内蒙古自治区人民政府 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠬᠥᠬᠡᠬᠤᠲᠠ ᠪᠥᠬᠦ ᠣᠷᠣᠨ ᠤ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠳ ᠤᠨ ᠠᠩᠬᠠᠳᠠᠭᠴᠢ ᠲᠣᠷᠭᠠᠭᠤᠯᠢ ᠶᠢᠨ ᠬᠠᠭᠤᠳᠠᠰᠤ ᠭᠠᠷᠭᠠᠪᠠ
        ᠨᠡᠶᠢᠲᠡᠯᠡᠭᠰᠡᠨ ᠴᠠᠭ᠄
        2022/4/15
              ᠣᠶᠢᠷ᠎ᠠ ᠳᠤ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡ ᠠᠵᠤ ᠠᠬᠤᠶᠢᠯᠠᠯ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠭᠦᠭᠰᠡᠨ ᠤ ᠬᠠᠮᠲᠤ᠂ ᠬᠠᠤᠯᠢ ᠵᠥᠷᠢᠴᠡᠭᠰᠡᠨ ᠰᠢᠨᠵᠢ ᠴᠢᠨᠠᠷ ᠢ ᠨᠢ ᠦᠨᠳᠦᠰᠦᠯᠡᠨ ᠲᠡᠭᠦᠨ ᠢ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠳ ᠤᠨ ᠨᠡᠷᠡᠰ ᠲᠤ ᠣᠷᠣᠭᠤᠯᠪᠠ᠃ ᠡᠨᠡ ᠪᠣᠯ 2021 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠳ ᠤᠨ ᠨᠡᠷᠡᠰ ᠤᠨ ᠬᠠᠮᠢᠶᠠᠷᠤᠯᠲᠠ ᠶᠢᠨ ᠠᠷᠭ᠎ᠠ︾ ᠶᠢ ᠬᠡᠷᠡᠭᠵᠢᠭᠦᠯᠦᠭᠰᠡᠨ ᠤ ᠳᠠᠷᠠᠭ᠎ᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠳ ᠲᠤ ᠭᠠᠷᠭᠠᠭᠰᠠᠨ ᠠᠩᠬᠠᠳᠠᠭᠴᠢ ᠲᠣᠷᠭᠠᠭᠤᠯᠢ ᠶᠢᠨ ᠬᠠᠭᠤᠳᠠᠰᠤ ᠪᠣᠯᠣᠨ᠎ᠠ᠂ ᠡᠨᠡ ᠨᠢ ᠮᠥᠨ ᠴᠦ ᠥᠪᠡᠷᠲᠡᠭᠡᠨ ᠵᠠᠰᠠᠬᠤ ᠣᠷᠣᠨ ᠤ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠳ ᠤᠨ ᠠᠩᠬᠠᠳᠠᠭᠴᠢ ᠲᠣᠷᠭᠠᠭᠤᠯᠢ ᠶᠢᠨ ᠬᠠᠭᠤᠳᠠᠰᠤ ᠪᠣᠯᠣᠨ᠎ᠠ᠃      ᠣᠶᠢᠯᠠᠭᠠᠭᠰᠠᠨ ᠢᠶᠠᠷ᠂ 2021 ᠣᠨ ᠤ 12 ᠳ᠋ᠤᠭᠠᠷ ᠰᠠᠷ᠎ᠠ ᠶᠢᠨ 19 ᠤ ᠡᠳᠦᠷ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠯᠪᠣᠭᠠᠯᠠᠨ ᠬᠠᠤᠯᠢ ᠬᠡᠷᠡᠭᠵᠢᠭᠦᠯᠬᠦ ᠦᠶᠡᠰ᠂ ᠬᠥᠬᠡᠬᠤᠲᠠ ᠶᠢᠨ ᠷᠦ᠋ ᠴᠢᠩ ᠰᠢᠶᠠᠩ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢᠯᠡᠭᠰᠡᠨ ︽ᠴᠦ᠋ ᠰᠠᠢ ᠴᠢᠦᠢ︾ ᠲᠡᠮᠳᠡᠭᠲᠦ ᠤᠤᠯ ᠠᠮᠲᠠᠲᠤ ᠰᠦᠨ ᠵᠦᠰᠦᠮ᠂ ︽ᠴᠦ᠋ ᠰᠠᠢ ᠴᠢᠦᠢ︾ ᠲᠡᠮᠳᠡᠭᠲᠦ ᠨᠡᠷᠰᠦ ᠶᠢᠨ ᠠᠮᠲᠠᠲᠤ ᠰᠦᠨ ᠵᠦᠰᠦᠮ᠂ ︽ᠴᠦ᠋ ᠰᠠᠢ ᠴᠢᠦᠢ︾ ᠲᠡᠮᠳᠡᠭᠲᠦ ᠲᠠᠷᠠᠭ ᠤᠨ ᠠᠮᠲᠠᠲᠤ ᠰᠦᠨ ᠵᠦᠰᠦᠮ᠂ ︽ᠴᠦ᠋ ᠰᠠᠢ ᠴᠢᠦᠢ︾ ᠲᠡᠮᠳᠡᠭᠲᠦ ᠰᠦᠨ ᠬᠡᠰᠡᠭ ︵ᠰᠦᠨ ᠤ ᠬᠠᠲᠠᠭᠤ ᠲᠥᠯᠥᠪᠲᠦ ᠬᠡᠪᠵᠢᠭᠰᠡᠨ ᠪᠦᠲᠦᠭᠡᠭᠳᠡᠬᠦᠨ ᠪᠠᠭᠲᠠᠨ᠎ᠠ︶ ᠤᠨ ᠦᠢᠯᠡᠳᠪᠦᠷᠢᠯᠡᠭᠰᠡᠨ ᠡᠳᠦᠷ ᠢ ᠴᠥᠮ 2022 - 01 - 01 ᠭᠡᠵᠦ ᠲᠣᠳᠣᠷᠬᠠᠶᠢᠯᠠᠵᠤ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠢ ᠲᠣᠳᠣᠷᠬᠠᠶᠢᠯᠠᠭᠰᠠᠨ ᠨᠢ ᠬᠤᠳᠠᠯ ᠪᠠᠶᠢᠬᠤ ᠰᠡᠵᠢᠭᠯᠡᠯᠲᠡᠢ ᠶᠢ ᠣᠯᠵᠤ ᠮᠡᠳᠡᠪᠡ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰ ᠺᠣᠮᠫᠠᠨᠢ ᠶᠢ ᠬᠠᠤᠯᠢ ᠶᠣᠰᠣᠭᠠᠷ ᠰᠢᠢᠳᠬᠡᠪᠡ︔ ᠲᠤᠰ ᠪᠦᠯᠦᠭ ᠤᠳᠠᠭ᠎ᠠ ᠶᠢᠨ ᠪᠥᠬᠦ ᠦᠢᠯᠡᠳᠬᠦᠨ ᠢ ᠨᠢ ᠬᠤᠷᠢᠶᠠᠨ ᠠᠪᠤᠭᠰᠠᠨ ᠪᠥᠭᠡᠳ ᠵᠣᠭᠤᠰ ᠢᠶᠠᠷ ᠲᠣᠷᠭᠠᠵᠤ᠂ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠳ ᠤᠨ ᠨᠡᠷᠡᠰ ᠲᠤ ᠣᠷᠣᠭᠤᠯᠪᠠ᠃ ᠡᠭᠦᠨ ᠠᠴᠠ ᠡᠮᠦᠨᠡᠬᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠲᠣᠭᠲᠠᠭᠠᠯ ᠢ ᠵᠥᠷᠢᠴᠡᠭᠰᠡᠨ ᠰᠡᠵᠢᠭᠯᠡᠯᠲᠡᠢ ᠪᠠᠶᠢᠳᠠᠯ ᠳᠤ ᠠᠪᠤᠭᠰᠠᠨ ᠴᠤᠯᠤ ᠵᠠᠰᠠᠭ ᠵᠠᠬᠢᠷᠭᠠᠨ ᠤ ᠰᠢᠢᠳᠬᠡᠯ ᠥᠭᠭᠦᠭᠰᠡᠨ ᠲᠠᠢ ᠠᠳᠠᠯᠢ ᠪᠤᠰᠤ ᠨᠢ ᠭᠡᠪᠡᠯ᠂ ᠲᠣᠰ ᠬᠡᠷᠡᠭ ᠤᠨ ᠵᠢᠱᠢᠶ᠎ᠡ ᠳᠤ ᠠᠩᠬ᠎ᠠ ᠤᠳᠠᠭ᠎ᠠ ᠵᠠᠰᠠᠭ ᠵᠠᠬᠢᠷᠭᠠᠨ ᠤ ᠰᠢᠢᠳᠬᠡᠯ ᠥᠭᠬᠦ ᠪᠠ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠳ ᠤᠨ ᠨᠡᠷᠡᠰ ᠲᠤ ᠣᠷᠣᠭᠤᠯᠬᠤ ᠶᠢ ᠬᠠᠮᠲᠤ ᠳᠤ ᠨᠢ ᠶᠠᠪᠤᠭᠳᠠᠭᠤᠯᠵᠤ᠂ ᠪᠥᠬᠦ ᠣᠷᠣᠨ ᠤ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠳ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ