内蒙古自治区人民政府 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠥᠷ ᠮᠣᠩᠭᠤᠯ ᠠᠮᠤ ᠪᠤᠳᠠᠭ᠎ᠠ ᠪᠠ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠠᠮᠵᠢᠯᠲᠠ ᠪᠠᠷ ᠢᠶᠠᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠠᠶᠢᠰᠢᠶᠠᠯ ᠢ ᠬᠥᠷᠲᠡᠪᠡ
        ᠨᠡᠶᠢᠲᠡᠯᠡᠭᠰᠡᠨ ᠴᠠᠭ᠄
        2023/2/9
              ᠣᠶᠢᠷ᠎ᠠ ᠳᠤ ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠮᠡᠳᠡᠭᠡᠯᠡᠯ ᠨᠡᠶᠢᠲᠡᠯᠡᠵᠦ ᠂ 2022 ᠣᠨ ᠤ ᠠᠮᠤ ᠪᠤᠳᠠᠭ᠎ᠠ ᠲᠠᠷᠢᠭᠰᠠᠨ ᠲᠠᠯᠠᠪᠠᠶ ᠪᠤᠶᠤ ᠤᠨᠠᠯᠲᠠ ᠶᠢᠨ ᠨᠡᠮᠡᠭᠳᠡᠯ ᠢᠶᠠᠷ ᠪᠥᠬᠦ ᠤᠯᠤᠰ ᠤᠨ ᠡᠮᠦᠨ᠎ᠡ 10 ᠨᠡᠷᠡᠰ ᠲᠤ ᠵᠢᠭᠰᠠᠭᠠᠭᠳᠠᠭᠰᠠᠨ᠂ ᠰᠢᠷ᠎ᠠ ᠪᠤᠷᠴᠠᠭ ᠪᠠ ᠰᠢᠯᠢᠮᠳᠡᠭ ᠤᠨ ᠤᠨᠠᠯᠲᠠ ᠶᠢᠨ ᠨᠡᠮᠡᠭᠳᠡᠯ  ᠨᠢ ᠲᠣᠰ ᠲᠣᠰ ᠪᠥᠬᠦ ᠤᠯᠤᠰ ᠤᠨ ᠡᠮᠦᠨ᠎ᠡ 5 ᠨᠡᠷᠡᠰ ᠲᠤ ᠵᠢᠭᠰᠠᠭᠠᠭᠳᠠᠭᠰᠠᠨ ᠵᠢᠴᠢ ᠨᠠᠮᠤᠷ ᠤᠨ ᠦᠶᠡᠷ ᠢ ᠡᠰᠡᠷᠭᠦᠴᠡᠨ ᠥᠨᠳᠥᠷ ᠳᠤᠯᠠᠭᠠᠨ ᠭᠠᠩ ᠬᠠᠭᠰᠠᠷᠠᠭᠠᠨ ᠲᠠᠢ ᠲᠡᠮᠡᠴᠡᠵᠦ ᠡᠯᠪᠡᠭ ᠬᠤᠷᠢᠶᠠᠯᠲᠠ ᠶᠢ ᠪᠠᠲᠤᠯᠠᠭᠰᠠᠨ ᠠᠵᠢᠯ ᠢᠶᠠᠷ ᠲᠣᠪᠣᠶᠢᠮ᠎ᠠ ᠪᠠᠶᠢᠭ᠎ᠠ 21 ᠮᠤᠵᠢ ᠣᠷᠣᠨ ᠢ ᠰᠠᠶᠢᠰᠢᠶᠠᠨ ᠬᠥᠬᠢᠭᠦᠯᠵᠦ ᠂ ᠥᠪᠥᠷ ᠮᠣᠩᠭᠤᠯ ᠨᠡᠷᠡᠰ ᠤᠨ ᠵᠢᠭᠰᠠᠭᠠᠯᠲᠠ ᠳᠤ ᠣᠷᠣᠭᠰᠠᠨ ᠪᠠᠶᠢᠨ᠎ᠠ᠃      ᠥᠪᠥᠷ ᠮᠣᠩᠭᠤᠯ ᠠᠮᠤ ᠪᠤᠳᠠᠭᠠᠨ ᠤ ᠠᠮᠤᠷ ᠲᠦᠪᠰᠢᠨ ᠤ ᠲᠠᠯ᠎ᠠ ᠪᠠᠷ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠠᠮᠤ ᠪᠤᠳᠠᠭᠠᠨ ᠤ ᠦᠢᠯᠡᠳᠪᠦᠷᠢᠯᠡᠯ ᠢ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠵᠤ ᠰᠢᠷ᠎ᠠ ᠪᠤᠷᠴᠠᠭ ᠲᠠᠷᠢᠬᠤ ᠲᠠᠯᠠᠪᠠᠢ ᠶᠢ ᠥᠷᠭᠡᠳᠬᠡᠬᠦ ᠠᠵᠢᠯ ᠤᠨ ᠲᠣᠭᠤᠷᠢᠨ ᠳᠤ ᠂ ᠠᠮᠤ ᠪᠤᠳᠠᠭᠠᠨ ᠤ ᠦᠢᠯᠡᠳᠪᠦᠷᠢᠯᠡᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ ᠂ 2022 ᠣᠨ ᠳᠤ ᠠᠮᠤ ᠪᠤᠳᠠᠭᠠᠨ ᠤ ᠦᠢᠯᠡᠳᠪᠦᠷᠢᠯᠡᠯ ᠤᠨ ︽ ᠠᠷᠪᠠ ᠶᠢᠰᠦᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾  ᠶᠢ ᠪᠡᠶᠡᠯᠡᠭᠦᠯᠵᠡᠢ ᠃ ᠣᠶᠢᠯᠠᠭᠠᠭᠰᠠᠨ ᠢᠶᠠᠷ ᠂ 2022 ᠣᠨ ᠳᠤ ᠥᠪᠥᠷ ᠮᠣᠩᠭᠤᠯ ᠤᠨ ᠠᠮᠤ ᠪᠤᠳᠠᠭ᠎ᠠ ᠲᠠᠷᠢᠭᠰᠠᠨ ᠲᠠᠯᠠᠪᠠᠶ 10427.7 ᠲᠦᠮᠡᠨ ᠮᠦ ᠳᠤ ᠬᠦᠷᠴᠦ ᠂ ᠪᠥᠬᠦ ᠤᠯᠤᠰ ᠲᠤ ᠲᠠᠪᠤᠳᠤᠭᠠᠷ ᠲᠤ ᠣᠷᠣᠪᠠ︔ ᠠᠮᠤ ᠪᠤᠳᠠᠭᠠᠨ ᠤ ᠤᠨᠠᠯᠲᠠ 780.1 ᠳ᠋ᠦᠩᠰᠢᠭᠤᠷ ᠵᠢᠩ ᠳᠤ ᠬᠦᠷᠴᠦ ᠂ ᠲᠦᠷᠦᠭᠦᠦ ᠵᠢᠯ ᠤᠨ ᠬᠢ ᠠᠴᠠ 12 ᠳ᠋ᠦᠩᠰᠢᠭᠤᠷ ᠵᠢᠩ ᠨᠡᠮᠡᠭᠳᠡᠵᠦ ᠂ ᠨᠡᠮᠡᠭᠳᠡᠴᠡ  ᠨᠢ 1.6% ᠳᠤ ᠬᠦᠷᠴᠦ ᠂ ᠨᠡᠮᠡᠭᠳᠡᠯ ᠤᠨ ᠬᠡᠮᠵᠢᠶ᠎ᠡ ᠨᠢ ᠪᠦᠬᠦ ᠤᠯᠤᠰ ᠤᠨ 16.2% ᠢ ᠡᠵᠡᠯᠡᠨ᠂ ᠪᠦᠬᠦ ᠤᠯᠤᠰ ᠤᠨ ᠭᠤᠷᠪᠠᠳᠤᠭᠠᠷ ᠲᠤ ᠣᠷᠣᠵᠤ ᠂ ᠶᠡᠷᠦᠩᠬᠡᠢ ᠤᠨᠠᠯᠲᠠ  ᠨᠢ ᠪᠦᠬᠦ ᠤᠯᠤᠰ ᠤᠨ ᠵᠢᠷᠭᠤᠳᠤᠭᠠᠷ ᠲᠤ ᠵᠢᠭᠰᠠᠭᠠᠭᠳᠠᠵᠤ᠂ 3 ᠵᠢᠯ ᠳᠠᠷᠠᠭᠠᠯᠠᠨ 750 ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠪᠠ ᠃ ᠡᠭᠦᠨ ᠳᠤ᠂ ᠰᠢᠷ᠎ᠠ ᠪᠤᠷᠴᠠᠭ ᠳᠠᠷᠢᠬᠤ ᠲᠠᠯᠠᠪᠠᠶ 1833.1 ᠲᠦᠮᠡᠨ ᠮᠦ ᠳᠤ ᠬᠥᠷᠴᠦ᠂ ᠳᠡᠭᠡᠷ᠎ᠡ ᠵᠢᠯ ᠤᠨ ᠬᠢ ᠠᠴᠠ 493.3 ᠲᠦᠮᠡᠨ ᠮᠦ ᠨᠡᠮᠡᠭᠳᠡᠨ ᠂ ᠰᠢᠷ᠎ᠠ ᠪᠤᠷᠴᠠᠭ ᠤᠨ ᠤᠨᠠᠯᠲᠠ 49.1 ᠳ᠋ᠦᠩᠰᠢᠭᠤᠷ ᠵᠢᠩ ᠳᠤ ᠬᠦᠷᠴᠦ ᠂ ᠳᠡᠭᠡᠷ᠎ᠡ ᠵᠢᠯ ᠤᠨ ᠬᠢ ᠠᠴᠠ 15.4 ᠳ᠋ᠦᠩᠰᠢᠭᠤᠷ ᠵᠢᠩ ᠨᠡᠮᠡᠭᠳᠡᠨ ᠂ ᠪᠠᠰᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃      2022 ᠣᠨ ᠳᠤ ᠂ ᠥᠪᠥᠷ ᠮᠣᠩᠭᠤᠯ 65 ᠬᠤᠰᠢᠭᠤ ᠰᠢᠶᠠᠨ ᠳᠤ 1060 ᠠᠮᠤ ᠲᠣᠰᠣᠨ ᠤ ᠲᠠᠷᠢᠮᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠵᠤ ᠂ ᠶᠡᠷᠦᠩᠬᠡᠢ ᠲᠠᠯᠠᠪᠠᠶ  ᠨᠢ 203 ᠲᠦᠮᠡᠨ ᠮᠦ ᠳᠤ ᠬᠥᠷᠴᠦ᠂ ᠡᠷᠳᠡᠨᠢ ᠰᠢᠰᠢ ᠶᠢ ᠨᠢᠭᠲᠠ ᠳᠠᠷᠢᠬᠤ ᠂ ᠰᠢᠷ᠎ᠠ ᠪᠤᠷᠴᠠᠭ ᠤᠨ ᠳᠠᠯᠠᠩ ᠳᠡᠭᠡᠷ᠎ᠡ ᠭᠤᠷᠪᠠᠨ ᠮᠥᠷ ᠲᠠᠷᠢᠬᠤ ᠵᠡᠷᠭᠡ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠮᠡᠷᠭᠡᠵᠢᠯ ᠤᠨ ᠵᠠᠭᠪᠤᠷ ᠢ ᠳᠡᠯᠭᠡᠷᠡᠭᠦᠯᠪᠡ᠃ ᠲᠠᠷᠢᠮᠠᠯ ᠤᠨ ᠲᠣᠮᠣ ᠡᠷᠦᠬᠡ ᠪᠠᠷ ᠭᠤᠣᠯ ᠴᠣᠭᠴᠠ ᠪᠣᠯᠭᠠᠨ ᠂ ᠪᠥᠬᠦ ᠣᠷᠣᠨ ᠳᠤ 530 ᠲᠠᠯᠠᠪᠤᠷ ᠤᠳᠠᠭᠠᠨ ᠤ ᠦᠵᠡᠭᠦᠯᠭᠡ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠵᠦ ᠂ 3.2 ᠲᠦᠮᠡᠨ ᠬᠥᠮᠥᠨ ᠤᠳᠠᠭ᠎ᠠ ᠣᠷᠣᠯᠴᠠᠵᠤ ᠂ ᠲᠠᠷᠢᠶᠠᠴᠢᠳ ᠢ ᠳᠠᠶᠢᠴᠢᠯᠠᠨ ᠳᠠᠭᠠᠭᠤᠯᠵᠤ ᠠᠵᠢᠯᠯᠠᠬᠤ ᠶᠢ ᠪᠡᠶᠡᠯᠡᠭᠦᠯᠪᠡ᠃ ᠵᠢᠱᠢᠶ᠎ᠡ ᠦᠵᠡᠭᠦᠯᠬᠦ ᠦᠵᠡᠭᠦᠯᠭᠡ ᠪᠠᠷ ᠳᠠᠮᠵᠢᠭᠤᠯᠤᠨ ᠂ ᠮᠡᠷᠭᠡᠵᠢᠯ ᠢ ᠪᠣᠳᠠᠲᠠᠶᠢᠵᠢᠭᠤᠯᠬᠤ ᠨᠣᠷᠮ᠎ᠠ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ ᠂ ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢ ᠠᠬᠢᠭᠤᠯᠪᠠ᠃ ᠪᠦᠷᠢᠳᠬᠡᠯ ᠢ ᠦᠨᠳᠦᠰᠦᠯᠡᠪᠡᠯ ᠂ ᠪᠦᠬᠦ ᠣᠷᠣᠨ ᠤ ᠡᠷᠳᠡᠨᠢ ᠰᠢᠰᠢ ᠂ ᠲᠥᠮᠥᠰᠥ ᠂ ᠰᠢᠷ᠎ᠠ ᠪᠤᠷᠴᠠᠭ ᠂ ᠲᠤᠲᠤᠷᠭ᠎ᠠ ᠵᠡᠷᠭᠡ 4 ᠶᠡᠭᠡ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠴᠥᠮ ᠪᠦᠬᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠣᠯᠵᠠᠢ᠃ ᠡᠭᠦᠨ ᠳᠤ ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ  ᠨᠢ 985 ᠵᠢᠩ / ᠮᠦ ᠳᠤ ᠬᠥᠷᠴᠦ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 127 ᠵᠢᠩ / ᠮᠦ ᠥᠨᠳᠥᠷ ᠪᠠᠶᠢᠵᠤ ᠂ ᠪᠥᠬᠦ ᠤᠯᠤᠰ ᠲᠤ ᠭᠤᠷᠪᠠᠳᠤᠭᠠᠷ ᠲᠤ ᠣᠷᠣᠪᠠ︔ ᠲᠥᠮᠥᠰᠥᠨ ᠤ ᠲᠠᠯᠠᠪᠠᠢ ᠨᠢᠭᠡᠴᠢ ᠶᠢᠨ ᠤᠨᠠᠯᠲᠠ  ᠨᠢ 3274 ᠵᠢᠩ / ᠮᠦ ᠳᠤ ᠬᠦᠷᠴᠦ ᠂ ᠪᠦᠬᠦ ᠤᠯᠤᠰ ᠤᠨ ᠳᠤᠮᠳᠠᠴᠢ ᠲᠦᠪᠰᠢᠨ ᠠᠴᠠ 510 ᠵᠢᠩ / ᠮᠦ ᠥᠨᠳᠥᠷ︔ ᠲᠤᠲᠤᠷᠭ᠎ᠠ ᠶᠢᠨ ᠲᠠᠯᠠᠪᠠᠢ ᠨᠢᠭᠡᠴᠢ ᠶᠢᠨ ᠤᠨᠠᠯᠲᠠ ᠨᠢ 1026 ᠵᠢᠩ / ᠮᠦ ᠳᠤ ᠬᠦᠷᠴᠦ ᠂ ᠪᠦᠬᠦ ᠤᠯᠤᠰ ᠤᠨ ᠳᠤᠮᠳᠠᠴᠢ ᠲᠦᠪᠰᠢᠨ ᠠᠴᠠ 82 ᠵᠢᠩ / ᠮᠦ ᠥᠨᠳᠥᠷ︔ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ  ᠨᠢ 267.8 ᠵᠢᠩ / ᠮᠦ ᠳᠤ ᠬᠥᠷᠴᠦ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 4 ᠵᠢᠩ / ᠮᠦ ᠥᠨᠳᠥᠷ ᠪᠣᠯᠵᠠᠢ ᠃ 
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
        点击进入首页