内蒙古自治区人民政府 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠬᠥᠬᠡᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠠᠭᠰᠢ ᠰᠤᠷᠤᠭᠴᠢᠳ ᠤᠨ ᠡᠷᠡᠭᠦᠯ ᠮᠡᠨᠳᠦ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ ᠪᠤᠢ
        ᠨᠡᠶᠢᠲᠡᠯᠡᠭᠰᠡᠨ ᠴᠠᠭ᠄
        2022/12/15
              ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠳᠠᠷᠤᠮᠠᠯᠯᠠᠨ ᠲᠠᠷᠬᠠᠭᠠᠭᠰᠠᠨ ︽ᠰᠢᠨ᠎ᠡ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠪᠣᠯᠣᠨ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠲᠣᠭᠲᠠᠭᠠᠭᠰᠠᠨ ︽ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠰᠢᠨ᠎ᠡ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠥᠰᠥᠯ ︵ᠵᠢᠷᠭᠤᠳᠤᠭᠠᠷ ᠬᠡᠪᠯᠡᠯ︶︾ ᠤᠨ ᠠᠭᠤᠯᠭ᠎ᠠ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠨᠡᠶᠢᠲᠡᠯᠡᠭᠰᠡᠨ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠠᠶᠢᠳᠠᠪᠤᠷᠢᠵᠢᠭᠤᠯᠬᠤ ᠠᠷᠪᠠᠨ ᠵᠦᠢᠯ ᠤᠨ ᠰᠢᠨ᠎ᠡ ᠠᠷᠭ᠎ᠠ ᠬᠡᠮᠵᠢᠶ᠎ᠡ︾ ᠶᠢ ᠦᠨᠳᠦᠰᠦᠯᠡᠨ ᠂ ᠬᠥᠬᠡᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠣᠯᠣᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠤᠯᠪᠤᠭᠠᠯᠠᠨ     ︽ᠰᠤᠷᠭᠠᠭᠤᠯᠢ ᠳᠤ ᠪᠤᠴᠠᠵᠤ ᠬᠢᠴᠢᠶᠡᠯ ᠰᠡᠷᠭᠦᠭᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠠᠵᠢᠯ ᠤᠨ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ 12 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ᠂ ᠮᠠᠨ ᠤ ᠬᠤᠲᠠ ᠶᠢᠨ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠬᠢᠨ ︽ᠰᠤᠷᠤᠭᠴᠢᠳ ᠰᠠᠶᠢᠨ ᠳᠤᠷ᠎ᠠ ᠠᠴᠠ ᠪᠠᠨ᠂ ᠪᠦᠯᠦᠭ ᠬᠤᠪᠢᠶᠠᠨ ᠡᠮᠬᠢ ᠵᠢᠷᠤᠮ ᠲᠠᠢ ᠪᠤᠴᠠᠬᠤ︾ ᠵᠠᠷᠴᠢᠮ ᠶᠣᠰᠣᠭᠠᠷ ᠰᠤᠷᠭᠠᠭᠤᠯᠢ ᠳᠤ ᠪᠠᠨ ᠪᠤᠴᠠᠵᠤ ᠬᠢᠴᠢᠶᠡᠯ ᠢᠶᠠᠨ ᠰᠡᠷᠭᠦᠭᠡᠬᠦ ᠪᠣᠯᠣᠨ᠎ᠠ᠃ ᠰᠤᠷᠤᠭᠴᠢᠳ ᠥᠪᠡᠷ ᠤᠨ ᠪᠠᠶᠢᠳᠠᠯ ᠢᠶᠠᠨ ᠦᠨᠳᠦᠰᠦᠯᠡᠨ ᠰᠦᠯᠵᠢᠶᠡᠨ ᠳᠡᠭᠡᠷᠡᠬᠢ ᠪᠤᠶᠤ ᠰᠦᠯᠵᠢᠶᠡᠨ ᠠᠴᠠ ᠭᠠᠳᠠᠨᠠᠬᠢ ᠵᠢᠭᠠᠨ ᠰᠤᠷᠭᠠᠯᠲᠠ ᠶᠢᠨ ᠬᠡᠯᠪᠡᠷᠢ ᠶᠢ ᠰᠠᠶᠢᠨ ᠳᠤᠷ᠎ᠠ ᠠᠴᠠ ᠪᠠᠨ ᠰᠣᠩᠭᠤᠨ ᠰᠤᠷᠤᠯᠴᠠᠵᠤ ᠪᠣᠯᠣᠨ᠎ᠠ᠃ ᠪᠠᠭᠰᠢ ᠰᠤᠷᠤᠭᠴᠢᠳ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠶᠢᠨ ᠪᠠᠶᠢᠳᠠᠯ ᠤᠨ ᠮᠡᠳᠡᠭᠡ ᠵᠠᠩᠭᠢ ᠪᠠᠨ ᠦᠷᠭᠦᠯᠵᠢᠯᠡᠨ ᠲᠠᠭᠯᠠᠨ ᠮᠡᠳᠡᠭᠦᠯᠦᠭᠰᠡᠨ ᠰᠠᠭᠤᠷᠢᠨ ᠳᠡᠭᠡᠷ᠎ᠡ᠂ ᠰᠤᠷᠭᠠᠭᠤᠯᠢ ᠳᠤ ᠣᠷᠣᠬᠤ ᠳᠤ ᠪᠠᠨ 48 ᠴᠠᠭ ᠤᠨ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠪᠤᠶᠤ ᠲᠤᠬᠠᠢ ᠶᠢᠨ ᠡᠳᠦᠷ ᠤᠨ ᠠᠨᠲ᠋ᠢᠭ᠍ᠸᠡ ᠤ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠬᠠᠩᠭᠠᠬᠤ ᠬᠡᠷᠡᠭᠲᠡᠢ ᠃ ᠰᠤᠷᠤᠭᠴᠢᠳ ᠰᠠᠶᠢᠨ ᠳᠤᠷ᠎ᠠ ᠠᠴᠠ ᠪᠠᠨ ᠰᠢᠯᠭᠠᠨ ᠪᠠᠶᠢᠴᠠᠭᠠᠬᠤ ᠠᠷᠭ᠎ᠠ ᠮᠠᠶ᠋ᠢᠭ ᠢ ᠰᠣᠩᠭᠤᠵᠤ ᠪᠣᠯᠣᠨ᠎ᠠ᠃      ᠬᠤᠶᠠᠷ ᠲᠥᠷᠥᠯ ᠤᠨ ᠬᠥᠮᠥᠰ ᠤᠨ ᠰᠤᠷᠭᠠᠭᠤᠯᠢ ᠳᠤ ᠪᠤᠴᠠᠬᠤ ᠶᠢ ᠲᠦᠷ ᠬᠤᠶᠢᠰᠢᠯᠠᠭᠤᠯᠤᠨ᠎ᠠ᠄ ᠲᠤᠰᠠᠭᠠᠷᠯᠠᠨ ᠡᠮᠨᠡᠬᠦ ᠪᠤᠶᠤ ᠲᠤᠰᠠᠭᠠᠷᠯᠠᠵᠤ ᠬᠠᠮᠢᠶᠠᠷᠤᠨ ᠡᠵᠡᠮᠳᠡᠬᠦ ᠬᠤᠭᠤᠴᠠᠭᠠᠨ ᠳᠤ ᠪᠠᠶᠢᠭ᠎ᠠ ᠬᠥᠮᠥᠰ ᠤᠨ ᠰᠤᠷᠭᠠᠭᠤᠯᠢ ᠳᠤ ᠪᠠᠨ ᠪᠤᠴᠠᠬᠤ ᠶᠢ ᠲᠦᠷ ᠬᠤᠶᠢᠰᠢᠯᠠᠭᠤᠯᠤᠨ᠎ᠠ︔ ᠬᠠᠯᠠᠭᠤᠷᠠᠬᠤ᠂ ᠬᠠᠭᠤᠷᠠᠢ ᠪᠠᠷ ᠬᠠᠨᠢᠶᠠᠯᠭᠠᠬᠤ᠂ ᠲᠠᠮᠢᠷᠳᠠᠬᠤ᠂ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠬᠤᠭᠤᠯᠠᠢ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠨᠡᠶᠢᠯᠡᠮᠡᠯ ᠪᠦᠷᠬᠦᠪᠴᠢ ᠶᠢᠨ ᠦᠷᠪᠢᠰᠦᠯ᠂ ᠪᠤᠯᠴᠢᠩ ᠡᠪᠡᠳᠬᠦ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠲᠠᠢ ᠬᠥᠮᠥᠰ ᠰᠤᠷᠭᠠᠭᠤᠯᠢ ᠳᠤ ᠪᠠᠨ ᠪᠤᠴᠠᠬᠤ ᠶᠢ ᠲᠦᠷ ᠬᠤᠶᠢᠰᠢᠯᠠᠭᠤᠯᠤᠨ᠎ᠠ᠃      ᠰᠤᠷᠭᠠᠭᠤᠯᠢ ᠳᠤ ᠪᠠᠨ ᠪᠤᠴᠠᠵᠤ ᠬᠢᠴᠢᠶᠡᠯ ᠢᠶᠠᠨ ᠰᠡᠷᠭᠦᠭᠡᠬᠦ ᠠᠴᠠ ᠡᠮᠦᠨ᠎ᠡ᠂ ᠡᠯ᠎ᠡ ᠰᠤᠷᠭᠠᠭᠤᠯᠢ ᠶᠢᠨ ᠬᠢᠨ ︽ᠨᠢᠭᠡ ᠰᠤᠷᠭᠠᠭᠤᠯᠢ ᠳᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠭᠦᠯᠬᠦ︾ ᠵᠠᠷᠴᠢᠮ ᠶᠣᠰᠣᠭᠠᠷ ᠰᠤᠷᠭᠠᠭᠤᠯᠢ ᠶᠢᠨ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠲᠥᠰᠥᠯ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠥᠰᠥᠯ ᠢ ᠰᠢᠯᠢᠳᠡᠭᠵᠢᠭᠦᠯᠵᠦ᠂ ᠪᠠᠲᠤᠯᠠᠭ᠎ᠠ ᠶᠢᠨ ᠠᠵᠢᠯ ᠢ ᠭᠦᠢᠴᠡᠳ ᠰᠠᠶᠢᠲᠤᠷ ᠬᠢᠬᠦ ᠬᠡᠷᠡᠭᠲᠡᠢ᠃ ᠡᠯ᠎ᠡ ᠰᠤᠷᠭᠠᠭᠤᠯᠢ ᠶᠢᠨ ᠬᠢᠨ ᠬᠢᠴᠢᠶᠡᠯ ᠤᠨ ᠭᠡᠷ᠂ ᠬᠤᠭᠤᠯᠠᠨ ᠭᠡᠷ᠂ ᠪᠠᠶᠢᠷᠢ᠂ ᠨᠣᠮ ᠤᠨ ᠰᠠᠩ᠂ ᠡᠷᠡᠭᠦᠯ ᠬᠠᠮᠠᠭᠠᠯᠠᠯ ᠤᠨ ᠲᠠᠰᠤᠯᠭ᠎ᠠ᠂ ᠬᠠᠯᠠᠭᠤᠨ ᠤᠰᠤᠨ ᠤ ᠲᠠᠰᠤᠯᠭ᠎ᠠ᠂ ᠵᠣᠷᠯᠣᠩ ᠵᠡᠷᠭᠡ ᠭᠤᠣᠯᠳᠠᠯᠭ᠎ᠠ ᠲᠠᠢ ᠣᠷᠣᠨ ᠬᠡᠪᠴᠢᠶ᠎ᠡ ᠪᠣᠯᠣᠨ ᠤᠯᠠᠨ ᠨᠡᠶᠢᠲᠡ ᠶᠢᠨ ᠲᠠᠯᠠᠪᠤᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠪᠦᠬᠦ ᠲᠠᠯ᠎ᠠ ᠪᠠᠷ ᠲᠤᠶᠢᠯᠪᠤᠷᠢᠲᠠᠢ ᠴᠡᠪᠡᠷᠯᠡᠨ ᠠᠷᠢᠭᠤᠳᠬᠠᠬᠤ ᠶᠢᠨ ᠬᠠᠮᠲᠤ ᠬᠢᠵᠢᠭ ᠢ ᠰᠡᠷᠭᠡᠶᠢᠯᠡᠬᠦ ᠴᠢᠬᠤᠯᠠ ᠪᠦᠬᠦᠢ ᠡᠳ᠋ ᠪᠣᠳᠠᠰ ᠢ ᠭᠦᠢᠴᠡᠳ ᠲᠣᠬᠢᠷᠠᠭᠤᠯᠤᠭᠰᠠᠨ ᠪᠠᠶᠢᠬᠤ ᠬᠡᠷᠡᠭᠲᠡᠢ᠃ ᠡᠯ᠎ᠡ ᠰᠤᠷᠭᠠᠭᠤᠯᠢ ᠶᠢᠨ ᠬᠢᠨ ︽ᠨᠢᠭᠡ ᠠᠩᠭᠢ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠶᠣᠰᠣᠭᠠᠷ ︽ᠰᠦᠯᠵᠢᠶᠡᠨ ᠠᠴᠠ ᠭᠠᠳᠠᠨᠠᠬᠢ + ᠰᠦᠯᠵᠢᠶᠡᠨ ᠳᠡᠭᠡᠷᠡᠬᠢ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠲᠥᠰᠥᠯ ᠢ ᠵᠡᠷᠭᠡ ᠳᠤ ᠨᠢ ᠲᠣᠭᠲᠠᠭᠠᠵᠤ᠂ ᠬᠡᠪ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠡᠮᠬᠢ ᠵᠢᠷᠤᠮ ᠢ ᠦᠨᠡᠨ ᠬᠦ ᠪᠠᠲᠤᠯᠠᠬᠤ ᠬᠡᠷᠡᠭᠲᠡᠢ᠃      ᠰᠤᠷᠭᠠᠭᠤᠯᠢ ᠳᠤ ᠪᠠᠨ ᠪᠤᠴᠠᠵᠤ ᠬᠢᠴᠢᠶᠡᠯ ᠢᠶᠠᠨ ᠰᠡᠷᠭᠦᠭᠡᠭᠰᠡᠨ ᠤ ᠳᠠᠷᠠᠭ᠎ᠠ᠂ ᠬᠠᠮᠢᠶ᠎ᠠ ᠦᠭᠡᠢ ᠬᠥᠮᠥᠰ ᠤᠨ ᠰᠤᠷᠭᠠᠭᠤᠯᠢ ᠳᠤ ᠣᠷᠣᠬᠤ ᠶᠢ ᠴᠠᠭᠠᠵᠠᠯᠠᠨ᠎ᠠ᠃ ᠪᠠᠭᠰᠢ ᠰᠤᠷᠤᠭᠴᠢᠳ ᠠᠮᠠᠪᠴᠢ ᠪᠠᠨ ᠵᠥᠪ ᠵᠡᠭᠦᠵᠦ᠂ ᠭᠠᠷ ᠢᠶᠠᠨ ᠰᠠᠶᠢᠲᠤᠷ ᠤᠬᠢᠶᠠᠵᠤ᠂ ᠥᠪᠡᠷ ᠤᠨ ᠡᠷᠡᠭᠦᠯ ᠴᠢᠭᠢᠷᠠᠭ ᠤᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠤᠬᠠᠮᠰᠠᠷ ᠢ ᠪᠤᠢ ᠪᠣᠯᠭᠠᠬᠤ ᠬᠡᠷᠡᠭᠲᠡᠢ᠃ ᠪᠠᠭᠰᠢ ᠰᠤᠷᠤᠭᠴᠢᠳ ᠵᠢᠴᠢ ᠭᠡᠷ ᠤᠨ ᠠᠬᠠᠮᠠᠳ ︽ᠬᠤᠶᠠᠷ ᠴᠡᠭ ᠨᠢᠭᠡ ᠱᠤᠭᠤᠮ︾ ᠤᠨ ᠠᠵᠢᠯ᠂ ᠰᠤᠷᠤᠯᠴᠠᠯᠭ᠎ᠠ ᠶᠢᠨ ᠬᠡᠪ ᠵᠠᠭᠪᠤᠷ ᠢ ᠪᠠᠷᠢᠮᠲᠠᠯᠠᠬᠤ ᠬᠡᠷᠡᠭᠲᠡᠢ᠃ ᠡᠳᠦᠷ ᠪᠦᠷᠢ ︽ᠬᠥᠬᠡᠬᠤᠲᠠ ᠪᠠᠨ ᠬᠠᠶᠢᠷᠠᠯᠠᠶ᠎ᠠ︾ App ᠳᠤ ᠬᠤᠪᠢ ᠬᠥᠮᠥᠨ ᠵᠢᠴᠢ ᠬᠠᠮᠲᠤ ᠰᠠᠭᠤᠵᠤ ᠪᠠᠶᠢᠭ᠎ᠠ ᠬᠥᠮᠥᠰ ᠤᠨ ᠢᠶᠠᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠤᠨ ᠪᠠᠶᠢᠳᠠᠯ ᠢ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠬᠡᠷᠡᠭᠲᠡᠢ᠃      ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠣᠰ ᠰᠤᠷᠤᠯᠭ᠎ᠠ ᠶᠢᠨ ᠬᠤᠭᠤᠴᠠᠭᠠᠨ ᠳᠤ ᠰᠦᠯᠵᠢᠶᠡᠨ ᠠᠴᠠ ᠭᠠᠳᠠᠨᠠᠬᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠥᠷᠨᠢᠭᠦᠯᠬᠦ ᠦᠭᠡᠢ᠂ ᠪᠤᠰᠤᠳ ᠣᠨ ᠤ ᠬᠢᠴᠢᠶᠡᠯ ᠰᠡᠷᠭᠦᠭᠡᠬᠦ ᠠᠵᠢᠯ ᠳᠤ ᠬᠢᠵᠢᠭ ᠤᠨ ᠪᠠᠶᠢᠳᠠᠯ ᠢ ᠦᠨᠳᠦᠰᠦᠯᠡᠨ ᠶᠡᠷᠦᠩᠬᠡᠶᠢᠯᠡᠭᠰᠡᠨ ᠰᠤᠳᠤᠯᠤᠨ ᠮᠠᠭᠠᠳᠯᠠᠯᠲᠠ ᠬᠢᠨ᠎ᠡ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ