内蒙古自治区人民政府 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠶᠡᠷᠦᠩᠬᠡᠢ ᠱᠦᠵᠢ ᠶᠢᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠤᠨ᠎ᠠ  ᠸᠠᠩ ᠯᠢ ᠰᠢᠶᠠ ᠰᠦ  ᠶᠢᠨ ᠦᠢᠯᠡᠰ  ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠬᠠᠢ ᠶᠢᠨ ᠲᠠᠯᠠᠪᠠᠢ ᠳᠤ ᠠᠯᠪᠠᠯᠠᠪᠠ
        ᠨᠡᠶᠢᠲᠡᠯᠡᠭᠰᠡᠨ ᠴᠠᠭ᠄
        2023/2/1
              1 ᠰᠠᠷ᠎ᠠ ᠶᠢᠨ 31 ᠤ ᠡᠳᠦᠷ ᠂ ᠸᠠᠩ ᠯᠢ ᠰᠢᠶᠠ ᠮᠧᠩ ᠨᠢᠦ ᠪᠦᠯᠦᠭᠯᠡᠯ ᠪᠣᠯᠣᠨ ᠢᠯᠢ ᠪᠦᠯᠦᠭᠯᠡᠯ ᠳᠤ ᠪᠠᠶᠢᠴᠠᠭᠠᠨ ᠰᠤᠳᠤᠯᠤᠯᠲᠠ ᠬᠢᠵᠦ ᠂ ᠲᠤᠬᠠᠢ ᠶᠢᠨ ᠲᠠᠯᠠᠪᠠᠢ ᠳᠤ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠂ ᠰᠦ ᠶᠢᠨ ᠦᠢᠯᠡᠰ ᠤᠨ ᠬᠥᠭᠵᠢᠯᠲᠡ ᠶᠢᠨ ᠠᠵᠢᠯ ᠢ ᠰᠤᠳᠤᠯᠤᠨ ᠲᠣᠬᠢᠷᠠᠭᠤᠯᠪᠠ ᠃ 

        图三(首页).jpg

          

              ᠮᠧᠩ ᠨᠢᠦ ᠶᠢᠨ ᠵᠢᠷᠭᠤᠳᠤᠭᠠᠷ ᠬᠤᠭᠤᠴᠠᠭ᠎ᠠ ᠶᠢᠨ ᠪᠠᠷᠢᠯᠭ᠎ᠠ ᠪᠣᠯᠣᠨ ᠨᠠᠢᠮᠠᠳᠤᠭᠠᠷ ᠬᠤᠭᠤᠴᠠᠭᠠᠨ ᠤ ᠪᠠᠷᠢᠯᠭ᠎ᠠ ᠶᠢᠨ ᠦᠢᠯᠡᠳᠪᠦᠷᠢ ᠳᠤ ᠂ ᠸᠠᠩ ᠯᠢ ᠰᠢᠶᠠ ᠠᠵᠤ

        ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠣᠯᠣᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ ᠂ 

        ᠵᠠᠰᠠᠭ ᠤᠨ ᠣᠷᠳᠣᠨ ᠤ ᠬᠢᠨ ᠭᠤᠣᠯᠳᠠᠯᠭ᠎ᠠ ᠪᠠᠨ ᠡᠮᠦᠨᠡᠰᠢ ᠲᠠᠯᠪᠢᠵᠤ ᠂ ᠳᠠᠭᠠᠭᠤᠯᠤᠭᠴᠢ ᠠᠵᠤ ᠠᠬᠤᠶᠢᠯᠠᠯ ᠤᠨ ᠵᠡᠭᠦᠨᠳᠡᠬᠢ ᠪᠠᠷᠠᠭᠤᠨᠳᠡᠬᠢ ᠪᠠᠨ ᠬᠥᠲᠥᠯᠥᠨ

        ᠳᠠᠭᠠᠭᠤᠯᠬᠤ ᠂ ᠬᠡᠯᠬᠢᠶ᠎ᠡ ᠪᠠᠨ ᠤᠷᠲᠤᠳᠬᠠᠬᠤ ᠶᠢ ᠲᠡᠮᠵᠢᠵᠥ ᠂ ᠲᠥᠪᠯᠡᠷᠡᠩᠭᠦᠢ ᠡᠷᠴᠢᠮᠵᠢᠭᠰᠡᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ ᠤᠳᠤ

        ᠦᠶ᠎ᠡ ᠶᠢᠨ ᠮᠠᠯ ᠠᠵᠤ ᠠᠬᠤᠢ ᠶᠢᠨ ᠵᠧᠩ ᠶᠤᠸᠠᠨ ᠮᠠᠯᠵᠢᠯ ᠤᠨ ᠲᠠᠯᠠᠪᠠᠢ ᠳᠤ ᠂ ᠲᠡᠷᠡ ᠠᠷᠠᠴᠢᠯᠠᠨ ᠲᠡᠵᠢᠭᠡᠬᠦ ᠶᠢᠨ ᠲᠥᠯᠥᠭᠡ ᠲᠠᠷᠢᠬᠤ ᠶᠢ ᠪᠠᠷᠢᠮᠲᠠᠯᠠᠵᠤ ᠂ 

        ᠲᠠᠷᠢᠶᠠᠴᠢᠳ ᠢ ᠵᠣᠬᠢᠶᠠᠨ ᠪᠠᠶᠢᠭᠤᠯᠵᠤ ᠂ ᠳᠠᠭᠠᠭᠤᠯᠤᠭᠴᠢ ᠠᠵᠤ ᠠᠬᠤᠶᠢᠯᠠᠯ ᠲᠠᠢ ᠰᠠᠶᠢᠲᠤᠷ ᠵᠣᠯᠭᠠᠭᠤᠯᠵᠤ ᠂ ᠬᠡᠪᠴᠢᠶᠡᠵᠢᠭᠰᠡᠨ ᠡᠵᠡᠩᠨᠡᠯᠲᠡ ᠶᠢ ᠠᠬᠢᠭᠤᠯᠬᠤ ᠬᠡᠷᠡᠭᠲᠡᠢ

        ᠭᠡᠵᠦ ᠬᠡᠯᠡᠪᠡ ᠃ ᠢᠯᠢ ᠣᠶᠤᠨᠲᠤ ᠦᠢᠯᠡᠳᠬᠡᠯ ᠤᠨ ᠪᠡᠶᠡᠴᠢᠯᠡᠨ ᠣᠶᠢᠯᠠᠭᠠᠬᠤ ᠲᠥᠪ ᠲᠤ ᠂ ᠲᠡᠷᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ᠂ 

        ᠭᠠᠷ ᠤᠷᠠᠯᠠᠯ ᠤᠨ ᠰᠢᠨ᠎ᠡ ᠶᠢ ᠡᠭᠦᠳᠭᠦ ᠶᠢ ᠴᠢᠩᠭᠠᠳᠬᠠᠵᠤ ᠂ ᠪᠦᠭᠦ ᠪᠥᠮᠪᠥᠷᠴᠡᠭ ᠤᠨ ᠣᠶᠤᠨᠲᠤ ᠦᠢᠯᠡᠳᠬᠡᠯ ᠤᠨ ᠦᠯᠢᠭᠡᠷ ᠳᠠᠭᠤᠷᠢᠶᠠᠯ ᠰᠠᠭᠤᠷᠢᠨ ᠢ ᠡᠭᠦᠳᠦᠨ

        ᠴᠣᠭᠴᠠᠯᠠᠬᠤ ᠬᠡᠷᠡᠭᠲᠡᠢ ᠭᠡᠵᠦ ᠬᠡᠯᠡᠪᠡ ᠃ 

              ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ ᠂ ᠸᠠᠩ ᠯᠢ ᠰᠢᠶᠠ ᠣᠯᠠᠨ ᠲᠠᠢ ᠬᠠᠮᠲᠤ ᠪᠠᠷ ᠮᠠᠨ ᠤ ᠣᠷᠣᠨ ᠤ ᠰᠦ ᠶᠢᠨ ᠦᠢᠯᠡᠰ ᠤᠨ

        ᠬᠥᠭᠵᠢᠯᠲᠡ ᠳᠤ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠵᠤ ᠂ ᠠᠵᠤ ᠠᠬᠤᠶᠢᠯᠠᠯ ᠤᠨ ᠦᠷ᠎ᠡ ᠡᠳ᠋ ᠤᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠲᠧᠭᠨᠢᠭ

        ᠮᠡᠷᠭᠡᠵᠢᠯ ᠤᠨ ᠪᠣᠭᠤᠮᠲᠠ ᠰᠢᠪᠲᠤᠯᠬᠤ ᠂ ᠵᠢᠭᠡᠯᠡᠯᠭᠡ ᠠᠪᠴᠤ ᠪᠡᠯᠡ ᠨᠡᠶᠢᠯᠡᠭᠦᠯᠭᠦ ᠵᠡᠷᠭᠡ ᠲᠠᠯ᠎ᠠ ᠪᠠᠷ ᠲᠤᠯᠭᠠᠷᠠᠭᠰᠠᠨ ᠬᠦᠴᠢᠷᠳᠡᠯ ᠳᠤ ᠬᠤᠯᠪᠣᠭᠳᠠᠯ ᠪᠦᠬᠦᠢ ᠰᠠᠯᠠᠭ᠎ᠠ

        ᠮᠥᠴᠢᠷ ᠠᠴᠠ ᠠᠩᠬᠠᠷᠤᠯ ᠢᠶᠠᠨ ᠲᠥᠪᠯᠡᠷᠡᠭᠦᠯᠦᠨ ᠬᠠᠷᠢᠭᠤ ᠥᠭᠭᠦ ᠶᠢ ᠱᠠᠭᠠᠷᠳᠠᠭᠰᠠᠨ ᠪᠥᠭᠡᠳ ᠬᠠᠷᠢᠭᠤᠴᠠᠯᠭ᠎ᠠ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠪᠠ ᠃

              ᠸᠠᠩ ᠯᠢ ᠰᠢᠶᠠ ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ

        ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ

        ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠪᠣᠳᠠᠲᠠᠢ ᠠᠵᠢᠯᠯᠠᠭ᠎ᠠ ᠮᠥᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ

        ᠣᠷᠳᠣᠨ ᠤ ︽ ᠰᠢᠨ᠎ᠡ ᠵᠢᠯ ᠤᠨ ᠠᠩᠬᠠᠳᠤᠭᠠᠷ ᠬᠤᠷᠠᠯ ︾  ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ ᠃

              ᠨᠢᠭᠡ ᠳᠤ ᠂ ᠶᠡᠷᠦᠩᠬᠡᠢ ᠱᠦᠵᠢ ᠶᠢᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠠᠵᠤ ᠦᠢᠯᠡᠰ ᠤᠨ ᠬᠥᠭᠵᠢᠯᠲᠡ ᠶᠢᠨ ᠴᠢᠨᠠᠷ ᠰᠠᠶᠢᠲᠠᠢ ᠪᠠᠶᠢᠳᠠᠯ ᠂ ᠠᠵᠤ

        ᠠᠬᠤᠶᠢᠯᠠᠯ ᠤᠨ ᠬᠠᠮᠢᠶᠠᠷᠤᠯᠲᠠ ᠶᠢᠨ ᠥᠨᠳᠥᠷ ᠲᠦᠪᠰᠢᠨ ᠂ ᠰᠦ ᠶᠢᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠭᠦ ᠥᠨᠳᠦᠷᠯᠢᠭ ᠢᠶᠠᠷ ᠰᠦ ᠶᠢᠨ

        ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠃ ᠬᠤᠶᠠᠷ ᠲᠤ ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ

        ᠪᠤᠯᠭᠠᠵᠤ ᠂ ᠡᠪᠡᠰᠦᠨ ᠤ ᠡᠬᠢ ᠂ ᠦᠬᠡᠷ ᠤᠨ ᠡᠬᠢ ᠂ ᠰᠦ ᠶᠢᠨ ᠡᠬᠢ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠦᠷ᠎ᠡ ᠶᠢᠨ ᠦᠢᠯᠡᠰ ᠢ ᠬᠥᠭᠵᠢᠭᠦᠯᠦᠨ

        ᠮᠠᠨᠳᠤᠭᠤᠯᠬᠤ ᠶᠢ ᠪᠦᠭᠦ ᠬᠦᠴᠦᠨ ᠢᠶᠠᠷ ᠰᠠᠶᠢᠲᠤᠷ ᠠᠳᠬᠤᠵᠤ ᠂ ᠡᠵᠡᠩᠨᠡᠯᠲᠡ ᠶᠢᠨ ᠭᠡᠯᠪᠡᠷᠢ ᠶᠢ ᠲᠥᠪᠯᠡᠷᠡᠭᠦᠯᠦᠨ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠵᠤ ᠂ 

        ︽ᠨᠢᠭᠡ ᠰᠠᠭᠤᠷᠢ ᠡᠪᠡᠰᠦ ᠠᠴᠠ ᠨᠢᠭᠡ ᠴᠣᠮᠣ ᠰᠦ ᠭᠦᠷᠲᠡᠯ᠎ᠡ︾ ᠭᠡᠬᠦ ᠪᠦᠭᠦ ᠪᠥᠮᠪᠥᠷᠴᠡᠭ ᠤᠨ ᠲᠡᠷᠢᠭᠦᠨ ᠤ ᠪᠦᠷᠢᠨ ᠠᠵᠤ ᠦᠢᠯᠡᠰ ᠤᠨ ᠬᠡᠯᠬᠢᠶ᠎ᠡ ᠶᠢᠨ ᠠᠮᠢ

        ᠠᠬᠤᠢ ᠶᠢᠨ ᠲᠣᠭᠤᠷᠢᠭ ᠢ ᠡᠭᠦᠳᠦᠨ ᠪᠠᠶᠢᠭᠤᠯᠬᠤ ᠬᠡᠷᠡᠭᠲᠡᠢ ᠃ ᠭᠤᠷᠪᠠ ᠳᠤ ᠂ ᠪᠦᠭᠦ ᠣᠷᠣᠨ ᠨᠢᠭᠡ ᠬᠥᠯᠭᠡ ᠰᠢᠲᠠᠷ᠎ᠠ ᠪᠣᠯᠵᠤ ᠂ ᠵᠠᠰᠠᠭ ᠤᠨ ᠣᠷᠳᠣᠨ ᠠᠵᠤ

        ᠠᠬᠤᠶᠢᠯᠠᠯ ᠨᠢᠭᠡ ᠰᠡᠳᠬᠢᠯ ᠲᠠᠢ ᠪᠠᠶᠢᠵᠤ ᠂ ᠢᠯᠢ ᠂ ᠮᠧᠩ ᠨᠢᠦ ᠵᠡᠷᠭᠡ ᠲᠣᠮᠣ ᠠᠵᠤ ᠠᠬᠤᠶᠢᠯᠠᠯ ᠢ ᠳᠡᠮᠵᠢᠭᠦ ᠪᠠᠷ ᠪᠠᠷᠠᠬᠤ ᠦᠭᠡᠢ ᠂ ᠪᠠᠰᠠ ᠡᠯ᠎ᠡ ᠲᠥᠷᠥᠯ ᠤᠨ ᠳᠤᠮᠳᠠ

        ᠪᠠᠭ᠎ᠠ ᠰᠦ ᠶᠢᠨ ᠠᠵᠤ ᠠᠬᠤᠶᠢᠯᠠᠯ ᠢ ᠳᠡᠮᠵᠢᠵᠦ ᠂ ᠬᠦᠴᠦ ᠪᠠᠨ ᠬᠠᠮᠲᠤᠳᠬᠠᠨ ᠰᠦ ᠶᠢᠨ ᠦᠢᠯᠡᠰ ᠤᠨ ᠬᠥᠭᠵᠢᠯ ᠮᠠᠨᠳᠤᠯ ᠢ ᠠᠬᠢᠭᠤᠯᠬᠤ ᠬᠡᠷᠡᠭᠲᠡᠢ ᠭᠡᠵᠦ

        ᠴᠢᠬᠤᠯᠠᠴᠢᠯᠠᠪᠠ ᠃

              ᠶᠣᠣ ᠶᠦᠩ ᠪᠦᠸᠧ ᠂ ᠰᠦᠨ ᠵᠢᠶᠦ᠋ᠨ ᠴᠢᠩ ᠣᠷᠣᠯᠴᠠᠵᠠᠢ ᠃

         

        ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ