1 ᠳ᠋ᠦ᠋ᠭᠡᠷ ᠰᠠᠷ᠎ᠠ ᠶᠢᠨ 31 ᠤ ᠡᠳᠦᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠣᠭᠲᠠᠭᠤᠨ ᠤ ᠳᠤᠮᠳᠠ ᠲᠦᠷᠭᠡᠨ | ᠤᠷᠤᠭᠰᠢᠯᠠᠬᠤ ᠲᠣᠭᠲᠠᠭᠤᠨ ᠤ ᠳᠤᠮᠳᠠ ᠴᠢᠨᠠᠷᠯᠢᠭ ᠤᠷᠤᠭᠰᠢᠯᠠᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠨᠠᠷᠢᠨ ᠲᠠᠩᠰᠠ︾ ︵ᠳᠣᠷᠣᠭᠰᠢ ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠭᠡᠵᠦ ᠲᠣᠪᠴᠢᠯᠠᠨ᠎ᠠ︶ ᠶᠢᠨ ᠰᠣᠨᠢᠨ ᠮᠡᠳᠡᠭᠡ ᠨᠡᠶᠢᠲᠡᠯᠡᠬᠦ | ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠶᠠᠳᠤᠭᠠᠷ ᠳᠡᠰ ᠤᠨ | ᠲᠣᠭᠤᠷᠢᠨ ᠪᠠᠶᠢᠴᠠᠭᠠᠭᠴᠢ ᠵᠢᠶᠣᠣ ᠪᠢᠩ ᡁᠢ ᠲᠦᠷᠦ ᠶᠢᠨ ᠪᠣᠳᠣᠯᠭ᠎ᠠ ᠶᠢ ᠨᠡᠶᠢᠲᠡᠯᠡᠭᠰᠡᠨ ᠠᠬᠤᠢ ᠪᠠᠶᠢᠳᠠᠯ᠂ ᠭᠤᠣᠯ ᠪᠦᠳᠦᠭᠦᠪᠴᠢ ᠲᠥᠰᠥᠪ ᠤᠨ ᠠᠭᠤᠯᠭ᠎ᠠ᠂ | ᠳᠠᠷᠠᠭᠠᠴᠢ ᠶᠢᠨ ᠠᠯᠬᠤᠮ ᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠡᠷᠭᠡ ᠶᠢ ᠵᠠᠷᠯᠠᠪᠠ᠃ | 1 ᠳ᠋ᠦ᠋ᠭᠡᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | 2023 ᠣᠨ ᠤ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠬᠤ ᠲᠣᠭᠲᠠᠭᠤᠨ ᠤ ᠳᠤᠮᠳᠠ ᠴᠢᠨᠠᠷᠯᠢᠭ ᠤᠷᠤᠭᠰᠢᠯᠠᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠶᠢ ᠠᠯᠪᠠᠨ ᠶᠣᠰᠣᠭᠠᠷ ᠳᠠᠷᠤᠮᠠᠯᠯᠠᠨ ᠲᠠᠷᠬᠠᠭᠠᠪᠠ᠂ ᠡᠨᠡ ᠪᠣᠯ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠦᠷᠭᠡᠭᠰᠡᠨ ᠵᠢᠯ ᠤᠨ ᠡᠬᠢᠨ ᠤ ᠲᠥᠷᠥ ᠶᠢᠨ | ᠪᠣᠳᠣᠯᠭ᠎ᠠ ᠶᠢᠨ ︽ᠲᠣᠮᠣ ᠪᠡᠯᠡᠭ︾ ᠪᠣᠯᠣᠨ᠎ᠠ᠂ ᠡᠨᠡ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠡᠷᠲᠡᠬᠡᠨ | ᠬᠦᠷᠲᠡᠭᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠨᠠᠩ ᠰᠠᠶᠢᠲᠤᠷ ᠠᠬᠢᠭᠤᠯᠬᠤ ᠶᠢᠨ ᠲᠥᠯᠥᠭᠡ ᠶᠤᠮ᠃ | ᠨᠢᠳᠤᠨᠤᠨ ᠵᠢᠯ᠂ ᠥᠪᠥᠷ ᠮᠣᠩᠭᠤᠯ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠶᠢ ᠳᠡᠮᠵᠢᠬᠦ᠂ ᠠᠵᠤ ᠦᠢᠯᠡᠰ ᠤᠨ ᠬᠡᠯᠬᠢᠶ᠎ᠡ ᠶᠢ | ᠪᠣᠶᠢᠵᠢᠭᠤᠯᠤᠨ ᠪᠤᠵᠠᠭᠠᠶᠢᠷᠠᠭᠤᠯᠬᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠳᠬᠡᠬᠦ᠂ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠶᠢ ᠪᠠᠭᠲᠠᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ 130 ᠵᠤᠷᠪᠤᠰ ᠨᠠᠷᠢᠨ ᠳᠠᠩᠰᠠ ᠶᠢ | ᠨᠡᠶᠢᠲᠡᠯᠡᠵᠦ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠦᠨ᠂ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠪᠠ᠃ ᠡᠨᠡ ᠵᠢᠯ᠂ ᠨᠢᠳᠤᠨᠤᠨ ᠤ ᠲᠥᠷᠥ ᠶᠢᠨ | ᠪᠣᠳᠣᠯᠭ᠎ᠠ ᠶᠢᠨ ᠰᠠᠭᠤᠷᠢᠨ ᠳᠡᠭᠡᠷ᠎ᠡ᠂ ᠥᠪᠥᠷ ᠮᠣᠩᠭᠤᠯ ᠴᠢᠨᠠᠷ ᠰᠠᠶᠢᠲᠠᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ 120 ᠵᠤᠷᠪᠤᠰ ᠰᠢᠨ᠎ᠡ ᠨᠠᠷᠢᠨ ᠲᠠᠩᠰᠠ ᠶᠢ | ᠤᠷᠢᠳᠴᠢᠯᠠᠨ ᠲᠥᠯᠥᠪᠯᠡᠵᠦ ᠨᠡᠶᠢᠲᠡᠯᠡᠭᠰᠡᠨ ᠪᠠᠶᠢᠨ᠎ᠠ᠃ | ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠨᠢ ᠭᠤᠣᠯᠳᠠᠭᠤ ᠲᠠᠪᠤᠨ ᠶᠡᠭᠡ ᠬᠡᠰᠡᠭ 120 ᠵᠦᠢᠯ ᠢ ᠪᠠᠭᠲᠠᠭᠠᠨ᠎ᠠ᠃ ᠡᠭᠦᠨ ᠳᠤ᠂ ᠨᠢᠭᠡᠳᠦᠭᠡᠷ ᠬᠡᠰᠡᠭ | ᠨᠢ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ 16 ᠵᠤᠷᠪᠤᠰ ᠪᠣᠯᠣᠨ᠎ᠠ᠃ | ᠡᠭᠦᠨ ᠳᠤ ᠭᠤᠣᠯᠳᠠᠭᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠰᠦ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠵᠡᠷᠭᠡ | ᠪᠠᠭᠲᠠᠨ᠎ᠠ᠃ ᠬᠤᠶᠠᠳᠤᠭᠠᠷ ᠬᠡᠰᠡᠭ ᠨᠢ ᠠᠵᠤ ᠦᠢᠯᠡᠳᠪᠦᠷᠢ ᠶᠢ ᠲᠣᠬᠢᠷᠠᠭᠤᠯᠤᠨ ᠰᠢᠯᠢᠳᠡᠭᠵᠢᠭᠦᠯᠵᠦ ᠲᠡᠰ ᠳᠡᠪᠰᠢᠭᠦᠯᠬᠦ ᠶᠢ ᠠᠬᠢᠭᠤᠯᠬᠤ 45 ᠵᠤᠷᠪᠤᠰ ᠪᠣᠯᠣᠨ᠎ᠠ᠃ | ᠡᠭᠦᠨ ᠳᠤ ᠭᠤᠣᠯᠳᠠᠭᠤ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠪᠣᠶᠢᠵᠢᠭᠤᠯᠤᠨ ᠪᠤᠵᠠᠭᠠᠶᠢᠷᠠᠭᠤᠯᠬᠤ᠂ ᠤᠳᠤ ᠦᠶ᠎ᠡ ᠶᠢᠨ ᠡᠨᠧᠷᠭᠢ ᠶᠢᠨ | ᠰᠤᠷᠪᠤᠯᠵᠢ ᠶᠢᠨ ᠠᠵᠤ ᠠᠬᠤᠢ ᠶᠢ ᠰᠠᠶᠢᠲᠤᠷ ᠬᠥᠭᠵᠢᠭᠦᠯᠬᠦ᠂ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡᠨ ᠤ ᠠᠵᠤ ᠦᠢᠯᠡᠰ ᠢ ᠬᠥᠭᠵᠢᠭᠦᠯᠬᠦ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠡᠮᠵᠢᠬᠦ᠂ ᠠᠵᠤ ᠦᠢᠯᠡᠳᠪᠦᠷᠢ ᠶᠢᠨ ᠰᠢᠨ᠎ᠡ ᠶᠢ | ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠬᠤ᠂ | ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠵᠡᠷᠭᠡ ᠪᠠᠭᠲᠠᠨ᠎ᠠ᠃ ᠭᠤᠷᠪᠠᠳᠤᠭᠠᠷ ᠬᠡᠰᠡᠭ ᠨᠢ | ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠲᠤᠬᠠᠢ 21 ᠵᠤᠷᠪᠤᠰ ᠪᠣᠯᠣᠨ᠎ᠠ᠃ | ᠡᠭᠦᠨ ᠳᠤ ᠭᠤᠣᠯᠳᠠᠭᠤ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠪᠣᠶᠢᠵᠢᠭᠤᠯᠬᠤ᠂ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ | ᠦᠢᠯᠡᠰ ᠢ ᠲᠦᠷᠭᠡᠪᠴᠢᠯᠡᠨ ᠬᠥᠭᠵᠢᠭᠦᠯᠬᠦ᠂ ᠬᠦᠷᠦᠯᠴᠡᠬᠦ ᠴᠢᠨᠠᠷᠲᠠᠢ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠰᠡᠷᠭᠦᠭᠡᠬᠦ᠂ ᠤᠯᠠᠮᠵᠢᠯᠠᠯᠲᠤ ᠦᠢᠯᠡᠴᠢᠯᠡᠭᠡᠨ ᠤ | ᠦᠢᠯᠡᠰ ᠢ ᠲᠦᠷᠭᠡᠪᠴᠢᠯᠡᠨ ᠳᠡᠭᠡᠭᠰᠢᠯᠡᠭᠦᠯᠬᠦ ᠵᠡᠷᠭᠡ ᠪᠠᠭᠲᠠᠨ᠎ᠠ᠃ ᠳᠥᠷᠪᠡᠳᠦᠭᠡᠷ ᠬᠡᠰᠡᠭ ᠨᠢ ᠬᠦᠴᠦᠨ ᠵᠦᠢᠯ ᠤᠨ ᠲᠤᠯᠭᠠᠭᠤᠷᠢᠯᠠᠯ ᠢ ᠴᠢᠩᠭᠠᠳᠬᠠᠬᠤ 26 ᠵᠤᠷᠪᠤᠰ | ᠪᠣᠯᠣᠨ᠎ᠠ᠃ ᠡᠭᠦᠨ ᠳᠤ ᠭᠤᠣᠯᠳᠠᠭᠤ ᠭᠠᠵᠠᠷ ᠰᠢᠷᠣᠢ ᠶᠢᠨ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠬᠤ᠂ ᠡᠨᠧᠷᠭᠢ ᠶᠢᠨ ᠬᠤᠷᠣᠭᠳᠠᠯ ᠤᠨ | ᠭᠦᠢᠴᠡᠳᠬᠡᠯ ᠲᠤᠭ᠎ᠠ ᠶᠢ ᠵᠦᠢ ᠵᠣᠬᠢᠰᠲᠠᠢ ᠨᠢᠭᠡᠳᠦᠯᠲᠡᠢ ᠲᠥᠯᠥᠪᠵᠢᠭᠦᠯᠬᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ | ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ ᠵᠡᠷᠭᠡ ᠪᠠᠭᠲᠠᠨ᠎ᠠ᠃ ᠲᠠᠪᠤᠳᠤᠭᠠᠷ ᠬᠡᠰᠡᠭ ᠨᠢ ᠬᠥᠭᠵᠢᠯᠲᠡ ᠶᠢᠨ ᠣᠷᠴᠢᠨ ᠨᠥᠬᠦᠴᠡᠯ ᠢ | ᠰᠢᠯᠢᠳᠡᠭᠵᠢᠭᠦᠯᠬᠦ 12 ᠵᠤᠷᠪᠤᠰ ᠪᠣᠯᠣᠨ᠎ᠠ᠃ ᠡᠭᠦᠨ ᠳᠤ ᠭᠤᠣᠯᠳᠠᠭᠤ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ᠂ ᠵᠠᠬ᠎ᠠ ᠳᠡᠯᠭᠡᠭᠦᠷ ᠤᠨ ᠣᠷᠴᠢᠨ | ᠨᠥᠬᠦᠴᠡᠯ ᠢ ᠰᠢᠯᠢᠳᠡᠭᠵᠢᠭᠦᠯᠬᠦ᠂ ᠣᠷᠣᠨ ᠨᠤᠲᠤᠭ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠵᠡᠷᠭᠡ ᠪᠠᠭᠲᠠᠨ᠎ᠠ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ ︽ᠬᠦᠴᠦᠨ ᠵᠦᠢᠯ ᠤᠨ ᠲᠤᠯᠭᠠᠭᠤᠷᠢᠯᠠᠯ ᠢ ᠴᠢᠩᠭᠠᠳᠬᠠᠬᠤ︾ ᠪᠠ ︽ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠬᠡᠰᠡᠭ ᠤᠨ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠭᠤᠯᠭ᠎ᠠ᠂ ᠠᠰᠢᠭ ᠭᠥᠷᠳᠡᠬᠦ ᠬᠦᠮᠦᠰ᠂ ᠬᠡᠷᠡᠭᠵᠢᠭᠦᠯᠬᠦ ᠠᠷᠭ᠎ᠠ ᠵᠠᠮ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ | ᠵᠡᠷᠭᠡ ᠶᠢᠨ ᠲᠣᠭᠤᠷᠢᠨ ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ |