内蒙古自治区人民政府 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠸᠠᠩ ᠯᠢ ᠰᠢᠶᠠ ᠲᠤᠭ᠎ᠠ ᠪᠦᠷᠢᠳᠬᠡᠯ ᠪᠣᠯᠣᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ ᠬᠡᠯᠡᠭᠰᠡᠨ ᠨᠢ ᠠᠵᠢᠯ  ᠢᠶᠠᠨ ᠡᠬᠢᠯᠡᠭᠦᠯᠦᠮᠡᠭᠴᠡ ᠪᠤᠰᠢᠭᠤ ᠱᠠᠯᠠᠮᠠᠭᠠᠢ ᠰᠢᠭᠤᠷᠬᠠᠶᠢᠯᠠᠨ ᠠᠵᠢᠯᠯᠠᠬᠤ ᠬᠡᠷᠡᠭᠲᠡᠢ
        ᠨᠡᠶᠢᠲᠡᠯᠡᠭᠰᠡᠨ ᠴᠠᠭ᠄
        2023/1/29
              1 ᠰᠠᠷ᠎ᠠ ᠶᠢᠨ 28  ᠤ ᠡᠳᠦᠷ ᠂ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭᠠᠬᠢ ᠲᠦᠷᠦᠭᠦᠦ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠳᠠᠬᠢ ᠪᠠᠶᠢᠴᠠᠭᠠᠯᠲᠠ ᠶᠢᠨ ᠶᠡᠷᠦᠩᠬᠡᠢ ᠠᠩᠭᠢ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠬᠦᠷᠴᠦ ᠪᠠᠶᠢᠴᠠᠭᠠᠨ ᠰᠤᠳᠤᠯᠪᠠ ᠃ 

        图二(首页).jpg

         

             

              ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠂ ᠸᠠᠩ ᠯᠢ ᠰᠢᠶᠠ ᠲᠤᠭ᠎ᠠ ᠪᠦᠷᠢᠳᠬᠡᠯ ᠤᠨ ︽ ᠨᠢᠭᠡ ᠬᠠᠭᠤᠳᠠᠰᠤ ᠵᠢᠷᠤᠭ ᠤᠨ

        ᠬᠦᠰᠦᠨᠦᠭᠲᠦ ︾ ᠵᠡᠷᠭᠡ ᠬᠠᠮᠢᠶ᠎ᠠ ᠪᠦᠬᠦᠢ ᠠᠵᠢᠯ ᠢ ᠨᠠᠷᠢᠨ ᠣᠶᠢᠯᠠᠭᠠᠵᠤ ᠂ ᠲᠤᠭ᠎ᠠ ᠪᠠᠷᠢᠮᠲᠠ ᠶᠢ ᠴᠢᠬᠤᠯᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠪᠤᠯᠭᠠᠵᠤ ᠂ 

        ᠰᠠᠯᠠᠭ᠎ᠠ ᠮᠥᠴᠢᠷ ᠤᠨ ᠬᠤᠭᠤᠷᠤᠨᠳᠤᠭᠢ ᠲᠤᠭ᠎ᠠ ᠪᠠᠷᠢᠮᠲᠠ ᠶᠢᠨ ᠪᠠᠬᠢᠯᠡᠯᠲᠡ ᠶᠢ ᠡᠪᠳᠡᠵᠦ ᠂ ᠲᠤᠭ᠎ᠠ ᠪᠠᠷᠢᠮᠲᠠ ᠶᠢ ᠬᠤᠯᠪᠤᠭᠠᠯᠠᠨ ᠬᠠᠮᠲᠤ ᠪᠠᠷ ᠡᠳ᠋ᠯᠡᠭᠦ ᠶᠢ ᠠᠬᠢᠭᠤᠯᠬᠤ

        ᠬᠡᠷᠡᠭᠲᠡᠢ ᠭᠡᠵᠦ ᠴᠢᠬᠤᠯᠠᠴᠢᠯᠠᠪᠠ ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠥᠪᠥᠷ ᠮᠣᠩᠭᠤᠯ ᠳᠠᠬᠢ ᠪᠠᠶᠢᠴᠠᠭᠠᠯᠲᠠ ᠶᠢᠨ ᠶᠡᠷᠦᠩᠬᠡᠢ ᠠᠩᠭᠢ ᠳᠤ ᠂ ᠲᠡᠷᠡ᠂

         ᠤᠯᠤᠰ ᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠪᠡᠶᠡᠯᠡᠭᠦᠯᠬᠦ ᠪᠠᠷ ᠪᠠᠷᠠᠬᠤ ᠦᠭᠡᠢ ᠪᠠᠰᠠ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ

        ᠰᠠᠶᠢᠲᠤᠷ ᠦᠢᠯᠡᠴᠢᠯᠡᠵᠦ ᠂ ᠣᠷᠣᠨ ᠨᠤᠲᠤᠭ ᠤᠨ ᠵᠠᠰᠠᠭ ᠤᠨ ᠣᠷᠳᠣᠨ ᠠᠵᠢᠯ ᠠᠮᠢᠳᠤᠷᠠᠯ ᠳᠤᠮᠳᠠᠬᠢ ᠪᠣᠳᠠᠲᠠᠢ ᠬᠦᠴᠢᠷᠳᠡᠯ ᠢ ᠨᠢ ᠢᠯᠡᠭᠦᠬᠡᠨ ᠬᠠᠪᠰᠤᠷᠤᠨ

        ᠰᠢᠢᠳᠪᠦᠷᠢᠯᠡᠵᠦ ᠥᠭᠭᠦ ᠬᠡᠷᠡᠭᠲᠡᠢ ᠭᠡᠵᠦ ᠬᠡᠯᠡᠪᠡ ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠂ ᠲᠡᠷᠡ ᠲᠥᠷᠥᠯ

        ᠵᠦᠢᠯ ᠤᠨ ᠰᠦᠯᠵᠢᠶᠡᠨ ᠳᠡᠭᠡᠷᠡᠬᠢ ᠬᠢᠨᠠᠨ ᠵᠥᠪᠰᠢᠶᠡᠷᠡᠬᠦ ᠲᠠᠪᠴᠠᠩ ᠪᠠ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ ᠨᠠᠷᠢᠨ

        ᠣᠶᠢᠯᠠᠭᠠᠵᠤ ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ ᠶᠠᠰᠤ

        ᠴᠢᠨᠠᠷ ᠢ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠪᠠ ᠃

              ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ ᠂ ᠸᠠᠩ ᠯᠢ ᠰᠢᠶᠠ ᠂ ᠨᠢᠭᠡ ᠬᠤᠪᠢ ᠶᠢᠨ ᠪᠠᠶᠢᠷᠢᠯᠠᠭᠤᠯᠤᠯᠲᠠ ᠶᠢ ᠶᠢᠰᠦᠨ ᠬᠤᠪᠢ ᠪᠠᠷ

        ᠨᠠᠶᠢᠳᠠᠪᠤᠷᠢᠵᠢᠭᠤᠯᠵᠤ ᠂ ᠪᠦᠭᠦ ᠵᠢᠯ ᠤᠨ ᠬᠠᠷᠠᠯᠲᠠ ᠡᠭᠦᠷᠭᠡ ᠪᠠᠨ ᠰᠠᠶᠢᠲᠤᠷ ᠪᠡᠶᠡᠯᠡᠭᠦᠯᠬᠦ ᠳᠤ ᠡᠷᠬᠡᠪᠰᠢ ᠴᠥᠬᠦᠷᠡᠰᠢ ᠦᠭᠡᠢ ᠴᠢᠷᠮᠠᠶᠢᠨ ᠲᠡᠮᠡᠴᠡᠬᠦ ᠡᠷᠴᠢ ᠵᠣᠷᠢᠭ ᠢᠶᠠᠨ

        ᠪᠠᠲᠤᠯᠠᠵᠤ ᠂ ᠡᠬᠢᠯᠡᠮᠡᠭᠴᠡ ᠪᠠᠨ ᠬᠤᠷᠳᠤᠴᠠ ᠪᠠᠨ ᠲᠦᠷᠭᠡᠳᠬᠡᠵᠦ ᠂ ᠠᠵᠢᠯ ᠳᠠᠭᠠᠨ ᠭᠠᠷᠤᠮᠠᠭᠴᠠ ᠪᠠᠨ ᠬᠥᠳᠡᠯᠦᠯᠴᠡᠵᠦ ᠂ ᠪᠤᠰᠢᠭᠤᠯᠠᠵᠤ ᠂ ᠠᠬᠢᠴᠠ ᠪᠠᠨ ᠲᠦᠷᠭᠡᠳᠬᠡᠬᠦ

        ᠬᠡᠷᠡᠭᠲᠡᠢ ᠃ ᠨᠢᠭᠡ ᠳᠤ ᠂ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠣᠨ ᠤ ᠡᠭᠦᠷᠭᠡ ᠶᠢᠨ ᠨᠠᠷᠢᠨ ᠲᠠᠩᠰᠠ ᠲᠠᠢ ᠬᠠᠷᠭᠤᠭᠤᠯᠵᠤ ᠂ ᠰᠢᠨ᠎ᠡ ᠶᠢ

        ᠡᠭᠦᠳᠭᠦ ᠴᠢᠨᠠᠷᠲᠠᠢ ᠠᠷᠭ᠎ᠠ ᠬᠡᠮᠵᠢᠶ᠎ᠡ ᠠᠪᠴᠤ ᠂ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠃ ᠬᠤᠶᠠᠷ ᠲᠤ ᠂ ᠬᠠᠷᠠᠯᠲᠠ ᠪᠠᠨ

        ᠰᠤᠯᠠᠷᠠᠭᠤᠯᠤᠯ ᠦᠭᠡᠢ ᠴᠢᠩᠭ᠎ᠠ ᠡᠵᠡᠮᠳᠡᠵᠦ ᠂ ︽ᠲᠣᠭᠲᠠᠭᠤᠨ ᠡᠭᠢᠯᠡᠯᠲᠡ ︾ ᠶᠢ ᠪᠡᠶᠡᠯᠡᠭᠦᠯᠬᠦ ᠪᠠᠷ ᠪᠠᠷᠠᠬᠤ ᠦᠭᠡᠢ ᠂ ᠡᠷᠬᠡᠪᠰᠢ ︽ ᠰᠠᠶᠢᠨ ᠡᠭᠢᠯᠡᠯᠲᠡ ︾ ᠶᠢ ᠪᠦᠭᠦ

        ᠬᠦᠴᠦᠨ ᠢᠶᠠᠷ ᠢᠶᠠᠨ ᠪᠡᠶᠡᠯᠡᠭᠦᠯᠵᠦ ᠂ ᠡᠨᠡ ᠵᠢᠯ ᠮᠠᠯ ᠠᠵᠤ ᠠᠬᠤᠢ ᠲᠠᠷᠢᠶᠠᠯᠠᠩ ᠤᠨ ᠨᠡᠮᠡᠭᠳᠡᠯ ᠥᠷᠲᠡᠭ ᠢ 5%  ᠠᠴᠠ ᠳᠡᠭᠡᠭᠰᠢ ᠨᠡᠮᠡᠭᠳᠡᠭᠦᠯᠵᠦ ᠂ ᠠᠵᠤ

        ᠦᠢᠯᠡᠳᠪᠦᠷᠢ ᠶᠢᠨ ᠨᠡᠮᠡᠭᠳᠡᠯ ᠥᠷᠲᠡᠭ ᠢ 8%  ᠠᠴᠠ ᠳᠡᠭᠡᠭᠰᠢ ᠨᠡᠮᠡᠭᠳᠡᠭᠦᠯᠵᠦ ᠂ ᠦᠢᠯᠡᠴᠢᠯᠡᠭᠡᠨ ᠤ ᠦᠢᠯᠡᠰ ᠤᠨ ᠰᠢᠪᠲᠤᠯᠤᠯᠲᠠ ᠶᠢᠨ ᠴᠢᠨᠠᠷᠲᠠᠢ ᠨᠡᠮᠡᠭᠳᠡᠯ ᠢ

        ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠃ ᠭᠤᠷᠪᠠ ᠳᠤ ᠂ ᠰᠢᠯᠭᠠᠯᠲᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ ᠂ ᠵᠠᠰᠠᠭ ᠤᠨ ᠣᠷᠳᠣᠨ ᠤ ᠠᠵᠢᠯ ᠤᠨ

        ᠢᠯᠡᠳᠬᠡᠯ ᠤᠨ ᠡᠭᠦᠷᠭᠡ ᠶᠢ ᠡᠳᠦᠷ ᠲᠤᠲᠤᠮ ᠤᠨ ᠵᠥᠪᠯᠡᠭᠦ ᠵᠦᠢᠯ ᠳᠡᠭᠡᠨ ᠣᠷᠣᠭᠤᠯᠵᠤ ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ ᠂ ᠠᠩᠬᠠᠷᠤᠯ

        ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠂ 

        ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ ᠃ ᠳᠥᠷᠪᠡ ᠳᠤ ᠂ ᠠᠵᠤ ᠠᠬᠤᠶᠢᠯᠠᠯ ᠢ ᠬᠠᠪᠰᠤᠷᠤᠨ ᠬᠦᠴᠢᠷ

        ᠠᠰᠠᠭᠤᠳᠠᠯ ᠢ ᠨᠢ ᠰᠢᠢᠳᠪᠦᠷᠢᠯᠡᠨ ᠥᠭᠴᠦ ᠂ ᠪᠡᠯᠡ ᠮᠥᠩᠭᠦ ᠡᠷᠢᠨ ᠥᠭᠴᠦ ᠂ ᠲᠦᠭᠦᠬᠡᠢ ᠮᠠᠲ᠋ᠧᠷᠢᠶᠠᠯ ᠡᠷᠢᠨ ᠥᠭᠴᠦ ᠂ ᠠᠵᠢᠯᠴᠢᠨ ᠡᠷᠢᠨ ᠥᠭᠴᠦ ᠂ ᠵᠠᠬ᠎ᠠ

        ᠳᠡᠯᠭᠡᠭᠦᠷ ᠡᠷᠢᠨ ᠥᠭᠴᠦ ᠂ ᠠᠵᠤ ᠠᠬᠤᠶᠢᠯᠠᠯ ᠤᠨ ᠬᠠᠮᠲᠤ ᠪᠠᠷ ︽ ᠬᠤᠷᠳᠤᠴᠠ ᠪᠠᠨ ᠲᠦᠷᠭᠡᠳᠬᠡᠬᠦ ︾  ᠶᠢ ᠲᠠᠶᠢᠴᠢᠯᠠᠨ ᠠᠬᠢᠭᠤᠯᠬᠤ ᠬᠡᠷᠡᠭᠲᠡᠢ ᠃ ᠲᠠᠪᠤ ᠳᠤ ᠂ 

        ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠦᠢᠯᠡᠴᠢᠯᠡᠭᠡᠨ ᠤ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ ᠂ ᠠᠶᠢᠮᠠᠭ ᠬᠤᠲᠠ ᠶᠢ ᠬᠠᠪᠰᠤᠷᠤᠨ ᠶᠠᠭᠠᠬᠢᠵᠤ

        ᠬᠢᠬᠦ ᠂ ᠶᠠᠭᠠᠬᠢᠵᠤ ᠰᠠᠶᠢᠲᠤᠷ ᠬᠢᠬᠦ ᠂ ᠶᠠᠭᠠᠬᠢᠵᠤ ᠲᠦᠷᠭᠡᠨ ᠬᠢᠬᠦ ᠠᠰᠠᠭᠤᠳᠠᠯ ᠢ ᠰᠢᠢᠳᠪᠦᠷᠢᠯᠡᠵᠦ ᠂ ᠠᠵᠤ ᠠᠬᠤᠶᠢᠯᠠᠯ ᠪᠣᠯᠣᠨ ᠣᠯᠠᠨ ᠲᠦᠮᠡᠨ ᠤ ᠲᠤᠰᠬᠠᠭᠰᠠᠨ

        ᠠᠰᠠᠭᠤᠳᠠᠯ ᠢ ᠴᠢᠳᠠᠬᠤ  ᠶᠢᠨ ᠳᠣᠲᠣᠷ᠎ᠠ ᠲᠦᠷᠭᠡᠨ ᠰᠢᠢᠳᠪᠦᠷᠢᠯᠡᠵᠦ ᠂ ︽ ᠬᠤᠨᠤᠭ ᠥᠩᠭᠡᠷᠡᠭᠡᠬᠦ ᠦᠭᠡᠢ ᠂ ᠭᠠᠷ ᠳᠠᠮᠵᠢᠬᠤ ᠦᠭᠡᠢ ᠂ ᠭᠠᠷᠠᠭ ᠠᠯᠤᠰᠯᠠᠬᠤ ᠦᠭᠡᠢ ︾

        ᠪᠠᠶᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃

              ᠬᠤᠸᠠᠩ ᡁᠢ ᠴᠢᠶᠠᠩ ᠠᠵᠢᠯᠯᠠᠭ᠎ᠠ ᠳᠤ ᠣᠷᠣᠯᠴᠠᠪᠠ ᠃

         

        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ