内蒙古自治区商务厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠥᠪᠡᠷᠲᠡᠭᠡᠨ ᠵᠠᠰᠠᠬᠤ ᠣᠷᠣᠨ ᠤ ᠮᠣᠩᠭᠤᠯ ᠬᠤᠭᠤᠯᠠᠨ ᠤ ᠪᠠᠷᠢᠮᠵᠢᠶ᠎ᠠ ᠶᠢᠨ ᠰᠢᠰᠲ᠋ᠧᠮᠵᠢ ᠥᠪᠡᠷᠲᠡᠭᠡᠨ ᠵᠠᠰᠠᠬᠤ ᠣᠷᠣᠨ ᠤ ᠲᠠᠰ ᠤᠨ A ᠲᠥᠷᠥᠯ ᠤᠨ ᠪᠠᠷᠢᠮᠵᠢᠶ᠎ᠠ ᠶᠢᠨ ᠰᠢᠰᠲ᠋ᠧᠮ ᠢᠶᠠᠷ ᠦᠨᠡᠯᠡᠭᠳᠡᠪᠡ
        ᠨᠡᠶᠢᠲᠡᠯᠡᠭᠰᠡᠨ ᠴᠠᠭ᠄
        2023/2/3
            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠢᠳᠡᠭᠡᠨ ᠤᠮᠳᠠᠭᠠᠨ ᠬᠢᠭᠡᠳ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠨᠡᠶᠢᠭᠡᠮᠯᠢᠭ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠮᠣᠩᠭᠤᠯ ᠬᠤᠭᠤᠯᠠᠨ ᠤ ᠪᠠᠷᠢᠮᠵᠢᠶ᠎ᠠ ᠶᠢᠨ ᠰᠢᠰᠲ᠋ᠧᠮᠵᠢ  ᠶᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠨᠲᠡ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠬᠤᠭᠤᠯᠠᠨ ᠤ ᠪᠠᠷᠢᠮᠵᠢᠶ᠎ᠠ ᠶᠢᠨ ᠰᠢᠰᠲ᠋ᠧᠮᠵᠢ  ᠨᠢ 2023 ᠣᠨ ᠤ 2 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ A ᠲᠥᠷᠥᠯ ᠤᠨ ᠪᠠᠷᠢᠮᠵᠢᠶ᠎ᠠ ᠶᠢᠨ ᠰᠢᠰᠲ᠋ᠧᠮᠵᠢ ᠪᠠᠷ ᠦᠨᠡᠯᠡᠭᠳᠡᠪᠡ᠃   ᠮᠣᠩᠭᠤᠯ ᠬᠤᠭᠤᠯᠠ ᠶᠢᠨ ᠪᠠᠷᠢᠮᠵᠢᠶ᠎ᠠ ᠶᠢᠨ ᠰᠢᠰᠲ᠋ᠧᠮᠵᠢ ᠳᠤ 85 ᠪᠠᠷᠢᠮᠵᠢᠶ᠎ᠠ ᠶᠢ ᠪᠠᠭᠲᠠᠭᠠᠵᠤ᠂ ᠡᠭᠦᠨ ᠳᠤ ᠤᠤᠯ ᠤᠨ ᠤᠯᠤᠰ ᠤᠨ ᠪᠠᠷᠢᠮᠵᠢᠶ᠎ᠠ 12᠂ ᠠᠵᠢᠯ ᠲᠥᠷᠥᠯ ᠤᠨ ᠪᠠᠷᠢᠮᠵᠢᠶ᠎ᠠ 2᠂ ᠣᠷᠣᠨ ᠨᠤᠲᠤᠭ ᠤᠨ ᠪᠠᠷᠢᠮᠵᠢᠶ᠎ᠠ 61 ᠪᠤᠢ ᠂ ᠰᠢᠰᠲ᠋ᠧᠮᠵᠢ ᠳᠤ ᠰᠢᠨ᠎ᠡ ᠪᠠᠷ ᠲᠣᠭᠲᠠᠭᠠᠭᠰᠠᠨ ︽ ᠴᠡᠭᠡ ︾᠂ ︽ᠮᠣᠩᠭᠤᠯ ᠬᠤᠭᠤᠯᠠ ᠶᠢᠨ ᠬᠤᠭᠤᠯᠠ ᠬᠢᠬᠦ ᠤᠷ᠎ᠠ ᠮᠡᠷᠭᠡᠵᠢᠯ ᠤᠨ ᠵᠢᠷᠤᠮᠵᠢᠯ︾᠂ ︽ ᠮᠣᠷᠢ ᠡᠮᠡᠭᠡᠯᠯᠡᠬᠦ ᠳᠠᠶᠢᠯᠠᠯᠭ᠎ᠠ︾ ᠵᠡᠷᠭᠡ ᠣᠷᠣᠨ ᠨᠤᠲᠤᠭ ᠤᠨ ᠪᠠᠷᠢᠮᠵᠢᠶ᠎ᠠ 10 ᠪᠣᠶ᠃   ᠮᠣᠩᠭᠤᠯ ᠬᠤᠭᠤᠯᠠ ᠶᠢᠨ ᠪᠠᠷᠢᠮᠵᠢᠶ᠎ᠠ ᠶᠢ ᠪᠠᠷᠢᠮᠵᠢᠶᠠᠵᠢᠭᠤᠯᠬᠤ ᠦᠨᠳᠦᠰᠦᠨ ᠤᠭ ᠶᠣᠰᠣ ᠶᠢ ᠬᠡᠷᠡᠭᠯᠡᠬᠦ ᠪᠠᠷ ᠳᠠᠮᠵᠢᠭᠤᠯᠤᠨ᠂ ᠪᠠᠷᠢᠮᠵᠢᠶᠠᠵᠢᠭᠤᠯᠬᠤ ᠠᠷᠭ᠎ᠠ ᠪᠠᠷᠢᠯ ᠢ ᠬᠡᠷᠡᠭᠯᠡᠨ ᠮᠣᠩᠭᠤᠯ ᠬᠤᠭᠤᠯᠠ ᠶᠢᠨ ᠭᠦᠨ ᠳᠠᠪᠬᠤᠷᠭ᠎ᠠ ᠶᠢᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ ᠂ ᠮᠣᠩᠭᠤᠯ ᠬᠤᠭᠤᠯᠠ ᠶᠢᠨ ᠣᠨᠴᠠᠯᠢᠭ ᠂ ᠲᠥᠷᠥᠯ ᠠᠩᠭᠢᠯᠠᠯ ᠢ ᠳᠠᠬᠢᠨ ᠡᠮᠬᠢᠯᠡᠨ ᠨᠡᠶᠢᠯᠡᠭᠦᠯᠵᠦ᠂ ᠮᠣᠩᠭᠤᠯ ᠬᠤᠭᠤᠯᠠ ᠳᠤ ᠬᠤᠯᠪᠣᠭᠳᠠᠬᠤ ᠲᠦᠭᠦᠬᠡᠶ ᠮᠠᠲ᠋ᠧᠷᠢᠶᠠᠯ᠂ ᠦᠶᠯᠡᠳᠬᠦ ᠤᠷᠠᠯᠠᠯ᠂ ᠨᠣᠭᠤᠭ᠎ᠠ ᠴᠠᠭ᠎ᠠ᠂ ᠰᠠᠪᠠ ᠰᠠᠭᠠᠯᠢ᠂ ᠬᠤᠭᠤᠯᠠ ᠬᠢᠬᠦ ᠲᠥᠬᠦᠭᠡᠷᠦᠮᠵᠢ᠂ ᠬᠤᠭᠤᠯᠠᠯᠠᠬᠤ ᠣᠷᠴᠢᠨ ᠲᠣᠭᠤᠷᠢᠨ ᠤ ᠪᠠᠶᠢᠷᠢᠯᠠᠭᠤᠯᠤᠯᠲᠠ᠂ ᠣᠨᠴᠠᠯᠢᠭᠲᠤ ᠳᠠᠶᠢᠯᠠᠯᠭ᠎ᠠ᠂ ᠢᠳᠡᠭᠡᠨ ᠤᠮᠳᠠᠭᠠᠨ ᠤ ᠶᠣᠰᠣ ᠵᠢᠷᠤᠮ ᠵᠡᠷᠭᠡ ᠶᠢᠨ ᠦᠨᠳᠦᠰᠦᠨ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠡᠮᠬᠢᠯᠡᠨ ᠬᠤᠷᠢᠶᠠᠩᠭᠤᠶᠢᠯᠠᠵᠤ᠂ ᠮᠣᠩᠭᠤᠯ ᠬᠤᠭᠤᠯᠠ ᠶᠢᠨ ᠰᠣᠶᠣᠯ ᠢ ᠬᠠᠳᠠᠭᠠᠯᠠᠬᠤ᠂ ᠤᠯᠠᠮᠵᠢᠯᠠᠬᠤ ᠪᠠ ᠬᠥᠭᠵᠢᠭᠦᠯᠬᠦ ᠶᠢ ᠠᠬᠢᠭᠤᠯᠤᠨ᠂ ᠢᠳᠡᠭᠡᠨ ᠤᠮᠳᠠᠭᠠᠨ ᠤ ᠦᠶᠯᠡᠰ ᠤᠨ ᠳᠡᠭᠡᠳᠦ ᠳᠣᠤᠷᠠᠳᠤ ᠤᠷᠤᠰᠬᠠᠯ ᠤᠨ ᠬᠠᠮᠢᠶ᠎ᠠ ᠪᠥᠬᠦᠶ ᠠᠵᠤ ᠦᠶᠯᠡᠰ ᠤᠨ ᠥᠨᠳᠥᠷ ᠬᠢᠷᠢ ᠲᠦᠪᠰᠢᠨ ᠢᠶᠠᠷ ᠬᠥᠭᠵᠢᠬᠦ ᠶᠢ ᠳᠡᠭᠡᠭᠰᠢᠯᠡᠭᠦᠯᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃   ᠲᠠᠷᠠᠭᠠᠴᠢ ᠶᠢᠨ ᠠᠯᠬᠤᠮ ᠳᠤ᠂ ᠮᠣᠩᠭᠤᠯ ᠬᠤᠭᠤᠯᠠᠨ ᠤ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠬᠤ ᠠᠵᠢᠯ ᠢ ᠢᠳᠡᠪᠬᠢᠲᠡᠶ ᠠᠬᠢᠭᠤᠯᠵᠤ᠂ ᠪᠠᠷᠢᠮᠵᠢᠶ᠎ᠠ ᠶᠢᠨ ᠬᠥᠲᠥᠯᠥᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤᠮᠳᠠᠭᠠᠨ ᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ 
         
        ᠢᠷᠡᠯᠲᠡ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ
         
        2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号