内蒙古自治区农牧厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ ᠠᠬᠤᠶᠢᠯᠠᠯ ᠢ ᠦᠨᠡᠮᠰᠢᠨ ᠲᠣᠭᠲᠠᠭᠠᠬᠤ ᠪᠠ ᠠᠵᠢᠯᠯᠠᠭᠠᠨ ᠢ ᠬᠢᠨᠠᠨ ᠬᠡᠮᠵᠢᠬᠦ ᠬᠠᠮᠢᠶᠠᠷᠣᠯᠲᠠ ᠠᠷᠭ᠎ᠠ︾ ᠶᠢᠨ ᠲᠤᠬᠠᠢ ᠲᠠᠶᠢᠯᠤᠮᠵᠢ
        ᠨᠡᠶᠢᠲᠡᠯᠡᠭᠰᠡᠨ ᠴᠠᠭ᠄
        2022/8/23
              ᠨᠢᠭᠡ ᠂ ︽ ᠠᠷᠭ᠎ᠠ ︾ ᠳᠤ ᠵᠠᠰᠠᠪᠤᠷᠢ ᠣᠷᠣᠭᠤᠯᠤᠭᠰᠠᠨ ᠦᠨᠳᠦᠰᠦᠯᠡᠯ      1. ︽ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ ﹇2019﹈ 12 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ ᠶᠤᠮ ᠃      2. ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠡᠷᠭᠡ ᠨᠠᠢᠮᠠᠨ ᠶᠠᠮᠤᠨ ᠬᠤᠷᠢᠶ᠎ᠠ ᠶᠢᠨ ᠬᠠᠮᠲᠤᠷᠠᠨ ᠨᠡᠶᠢᠲᠡᠯᠡᠭᠰᠡᠨ ︽ᠲᠠᠷᠢᠶᠠᠯᠠᠩ ᠤᠨ ᠠᠵᠤ ᠦᠢᠯᠡᠰᠵᠢᠯᠲᠡ ᠶᠢᠨ ᠤᠯᠤᠰ ᠤᠨ ᠭᠤᠣᠯ ᠪᠣᠯᠬᠤ ᠬᠥᠲᠥᠴᠢ ᠠᠵᠤ ᠠᠬᠤᠶᠢᠯᠠᠯ ᠢ ᠦᠨᠡᠮᠰᠢᠨ ᠲᠣᠭᠲᠠᠭᠠᠬᠤ ᠪᠠ ᠠᠵᠢᠯᠯᠠᠭᠠᠨ ᠢ ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾︵ᠲᠠᠷᠢᠶᠠᠯᠠᠩ ᠠᠵᠤ ᠲᠠᠷᠬᠠᠭᠠᠭᠰᠠᠨ ﹇2018﹈ 1 ᠳ᠋ᠦ᠋ᠭᠡᠷ ᠲᠣᠭᠠᠲᠤ︶ ᠪᠠᠷ ᠯᠠᠪᠯᠠᠯᠲᠠ ᠪᠣᠯᠭᠠᠪᠠ ᠃      3. ᠣᠶᠢᠷ᠎ᠠ ᠶᠢᠨ ᠬᠤᠶᠠᠷ ᠵᠢᠯ ᠤᠨ ᠠᠵᠤ ᠠᠬᠤᠢ ᠶᠢᠨ ᠬᠥᠭᠵᠢᠯᠲᠡ ᠪᠠ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢᠨ ᠲᠦᠯᠦᠭᠡ ᠶᠤᠮ᠃      4. ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠪᠥᠬᠦ ᠠᠵᠤ ᠦᠢᠯᠡᠰ ᠤᠨ ᠬᠡᠯᠬᠢᠶᠡᠵᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠠᠨ ᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ ᠠᠬᠤᠶᠢᠯᠠᠯ ᠢ ᠦᠨᠡᠮᠰᠢᠨ ᠲᠤᠭᠲᠠᠭᠠᠬᠤ ᠪᠠ ᠠᠵᠢᠯᠯᠠᠭᠠᠨ ᠢ ᠬᠢᠨᠠᠨ ᠬᠡᠮᠵᠢᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠥᠲᠥᠴᠢ ᠠᠵᠤ ᠠᠬᠤᠶᠢᠯᠠᠯ ᠤᠨ ᠬᠠᠮᠢᠶᠠᠷᠤᠯᠲᠠ ᠶᠢ ᠴᠢᠩᠭᠠᠳᠬᠠᠬᠤ ᠶᠢᠨ  ᠲᠦᠯᠦᠭᠡ ᠶᠤᠮ ᠃      5. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ ᠠᠬᠤᠶᠢᠯᠠᠯ ᠢ ᠦᠨᠡᠮᠰᠢᠨ ᠲᠤᠭᠲᠠᠭᠠᠬᠤ ᠪᠠ ᠠᠵᠢᠯᠯᠠᠭᠠᠨ ᠢ ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ︵ᠥᠪᠥᠷ ᠲᠠᠷᠢᠶᠠᠯᠠᠩ ᠮᠠᠯ ᠬᠠᠤᠯᠢ ᠲᠣᠭᠲᠠᠭᠠᠯ ᠲᠠᠷᠬᠠᠭᠠᠭᠰᠠᠨ﹇2020﹈ 1  ᠳ᠋ᠦ᠋ᠭᠡᠷ ᠲᠣᠭᠠᠲᠤ︶ ᠳᠤ ᠵᠠᠰᠠᠪᠤᠷᠢ ᠣᠷᠣᠭᠤᠯᠪᠠ᠃      ᠬᠤᠶᠠᠷ᠂ ︽ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ ᠨᠢᠭᠡᠴᠢ      ᠶᠢᠰᠦᠨ ᠰᠠᠯᠠᠭ᠎ᠠ ᠮᠥᠴᠢᠷ ᠄      ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ      ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ      ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ      ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠭᠠᠶᠢᠯᠢ ᠶᠢᠨ ᠶᠠᠪᠤᠳᠠᠯ ᠤᠨ ᠲᠤᠪᠴᠢᠶ᠎ᠠ      ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ  ᠳᠠᠬᠢ ᠲᠥᠪ ᠰᠠᠯᠪᠤᠷᠢ ᠪᠠᠩᠬᠢ      ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠪᠥᠷ ᠮᠣᠩᠭᠤᠯ  ᠳᠠᠬᠢ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠤᠭᠠᠲᠤ ᠬᠤᠷᠰᠢᠶ᠎ᠠ      ᠭᠤᠷᠪᠠ ᠂ ︽ ᠠᠷᠭ᠎ᠠ ︾ ᠶᠢᠨ ᠭᠤᠣᠯ ᠴᠢᠳᠠᠮᠵᠢ      ᠬᠠᠷᠠᠯᠲᠠ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠦᠲᠦᠴᠢ ᠠᠵᠤ ᠠᠬᠤᠶᠢᠯᠠᠯ ᠢ ᠦᠨᠡᠮᠰᠢᠨ ᠲᠣᠭᠲᠠᠭᠠᠬᠤ ᠪᠠ ᠠᠵᠢᠯᠯᠠᠭᠠᠨ ᠢ ᠬᠢᠨᠠᠨ ᠬᠡᠮᠵᠢᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠦᠲᠦᠴᠢ ᠠᠵᠤ ᠠᠬᠤᠶᠢᠯᠠᠯ ᠤᠨ ᠦᠢᠯᠡᠴᠢᠯᠡᠭᠡ ᠪᠠ ᠳᠡᠮᠵᠢᠯᠭᠡ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠦᠲᠦᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠬᠥᠲᠥᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠤᠯᠪᠣᠬᠤ ᠲᠣᠭᠲᠠᠴᠠ ᠶᠢ ᠴᠢᠩᠭᠠᠷᠠᠭᠤᠯᠤᠨ᠂ ᠨᠥᠯᠥᠭᠡᠯᠡᠨ ᠳᠠᠶᠢᠴᠢᠯᠠᠬᠤ ᠴᠢᠳᠠᠪᠤᠷᠢ ᠶᠢ ᠴᠢᠩᠭᠠᠷᠠᠭᠤᠯᠵᠤ᠂ ᠪᠥᠬᠦ ᠠᠵᠤ ᠦᠢᠯᠡᠰ ᠤᠨ ᠬᠡᠯᠬᠢᠶᠡᠵᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠠᠨ ᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ ᠤᠨᠴᠠᠭᠠᠶᠢᠯᠠᠨ ᠣᠨᠴᠣᠭᠤᠶᠢᠯᠠᠨ ᠲᠣᠰ ᠠᠷᠭ᠎ᠠ ᠶᠢ ᠲᠣᠭᠲᠠᠭᠠᠪᠠ᠃      ᠦᠢᠯᠡᠴᠢᠯᠡᠭᠡ ᠬᠦᠷᠲᠡᠭᠴᠢᠳ ᠄ ᠠᠶᠢᠮᠠᠭ ᠬᠤᠲᠠ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠤᠯᠪᠤᠭᠠᠲᠤ ᠴᠤᠭᠴᠠ᠃      ᠴᠢᠳᠠᠮᠵᠢ ᠄ ᠠᠶᠢᠮᠠᠭ ᠬᠤᠲᠠ᠂ ᠬᠤᠰᠢᠭᠤ ᠰᠢᠶᠠᠨ ᠢ ᠵᠢᠯᠤᠭᠤᠳᠴᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ ᠪᠠ ᠬᠢᠨᠠᠨ ᠬᠡᠮᠵᠢᠬᠦ ᠠᠵᠢᠯ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠦᠭᠦᠯᠦᠨ᠎ᠡ ︔ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠢ ᠵᠢᠯᠣᠭᠤᠳᠤᠨ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠪᠠ ᠬᠢᠨᠠᠨ ᠬᠡᠮᠵᠢᠯᠲᠡ ᠶᠢᠨ ᠮᠠᠲ᠋ᠧᠷᠢᠶᠠᠯ ᠢ ᠪᠡᠯᠡᠳᠭᠡᠭᠦᠯᠦᠨ᠎ᠡ᠃      ᠳᠥᠷᠪᠡ᠂ ︽ᠠᠷᠭ᠎ᠠ︾ ᠶᠢᠨ ᠠᠭᠤᠯᠭ᠎ᠠ ᠶᠢᠨ ᠲᠠᠶᠢᠯᠤᠮᠵᠢ ︱ ᠶᠡᠷᠦᠩᠬᠡᠢ ᠳᠦᠷᠢᠮ ︵ᠨᠡᠶᠢᠲᠡ 4 ᠵᠦᠢᠯ ᠤᠨ ᠠᠭᠤᠯᠭ᠎ᠠ ᠪᠣᠢ ︶      ᠨᠢᠭᠡᠳᠦᠭᠡᠷ ᠵᠦᠢᠯ᠄ ᠭᠤᠣᠯᠳᠠᠭᠤ ᠮᠠᠨ ᠤ ᠣᠷᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ ᠠᠬᠤᠶᠢᠯᠠᠯ ᠢ ᠦᠨᠡᠮᠰᠢᠨ ᠲᠤᠭᠲᠠᠭᠠᠬᠤ ᠪᠠ ᠠᠵᠢᠯᠯᠠᠭᠠᠨ ᠢ ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠬᠤ ᠦᠨᠳᠦᠰᠦᠯᠡᠯ ᠪᠠ ᠬᠠᠷᠠᠯᠲᠠᠲᠤ ᠡᠭᠦᠷᠭᠡ ᠶᠢ ᠬᠤᠷᠢᠶᠠᠩᠭᠤᠶᠢᠯᠠᠨ ᠲᠣᠭᠠᠴᠢᠪᠠ᠃      ᠬᠤᠶᠠᠳᠤᠭᠠᠷ ᠵᠦᠢᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ ᠠᠬᠤᠶᠢᠯᠠᠯ︾ ᠳᠤ ᠲᠣᠮᠢᠶᠠᠯᠠᠯ ᠬᠢᠵᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠤᠯᠤᠰ ᠤᠨ ᠬᠥᠲᠥᠴᠢ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ ︽ᠬᠥᠲᠥᠴᠢ ᠠᠵᠤ ᠠᠬᠤᠶᠢᠯᠠᠯ︾ ︽ᠬᠤᠯᠪᠣᠭᠠᠯᠠᠬᠤ ᠠᠷᠭ᠎ᠠ ᠮᠠᠶ᠋ᠢᠭ︾ ᠵᠡᠷᠭᠡ ᠤᠬᠠᠭᠳᠠᠬᠤᠨ ᠳᠤ ᠵᠠᠰᠠᠪᠤᠷᠢ ᠣᠷᠣᠭᠤᠯᠤᠨ ᠵᠢᠷᠤᠮᠵᠢᠭᠤᠯᠪᠠ ᠃      ᠭᠤᠷᠪᠠᠳᠤᠭᠠᠷ ᠵᠦᠢᠯ᠄ ᠬᠥᠲᠥᠴᠢ ᠠᠵᠤ ᠠᠬᠤᠶᠢᠯᠠᠯ ᠢ ᠦᠨᠡᠮᠰᠢᠨ ᠲᠤᠭᠲᠠᠭᠠᠬᠤ ᠪᠠ ᠠᠵᠢᠯᠯᠠᠭᠠᠨ ᠢ ᠬᠢᠨᠠᠨ ᠬᠡᠮᠵᠢᠬᠦ ᠠᠵᠢᠯ ᠳᠤ ᠢᠯᠡ᠂ ᠡᠷᠬᠡ ᠲᠡᠭᠰᠢ᠂ ᠲᠥᠪ ᠭᠤᠥᠯᠴᠢ ᠪᠠᠶᠢᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ  ᠠᠴᠠ ᠠᠵᠤ ᠠᠬᠤᠶᠢᠯᠠᠯ ᠤᠨ ᠡᠵᠡᠩᠨᠡᠯᠲᠡ ᠶᠢᠨ ᠡᠵᠡᠨ ᠮᠡᠳᠡᠬᠦ ᠡᠷᠬᠡ ᠳᠤ ᠭᠠᠷ ᠲᠦᠷᠦᠭᠦ ᠦᠭᠡᠢ ᠪᠠᠶᠢᠬᠤ ᠶᠢ ᠲᠤᠳᠤᠷᠬᠠᠶᠢᠯᠠᠨ ᠂ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢ ᠴᠢᠩᠭᠠᠷᠠᠭᠤᠯᠤᠨ᠂ ᠬᠥᠲᠥᠴᠢ ᠠᠵᠤ ᠠᠬᠤᠶᠢᠯᠠᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃      ᠳᠥᠷᠪᠡᠳᠦᠭᠡᠷ ᠵᠦᠢᠯ᠄ ︽ᠠᠷᠭ᠎ᠠ︾ ᠶᠢᠨ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠵᠤ᠂ ᠭᠤᠶᠤᠣᠴᠢᠯᠠᠨ ᠮᠡᠳᠡᠭᠦᠯᠦᠭᠰᠡᠨ ᠪᠤᠶᠤ ᠬᠥᠲᠥᠴᠢ ᠠᠵᠤ ᠠᠬᠤᠶᠢᠯᠠᠯ ᠢᠶᠠᠷ ᠦᠨᠡᠮᠰᠢᠬᠦ ᠪᠠᠷ ᠵᠥᠪᠰᠢᠶᠡᠷᠡᠭᠳᠡᠭᠰᠡᠨ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠳᠤ ᠬᠡᠷᠡᠭᠯᠡᠨ᠎ᠡ᠃      ᠲᠠᠪᠤ᠂ ︽ᠠᠷᠭ᠎ᠠ︾ ᠶᠢᠨ ᠠᠭᠤᠯᠭ᠎ᠠ ᠶᠢᠨ ᠲᠠᠶᠢᠯᠤᠮᠵᠢ ︱ ᠭᠤᠶᠤᠴᠢᠯᠠᠨ ᠮᠡᠳᠡᠭᠦᠯᠬᠦ ︵ᠨᠡᠶᠢᠲᠡ 5 ᠵᠦᠢᠯ ᠤᠨ ᠠᠭᠤᠯᠭ᠎ᠠ ᠪᠣᠢ ︶      ᠭᠤᠶᠤᠴᠢᠯᠠᠨ ᠮᠡᠳᠡᠭᠦᠯᠬᠦ ᠠᠵᠤ ᠠᠬᠤᠶᠢᠯᠠᠯ ᠤᠨ ᠡᠯ᠎ᠡ ᠵᠦᠢᠯ ᠤᠨ ᠦᠨᠳᠦᠰᠦᠨ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ ᠢ ᠲᠣᠳᠣᠷᠬᠠᠶᠢᠯᠠᠪᠠ᠃ ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ ᠨᠢ ᠳᠣᠣᠷᠠᠬᠢ ᠮᠡᠲᠦ ᠄      1. ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠪᠠ ᠭᠤᠣᠯ ᠪᠣᠯᠬᠤ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠦᠨᠳᠦᠰᠦᠯᠡᠨ᠂ ︽ᠬᠤᠶᠠᠳᠤᠭᠠᠷ ᠪᠦᠯᠦᠭ   ᠭᠤᠶᠤᠴᠢᠯᠠᠨ ᠮᠡᠳᠡᠭᠦᠯᠬᠦ ︾ ᠳᠤᠮᠳᠠᠬᠢ︽ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ︾ ᠢ︽ᠲᠠᠷᠢᠶᠠᠯᠠᠩ ᠮᠠᠯ ᠠᠵᠤ ᠠᠬᠤᠢ ᠶᠢᠨ ᠦᠷ᠎ᠡ ᠶᠢᠨ ᠦᠢᠯᠡᠰ ᠤᠨ ᠠᠵᠤ ᠠᠬᠤᠶᠢᠯᠠᠯ︾ ᠭᠡᠵᠦ ᠵᠠᠰᠠᠪᠠ︔ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠤᠨ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ︽ᠱᠠᠩᠨᠠᠯ ᠭᠥᠷᠳᠡᠭᠰᠡᠨ ᠪᠠᠶᠢᠳᠠᠯ︾ ᠤᠨ ᠪᠠᠷᠢᠮᠵᠢᠶ᠎ᠠ ᠶᠢ ᠵᠣᠬᠢᠰᠲᠠᠢ ᠪᠠᠷ ᠪᠠᠭᠤᠷᠠᠭᠤᠯᠵᠤ᠂ ︽ᠤᠯᠤᠰ ᠤᠨ ᠲᠠᠰ ᠤᠨ ᠪᠤᠶᠤ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ 1 ᠵᠦᠢᠯ ᠠᠴᠠ ᠳᠡᠭᠡᠭᠰᠢ ᠣᠯᠣᠭᠰᠠᠨ᠂ ᠡᠰᠡᠬᠦᠯ᠎ᠡ ᠤᠯᠤᠰ ᠤᠨ ᠡᠭᠦᠳᠦᠯᠲᠡ ᠶᠢᠨ ᠲᠤᠰᠬᠠᠢ ᠠᠰᠢᠭ ᠢ 1 ᠵᠦᠢᠯ ᠠᠴᠠ ᠳᠡᠭᠡᠭᠰᠢ ᠣᠯᠣᠭᠰᠠᠨ᠂ ᠡᠰᠡᠬᠦᠯ᠎ᠡ ᠮᠠᠯ ᠵᠢᠭᠦᠷᠲᠡᠨ ᠤ ᠰᠢᠨ᠎ᠡ ᠡᠭᠦᠯᠳᠡᠷ ᠤᠨ ᠲᠥᠬᠦᠷᠵᠢᠭᠰᠡᠨ ᠤᠳᠤᠮ ᠤᠨ ᠬᠢᠨᠠᠨ ᠲᠣᠭᠲᠠᠭᠠᠯᠲᠠ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠬᠢᠨᠠᠨ ᠲᠣᠭᠲᠠᠭᠠᠯᠲᠠ᠂ ᠭᠤᠣᠯ ᠪᠣᠯᠬᠤ ᠲᠠᠷᠢᠮᠠᠯ ᠤᠨ ᠡᠭᠦᠯᠳᠡᠷ ᠤᠨ ᠬᠢᠨᠠᠨ ᠲᠣᠭᠲᠠᠭᠠᠯᠲᠠ᠂ ᠭᠤᠣᠯ ᠪᠤᠰᠤ ᠲᠠᠷᠢᠮᠠᠯ ᠤᠨ ᠡᠭᠦᠯᠳᠡᠷ ᠤᠨ ᠳᠠᠩᠰᠠᠯᠠᠯᠲᠠ᠂ ᠲᠡᠵᠢᠭᠡᠪᠦᠷᠢ ᠶᠢᠨ ᠡᠪᠡᠰᠦᠨ ᠤ ᠡᠭᠦᠯᠳᠡᠷ ᠤᠨ ᠬᠢᠨᠠᠨ ᠲᠣᠭᠲᠠᠭᠠᠯᠲᠠ ᠵᠡᠷᠭᠡ ᠶᠢ 1 ᠵᠦᠢᠯ ᠠᠴᠠ ᠳᠡᠭᠡᠭᠰᠢ ᠣᠯᠣᠭᠰᠠᠨ ᠪᠠᠶᠢᠬᠤ ︾ ᠭᠡᠵᠦ ᠵᠠᠰᠠᠪᠠ᠃      2. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠤ ᠠᠬᠤᠶᠢᠯᠠᠯ ᠤᠨ ᠲᠥᠷᠥᠯ ᠬᠤᠪᠢᠶᠠᠬᠤ ᠪᠠᠷᠢᠮᠵᠢᠶ᠎ᠠ ᠶᠢ ᠦᠨᠳᠦᠰᠦᠯᠡᠨ᠂ ︽ᠬᠤᠶᠠᠳᠤᠭᠠᠷ ᠪᠦᠯᠦᠭ    ᠭᠤᠶᠤᠴᠢᠯᠠᠨ ᠮᠡᠳᠡᠭᠦᠯᠬᠦ︾ ᠳᠤᠮᠳᠠᠬᠢ ︽ᠦᠨᠳᠦᠰᠦᠲᠡᠨ ᠤ ᠴᠠᠭᠠᠨ ᠢᠳᠡᠭᠡᠨ ᠤ ᠠᠵᠤ ᠠᠬᠤᠶᠢᠯᠠᠯ︾ ᠢ︽ᠤᠯᠠᠮᠵᠢᠯᠠᠯᠲᠤ ᠴᠠᠭᠠᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ︾ ᠭᠡᠵᠦ ᠵᠠᠰᠠᠪᠠ᠃      3. ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠬᠥᠮᠥᠨ ᠠᠮᠠ ᠪᠠᠷ ᠴᠥᠭᠡᠪᠲᠦᠷ ᠠᠶᠢᠮᠠᠭ ᠬᠤᠳᠠ ᠶᠢᠨ ᠪᠣᠳᠠᠲᠠᠢ ᠪᠠᠶᠢᠳᠠᠯ ᠢ ᠭᠦᠢᠴᠡᠳ ᠪᠣᠳᠣᠯᠬᠢᠯᠠᠨ ᠂ ︽ ᠬᠤᠶᠠᠳᠤᠭᠠᠷ ᠪᠦᠯᠦᠭ  ᠭᠤᠶᠤᠴᠢᠯᠠᠨ ᠮᠡᠳᠡᠭᠦᠯᠬᠦ   ᠠᠵᠤ ᠠᠬᠤᠶᠢᠯᠠᠯ ᠤᠨ ᠳᠠᠶᠢᠴᠢᠯᠠᠬᠤ ᠴᠢᠳᠠᠪᠤᠷᠢ ︾  ᠳᠠᠬᠢ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠬᠥᠮᠥᠨ ᠠᠮᠠ ᠪᠠᠷ ᠴᠥᠭᠡᠪᠲᠦᠷ ᠠᠶᠢᠮᠠᠭ ᠬᠤᠳᠠ ᠶᠢᠨ ᠮᠠᠯᠴᠢᠨ ᠲᠠᠷᠢᠶᠠᠴᠢᠨ ᠡᠷᠥᠭᠡ ᠶᠢ ᠳᠠᠶᠢᠴᠢᠯᠠᠬᠤ ᠲᠤᠭ᠎ᠠ ᠬᠡᠮᠵᠢᠶ᠎ᠡ ᠶᠢᠨ ᠭᠦᠢᠴᠡᠳᠬᠡᠬᠦ ᠲᠤᠭ᠎ᠠ ᠶᠢᠨ ᠱᠠᠭᠠᠷᠳᠠᠯᠭ᠎ᠠ ᠶᠢ ᠵᠣᠬᠢᠰᠲᠠᠢ ᠠᠭᠤᠵᠢᠭᠤ ᠲᠠᠯᠪᠢᠪᠠ᠃      4. ᠣᠶᠢᠷ᠎ᠠ ᠶᠢᠨ ᠵᠢᠯ ᠤᠨ ᠨᠡᠶᠢᠭᠡᠮ ᠤᠨ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠭᠤᠣᠯ ᠪᠣᠯᠬᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠭᠦᠢᠴᠡᠳ ᠪᠣᠳᠣᠯᠬᠢᠯᠠᠵᠤ᠂ ︽ᠬᠤᠶᠠᠳᠤᠭᠠᠷ ᠪᠦᠯᠦᠭ     ᠭᠤᠶᠤᠴᠢᠯᠠᠨ ᠮᠡᠳᠡᠭᠦᠯᠬᠦ      ᠳᠣᠯᠣᠳᠤᠭᠠᠷ ᠵᠦᠢᠯ︾ ᠤᠨ ᠭᠦᠢᠴᠡᠳᠬᠡᠯ ᠲᠤᠭ᠎ᠠ ᠶᠢ ᠠᠭᠤᠵᠢᠭᠤ ᠲᠠᠯᠪᠢᠬᠤ ᠱᠠᠭᠠᠷᠳᠠᠯᠭ᠎ᠠ ᠳᠤ ᠳᠥᠷᠪᠡᠨ ᠵᠦᠢᠯ ᠤᠨ ᠠᠭᠤᠯᠭ᠎ᠠ ᠶᠢ ᠰᠢᠨ᠎ᠡ ᠪᠠᠷ ᠨᠡᠮᠡᠪᠡ᠃ ᠨᠢᠭᠡᠳᠦᠭᠡᠷ ᠲᠤ ᠂ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠯᠦᠭᠯᠡᠯ᠂ ᠪᠥᠬᠦ ᠠᠵᠤ ᠦᠢᠯᠡᠰ ᠤᠨ ᠬᠡᠯᠬᠢᠶᠡᠵᠢᠯ ᠤᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠳᠤ ᠬᠠᠷᠢᠶᠠᠯᠠᠭᠳᠠᠬᠤ ᠠᠵᠤ ᠦᠢᠯᠡᠰ ᠤᠨ ᠲᠥᠷᠥᠯ ᠢᠯᠭᠠᠯ ᠢ ᠭᠤᠣᠯᠳᠠᠯᠭ᠎ᠠ ᠲᠠᠢ ᠪᠣᠶᠢᠵᠢᠭᠤᠯᠬᠤ ᠠᠵᠤ ᠠᠬᠤᠶᠢᠯᠠᠯ᠂ ᠬᠥᠲᠥᠴᠢ ᠠᠵᠤ ᠠᠬᠤᠶᠢᠯᠠᠯ ᠤᠨ ᠬᠢᠨᠠᠨ ᠬᠡᠮᠵᠢᠬᠦ ᠪᠠ ᠦᠨᠡᠮᠰᠢᠨ ᠲᠣᠭᠲᠠᠭᠠᠬᠤ ᠳᠤᠮᠳᠠ 2 ᠵᠦᠢᠯ ᠤᠨ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠢ ᠵᠣᠬᠢᠬᠤ ᠬᠡᠮᠵᠢᠶ᠎ᠡ ᠪᠠᠷ ᠠᠭᠤᠵᠢᠭᠤ ᠲᠠᠯᠪᠢᠨ᠎ᠠ︔ ᠬᠤᠶᠠᠳᠤᠭᠠᠷ ᠲᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠢᠯᠡᠷᠬᠡᠶᠢᠯᠡᠯᠲᠤ ᠲᠡᠮᠳᠡᠭ ᠢ ᠬᠡᠷᠡᠭᠯᠡᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠯᠠᠨ ᠤᠯᠤᠰ ᠤᠨ ᠲᠠᠸᠠᠷ ᠤᠨ ᠲᠡᠮᠳᠡᠭ ᠢ ᠳᠠᠩᠰᠠᠯᠠᠭᠤᠯᠬᠤ ᠪᠠᠷ ᠭᠤᠣᠯᠯᠠᠭᠤᠯᠤᠨ᠂ ᠣᠯᠠᠨ ᠤᠯᠤᠰ ᠤᠨ ᠭᠡᠷᠡᠴᠢᠯᠡᠯ ᠵᠥᠪᠰᠢᠶᠡᠷᠡᠯ ᠢ ᠣᠯᠣᠭᠰᠠᠨ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢ ᠶᠢᠨ ᠡᠷᠬᠡ ᠲᠠᠢ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠢ ᠬᠥᠲᠥᠴᠢ ᠠᠵᠤ ᠠᠬᠤᠶᠢᠯᠠᠯ ᠢ ᠦᠨᠡᠮᠰᠢᠨ ᠲᠤᠭᠲᠠᠭᠠᠬᠤ ᠦᠶ᠎ᠡ ᠳᠤ ᠤᠷᠢᠳᠠᠪᠡᠷ ᠳᠡᠮᠵᠢᠨ᠎ᠡ︔ ᠭᠤᠷᠪᠠᠳᠤᠭᠠᠷ ᠲᠤ᠂ ᠪᠣᠬᠢᠷᠳᠤᠯ ᠤᠨ ᠡᠬᠢ ᠶᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠦᠭᠦᠯᠵᠦ᠂ ᠴᠢᠨᠠᠷ ᠰᠠᠶᠢᠲᠠᠢ ᠦᠢᠯᠡᠳᠪᠦᠷᠢᠯᠡᠬᠦ ᠴᠢᠳᠠᠪᠤᠷᠢ ᠶᠢ ᠬᠥᠭᠵᠢᠭᠦᠯᠦᠨ᠂ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠬᠤᠲᠠ ᠬᠥᠳᠡᠭᠡ ᠶᠢᠨ ᠪᠣᠬᠢᠷᠳᠤᠯ ᠢ ᠵᠠᠰᠠᠬᠤ ᠵᠢᠴᠢ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠢ ᠬᠥᠲᠥᠴᠢ ᠠᠵᠤ ᠠᠬᠤᠶᠢᠯᠠᠯ ᠢ ᠦᠨᠡᠮᠰᠢᠨ ᠲᠣᠭᠲᠠᠭᠠᠬᠤ ᠦᠶ᠎ᠡ ᠳᠤ ᠤᠷᠢᠳᠠᠪᠠᠷ ᠳᠡᠮᠵᠢᠨ᠎ᠡ︔ ᠳᠥᠷᠪᠡᠳᠦᠭᠡᠷ ᠲᠤ ᠨᠡᠶᠢᠭᠡᠮ ᠤᠨ ᠠᠵᠤ ᠠᠬᠤᠢ ᠶᠢᠨ ᠬᠥᠭᠵᠢᠯᠲᠡ ᠶᠢᠨ ᠪᠤᠰᠤᠳ ᠴᠢᠬᠤᠯᠠ ᠶᠡᠭᠡ ᠬᠡᠯᠪᠡᠯᠵᠡᠯ ᠵᠢᠴᠢ ᠭᠡᠨᠡᠳᠲᠡ ᠶᠢᠨ ᠬᠡᠷᠡᠭ ᠭᠠᠷᠤᠭᠰᠠᠨ ᠦᠶ᠎ᠡ ᠳᠤ᠂ ᠬᠥᠲᠥᠴᠢ ᠠᠵᠤ ᠠᠬᠤᠶᠢᠯᠠᠯ ᠤᠨ ᠬᠢᠨᠠᠨ ᠬᠡᠮᠵᠢᠬᠦ ᠪᠠ ᠦᠨᠡᠮᠰᠢᠨ ᠲᠣᠭᠲᠠᠭᠠᠬᠤ ᠭᠦᠢᠴᠡᠳᠬᠡᠯ ᠲᠤᠭ᠎ᠠ ᠳᠤ ᠪᠠᠶᠢᠳᠠᠯ ᠢ ᠦᠨᠳᠦᠰᠦᠯᠡᠨ ᠵᠣᠬᠢᠰᠲᠠᠢ ᠲᠣᠬᠢᠷᠠᠭᠤᠯᠤᠯᠲᠠ ᠬᠢᠵᠦ ᠪᠣᠯᠣᠨ᠎ᠠ᠃      5. ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠠᠵᠢᠯ ᠢ ᠰᠢᠯᠢᠳᠡᠭᠵᠢᠭᠦᠯᠬᠦ ᠶᠢᠨ ᠲᠤᠰᠠᠳᠠ᠂ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠬᠤᠶᠠᠷ ᠵᠦᠢᠯ ᠤᠨ ᠬᠢᠨᠠᠨ ᠬᠡᠮᠵᠢᠭᠰᠡᠨ ᠮᠠᠲ᠋ᠧᠷᠢᠶᠠᠯ ᠢ ᠰᠢᠨ᠎ᠡ ᠪᠠᠷ ᠨᠡᠮᠡᠨ᠎ᠡ᠂ ᠨᠢᠭᠡᠳᠦᠭᠡᠷ ᠲᠤ᠂ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠲᠤᠬᠠᠢ ᠶᠢᠨ ᠵᠢᠯ ᠤᠨ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠤᠨ ᠳᠣᠲᠣᠷᠠᠬᠢ ᠵᠠᠰᠠᠭ ᠵᠠᠬᠢᠷᠭᠠᠨ ᠤ ᠰᠢᠢᠳᠭᠡᠯ ᠤᠨ ᠮᠡᠳᠡᠭᠡ ᠵᠠᠩᠭᠢ᠂ ᠡᠵᠡᠩᠨᠡᠯᠲᠡ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠮᠡᠳᠡᠭᠡ ᠵᠠᠩᠭᠢ ᠪᠠ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠨᠡᠷᠡᠰ ︵ᠬᠠᠷ᠎ᠠ ᠲᠠᠩᠰᠠ︶ ᠤᠨ ᠮᠡᠳᠡᠭᠡ ᠵᠠᠩᠭᠢ ᠶᠢᠨ ᠭᠡᠷᠡᠴᠢᠯᠡᠯ︔ ᠬᠤᠶᠠᠳᠤᠭᠠᠷ ᠲᠤ᠂ ᠠᠵᠤ ᠠᠬᠤᠶᠢᠯᠠᠯ ᠤᠳ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ ᠤᠨ ᠠᠮᠠᠯᠠᠯᠲᠠ ᠶᠢᠨ ᠪᠢᠴᠢᠭ ᠭᠠᠷᠭᠠᠵᠤ ᠂ ᠮᠠᠲ᠋ᠧᠷᠢᠶᠠᠯ ᠳᠤ ᠬᠠᠮᠢᠶ᠎ᠠ ᠪᠦᠬᠦᠢ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃      ᠵᠢᠷᠭᠤᠭ᠎ᠠ᠂ ︽ᠠᠷᠭ᠎ᠠ︾ ᠶᠢᠨ ᠠᠭᠤᠯᠭ᠎ᠠ ᠶᠢᠨ ᠲᠠᠶᠢᠯᠤᠮᠵᠢ ︱ ᠦᠨᠡᠮᠰᠢᠨ ᠲᠤᠭᠲᠠᠭᠠᠬᠤ ︵ᠨᠡᠶᠢᠲᠡ 4 ᠵᠦᠢᠯ ᠤᠨ ᠠᠭᠤᠯᠭ᠎ᠠ ᠪᠣᠢ ︶      ᠦᠨᠡᠮᠰᠢᠨ ᠲᠤᠭᠲᠠᠭᠠᠬᠤ ᠠᠵᠢᠯ᠂ ᠵᠣᠬᠢᠶᠠᠨ ᠪᠠᠶᠢᠭᠤᠯᠤᠯᠲᠠ ᠶᠢᠨ ᠲᠣᠭᠲᠠᠴᠠ ᠪᠠ ᠦᠨᠡᠮᠰᠢᠨ ᠲᠤᠭᠲᠠᠭᠠᠬᠤ ᠴᠠᠭ ᠤᠨ ᠲᠣᠬᠢᠷᠠᠭᠤᠯᠤᠯᠲᠠ᠃      ᠬᠥᠲᠥᠴᠢ ᠠᠵᠤ ᠠᠬᠤᠶᠢᠯᠠᠯ ᠢ ᠦᠨᠡᠮᠰᠢᠨ ᠲᠤᠭᠲᠠᠭᠠᠬᠤ ᠲᠠᠰ ᠳᠠᠷᠠᠭᠠᠯᠠᠯ ᠪᠠ ᠠᠷᠭ᠎ᠠ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠠᠵᠢᠯ ᠤᠨ ᠮᠡᠳᠡᠭᠳᠡᠯ ᠪᠠᠭᠤᠯᠭᠠᠨ᠎ᠠ → ᠠᠶᠢᠮᠠᠭ ᠬᠤᠲᠠ᠂ ᠬᠤᠰᠢᠭᠤ ᠰᠢᠶᠠᠨ ᠠᠴᠠ ᠭᠤᠶᠤᠴᠢᠯᠠᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ ᠂ ᠲᠠᠨᠢᠯᠴᠠᠭᠠᠯᠤᠨ᠎ᠠ → ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠬᠢᠨᠠᠨ ᠬᠠᠷᠭᠤᠭᠤᠯᠤᠭᠤᠯᠵᠤ᠂ ᠠᠩᠬᠠᠨ ᠤ ᠬᠢᠨᠠᠯᠲᠠ ᠶᠢᠨ ᠰᠠᠨᠠᠯ ᠳᠤᠷᠠᠳᠤᠨ᠎ᠠ → ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠤᠳᠤᠷᠢᠳᠬᠤ ᠳᠤᠭᠤᠶᠢᠯᠠᠩ ᠤᠨ ᠭᠡᠰᠢᠭᠦᠨ ᠨᠢᠭᠡᠴᠢ ᠶᠢ ᠵᠣᠬᠢᠶᠠᠨ ᠪᠠᠶᠢᠭᠤᠯᠵᠤ ᠲᠠᠰᠢᠷᠠᠮ ᠢᠶᠠᠷ ᠰᠤᠭᠤᠴᠢᠨ ᠪᠠᠶᠢᠴᠠᠭᠠᠵᠤ᠂ ᠲᠤᠬᠠᠢ ᠶᠢᠨ ᠭᠠᠵᠠᠷ ᠲᠤ  ᠨᠢ ᠬᠢᠨᠠᠨ ᠬᠠᠷᠭᠤᠭᠤᠯᠤᠨ᠎ᠠ ᠬᠠᠷᠭᠤᠭᠤᠯᠬᠤ → ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠲᠤᠭᠲᠠᠭᠠᠯᠭᠠᠨ᠎ᠠ → ᠦᠨᠡᠮᠰᠢᠨ ᠲᠣᠭᠲᠠᠭᠠᠬᠤ ᠪᠠᠷ ᠪᠠᠶᠢᠭ᠎ᠠ ᠰᠠᠨᠠᠭᠤᠯᠭ᠎ᠠ ᠶᠢᠨ ᠨᠡᠷᠡᠰ ᠢ ᠳᠤᠷᠠᠳᠤᠨ ᠭᠠᠷᠭᠠᠨ᠎ᠠ → ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢ ᠲᠦᠯᠬᠢᠨ ᠠᠬᠢᠭᠤᠯᠬᠤ ᠲᠠᠷᠢᠶᠠᠯᠠᠩ ᠤᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠠᠮᠲᠤᠷᠠᠭᠰᠠᠨ ᠬᠤᠷᠠᠯ ᠢᠶᠠᠷ ᠬᠢᠨᠠᠨ ᠬᠠᠷᠭᠤᠭᠤᠯᠵᠤ ᠪᠠᠲᠤᠯᠠᠨ᠎ᠠ → ᠢᠯᠡ ᠨᠡᠶᠢᠲᠡᠯᠡᠨ᠎ᠡ → ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠬᠢᠨᠠᠨ ᠶᠠᠷᠢᠯᠴᠠᠭᠰᠠᠨ ᠤ ᠳᠠᠷᠠᠭ᠎ᠠ → ᠭᠡᠰᠢᠭᠦᠨ ᠨᠢᠭᠡᠴᠢ ᠨᠦᠭᠦᠳ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠢ ᠦᠨᠡᠮᠰᠢᠨ ᠲᠤᠭᠲᠠᠭᠠᠨ᠎ᠠ → ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢ ᠲᠦᠯᠬᠢᠨ ᠠᠬᠢᠭᠤᠯᠬᠤ ᠲᠠᠷᠢᠶᠠᠯᠠᠩ ᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠫᠠᠶᠢᠰᠠ ᠢᠯᠡᠷᠬᠡᠶᠢᠯᠡᠯ᠂ ᠦᠨᠡᠮᠯᠡᠯ ᠤᠯᠭᠤᠨ᠎ᠠ᠃      ᠦᠨᠠᠮᠰᠢᠨ ᠲᠣᠭᠲᠠᠭᠠᠵᠤ ᠨᠡᠶᠢᠲᠡᠯᠡᠭᠰᠡᠨ ᠬᠦᠲᠦᠴᠢ ᠠᠵᠤ ᠠᠬᠤᠶᠢᠯᠠᠯ ᠨᠢ ᠬᠤᠯᠪᠣᠭᠳᠠᠯ ᠪᠦᠬᠦᠢ ᠬᠠᠷᠠᠭᠠᠯᠵᠠᠯ ᠤᠨ ᠲᠦᠷᠤ ᠶᠢᠨ ᠪᠣᠳᠣᠯᠭ᠎ᠠ ᠶᠢ ᠬᠦᠷᠳᠡᠨ᠎ᠠ ᠃ ᠬᠦᠲᠦᠴᠢ ᠠᠵᠤ ᠠᠬᠤᠶᠢᠯᠠᠯ ᠳᠤ ᠬᠠᠷᠢᠶᠠᠯᠠᠭᠳᠠᠬᠤ ᠬᠤᠪᠢ ᠡᠵᠡᠮᠳᠡᠬᠦ ᠬᠤᠪᠢᠶᠠᠷᠢ ᠺᠣᠮᠫᠠᠨᠢ ᠶᠢᠨ ᠰᠢᠭᠤᠳ ᠬᠤᠪᠢ ᠡᠵᠡᠮᠳᠡᠬᠦ ᠬᠠᠷᠢᠴᠠᠯ ᠨᠢ 50% ︵ 50% ᠶᠢ ᠪᠠᠭᠲᠠᠭᠠᠬᠤ ᠦᠭᠡᠢ ︶ ᠶᠢ ᠳᠠᠪᠠᠭᠰᠠᠨ ᠮᠥᠷᠲᠡᠭᠡᠨ ᠬᠤᠪᠢ ᠡᠵᠡᠮᠳᠡᠬᠦ ᠬᠤᠪᠢᠶᠠᠷᠢ ᠺᠣᠮᠫᠠᠨᠢ ᠨᠢ ᠳᠡᠭᠡᠷ᠎ᠡ ᠳᠤᠷᠠᠳᠤᠭᠰᠠᠨ ᠡᠵᠡᠩᠨᠡᠯᠲᠡ ᠶᠢᠨ ᠲᠥᠷᠥᠯ ᠬᠡᠯᠪᠡᠷᠢ ᠪᠠᠷ ᠭᠤᠣᠯ ᠠᠵᠢᠯ ᠲᠥᠷᠥᠯ ᠪᠣᠯᠭᠠᠵᠤ ᠪᠠᠶᠢᠪᠠᠯ᠂ ᠬᠦᠲᠦᠴᠢ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ ᠃      ᠳᠣᠯᠤᠭ᠎ᠠ᠂ ︽ᠠᠷᠭ᠎ᠠ︾ ᠶᠢᠨ ᠠᠭᠤᠯᠭ᠎ᠠ ᠶᠢᠨ ᠲᠠᠶᠢᠯᠤᠮᠵᠢ ︱ ᠠᠵᠢᠯᠯᠠᠭᠠᠨ ᠢ ᠬᠢᠨᠠᠨ ᠬᠡᠮᠵᠢᠬᠦ ︵ᠨᠡᠶᠢᠲᠡ 5 ᠵᠦᠢᠯ ᠤᠨ ᠠᠭᠤᠯᠭ᠎ᠠ ᠪᠣᠢ ︶      ᠬᠥᠲᠥᠴᠢ ᠠᠵᠤ ᠠᠬᠤᠶᠢᠯᠠᠯ ᠤᠨ ᠬᠢᠨᠠᠨ ᠬᠡᠮᠵᠢᠬᠦ ᠵᠠᠷᠴᠢᠮ᠄ ︽ᠬᠠᠷᠢᠶ᠎ᠠ ᠣᠷᠣᠨ ᠨᠢ ᠬᠠᠷᠢᠭᠤᠴᠠᠵᠤ᠂ ᠬᠥᠳᠡᠯᠦᠩᠭᠦᠢ ᠪᠠᠷ ᠬᠢᠨᠠᠨ ᠬᠠᠮᠢᠶᠠᠷᠬᠤ︾᠂ ︽ᠨᠢᠭᠡ ᠶᠢ ᠪᠤᠴᠠᠭᠠᠵᠤ ᠨᠢᠭᠡ ᠶᠢ ᠨᠥᠬᠦᠪᠦᠷᠢᠯᠡᠬᠦ︾      ᠬᠥᠲᠥᠴᠢ ᠠᠵᠤ ᠠᠬᠤᠶᠢᠯᠠᠯ ᠤᠨ ᠪᠠᠶᠢᠩᠭᠤᠵᠢᠭᠰᠠᠨ ᠬᠢᠨᠠᠨ ᠬᠡᠮᠵᠢᠬᠦ ᠬᠠᠮᠢᠶᠠᠷᠤᠯᠲᠠ ᠶᠢᠨ ᠳᠦᠷᠢᠮ᠄ 2 ᠵᠢᠯ ᠪᠦᠷᠢ ᠨᠢᠭᠡ ᠤᠳᠠᠭ᠎ᠠ ᠪᠠᠶᠢᠩᠭᠤᠵᠢᠭᠰᠠᠨ ᠬᠢᠨᠠᠨ ᠬᠡᠮᠵᠢᠵᠦ ᠦᠨᠡᠯᠡᠨ ᠵᠢᠱᠢᠬᠦ ᠶᠢ ᠥᠷᠨᠢᠭᠦᠯᠦᠨ᠎ᠡ᠃      ᠬᠥᠲᠥᠴᠢ ᠠᠵᠤ ᠠᠬᠤᠶᠢᠯᠠᠯ ᠢ ᠦᠨᠡᠮᠰᠢᠨ ᠲᠣᠭᠲᠠᠭᠠᠬᠤ ᠪᠠ ᠬᠢᠨᠠᠨ ᠬᠡᠮᠵᠢᠬᠦ ᠬᠠᠮᠢᠶᠠᠷᠤᠯᠲᠠ ᠶᠢᠨ ᠭᠡᠰᠢᠭᠦᠨ ᠨᠢᠭᠡᠴᠢ ᠶᠢᠨ ᠬᠢᠨᠠᠨ ᠬᠡᠮᠵᠢᠬᠦ ᠡᠭᠦᠷᠭᠡ ᠬᠠᠷᠢᠭᠤᠴᠠᠯᠭ᠎ᠠ      ᠬᠢᠨᠠᠨ ᠬᠡᠮᠵᠢᠵᠦ ᠦᠨᠡᠯᠡᠨ ᠵᠢᠱᠢᠬᠦ ᠶᠢᠨ ᠪᠣᠳᠠᠲᠠᠢ ᠠᠷᠭ᠎ᠠ᠄ ᠠᠵᠤ ᠠᠬᠤᠶᠢᠯᠠᠯ ᠤᠨ ᠮᠡᠳᠡᠭᠦᠯᠦᠨ ᠬᠦᠷᠭᠡᠬᠦ ᠮᠠᠲ᠋ᠧᠷᠢᠶᠠᠯ ︵ᠠᠵᠤ ᠠᠬᠤᠶᠢᠯᠠᠯ ᠤᠨ ᠣᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠦᠰᠦᠨᠦᠭᠲᠦ ᠶᠢ ᠮᠡᠳᠡᠭᠦᠯᠦᠨ ᠬᠦᠷᠭᠡᠵᠦ᠂ ᠣᠨ ᠤ ᠬᠢᠨᠠᠨ ᠬᠡᠮᠵᠢᠵᠦ ᠦᠨᠡᠯᠡᠨ ᠵᠢᠱᠢᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠬᠢᠨᠠᠨ ᠬᠡᠮᠵᠢᠭᠳᠡᠬᠦ ᠠᠵᠤ ᠠᠬᠤᠶᠢᠯᠠᠯ ᠨᠢ ᠪᠠᠰᠠ ᠬᠢᠷᠢ ᠬᠡᠮ ᠲᠠᠢ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ ᠤᠨ ᠬᠢᠨᠠᠨ ᠲᠣᠭᠲᠠᠭᠠᠭᠰᠠᠨ ᠠᠵᠤ ᠠᠬᠤᠶᠢᠯᠠᠯ ᠤᠨ ᠡᠳ᠋ ᠬᠥᠷᠥᠩᠭᠡ ᠪᠠ ᠦᠷ᠎ᠡ ᠠᠰᠢᠭ ᠤᠨ ᠬᠢᠨᠠᠨ ᠪᠣᠳᠣᠯᠲᠠ ᠶᠢᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠵᠦ᠂ ᠪᠠᠩᠬᠢ ᠶᠢᠨ ᠭᠠᠷᠭᠠᠭᠰᠠᠨ ᠬᠥᠷᠥᠩᠭᠡ ᠢᠲᠡᠭᠡᠮᠵᠢ ᠶᠢᠨ ᠭᠡᠷᠡᠴᠢ ᠠᠵᠤ ᠠᠬᠤᠶᠢᠯᠠᠯ ᠤᠨ ᠭᠠᠶᠢᠯᠢ ᠲᠤᠰᠢᠶᠠᠭᠰᠠᠨ ᠪᠠᠶᠢᠳᠠᠯ ᠤᠨ ᠭᠡᠷᠡᠴᠢᠯᠡᠯ᠂ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠭᠠᠷᠭᠠᠭᠰᠠᠨ ᠠᠵᠤ ᠠᠬᠤᠶᠢᠯᠠᠯ ᠤᠨ ᠮᠠᠯᠴᠢᠨ ᠲᠠᠷᠢᠶᠠᠴᠢᠨ ᠡᠷᠦᠬᠡ ᠶᠢᠨ ᠠᠰᠢᠭ ᠲᠤᠰᠠ  ᠶᠢ ᠬᠤᠯᠪᠣᠭᠰᠠᠨ ᠪᠠᠶᠢᠳᠠᠯ ᠤᠨ ᠭᠡᠷᠡᠴᠢᠯᠡᠯ ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ  ᠶᠢ ᠢᠯᠡ ᠨᠡᠶᠢᠲᠡᠯᠡᠬᠦ ᠰᠢᠰᠲ᠋ᠧᠮ ᠤᠨ ᠳᠣᠲᠣᠷᠠᠬᠢ ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠡ ᠵᠠᠩᠭᠢ ᠂ ᠡᠵᠡᠩᠨᠡᠯᠲᠡ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠮᠡᠳᠡᠭᠡ ᠵᠠᠩᠭᠢ ᠪᠠ ᠬᠦᠨᠳᠦ ᠨᠣᠴᠢᠲᠠᠢ ᠬᠠᠤᠯᠢ  ᠶᠢ ᠵᠥᠷᠢᠴᠡᠵᠦ ᠢᠲᠡᠭᠡᠯ ᠠᠯᠳᠠᠭᠰᠠᠨ ᠨᠡᠷᠡᠰ︵ᠬᠠᠷ᠎ᠠ ᠳᠠᠩᠰᠠ︶ ᠤᠨ ᠮᠡᠳᠡᠭᠡ ᠵᠠᠩᠭᠢ ᠶᠢᠨ ᠭᠡᠷᠡᠴᠢᠯᠡᠯ᠂ ᠠᠵᠤ ᠠᠬᠤᠶᠢᠯᠠᠯ ᠤᠨ ᠦᠨᠡᠨ ᠪᠣᠳᠠᠲᠤ ᠴᠢᠨᠠᠷ᠂ ᠬᠠᠤᠯᠢ ᠶᠣᠰᠣᠨ ᠤ ᠴᠢᠨᠠᠷ ᠤᠨ ᠠᠮᠠᠯᠠᠯᠲᠠ ᠶᠢᠨ ᠪᠢᠴᠢᠭ᠂ ᠠᠵᠤ ᠠᠬᠤᠶᠢᠯᠠᠯ ᠤᠨ ᠨᠡᠷᠡᠲᠦ ᠲᠡᠮᠳᠡᠭ ᠤᠨ ᠪᠠᠶᠢᠭᠤᠯᠤᠯᠲᠠ ᠶᠢᠨ ᠪᠠᠶᠢᠳᠠᠯ ᠵᠡᠷᠭᠡ ᠮᠠᠲ᠋ᠧᠷᠢᠶᠠᠯ᠂ ᠡᠭᠦᠨ ᠤ ᠬᠠᠮᠲᠤ ᠡᠯᠧᠺᠲᠷᠣᠨ ᠬᠡᠪᠯᠡᠯ ᠤᠨ ᠰᠢᠷᠪᠢᠯᠲᠡ ᠶᠢᠨ ᠮᠠᠲ᠋ᠧᠷᠢᠶᠠᠯ ᠢ ᠮᠡᠳᠡᠭᠦᠯᠦᠨ ᠬᠦᠷᠭᠡᠨ᠎ᠡ ︶ → ᠬᠤᠰᠢᠭᠤ ᠰᠢᠶᠠᠨ᠂ ᠠᠶᠢᠮᠠᠭ ᠬᠤᠲᠠ ᠠᠴᠠ ᠮᠠᠲ᠋ᠧᠷᠢᠶᠠᠯ ᠢ ᠬᠢᠨᠠᠨ ᠪᠠᠶᠢᠴᠠᠭᠠᠨ᠎ᠠ→ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢ ᠠᠬᠢᠭᠤᠯᠬᠤ ᠲᠠᠷᠢᠶᠠᠯᠠᠩ ᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭ᠎ᠠ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ᠎ᠡ → ᠭᠤᠷᠪᠠᠳᠠᠭᠢ ᠡᠲᠡᠭᠡᠳ ᠤᠨ ᠪᠠᠶᠢᠭᠤᠯᠤᠮᠵᠢ ᠠᠴᠠ ᠬᠢᠨᠠᠨ ᠬᠠᠷᠭᠤᠭᠤᠯᠤᠨ᠎ᠠ → ᠤᠳᠤᠷᠢᠳᠬᠤ ᠳᠤᠭᠤᠶᠢᠯᠠᠩ ᠤᠨ ᠭᠡᠰᠢᠭᠦᠨ ᠨᠢᠭᠡᠴᠢ ᠠᠴᠠ  ᠲᠤᠬᠠᠢ ᠶᠢᠨ ᠭᠠᠵᠠᠷ ᠲᠤ  ᠨᠢ ᠬᠢᠨᠠᠨ ᠪᠠᠶᠢᠴᠠᠭᠠᠨ᠎ᠠ → ᠲᠤᠰᠬᠠᠢ ᠮᠡᠷᠭᠡᠵᠢᠯᠲᠡᠨ ᠠᠴᠠ ᠬᠢᠨᠠᠨ ᠰᠢᠯᠭᠠᠷᠠᠭᠤᠯᠤᠨ᠎ᠠ → ᠬᠠᠮᠲᠤᠷᠠᠭᠰᠠᠨ ᠬᠤᠷᠠᠯ ᠠᠴᠠ ᠬᠢᠨᠠᠨ ᠬᠠᠷᠭᠤᠭᠤᠯᠤᠨ᠎ᠠ → ᠢᠯᠡ ᠨᠡᠶᠢᠲᠡᠯᠡᠨ᠎ᠡ → ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠬᠢᠨᠠᠨ ᠲᠤᠭᠲᠠᠭᠠᠬᠤ ᠵᠡᠷᠭᠡ ᠲᠠᠰ ᠳᠠᠷᠠᠭᠠᠯᠠᠯ ᠢ ᠦᠨᠡᠮᠰᠢᠨ ᠲᠣᠭᠲᠠᠭᠠᠬᠤ ᠲᠠᠰ ᠳᠠᠷᠠᠭᠠᠯᠠᠯ ᠤᠨ ᠶᠣᠰᠣᠭᠠᠷ ᠬᠡᠷᠡᠭᠵᠢᠭᠦᠯᠦᠨ᠎ᠡ᠃      ᠬᠢᠨᠠᠨ ᠬᠡᠮᠵᠢᠯᠲᠡ ᠳᠤ ᠬᠢᠷᠢ ᠲᠡᠩᠴᠡᠭᠰᠡᠨ ᠬᠥᠲᠥᠴᠢ ᠠᠵᠤ ᠠᠬᠤᠶᠢᠯᠠᠯ ᠤᠳ ᠬᠢᠷᠢ ᠬᠡᠮ ᠢᠶᠠᠨ ᠦᠷᠭᠦᠯᠵᠢᠯᠡᠨ ᠬᠡᠪ ᠢᠶᠠᠷ ᠪᠠᠶᠢᠯᠭᠠᠵᠤ᠂ ᠬᠤᠯᠪᠣᠭᠳᠠᠯ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ︔ ᠬᠢᠨᠠᠨ ᠬᠡᠮᠵᠢᠯᠲᠡ ᠳᠤ ᠬᠢᠷᠢ ᠲᠡᠩᠴᠡᠭᠰᠡᠨ ᠦᠭᠡᠢ ᠪᠠᠶᠢᠪᠠᠯ ᠬᠦᠲᠦᠴᠢ ᠠᠵᠤ ᠠᠬᠤᠶᠢᠯᠠᠯ ᠤᠨ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ ᠬᠤᠯᠪᠣᠭᠳᠠᠯ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠠᠭᠢᠵᠤ ᠬᠦᠷᠲᠡᠭᠡᠬᠦ ᠦᠭᠡᠢ᠃      ᠨᠠᠢᠮᠠ᠂ ︽ᠠᠷᠭ᠎ᠠ︾ ᠶᠢᠨ ᠠᠭᠤᠯᠭ᠎ᠠ ᠶᠢᠨ ᠲᠠᠶᠢᠯᠤᠮᠵᠢ ︱ ᠳᠠᠭᠠᠯᠳᠤᠭᠤᠯᠤᠯ ᠳᠦᠷᠢᠮ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠠᠯᠪᠠᠨ ᠰᠦᠯᠵᠢᠶ᠎ᠡ︾ ᠳᠤ ᠢᠯᠡ ᠨᠡᠶᠢᠲᠡᠯᠡᠨ᠎ᠡ      ᠠᠵᠤ ᠠᠬᠤᠶᠢᠯᠠᠯ ᠤᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ᠃      ᠬᠠᠮᠢᠶᠠᠷᠤᠯᠲᠠ ᠶᠢᠨ ᠠᠵᠢᠯᠲᠠᠨ ᠤ ᠬᠤᠯᠪᠣᠭᠳᠠᠯ ᠪᠦᠬᠦᠢ ᠲᠣᠭᠲᠠᠭᠠᠯ ᠠᠴᠠ ᠵᠥᠷᠢᠴᠡᠭᠰᠡᠨ  ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ᠃      ᠬᠥᠲᠥᠴᠢ ᠠᠵᠤ ᠠᠬᠤᠶᠢᠯᠠᠯ ᠤᠨ ᠨᠡᠷ᠎ᠡ ᠪᠠᠨ ᠬᠠᠯᠠᠬᠤ ᠲᠠᠰ ᠳᠠᠷᠠᠭᠠᠯᠠᠯ᠃      ᠠᠶᠢᠮᠠᠭ ᠬᠤᠳᠠ ᠨᠤᠭᠤᠳ ᠲᠤᠰ ᠠᠷᠭ᠎ᠠ ᠪᠠᠷ ᠯᠠᠪᠯᠠᠯᠲᠠ ᠪᠣᠯᠭᠠᠵᠤ ᠂ ᠲᠤᠰ ᠭᠠᠵᠠᠷ ᠣᠷᠣᠨ ᠤ  ᠪᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠦᠲᠦᠴᠢ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ ᠪᠣᠯᠣᠨ᠎ᠠ ᠃      ᠲᠤᠰ ᠠᠷᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ ᠃      ᠬᠤᠷᠢᠨ ᠵᠢᠷᠭᠤᠳᠤᠭᠠᠷ ᠵᠦᠢᠯ   ᠲᠣᠰ ᠠᠷᠭ᠎ᠠ ᠶᠢ 2022 ᠣᠨ ᠤ 9 ᠰᠠᠷ᠎ᠠ ᠶᠢᠨ 15 ᠤ ᠡᠳᠦᠷ︵ᠳᠠᠷᠤᠮᠠᠯᠯᠠᠨ ᠲᠠᠷᠬᠠᠭᠠᠭᠰᠠᠨ ᠡᠳᠦᠷ ᠠᠴᠠ 30 ᠡᠳᠦᠷ ᠤᠨ ᠳᠠᠷᠠᠭ᠎ᠠ︶ ᠠᠴᠠ ᠡᠬᠢᠯᠡᠨ ᠬᠡᠷᠡᠭᠵᠢᠭᠦᠯᠵᠦ᠂︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ ᠠᠬᠤᠶᠢᠯᠠᠯ ᠢ ᠦᠨᠡᠮᠰᠢᠨ ᠲᠤᠭᠲᠠᠭᠠᠬᠤ ᠪᠠ ᠠᠵᠢᠯᠯᠠᠭᠠᠨ ᠢ ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ︵ᠥᠪᠥᠷ ᠲᠠᠷᠢᠶᠠᠯᠠᠩ ᠮᠠᠯ ᠲᠣᠭᠲᠠᠭᠠᠯ ᠲᠠᠷᠬᠠᠭᠠᠭᠰᠠᠨ ﹇2020﹈ 1 ᠳ᠋ᠦ᠋ᠭᠡᠷ ᠲᠣᠭᠠᠲᠤ︶ ᠶᠢ ᠬᠠᠮᠲᠤ ᠳᠤ  ᠨᠢ ᠬᠦᠴᠦᠨ ᠦᠭᠡᠢ ᠪᠣᠯᠭᠠᠨ᠎ᠠ᠃      ᠳᠠᠭᠠᠯᠳᠣᠭᠤᠯᠣᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ ᠠᠬᠤᠶᠢᠯᠠᠯ ᠢ ᠦᠨᠡᠮᠰᠢᠨ ᠲᠤᠭᠲᠠᠭᠠᠬᠤ ᠪᠠ ᠠᠵᠢᠯᠯᠠᠭᠠᠨ ᠢ ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ      ᠲᠦᠷᠦ ᠶᠢᠨ ᠪᠣᠳᠣᠯᠭ᠎ᠠ ᠶᠢᠨ ᠤᠭ ᠵᠣᠬᠢᠶᠠᠯ ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯ ᠪᠣᠯᠬᠤ ᠬᠥᠲᠥᠴᠢ ᠠᠵᠤ ᠠᠬᠤᠶᠢᠯᠠᠯ ᠢ ᠦᠨᠡᠮᠰᠢᠨ ᠲᠤᠭᠲᠠᠭᠠᠬᠤ ᠪᠠ ᠠᠵᠢᠯᠯᠠᠭᠠᠨ ᠢ ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ      ᠮᠡᠳᠡᠭᠡ ᠵᠠᠩᠭᠢ ᠶᠢᠨ ᠢᠷᠡᠯᠲᠡ᠄ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠦᠭᠵᠢᠭᠦᠯᠦᠯᠲᠡ ᠶᠢᠨ ᠭᠠᠵᠠᠷ 
         
        ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
         
         
        ᠬᠠᠮᠢᠶ᠎ᠠ ᠪᠥᠬᠦᠢ ᠰᠤᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号