内蒙古自治区人民政府 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠰᠦᠨ ᠱᠤᠤ ᠴᠧᠩ ᠣᠷᠳᠣᠰ ᠬᠤᠳᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ ᠬᠡᠯᠡᠭᠰᠡᠨ ᠨᠢ ᠣᠷᠳᠣᠰ ᠬᠤᠳᠠ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠭᠤᠣᠯ ᠲᠤᠯᠭᠠᠭᠤᠷᠢ ᠬᠤᠰᠢᠭᠤᠴᠢ ᠴᠡᠷᠢᠭ ᠪᠤᠯᠬᠤ ᠬᠡᠷᠡᠭᠲᠡᠢ
        ᠨᠡᠶᠢᠲᠡᠯᠡᠭᠰᠡᠨ ᠴᠠᠭ᠄
        2023/1/16
              1 ᠰᠠᠷ᠎ᠠ ᠶᠢᠨ 14  ᠤ ᠦᠳᠡ ᠶᠢᠨ ᠬᠤᠶᠢᠨ᠎ᠠ ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠣᠷᠳᠣᠰ ᠬᠤᠲᠠ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠣᠯᠴᠠᠪᠠ ᠃

        W020230115303355762888.jpg

              1 ᠰᠠᠷ᠎ᠠ ᠶᠢᠨ 14 ᠤ ᠦᠳᠡ ᠶᠢᠨ ᠬᠤᠶᠢᠨ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ

        ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠣᠷᠳᠣᠰ ᠬᠤᠲᠠ ᠶᠢᠨ

        ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠣᠯᠴᠠᠪᠠ ᠃  ᠮᠠ ᠵᠢᠶᠠᠨ ᠴᠢᠤᠸᠠᠨ ᠰᠡᠭᠦᠳᠡᠷᠯᠡᠪᠡ

              ᠬᠤᠷᠠᠯ ᠳᠡᠭᠡᠷ᠎ᠡ ᠂ ᠳ᠋ᠦ᠋ ᠬᠤᠢ ᠯᠢᠶᠠᠩ ᠂ ᠯᠢ ᠰᠢᠨ ᠬᠤᠸᠠ ᠂ ᠭᠤᠤ ᠵᠢᠶᠠᠨ ᠵᠢᠶᠦ᠋ᠨ ᠂ ᠱᠧ ᠵᠠᠨ ᠹᠧᠢ ᠂ ᠯᠢ ᠴᠢᠶᠠᠩ ᠂ ᠯᠢᠦ ᠱᠢ ᠷᠦᠩ ᠂ ᠹᠧᠩ ᠶᠠ ᠫᠢᠩ ᠂ 

        ᠯᠢ ᠬᠤᠸᠠ ᠂ ᠸᠠᠩ ᠭᠦᠸᠧ ᠴᠢᠤᠸᠠᠨ ᠂ ᠢᠦᠢ ᠯᠧ ᠦᠭᠡ ᠬᠡᠯᠡᠪᠡ ᠃ ᠰᠦᠨ ᠱᠤᠤ ᠴᠧᠩ ᠲᠥᠯᠥᠭᠡᠯᠡᠭᠴᠢᠳ ᠤᠨ ᠭᠡᠯᠡᠭᠦ ᠶᠢ ᠨᠠᠷᠢᠨ ᠬᠢᠨᠠᠮᠠᠭᠠᠢ ᠰᠣᠨᠣᠰᠤᠭᠰᠠᠨ

        ᠪᠥᠭᠡᠳ ᠤᠯᠠᠨ ᠲᠠᠢ ᠰᠠᠨᠠᠯ ᠢᠶᠠᠨ ᠰᠣᠯᠢᠯᠴᠠᠪᠠ ᠃

              ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ

        ᠮᠡᠳᠡᠭᠦᠯᠦᠯᠲᠡ ᠪᠣᠯᠣᠨ ᠰᠢᠭᠦᠭᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠨᠢ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠲᠠᠢ ᠨᠡᠶᠢᠴᠡᠵᠦ ᠂ 

        ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠨᠡᠶᠢᠴᠡᠵᠦ ᠪᠠᠶᠢᠨ᠎ᠠ ᠂ ᠪᠢ ᠪᠦᠷᠢᠮᠦᠰᠦᠨ ᠵᠥᠪᠰᠢᠶᠡᠷᠡᠨ᠎ᠡ ᠭᠡᠪᠡ ᠃

              ᠰᠦᠨ ᠱᠤᠤ ᠴᠧᠩ ᠂ ᠣᠷᠳᠣᠰ ᠬᠤᠳᠠ ᠪᠣᠯ ᠪᠦᠭᠦ ᠣᠷᠣᠨ ᠤ ᠨᠢᠭᠡᠳᠦᠭᠡᠷ ᠠᠵᠤ ᠠᠬᠤᠢ ᠶᠢᠨ ᠶᠡᠭᠡ ᠬᠤᠳᠠ ᠪᠣᠯᠣᠨ᠎ᠠ ᠂ ᠣᠳᠣᠬᠠᠨ ᠤ ᠬᠥᠭᠵᠢᠯᠲᠡ ᠶᠢᠨ

        ᠬᠠᠨᠳᠤᠰᠢ ᠴᠤ ᠮᠠᠰᠢ ᠰᠠᠶᠢᠨ ᠪᠠᠶᠢᠨ᠎ᠠ ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠰᠢᠨ᠎ᠡ ᠠᠵᠤ ᠦᠢᠯᠡᠰ ᠤᠨ

        ᠨᠡᠮᠡᠭᠳᠡᠯ ᠴᠡᠭ ᠢ ᠪᠣᠶᠢᠵᠢᠭᠤᠯᠵᠤ ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠤ ᠂ ᠥᠷᠯᠥᠭᠡ ᠦᠳᠡᠰᠢ ᠶᠢ ᠲᠡᠮᠡᠴᠡᠨ ᠠᠵᠤ ᠠᠬᠤᠢ ᠶᠢᠨ ᠪᠠᠭᠲᠠᠭᠠᠮᠵᠢ ᠪᠠᠨ ᠨᠡᠩ

        ᠶᠡᠭᠡ ᠪᠤᠯᠭᠠᠵᠤ ᠂ ᠰᠠᠭᠤᠷᠢ ᠶᠢ ᠭᠦᠢᠴᠡᠳ ᠵᠤᠵᠠᠭᠠᠳᠬᠠᠵᠤ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠳᠤ

        ᠨᠢᠷᠤᠭᠤ ᠲᠤᠯᠭᠠᠭᠤᠷᠢ ᠪᠤᠯᠬᠤ ᠬᠡᠷᠡᠭᠲᠡᠢ ᠃ ᠬᠠᠷᠠᠭ᠎ᠠ ᠪᠠᠨ ᠥᠷᠭᠡᠳᠬᠡᠵᠦ ᠂ ᠪᠦᠭᠦ ᠤᠯᠤᠰ ᠲᠤ ᠬᠠᠨᠳᠤᠵᠤ ᠂ ᠲᠡᠷᠢᠭᠦᠨ ᠤ ᠭᠠᠵᠠᠷ ᠣᠷᠣᠨ ᠢ ᠣᠨᠢᠯᠠᠵᠤ ᠭᠦᠢᠴᠡᠨ

        ᠳᠠᠪᠠᠵᠤ ᠂ ᠣᠷᠳᠣᠰ ᠬᠤᠳᠠ ᠶᠢ ᠤᠯᠠᠮ ᠰᠠᠶᠢᠨ ᠬᠥᠭᠵᠢᠭᠦᠯᠬᠦ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠠᠵᠤ ᠠᠬᠤᠢ ᠶᠢᠨ ᠶᠡᠷᠦᠩᠬᠡᠢ

        ᠬᠡᠮᠵᠢᠶ᠎ᠡ ᠶᠢ ᠪᠤᠵᠠᠭᠠᠶᠢᠷᠠᠭᠤᠯᠬᠤ ᠴᠢᠬᠤᠯᠠ ᠲᠤᠯᠭᠠᠭᠤᠷᠢᠯᠠᠯ ᠮᠥᠨ ᠂ ᠣᠯᠠᠨ ᠪᠣᠳᠠᠲᠠᠢ ᠠᠷᠭ᠎ᠠ ᠬᠡᠮᠵᠢᠶ᠎ᠡ ᠴᠢᠩᠭ᠎ᠠ ᠠᠷᠭ᠎ᠠ ᠬᠡᠮᠵᠢᠶ᠎ᠡ ᠠᠪᠴᠤ ᠂ ᠠᠷᠠᠳ ᠤᠨ ᠡᠵᠡᠩᠨᠡᠯᠲᠡ

         ᠶᠢᠨ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠭᠦ ᠬᠡᠷᠡᠭᠲᠡᠢ ᠭᠡᠪᠡ ᠃

              ᠰᠦᠨ ᠱᠤᠤ ᠴᠧᠩ ᠂ ᠣᠷᠳᠣᠰ ᠬᠤᠳᠠ ᠶᠢᠨ ᠬᠢᠨ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠲᠦᠷᠦᠭᠦᠯᠡᠨ ᠰᠠᠶᠢᠲᠤᠷ ᠬᠢᠬᠦ ᠬᠡᠷᠡᠭᠲᠡᠢ ᠃ 

        ᠨᠡᠭᠦᠷᠡᠰᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠭᠠᠷᠤᠯᠲᠠ ᠶᠢ ᠨᠡᠮᠡᠭᠳᠡᠭᠦᠯᠬᠦ ᠶᠢ ᠦᠷᠭᠦᠯᠵᠢᠯᠡᠨ ᠰᠠᠶᠢᠲᠤᠷ ᠠᠳᠬᠤᠵᠤ ᠂ ᠤᠯᠤᠰ ᠤᠨ ᠡᠨᠧᠷᠭᠢ ᠶᠢᠨ

        ᠰᠤᠷᠪᠤᠯᠵᠢ ᠶᠢᠨ ᠠᠮᠤᠷ ᠲᠦᠪᠰᠢᠨ ᠢ ᠨᠡᠩ ᠰᠠᠶᠢᠲᠤᠷ ᠪᠠᠲᠤᠯᠠᠬᠤ ᠬᠡᠷᠡᠭᠲᠡᠢ ᠃ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠶᠢ

        ᠴᠢᠩᠭᠠᠳᠬᠠᠵᠤ ᠂ ︽ ᠨᠢᠭᠡ ᠬᠡᠰᠡᠭ ᠨᠡᠭᠦᠷᠡᠰᠦ ᠠᠴᠠ ᠨᠢᠭᠡ ᠬᠡᠰᠡᠭ ᠪᠥᠰ ᠬᠦᠷᠲᠡᠯᠡᠬᠢ ︾ ᠪᠦᠭᠦ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠪᠠᠶᠢᠭᠤᠯᠬᠤ ᠬᠡᠷᠡᠭᠲᠡᠢ ᠃

        ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ ᠂ ᠦᠷ᠎ᠡ ᠬᠤᠶᠢᠴᠢᠰ ᠲᠠᠭᠠᠨ ᠪᠤᠶᠠᠨ ᠦᠢᠯᠡᠳᠭᠦ ᠪᠠᠷ ᠵᠠᠷᠴᠢᠮ ᠪᠤᠯᠭᠠᠬᠤ ᠶᠢ ᠪᠠᠷᠢᠮᠲᠠᠯᠠᠵᠤ ᠂ ︽ ᠶᠡᠭᠡ ᠪᠠᠷ ᠠᠵᠢᠯᠯᠠᠵᠤ

        ᠲᠦᠷᠭᠡᠨ ᠬᠢᠬᠦ ︾ ᠠᠷᠭ᠎ᠠ ᠪᠠᠷ ᠰᠢᠨ᠎ᠡ ᠡᠨᠧᠷᠭᠢ ᠶᠢ ᠬᠥᠭᠵᠢᠭᠦᠯᠵᠦ ᠂ ᠥᠪᠡᠷ ᠢ ᠪᠠᠨ ᠪᠠᠭᠲᠠᠭᠠᠨ ᠰᠢᠩᠭᠡᠭᠡᠬᠦ ᠲᠦᠷᠦᠯ ᠵᠦᠢᠯ ᠢ ᠬᠦᠴᠦᠯᠡᠨ ᠠᠬᠢᠭᠤᠯᠵᠤ ᠂ ᠡᠬᠢ

        ᠪᠠᠶᠠᠯᠢᠭ ᠢ ᠶᠠᠭᠠᠬᠢᠭᠰᠠᠨ ᠴᠤ ︽ ᠬᠤᠳᠠᠯᠳᠤᠭᠠᠳ ᠯᠡ ᠪᠣᠯᠭᠠᠴᠢᠬᠠᠵᠤ ︾ ᠪᠤᠯᠬᠤ ᠦᠭᠡᠢ ᠭᠡᠪᠡ ᠃

              ᠰᠦᠨ ᠱᠤᠤ ᠴᠧᠩ ᠂ ᠨᠢᠳᠤᠨᠤᠨ ᠣᠷᠳᠣᠰ ᠬᠤᠳᠠ ᠬᠤᠶᠠᠷ ᠠᠺᠠᠳᠧᠮᠢᠴᠢ ᠶᠢ ᠣᠷᠣᠭᠤᠯᠤᠨ ᠠᠪᠴᠢᠷᠠᠵᠤ ᠂ ᠮᠠᠰᠢ ᠲᠦᠷᠭᠡᠨ ᠂ ᠮᠠᠰᠢ ᠰᠠᠶᠢᠨ ᠡᠭᠢᠯᠡᠯᠲᠡ ᠲᠠᠢ

        ᠪᠣᠯᠵᠠᠢ ᠃ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠴᠢᠨᠠᠭᠰᠢᠳᠠ ᠰᠢᠯᠢᠳᠡᠭᠵᠢᠭᠦᠯᠵᠦ ᠂ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢᠶᠠᠨ

        ᠲᠡᠭᠦᠯᠳᠡᠷᠵᠢᠭᠦᠯᠦᠨ ᠂ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠭᠠᠷᠭᠠᠬᠤ

        ᠬᠡᠷᠡᠭᠲᠡᠢ ᠭᠡᠪᠡ ᠃

              ᠶᠠᠩ ᠸᠧᠢ ᠳ᠋ᠦᠩ ᠂ ᠢᠦᠢ ᠯᠢ ᠰᠢᠨ ᠂ ᠪᠦᠦ ᠰᠢᠶᠠᠨ ᠬᠤᠸᠠ ᠣᠷᠣᠯᠴᠠᠵᠠᠢ ᠃

         

        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ