内蒙古自治区人民政府 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 23 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
        ᠨᠡᠶᠢᠲᠡᠯᠡᠭᠰᠡᠨ ᠴᠠᠭ᠄
        2022/8/29
              8 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢᠰᠢ ᠶᠢᠨ ᠫᠢᠩ ᠤᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠨᠢ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠠᠵᠢᠯᠯᠠᠭᠠᠨ ᠤ ᠵᠦᠭᠯᠡᠭᠦᠷ ᠬᠠᠩᠭᠠᠭᠰᠠᠨ ᠪᠥᠭᠡᠳ ᠮᠠᠨ ᠤ ᠣᠷᠣᠨ ᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠳᠤ ᠴᠢᠬᠤᠯᠠ ᠵᠢᠷᠤᠮᠯᠠᠯ ᠬᠠᠩᠭᠠᠵᠠᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠭᠦᠨᠵᠡᠭᠡᠶ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠢᠳᠡᠪᠬᠢᠲᠡᠢ ᠠᠭᠤᠳᠠᠯᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠤᠯᠠᠮᠵᠢᠯᠠᠨ ᠳᠠᠮᠵᠢᠭᠤᠯᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠤᠯᠠᠮ ᠴᠢᠨᠠᠭᠰᠢᠳᠠ ᠴᠢᠩᠭᠠᠳᠬᠠᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ ᠪᠣᠯᠤᠨ ︽ᠲᠦᠷᠪᠡ ᠶᠢ ᠬᠠᠮᠲᠤᠳᠬᠠᠬᠤ︾ ᠤᠢᠢᠯᠠᠭᠠᠭᠳᠠᠬᠤᠨ ᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠡᠳᠭᠢᠯ ᠳᠤ ᠭᠦᠨ ᠦᠨᠳᠦᠰᠦᠯᠡᠭᠦᠯᠬᠦ ᠬᠡᠷᠡᠭᠲᠡᠢ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠥᠯᠥᠨ ᠨᠠᠭᠤᠷ ᠤᠯᠠᠭᠠᠨᠰᠤᠬᠠᠢ ᠲᠠᠭ᠎ᠠ ᠶᠢᠨ ᠨᠠᠭᠤᠷ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠰᠠᠶᠢᠲᠤᠷ ᠠᠳᠬᠤᠵᠤ᠂ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠠᠬᠢᠭᠤᠯᠬᠤ ᠲᠠᠯ᠎ᠠ ᠪᠠᠷ ᠬᠦᠴᠦ ᠣᠷᠣᠭᠤᠯᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠲᠠᠢ ᠨᠢᠭᠲᠠ ᠤᠶᠠᠯᠳᠤᠭᠤᠯᠤᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠬᠤᠪᠣᠷ ᠰᠢᠷᠣᠢ᠂ ᠰᠦ ᠶᠢᠨ ᠦᠢᠯᠡᠰ᠂ ᠦᠷ᠎ᠡ ᠶᠢᠨ ᠦᠢᠯᠡᠰ ᠵᠡᠷᠭᠡ ᠭᠤᠣᠯᠳᠠᠯᠭ᠎ᠠ ᠲᠠᠢ ᠬᠦᠷᠢᠶ᠎ᠡ ᠪᠠ ᠠᠵᠤ ᠦᠢᠯᠡᠰ ᠤᠨ ᠪᠦᠯᠦᠭᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠤᠨ ᠬᠦᠴᠦᠨ ᠢ ᠲᠥᠪᠯᠡᠷᠡᠭᠦᠯᠦᠨ ᠪᠡᠷᠬᠡ ᠰᠡᠳᠦᠪ ᠢ ᠰᠢᠢᠳᠪᠦᠷᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠷᠢ ᠬᠡᠮᠵᠢᠶ᠎ᠡ ᠪᠠᠷ ᠥᠨᠳᠥᠷ᠂ ᠨᠥᠯᠥᠭᠡᠯᠡᠨ ᠳᠠᠶᠢᠴᠢᠯᠠᠬᠤ ᠬᠦᠴᠦᠨ ᠢᠶᠠᠷ ᠴᠢᠩᠭ᠎ᠠ ᠨᠢᠭᠡ ᠪᠦᠯᠦᠭ ᠰᠢᠨ᠎ᠡ ᠶᠢ ᠡᠭᠦᠳᠬᠦ ᠬᠡᠯᠪᠡᠷᠢ ᠶᠢᠨ ᠲᠠᠭᠠᠭᠤᠯᠤᠭᠴᠢ ᠠᠵᠤ ᠠᠬᠤᠶᠢᠯᠠᠯ ᠢ ᠬᠠᠨᠳᠤᠯᠭᠠᠲᠤ ᠴᠢᠨᠠᠷᠲᠠᠢ ᠪᠠᠷ ᠪᠣᠶᠢᠵᠢᠭᠤᠯᠬᠤ ᠪᠠ ᠣᠷᠣᠭᠤᠯᠤᠨ ᠠᠪᠴᠢᠷᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ︽ᠬᠤᠶᠠᠷ ᠲᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠤᠢ ᠪᠣᠯᠭᠠᠬᠤ ᠬᠡᠷᠡᠭᠳᠡᠢ᠃ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠬᠥᠭᠵᠢᠯᠲᠡ ᠶᠢᠨ ᠨᠥᠭᠡᠴᠡ ᠬᠦᠴᠦᠨ ᠢ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠠᠵᠢᠯ ᠢᠶᠠᠨ ᠱᠠᠯᠠᠪᠳᠠᠭᠤᠯᠵᠤ᠂ ᠭᠦᠢᠴᠡᠳᠭᠡᠯ ᠲᠤᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠡᠭᠡᠷ᠎ᠡ ᠬᠦᠴᠦ ᠳᠠᠯᠪᠢᠵᠥ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ︽ᠨᠠᠰᠤᠲᠠᠨ ᠪᠠ ᠨᠢᠯᠬᠠᠰ︾ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠮᠠᠨ ᠤ ᠣᠷᠣᠨ ᠤ ᠨᠠᠰᠤᠵᠢᠯ ᠤᠨ ᠠᠵᠤ ᠦᠢᠯᠡᠰ ᠤᠨ ᠲᠦᠷᠭᠡᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠭᠤᠣᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢ ᠠᠩᠬᠠᠷᠴᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠣᠭᠲᠠᠭᠤᠨ ᠢᠶᠠᠷ ᠨᠠᠶᠢᠳᠠᠪᠤᠷᠢᠵᠢᠭᠤᠯᠵᠤ᠂ ᠤᠷᠤᠭᠰᠢᠲᠠᠢ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠣᠷᠣᠨ ᠪᠠᠶᠢᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠨᠠᠮᠤᠷ ᠤᠨ ᠤᠯᠠᠷᠢᠯ ᠤᠨ ᠨᠤᠲᠤᠭ ᠪᠡᠯᠴᠢᠭᠡᠷ ᠤᠢ ᠰᠢᠭᠤᠢ ᠶᠢᠨ ᠲᠦᠢᠮᠡᠷ ᠤᠨ ᠠᠶᠤᠯ ᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠠᠶᠤᠯᠭᠦᠢ ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ