2 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ 2023 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠪᠣᠯᠣᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶ᠎ᠠ ᠨᠢ ᠬᠥᠮᠥᠰ ᠤᠨ ᠰᠡᠳᠬᠢᠯ ᠢ | ᠵᠣᠷᠢᠭᠵᠢᠭᠤᠯᠵᠤ᠂ ᠡᠷᠴᠢ ᠵᠣᠷᠢᠭ ᠢ ᠬᠥᠪᠴᠢᠯᠡᠪᠡ᠃ ᠪᠢᠳᠡ ︽ᠶᠡᠭᠡ ᠶᠣᠰᠣ ᠶᠢ ᠶᠠᠪᠤᠭᠤᠯᠬᠤ ᠪᠣᠯ ᠲᠤᠶᠢᠯ ᠤᠨ ᠲᠦᠭᠦᠮ ᠪᠠᠶᠢᠳᠠᠭ᠂ ᠪᠣᠳᠠᠲᠠᠢ ᠠᠵᠢᠯᠯᠠᠬᠤ ᠨᠢ | ᠴᠢᠬᠤᠯᠠ ᠪᠠᠶᠢᠬᠤ︾ ᠶᠣᠰᠣ ᠶᠢ ᠪᠠᠲᠤ ᠴᠡᠭᠡᠵᠢᠯᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ | ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ | ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ | ᠬᠢᠵᠦ ᠴᠢᠷᠮᠠᠶᠢᠨ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠡᠭᠢᠯᠡᠯᠲᠡ ᠶᠢᠨ ᠵᠢᠯ ᠳᠤ ᠦᠨᠡᠨ ᠬᠦ ᠰᠢᠨ᠎ᠡ | ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠬᠢᠯᠡᠮᠡᠭᠴᠡ ᠳᠠᠷᠤᠢ ᠰᠢᠢᠳᠪᠦᠷᠢᠲᠦ ᠳᠠᠶᠢᠯᠠᠯᠳᠤᠭᠠᠨ ᠬᠢᠬᠦ᠂ | ᠡᠬᠢᠯᠡᠮᠡᠭᠴᠡ ᠳᠠᠷᠤᠢ ᠰᠢᠪᠲᠤᠯᠤᠯᠲᠠ ᠬᠢᠬᠦ ᠣᠪᠣᠷ ᠢᠶᠠᠷ᠂ ᠥᠷᠯᠥᠭᠡ ᠦᠳᠡᠰᠢ ᠶᠢ ᠲᠡᠮᠡᠴᠡᠨ ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠲᠦᠷᠦᠭᠦᠦ ᠤᠯᠠᠷᠢᠯ ᠳᠤ | ︽ᠰᠠᠶᠢᠨ ᠡᠭᠢᠯᠡᠯᠲᠡ︾ ᠶᠢ ᠪᠡᠶᠡᠯᠡᠭᠦᠯᠬᠦ ᠶᠢ ᠪᠠᠲᠤᠯᠠᠵᠤ᠂ ᠪᠦᠭᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠥᠪᠥᠷ ᠮᠣᠩᠭᠤᠯ ᠳᠤ ᠠᠪᠴᠤ ᠬᠡᠯᠡᠪᠡᠯ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠳᠤ ᠬᠠᠮᠤᠭ ᠤᠨ | ᠴᠢᠬᠤᠯᠠ ᠨᠢ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ | ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠪᠣᠳᠠᠲᠤ ᠪᠠᠶᠢᠳᠠᠯ ᠳᠠᠭᠠᠨ ᠰᠠᠭᠤᠷᠢᠯᠠᠨ ᠠᠵᠤ ᠠᠬᠤᠢ ᠶᠢᠨ ᠪᠠᠶᠢᠷᠢᠰᠢᠯ ᠢᠶᠠᠨ ᠱᠠᠯᠠᠪᠳᠠᠨ | ᠰᠢᠯᠢᠳᠡᠭᠵᠢᠭᠦᠯᠵᠦ᠂ ᠪᠦᠭᠦ ᠤᠯᠤᠰ ᠤᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠵᠦ᠂ ᠣᠷᠣᠨ ᠨᠤᠲᠤᠭ ᠤᠨ ᠬᠥᠭᠵᠢᠯᠲᠡ ᠶᠢ ᠠᠬᠢᠭᠤᠯᠬᠤ ᠶᠠᠪᠤᠳᠠᠯ ᠪᠣᠯᠣᠨ᠎ᠠ᠃ | ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠩᠬᠠᠷᠤᠯ ᠪᠠ ᠬᠦᠴᠦᠨ ᠢᠶᠠᠨ ᠲᠥᠪᠯᠡᠷᠡᠭᠦᠯᠦᠨ ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠵᠤ᠂ | ᠡᠳᠦᠷ ᠪᠦᠷᠢ ᠵᠢᠳᠬᠦᠯ ᠴᠢᠷᠮᠠᠶᠢᠯᠭ᠎ᠠ ᠭᠠᠷᠭᠠᠵᠤ᠂ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ᠨᠠᠩ ᠣᠯᠠᠨ ᠦᠨᠡᠨ ᠪᠣᠳᠠᠲᠠᠢ ᠦᠷ᠎ᠡ ᠪᠦᠲᠦᠭᠡᠯ ᠣᠯᠬᠤ ᠶᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠬᠠᠷᠢᠭᠤ ᠵᠠᠬᠢᠳᠠᠯ ᠪᠠ ᠴᠢᠬᠤᠯᠠ ᠵᠣᠬᠢᠶᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ | ᠳᠡᠯᠭᠡᠷᠡᠭᠦᠯᠦᠨ ᠲᠦᠭᠡᠮᠡᠯᠵᠢᠭᠦᠯᠬᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠠᠤᠯᠢ ᠲᠣᠭᠲᠠᠭᠠᠬᠤ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠣᠭᠲᠠᠭᠠᠬᠤ ᠲᠥᠯᠦᠪᠵᠢᠭᠦᠯᠭᠡ | ᠪᠣᠯᠣᠨ 2023 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠰᠤᠳᠤᠯᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |