内蒙古自治区人民政府 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠥᠷ ᠮᠣᠩᠭᠤᠯ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠪᠠᠷ ᠪᠣᠶ
        ᠨᠡᠶᠢᠲᠡᠯᠡᠭᠰᠡᠨ ᠴᠠᠭ᠄
        2023/2/7
              ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠠᠴᠠ ᠣᠶᠢᠯᠠᠭᠠᠭᠰᠠᠨ ᠢᠶᠠᠷ᠂ ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠲᠣᠬᠢᠷᠠᠭᠤᠯᠤᠯᠲᠠ ᠶᠣᠰᠣᠭᠠᠷ᠂ ᠡᠨᠡ ᠵᠢᠯ ᠠᠴᠠ ᠡᠬᠢᠯᠡᠨ᠂ ᠪᠥᠬᠦ ᠣᠷᠣᠨ ᠤ ᠡᠯ᠎ᠡ ᠱᠠᠲᠤᠨ ᠤ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠳ ︽ᠤᠳᠤᠷᠢᠳᠤᠯᠭ᠎ᠠ ᠪᠠᠨ ᠴᠢᠩᠭᠠᠳᠬᠠᠬᠤ᠂ ᠲᠤᠰᠬᠠᠢ ᠠᠩᠭᠢ ᠪᠠᠶᠢᠭᠤᠯᠬᠤ᠂ ᠬᠠᠷᠠᠯᠲᠠ ᠪᠠᠨ ᠲᠣᠳᠣᠷᠬᠠᠶᠢᠯᠠᠬᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠬᠤ᠂ ᠵᠢᠯ ᠳᠠᠷᠠᠭᠠᠯᠠᠨ ᠠᠬᠢᠭᠤᠯᠬᠤ᠂ ᠦᠷᠭᠦᠯᠵᠢᠯᠡᠨ ᠬᠦᠴᠦᠯᠡᠨ ᠴᠢᠷᠮᠠᠶᠢᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠪᠠᠷ ᠪᠣᠢ᠃      ᠣᠶᠢᠯᠠᠭᠠᠭᠰᠠᠨ ᠢᠶᠠᠷ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠶᠢ ᠰᠠᠶᠢᠲᠤᠷ ᠠᠳᠬᠤᠬᠤ ᠨᠢ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤ ᠨᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠠᠰᠠᠭᠤᠳᠠᠯ ᠴᠣᠬᠤᠶᠢᠮᠠᠭᠴᠠ ᠰᠢᠢᠳᠪᠦᠷᠢᠯᠡᠬᠦ ᠶᠠᠪᠤᠳᠠᠯ ᠪᠣᠯᠣᠨ᠎ᠠ᠃ ᠬᠤᠶᠢᠰᠢᠳᠠ ᠶᠢᠨ ᠭᠤᠷᠪᠠᠨ ᠵᠢᠯ ᠳᠤ᠂ ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠰᠢᠰᠲ᠋ᠧᠮ ᠤᠨ ᠬᠢᠨ ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠯ ᠤᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠮᠠᠯ ᠬᠤᠭᠤᠴᠠᠭ᠎ᠠ ᠲᠠᠢ ᠪᠠᠷ ᠵᠠᠬᠢᠳᠠᠯ ᠰᠤᠷᠪᠤᠯᠵᠢᠯᠠᠯ ᠤᠨ ᠠᠵᠢᠯ ᠢ ᠰᠤᠳᠤᠯᠬᠤ ᠲᠣᠭᠲᠠᠴᠠ᠂ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠰᠤᠷᠪᠤᠯᠵᠢᠯᠠᠯ ᠢ ᠭᠥᠯᠢᠶᠡᠨ ᠠᠪᠴᠤ ᠳᠣᠷᠣᠭᠰᠢ ᠪᠠᠭᠤᠵᠤ ᠰᠤᠷᠪᠤᠯᠵᠢᠯᠠᠬᠤ᠂ ᠬᠢᠨᠠᠨ ᠰᠢᠯᠭᠠᠵᠤ ᠦᠨᠡᠯᠡᠬᠦ ᠪᠠ ᠰᠢᠮᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠵᠡᠷᠭᠡ ᠳᠦᠷᠢᠮ ᠢ ᠴᠢᠩᠭᠠᠳᠬᠠᠨ ᠲᠡᠭᠦᠯᠳᠡᠷᠵᠢᠭᠦᠯᠬᠦ ᠬᠡᠷᠡᠭᠲᠡᠢ︔ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠥᠨᠳᠥᠷ ᠪᠦᠲᠦᠮᠵᠢᠲᠡᠶ ᠠᠵᠢᠯᠯᠠᠭᠠᠨ ᠢ ᠶᠡᠭᠡ ᠪᠠᠷ ᠠᠬᠢᠭᠤᠯᠵᠤ᠂ ᠡᠬᠢ ᠪᠠᠶᠠᠯᠢᠭ ᠢ ᠨᠡᠶᠢᠳᠬᠡᠵᠦ ᠣᠯᠠᠨ ᠡᠰᠢᠵᠢᠭᠦᠯᠦᠨ ᠵᠥᠷᠢᠴᠡᠯ ᠢ ᠰᠢᠢᠳᠪᠦᠷᠢᠯᠡᠬᠦ ᠬᠡᠷᠡᠭᠲᠡᠢ︔ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠤᠨ ᠲᠤᠷᠰᠢᠯᠲᠠ ᠶᠢᠨ ᠠᠵᠢᠯ ᠢ ᠦᠨᠡᠨ ᠬᠦ ᠰᠠᠶᠢᠲᠤᠷ ᠠᠳᠬᠤᠵᠤ᠂ ᠣᠷᠣᠯᠠᠨ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠵᠦ᠂ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠥᠷᠨᠢᠭᠦᠯᠵᠦ᠂ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ ᠴᠣᠩᠬᠤᠪᠴᠢ ᠶᠢ ᠦᠨᠳᠦᠰᠦᠨ ᠱᠠᠲᠤᠨ ᠳᠤ ᠰᠢᠯᠵᠢᠭᠦᠯᠬᠦ ᠶᠢ ᠪᠡᠶᠡᠯᠡᠭᠦᠯᠵᠦ᠂ ᠤᠯᠠᠨ ᠲᠦᠮᠡᠨ ᠤ ᠳᠡᠭᠡᠭᠰᠢ ᠰᠤᠷᠪᠤᠯᠵᠢᠯᠠᠬᠤ ᠶᠢ ᠤᠯᠠᠨ ᠲᠦᠮᠡᠨ ᠢ ᠣᠷᠣᠯᠠᠨ ᠭᠦᠢᠴᠡᠳᠬᠡᠬᠦ ᠪᠣᠯᠭᠠᠨ ᠬᠤᠪᠢᠷᠠᠭᠤᠯᠵᠤ᠂ ᠵᠥᠷᠢᠴᠡᠯ ᠢ ᠰᠠᠨᠠᠭᠠᠴᠢᠯᠠᠭᠠᠲᠤ ᠪᠤᠰᠤ ᠪᠠᠷ ᠰᠢᠢᠳᠪᠦᠷᠢᠯᠡᠬᠦ ᠶᠢ ᠰᠠᠨᠠᠭᠠᠴᠢᠯᠠᠭ᠎ᠠ ᠲᠠᠢ ᠪᠠᠷ ᠰᠢᠢᠳᠪᠦᠷᠢᠯᠡᠬᠦ ᠪᠣᠯᠭᠠᠨ ᠬᠤᠪᠢᠷᠠᠭᠤᠯᠵᠤ᠂ ᠵᠠᠬᠢᠳᠠᠯ ᠰᠤᠷᠪᠤᠯᠵᠢᠯᠠᠯ ᠤᠨ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠬᠡᠷᠡᠭᠲᠡᠢ︔ ᠵᠠᠬᠢᠳᠠᠯ ᠰᠤᠷᠪᠤᠯᠵᠢᠯᠠᠯ ᠤᠨ ᠠᠵᠢᠯ ᠤᠨ ᠵᠢᠱᠢᠶᠡᠴᠢ ᠰᠢᠶᠠᠨ ᠢ ᠡᠭᠦᠳᠦᠨ ᠪᠠᠶᠢᠭᠤᠯᠬᠤ ᠶᠢ ᠨᠠᠩ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠨᠠᠩ ᠪᠣᠳᠠᠲᠠᠢ ᠰᠤᠷᠲᠠᠯ ᠢᠶᠠᠷ ︽ᠶᠡᠭᠡ ᠪᠠᠷ ᠰᠢᠮᠳᠠᠭᠤᠯᠤᠨ ᠪᠠᠶᠢᠴᠠᠭᠠᠬᠤ ᠶᠡᠭᠡ ᠪᠠᠷ ᠰᠤᠷᠪᠤᠯᠵᠢᠯᠠᠯ ᠢ ᠬᠦᠯᠢᠶᠡᠬᠦ ᠶᠡᠭᠡ ᠪᠠᠷ ᠪᠠᠶᠢᠴᠠᠭᠠᠨ ᠰᠤᠳᠤᠯᠤᠯᠲᠠ ᠬᠢᠬᠦ︾ ᠠᠵᠢᠯᠯᠠᠭ᠎ᠠ ᠶᠢ ᠥᠷᠨᠢᠭᠦᠯᠵᠦ᠂ ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ