2 ᠳ᠋ᠤᠭᠠᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ︽ᠵᠢᠷᠤᠮᠵᠢᠭᠤᠯᠤᠨ ᠴᠣᠮᠬᠠᠳᠬᠠᠵᠤ | ᠬᠤᠷᠳᠤᠴᠠ ᠶᠢ ᠳᠡᠭᠡᠭᠰᠢᠯᠡᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ ᠪᠥᠬᠦ ᠲᠠᠯ᠎ᠠ ᠪᠠᠷ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ︾ ᠢ ᠳᠠᠷᠤᠮᠠᠯᠯᠠᠨ ᠲᠠᠷᠬᠠᠭᠠᠵᠤ᠂ 60 ᠵᠤᠷᠪᠤᠰ ᠪᠣᠳᠠᠲᠠᠢ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ︽ᠲᠦᠷᠭᠡᠨ︾ ᠪᠠᠶᠢᠬᠤ ᠶᠢ ᠲᠡᠷᠢᠭᠦᠨ ᠳᠤ ᠲᠠᠯᠪᠢᠬᠤ᠂ ︽ᠪᠣᠳᠠᠲᠠᠢ︾ ᠠᠵᠢᠯᠯᠠᠬᠤ ᠶᠢ ᠤᠷᠢᠳ ᠢᠶᠠᠷ ᠪᠣᠳᠣᠯᠬᠢᠯᠠᠵᠤ ᠂ ︽ᠰᠢᠯᠢᠳᠡᠭ︾ | ᠠᠴᠠ ᠰᠢᠯᠢᠳᠡᠭ ᠢ ᠡᠷᠬᠢᠮᠯᠡᠬᠦ ᠪᠠᠷ ᠪᠠᠷᠢᠮᠵᠢᠶ᠎ᠠ ᠪᠣᠯᠭᠠᠵᠤ᠂ ᠠᠷᠠᠳ ᠤᠨ ᠶᠠᠪᠤᠳᠠᠯ ᠤᠨ ᠡᠯ᠎ᠡ ᠵᠦᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ | ᠠᠷᠠᠳ ᠤᠨ ᠶᠠᠪᠤᠳᠠᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢ ᠵᠣᠷᠢᠭᠰᠠᠨ ᠪᠠᠶᠢᠨ᠎ᠠ᠃ | 60 ᠵᠤᠷᠪᠤᠰ ᠪᠣᠳᠠᠲᠠᠢ ᠠᠷᠭ᠎ᠠ ᠬᠡᠮᠵᠢᠶ᠎ᠡ ᠨᠢ ᠠᠯᠪᠠᠨ ᠪᠢᠴᠢᠭ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠠᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ | ᠰᠢᠮᠳᠠᠭᠤᠯᠤᠨ ᠭᠦᠢᠴᠡᠳᠬᠡᠬᠦ ᠶᠠᠰᠤ ᠴᠢᠨᠠᠷ ᠢ ᠳᠡᠭᠡᠭᠰᠢᠯᠡᠭᠦᠯᠬᠦ᠂ ᠪᠠᠶᠢᠴᠠᠭᠠᠨ ᠰᠤᠳᠤᠯᠤᠯᠲᠠ ᠶᠢᠨ ᠵᠡᠷᠭᠡᠯᠡᠯ ᠢ ᠳᠡᠭᠡᠭᠰᠢᠯᠡᠭᠦᠯᠬᠦ᠂ ᠵᠠᠰᠠᠭ ᠤᠨ ᠶᠠᠪᠤᠳᠠᠯ ᠢ ᠢᠯᠡ ᠪᠣᠯᠭᠠᠨ | ᠲᠦᠷᠭᠡᠳᠬᠡᠬᠦ᠂ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢ ᠰᠢᠯᠢᠳᠡᠭᠵᠢᠭᠦᠯᠬᠦ ᠵᠡᠷᠭᠡ | ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠂ ᠪᠢᠴᠢᠭ ᠮᠠᠲ᠋ᠧᠷᠢᠶᠠᠯ ᠶᠠᠪᠤᠭᠤᠯᠬᠤ᠂ ᠬᠦᠯᠢᠶᠡᠨ ᠠᠪᠬᠤ ᠪᠠ ᠭᠦᠢᠴᠡᠳᠬᠡᠬᠦ ᠬᠤᠷᠳᠤᠴᠠ ᠶᠢ ᠨᠡᠮᠡᠭᠳᠡᠭᠦᠯᠵᠦ ᠂ | ᠲᠢᠩᠬᠢᠮ ᠤᠨ ᠤᠳᠤᠷᠢᠳᠤᠯᠭ᠎ᠠ 1 ᠠᠵᠢᠯᠯᠠᠬᠤ ᠡᠳᠦᠷ ᠤᠨ ᠳᠣᠲᠣᠷ᠎ᠠ ᠠᠯᠪᠠᠨ ᠪᠢᠴᠢᠭ ᠢ ᠤᠩᠰᠢᠨ ᠴᠣᠬᠤᠯᠠᠪᠤᠷᠢᠯᠠᠵᠤ ᠂ ᠭᠠᠵᠠᠷ ᠠᠯᠪᠠᠨ ᠭᠡᠷ ︵ᠨᠢᠭᠡᠴᠢ ︶ ᠤᠨ | ᠬᠠᠷᠢᠭᠤᠴᠠᠯᠭᠠᠲᠠᠨ 1 ᠠᠵᠢᠯᠯᠠᠬᠤ ᠡᠳᠦᠷ ᠤᠨ ᠳᠣᠲᠣᠷ᠎ᠠ ᠡᠭᠦᠷᠭᠡ ᠶᠢ ᠠᠵᠢᠯᠲᠠᠨ ᠳᠤ ᠨᠠᠶᠢᠳᠠᠪᠤᠷᠢᠵᠢᠭᠤᠯᠤᠨ᠎ᠠ ︔ ᠰᠢᠮᠳᠠᠭᠤᠯᠤᠨ ᠭᠦᠢᠴᠡᠳᠬᠡᠬᠦ ᠵᠦᠢᠯᠡᠰ ᠤᠨ | ᠡᠭᠦᠷᠭᠡ ᠶᠢ ᠬᠤᠪᠢᠶᠠᠷᠢᠯᠠᠬᠤ ᠂ ᠭᠦᠢᠴᠡᠳᠬᠡᠬᠦ᠂ ᠬᠠᠷᠢᠭᠤ ᠲᠤᠰᠬᠠᠬᠤ᠂ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠩ ᠤᠨ ᠪᠠᠶᠢᠳᠠᠯ ᠳᠤ | 1-3 ᠠᠵᠢᠯᠯᠠᠬᠤ ᠡᠳᠦᠷ ᠤᠨ ᠳᠣᠲᠣᠷ᠎ᠠ ᠪᠠᠶᠢᠷᠢᠯᠠᠭᠤᠯᠤᠨ ᠨᠠᠶᠢᠳᠠᠪᠤᠷᠢᠵᠢᠭᠤᠯᠵᠤ᠂ 15 ᠠᠵᠢᠯᠯᠠᠬᠤ ᠡᠳᠦᠷ ᠤᠨ ᠳᠣᠲᠣᠷ᠎ᠠ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ | ᠪᠣᠶ ᠪᠣᠯᠭᠠᠨ᠎ᠠ︔ ᠰᠢᠮᠳᠠᠭᠤᠯᠤᠨ ᠭᠦᠢᠴᠡᠳᠬᠡᠬᠦ ᠡᠭᠦᠷᠭᠡ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠤᠨ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠴᠢᠩᠭᠠᠳᠬᠠᠵᠤ᠂ | ᠦᠨᠳᠦᠰᠦᠨ ᠱᠠᠲᠤ ᠶᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ ︔ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠴᠠᠭ ᠢ ᠪᠣᠭᠤᠨᠢᠰᠬᠠᠵᠤ ᠂ | ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ ᠴᠥᠭᠡᠳᠬᠡᠨ ᠂ ᠭᠤᠶᠤᠴᠢᠯᠠᠬᠤ ᠮᠠᠲ᠋ᠧᠷᠢᠶᠠᠯ ᠢ ᠴᠣᠮᠬᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠶᠡᠷᠦᠩᠬᠡᠢ ᠠᠮᠠᠯᠠᠨ ᠭᠦᠢᠴᠡᠳᠬᠡᠬᠦ ᠴᠠᠭ ᠢ ᠬᠠᠤᠯᠢ ᠪᠠᠷ ᠲᠣᠭᠲᠠᠭᠠᠭᠰᠠᠨ ᠭᠦᠢᠴᠡᠳᠬᠡᠬᠦ ᠴᠠᠭ ᠠᠴᠠ 30% ᠠᠴᠠ ᠳᠡᠭᠡᠭᠰᠢ ᠪᠣᠭᠤᠨᠢᠰᠬᠠᠵᠤ ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠶᠢᠨ ᠬᠠᠮᠤᠭ ᠠᠷᠪᠢᠨ ᠳᠤ ᠪᠠᠨ ᠨᠢᠭᠡ ᠤᠳᠠᠭ᠎ᠠ ᠭᠦᠶᠦᠯᠭᠡᠬᠦ ᠶᠢ ᠪᠡᠶᠡᠯᠡᠭᠦᠯᠬᠦ ᠵᠡᠷᠭᠡ ᠶᠢ ᠲᠣᠭᠲᠠᠭᠠᠪᠠ᠃ | |