠪᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ      ᠨᠠᠶᠠᠨ ᠲᠠᠪᠤᠳᠤᠭᠠᠷ ᠵᠦᠢᠯ ᠲᠤᠰ ᠬᠠᠤᠯᠢ ᠶᠢ 2008 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠭᠡᠷᠡᠭᠵᠢᠭᠦᠯᠦᠨ᠎ᠠ᠃
         
        ᠢᠷᠡᠯᠲᠡ᠄ ᠦᠪᠦᠷ ᠮᠤᠩᠭᠤᠯ ᠤᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠰᠦᠯᠵᠢᠶ᠎ᠡ
         
         
        ᠬᠠᠮᠢᠶ᠎ᠠ ᠪᠥᠬᠦᠢ ᠰᠤᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号