内蒙古自治区水利厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠭᠤᠤᠯ ᠤᠨ ᠳᠠᠷᠤᠭ᠎ᠠ ᠶᠢᠨ ᠲᠦᠷᠢᠮ ᠤᠨ ᠠᠵᠢᠯ ᠤᠨ ᠲᠣᠪᠴᠢ ᠮᠡᠳᠡᠭᠡ 2021 ᠣᠨ ᠤ 3 ᠳ᠋ᠤᠭᠠᠷ ᠬᠤᠭᠤᠴᠠᠭ᠎ᠠ ︵ᠶᠡᠷᠦᠩᠬᠡᠶ 79 ᠳ᠋ᠦᠭᠡᠷ ᠬᠤᠭᠤᠴᠠᠭ᠎ᠠ︶
        ᠨᠡᠶᠢᠲᠡᠯᠡᠭᠰᠡᠨ ᠴᠠᠭ᠄
        2021/8/9
           ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢ ᠢᠳᠡᠪᠬᠢᠲᠡᠢ ᠪᠠᠶᠢᠷᠢᠯᠠᠭᠤᠯᠪᠠ    ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠰᠢᠨ᠎ᠡ ᠪᠠᠶᠢᠳᠠᠯ ᠢ ᠰᠠᠶᠢᠲᠤᠷ ᠨᠡᠭᠡᠭᠡᠶ᠎ᠡ    ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ︽ᠠᠯᠳᠠᠷᠲᠠᠢ︾᠂ ︽ᠪᠣᠳᠠᠲᠠᠶ︾᠂ ︽ᠴᠢᠳᠠᠪᠤᠷᠢᠲᠠᠶ︾ ᠪᠠᠶᠢᠬᠤ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠭᠤᠤᠯ ᠤᠨ ᠳᠠᠷᠤᠭ᠎ᠠ ᠶᠢᠨ ᠲᠦᠷᠢᠮ ᠤᠨ ᠠᠯᠪᠡᠠ ᠭᠡᠷ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ 2021 ᠣᠨ ᠤ ᠭᠤᠤᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ︿ᠬᠠᠪᠤᠷ ᠤᠨ ᠤᠯᠠᠷᠢᠯ﹀ ᠤᠨ ᠠᠵᠢᠯᠯᠠᠭ᠎ᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠵᠤ᠂ 2021 ᠣᠨ ᠤ ᠭᠤᠤᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ︿ᠬᠠᠪᠤᠷ ᠤᠨ ᠤᠯᠠᠷᠢᠯ﹀ ᠤᠨ ᠠᠵᠢᠯᠯᠠᠭ᠎ᠠ ︵ᠳᠣᠷᠣᠭᠰᠢ ︽ᠬᠠᠪᠤᠷ ᠤᠨ ᠤᠯᠠᠷᠢᠯ︾ ᠤᠨ ᠠᠵᠢᠯᠯᠠᠭ᠎ᠠ ᠭᠡᠵᠦ ᠲᠣᠪᠴᠢᠯᠠᠨ᠎ᠠ︶ ᠶᠢ ᠪᠠᠶᠢᠷᠢᠯᠠᠭᠤᠯᠤᠨ ᠥᠷᠨᠢᠭᠦᠯᠪᠡ     ᠨᠢᠭᠡ᠂ ᠬᠦᠷᠢᠶ᠎ᠡ ᠬᠡᠪᠴᠢᠶ᠎ᠡ ᠨᠢ ᠪᠦᠬᠦ ᠲᠠᠯ᠎ᠠ ᠶᠢᠨ᠂ ᠬᠠᠷᠠᠯᠲᠠ ᠨᠢ ᠲᠣᠳᠣᠷᠬᠠᠶ ᠪᠠᠢᠬᠤ ᠬᠡᠷᠡᠭᠲᠡᠢ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢᠨ ᠬᠦᠷᠢᠶ᠎ᠡ ᠬᠡᠪᠴᠢᠶ᠎ᠡ ᠨᠢ ᠪᠥᠬᠦ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠳᠤ ᠣᠷᠣᠭᠤᠯᠤᠭᠰᠠᠨ ᠪᠣᠶ ᠪᠥᠬᠦᠶ ᠭᠤᠤᠯ ᠮᠥᠷᠡᠨ ᠨᠠᠭᠤᠷ ᠴᠥᠭᠦᠷᠥᠮ ᠪᠣᠯᠤᠨ᠎ᠠ᠃ ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢᠨ ᠬᠠᠷᠠᠯᠲᠠ ᠪᠣᠯ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠪᠠᠶᠢᠭᠤᠯᠤᠭᠰᠠᠨ ᠰᠠᠭᠤᠷᠢᠨ ᠳᠡᠭᠡᠷ᠎ᠡ᠂ ᠭᠤᠣᠯ ᠮᠥᠷᠡᠨ ᠤ ᠳᠠᠷᠤᠭ᠎ᠠ ᠶᠢᠨ ᠲᠦᠷᠢᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠴᠢᠨᠠᠭᠰᠢᠳᠠ ᠤᠠᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠣᠯ ᠮᠥᠷᠡᠨ ᠤ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ ᠭᠤᠣᠯ ᠮᠥᠷᠡᠨ ᠢ ᠰᠠᠬᠢᠬᠤ ᠳᠤ ᠬᠠᠷᠢᠭᠤᠴᠠᠯᠭ᠎ᠠ ᠲᠠᠢ ᠪᠠᠶᠢᠬᠤ᠂ ᠭᠤᠣᠯ ᠮᠥᠷᠡᠨ ᠢ ᠰᠠᠬᠢᠬᠤ ᠳᠤ ᠬᠠᠷᠢᠭᠤᠴᠠᠯᠭ᠎ᠠ ᠪᠠᠨ ᠡᠭᠦᠷᠭᠡᠯᠡᠬᠦ᠂ ᠭᠤᠣᠯ ᠮᠥᠷᠡᠨ ᠢ ᠰᠠᠬᠢᠬᠤ ᠳᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠰᠠᠮᠠᠭᠤᠷᠠᠯ ᠢ ᠠᠷᠢᠯᠭᠠᠬᠤ︾ ᠲᠤᠰᠬᠠᠶ ᠠᠵᠢᠯᠯᠠᠭ᠎ᠠ ᠶᠢᠨ ᠰᠠᠭᠤᠷᠢᠨ ᠳᠡᠭᠡᠷ᠎ᠡ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠵᠡᠷᠭᠡ ᠭᠤᠣᠯ ᠮᠥᠷᠡᠨ ᠨᠠᠭᠤᠷ ᠴᠥᠭᠦᠷᠥᠮ ᠳᠤ ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠦᠬᠦ ᠲᠠᠯ᠎ᠠ ᠪᠠᠷ ᠲᠠᠬᠢᠨ ᠳᠠᠷᠠᠭᠠᠯᠠᠨ ᠪᠠᠶᠢᠴᠠᠭᠠᠵᠤ᠂ ᠲᠠᠬᠢᠨ ᠴᠡᠪᠡᠷᠯᠡᠵᠦ᠂ ᠬᠤᠭᠤᠰᠣᠨ ᠦᠯᠡᠳᠡᠭᠡᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ ᠪᠠᠷ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠰᠠᠮᠠᠭᠤᠷᠠᠯ ᠢ ᠠᠷᠢᠯᠭᠠᠬᠤ︾ ᠶᠢᠨ ᠠᠰᠠᠭᠤᠳᠠᠯ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠠᠰᠠᠭᠤᠳᠠᠯ ᠤᠨ ᠲᠣᠳᠣᠷᠬᠠᠶ ᠬᠠᠭᠤᠳᠠᠰᠤ ᠶᠢ ᠲᠦᠷᠦᠯ ᠬᠤᠪᠢᠶᠠᠨ ᠪᠠᠶᠢᠭᠤᠯᠵᠤ᠂ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠨ᠎ᠠ᠃ ᠭᠤᠣᠯ ᠤᠨ ᠵᠠᠮ ᠠᠴᠠ ᠡᠯᠡᠰᠦ ᠮᠠᠯᠲᠠᠬᠤ ᠲᠥᠯᠥᠪᠵᠢᠭᠦᠯᠭᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠭᠤᠣᠯ ᠤᠨ ᠭᠤᠯᠳᠤᠷᠢᠯ ᠠᠴᠠ ᠡᠯᠡᠰᠦ ᠮᠠᠯᠲᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠪᠤᠰᠤ ᠪᠠᠷ ᠡᠯᠡᠰᠦᠮᠠᠯᠲᠠᠬᠤ ᠠᠰᠠᠭᠤᠳᠠᠯ ᠳᠤ ᠴᠢᠩᠭ᠎ᠠ ᠴᠣᠬᠢᠯᠲᠠ ᠥᠭᠴᠦ᠂ ᠴᠤᠬᠤᠶᠢᠪᠠᠯ ᠴᠣᠬᠢᠵᠤ᠂ ᠲᠠᠬᠢᠨ ᠰᠡᠷᠭᠦᠬᠦ ᠶᠢ ᠰᠡᠷᠭᠡᠶᠢᠯᠡᠨ ᠵᠠᠰᠠᠵᠤ᠂ ᠭᠤᠣᠯ ᠤᠨ ᠭᠤᠯᠳᠤᠷᠢᠯ ᠠᠴᠠ ᠡᠯᠡᠰᠦ ᠮᠠᠯᠲᠠᠬᠤ ᠬᠠᠮᠢᠶᠠᠷᠤᠯᠲᠠ ᠶᠢᠨ ᠡᠮᠬᠢ ᠳᠢᠭᠯᠢᠮ ᠢ ᠵᠢᠷᠤᠮᠵᠢᠭᠤᠯᠤᠨ᠎ᠠ᠃     ᠬᠤᠶᠠᠷ᠂ ᠠᠭᠤᠯᠭ᠎ᠠ ᠶᠢ ᠨᠠᠷᠢᠯᠢᠬᠵᠢᠭᠤᠯᠵᠤ᠂ ᠠᠵᠢᠯᠯᠠᠭ᠎ᠠ ᠶᠢ ᠦᠨᠳᠦᠰᠦᠯᠡᠯ ᠲᠠᠢ ᠪᠣᠯᠭᠠᠨ᠎ᠠ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢᠨ ᠲᠥᠰᠦᠯ ᠢ ᠣᠨ ᠤ ᠬᠠᠷᠠᠯᠲᠠ ᠡᠭᠦᠷᠭᠡ᠂ ᠠᠵᠢᠯ ᠤᠨ ᠲᠥᠯᠥᠪᠯᠡᠭᠡ ᠲᠠᠢ ᠤᠶᠠᠯᠳᠤᠭᠤᠯᠤᠨ᠂ ᠠᠭᠤᠯᠭ᠎ᠠ ᠶᠢ ᠬᠡᠳᠦᠨ ᠲᠠᠯ᠎ᠠ ᠪᠠᠷ ᠨᠠᠷᠢᠯᠢᠬᠵᠢᠭᠤᠯᠪᠠ᠄ ᠨᠢᠭᠡ ᠳᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠪᠠᠶᠢᠳᠠᠯ᠃ ᠡᠭᠦᠨ ᠳᠤ ᠭᠤᠣᠯᠳᠠᠭᠤ᠄ ᠭᠤᠣᠯ ᠮᠥᠷᠡᠨ ᠤ ᠳᠠᠷᠤᠭ᠎ᠠ ᠨᠠᠭᠤᠷ ᠤᠨ ᠳᠠᠷᠤᠭ᠎ᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠭᠰᠡᠨ ᠪᠠᠶᠢᠳᠠᠯ︔ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠣᠨ ᠤ ᠠᠵᠢᠯ ᠢ ᠪᠠᠶᠢᠷᠢᠯᠠᠭᠤᠯᠤᠭᠰᠠᠨ ᠪᠠᠶᠢᠳᠠᠯ︔ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠭᠤᠣᠯ ᠮᠥᠷᠡᠨ ᠢ ᠲᠣᠭᠤᠷᠢᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ᠂ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠪᠠᠶᠢᠴᠠᠭᠠᠭᠰᠠᠨ ᠪᠠ ᠢᠯᠡᠷᠡᠭᠦᠯᠦᠭᠰᠡᠨ ᠪᠠᠶᠢᠳᠠᠯ︔ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠳᠡᠭᠡᠳᠦ ᠳᠤᠤᠷᠠᠳᠤ ᠤᠷᠤᠰᠬᠠᠯ᠂ ᠵᠡᠭᠦᠨ ᠪᠠᠷᠠᠭᠤᠨ ᠡᠷᠭᠢ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢ ᠬᠡᠷᠡᠭᠵᠢᠭᠦᠯᠦᠭᠰᠡᠨ ᠪᠠ ᠰᠠᠯᠠᠭ᠎ᠠ ᠮᠥᠴᠢᠷ ᠤᠨ ᠵᠣᠬᠢᠴᠠᠭᠤᠯᠤᠨ ᠬᠠᠮᠲᠤᠷᠠᠨ ᠬᠥᠳᠡᠯᠦᠯᠴᠡᠭᠰᠡᠨ ᠪᠠᠶᠢᠳᠠᠯ ᠢ ᠵᠣᠬᠢᠴᠠᠭᠤᠯᠤᠭᠰᠠᠨ ᠪᠠᠢᠳᠠᠯ︔ ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠵᠣᠬᠢᠶᠠᠨ ᠪᠠᠶᠢᠭᠤᠯᠤᠯᠲᠠ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠳᠣᠤᠷ᠎ᠠ ᠨᠢᠭᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠶ᠋ᠴᠡᠳᠬᠡᠬᠦ ᠶᠢ ᠬᠢᠨᠠᠨ ᠵᠢᠯᠣᠭᠤᠳᠴᠤ ᠬᠢᠨᠠᠨ ᠰᠢᠯᠭᠠᠭᠰᠠᠨ ᠵᠢᠴᠢ ᠤᠷᠮᠠᠰᠢᠭᠤᠯᠵᠤ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ︔ ︽ᠨᠢᠭᠡ ᠭᠤᠣᠯ ︵ᠨᠠᠭᠤᠷ︶ ᠨᠢᠭᠡ ᠳᠡᠰ︾ ᠢ ᠪᠠᠶᠢᠭᠤᠯᠤᠭᠰᠠᠨ ᠪᠠᠶᠢᠳᠠᠯ᠂ ︽ᠨᠢᠭᠡ ᠭᠤᠣᠯ ︵ᠨᠠᠭᠤᠷ︶ ᠨᠢᠭᠡ ᠪᠣᠳᠣᠯᠭ᠎ᠠ︾ ᠶᠢ ᠨᠠᠶᠢᠷᠠᠭᠤᠯᠤᠨ ᠵᠣᠬᠢᠶᠠᠭᠰᠠᠨ ᠪᠠ ᠬᠡᠷᠡᠭᠵᠢᠭᠦᠯᠦᠭᠰᠡᠨ ᠪᠠᠶᠢᠳᠠᠯ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠪᠠᠶᠢᠳᠠᠯ᠃ ᠬᠤᠶᠠᠷ ᠲᠤ ᠭᠤᠣᠯ ᠮᠥᠷᠡᠨ ᠨᠠᠭᠤᠷ ᠴᠥᠭᠦᠷᠥᠮ ᠤᠨ ᠳᠦᠷᠰᠦ ᠪᠠᠶᠢᠳᠠᠯ᠂ ᠴᠢᠳᠠᠮᠵᠢ ᠶᠢ ᠨᠥᠯᠥᠭᠡᠯᠡᠬᠦ ᠠᠰᠠᠭᠤᠳᠠᠯ᠃ ᠡᠭᠦᠨ ᠳᠤ ᠭᠤᠣᠯᠳᠠᠭᠤ᠄ 2020 ᠣᠨ ᠳᠤ ᠤᠰᠤᠨ ᠠᠰᠢᠭᠯᠠᠯᠳᠠ ᠶᠢᠨ ᠶᠠᠮᠤᠨ ︽ᠣᠷᠣᠵᠤ ᠰᠠᠭᠤᠬᠤ ᠮᠠᠶ᠋ᠢᠭ ᠤᠨ ᠳᠠᠯᠳᠠᠭᠤᠷ ᠰᠤᠷᠪᠤᠯᠵᠢᠯᠠᠨ ᠰᠢᠪᠠᠳᠠᠨ ᠪᠠᠶᠢᠴᠠᠭᠠᠬᠤ︾ ᠳᠤ 149 ᠠᠰᠠᠭᠤᠳᠠᠯ ᠢ ᠢᠯᠡᠷᠡᠭᠦᠯᠵᠦ᠂ ︽ᠵᠢᠷᠤᠮᠵᠢᠭᠤᠯᠤᠭᠰᠠᠨ᠂ ᠪᠠᠶᠢᠩᠭᠤᠵᠢᠭᠰᠠᠨ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ︾ ᠳᠤ 971 ᠠᠰᠠᠭᠤᠳᠠᠯ ᠢ ᠢᠯᠡᠷᠡᠭᠦᠯᠵᠦ ᠂ ᠤᠰᠤᠨ ᠠᠰᠢᠭᠯᠠᠯᠳᠠ ᠶᠢᠨ ᠶᠠᠮᠤᠨ ᠤ ᠨᠢᠭᠡᠳᠦᠭᠡᠷ ᠡᠭᠡᠯᠵᠢ᠂ ᠬᠤᠶᠠᠳᠤᠭᠠᠷ ᠡᠭᠡᠯᠵᠢ ᠶᠢᠨ ᠳᠠᠯᠳᠠᠭᠤᠷ ᠰᠤᠷᠪᠤᠯᠵᠢᠯᠠᠵᠤ ᠱᠠᠯᠠᠪᠳᠠᠭᠤᠯᠤᠨ ᠪᠠᠶᠢᠴᠠᠭᠠᠭᠰᠠᠨ 195 ᠠᠰᠠᠭᠤᠳᠠᠯ ᠢ ᠪᠦᠬᠦᠨ ᠢ ᠬᠢᠨᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠢ ︽ᠡᠷᠬᠢᠨ ᠬᠠᠷᠠᠬᠤ︾ ᠠᠵᠢᠯ ᠬᠢᠵᠦ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠪᠠ ᠬᠤᠶᠢᠰᠢᠯᠠᠭᠤᠯᠤᠨ ᠴᠡᠭᠴᠡᠯᠡᠨ ᠰᠠᠢᠵᠢᠷᠠᠭᠤᠯᠤᠭᠰᠠᠨ ︽ᠳᠥᠷᠪᠡᠨ ᠰᠠᠮᠠᠭᠤᠷᠠᠯ︾ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ᠂ ᠪᠡᠶᠡᠯᠡᠭᠦᠯᠬᠦ ᠴᠠᠭ ᠤᠨ ᠬᠢᠵᠠᠭᠠᠷ ᠲᠠᠢ ᠬᠠᠷᠭᠤᠭᠤᠯᠵᠤ᠂ ᠬᠠᠷᠢᠭᠤᠴᠠᠯᠭ᠎ᠠ ᠲᠠᠢ ᠨᠢᠭᠡᠴᠢ᠂ ᠬᠠᠷᠢᠭᠤᠴᠠᠯᠭᠠᠲᠠᠨ ᠢ ᠱᠠᠯᠠᠪᠳᠠᠭᠤᠯᠵᠤ᠂ ᠴᠠᠭ ᠲᠤᠬᠠᠢ ᠳᠤᠨᠢ᠂ ᠱᠠᠭᠠᠷᠳᠠᠯᠭ᠎ᠠ ᠶᠣᠰᠣᠭᠠᠷ ᠲᠦᠢᠯᠪᠤᠷᠢᠲᠠᠢ ᠴᠡᠭᠴᠡᠯᠡᠨ ᠰᠠᠢᠵᠢᠷᠠᠭᠤᠯᠤᠨ᠎ᠠ︔ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠢᠭᠡᠨᠲᠡ ᠥᠷᠨᠢᠭᠦᠯᠦᠭᠰᠡᠨ ᠰᠠᠭᠤᠷᠢᠨ ᠳᠡᠭᠡᠷ᠎ᠡ᠂ ᠪᠥᠬᠦ ᠣᠷᠣᠨ ᠤ ᠬᠥᠮᠦᠨ ᠥᠬᠡᠶ ᠣᠷᠣᠨ᠂ ᠵᠠᠮ ᠬᠠᠷᠢᠯᠴᠠᠭ᠎ᠠ ᠣᠨᠴᠠ ᠳᠥᠭᠦᠮ ᠦᠭᠡᠢ ᠭᠠᠵᠠᠷ ᠣᠷᠣᠨ ᠢ ᠭᠠᠷᠭᠠᠪᠠᠯ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠰᠢᠰᠲ᠋ᠧᠮ ᠳᠤ ᠣᠷᠣᠭᠤᠯᠤᠭᠰᠠᠨ ᠭᠤᠤᠯ ᠮᠥᠷᠡᠨ ᠨᠠᠭᠤᠷ ᠴᠥᠭᠦᠷᠥᠮ ᠳᠤ ᠪᠦᠬᠦᠨ ᠢ ᠬᠠᠮᠤᠷᠤᠭᠤᠯᠤᠨ ᠳᠠᠬᠢᠨ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠵᠦ᠂ ᠭᠤᠤᠯ ᠮᠥᠷᠡᠨ ᠨᠠᠭᠤᠷ ᠴᠥᠭᠦᠷᠥᠮ ᠳᠤ ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠪᠣᠶ ᠪᠥᠬᠦᠶ ᠠᠰᠠᠭᠤᠳᠠᠯ ᠳᠤ ᠲᠥᠷᠥᠯ ᠬᠤᠪᠢᠶᠠᠨ ᠡᠬᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠵᠠᠬ᠎ᠠ ᠳᠠᠷᠠᠭᠠᠯᠠᠨ ᠲᠣᠭᠲᠠᠭᠠᠵᠤ᠂ ᠬᠠᠤᠯᠢ ᠲᠣᠭᠲᠠᠭᠠᠯ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠬᠡᠷᠡᠭᠵᠢᠭᠦᠯᠦᠨ᠎ᠡ︔ ᠪᠤᠰᠤᠳ ᠬᠤᠯᠪᠣᠭᠳᠠᠯ ᠪᠥᠬᠦᠶ ᠠᠰᠠᠭᠤᠳᠠᠯ᠂ ᠵᠢᠱᠢᠶᠡᠯᠡᠪᠡᠯ ᠭᠤᠤᠯ ᠮᠥᠷᠡᠨ ᠨᠠᠭᠤᠷ ᠴᠥᠭᠦᠷᠥᠮ ᠳᠤ ᠠᠮᠢᠲᠠᠨ ᠤ ᠰᠡᠭ ᠦᠬᠦᠳᠡᠯ ᠬᠠᠶᠠᠬᠤ᠂ ᠵᠥᠪᠰᠢᠶᠡᠷᠡᠯ ᠥᠬᠡᠶ ᠪᠠᠷ ᠪᠣᠬᠢᠷᠲᠤᠯ ᠭᠠᠳᠠᠭᠰᠢᠯᠠᠭᠤᠯᠬᠤ ᠠᠮᠠᠰᠠᠷ ᠭᠠᠷᠭᠠᠬᠤ ᠵᠡᠷᠭᠡ ᠤᠰᠤᠨ ᠤ ᠣᠷᠴᠢᠨ ᠲᠣᠭᠤᠷᠢᠨ ᠂ ᠤᠰᠤᠨ ᠤ ᠠᠮᠢ ᠠᠬᠤᠶ ᠵᠢᠴᠢ ᠦᠶᠡᠷ ᠢ ᠰᠡᠷᠭᠡᠶᠢᠯᠡᠬᠦ ᠠᠮᠤᠷ ᠲᠦᠪᠰᠢᠨ᠂ ᠭᠤᠤᠯ ᠤᠨ ᠪᠠᠶᠢᠳᠠᠯ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠠᠰᠠᠭᠤᠳᠠᠯ ᠢ ᠰᠢᠢᠳᠪᠦᠷᠢᠯᠡᠨ᠎ᠡ᠃ ᠭᠤᠷᠪᠠ ᠳᠤ ᠭᠤᠤᠯ ᠤᠨ ᠭᠤᠯᠳᠤᠷᠢᠯ ᠠᠴᠠ ᠡᠯᠡᠰᠦ ᠬᠠᠶᠢᠷ ᠮᠠᠯᠲᠠᠬᠤ ᠬᠠᠮᠢᠶᠠᠷᠤᠯᠲᠠ ᠶᠢᠨ ᠪᠠᠶᠢᠳᠠᠯ᠃ ᠡᠭᠦᠨ ᠳᠤ ᠭᠤᠣᠯᠳᠠᠭᠤ᠄ ᠡᠯᠡᠰᠦ ᠮᠠᠯᠲᠠᠬᠤ ᠲᠥᠯᠥᠪᠵᠢᠭᠦᠯᠭᠡ᠂ ᠡᠯᠡᠰᠦ ᠮᠠᠯᠲᠠᠬᠤ ᠵᠥᠪᠰᠢᠶᠡᠷᠡᠯ᠂ ᠲᠦᠷᠪᠡᠨ ᠬᠠᠷᠢᠭᠤᠴᠠᠯᠭᠠᠲᠠᠨ ᠤ ᠨᠠᠶᠢᠳᠠᠪᠤᠷᠢᠵᠢᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ︔ ᠡᠯᠡᠰᠦ ᠮᠠᠯᠲᠠᠬᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠭᠰᠠᠨ᠂ ᠲᠤᠬᠠᠶ ᠶᠢᠨ ᠲᠠᠯᠠᠪᠤᠷ ᠲᠤᠨᠢ ᠬᠢᠨᠠᠨ ᠬᠠᠮᠢᠶᠠᠷᠤᠭᠰᠠᠨ᠂ ᠡᠯᠡᠰᠦ ᠣᠪᠣᠭᠠᠯᠠᠬᠤ ᠪᠠ ᠬᠠᠤᠯᠢ ᠪᠤᠰᠤ ᠪᠠᠷ ᠡᠯᠡᠰᠦ ᠮᠠᠯᠲᠠᠭᠰᠠᠨ ᠦᠶ᠋ᠯᠡ ᠠᠵᠢᠯᠯᠠᠭ᠎ᠠ ᠳᠤ ᠬᠠᠤᠯᠢ ᠬᠡᠷᠡᠭᠵᠢᠭᠦᠯᠵᠦ ᠴᠣᠬᠢᠯᠲᠠ ᠥᠭᠭᠦᠭᠰᠡᠨ ᠪᠠᠶᠢᠳᠠᠯ︔ ᠡᠯᠡᠰᠦ ᠮᠠᠯᠲᠠᠬᠤ ᠬᠦᠷᠢᠶ᠎ᠡ ᠴᠠᠷ᠎ᠠ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ︽ᠰᠢᠬᠦᠷ︾ ᠲᠤ ᠬᠤᠯᠪᠣᠭᠳᠠᠭᠰᠠᠨ ᠬᠡᠷᠡᠭ ᠤᠨ ᠰᠢᠵᠢᠮ ᠢ ᠲᠠᠬᠢᠨ ᠵᠢᠭᠰᠠᠭᠠᠨ ᠪᠠᠢᠴᠠᠭᠠᠨ᠎ᠠ᠃ ᠲᠦᠷᠪᠡ ᠳᠤ᠂ ᠭᠤᠣᠯ ᠮᠥᠷᠡᠨ ᠨᠠᠭᠤᠷ ᠴᠥᠭᠦᠷᠥᠮ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠃ ᠡᠭᠦᠨ ᠳᠤ ᠭᠤᠣᠯᠳᠠᠭᠤ᠄ ᠨᠠᠮ ᠤᠨ ᠲᠥᠪ ᠬᠤᠷᠢᠶ᠎ᠠ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠲᠤᠰᠢᠶᠠᠨ ᠥᠭᠴᠦ ᠭᠦᠢᠴᠡᠳᠬᠡᠭᠦᠯᠦᠭᠰᠡᠨ ᠤᠰᠤᠨ ᠠᠰᠢᠭᠯᠠᠯᠳᠠ ᠶᠢᠨ ᠶᠠᠮᠤᠨ ᠪᠤᠶᠤ ᠣᠷᠣᠨ ᠨᠤᠲᠤᠭ ᠤᠨ ᠪᠠᠶᠢᠴᠠᠭᠠᠨ ᠰᠢᠢᠳᠪᠦᠷᠢᠯᠡᠭᠰᠡᠨ ᠭᠤᠣᠯ ᠮᠥᠷᠡᠨ ᠨᠠᠭᠤᠷ ᠴᠥᠭᠦᠷᠥᠮ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︔ ᠤᠰᠤᠨ ᠠᠰᠢᠭᠯᠠᠯᠳᠠ ᠶᠢᠨ ᠶᠠᠮᠤᠨ ᠪᠤᠶᠤ ᠣᠷᠤᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠤᠬᠤᠯᠠᠪᠤᠷᠢᠯᠠᠨ ᠰᠢᠢᠳᠪᠦᠷᠢᠯᠡᠭᠰᠡᠨ ᠭᠤᠣᠯ ᠨᠠᠭᠤᠷ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︔ ᠤᠳᠠᠭ᠎ᠠ ᠪᠦᠷᠢ ᠶᠢᠨ ᠬᠢᠨᠠᠨ ᠪᠠᠶᠢᠴᠠᠭᠠᠯᠲᠠ ᠳᠤ ᠢᠯᠡᠷᠡᠭᠦᠯᠦᠭᠰᠡᠨ ᠭᠤᠣᠯ ᠮᠥᠷᠡᠨ ᠨᠠᠭᠤᠷ ᠴᠥᠭᠦᠷᠥᠮ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︔ ᠵᠠᠭᠤᠴᠢᠯᠠᠭᠤᠷ ᠤᠨ ᠬᠢᠨ ᠤ ᠢᠯᠡᠴᠢᠯᠡᠭᠰᠡᠨ ᠭᠤᠣᠯ ᠮᠥᠷᠡᠨ ᠨᠠᠭᠤᠷ ᠴᠥᠭᠦᠷᠥᠮ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︔ ᠤᠯᠠᠨ ᠨᠡᠶᠢᠲᠡ ᠶᠢᠨ ᠵᠠᠬᠢᠳᠠᠯ ᠰᠤᠷᠪᠤᠯᠵᠢᠯᠠᠭ᠎ᠠ ᠬᠢᠭᠰᠡᠨ᠂ ᠢᠯᠡᠴᠢᠯᠡᠨ ᠮᠡᠳᠡᠭᠦᠯᠦᠭᠰᠡᠨ ᠭᠤᠣᠯ ᠮᠥᠷᠡᠨ ᠨᠠᠭᠤᠷ ᠴᠥᠭᠦᠷᠥᠮ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠠᠭᠲᠠᠨ᠎ᠠ᠃     ᠭᠤᠷᠪᠠ᠂ ᠭᠤᠣᠯ ᠴᠣᠭᠴᠠ ᠨᠢ ᠲᠣᠳᠣᠷᠬᠠᠶ᠂ ᠬᠠᠷᠢᠭᠤᠴᠠᠯᠭ᠎ᠠ ᠨᠢ ᠢᠯᠡ ᠲᠣᠳᠣ ᠪᠠᠢᠬᠤ ᠬᠡᠷᠡᠭᠲᠡᠢ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢᠨ ᠲᠥᠰᠦᠯ ᠳᠤ᠂ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠤ ᠳᠠᠷᠤᠭ᠎ᠠ ᠶᠢᠨ ᠳᠦᠷᠢᠮᠲᠦ ᠠᠯᠪᠡᠠ ᠭᠡᠷ ᠪᠥᠬᠦ ᠣᠷᠣᠨ ᠤ ︽ᠬᠠᠪᠤᠷ ᠤᠨ ᠤᠯᠠᠷᠢᠯ︾ ᠤᠨ ᠠᠵᠢᠯᠯᠠᠭ᠎ᠠ ᠳᠤ ᠭᠤᠤᠯᠳᠠᠯᠭ᠎ᠠ ᠲᠠᠢ ᠰᠤᠭᠤᠴᠢᠨ ᠪᠠᠶᠢᠴᠠᠭᠠᠯᠲᠠ ᠥᠷᠨᠢᠭᠦᠯᠬᠦ ᠶᠢ ᠬᠠᠷᠢᠭᠤᠴᠠᠨ᠎ᠠ᠃ ᠠᠶᠢᠮᠠᠭ ᠬᠤᠲᠠ ᠶᠢᠨ ᠱᠠᠲᠤᠨ ᠤ ᠭᠤᠤᠯ ᠤᠨ ᠳᠠᠷᠤᠭ᠎ᠠ ᠪᠣᠯ ᠲᠣᠰ ᠬᠠᠷᠢᠶ᠎ᠠ ᠣᠷᠣᠨ ᠤ ᠳᠣᠲᠣᠭᠠᠳᠤ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠪᠠᠶᠢᠵᠤ᠂ ︽ᠬᠠᠪᠤᠷ ᠤᠨ ᠤᠯᠠᠷᠢᠯ︾ ᠤᠨ ᠠᠵᠢᠯᠯᠠᠭ᠎ᠠ ᠳᠤ ᠢᠯᠡᠷᠡᠭᠦᠯᠦᠭᠰᠡᠨ ᠴᠢᠬᠤᠯᠠ ᠶᠡᠭᠡ ᠭᠤᠤᠯ ᠮᠥᠷᠡᠨ ᠨᠠᠭᠤᠷ ᠴᠥᠭᠦᠷᠥᠮ ᠤᠨ ᠠᠰᠠᠭᠤᠳᠠᠯ ᠢ ᠬᠠᠷᠢᠭᠤᠴᠠᠨ ᠰᠢᠶ᠋ᠳᠪᠦᠷᠢᠯᠡᠬᠦ ᠪᠠ ᠲᠠᠰᠤᠯᠤᠨ᠎ᠠ᠃ ᠠᠶᠢᠮᠠᠭ ᠬᠤᠲᠠ ᠶᠢᠨ ᠭᠤᠤᠯ ᠮᠥᠷᠡᠨ ᠤ ᠳᠠᠷᠤᠭ᠎ᠠ ᠶᠢᠨ ᠠᠯᠪᠠᠨ ᠬᠡᠷ ᠨᠢ ᠲᠣᠰ ᠬᠠᠷᠢᠶ᠎ᠠ ᠣᠷᠣᠨ ᠤ ᠪᠠᠨ ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢ ᠶᠡᠷᠦᠩᠬᠡᠶ ᠳᠤᠨᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠬᠤ᠂ ᠵᠣᠬᠢᠶᠠᠨ ᠪᠠᠶᠢᠭᠤᠯᠬᠤ᠂ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠠᠵᠢᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠬᠤᠰᠢᠭᠤ ︵ᠰᠢᠶᠠᠨ︶ ᠶᠢᠨ ᠶᠡᠷᠦᠩᠬᠡᠶ ᠭᠤᠤᠯ ᠤᠨ ᠳᠠᠷᠤᠭ᠎ᠠ ᠪᠣᠯ ᠲᠣᠰ ᠬᠠᠷᠢᠶ᠎ᠠ ᠣᠷᠣᠨ ᠤ ᠳᠣᠲᠣᠷᠠᠬᠢ ᠬᠠᠲᠤᠨ ᠭᠤᠤᠯ ᠤᠨ ᠬᠠᠮᠢᠶᠠᠷᠤᠯᠲᠠ ᠬᠠᠮᠠᠭᠠᠯᠠᠯᠲᠠ ᠶᠢᠨ ᠰᠢᠭᠤᠳ ᠬᠠᠷᠢᠭᠤᠴᠠᠯᠭᠠᠲᠠᠨ ᠪᠣᠯᠤᠨ᠎ᠠ᠂ ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢᠨ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠡᠳᠦᠷ ᠲᠤᠲᠤᠮ ᠤᠨ ᠬᠠᠮᠢᠶᠠᠷᠴᠤ ᠬᠠᠮᠠᠭᠠᠯᠠᠬᠤ ᠪᠠᠯᠠ ᠮᠥᠩᠭᠦ ᠶᠢ ᠨᠠᠶᠢᠳᠠᠪᠤᠷᠢᠵᠢᠭᠤᠯᠤᠨ᠂ ᠲᠣᠰᠬᠤᠨ ᠤ ᠱᠠᠲᠤᠨ ᠤ ᠭᠤᠤᠯ ᠴᠠᠭᠳᠠᠭᠴᠢ ᠶᠢᠨ ᠤᠷᠮᠠᠰᠢᠭᠤᠯᠤᠯ ᠤᠨ ᠲᠣᠭᠲᠠᠴᠠ ᠶᠢ ᠪᠦᠷᠢᠨᠰᠢᠬᠦᠯᠦᠨ᠎ᠡ᠃ ᠬᠤᠰᠢᠭᠤ ︵ᠲᠣᠭᠤᠷᠢᠭ︶ ᠶᠢᠨ ᠭᠤᠤᠯ ᠮᠥᠷᠡᠨ ᠤ ᠳᠠᠷᠤᠭ᠎ᠠ ᠶᠢᠨ ᠠᠯᠪᠠᠨ ᠬᠡᠷ ᠠᠴᠠ ᠲᠦᠷᠦᠭᠦᠯᠡᠵᠦ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠢ ᠵᠣᠬᠢᠴᠠᠭᠤᠯᠤᠨ ᠭᠤᠤᠯ ᠨᠠᠭᠤᠷ ᠤᠨ ᠳᠠᠷᠤᠭ᠎ᠠ ᠶᠢᠨ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠣᠰ ᠵᠠᠰᠠᠭ ᠵᠠᠬᠢᠷᠭᠠᠨ ᠤ ᠣᠷᠣᠨ ᠤ ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢ ᠬᠠᠷᠢᠭᠤᠴᠠᠨ ᠶᠠᠪᠤᠭᠳᠠᠭᠤᠯᠤᠨ᠎ᠠ᠃     ᠳᠥᠷᠪᠡ᠂ ᠠᠯᠬᠤᠮ ᠳᠠᠷᠠᠭ᠎ᠠ ᠨᠢ ᠠᠪᠴᠠᠯᠳᠤᠭᠤᠯᠤᠨ᠂ ᠠᠬᠢᠴᠠ ᠨᠢ ᠵᠦᠶ ᠵᠣᠬᠢᠰᠲᠠᠶ ᠪᠠᠢᠬᠤ ᠬᠡᠷᠡᠭᠲᠡᠢ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢ ︽ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ︾᠂ ︽ᠲᠥᠪᠯᠡᠷᠡᠭᠦᠯᠦᠨ ᠴᠡᠭᠴᠡᠯᠡᠨ ᠵᠠᠰᠠᠬᠤ︾᠂ ︽ᠬᠢᠨᠠᠨ ᠵᠢᠯᠣᠭᠤᠳᠴᠤ ᠪᠠᠶᠢᠴᠠᠭᠠᠬᠤ ᠪᠠ ᠭᠤᠤᠯᠳᠠᠯᠭ᠎ᠠ ᠲᠠᠢ ᠰᠤᠭᠤᠴᠢᠨ ᠪᠠᠶᠢᠴᠠᠭᠠᠬᠤ︾ ᠭᠤᠷᠪᠠᠨ ᠱᠠᠲᠤ ᠬᠤᠪᠢᠶᠠᠵᠤ ᠶᠠᠪᠤᠭᠳᠠᠭᠤᠯᠤᠨ᠎ᠠ᠃ 4 ᠰᠠᠷ᠎ᠠ ᠶᠢᠨ 10 ᠤ ᠡᠳᠦᠷ ᠠᠴᠠ 5 ᠰᠠᠷ᠎ᠠ ᠶᠢᠨ 10 ᠤ ᠡᠳᠦᠷ ᠪᠣᠯᠲᠠᠯ᠎ᠠ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠱᠠᠲᠤ ᠦᠶ᠎ᠡ᠂ 4 ᠰᠠᠷ᠎ᠠ ᠶᠢᠨ 25 ᠤ ᠡᠳᠦᠷ ᠠᠴᠠ ᠡᠮᠦᠨ᠎ᠡ ᠠᠶᠢᠮᠠᠭ ᠬᠤᠲᠠ ᠪᠠᠷ ᠨᠢ ᠨᠢᠭᠡᠴᠢ ᠪᠣᠯᠭᠠᠨ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠤᠨ ᠠᠵᠢᠯ ᠢ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠵᠦ᠂ 4 ᠰᠠᠷ᠎ᠠ ᠶᠢᠨ 30 ᠤ ᠡᠳᠦᠷ ᠠᠴᠠ ᠡᠮᠦᠨ᠎ᠡ ᠬᠤᠰᠢᠭᠤ ᠰᠢᠶᠠᠨ ᠢᠶᠠᠷ ᠨᠢᠭᠡᠴᠢ ᠪᠣᠯᠭᠠᠨ ᠨᠡᠢᠳᠡᠮ ᠤᠨ ᠭᠤᠤᠯ ᠨᠠᠭᠤᠷ ᠤᠨ ︽ᠳᠥᠷᠪᠡᠨ ᠰᠠᠮᠠᠭᠤᠷᠠᠯ︾ ᠤᠨ ᠠᠰᠠᠭᠤᠳᠠᠯ ᠪᠠ ᠡᠯᠡᠰᠦ ᠮᠠᠯᠲᠠᠬᠤ ᠶᠢ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠠᠵᠢᠯ ᠢ ᠪᠡᠶᠡᠯᠡᠭᠦᠯᠵᠦ᠂ ᠣᠷᠣᠰᠢᠵᠤ ᠪᠠᠶᠢᠭ᠎ᠠ ᠪᠣᠶ ᠪᠥᠬᠦᠶ ᠠᠰᠠᠭᠤᠳᠠᠯ ᠢ ᠪᠥᠬᠦ ᠲᠠᠯ᠎ᠠ ᠪᠠᠷ ᠪᠠᠶᠢᠴᠠᠭᠠᠨ ᠳᠣᠲᠣᠯᠠᠵᠤ᠂ ᠭᠤᠤᠯ ᠤᠨ ᠬᠡᠰᠡᠭ ᠪᠠ ᠨᠠᠭᠤᠷ ᠤᠨ ᠬᠡᠰᠡᠭ ᠳᠠᠷᠠᠭᠠᠯᠠᠨ ᠠᠰᠠᠭᠤᠳᠠᠯ ᠤᠨ ᠨᠠᠷᠢᠨ ᠬᠠᠭᠤᠳᠠᠰᠤ ᠶᠢ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠱᠠᠲᠤᠨ ᠳᠤ᠂ ᠢᠯᠡᠷᠡᠭᠦᠯᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠠᠶᠢᠴᠠᠭᠠᠬᠤ ᠶᠢᠨ ᠳᠠᠭᠠᠤ ᠵᠠᠰᠠᠵᠤ᠂ ᠴᠠᠭ ᠲᠤᠬᠠᠶ ᠳᠤᠨᠢ ᠢᠯᠡᠷᠡᠭᠦᠯᠵᠦ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ 5 ᠰᠠᠷ᠎ᠠ ᠶᠢᠨ 10 ᠤ ᠡᠳᠦᠷ ᠠᠴᠠ 6 ᠰᠠᠷ᠎ᠠ ᠶᠢᠨ 15 ᠤ ᠡᠳᠦᠷ ᠠᠴᠠ ᠡᠮᠦᠨ᠎ᠡ ᠪᠣᠯᠲᠠᠯ᠎ᠠ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠭᠤᠤᠯ ᠨᠠᠭᠤᠷ ᠤᠨ ᠳᠠᠷᠤᠭ᠎ᠠ ᠶᠢᠨ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠡᠯ᠎ᠡ ᠬᠠᠷᠢᠭᠤᠴᠠᠯᠭᠠᠲᠤ ᠨᠢᠭᠡᠴᠢ ᠶᠢ ᠵᠣᠬᠢᠶᠠᠨ ᠪᠠᠶᠢᠭᠤᠯᠤᠨ ᠬᠠᠮᠲᠤᠷᠠᠨ ᠬᠠᠤᠯᠢ ᠬᠡᠷᠡᠭᠵᠢᠭᠦᠯᠬᠦ ᠶᠢ ᠥᠷᠨᠢᠭᠦᠯᠵᠦ᠂ ᠵᠢᠭᠰᠠᠭᠠᠨ ᠪᠠᠶᠢᠴᠠᠭᠠᠵᠤ ᠪᠠᠶᠢᠳᠠᠯ ᠢ ᠤᠶᠢᠯᠠᠭᠠᠨ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠪᠡᠶᠡᠯᠡᠭᠦᠯᠬᠦ ᠶᠢ ᠱᠠᠭᠠᠷᠳᠠᠪᠠ᠃ ᠰᠢᠨ᠎ᠡ ᠪᠠᠷ ᠢᠯᠡᠷᠡᠭᠦᠯᠦᠭᠰᠡᠨ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠷᠠᠯ︾ ᠤᠨ ᠠᠰᠠᠭᠤᠳᠠᠯ ᠪᠠ ᠬᠠᠤᠯᠢ ᠪᠤᠰᠤ ᠪᠠᠷ ᠡᠯᠡᠰᠦ ᠮᠠᠯᠲᠠᠭᠰᠠᠨ ᠠᠰᠠᠭᠤᠳᠠᠯ ᠣᠷᠣᠰᠢᠵᠤ ᠪᠠᠶᠢᠪᠠᠯ᠂ ᠠᠰᠠᠭᠤᠳᠠᠯ ᠢ ᠲᠠᠨᠢᠵᠤ ᠠᠪᠤᠭᠰᠠᠨ ᠨᠠᠷᠢᠨ ᠬᠠᠭᠤᠳᠠᠰᠤ ᠪᠠ ᠳ᠋ᠤᠭᠠᠷ ᠢ ᠬᠠᠰᠤᠭᠰᠠᠨ ᠨᠠᠷᠢᠨ ᠬᠠᠭᠤᠳᠠᠰᠤ ᠶᠢ ᠲᠠᠭᠯᠠᠵᠤ ᠂ ᠡᠬᠡ ᠲᠠᠩᠰᠠ ᠪᠠᠶᠢᠭᠤᠯᠤᠨ᠂ ᠵᠦᠶ᠋ᠯ ᠳᠠᠷᠠᠭᠠᠯᠠᠨ ᠳ᠋ᠤᠭᠠᠷ ᠢ ᠬᠠᠰᠤᠵᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠵᠠᠰᠠᠬᠤ ᠳᠤ ᠦᠨᠡᠨ ᠬᠦ ᠬᠦᠴᠢᠷᠲᠡᠶ ᠪᠠᠶᠢᠪᠠᠯ ᠰᠢᠯᠲᠠᠭᠠᠨ ᠢ ᠨᠢ ᠲᠣᠳᠣᠷᠬᠠᠶᠢᠯᠠᠵᠤ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠬᠤ ᠬᠡᠷᠡᠭᠲᠡᠶ᠃ 4 ᠰᠠᠷ᠎ᠠ ᠶᠢᠨ 1 ᠤ ᠡᠳᠦᠷ ᠠᠴᠠ 6 ᠰᠠᠷ᠎ᠠ ᠶᠢᠨ 20 ᠤ ᠡᠳᠦᠷ ᠪᠣᠯᠲᠠᠯ᠎ᠠ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠪᠠ ᠭᠤᠤᠯᠳᠠᠯᠭ᠎ᠠ ᠲᠠᠢ ᠰᠤᠭᠤᠴᠢᠨ ᠪᠠᠶᠢᠴᠠᠭᠠᠬᠤ ᠱᠠᠲᠤ ᠦᠶ᠎ᠡ ᠪᠠᠢᠵᠤ᠂ ᠡᠯ᠎ᠡ ᠠᠶᠢᠮᠠᠭ ᠬᠤᠲᠠ ᠶᠢᠨ ᠭᠤᠤᠯ ᠮᠥᠷᠡᠨ ᠤ ᠳᠠᠷᠤᠭ᠎ᠠ ᠶᠢᠨ ᠳᠦᠷᠢᠮᠲᠦ ᠠᠯᠪᠡᠠ ᠭᠡᠷ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠷᠬᠢᠭᠳᠠᠭᠤᠯᠤᠨ ᠮᠡᠳᠡᠭᠦᠯᠦᠭᠰᠡᠨ ᠪᠠ ᠮᠡᠳᠡᠭᠦᠯᠬᠦ ᠥᠬᠡᠶ ᠨᠢᠭᠤᠭᠰᠠᠨ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ᠂ ᠴᠡᠪᠡᠷᠯᠡᠨ ᠴᠡᠭᠴᠡᠯᠡᠨ ᠵᠠᠰᠠᠭᠰᠠᠨ ᠨᠢ ᠪᠣᠳᠠᠲᠠᠶᠢᠵᠢᠭᠰᠠᠨ ᠥᠬᠡᠶ᠂ ᠴᠡᠭᠴᠡᠯᠡᠨ ᠵᠠᠰᠠᠭᠰᠠᠨ ᠤ ᠳᠠᠷᠠᠭ᠎ᠠ ᠳᠠᠬᠢᠨ ᠢᠯᠡᠷᠡᠭᠰᠡᠨ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠤ ᠳᠠᠷᠤᠭ᠎ᠠ ᠶᠢᠨ ᠳᠦᠷᠢᠮᠲᠦ ᠠᠯᠪᠡᠠ ᠭᠡᠷ 7 ᠰᠠᠷ᠎ᠠ ᠶᠢᠨ ᠰᠡᠭᠦᠯᠴᠢ ᠠᠴᠠ ᠡᠮᠦᠨ᠎ᠡ ᠭᠤᠤᠯᠳᠠᠯᠭ᠎ᠠ ᠲᠠᠢ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠢ ᠰᠠᠶᠢᠲᠤᠷ ᠵᠣᠬᠢᠶᠠᠨ ᠪᠠᠶᠢᠭᠤᠯᠤᠭᠰᠠᠨ ᠥᠬᠡᠶ ᠂ ᠠᠵᠢᠯ ᠬᠢᠬᠦ ᠥᠬᠡᠶ᠂ ᠠᠵᠢᠯ ᠬᠢᠬᠦ ᠪᠠᠨ ᠤᠳᠠᠭᠠᠰᠢᠷᠠᠭᠤᠯᠤᠭᠰᠠᠨ ᠵᠡᠷᠭᠡ ᠠᠰᠠᠭᠤᠳᠠᠯ ᠢ ᠪᠣᠯᠵᠣᠨ ᠶᠠᠷᠢᠯᠴᠠᠵᠤ᠂ ᠬᠤᠯᠪᠣᠭᠳᠠᠯ ᠪᠥᠬᠦᠶ ᠭᠠᠵᠠᠷ ᠣᠷᠣᠨ ᠪᠠ ᠨᠢᠭᠡᠴᠢ ᠳᠤ ᠮᠡᠳᠡᠭᠦᠯᠦᠨ᠎ᠡ᠃     ᠲᠠᠪᠤ᠂ ᠴᠢᠩᠭ᠎ᠠ ᠱᠠᠭᠠᠷᠳᠠᠵᠤ᠂ ᠪᠣᠳᠠᠲᠤ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢᠨ ᠶᠠᠪᠤᠴᠠ ᠳᠤ᠂ ᠡᠯ᠎ᠡ ᠭᠠᠵᠠᠷ ᠡᠯ᠎ᠡ ᠨᠢᠭᠡᠴᠢ ᠶᠢᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠨᠢᠭᠡ ᠳᠤ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ ᠲᠣᠰ ᠤᠳᠠᠭᠠᠨ ᠤ ᠠᠵᠢᠯᠯᠠᠭ᠎ᠠ ᠶᠢᠨ ᠬᠡᠪᠴᠢᠶ᠎ᠡ ᠥᠷᠭᠡᠨ᠂ ᠡᠭᠦᠷᠭᠡ ᠬᠦᠨᠳᠦ᠂ ᠴᠠᠭ ᠪᠠᠴᠢᠮ᠂ ᠱᠠᠭᠠᠷᠳᠠᠯᠭ᠎ᠠ ᠥᠨᠳᠥᠷ ᠲᠤᠯᠠ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠨᠢᠭᠡᠴᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠭᠦᠷᠭᠡ ᠬᠠᠷᠢᠭᠤᠴᠠᠯᠭ᠎ᠠ ᠶᠢᠨ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠵᠢᠯ ᠢᠶᠠᠨ ᠯᠠᠪᠳᠠᠭᠤᠨ ᠪᠠᠲᠤᠲᠠᠶ ᠥᠷᠨᠢᠭᠦᠯᠵᠦ᠂ ᠴᠡᠭᠴᠡᠯᠡᠨ ᠥᠭᠡᠷᠡᠴᠢᠯᠡᠬᠦ ᠡᠭᠦᠷᠭᠡ ᠪᠠᠨ ᠴᠢᠨᠠᠷ ᠬᠡᠮᠵᠢᠶ᠎ᠡ ᠶᠢ ᠪᠠᠲᠤᠯᠠᠬᠤ ᠶᠢ ᠪᠡᠶᠡᠯᠡᠭᠦᠯᠬᠦ ᠬᠡᠷᠡᠭᠲᠡᠶ᠃ ᠬᠤᠶᠠᠷ ᠲᠤ ᠬᠤᠰᠢᠭᠤ ᠰᠢᠶᠠᠨ ᠤ ᠱᠠᠲᠤᠨ ᠤ ᠭᠤᠤᠯ ᠨᠠᠭᠤᠷ ᠤᠨ ᠳᠠᠷᠤᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠲᠣᠰ ᠤᠳᠠᠭᠠᠨ ᠤ ᠲᠤᠰᠬᠠᠶ ᠠᠵᠢᠯᠯᠠᠭ᠎ᠠ ᠶᠢᠨ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠷᠠᠯ ᠢ ᠠᠷᠢᠯᠭᠠᠬᠤ︾ ᠠᠵᠢᠯᠯᠠᠭ᠎ᠠ ᠪᠠ ᠡᠯᠡᠰᠦ ᠮᠠᠯᠲᠠᠬᠤ ᠬᠠᠮᠢᠶᠠᠷᠤᠯᠲᠠ ᠶᠢ ᠭᠤᠤᠯᠳᠠᠭᠤ ᠬᠤᠰᠢᠭᠤ ᠰᠢᠶᠠᠨ ᠤ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠬᠠᠷᠢᠭᠤᠴᠠᠨ᠎ᠠ᠂ ᠴᠡᠭᠴᠡᠯᠡᠨ ᠵᠠᠰᠠᠬᠤ ᠠᠭᠤᠯᠭ᠎ᠠ ᠶᠢ ᠦᠨᠳᠦᠰᠦᠯᠡᠨ᠂ ᠬᠠᠷᠢᠶ᠎ᠠ ᠭᠤᠤᠯ ᠨᠠᠭᠤᠷ ᠴᠥᠭᠦᠷᠥᠮ ᠤᠨ ᠡᠯᠡᠰᠦ ᠮᠠᠯᠲᠠᠬᠤ ᠬᠠᠮᠢᠶᠠᠷᠤᠯᠲᠠ ᠳᠤ ᠴᠢᠭᠯᠡᠭᠦᠯᠦᠨ ᠪᠥᠬᠦ ᠲᠠᠯ᠎ᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠬᠦ ᠬᠡᠷᠡᠭᠲᠡᠶ᠃ ᠭᠤᠷᠪᠠ ᠳᠤ᠂ ᠬᠠᠮᠲᠤᠷᠠᠨ ᠬᠠᠮᠵᠢᠯᠴᠠᠬᠤ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠭᠤᠣᠯ ᠮᠥᠷᠡᠨ ᠤ ᠳᠠᠷᠤᠭ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠲᠠᠪᠴᠠᠩ ᠢ ᠭᠦᠢᠴᠡᠳ ᠠᠰᠢᠭᠯᠠᠵᠤ᠂ ᠰᠠᠯᠠᠭ᠎ᠠ ᠮᠥᠴᠢᠷ ᠤᠨ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠠᠵᠢᠯ ᠬᠤᠪᠢᠶᠠᠷᠢᠯᠠᠨ ᠬᠠᠷᠢᠭᠤᠴᠠᠵᠤ᠂ ᠵᠣᠬᠢᠴᠠᠭᠤᠯᠤᠨ ᠬᠠᠮᠵᠢᠯᠴᠠᠵᠤ᠂ ᠬᠦᠴᠦ ᠪᠠᠨ ᠬᠠᠮᠲᠤᠳᠬᠠᠨ ᠬᠠᠤᠯᠢ ᠬᠡᠷᠡᠭᠵᠢᠭᠦᠯᠵᠦ ᠴᠣᠬᠢᠯᠲᠠ ᠥᠭᠬᠦ ᠪᠠ ᠲᠤᠰᠬᠠᠢ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ᠲᠦᠷᠪᠡ ᠳᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃ ᠡᠯ᠎ᠡ ᠭᠠᠵᠠᠷ ᠤᠨ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠪᠠ ᠲᠥᠪᠯᠡᠷᠡᠭᠦᠯᠦᠨ ᠴᠡᠭᠴᠡᠯᠡᠨ ᠵᠠᠰᠠᠭᠰᠠᠨ ᠰᠠᠭᠤᠷᠢᠨ ᠳᠡᠭᠡᠷ᠎ᠡ᠂ ᠬᠠᠮᠢᠶᠠᠷᠤᠯᠲᠠ ᠶᠢᠨ ᠪᠠᠭᠤᠷᠠᠢ ᠭᠤᠭᠴᠤᠭ᠎ᠠ ᠳᠤ ᠴᠢᠭᠯᠡᠭᠦᠯᠦᠨ᠂ ᠬᠠᠤᠯᠢ ᠲᠣᠭᠲᠠᠭᠠᠯ ᠲᠦᠷᠢᠮ᠂ ᠪᠠᠶᠢᠭᠤᠯᠤᠮᠵᠢ ᠲᠣᠭᠲᠠᠴᠠ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ᠂ ᠡᠩᠨᠡᠭᠡᠨ ᠤ ᠴᠢᠳᠠᠪᠤᠷᠢ ᠶᠢᠨ ᠪᠠᠶᠢᠭᠤᠯᠤᠯᠲᠠ ᠵᠡᠷᠭᠡ ᠲᠠᠯ᠎ᠠ ᠠᠴᠠ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠱᠠᠯᠠᠪᠳᠠᠨ ᠰᠤᠳᠤᠯᠤᠨ ᠪᠠᠶᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠲᠠᠪᠤ ᠳᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠨ᠎ᠠ᠃ ᠠᠵᠢᠯᠯᠠᠭ᠎ᠠ ᠳᠡᠭᠡᠷ᠎ᠡ ᠪᠠᠨ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠬᠠᠰᠢ ᠶᠠᠰᠢ ᠪᠠᠷ ᠥᠩᠭᠡᠷᠡᠭᠦᠯᠬᠦ ᠦᠭᠡᠢ᠂ ᠰᠠᠬᠢᠯᠭ᠎ᠠ ᠪᠠᠲᠤ ᠲᠦᠷᠢᠮ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃
         
        ᠢᠷᠡᠯᠲᠡ᠄ ᠲᠣᠲᠣᠷᠬᠠᠢ ᠦᠭᠡᠢ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号