内蒙古自治区水利厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ︽ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠶᠢᠴᠠᠭᠠᠨ ᠰᠤᠳᠤᠯᠵᠤ ᠠᠬᠢᠭᠤᠯᠬᠤ ᠠᠵᠢᠯ ᠢ ᠥᠷᠨᠢᠭᠦᠯᠪᠡ
        ᠨᠡᠶᠢᠲᠡᠯᠡᠭᠰᠡᠨ ᠴᠠᠭ᠄
        2022/7/15
            ᠮᠠᠨ ᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠤᠰᠤᠨ ᠠᠰᠢᠭᠯᠠᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠤᠰᠤᠨ ᠠᠰᠢᠭᠯᠠᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠨᠡᠪᠲᠡᠷᠡᠯᠴᠡᠭᠦᠯᠦᠨ ᠵᠣᠯᠭᠠᠭᠤᠯᠬᠤ ᠶᠢ ᠴᠢᠩᠭᠠᠳᠬᠠᠵᠤ᠂ ᠮᠠᠨ ᠤ ᠣᠷᠣᠨ ᠤ ᠰᠢᠯᠢᠳᠡᠭ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠬᠢᠳᠡᠯ ᠪᠠ ᠲᠤᠷᠰᠢᠯᠭ᠎ᠠ ᠶᠢ ᠰᠤᠷᠤᠯᠴᠠᠨ ᠳᠤᠯᠢᠳᠠᠬᠤ ᠶᠢᠨ ᠲᠥᠯᠥᠭᠡ᠂ ᠲᠦᠷᠦᠭᠦᠬᠡᠨ ᠳᠤ᠂ ᠤᠰᠤᠨ ᠠᠰᠢᠭᠯᠠᠯᠲᠠ ᠶᠢᠨ ᠠᠵᠢᠯ ᠦᠢᠯᠡᠰ ᠤᠨ ᠬᠥᠭᠵᠢᠯᠲᠡ ᠶᠢᠨ ᠲᠥᠪ ᠠᠴᠠ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠠᠯᠠᠭ᠎ᠠ ᠮᠥᠴᠢᠷ ᠤᠨ ᠠᠵᠢᠯᠲᠠᠨ ᠢ ᠵᠣᠬᠢᠶᠠᠨ ᠪᠠᠶᠢᠭᠤᠯᠵᠤ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠴᠦ ᠲᠤᠬᠠᠶ ᠶᠢᠨ ᠲᠠᠯᠠᠪᠠᠶ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠵᠢᠴᠢ ᠰᠢᠨᠵᠢᠯᠡᠨ ᠰᠤᠳᠤᠯᠬᠤ ᠠᠵᠢᠯ ᠥᠷᠨᠢᠭᠦᠯᠵᠦ᠂ ᠮᠠᠨ ᠤ ᠣᠷᠣᠨ ᠤ ᠤᠰᠤᠨ ᠠᠰᠢᠭᠯᠠᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠬᠦ ᠳᠤ ᠰᠠᠭᠤᠷᠢ ᠶᠢ ᠪᠠᠲᠤᠳᠬᠠᠪᠠ᠃ 
        W020220715549014194638.jpg
             7 ᠳ᠋ᠤᠭᠠᠷ ᠰᠠᠷ᠎ᠠ ᠶᠢᠨ 4 ᠤ ᠡᠳᠦᠷ᠂ ᠤᠰᠤᠨ ᠠᠰᠢᠭᠯᠠᠯᠲᠠ ᠶᠢᠨ ᠲᠢᠩᠬᠢᠮ ᠤᠨ ᠡᠳ᠋ ᠤᠨ ᠵᠠᠰᠠᠭ ᠤᠨ ᠭᠠᠵᠠᠷ ᠤᠨ ᠳᠡᠳ᠋ ᠳᠠᠷᠤᠭ᠎ᠠ ᠰᠦᠨ ᠪᠥᠸᠧ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠭᠠᠵᠠᠷ ᠤᠨ ᠪᠥᠬᠦ ᠺᠠᠳ᠋ᠷ ᠢ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠭᠦᠨᠵᠡᠭᠡᠶᠢᠷᠡᠨ ᠲᠤᠬᠠᠶ ᠶᠢᠨ ᠲᠠᠯᠠᠪᠠᠶ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ  ᠶᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠣᠨᠴᠠᠯᠢᠭ ᠲᠠᠢ ᠤᠶᠠᠯᠳᠤᠭᠤᠯᠤᠨ᠂ ︽ᠪᠡᠶᠡᠴᠢᠯᠡᠨ ᠣᠶᠢᠯᠠᠭᠠᠵᠤ ᠵᠢᠱᠢᠶ᠎ᠡ ᠦᠵᠡᠭᠦᠯᠦᠨ ᠳᠠᠶᠢᠴᠢᠯᠠᠬᠤ ᠶᠢ ᠴᠢᠩᠭᠠᠳᠬᠠᠵᠤ᠂ ᠪᠦᠬᠦᠯᠢ ᠴᠣᠭᠴᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ︾ ᠪᠠᠷ ᠬᠠᠷᠠᠯᠲᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠲᠤᠬᠠᠶ ᠶᠢᠨ ᠲᠠᠯᠠᠪᠤᠷ ᠲᠤ ᠣᠯᠭᠤᠬᠤ᠂ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠢ ᠵᠢᠯᠣᠭᠤᠳᠬᠤ᠂ ᠠᠵᠢᠯ ᠶᠠᠪᠤᠳᠠᠯ ᠭᠦᠢᠴᠡᠳᠬᠡᠬᠦ‌ᠣᠯᠠᠨ ᠲᠦᠮᠡᠨ ᠤ ᠤᠰᠤᠨ ᠳᠤ ᠬᠤᠯᠪᠣᠭᠳᠠᠭᠰᠠᠨ ᠬᠢᠨᠠᠨ ᠵᠥᠪᠰᠢᠶᠡᠷᠡᠬᠦ ᠵᠦᠢᠯᠡᠰ ᠤᠨ ᠬᠠᠮᠢᠶ᠎ᠠ ᠪᠥᠬᠦᠶ ᠠᠰᠠᠭᠤᠳᠠᠯ ᠳᠤ ᠬᠠᠷᠢᠭᠤᠯᠲᠠ ᠥᠭᠬᠦ ᠵᠢᠴᠢ ︽ᠴᠣᠩᠬᠤᠪᠴᠢ︾ ︽ᠠᠷᠤ ᠲᠠᠪᠴᠠᠩ︾ ᠤᠨ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠢ ᠭᠦᠢᠴᠡᠳᠬᠡᠬᠦ ᠵᠡᠷᠭᠡ ᠶᠢ ᠪᠡᠶᠡᠴᠢᠯᠡᠨ ᠣᠶᠢᠯᠠᠭᠠᠬᠤ ᠪᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠲᠠᠨ ᠨᠢᠭᠡᠪᠦᠷᠢ ᠳᠤ ᠲᠤᠬᠠᠶ ᠶᠢᠨ ᠲᠠᠯᠠᠪᠠᠶ ᠳᠤ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠶᠢᠨ ᠠᠵᠢᠯ ᠢ ᠭᠦᠨᠵᠡᠭᠡᠶ ᠣᠶᠢᠯᠠᠭᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠵᠢᠯ ᠤᠨ ᠰᠤᠷᠲᠠᠯ ᠢ ᠰᠠᠶᠢᠵᠢᠷᠠᠭᠤᠯᠤᠨ᠂ ᠤᠰᠤᠨ ᠠᠰᠢᠭᠯᠠᠯᠲᠠ ᠶᠢᠨ ᠰᠠᠶᠢᠨ ᠰᠠᠶᠢᠬᠠᠨ ︽ᠴᠣᠩᠬᠤ︾ ᠶᠢᠨ ᠳᠦᠷᠢ ᠲᠥᠷᠬᠦ ᠶᠢ ᠪᠣᠶ ᠪᠣᠯᠭᠠᠨ᠎ᠠ᠃  
        W020220715549014229307.jpg
             7 ᠰᠠᠷ᠎ᠠ ᠶᠢᠨ 6 ᠤ ᠡᠳᠦᠷ ᠠᠴᠠ7 ᠤ ᠡᠳᠦᠷ᠂ ᠪᠠᠶᠢᠴᠠᠭᠠᠨ ᠰᠤᠳᠤᠯᠬᠤ ᠳᠤᠭᠤᠶᠢᠯᠠᠩ ᠨᠢ ᠪᠤᠭᠤᠲᠤ ᠬᠤᠲᠠ ᠪᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠴᠦ ᠂ ᠤᠰᠤᠨ ᠳᠤ ᠬᠤᠯᠪᠣᠭᠳᠠᠭᠰᠠᠨ ᠵᠦᠢᠯᠡᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠬᠤ ᠶᠢ ᠥᠷᠨᠢᠭᠦᠯᠵᠦ ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢ ᠠᠪᠴᠤ ᠂ ᠤᠰᠤᠨ ᠳᠤ ᠬᠤᠯᠪᠣᠭᠳᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠣᠭᠤᠷᠢᠨ ᠳᠤ ︽ᠭᠤᠷᠪᠠᠨ ᠱᠠᠲᠤ ᠵᠢᠷᠭᠤᠭᠠᠨ ᠬᠠᠮᠲᠤ ︾ ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠢᠰᠲ᠋ᠧᠮ ᠤᠨ ︽ᠭᠤᠷᠪᠠᠨ ᠱᠠᠲᠤ ᠶᠢ ᠨᠡᠪᠲᠡᠷᠡᠭᠦᠯᠬᠦ︾ ᠵᠢᠴᠢ ᠬᠤᠶᠢᠰᠢᠯᠠᠭᠤᠯᠤᠨ ᠦᠢᠯᠡᠴᠢᠯᠡᠬᠦ ᠂ ᠪᠣᠯᠵᠣᠨ ᠭᠦᠢᠴᠡᠳᠬᠡᠬᠦ᠂ ︽ᠣᠷᠣᠭᠤᠯᠤᠨ ᠭᠦᠢᠴᠡᠳᠬᠡᠬᠦ︾ ᠵᠡᠷᠭᠡ ᠠᠭᠤᠯᠭ᠎ᠠ ᠶᠢ ᠭᠦᠨᠵᠡᠭᠡᠶ ᠰᠣᠯᠢᠯᠴᠠᠨ ᠶᠠᠷᠢᠯᠴᠠᠵᠤ ᠂ ᠣᠳᠣᠬᠠᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠳᠤ ᠣᠷᠣᠰᠢᠵᠤ ᠪᠠᠶᠢᠭ᠎ᠠ ᠭᠤᠤᠯ ᠠᠰᠠᠭᠤᠳᠠᠯ ᠳᠤ ᠴᠢᠭᠯᠡᠭᠦᠯᠦᠨ ᠰᠠᠨᠠᠯ ᠰᠠᠨᠠᠭᠤᠯᠭ᠎ᠠ ᠳᠤᠷᠠᠳᠴᠤ ᠂ ᠬᠠᠷᠢᠯᠴᠠᠨ ᠠᠵᠢᠯ ᠳᠠᠬᠢ ᠳᠠᠪᠠᠭᠤᠯᠢᠭ ᠲᠠᠯ᠎ᠠ ᠵᠢᠴᠢ ᠲᠤᠷᠰᠢᠯᠭ᠎ᠠ  ᠪᠠᠨ‌‍ᠰᠣᠯᠢᠯᠴᠠᠨ ᠰᠣᠷᠣᠯᠴᠠᠵᠤ ᠂ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠵᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠬᠠᠮᠲᠤ ᠪᠠᠷ ᠠᠬᠢᠭᠤᠯᠤᠨ ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠶ᠃
        W020220715549014257013.jpg
            ᠪᠠᠶᠢᠴᠠᠭᠠᠨ ᠰᠤᠳᠤᠯᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ ᠱᠠᠲᠤᠨ ᠤ ᠤᠰᠤᠨ ᠤ ᠶᠠᠪᠤᠳᠠᠯ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠲᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠶᠠᠮᠤᠨ ᠤ ᠨᠠᠶᠢᠷᠠᠭᠤᠯᠤᠨ ᠳᠠᠷᠤᠮᠠᠯᠯᠠᠭᠰᠠᠨ ︽ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠢᠨᠠᠨ ᠵᠥᠪᠰᠢᠶᠡᠷᠡᠬᠦ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ︾ ᠢ 250 ᠳᠡᠪᠲᠡᠷ ᠬᠦᠷᠭᠡᠪᠡ᠃ ︽ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠢᠨᠠᠨ ᠵᠥᠪᠰᠢᠶᠡᠷᠡᠬᠦ ︾ ᠪᠣᠯ‌ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠤᠰᠤᠨ ᠠᠰᠢᠭᠯᠠᠯᠲᠠ ᠶᠢᠨ ᠴᠤᠩᠬᠤᠪᠴᠢ ᠳᠤ ᠥᠨᠳᠥᠷ ᠳᠠᠪᠲᠠᠮᠵᠢ ᠪᠠᠷ ᠭᠦᠢᠴᠡᠳᠬᠡᠬᠦ ᠵᠦᠢᠯᠡᠰ ᠪᠣᠯᠤᠨ᠎ᠠ᠂ ᠮᠠᠨ ᠤ ᠲᠢᠩᠬᠢᠮ ᠠᠴᠠ ᠨᠢᠭᠡᠨᠲᠡ ᠲᠡᠭᠦᠨ ᠢ ᠤᠷᠲᠤᠳᠬᠠᠭᠰᠠᠨ ᠦᠢᠯᠡᠴᠢᠯᠡᠭᠡᠨ ᠤ ᠭᠦᠢᠴᠡᠳᠬᠡᠬᠦ ᠵᠦᠢᠯᠡᠰ ᠢᠶᠠᠷ ᠵᠢᠭᠰᠠᠭᠠᠭᠰᠠᠨ ᠪᠥᠭᠡᠳ ᠶᠡᠭᠡ ᠲᠢᠩᠬᠢᠮ ᠳᠤ ᠣᠷᠣᠵᠤ ᠰᠠᠭᠤᠭᠰᠠᠨ 15 ᠵᠦᠢᠯᠡᠰ ᠢ ᠪᠦᠬᠦᠨ ᠢ ᠤᠷᠢᠳᠴᠢᠯᠠᠨ ᠪᠣᠯᠵᠣᠵᠤ ᠭᠦᠢᠴᠡᠳᠬᠡᠬᠦ ᠳᠤ ᠣᠷᠣᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠪᠠᠷ ᠪᠠᠶᠢᠨ᠎ᠠ᠃
        W020220715549014290407.jpg
            ᠲᠠᠷᠠᠭᠠᠴᠢ ᠶᠢᠨ ᠠᠯᠬᠤᠮ ᠳᠤ᠂ ᠮᠠᠨ ᠤ ᠲᠥᠪ ᠠᠴᠠ ᠥᠪᠡᠷᠲᠡᠭᠡᠨ ᠵᠠᠰᠠᠬᠤ ᠣᠷᠣᠨ ᠪᠣᠯᠤᠨ ᠤᠰᠤᠨ ᠠᠰᠢᠭᠯᠠᠯᠲᠠ ᠶᠢᠨ ᠲᠢᠩᠬᠢᠮ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠣᠯᠠᠨ ᠲᠦᠮᠡᠨ ᠤ ᠠᠵᠢᠯ ᠬᠡᠷᠡᠭ ᠭᠦᠢᠴᠡᠳᠬᠡᠬᠦ ᠳᠤ ᠲᠠᠭᠠᠯᠠᠮᠵᠢᠲᠠᠶ᠂ ᠰᠠᠨᠠᠭ᠎ᠠ ᠠᠮᠤᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠬᠠᠶ ᠡᠩᠨᠡᠭᠡ ᠶᠢ ᠬᠦᠴᠦᠯᠡᠨ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠯᠲᠠ᠂ ᠳᠥᠭᠦᠮᠴᠢᠯᠡᠯᠲᠡ ᠶᠢ ᠲᠠᠰᠤᠷᠠᠯᠲᠠ ᠥᠬᠡᠶ ᠠᠬᠢᠭᠤᠯᠵᠤ᠂ ᠨᠠᠩ ᠥᠨᠳᠥᠷ ᠪᠦᠲᠦᠮᠵᠢᠲᠡᠶ ᠤᠰᠤᠨ ᠠᠰᠢᠭᠯᠠᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠂ ᠨᠠᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠢᠶᠠᠷ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
         
        ᠢᠷᠡᠯᠲᠡ᠄ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号