内蒙古自治区农牧厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠲᠠᠷᠢᠶᠠᠯᠠᠨᠩ ᠬᠥᠳᠡᠭᠡ ᠲᠤᠰᠬᠤᠨ ᠤ ᠶᠠᠮᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠤ ︽ᠣᠳᠣᠬᠠᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠵᠢᠯ ᠤᠨ ᠵᠦᠭᠯᠡᠭᠦᠷ︾ ᠤᠨ ᠲᠤᠬᠠᠢ ᠲᠠᠶᠢᠯᠤᠮᠵᠢ
        ᠨᠡᠶᠢᠲᠡᠯᠡᠭᠰᠡᠨ ᠴᠠᠭ᠄
        2020/5/23
             ᠲᠥᠪ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠣᠶᠢᠷ᠎ᠠ ᠳᠤ ︽ᠣᠳᠣᠬᠠᠨ ᠤ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠵᠦᠭᠯᠡᠭᠦᠷ︾ ᠢ ᠳᠠᠷᠤᠮᠠᠯᠯᠠᠨ ᠲᠠᠷᠬᠠᠭᠠᠵᠤ᠂ ᠲᠠᠷᠢᠶᠠᠯᠠᠩ ᠬᠥᠳᠡᠭᠡ ᠲᠤᠰᠬᠤᠨ ᠤ ᠶᠠᠮᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ︽ᠵᠦᠭᠯᠡᠭᠦᠷ︾ ᠤᠨ ᠲᠤᠬᠠᠶ ᠭᠦᠨᠵᠡᠭᠡᠶ ᠲᠠᠶᠢᠯᠤᠮᠵᠢ ᠬᠢᠪᠠ᠃      ᠠᠮᠤ ᠪᠤᠳᠠᠭ᠎ᠠ ᠵᠡᠷᠭᠡ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠤ  ᠭᠠᠷᠤᠯᠲᠠ ᠶᠢ ᠲᠤᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢ ᠦᠨᠡᠨ ᠬᠦ ᠪᠠᠲᠤᠯᠠᠵᠤ᠂ ᠲᠠᠷᠢᠶᠠᠯᠠᠩ ᠤᠨ ᠦᠨᠳᠦᠰᠦ ᠰᠠᠭᠤᠷᠢ ᠶᠢ ᠲᠣᠭᠲᠠᠭᠤᠨ ᠪᠠᠶᠢᠯᠭᠠᠨ᠎ᠠ      ᠢᠴᠡᠭᠰᠡᠳ ᠬᠦᠳᠡᠯᠬᠦ ᠣᠶᠢᠷᠠᠳᠴᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠨᠢ ᠶᠠᠭᠠᠷᠠᠯᠲᠠᠢ ᠴᠠᠭ ᠲᠤ ᠬᠦᠷᠴᠦ ᠢᠷᠡᠮᠡᠷ ᠪᠤᠢ᠃ ᠲᠠᠷᠢᠶᠠᠯᠠᠩ ᠬᠥᠳᠡᠭᠡ ᠲᠤᠰᠬᠤᠨ ᠤ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠭᠠᠵᠤ ᠭᠠᠷᠭᠠᠭᠰᠠᠨ ᠨᠢ᠂ ᠰᠢᠨ᠎ᠡ   ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ  ᠲᠦᠯᠦᠪᠯᠡᠨ ᠰᠠᠶᠢᠲᠤᠷ ᠠᠳᠬᠤᠵᠤ᠂ ᠣᠷᠣᠨ ᠬᠤᠪᠢᠶᠠᠨ ᠱᠠᠲᠤ ᠬᠤᠪᠢᠶᠠᠵᠤ ᠦᠢᠯᠡᠳᠪᠦᠷᠢᠯᠡᠯ ᠤᠨ ᠡᠮᠬᠢ ᠳᠢᠭᠯᠢᠮ ᠢ  ᠰᠡᠷᠭᠦᠭᠡᠨ᠂ ᠴᠠᠭ ᠲᠣᠬᠢᠶᠠᠯ ᠢ ᠠᠯᠳᠠᠯ ᠦᠭᠡᠶ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠢ ᠰᠠᠶᠢᠲᠤᠷ  ᠠᠳᠬᠤᠨ᠂ ᠠᠮᠤ ᠪᠤᠳᠠᠭ᠎ᠠ ᠪᠣᠯᠤᠨ ᠲᠠᠷᠢᠶᠠᠯᠠᠩ ᠤᠨ ᠡᠯᠪᠡᠭ ᠬᠤᠷᠢᠶᠠᠯᠲᠠ ᠶᠢ ᠲᠡᠮᠡᠴᠡᠨ ᠣᠯᠤᠨ᠎ᠠ᠃ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ ︽ᠣᠳᠣᠬᠠᠨ ᠤ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠵᠦᠭᠯᠡᠭᠦᠷ︾ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠭᠡᠪᠡ᠃      ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢ ᠪᠡᠶᠡᠯᠡᠭᠦᠯᠬᠦ ᠵᠢᠯ ᠮᠥᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠤᠯᠬᠤ ᠶᠢᠨ  ᠰᠡᠭᠦᠯ ᠬᠤᠷᠢᠶᠠᠬᠤ ᠵᠢᠯ ᠮᠥᠨ᠃ ᠡᠶᠢᠮᠦ ᠨᠢᠭᠡᠨ ᠣᠨᠴᠠᠭᠠᠶ ᠵᠢᠯ ᠳᠤ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ  ᠭᠠᠷᠤᠯᠲᠠ ᠶᠢ ᠲᠤᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠦᠨᠡᠨ ᠬᠦ ᠪᠠᠲᠤᠯᠠᠵᠤ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠦᠨᠳᠦᠰᠦ ᠰᠠᠭᠤᠷᠢ ᠶᠢ ᠲᠣᠭᠲᠠᠪᠤᠷᠢᠵᠢᠭᠤᠯᠵᠤ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠰᠠᠭᠤᠷᠢ ᠴᠢᠯᠠᠭᠤᠨ ᠤ ᠦᠢᠯᠡᠳᠦᠯ ᠢ ᠰᠠᠶᠢᠲᠤᠷ ᠪᠠᠳᠠᠷᠠᠭᠤᠯᠬᠤ ᠨᠢ ᠣᠨᠴᠠᠭᠠᠶ ᠴᠢᠬᠤᠯᠠ ᠠᠴᠢ ᠬᠤᠯᠪᠣᠭᠳᠠᠯ ᠲᠠᠢ ᠶᠤᠮ᠃      ᠲᠠᠷᠢᠶᠠᠯᠠᠩ ᠬᠥᠳᠡᠭᠡ ᠲᠤᠰᠬᠤᠨ ᠤ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠭᠠᠵᠤ ᠭᠠᠷᠭᠠᠭᠰᠠᠨ ᠨᠢ᠂ ᠳᠤᠮᠳᠠᠳᠤ ᠤᠯᠤᠰ ᠤᠨ ᠬᠥᠮᠦᠨ ᠤ ᠪᠤᠳᠠᠭᠠᠨ ᠠᠶᠠᠭᠠᠨ ᠳᠣᠲᠣᠷ᠎ᠠ ᠭᠤᠣᠯᠳᠠᠭᠤ ᠳᠤᠮᠳᠠᠳᠤ ᠤᠯᠤᠰ ᠤᠨ ᠠᠮᠤ ᠪᠤᠳᠠᠭ᠎ᠠ  ᠶᠢ ᠰᠠᠪᠠᠯᠠᠪᠠᠯ᠂ ᠪᠦᠬᠦ ᠲᠠᠯ᠎ᠠ ᠪᠠᠷ ᠴᠢᠨᠡᠯᠢᠭᠵᠢᠬᠦ ᠰᠠᠶ᠋ᠢ ᠴᠢᠨᠠᠷ ᠰᠠᠶᠢᠲᠠᠶ ᠪᠣᠯᠵᠤ ᠴᠢᠳᠠᠨ᠎ᠠ ᠭᠡᠪᠡ᠃      ᠲᠦᠷᠦ ᠶᠢᠨ ᠪᠤᠳᠤᠯᠭ᠎ᠠ ᠶᠢ ᠲᠣᠭᠲᠠᠪᠤᠷᠢᠵᠢᠭᠤᠯᠵᠤ᠂ ᠲᠠᠯᠠᠪᠠᠢ ᠶᠢ ᠲᠣᠭᠲᠠᠪᠤᠷᠢᠵᠢᠭᠤᠯᠵᠤ᠂ ᠬᠤᠷᠢᠶᠠᠯᠲᠠ ᠶᠢ ᠲᠤᠭᠲᠠᠪᠤᠷᠢᠵᠢᠭᠤᠯᠬᠤ ᠪᠣᠯ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠪᠠᠲᠤᠯᠠᠭ᠎ᠠ ᠮᠥᠨ᠃ ︽ᠵᠦᠭᠯᠡᠭᠦᠷ︾ ᠲᠤ ᠱᠠᠭᠠᠷᠳᠠᠭᠰᠠᠨ ᠨᠢ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠬᠠᠪᠤᠷ ᠤᠨ ᠲᠠᠷᠢᠶᠠᠯᠠᠭ᠎ᠠ ᠶᠢᠨ ᠠᠮᠤ ᠪᠤᠳᠠᠭᠠᠨ ᠤ ᠲᠠᠯᠠᠪᠠᠢ ᠶᠢ ᠦᠨᠡᠨ ᠬᠦ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ ᠤ ᠮᠤᠵᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠪᠤᠳᠠᠲᠠᠶᠢᠵᠢᠭᠤᠯᠵᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ  ᠳᠠᠶᠢᠴᠢᠯᠠᠨ᠂ ᠬᠠᠪᠤᠷ ᠤᠨ ᠲᠠᠷᠢᠶᠠᠯᠠᠭ᠎ᠠ ᠶᠢᠨ ᠠᠮᠤ ᠪᠤᠳᠠᠭᠠᠨ ᠤ ᠲᠠᠯᠠᠪᠠᠢ ᠶᠢ ᠲᠤᠭᠲᠠᠪᠤᠷᠢᠵᠢᠭᠤᠯᠬᠤ ᠬᠡᠷᠡᠭᠲᠡᠢ᠃ ᠲᠠᠷᠢᠶᠠᠯᠠᠩ ᠬᠥᠳᠡᠭᠡ ᠲᠤᠰᠬᠤᠨ ᠤ ᠶᠠᠮᠤᠨ ᠤ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠡᠲᠡᠭᠡᠷ ᠦᠨᠡᠨ ᠪᠤᠳᠠᠲᠠᠢ ᠲᠦᠷᠢᠮ ᠤᠨ ᠬᠠᠩᠭᠠᠯᠭ᠎ᠠ ᠪᠣᠯ ᠣᠳᠣᠬᠠᠨ ᠤ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠢ ᠯᠠᠪᠳᠠᠭᠤᠨ ᠪᠠᠲᠤᠲᠠᠶ ᠪᠠᠷ ᠲᠦᠯᠬᠢᠨ ᠠᠬᠢᠭᠤᠯᠬᠤ ᠶᠢᠨ ᠵᠠᠩᠭᠢᠯᠠᠭ᠎ᠠ ᠮᠥᠨ ᠭᠡᠵᠡᠶ᠃ ᠨᠢᠭᠡ ᠲᠠᠯ᠎ᠠ ᠪᠠᠷ᠂ ᠤᠷᠢᠳᠴᠢᠯᠠᠨ ᠭᠠᠷᠳᠠᠨ ᠬᠢᠵᠦ᠂ ᠨᠢᠭᠡᠳᠦᠯᠲᠡᠢ ᠲᠦᠯᠦᠪᠯᠡᠨ ᠠᠷᠭ᠎ᠠ ᠰᠦᠪᠡᠭᠴᠢᠯᠡᠨ᠎ᠡ᠃ 3 ᠰᠠᠷ᠎ᠠ ᠶᠢᠨ ᠰᠡᠭᠦᠯᠴᠢ ᠶᠢᠨ ᠶᠡᠭᠡ ᠬᠡᠪᠴᠢᠶᠡᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠡᠬᠢᠯᠡᠬᠦ ᠠᠴᠠ ᠡᠮᠦᠨᠡᠬᠢ ᠨᠢᠭᠡ ᠰᠠᠷ᠎ᠠ ᠢᠯᠡᠭᠦᠤ ᠶᠢᠨ ᠴᠠᠭ ᠢ ᠠᠳᠬᠤᠵᠤ᠂ ︽ᠬᠦᠨᠡᠰᠦᠨ ᠤᠭᠤᠲᠠ︾ ᠶᠢ ᠮᠤᠵᠢ ᠶᠢᠨ ᠳᠠᠷᠤᠭ᠎ᠠ   ᠬᠠᠷᠢᠭᠤᠴᠠᠬᠤ ᠲᠦᠷᠢᠮ ᠢ ᠤᠯᠠᠮ ᠨᠢᠭᠡ ᠠᠯᠬᠤᠮ ᠴᠢᠩᠭᠠᠳᠬᠠᠨ ᠪᠤᠳᠠᠲᠠᠶᠢᠵᠢᠭᠤᠯᠵᠤ᠂ ᠡᠯ᠎ᠡ ᠭᠠᠵᠠᠷ ᠤᠨ ᠬᠢᠨ ᠴᠥᠮ ᠠᠮᠤ ᠪᠤᠳᠠᠭ᠎ᠠ ᠲᠠᠷᠢᠬᠤ ᠲᠠᠯᠠᠪᠠᠢ ᠪᠠ ᠤᠨᠠᠯᠲᠠ ᠶᠢᠨ ᠲᠤᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃ ᠡᠨᠡ ᠵᠢᠯ ᠤᠨ ᠦᠨᠵᠢᠵᠦ ᠲᠠᠷᠢᠬᠤ ᠲᠥᠯᠥᠪᠯᠡᠭᠡ ᠶᠢ ᠬᠡᠷᠡᠭᠵᠢᠭᠦᠯᠬᠦ ᠪᠠᠨ ᠲᠦᠷ ᠵᠤᠭᠰᠤᠭᠠᠨ᠂ ᠡᠭᠡᠯᠵᠢᠯᠡᠨ ᠲᠠᠷᠢᠬᠤ ᠳᠤ ᠴᠢᠳᠠᠬᠤ ᠶᠢᠨ ᠳᠣᠲᠣᠷ᠎ᠠ ᠪᠤᠰᠤᠳ ᠠᠮᠤ ᠪᠤᠳᠠᠭᠠᠨ ᠤ ᠲᠠᠷᠢᠮᠠᠯ ᠲᠠᠷᠢᠵᠤ᠂ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠠᠯᠠᠪᠠᠢ ᠶᠢ ᠲᠦᠷ ᠥᠷᠭᠡᠳᠬᠡᠬᠦ ᠦᠭᠡᠢ᠃ ᠨᠦᠭᠦᠭᠡ ᠲᠠᠯ᠎ᠠ ᠪᠠᠷ᠂ ᠴᠠᠭ ᠲᠣᠬᠢᠶᠠᠯ ᠢ ᠠᠮᠵᠢᠵᠤ᠂ ᠲᠠᠷᠢᠶᠠᠨ ᠭᠠᠵᠠᠷ ᠢ ᠪᠦᠳᠦᠭᠡᠨ ᠪᠠᠶᠢᠭᠤᠯᠤᠨ᠎ᠠ᠃ ᠡᠪᠦᠯ ᠬᠠᠪᠤᠷ ᠤᠨ ᠤᠯᠠᠷᠢᠯ ᠪᠣᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠃ ᠡᠨᠡ ᠵᠢᠯ ᠤᠨ ᠪᠦᠲᠦᠭᠡᠨ ᠪᠠᠶᠢᠭᠤᠯᠤᠯᠲᠠ ᠶᠢᠨ  ᠬᠠᠷᠠᠯᠲᠤ ᠡᠭᠦᠷᠭᠡ ᠶᠢᠨ ᠲᠤᠬᠠᠶ ᠵᠠᠳᠠᠯᠤᠯᠲᠠ ᠦᠨᠡᠯᠡᠯᠲᠡ ᠬᠢᠬᠦ ᠶᠢ ᠴᠢᠩᠭᠠᠳᠬᠠᠵᠤ᠂ ᠪᠠᠶᠢᠭᠤᠯᠵᠤ ᠪᠠᠶᠢᠭ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠠᠵᠢᠯ ᠢᠶᠠᠨ ᠰᠡᠷᠭᠦᠭᠡᠬᠦ ᠶᠢ ᠲᠦᠷᠭᠡᠳᠬᠡᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠳᠠᠷᠦ᠋ᠢᠬᠠᠨ ᠠᠵᠢᠯ ᠡᠬᠢᠯᠡᠬᠦ ᠶᠢ ᠲᠦᠯᠬᠢᠨ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ 2020 ᠤᠨ ᠳᠤ ᠪᠦᠲᠦᠭᠡᠨ ᠪᠠᠶᠢᠭᠤᠯᠤᠯᠲᠠ ᠶᠢᠨ ᠬᠠᠷᠠᠯᠲᠤ ᠡᠭᠦᠷᠭᠡ ᠶᠢ ᠪᠡᠶᠡᠯᠡᠭᠦᠯᠬᠦ ᠶᠢ  ᠦᠨᠡᠨ ᠬᠦ ᠪᠠᠲᠤᠯᠠᠬᠤ ᠬᠡᠷᠡᠭᠲᠡᠢ ᠭᠡᠪᠡ᠃      ᠵᠦᠷᠢᠶᠡᠴᠢᠯᠡᠭᠰᠡᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠣᠷᠣᠨ ᠬᠤᠪᠢᠶᠠᠨ ᠬᠠᠪᠤᠷ ᠤᠨ ᠬᠠᠮᠢᠶᠠᠷᠤᠯᠲᠠ ᠬᠠᠪᠤᠷ ᠤᠨ ᠲᠠᠷᠢᠶᠠᠯᠠᠭ᠎ᠠ ᠶᠢ ᠴᠠᠭ ᠲᠤᠬᠠᠶ ᠳᠤ ᠨᠢ ᠰᠠᠶᠢᠲᠤᠷ ᠠᠳᠬᠤᠨ᠎ᠠ      ᠣᠳᠣᠬᠠᠨ ᠳᠤ᠂ ᠲᠠᠷᠢᠶᠠᠨ ᠤ ᠲᠠᠷᠢᠮᠠᠯ ᠤᠨ ᠤᠷᠭᠤᠴᠠ ᠨᠢ ᠨᠡᠯᠢᠶᠡᠳ ᠰᠠᠶᠢᠨ ᠪᠠᠶᠢᠨ᠎ᠠ᠃ ᠡᠪᠦᠯ ᠤᠨ ᠪᠤᠭᠤᠳᠠᠢ ᠶᠢᠨ ᠲᠠᠯᠠᠪᠠᠢ ᠨᠢ 3.32 ᠳ᠋ᠦᠩᠰᠢᠭᠤᠷ ᠮᠦ᠂ ᠡᠪᠦᠯ ᠤᠨ ᠰᠢᠯᠢᠮᠳᠡᠭ ᠤᠨ ᠲᠠᠯᠠᠪᠠᠶ ᠨᠢ 9200 ᠲᠦᠮᠡᠨ ᠮᠦ᠂ ᠡᠪᠦᠯ ᠤᠨ ᠤᠯᠠᠷᠢᠯ ᠠᠴᠠ ᠡᠮᠦᠨ᠎ᠡ 11 ᠡᠪᠦᠯ ᠤᠨ ᠪᠤᠭᠤᠳᠠᠶ ᠶᠢᠨ ᠭᠤᠤᠯ ᠭᠠᠷᠤᠯᠲᠠ ᠶᠢᠨ ᠮᠤᠵᠢ ᠶᠢᠨ ᠨᠢᠭᠡᠳᠦᠭᠡᠷ ᠬᠤᠶᠠᠳᠤᠭᠠᠷ ᠲᠥᠷᠥᠯ ᠤᠨ ᠴᠢᠬᠢ ᠮᠣᠳᠣ ᠨᠢ 83.4 % ᠶᠢ  ᠡᠵᠡᠯᠡᠵᠦ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 2.7 ᠵᠠᠭᠤᠨ ᠤ  ᠴᠡᠭ ᠨᠡᠮᠡᠭᠳᠡᠨ᠂ ᠤᠷᠭᠤᠴᠠ ᠲᠦᠷᠦᠭᠦᠤ ᠵᠢᠯ ᠤᠨ ᠬᠢ ᠠᠴᠠ ᠢᠯᠡᠳᠲᠡ ᠲᠦᠷᠭᠡᠨ ᠪᠣᠯᠪᠠ᠃ ᠡᠪᠦᠯ ᠤᠨ ᠤᠯᠠᠷᠢᠯ ᠠᠴᠠ ᠨᠠᠭᠠᠰᠢ ᠠᠭᠠᠷ ᠤᠨ ᠳᠤᠯᠠᠭᠠᠨ ᠶᠡᠷᠦᠩᠬᠡᠶ ᠳᠤ ᠪᠠᠨ ᠥᠨᠳᠥᠷ ᠪᠠᠶᠢᠵᠤ᠂ ᠢᠯᠡᠷᠬᠡᠶ ᠬᠥᠯᠳᠡᠬᠦ ᠭᠠᠮᠰᠢᠭ ᠭᠠᠷᠤᠭᠰᠠᠨ ᠥᠬᠡᠶ᠃ ᠢᠯᠠᠩᠭᠤᠶ᠎ᠠ 1 ᠳ᠋ᠦ᠋ᠭᠡᠷ ᠰᠠᠷ᠎ᠠ ᠠᠴᠠ ᠨᠠᠭᠠᠰᠢ ᠡᠪᠦᠯ ᠤᠨ ᠪᠣᠭᠤᠳᠠᠶ ᠶᠢᠨ ᠣᠷᠣᠨ ᠳᠤ ᠣᠯᠠᠨ ᠤᠳᠠᠭ᠎ᠠ ᠶᠡᠭᠡ ᠬᠡᠪᠴᠢᠶᠡᠨ ᠤ ᠪᠣᠷᠣᠭᠠᠨ ᠴᠠᠰᠤ ᠤᠷᠤᠵᠤ᠂ ᠬᠥᠷᠥᠰᠥᠨ ᠤ ᠴᠢᠭᠢᠭ ᠤᠨ ᠪᠠᠶᠢᠳᠠᠯ ᠨᠡᠶᠢᠳᠡᠮ ᠳᠤ ᠪᠠᠨ ᠨᠡᠯᠢᠶᠡᠳ ᠰᠠᠶᠢᠨ ᠪᠠᠶᠢᠵᠤ᠂ ᠡᠪᠦᠯ ᠤᠨ ᠪᠣᠭᠤᠳᠠᠶ ᠨᠣᠭᠤᠭᠠᠷᠠᠬᠤ ᠳᠤ ᠮᠠᠰᠢ ᠠᠰᠢᠭᠲᠠᠢ ᠪᠤᠯᠤᠨ᠎ᠠ᠃ ᠣᠳᠣᠬᠠᠨ ᠳᠤ᠂ ᠪᠤᠭᠤᠳᠠᠢ ᠪᠠ ᠰᠢᠯᠢᠮᠳᠡᠭ ᠤᠨ ᠭᠤᠣᠯ ᠭᠠᠷᠤᠯᠲᠠ ᠶᠢᠨ ᠣᠷᠣᠨ ᠤ ᠨᠢᠭᠡᠳᠦᠭᠡᠷ ᠬᠤᠶᠠᠳᠤᠭᠠᠷ ᠲᠦᠷᠦᠯ ᠤᠨ ᠴᠢᠬᠢ ᠶᠢᠨ ᠬᠠᠷᠢᠴᠠᠯ ᠨᠢ ᠲᠤᠰ ᠲᠤᠰ 84.4% ᠪᠠ 83.3% ᠳᠤ ᠬᠦᠷᠴᠦ᠂ ᠵᠤᠨ ᠤ ᠤᠯᠠᠷᠢᠯ ᠤᠨ ᠠᠮᠤ ᠪᠤᠳᠠᠭ᠎ᠠ ᠲᠤᠰᠤᠨ ᠤ ᠡᠯᠪᠡᠭ ᠬᠤᠷᠢᠶᠠᠯᠲᠠ ᠤᠯᠬᠤ ᠳᠤ ᠠᠰᠢᠭᠲᠠᠢ ᠨᠥᠬᠦᠴᠡᠯ ᠢ ᠪᠦᠷᠢᠯᠳᠦᠭᠦᠯᠪᠡ᠃ ᠲᠠᠷᠢᠶᠠᠯᠠᠩ ᠬᠥᠳᠡᠭᠡ ᠲᠤᠰᠬᠤᠨ ᠤ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠭᠠᠵᠤ ᠭᠠᠷᠭᠠᠭᠰᠠᠨ ᠨᠢ᠂ ᠠᠰᠢᠭᠲᠠᠢ ᠴᠠᠭ ᠲᠣᠬᠢᠶᠠᠯ ᠢ ᠠᠳᠬᠤᠵᠤ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠢ ᠠᠳᠬᠤᠨ᠂ ᠨᠢᠭᠡ ᠲᠠᠯ᠎ᠠ ᠪᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠠᠳᠬᠤᠬᠤ ᠬᠡᠷᠡᠭᠲᠡᠶ᠃ ᠬᠤᠶᠠᠷ ᠲᠠᠯ᠎ᠠ ᠶᠢ ᠵᠡᠷᠭᠡ ᠪᠠᠷ ᠠᠳᠬᠤᠵᠤ᠂ ᠠᠯᠢ ᠶᠢ ᠴᠤ ᠰᠠᠭᠠᠲᠠᠭᠠᠵᠤ ᠪᠣᠯᠬᠤ ᠦᠭᠡᠢ᠃ ︽ᠵᠦᠭᠯᠡᠭᠦᠷ︾ ᠤᠨ ᠱᠠᠭᠠᠷᠳᠠᠯᠭ᠎ᠠ ᠶᠣᠰᠣᠭᠠᠷ᠂ ᠣᠷᠣᠨ ᠬᠤᠪᠢᠶᠠᠨ ᠬᠠᠪᠤᠷ ᠤᠨ ᠬᠠᠮᠢᠶᠠᠷᠤᠯᠲᠠ ᠬᠠᠪᠤᠷ ᠤᠨ ᠲᠠᠷᠢᠶᠠᠯᠠᠭ᠎ᠠ ᠶᠢ ᠴᠠᠭ ᠲᠤᠬᠠᠶ ᠳᠤ ᠨᠢ ᠰᠠᠶᠢᠲᠤᠷ ᠠᠳᠬᠤᠬᠤ ᠬᠡᠷᠡᠭᠲᠡᠶ᠃ ︽ᠵᠦᠭᠯᠡᠭᠦᠷ︾ ᠲᠤ᠂ ᠡᠮᠦᠨᠡᠲᠦ ᠣᠷᠣᠨ ᠤ ᠡᠷᠲᠡ ᠶᠢᠨ ᠲᠤᠲᠤᠷᠭ᠎ᠠ ᠶᠢᠨ ᠭᠠᠷᠤᠯᠲᠠ ᠶᠢᠨ ᠣᠷᠣᠨ ᠴᠢᠬᠢ ᠰᠠᠭᠤᠯᠭᠠᠵᠤ ᠪᠤᠶᠢᠵᠢᠭᠤᠯᠬᠤ ᠶᠢ ᠰᠠᠶᠢᠲᠤᠷ ᠠᠳᠬᠤᠵᠤ᠂ ᠵᠤᠨ ᠤ ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠪᠤᠭᠤᠳᠠᠶ ᠶᠢᠨ ᠲᠠᠷᠢᠶᠠᠨ ᠤ ᠬᠠᠮᠢᠶᠠᠷᠤᠯᠲᠠ ᠶᠢ ᠰᠠᠶᠢᠳᠤᠷ  ᠬᠢᠵᠦ᠂ ᠬᠥᠬᠡ ᠮᠥᠷᠡᠨ ᠤ ᠰᠠᠪᠠ ᠭᠠᠵᠠᠷ ᠤᠨ ᠵᠤᠨ ᠤ ᠲᠤᠲᠤᠷᠭ᠎ᠠ ᠶᠢᠨ ᠭᠠᠷᠤᠯᠲᠠ ᠶᠢᠨ ᠣᠷᠣᠨ ᠳᠤ ᠴᠢᠬᠢ ᠪᠤᠶᠢᠵᠢᠭᠤᠯᠬᠤ ᠪᠡᠯᠡᠳᠬᠡᠯ ᠢ ᠰᠠᠶᠢᠲᠤᠷ  ᠬᠢᠵᠦ᠂ ᠵᠡᠭᠦᠨ ᠬᠤᠶᠢᠲᠤ ᠪᠠ ᠪᠠᠷᠠᠭᠤᠨ ᠬᠤᠶᠢᠲᠤ ᠣᠷᠣᠨ ᠳᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠬᠠᠪᠤᠷ ᠤᠨ ᠤᠰᠤᠯᠠᠯᠲᠠ ᠳᠤ ᠬᠡᠷᠡᠭᠯᠡᠬᠦ ᠤᠰᠤᠨ ᠤ ᠲᠤᠬᠢᠷᠠᠭᠤᠯᠤᠯᠲᠠ ᠶᠢ ᠰᠠᠶᠢᠲᠤᠷ ᠬᠢᠬᠦ ᠬᠡᠷᠡᠭᠲᠡᠢ ᠭᠡᠪᠡ᠃      ᠬᠠᠪᠤᠷ ᠤᠨ ᠲᠠᠷᠢᠶᠠᠯᠠᠭ᠎ᠠ ᠨᠢ ᠲᠠᠷᠢᠶᠠᠯᠠᠬᠤ ᠴᠠᠭ ᠲᠤ ᠬᠠᠮᠤᠭ ᠠᠴᠠ ᠲᠣᠬᠢᠷᠠᠮᠵᠢᠲᠠᠶ  ᠪᠠᠶᠢᠳᠠᠭ᠃ ᠲᠠᠷᠢᠶᠠᠯᠠᠩ ᠬᠥᠳᠡᠭᠡ ᠲᠤᠰᠬᠤᠨ ᠤ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠴᠢᠬᠤᠯᠠᠴᠢᠯᠠᠭᠰᠠᠨ ᠨᠢ᠂ ᠬᠠᠪᠤᠷ ᠤᠨ ᠤᠯᠠᠷᠢᠯ ᠤᠨ ᠲᠠᠷᠢᠶᠠᠨ ᠭᠠᠵᠠᠷ ᠤᠨ ᠬᠠᠮᠢᠶᠠᠷᠤᠯᠲᠠ ᠨᠢ ᠵᠤᠨ ᠤ ᠠᠮᠤ ᠪᠤᠳᠠᠭ᠎ᠠ ᠲᠣᠰᠣᠨ ᠤ ᠬᠤᠷᠢᠶᠠᠯᠲᠠ ᠲᠠᠢ ᠬᠤᠯᠪᠣᠭᠳᠠᠬᠤ ᠪᠣᠯᠬᠤᠷ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃      ᠨᠢᠭᠡ ᠲᠠᠯ᠎ᠠ ᠪᠠᠷ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠢ ᠠᠳᠬᠤᠵᠤ᠂ ᠭᠠᠮᠰᠢᠭ ᠬᠤᠯᠪᠤᠯᠳᠤᠨ ᠬᠡᠰᠡᠭ ᠪᠦᠯᠦᠭ ᠢᠶᠠᠷ ᠡᠭᠦᠰᠬᠦ ᠠᠴᠠ ᠰᠡᠷᠭᠡᠶᠢᠯᠡᠬᠦ ᠬᠡᠷᠡᠭᠲᠡᠶ᠃ ᠬᠥᠬᠡ ᠮᠥᠷᠡᠨ ᠤ ᠳᠤᠮᠳᠠ ᠳᠣᠣᠷᠠᠳᠤ ᠤᠷᠤᠰᠬᠠᠯ ᠪᠠ ᠬᠠᠲᠤᠨ ᠭᠤᠣᠯ ᠬᠤᠸᠠᠶᠢᠾᠧ ᠭᠤᠣᠯ ᠤᠨ ᠬᠡᠰᠡᠭ ᠭᠠᠵᠠᠷ ᠲᠤ ᠨᠠᠮᠤᠷ ᠡᠪᠦᠯ ᠤᠨ ᠤᠯᠠᠷᠢᠯ  ᠵᠠᠯᠭᠠᠭ᠎ᠠ ᠪᠠᠷ ᠭᠠᠩ ᠬᠠᠭᠰᠠᠷᠭᠠᠨ ᠡᠭᠦᠰᠴᠦ᠂ ᠡᠨᠡ ᠵᠢᠯ ᠣᠷᠣᠨ ᠪᠦᠰᠡ ᠶᠢᠨ ᠴᠢᠨᠠᠷᠲᠠᠶ᠂ ᠱᠠᠲᠤ ᠦᠶ᠎ᠡ ᠶᠢᠨ ᠴᠢᠨᠠᠷᠲᠠᠶ ᠠᠭᠤᠷ ᠠᠮᠢᠰᠬᠤᠯ ᠡᠭᠦᠰᠬᠦ ᠨᠣᠷᠮ᠎ᠠ ᠨᠡᠯᠢᠶᠡᠳ ᠥᠨᠳᠥᠷ ᠪᠣᠯᠬᠤᠷ  ᠠᠷᠭᠠᠴᠠᠭᠠᠬᠤ ᠪᠡᠯᠡᠳᠬᠡᠯ ᠢ ᠰᠠᠶᠢᠲᠤᠷ ᠬᠢᠬᠦ ᠴᠢᠬᠤᠯᠠᠲᠠᠶ᠃ ᠰᠢᠨᠵᠢᠯᠡᠬᠦ ᠤᠬᠠᠭᠠᠨᠴᠢ ᠪᠠᠷ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠨ᠂ ᠣᠷᠣᠨ ᠪᠦᠰᠡ ᠶᠢᠨ ᠴᠢᠨᠠᠷᠲᠠᠶ ᠦᠷᠭᠦᠯᠵᠢᠯᠡᠭᠰᠡᠨ ᠴᠢᠨᠠᠷᠲᠠᠶ ᠭᠠᠮᠰᠢᠭ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠬᠦᠢᠲᠡᠨ ᠠᠴᠠ ᠰᠡᠷᠭᠡᠶᠢᠯᠡᠵᠦ ᠬᠥᠯᠳᠡᠬᠦ ᠶᠢ ᠰᠡᠷᠭᠡᠶᠢᠯᠡᠬᠦ ᠪᠠ ᠤᠰᠤᠲᠤᠯ ᠲᠠᠢ ᠲᠡᠮᠡᠴᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠢ ᠭᠤᠤᠯᠳᠠᠯᠭ᠎ᠠ ᠲᠠᠢ ᠰᠠᠶᠢᠲᠤᠷ  ᠠᠳᠬᠤᠬᠤ ᠬᠡᠷᠡᠭᠲᠡᠢ᠃ ᠳᠣᠤᠷ᠎ᠠ ᠳᠤᠯᠠᠭᠠᠨ ᠢ ᠰᠡᠷᠭᠡᠶᠢᠯᠡᠬᠦ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠬᠠᠪᠤᠷ ᠤᠨ ᠤᠯᠠᠷᠢᠯ ᠤᠨ ᠬᠥᠯᠳᠡᠬᠦ ᠭᠠᠮᠰᠢᠭ ᠤᠨ ᠠᠶᠤᠯ ᠲᠦᠭᠰᠢᠭᠦᠷᠢ ᠶᠢ ᠪᠠᠭᠤᠷᠠᠭᠤᠯᠵᠤ᠂ ᠴᠢᠬᠢ ᠮᠣᠳᠣ ᠶᠢᠨ ᠬᠤᠬᠢᠷᠠᠯ ᠢ ᠪᠠᠭᠠᠰᠬᠠᠬᠤ ᠬᠡᠷᠡᠭᠲᠡᠢ᠃ ᠤᠮᠠᠷᠠᠲᠤ ᠣᠷᠣᠨ ᠤ ᠳᠤᠮᠳᠠ ᠵᠡᠭᠦᠨ ᠬᠡᠰᠡᠭ᠂ ᠱᠠᠨᠳᠦ᠋ᠩ ᠬᠤᠶᠢᠭ ᠵᠡᠷᠭᠡ ᠡᠪᠦᠯ ᠤᠨ ᠪᠣᠭᠤᠳᠠᠶ ᠶᠢᠨ ᠭᠤᠤᠯ ᠭᠠᠷᠤᠯᠲᠠ ᠶᠢᠨ ᠣᠷᠣᠨ ᠤ ᠬᠤᠷ᠎ᠠ ᠲᠤᠨᠳᠠᠰᠤ ᠨᠢ ᠡᠩ ᠤᠨ ᠵᠢᠯ ᠤᠨ ᠬᠢ ᠠᠴᠠ ᠬᠤᠶᠠᠷ ᠬᠤᠪᠢ ᠠᠴᠠ ᠲᠠᠪᠤᠨ ᠬᠤᠪᠢ ᠢᠯᠡᠭᠦᠤ ᠪᠠᠶᠢᠵᠤ ᠮᠡᠳᠡᠨ᠎ᠡ᠂ ᠪᠠᠴᠢᠮ ᠪᠠᠶᠢᠳᠠᠯ ᠢ  ᠠᠷᠭᠠᠴᠠᠭᠠᠬᠤ ᠪᠡᠯᠡᠳᠬᠡᠯ ᠲᠥᠰᠦᠯ ᠢ ᠰᠠᠶᠢᠲᠤᠷ ᠬᠢᠬᠦ ᠬᠡᠷᠡᠭᠲᠡᠶ᠃ ᠡᠮᠦᠨᠡᠲᠦ ᠣᠷᠣᠨ ᠤ ᠵᠢᠶᠠᠩᠨᠠᠨ ᠣᠷᠣᠨ ᠤ ᠬᠡᠰᠡᠭ ᠭᠠᠵᠠᠷ ᠣᠷᠣᠨ ᠳᠤ ᠬᠠᠪᠤᠷ ᠭᠠᠩᠳᠠᠵᠤ᠂ ᠶᠠᠭ ᠰᠠᠶᠢᠬᠠᠨ ᠲᠠᠷᠢᠮᠠᠯ ᠤᠨ ᠤᠰᠤ ᠬᠡᠷᠡᠭᠰᠡᠬᠦ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠵᠤ᠂ ᠭᠠᠩ ᠬᠠᠭᠰᠠᠷᠠᠭᠠᠨ ᠲᠠᠢ ᠲᠡᠮᠡᠴᠡᠵᠦ ᠴᠢᠬᠢ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠨᠥᠭᠦᠭᠡ ᠲᠠᠯ᠎ᠠ ᠪᠠᠷ᠂ ᠤᠷᠭᠤᠴᠠ ᠬᠡᠳᠦ ᠰᠠᠶᠢᠨ ᠪᠠᠶᠢᠬᠤ ᠶᠢ ᠬᠢᠵᠠᠭᠠᠷᠯᠠᠨ ᠠᠨᠠᠢ ᠪᠠᠶᠢᠬᠤ ᠶᠢ ᠨᠢ ᠳᠡᠭᠡᠭᠰᠢᠯᠡᠭᠦᠯᠵᠦ᠂ ᠲᠠᠷᠢᠮᠠᠯ ᠤᠨ ᠤᠷᠭᠤᠴᠠ ᠶᠢᠨ ᠲᠡᠩᠴᠡᠭᠦᠷᠢ ᠶᠢ ᠠᠬᠢᠭᠤᠯᠬᠤ ᠬᠡᠷᠡᠭᠲᠡᠶ᠃ ᠣᠳᠣᠬᠠᠨ ᠳᠤ᠂ ᠴᠢᠬᠢ  ᠶᠢᠨ ᠪᠠᠶᠢᠳᠠᠯ ᠬᠤᠶᠠᠷ ᠲᠦᠢᠯ ᠲᠡᠰᠢ ᠢᠯᠭᠠᠷᠠᠬᠤ ᠶᠢ ᠠᠩᠬᠠᠷᠴᠤ᠂ ᠵᠠᠷᠢᠮ ᠭᠠᠵᠠᠷ ᠣᠷᠣᠨ ᠳᠤ ᠡᠷᠲᠡ ᠲᠠᠷᠢᠭᠰᠠᠨ ᠪᠣᠭᠤᠳᠠᠶ ᠶᠢᠨ ᠲᠠᠷᠢᠶ᠎ᠠ ᠶᠢᠨ ᠤᠷᠭᠤᠴᠠ ᠨᠢ ᠬᠡᠳᠦ ᠰᠠᠶᠢᠨ ᠪᠠᠶᠢᠵᠤ᠂ ᠬᠡᠪᠴᠢᠶ᠎ᠡ ᠨᠢ ᠨᠡᠯᠢᠶᠡᠳ ᠶᠡᠭᠡ ᠪᠠᠶᠢᠨ᠎ᠠ︔ ᠵᠠᠷᠢᠮ ᠭᠠᠵᠠᠷ ᠣᠷᠣᠨ ᠤ ᠪᠤᠭᠤᠳᠠᠶ ᠭᠠᠩ ᠬᠠᠭᠤᠷᠠᠶ ᠠᠴᠠ ᠪᠣᠯᠵᠤ ᠲᠠᠷᠢᠬᠤ ᠬᠤᠭᠤᠴᠠᠭ᠎ᠠ ᠨᠢ ᠬᠤᠶᠢᠰᠢᠯᠠᠵᠤ᠂ ᠤᠷᠭᠤᠴᠠ ᠨᠢ ᠪᠠᠭᠤᠷᠠᠶ ᠪᠠᠶᠢᠨ᠎ᠠ᠃ ᠡᠷᠲᠡᠬᠡᠨ ᠠᠷᠭ᠎ᠠ ᠬᠡᠮᠵᠢᠶ᠎ᠡ ᠠᠪᠴᠤ ᠪᠠᠶᠢᠭᠠᠳ ᠲᠥᠷᠥᠯ ᠬᠤᠪᠢᠶᠠᠨ ᠵᠢᠯᠣᠭᠤᠳᠬᠤ ᠪᠠᠨ ᠴᠢᠩᠭᠠᠳᠬᠠᠵᠤ᠂ ᠬᠡᠳᠦ ᠤᠷᠭᠤᠬᠤ ᠶᠢ ᠬᠢᠵᠠᠭᠠᠷᠯᠠᠵᠤ ᠤᠨᠠᠵᠤ ᠨᠠᠯᠠᠬᠤ ᠶᠢ ᠰᠡᠷᠭᠡᠶᠢᠯᠡᠬᠦ ᠪᠠ ᠤᠷᠭᠤᠴᠠ ᠪᠠᠭᠤᠷᠠᠶ ᠶᠢ ᠨᠢ ᠰᠠᠶᠢᠵᠢᠷᠠᠭᠤᠯᠬᠤ ᠶᠢ ᠭᠤᠤᠯᠳᠠᠯᠭ᠎ᠠ ᠲᠠᠢ ᠰᠠᠶᠢᠲᠤᠷ ᠬᠤᠪᠢᠷᠠᠭᠤᠯᠬᠤ ᠬᠡᠷᠡᠭᠲᠡᠶ᠃ ᠬᠥᠷᠥᠰᠥᠨ ᠤ ᠴᠢᠭᠢᠭ ᠤᠨ ᠪᠠᠶᠢᠳᠠᠯ ᠨᠢ ᠲᠣᠬᠢᠷᠠᠮᠵᠢᠲᠠᠶ᠂ ᠪᠣᠷᠳᠣᠭᠤᠷ ᠳᠤᠲᠠᠬᠤ ᠪᠠᠶᠢᠳᠠᠯ ᠭᠠᠷᠤᠭ᠎ᠠ ᠦᠭᠡᠢ ᠲᠠᠷᠢᠶᠠᠨ ᠳᠤ᠂ ᠪᠣᠷᠳᠣᠭᠤᠷ ᠣᠷᠣᠭᠤᠯᠬᠤ ᠴᠠᠭ ᠬᠤᠭᠤᠴᠠᠭ᠎ᠠ ᠶᠢ ᠵᠣᠬᠢᠰᠲᠠᠶ ᠬᠤᠶᠢᠰᠢᠯᠠᠭᠤᠯᠵᠤ᠂ ᠪᠤᠲᠠᠯᠠᠬᠤ ᠶᠢ ᠲᠣᠬᠢᠷᠠᠭᠤᠯᠵᠤ᠂ ᠵᠦᠶ ᠵᠣᠬᠢᠰᠲᠠᠶ ᠬᠡᠪᠴᠢᠶ᠎ᠡ ᠶᠢ ᠪᠠᠶᠢᠭᠤᠯᠬᠤ ᠬᠡᠷᠡᠭᠲᠡᠶ᠃ ᠤᠷᠭᠤᠴᠠ ᠪᠠᠷ ᠬᠡᠳᠦ ᠰᠠᠶᠢᠨ ᠪᠤᠭᠤᠳᠠᠢ ᠶᠢᠨ ᠲᠠᠷᠢᠶᠠᠨ ᠳᠤ ᠨᠢᠭᠡᠳᠦᠯᠲᠡᠢ ᠮᠧᠬᠠᠨᠢᠭ ᠢᠶᠠᠷ ᠲᠠᠭᠰᠢᠷᠠᠭᠤᠯᠵᠤ᠂ ᠰᠡᠭᠦᠯᠴᠢ ᠶᠢᠨ ᠬᠤᠭᠤᠴᠠᠭᠠᠨ ᠳᠤ  ᠤᠨᠠᠵᠤ ᠨᠠᠯᠠᠬᠤ ᠠᠴᠠ ᠰᠡᠷᠭᠡᠶᠢᠯᠡᠬᠦ ᠬᠡᠷᠡᠭᠲᠡᠢ᠃ ᠪᠣᠳᠠᠭᠠᠯᠢ ᠪᠡᠶ᠎ᠡ ᠨᠢ ᠪᠠᠭᠤᠷᠠᠶ᠂  ᠬᠡᠪᠴᠢᠶ᠎ᠡ ᠨᠢ ᠬᠦᠷᠦᠯᠴᠡᠬᠦ ᠦᠭᠡᠢ ᠤᠷᠤᠶᠢᠲᠠᠵᠤ ᠲᠠᠷᠢᠭᠰᠠᠨ ᠪᠤᠭᠤᠳᠠᠢ ᠶᠢ ᠠᠭᠠᠷ ᠤᠨ ᠳᠤᠯᠠᠭᠠᠨ ᠳᠠᠬᠢᠨ ᠳᠡᠭᠡᠭᠰᠢᠯᠡᠬᠦ ᠠᠰᠢᠭᠲᠠᠢ ᠴᠠᠭ ᠲᠣᠬᠢᠶᠠᠯ ᠢ ᠠᠳᠬᠤᠵᠤ᠂ ᠡᠷᠲᠡᠬᠡᠨ  ᠪᠣᠷᠳᠣᠭᠤᠷ ᠣᠷᠣᠭᠤᠯᠵᠤ᠂ ᠡᠷᠲᠡᠬᠡᠨ ᠶᠡᠬᠡᠪᠡᠷ ᠤᠰᠤᠯᠠᠵᠤ᠂ ᠡᠷᠲᠡ ᠪᠤᠲᠠᠯᠠᠬᠤ᠂ ᠢᠯᠡᠭᠦᠦ ᠪᠤᠲᠠᠯᠠᠬᠤ ᠶᠢ  ᠠᠬᠢᠭᠤᠯᠬᠤ ᠬᠡᠷᠡᠭᠲᠡᠢ᠃      ᠳᠡᠰ ᠬᠤᠪᠢᠶᠠᠨ ᠲᠥᠷᠥᠯ ᠬᠤᠪᠢᠶᠠᠨ᠂ ᠦᠢᠯᠡᠳᠪᠦᠷᠢᠯᠡᠯ ᠤᠨ ᠡᠮᠬᠢ ᠳᠢᠭᠯᠢᠮ ᠢ ᠰᠡᠷᠭᠦᠭᠡᠵᠦ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠨ᠎ᠠ      ᠣᠳᠣᠬᠠᠨ ᠳᠤ ᠣᠷᠣᠨ ᠬᠤᠪᠢᠶᠠᠨ ᠱᠠᠲᠤ ᠬᠤᠪᠢᠶᠠᠨ ᠵᠦᠷᠢᠶᠡᠴᠢᠯᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂  ᠲᠠᠷᠢᠶᠠᠯᠠᠬᠤ ᠴᠠᠭ ᠢ ᠰᠠᠭᠠᠲᠠᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠵᠤᠨ ᠤ ᠠᠮᠤ ᠪᠤᠳᠠᠭᠠᠨ ᠤ ᠡᠯᠪᠡᠭ ᠬᠤᠷᠢᠶᠠᠯᠲᠠ ᠣᠯᠬᠤ ᠶᠢ ᠪᠠᠲᠤᠯᠠᠬᠤ ᠬᠡᠷᠡᠭᠲᠡᠶ᠃ ᠲᠠᠷᠢᠶᠠᠯᠠᠩ ᠬᠥᠳᠡᠭᠡ ᠲᠤᠰᠬᠤᠨ ᠤ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠴᠢᠬᠤᠯᠠᠴᠢᠯᠠᠭᠰᠠᠨ ᠨᠢ᠂ ︽ᠵᠦᠭᠯᠡᠭᠦᠷ︾ ᠤᠨ ᠱᠠᠭᠠᠷᠳᠠᠯᠭ᠎ᠠ ᠶᠣᠰᠣᠭᠠᠷ᠂ ᠱᠠᠲᠤ ᠬᠤᠪᠢᠶᠠᠨ ᠲᠥᠷᠥᠯ ᠬᠤᠪᠢᠶᠠᠨ᠂  ᠦᠢᠯᠡᠳᠪᠦᠷᠢᠯᠡᠯ ᠤᠨ ᠡᠮᠬᠢ ᠳᠢᠭᠯᠢᠮ ᠢ ᠰᠡᠷᠭᠦᠭᠡᠵᠦ ᠲᠠᠷᠢᠶᠠᠯᠠᠩ ᠤᠨ  ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ ᠬᠡᠷᠡᠭᠲᠡᠢ ᠭᠡᠪᠡ᠃      ᠬᠠᠪᠤᠷ ᠤᠨ ᠲᠠᠷᠢᠶᠠᠯᠠᠭ᠎ᠠ ᠶᠢᠨ ᠡᠮᠬᠢ ᠳᠢᠭᠯᠢᠮ ᠤᠨ ᠲᠠᠯ᠎ᠠ ᠪᠠᠷ᠂ ︽ᠵᠦᠭᠯᠡᠭᠦᠷ︾ ᠲᠤ  ᠱᠠᠭᠠᠷᠳᠠᠭᠰᠠᠨ ᠨᠢ᠂ ᠳᠡᠰ ᠬᠤᠪᠢᠶᠠᠨ ᠲᠥᠷᠥᠯ ᠬᠤᠪᠢᠶᠠᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠡᠮᠬᠢ ᠳᠢᠭᠯᠢᠮ ᠢ ᠲᠦᠷᠭᠡᠨ ᠰᠡᠷᠭᠦᠭᠡᠵᠦ᠂ ᠬᠥᠳᠡᠭᠡ ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠢ ᠨᠠᠷᠢᠯᠢᠭᠵᠢᠭᠤᠯᠵᠤ᠂  ᠲᠦᠭᠰᠢᠭᠦᠷᠢ ᠪᠠᠭᠠᠲᠠᠢ ᠭᠠᠵᠠᠷ ᠣᠷᠣᠨ ᠤ ᠦᠢᠯᠡᠳᠪᠦᠷᠢᠯᠡᠯ ᠤᠨ ᠡᠮᠬᠢ ᠳᠢᠭᠯᠢᠮ ᠢ ᠪᠦᠬᠦ ᠲᠠᠯ᠎ᠠ ᠪᠠᠷ ᠰᠡᠷᠭᠦᠭᠡᠬᠦ ᠬᠡᠷᠡᠭᠲᠡᠢ᠃ ᠳᠤᠮᠳᠠ ᠵᠡᠷᠭᠡ ᠶᠢᠨ ᠠᠶᠤᠯ ᠲᠦᠭᠰᠢᠭᠦᠷᠢᠲᠦ ᠭᠠᠵᠠᠷ ᠣᠷᠣᠨ ᠤ ᠬᠢᠨ ᠦᠢᠯᠡᠳᠪᠦᠷᠢᠯᠡᠯ ᠤᠨ ᠡᠮᠬᠢ ᠳᠢᠭᠯᠢᠮ ᠢ ᠡᠮᠬᠢ ᠵᠢᠷᠤᠮ ᠲᠠᠢ ᠪᠠᠷ  ᠰᠡᠷᠭᠦᠭᠡᠬᠦ ᠬᠡᠷᠡᠭᠲᠡᠢ᠃ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠲᠠᠷᠢᠶᠠᠯᠠᠩ ᠤᠨ  ᠦᠢᠯᠡᠳᠪᠦᠷᠢᠯᠡᠯ ᠢ ᠯᠠᠪᠳᠠᠭᠤᠨ ᠢᠶᠠᠷ ᠰᠡᠷᠭᠦᠭᠡᠬᠦ ᠬᠡᠷᠡᠭᠲᠡᠢ᠃ ᠲᠠᠷᠢᠶᠠᠯᠠᠩ ᠬᠥᠳᠡᠭᠡ ᠲᠤᠰᠬᠤᠨ ᠤ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠪᠣᠳᠠᠲᠤ ᠪᠠᠶᠢᠳᠠᠯ ᠳᠤ ᠰᠠᠭᠤᠷᠢᠯᠠᠨ ᠣᠷᠣᠨ ᠬᠤᠪᠢᠶᠠᠨ ᠲᠦᠷᠦᠯ ᠬᠤᠪᠢᠶᠠᠨ ᠨᠠᠷᠢᠯᠢᠭ ᠤᠨᠤᠪᠴᠢᠲᠠᠢ ᠵᠢᠯᠣᠭᠤᠳᠬᠤ ᠠᠵᠢᠯ ᠢ ᠰᠠᠶᠢᠲᠤᠷ ᠬᠢᠵᠦ᠂ ᠡᠯ᠎ᠡ ᠭᠠᠵᠠᠷ ᠤᠨ ᠬᠢᠨ ᠣᠷᠣᠨ ᠬᠤᠪᠢᠶᠠᠨ ᠳᠡᠰ ᠬᠤᠪᠢᠶᠠᠨ ᠵᠦᠷᠢᠶᠡᠴᠢᠯᠡᠭᠰᠡᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ ᠳᠣᠣᠷ᠎ᠠ᠂ ᠳᠤᠮᠳᠠ ᠠᠶᠤᠯ ᠲᠦᠭᠰᠢᠭᠦᠷᠢᠲᠡᠶ ᠭᠠᠵᠠᠷ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠢ ᠪᠦᠬᠦ ᠬᠦᠴᠦᠨ ᠢᠶᠠᠷ ᠰᠡᠷᠭᠦᠭᠡᠵᠦ᠂ ᠵᠠᠩᠭᠢᠯᠠᠭ᠎ᠠ ᠶᠢᠨ  ᠲᠠᠷᠢᠶᠠᠯᠠᠬᠤ ᠴᠠᠭ ᠤᠯᠠᠷᠢᠯ ᠢ ᠠᠳᠬᠤᠨ᠂ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠳᠤᠷ ᠬᠢᠬᠦ ᠶᠢ ᠵᠢᠯᠣᠭᠤᠳᠤᠨ ᠲᠦᠯᠬᠢᠨ ᠠᠬᠢᠭᠤᠯᠬᠤ ᠶᠢᠨ ᠬᠠᠮᠲᠤ᠂ ᠲᠠᠷᠢᠶᠠᠴᠢᠳ ᠢ ᠴᠠᠭ ᠲᠤᠬᠠᠶ ᠳᠤ ᠨᠢ ᠳᠠᠶᠢᠴᠢᠯᠠᠨ ᠲᠠᠷᠢᠶᠠᠨ ᠭᠠᠵᠠᠷ ᠲᠤ ᠪᠠᠭᠤᠯᠭᠠᠵᠤ᠂ ᠲᠠᠷᠢᠶᠠᠯᠠᠩ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠰᠦᠯᠵᠢᠶᠡᠨ ᠳᠡᠭᠡᠷ᠎ᠡ ᠵᠢᠯᠣᠭᠤᠳᠬᠤ  ᠦᠢᠯᠡᠴᠢᠯᠡᠭᠡ ᠶᠢ ᠦᠷᠨᠢᠭᠦᠯᠵᠦ᠂ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠶᠡᠷᠦ ᠪᠤᠰᠤ ᠶᠢᠨ ᠴᠠᠭ ᠠᠭᠤᠷ ᠪᠣᠯᠤᠨ ᠡᠪᠡᠳᠴᠢᠨ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠵᠦ ᠰᠡᠷᠭᠡᠶᠢᠯᠡᠬᠦ  ᠶᠢ ᠴᠢᠩᠭᠠᠷᠠᠭᠤᠯᠵᠤ᠂ ᠵᠤᠨ ᠤ ᠤᠯᠠᠷᠢᠯ ᠤᠨ ᠠᠮᠤ ᠪᠤᠳᠠᠭ᠎ᠠ ᠲᠤᠰᠤᠨ ᠤ ᠡᠯᠪᠡᠭ ᠬᠤᠷᠢᠶᠠᠯᠲᠠ ᠶᠢ ᠪᠦᠬᠦ ᠬᠦᠴᠦᠨ ᠢᠶᠠᠷ ᠢᠶᠠᠨ ᠲᠡᠮᠡᠴᠡᠨ ᠣᠯᠬᠤ ᠬᠡᠷᠡᠭᠲᠡᠶ᠃ ᠬᠤᠪᠸᠢ ᠵᠢᠴᠢ ᠡᠷᠭᠢᠨ ᠲᠣᠭᠤᠷᠢᠨ ᠤ ᠬᠢᠵᠢᠭ ᠤᠨ ᠪᠠᠶᠢᠳᠠᠯ ᠨᠡᠯᠢᠶᠡᠳ ᠬᠦᠨᠳᠦ ᠭᠠᠵᠠᠷ ᠣᠷᠣᠨ ᠳᠤ᠂ ᠲᠤᠰᠬᠠᠢ ᠲᠥᠰᠦᠯ ᠲᠣᠭᠲᠠᠭᠠᠵᠤ᠂ ᠨᠠᠷᠢᠯᠢᠭ ᠤᠨᠤᠪᠴᠢᠲᠠᠢ ᠵᠢᠯᠣᠭᠤᠳᠬᠤ ᠠᠵᠢᠯ ᠢ ᠰᠠᠶᠢᠲᠤᠷ ᠬᠢᠵᠦ᠂ ᠲᠠᠷᠢᠶᠠᠨ ᠡᠮ ᠳᠤᠲᠠᠭᠳᠠᠵᠤ ᠪᠠᠶᠢᠬᠤ᠂ ᠲᠠᠷᠢᠶᠠᠴᠢᠳ ᠲᠠᠷᠢᠶᠠᠨ ᠭᠠᠵᠠᠷ ᠲᠤ ᠪᠠᠭᠤᠵᠤ ᠴᠢᠳᠠᠬᠤ ᠦᠭᠡᠢ ᠪᠠᠶᠢᠬᠤ ᠵᠡᠷᠭᠡ ᠪᠣᠳᠠᠲᠠᠢ ᠬᠦᠴᠢᠷᠳᠡᠯ ᠢ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ ᠭᠡᠪᠡ᠃      ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ ᠲᠠᠯ᠎ᠠ ᠪᠠᠷ᠂ ︽ᠵᠦᠭᠯᠡᠭᠦᠷ︾ ᠲᠤ ᠱᠠᠭᠠᠷᠳᠠᠭᠰᠠᠨ ᠨᠢ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠣᠰᠬᠤᠨ ᠳᠤ ᠡᠷᠦᠬᠡ ᠳᠤ ᠬᠦᠷᠭᠡᠬᠦ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠣᠳᠣᠬᠠᠨ ᠳᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠡᠳ᠋ ᠪᠣᠳᠠᠰ ᠤᠨ ᠬᠠᠩᠭᠠᠯᠭ᠎ᠠ ᠨᠢ ᠭᠦᠢᠴᠡᠳ᠂ ᠪᠠᠲᠤᠯᠠᠭ᠎ᠠ ᠨᠢ ᠬᠦᠴᠦᠲᠡᠢ ᠪᠠᠶᠢᠵᠤ᠂ ᠬᠠᠪᠤᠷ ᠤᠨ ᠲᠠᠷᠢᠶᠠᠯᠠᠩ ᠤᠨ ᠦᠢᠯᠡᠳᠪᠦᠷᠢᠯᠡᠯ ᠤᠨ ᠤᠷᠤᠭᠰᠢᠲᠠᠢ ᠠᠬᠢᠭᠳᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠪᠦᠬᠦ ᠤᠯᠤᠰ ᠤᠨ ᠬᠠᠪᠤᠷ ᠤᠨ ᠤᠯᠠᠷᠢᠯ ᠤᠨ ᠦᠷ᠎ᠡ ᠴᠢᠬᠢ ᠡᠭᠦᠯᠳᠡᠷ ᠤᠨ ᠮᠠᠯ ᠵᠢᠭᠦᠷᠲᠡᠨ ᠤ ᠬᠠᠩᠭᠠᠯᠭ᠎ᠠ ᠶᠢᠨ ᠶᠡᠷᠦᠩᠬᠡᠶ ᠬᠡᠮᠵᠢᠶ᠎ᠡ ᠨᠢ ᠣᠳᠣᠬᠠᠨ ᠤ ᠮᠠᠯ ᠠᠵᠤ ᠠᠬᠤᠶ ᠪᠣᠯᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠦᠷ᠎ᠡ ᠶᠢᠨ ᠬᠡᠷᠡᠭᠴᠡᠭᠡ ᠶᠢ ᠪᠠᠲᠤᠯᠠᠵᠤ᠂ ᠪᠦᠬᠦ ᠤᠯᠤᠰ ᠤᠨ ᠬᠢᠮᠢ ᠶᠢᠨ ᠪᠤᠷᠳᠤᠭᠤᠷ ᠤᠨ ᠬᠠᠩᠭᠠᠯᠭ᠎ᠠ ᠶᠢᠨ ᠬᠡᠮᠵᠢᠶ᠎ᠡ ᠭᠦᠢᠴᠡᠳ ᠪᠠᠶᠢᠨ᠎ᠠ᠃ ᠣᠳᠣᠬᠠᠨ ᠳᠤ᠂ ᠪᠦᠬᠦ ᠤᠯᠤᠰ ᠤᠨ ᠡᠷᠳᠡᠨᠢ ᠰᠢᠰᠢ ᠶᠢᠨ ᠦᠷ᠎ᠡ ᠶᠢᠨ 2020 ᠣᠨ ᠤ ᠬᠡᠷᠡᠭᠰᠡᠬᠦ ᠬᠡᠮᠵᠢᠶ᠎ᠡ ᠨᠢ ᠵᠢᠱᠢᠯᠲᠡ ᠪᠠᠷ 10.6 ᠳ᠋ᠦᠩᠰᠢᠭᠤᠷ ᠺᠢᠯᠣᠭ᠍ᠷᠠᠮ ᠳᠤ ᠬᠦᠷᠴᠦ᠂ ᠤᠳᠤ ᠬᠠᠩᠭᠠᠵᠤ ᠪᠠᠶᠢᠭ᠎ᠠ ᠦᠷ᠎ᠡ ᠶᠢᠨ ᠶᠡᠷᠦᠩᠬᠡᠶ ᠬᠡᠮᠵᠢᠶ᠎ᠡ ᠨᠢ 16.4 ᠳ᠋ᠦᠩᠰᠢᠭᠤᠷ ᠺᠢᠯᠣᠭ᠍ᠷᠠᠮ ᠪᠣᠯᠤᠨ᠎ᠠ᠃ ᠡᠷᠯᠢᠰᠡᠵᠢᠭᠦᠯᠦᠭᠰᠡᠨ ᠲᠤᠲᠤᠷᠭ᠎ᠠ ᠶᠢᠨ ᠦᠷ᠎ᠡ ᠶᠢᠨ ᠬᠡᠷᠡᠭᠰᠡᠬᠦ ᠬᠡᠮᠵᠢᠶ᠎ᠡ ᠨᠢ ᠵᠢᠱᠢᠯᠲᠡ ᠪᠠᠷ 2.1 ᠳ᠋ᠦᠩᠰᠢᠭᠤᠷ  ᠺᠢᠯᠤᠭ᠍ᠷᠡᠮ ᠳᠤ ᠬᠦᠷᠴᠦ᠂ ᠤᠳᠤ ᠪᠠᠶᠢᠭ᠎ᠠ ᠦᠷ᠎ᠡ ᠬᠠᠩᠭᠠᠬᠤ ᠶᠡᠷᠦᠩᠬᠡᠶ ᠬᠡᠮᠵᠢᠶ᠎ᠡ ᠨᠢ 4 ᠳ᠋ᠦᠩᠰᠢᠭᠤᠷ ᠺᠢᠯᠣᠭ᠍ᠷᠠᠮ ᠪᠤᠢ᠃ ᠡᠭᠦᠨ ᠠᠴᠠ ᠭᠠᠳᠠᠨ᠎ᠠ᠂ ᠨᠢᠭᠡᠳᠦᠭᠡᠷ ᠤᠯᠠᠷᠢᠯ ᠳᠤ ᠠᠽᠣᠲ ᠪᠣᠷᠳᠣᠭᠤᠷ ᠤᠨ ᠬᠠᠩᠭᠠᠵᠤ ᠪᠣᠯᠬᠤ ᠡᠬᠢ ᠪᠠᠶᠠᠯᠢᠭ ᠤᠨ ᠬᠡᠮᠵᠢᠶ᠎ᠡ ᠨᠢ ᠪᠠᠷᠤᠭ 1300 ᠲᠦᠮᠡᠨ ᠲᠣᠨ᠂ ᠹᠣᠰᠹᠣᠷ ᠪᠣᠷᠳᠤᠭᠤᠷ ᠬᠠᠩᠭᠠᠬᠤ ᠡᠬᠢ ᠪᠠᠶᠠᠯᠢᠭ ᠤᠨ ᠬᠡᠮᠵᠢᠶ᠎ᠡ ᠨᠢ 600 ᠭᠠᠷᠤᠶ ᠲᠦᠮᠡᠨ ᠲᠣᠨ᠂ ᠺᠠᠯᠢ ᠪᠣᠷᠳᠤᠭᠤᠷ ᠬᠠᠩᠭᠠᠬᠤ ᠡᠬᠢ ᠪᠠᠶᠠᠯᠢᠭ ᠤᠨ ᠬᠡᠮᠵᠢᠶ᠎ᠡ ᠨᠢ 800 ᠭᠠᠷᠤᠶ ᠲᠦᠮᠡᠨ ᠲᠣᠨ᠂ ᠨᠢᠳᠤᠨᠤᠨ ᠵᠢᠯ ᠤᠨ ᠡᠴᠦᠰ ᠲᠤ ᠲᠠᠷᠢᠶᠠᠨ ᠡᠮ ᠤᠨ ᠬᠠᠳᠠᠭᠠᠯᠠᠭᠳᠠᠴᠠ ᠶᠢᠨ ᠬᠡᠮᠵᠢᠶ᠎ᠡ ᠨᠢ 9.3 ᠲᠦᠮᠡᠨ ᠲᠣᠨ ᠪᠣᠯᠤᠨ᠎ᠠ᠃      ᠳᠡᠰ ᠬᠤᠪᠢᠶᠠᠨ ᠲᠦᠷᠦᠯ ᠬᠤᠪᠢᠶᠠᠨ᠂ ᠦᠢᠯᠡᠳᠪᠦᠷᠢᠯᠡᠯ ᠤᠨ ᠡᠮᠬᠢ ᠵᠢᠷᠤᠮ ᠢ ᠰᠡᠷᠭᠦᠭᠡᠵᠦ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ ᠶᠠᠪᠤᠳᠠᠯ ᠲᠦᠢᠯ ᠤᠨ ᠲᠤᠯᠭᠠᠮ ᠱᠠᠭᠠᠷᠳᠠᠭᠳᠠᠵᠤ ᠪᠠᠶᠢᠨ᠎ᠠ᠃ ᠲᠠᠷᠢᠶᠠᠯᠠᠩ ᠬᠥᠳᠡᠭᠡ ᠲᠤᠰᠬᠤᠨ ᠤ ᠶᠠᠮᠤᠨ ᠤ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠡᠯ᠎ᠡ ᠭᠠᠵᠠᠷ ᠤᠨ ᠬᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠢ ᠰᠡᠷᠭᠦᠭᠡᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠤᠨ ᠡᠭᠦᠳᠡ ᠪᠠᠨ ᠨᠡᠭᠡᠭᠡᠵᠦ ᠡᠵᠡᠩᠨᠡᠬᠦ ᠶᠢ ᠲᠦᠷᠭᠡᠳᠬᠡᠵᠦ᠂ ᠲᠠᠷᠢᠶᠠᠨ ᠦᠷ᠎ᠡ᠂ ᠪᠣᠷᠳᠣᠭᠤᠷ᠂ ᠲᠠᠷᠢᠶᠠᠨ ᠡᠮ᠂ ᠴᠠᠶᠢᠶ᠋ᠢᠦ ᠲᠣᠰᠣ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠢᠯᠵᠢᠭᠦᠯᠦᠨ ᠲᠡᠭᠡᠭᠡᠪᠦᠷᠢᠯᠡᠬᠦ ᠨᠥᠭᠡᠴᠡᠯᠡᠬᠦ ᠠᠵᠢᠯ ᠢ ᠤᠷᠢᠳᠴᠢᠯᠠᠨ ᠰᠠᠶᠢᠲᠤᠷ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠢᠯᠵᠢᠭᠦᠯᠦᠨ ᠲᠡᠭᠡᠭᠡᠪᠦᠷᠢᠯᠡᠬᠦ ᠳᠤ ᠰᠢᠭᠤᠳ ᠨᠡᠪᠲᠡᠷᠡᠬᠦ ᠲᠡᠷᠭᠡ ᠬᠡᠷᠡᠭᠯᠡᠬᠦ ᠶᠢ ᠪᠣᠳᠣᠯᠬᠢᠯᠠᠵᠤ᠂ ᠲᠤᠰᠬᠠᠶ ᠠᠩᠭᠢ ᠶᠢᠨ ᠲᠣᠬᠢᠷᠠᠭᠤᠯᠤᠯᠲᠠ ᠬᠢᠵᠦ᠂ ᠠᠯᠢ ᠲᠦᠷᠭᠡᠨ ᠢᠶᠠᠷ ᠳᠡᠯᠭᠡᠭᠦᠷ ᠲᠤ ᠬᠦᠷᠬᠦ ᠲᠣᠰᠬᠤᠨ ᠳᠤ ᠬᠦᠷᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠲᠠᠷᠢᠶᠠᠯᠠᠩ ᠤᠨ ᠮᠠᠰᠢᠨ ᠲᠣᠬᠢᠷᠠᠭᠤᠯᠬᠤ ᠪᠠ ᠪᠠᠶᠢᠴᠠᠭᠠᠨ  ᠰᠡᠯᠪᠢᠬᠦ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠮᠠᠰᠢᠨ ᠤ ᠣᠷᠣᠨ ᠠᠯᠤᠰᠯᠠᠨ ᠠᠵᠢᠯᠯᠠᠬᠤ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠵᠤ᠂ ᠲᠠᠷᠢᠶᠠᠯᠠᠬᠤ ᠴᠠᠭ᠂ ᠬᠠᠪᠤᠷ ᠤᠨ ᠲᠠᠷᠢᠶᠠᠯᠠᠭ᠎ᠠ ᠶᠢ ᠵᠠᠪᠳᠤᠨ ᠲᠠᠷᠢᠬᠤ ᠬᠡᠷᠡᠭᠲᠡᠶ᠃
         
        ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
         
         
        ᠬᠠᠮᠢᠶ᠎ᠠ ᠪᠥᠬᠦᠢ ᠰᠤᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号