内蒙古自治区人民政府 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠰᠦᠨ ᠱᠣᠣ ᠴᠧᠩ ᠳᠥᠷᠪᠡᠳ ᠬᠤᠰᠢᠭᠤᠨ ᠳᠤ ᠬᠦᠷᠴᠦ ᠲᠣᠬᠤᠨᠢᠭᠤᠯᠪᠠ
        ᠨᠡᠶᠢᠲᠡᠯᠡᠭᠰᠡᠨ ᠴᠠᠭ᠄
        2023/1/19
               ᠴᠠᠭᠠᠨ ᠰᠠᠷ᠎ᠠ ᠠᠴᠠ ᠡᠮᠦᠨᠡᠬᠡᠨ ᠂ 1 ᠰᠠᠷ᠎ᠠ ᠶᠢᠨ 18 ᠤ ᠡᠳᠦᠷ ᠂ ᠰᠦᠨ ᠱᠣᠸ ᠴᠧᠩ ᠳᠥᠷᠪᠡᠳ ᠬᠤᠰᠢᠭᠤᠨ ᠳᠤ ᠬᠦᠷᠴᠦ ᠡᠷᠭᠢᠨ ᠦᠵᠡᠵᠦ ᠲᠣᠬᠤᠨᠢᠭᠤᠯᠪᠠ ᠃

        W020230119286426734465.jpg 

              1 ᠰᠠᠷ᠎ᠠ ᠶᠢᠨ 18 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠤᠯᠠᠭᠠᠨᠴᠠᠪ ᠬᠤᠲᠠ ᠶᠢᠨ ᠳᠥᠷᠪᠡᠳ

        ᠬᠤᠰᠢᠭᠤᠨ ᠤ ᠵᠡᠭᠦᠨ ᠨᠠᠢᠮᠠᠳᠤᠭᠠᠷ ᠰᠢᠶᠠᠩ ᠤᠨ ᠪᠠᠶ᠋ᠬᠠᠣᠪᠤᠭ᠎ᠠ ᠵᠠᠰᠠᠭ ᠵᠠᠬᠢᠷᠭᠠᠨ ᠤ ᠲᠣᠰᠬᠤᠨ ᠤ ᠴᠢ ᠯᠢᠶᠠᠨ ᠰᠦᠸᠧ ᠶᠢᠨ ᠭᠡᠷ ᠲᠤ ᠬᠦᠷᠴᠦ ᠪᠣᠯᠭᠤᠭᠠᠨ

        ᠲᠣᠬᠤᠨᠢᠭᠤᠯᠪᠠ᠃

              ᠪᠠᠶ᠋ᠬᠠᠣᠪᠤᠭ᠎ᠠ ᠵᠠᠰᠠᠭ ᠵᠠᠬᠢᠷᠭᠠᠨ ᠤ ᠲᠣᠰᠬᠤᠨ ᠳᠤ ᠂ ᠰᠦᠨ ᠱᠤᠤ ᠴᠧᠩ ᠲᠣᠰᠬᠤᠨ ᠤ ᠨᠠᠮ ᠤᠨ ᠡᠭᠦᠷ ᠬᠢᠭᠡᠳ ᠠᠷᠠᠳ ᠤᠨ ᠵᠥᠪᠯᠡᠯ ᠤᠨ ᠪᠠᠭ ᠤᠨ

        ᠪᠦᠷᠢᠯᠳᠦᠭᠦᠨ ᠪᠣᠯᠣᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠢ ᠡᠷᠭᠢᠨ ᠦᠵᠡᠵᠦ ᠲᠣᠬᠤᠨᠢᠭᠤᠯᠪᠠ ᠃ ᠲᠣᠰᠬᠤᠨ ᠤ ᠬᠤᠯᠪᠣᠭᠳᠠᠯ ᠪᠦᠬᠦᠢ

        ᠪᠠᠶᠢᠳᠠᠯ ᠢ ᠨᠠᠷᠢᠨ ᠣᠶᠢᠯᠠᠭᠠᠵᠤ ᠂ ᠬᠠᠶᠢᠷ᠎ᠠ ᠬᠠᠯᠠᠮᠵᠢ ᠶᠢᠨ ᠡᠮ ᠤᠨ ᠪᠣᠭᠤᠳᠠᠯ ᠲᠠᠷᠬᠠᠭᠠᠬᠤ ᠠᠴᠠ ᠣᠨᠴᠠᠯᠢᠭᠲᠤ ᠠᠵᠤ ᠦᠢᠯᠡᠰ ᠤᠨ ᠬᠥᠭᠵᠢᠯᠲᠡ ᠬᠦᠷᠲᠡᠯ᠎ᠡ ᠂ 

        ᠲᠠᠬᠢᠭᠠᠳ ᠲᠣᠰᠬᠤᠨ ᠳᠤ ᠰᠠᠭᠤᠭ᠎ᠠ ᠺᠠᠳ᠋ᠷ ᠤᠨ ᠠᠵᠢᠯ ᠠᠮᠢᠳᠤᠷᠠᠯ ᠢ ᠲᠡᠷᠡ ᠮᠠᠰᠢ ᠬᠠᠯᠠᠮᠵᠢᠯᠠᠵᠤ᠂ ᠨᠠᠷᠢᠨ ᠪᠣᠳᠠᠲᠠᠢ ᠠᠰᠠᠭᠤᠵᠤ ᠪᠠᠶᠢᠯ᠎ᠠ ᠃ ᠰᠦᠨ ᠱᠤᠤ ᠴᠧᠩ ᠂  

        ᠤᠳᠠᠯ ᠦᠭᠡᠢ ᠰᠢᠨᠡᠯᠡᠬᠦ ᠪᠣᠯᠣᠯ᠎ᠠ᠂ ᠪᠢ ᠤᠯᠠᠨ ᠳᠤ ᠰᠢᠨ᠎ᠡ ᠶᠢᠨ ᠮᠡᠨᠳᠦ ᠬᠦᠷᠭᠡᠵᠦ ᠪᠠᠶᠢᠨ᠎ᠠ᠃ ᠬᠥᠳᠡᠭᠡ ᠲᠣᠰᠬᠤᠨ ᠤ ᠠᠵᠢᠯ ᠮᠠᠰᠢ ᠣᠯᠠᠨ ᠶᠤᠮ ᠂ ᠲᠠ ᠨᠠᠷ ᠴᠥᠮ

        ᠮᠠᠰᠢ ᠵᠦᠳᠡᠷᠡᠯᠲᠡᠢ ᠪᠠᠶᠢᠨ᠎ᠠ ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠂ ᠲᠣᠰᠬᠤᠨ ᠤ ᠡᠯ᠎ᠡ ᠵᠦᠢᠯ ᠤᠨ ᠠᠵᠢᠯ ᠢᠯᠠᠩᠭᠤᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ 

        ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠠᠷᠠᠳ ᠤᠯᠠᠨ ᠤ ᠶᠠᠪᠤᠳᠠᠯ ᠢ ᠰᠠᠶᠢᠲᠤᠷ

        ᠬᠢᠬᠦ ᠬᠡᠷᠡᠭᠲᠡᠢ ᠭᠡᠵᠡᠢ ᠃

              ︽ᠭᠡᠷ ᠲᠤ ᠴᠢᠨᠢ ᠳᠤᠯᠠᠭᠠᠬᠠᠨ ᠪᠠᠶᠢᠨ᠎ᠠ ᠤᠤ︾᠂ ᠰᠦᠨ ᠱᠣᠣ ᠴᠧᠩ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠴᠢ ᠯᠢᠶᠠᠨ 

        ᠰᠦᠸᠧ ᠶᠢᠨ ᠭᠡᠷ ᠲᠤ ᠣᠷᠣᠮᠠᠭᠴᠠ ᠬᠠᠯᠠᠭᠤᠨ ᠬᠠᠨᠵᠤ ᠶᠢ ᠨᠢ ᠲᠡᠮᠲᠡᠷᠢᠵᠦ ᠦᠵᠡᠪᠡ ᠃ ᠬᠤᠨᠢ ᠲᠡᠵᠢᠭᠡᠨ ᠡᠪᠡᠰᠦ ᠳᠠᠷᠢᠭᠠᠳ ᠵᠢᠯ ᠳᠤ ᠬᠡᠳᠦᠢ ᠵᠣᠭᠤᠰ ᠣᠯᠵᠤ

        ᠪᠠᠶᠢᠬᠤ ᠂ ᠨᠠᠰᠤᠵᠢᠯ ᠤᠨ ᠠᠰᠠᠷᠠᠮᠵᠢ ᠶᠢᠨ ᠮᠥᠩᠭᠦ ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠥᠬᠦᠪᠦᠷᠢ ᠂ ᠮᠠᠯ ᠠᠵᠤ ᠠᠬᠤᠢ ᠲᠠᠷᠢᠶᠠᠯᠠᠩ ᠤᠨ 

        ᠨᠥᠬᠦᠪᠦᠷᠢ ᠬᠡᠳᠦᠢ ᠣᠯᠵᠤ ᠪᠠᠶᠢᠬᠤ ᠂ ᠭᠡᠷ ᠪᠦᠯᠢ ᠶᠢᠨ ᠡᠳᠦᠷ ᠲᠤᠲᠤᠮ ᠤᠨ ᠵᠠᠷᠤᠯᠭ᠎ᠠ ᠬᠡᠳᠦᠢ ᠪᠠᠶᠢᠬᠤ ᠲᠤᠬᠠᠢ ᠰᠦᠨ ᠱᠣᠸ ᠴᠧᠩ ᠲᠡᠳᠡᠨᠦᠰ ᠲᠠᠢ ᠨᠢᠭᠡᠳ

        ᠨᠢᠭᠡ ᠪᠠᠷ ᠣᠷᠣᠯᠭ᠎ᠠ ᠶᠢᠨ ᠲᠠᠩᠰᠠ ᠪᠤᠳᠤᠵᠤ ᠦᠵᠡᠪᠡ ᠃ ᠲᠡᠷᠡ᠂ ᠲᠠ ᠨᠠᠷ ᠤᠨ ᠣᠷᠣᠯᠭ᠎ᠠ ᠨᠡᠮᠡᠭᠳᠡᠵᠦ ᠂ ᠠᠮᠢᠳᠤᠷᠠᠯ ᠪᠠᠲᠤᠯᠠᠭ᠎ᠠ ᠲᠠᠢ ᠪᠣᠯᠣᠭᠰᠠᠨ ᠢ ᠦᠵᠡᠭᠡᠳ ᠪᠢ

        ᠮᠠᠰᠢ ᠪᠠᠶᠠᠷᠯᠠᠵᠤ ᠪᠠᠶᠢᠨ᠎ᠠ ᠂ ᠲᠠ ᠨᠠᠷ ᠤᠨ ᠠᠮᠢᠳᠤᠷᠠᠯ ᠡᠳᠦᠷ ᠠᠴᠠ ᠡᠳᠦᠷ ᠰᠠᠶᠢᠵᠢᠷᠠᠬᠤ  ᠶᠢ ᠵᠦᠩᠨᠡᠶ᠎ᠡ ᠭᠡᠵᠦ ᠬᠡᠯᠡᠪᠡ᠃ ᠳᠠᠷᠠᠭ᠎ᠠ ᠨᠢ ᠂ ᠰᠦᠨ ᠱᠣᠸ ᠴᠧᠩ ᠪᠦᠬᠦ

        ᠤᠯᠤᠰ ᠤᠨ ︽5·1 ︾  ᠤ ᠬᠥᠳᠡᠯᠮᠦᠷᠢ ᠶᠢᠨ ᠱᠠᠩᠨᠠᠯ ᠤᠨ ᠮᠧᠳᠠᠯ ᠬᠦᠷᠳᠡᠭᠰᠡᠨ ᠦ᠋ ᠴᠧᠨ ᠰᠢ ᠶᠢᠨ ᠭᠡᠷ ᠲᠤ ᠬᠦᠷᠴᠦ ᠂ ᠲᠡᠭᠦᠨ ᠢ ᠢᠷᠠᠭᠤ ᠠᠯᠳᠠᠷ ᠢᠶᠠᠨ

        ᠨᠠᠨᠳᠢᠩᠨᠠᠵᠤ ᠂ ᠬᠢᠴᠢᠶᠡᠯ ᠤᠨ ᠲᠠᠩᠬᠢᠮ ᠳᠤ ᠳᠠᠭᠠᠭᠤᠯᠤᠭᠴᠢ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠤᠭᠠᠷᠠᠢ ᠭᠡᠵᠦ ᠵᠣᠷᠢᠭᠵᠢᠭᠤᠯᠪᠠ ᠃

              ᠤᠯᠠᠭᠠᠨ ᠵᠠᠮ ᠨᠡᠶᠢᠭᠡᠮ ᠲᠣᠭᠤᠷᠢᠭ ᠲᠤ ᠂ ᠰᠦᠨ ᠱᠤᠤ ᠴᠧᠩ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠂ ᠲᠡᠳᠡᠨ ᠤ ᠠᠵᠢᠯ ᠤᠨ ᠪᠠᠶᠢᠳᠠᠯ

        ᠪᠣᠯᠣᠨ ᠬᠠᠷᠠᠭᠠᠯᠵᠠᠯ ᠤᠨ ᠲᠦᠪᠰᠢᠨ ᠢ ᠨᠠᠷᠢᠨ ᠣᠶᠢᠯᠠᠭᠠᠵᠤ ᠂ ᠤᠯᠠᠨ ᠤ ᠠᠵᠢᠯ ᠤᠨ ᠳᠤᠮᠳᠠ ᠪᠠᠰᠠ ᠶᠠᠮᠠᠷ ᠬᠦᠴᠢᠷᠳᠡᠯ ᠪᠠᠶᠢᠬᠤ ᠶᠢ ᠬᠠᠯᠠᠮᠵᠢᠯᠠᠨ ᠠᠰᠠᠭᠤᠪᠠ ᠃ ᠲᠡᠷᠡ᠂ 

        ᠦᠨᠳᠦᠰᠦᠨ ᠱᠠᠲᠤᠨ ᠤ ᠠᠵᠢᠯ ᠨᠢ ᠤᠯᠠᠨ ᠲᠦᠮᠡᠨ ᠳᠤ ᠰᠢᠭᠤᠳ ᠬᠠᠨᠳᠤᠵᠤ ᠂ ᠠᠷᠭ᠎ᠠ ᠬᠡᠯᠪᠡᠷᠢ ᠪᠠᠨ ᠰᠠᠶᠢᠵᠢᠷᠠᠭᠤᠯᠬᠤ ᠶᠢ ᠠᠩᠬᠠᠷᠴᠤ ᠂ ᠶᠠᠭᠠᠬᠢᠵᠤ ᠬᠢᠪᠡᠯ ᠤᠯᠠᠨ

        ᠲᠦᠮᠡᠨ ᠳᠤ ᠲᠦᠬᠦᠮ ᠪᠣᠯ ᠲᠡᠭᠡᠵᠦ ᠬᠢᠵᠦ ᠂ ᠵᠠᠬᠢᠳᠠᠯ ᠰᠣᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠵᠡᠷᠭᠡ ᠠᠷᠠᠳ ᠲᠤ ᠲᠦᠬᠦᠮ ᠦᠵᠡᠭᠦᠯᠬᠦ ᠠᠷᠭ᠎ᠠ

        ᠬᠡᠮᠵᠢᠶ᠎ᠡ ᠶᠢ ᠢᠳᠡᠪᠬᠢᠲᠡᠢ ᠰᠦᠪᠡᠭᠴᠢᠯᠡᠨ ᠬᠡᠷᠡᠭᠵᠢᠭᠦᠯᠵᠦ ᠂ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠪᠡ ᠃ ᠳᠥᠷᠪᠡᠳ ᠤᠨ ᠬᠢᠯᠢ ᠶᠢᠨ

        ᠬᠠᠮᠢᠶᠠᠷᠤᠯᠲᠠ ᠶᠢᠨ ᠶᠡᠭᠡ ᠠᠩᠭᠢ ᠳᠤ ᠂ ᠰᠦᠨ ᠱᠤᠤ ᠴᠧᠩ ᠶᠡᠭᠡ ᠠᠩᠭᠢ ᠶᠢᠨ ᠠᠷᠠᠳ ᠤᠨ ᠴᠠᠭᠳᠠᠭ᠎ᠠ ᠶᠢ ᠳᠣᠲᠣᠨᠣ ᠪᠠᠷ ᠲᠣᠬᠤᠨᠢᠭᠤᠯᠵᠤ ᠂ ᠳᠡᠳᠡᠨ ᠢ ᠦᠷᠭᠦᠯᠵᠢᠯᠡᠨ

        ᠡᠬᠡ ᠤᠯᠤᠰ ᠤᠨ ᠢᠶᠠᠨ ᠲᠥᠯᠥᠭᠡ ᠠᠵᠢᠯ ᠤᠨ ᠪᠠᠶᠢᠷᠢ ᠪᠠᠨ ᠰᠠᠶᠢᠲᠤᠷ ᠰᠠᠬᠢᠵᠤ ᠂ ᠬᠢᠯᠢ ᠶᠢ ᠰᠠᠶᠢᠲᠤᠷ  ᠬᠠᠮᠠᠭᠠᠯᠠᠭᠠᠷᠠᠢ ᠭᠡᠵᠦ ᠵᠣᠷᠢᠭᠵᠢᠭᠤᠯᠪᠠ ᠃

              ᠰᠦᠨ ᠱᠤᠤ ᠴᠧᠩ ︽ᠠᠷᠠᠳ ᠤᠨ ᠵᠢᠱᠢᠶᠡᠴᠢ ︾ ᠲᠦᠭᠦᠶᠢᠮ᠎ᠡ ᠨᠠᠰᠤᠲᠠᠨ ᠢ ᠮᠠᠰᠢ ᠬᠠᠯᠠᠮᠵᠢᠯᠠᠵᠤ ᠪᠠᠶᠢᠯ᠎ᠠ ᠃ ᠬᠢᠵᠢᠭ ᠤᠨ ᠪᠠᠶᠢᠳᠠᠯ ᠢ ᠪᠣᠳᠣᠯᠬᠢᠯᠠᠵᠤ ᠂ ᠲᠡᠷᠡ

        ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠨᠠᠶᠢᠳᠠᠵᠤ ᠵᠣᠬᠢᠬᠤ ᠠᠷᠭ᠎ᠠ ᠬᠡᠯᠪᠡᠷᠢ ᠪᠠᠷ ᠨᠠᠰᠤᠲᠠᠨ ᠳᠤ ᠬᠦᠨᠳᠦᠳᠬᠡᠯ ᠪᠠ ᠲᠣᠬᠤᠨᠢᠭᠤᠯᠤᠯ ᠳᠠᠮᠵᠢᠭᠤᠯᠵᠤ ᠂ ᠲᠡᠭᠦᠨ ᠤ

        ᠴᠠᠭᠠᠨ ᠰᠠᠷ᠎ᠠ ᠳᠠᠭᠠᠨ ᠪᠠᠶᠠᠷ ᠬᠦᠷ ᠲᠠᠢ ᠂ ᠪᠡᠶ᠎ᠡ ᠮᠠᠬᠠᠪᠤᠳ ᠡᠷᠡᠭᠦᠯ ᠴᠢᠭᠢᠷᠠᠭ ᠪᠠᠶᠢᠬᠤ ᠶᠢ ᠵᠥᠩᠨᠡᠵᠡᠢ ᠃

              ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ ᠃

         

        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ