内蒙古自治区水利厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠬᠠᠲᠤᠨ ᠭᠤᠤᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠲᠡᠷᠭᠡ ᠬᠥᠰᠬᠡ ᠨᠡᠪᠲᠡᠷᠡᠬᠦ ᠰᠦᠢᠳᠬᠡᠯ ᠢ ᠢᠯᠭᠠᠷᠠᠭᠤᠯᠬᠤ ᠬᠤᠯᠪᠣᠭᠳᠠᠯ ᠪᠥᠬᠦᠶ ᠵᠦᠢᠯᠡᠰ ᠤᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ  ᠲᠠᠶᠢᠯᠤᠮᠵᠢ
        ᠨᠡᠶᠢᠲᠡᠯᠡᠭᠰᠡᠨ ᠴᠠᠭ᠄
        2021/4/14
             ᠣᠶᠢᠷ᠎ᠠ ᠳᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ︽ᠬᠠᠲᠤᠨ ᠭᠤᠤᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠲᠡᠷᠭᠡ ᠬᠥᠰᠬᠡ ᠨᠡᠪᠲᠡᠷᠡᠬᠦ ᠰᠦᠢᠳᠬᠡᠯ ᠢ ᠢᠯᠭᠠᠷᠠᠭᠤᠯᠬᠤ ᠬᠤᠯᠪᠣᠭᠳᠠᠯ ᠪᠥᠬᠦᠶ ᠵᠦᠢᠯᠡᠰ ᠤᠨ ᠲᠤᠬᠠᠶ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠥᠰᠥᠭ ︹ 2020 ︺ 93 ᠳ᠋ᠤᠭᠠᠷ ᠲᠣᠭᠠᠲᠤ︶ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠪᠠᠭᠤᠯᠭᠠᠪᠠ᠃ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠠ᠃      ᠨᠢᠭᠡ᠂ ︽ᠮᠡᠳᠡᠭᠳᠡᠯ︾ ᠢ ᠨᠡᠶᠢᠲᠡᠯᠡᠭᠰᠡᠨ ᠠᠬᠤᠶ ᠪᠠᠶᠢᠳᠠᠯ      ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠠᠴᠠ ᠨᠠᠰᠢ᠂ ᠪᠥᠬᠦ ᠣᠷᠣᠨ ᠤ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠤᠨ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠪᠠ ᠬᠠᠮᠢᠶ᠎ᠠ ᠪᠥᠬᠦᠶ ᠬᠢᠨᠠᠨ ᠪᠤᠳᠤᠯᠲᠠ ᠶᠢᠨ ᠲᠣᠭᠲᠠᠭᠠᠯ ᠢ  ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠲᠤᠨ ᠭᠤᠤᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠲᠡᠷᠭᠡ ᠬᠥᠰᠬᠡ ᠨᠡᠪᠲᠡᠷᠡᠬᠦ  ᠰᠦᠢᠳᠬᠡᠯ ᠬᠤᠷᠢᠶᠠᠬᠤ ᠶᠢ ᠵᠣᠭᠰᠣᠭᠠᠬᠤ ᠪᠠᠷ ᠲᠣᠭᠲᠠᠪᠠ᠃      ᠬᠤᠶᠠᠷ᠂ ︽ᠮᠡᠳᠡᠭᠳᠡᠯ︾ ᠤᠨ ᠭᠤᠣᠯ ᠠᠭᠤᠯᠭ᠎ᠠ      ︽ᠮᠡᠳᠡᠭᠳᠡᠯ︾ ᠳᠤ ᠭᠤᠤᠯᠳᠠᠭᠤ ︽ᠪᠥᠬᠦ ᠣᠷᠣᠨ ᠤ ᠰᠦᠢᠳᠬᠡᠯ ᠬᠤᠷᠢᠶᠠᠬᠤ ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡ ᠴᠡᠭ ᠢ ᠢᠯᠭᠠᠷᠠᠭᠤᠯᠤᠨ ᠴᠡᠭᠴᠡᠯᠡᠬᠦ ᠲᠤᠬᠠᠶ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ︾ ︵ᠥᠪᠥᠷ ᠵᠠᠰᠠᠭ ᠥᠰᠥᠭ ︹ 2004 ︺ 345 ᠳ᠋ᠤᠭᠠᠷ ᠲᠣᠭᠠᠲᠤ︶ ᠶᠢᠨ ︽ᠰᠠᠨ ᠱᠧᠩ ᠬᠥᠩ ᠤᠰᠤᠨ ᠠᠰᠢᠭᠯᠠᠯᠲᠠ ᠶᠢᠨ ᠬᠦᠢᠰᠦ ᠬᠥᠭᠦᠷᠭᠡ ᠶᠢᠨ  ᠰᠦᠢᠳᠬᠡᠯ ᠬᠤᠷᠢᠶᠠᠬᠤ ᠥᠷᠲᠡᠭᠡ ᠴᠡᠭ ᠵᠢᠴᠢ ᠰᠦᠢᠳᠬᠡᠯ ᠬᠤᠷᠢᠶᠠᠬᠤ︾ ᠶᠢ ᠦᠯᠡᠳᠡᠭᠡᠬᠦ ᠲᠤᠬᠠᠶ ᠲᠣᠭᠲᠠᠭᠠᠯ ᠢ ᠲᠣᠳᠣᠷᠬᠠᠶᠢᠯᠠᠵᠤ᠂ 2020 ᠣᠨ ᠤ 7 ᠳ᠋ᠤᠭᠠᠷ ᠰᠠᠷ᠎ᠠ ᠶᠢᠨ 30 ᠤ ᠡᠳᠦᠷ ᠠᠴᠠ ᠡᠬᠢᠯᠡᠨ ᠬᠡᠷᠡᠭᠵᠢᠭᠦᠯᠬᠦ ᠶᠢ ᠵᠣᠭᠰᠣᠭᠠᠪᠠ᠃      ᠭᠤᠷᠪᠠ᠂ ᠬᠡᠷᠡᠭᠵᠢᠭᠦᠯᠬᠦ ᠴᠠᠭ ᠤᠨ ᠪᠣᠳᠣᠯᠬᠢᠯᠠᠯ      ᠬᠠᠲᠤᠨ ᠭᠤᠤᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ 2020 ᠣᠨ ᠤ 7 ᠳ᠋ᠤᠭᠠᠷ ᠰᠠᠷ᠎ᠠ ᠶᠢᠨ 29 ᠤ ᠡᠳᠦᠷ ᠤᠨ 24 ᠴᠠᠭ ᠲᠤ ᠲᠡᠷᠭᠡ ᠬᠥᠰᠬᠡ ᠨᠡᠪᠲᠡᠷᠡᠬᠦ ᠰᠦᠢᠳᠬᠡᠯ ᠬᠤᠷᠢᠶᠠᠬᠤ ᠶᠢ ᠵᠣᠭᠰᠣᠭᠠᠬᠤ ᠶᠢᠨ ᠬᠠᠮᠲᠤ᠂ ᠲᠥᠷᠥ ᠶᠢᠨ ᠪᠣᠳᠣᠯᠭ᠎ᠠ ᠶᠢᠨ ᠲᠦᠪᠰᠢᠨ ᠠᠴᠠ ᠬᠠᠲᠤᠨ ᠭᠤᠤᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠲᠡᠷᠭᠡ ᠬᠥᠰᠬᠡ ᠨᠡᠪᠲᠡᠷᠡᠬᠦ ᠰᠦᠢᠳᠬᠡᠯ ᠬᠤᠷᠢᠶᠠᠬᠤ ᠦᠨᠳᠦᠰᠦᠯᠡᠯ ᠢ ᠢᠯᠭᠠᠷᠠᠭᠤᠯᠬᠤ ᠶᠢᠨ ᠲᠥᠯᠥᠭᠡ᠂ ︽ᠬᠠᠲᠤᠨ ᠭᠤᠤᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠲᠡᠷᠭᠡ ᠬᠥᠰᠬᠡ ᠨᠡᠪᠲᠡᠷᠡᠬᠦ ᠰᠦᠢᠳᠬᠡᠯ ᠬᠤᠷᠢᠶᠠᠬᠤ ᠶᠢ ᠢᠯᠭᠠᠷᠠᠭᠤᠯᠬᠤ ᠬᠤᠯᠪᠣᠭᠳᠠᠯ ᠪᠥᠬᠦᠶ ᠵᠦᠢᠯᠡᠰ ᠤᠳ ᠤᠨ ᠲᠤᠬᠠᠶ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠳᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠵᠣᠭᠰᠣᠭᠠᠬᠤ ᠴᠠᠭ ᠢ 2020 ᠣᠨ ᠤ 7 ᠳ᠋ᠤᠭᠠᠷ ᠰᠠᠷ᠎ᠠ ᠶᠢᠨ 30 ᠤ ᠡᠳᠦᠷ ᠢᠶᠠᠷ ᠲᠣᠭᠲᠠᠭᠠᠪᠠ᠃      ᠬᠠᠲᠤᠨ ᠭᠤᠤᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠲᠡᠷᠭᠡ ᠬᠥᠰᠬᠡ ᠨᠡᠪᠲᠡᠷᠡᠬᠦ ᠰᠦᠢᠳᠬᠡᠯ ᠢ ᠢᠯᠭᠠᠷᠠᠭᠤᠯᠬᠤ ᠬᠤᠯᠪᠣᠭᠳᠠᠯ ᠪᠥᠬᠦᠶ ᠵᠦᠢᠯᠡᠰ ᠤᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ  ᠮᠡᠳᠡᠭᠳᠡᠯ
         
        ᠢᠷᠡᠯᠲᠡ᠄ ᠲᠣᠲᠣᠷᠬᠠᠢ ᠦᠭᠡᠢ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号