内蒙古自治区公安厅蒙古文网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠨᠠᠮ ᠤᠨ ᠲᠦᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠬᠠᠷ᠎ᠠ ᠪᠦᠯᠥᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠦᠷᠨᠢᠬᠦᠯᠬᠦ ᠲᠤᠬᠠᠢ ᠮᠡᠳᠡᠭᠳᠡᠯ︾
        ᠨᠡᠶᠢᠲᠡᠯᠡᠭᠰᠡᠨ ᠴᠠᠭ᠄
        2018/9/6
                  ᠰᠢᠨᠬᠤᠸᠠ ᠬᠤᠷᠢᠶᠠᠨ ᠤ ᠪᠡᠭᠡᠵᠢᠩ ᠤᠨ 2018 ᠣᠨ ᠤ 1 ᠰᠠᠷ᠎ᠠ ᠶᠢᠨ 24 ᠤ ᠡᠳᠦᠷ ᠤᠨ ᠴᠠᠬᠢᠯᠭᠠᠨ ᠮᠡᠳᠡᠭᠡ      ᠤᠢᠢᠷ᠎ᠠ ᠶᠢᠨ ᠡᠳᠤᠷ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ︽ᠬᠠᠷ᠎ᠠ ᠪᠦᠯᠥᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠦᠷᠨᠢᠬᠦᠯᠬᠦ ᠲᠤᠬᠠᠢ ᠮᠡᠳᠡᠭᠳᠡᠯ︾ ᠭᠠᠷᠭᠠᠪᠠ᠃ ᠲᠤᠰ ︽ᠮᠡᠳᠡᠭᠳᠡᠯ︾ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠪᠠᠶᠢᠷᠢᠯᠠᠭᠤᠯᠤᠯᠳᠡ ᠪᠤᠯᠤᠨ ᠰᠢ ᠶᠢᠨ ᠫᠢᠩ ᠶᠡᠷᠤᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠠᠷᠠᠳ ᠲᠦᠮᠡᠨ ᠠᠮᠤᠷ ᠲᠠᠶᠢᠪᠤᠩ ᠠᠵᠥ ᠲᠦᠷᠦᠬᠦ᠂ ᠨᠡᠶᠢᠬᠡᠮ ᠲᠤᠭᠳᠠᠭᠤᠨ ᠡᠮᠬᠢ ᠲᠢᠭᠯᠢᠮ ᠲᠠᠢ ᠪᠠᠶᠢᠬᠤ᠂ ᠤᠯᠤᠰ ᠬᠦᠷᠦᠨ ᠦᠨᠢ ᠤᠳᠠᠭᠠᠨ ᠠᠮᠤᠷ ᠲᠤᠭᠲᠠᠭᠤᠨ ᠪᠠᠶᠢᠬᠤ ᠶᠢ ᠪᠠᠲᠤᠯᠠᠵᠤ᠂ ᠨᠠᠮ ᠤᠨ ᠲᠦᠷᠦ ᠪᠠᠷᠢᠬᠤ ᠰᠠᠭᠤᠷᠢ ᠶᠢ ᠴᠢᠨᠠᠭᠰᠢᠳᠠ ᠪᠠᠬᠢᠵᠢᠬᠦᠯᠬᠦ ᠶᠢᠨ ᠲᠦᠯᠥᠬᠡ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠦᠬᠦ ᠤᠯᠤᠰ ᠲᠤ ᠬᠠᠷ᠎ᠠ ᠪᠦᠯᠥᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠦᠷᠨᠢᠬᠦᠯᠬᠦ ᠪᠠᠷ ᠲᠤᠭᠳᠠᠵᠡᠢ ᠬᠡᠵᠥ ᠵᠢᠭᠠᠵᠥ ᠭᠠᠷᠭᠠᠪᠠ᠃      ︽ᠮᠡᠳᠡᠭᠳᠡᠯ︾ ᠳᠤ᠂ ᠪᠦᠬᠦ ᠤᠯᠤᠰ ᠲᠤ ᠬᠠᠷ᠎ᠠ ᠪᠦᠯᠥᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠦᠷᠨᠢᠬᠦᠯᠬᠦ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠨ ᠤ ᠭᠠᠷᠭᠠᠭᠰᠠᠠ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠮᠥᠨ᠂ ᠨᠡᠶᠢᠬᠡᠮ ᠤᠨ ᠶᠡᠭᠡ ᠲᠠᠯ᠎ᠠ ᠶᠢᠨ ᠲᠤᠭᠳᠠᠭᠤᠨ ᠪᠤᠯᠤᠨ ᠤᠯᠤᠰ ᠤᠨ ᠦᠨᠢ ᠤᠳᠠᠭᠠᠨ ᠤ ᠠᠮᠤᠷ ᠲᠤᠭᠲᠠᠭᠤᠨ ᠪᠠᠶᠢᠬᠤ ᠲᠠᠢ ᠬᠤᠯᠪᠤᠭᠳᠠᠨ᠎ᠠ᠂ ᠬᠦᠮᠥᠨ ᠤ ᠰᠡᠳᠬᠢᠯ ᠢ ᠤᠯᠬᠤ ᠠᠯᠳᠠᠬᠤ ᠪᠤᠯᠤᠨ ᠦᠨᠳᠦᠰᠦᠨ ᠱᠠᠳᠤᠨ ᠤ ᠵᠠᠰᠠᠭ ᠤᠨ ᠡᠷᠬᠡ ᠶᠢ ᠪᠠᠬᠢᠵᠢᠬᠦᠯᠬᠦ ᠲᠠᠢ ᠬᠤᠯᠪᠤᠭᠳᠠᠨ᠎ᠠ᠂ ᠠᠭᠤᠤ ᠶᠡᠭᠡ ᠲᠡᠮᠡᠴᠡᠯ ᠶᠠᠪᠤᠭᠤᠯᠬᠤ᠂ ᠠᠭᠤᠤ ᠶᠡᠭᠡ ᠢᠡᠵᠧᠨᠧᠷᠢᠩ ᠢ ᠪᠦᠳᠦᠭᠡᠨ ᠪᠠᠶᠢᠭᠤᠯᠬᠤ᠂ ᠠᠭᠤᠤ ᠶᠡᠭᠡ ᠦᠢᠯᠡᠰ ᠢ ᠠᠬᠢᠭᠤᠯᠬᠤ᠂ ᠠᠭᠤᠤ ᠶᠡᠭᠡ ᠬᠦᠰᠡᠯ ᠵᠡᠬᠦᠳᠤ ᠶᠢ ᠲᠡᠷᠭᠡᠯᠰᠢᠬᠦᠯᠬᠦ ᠲᠠᠢ ᠬᠤᠯᠪᠤᠭᠳᠠᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠭᠰᠤᠴᠠ ᠪᠠᠨ ᠴᠢᠨᠠᠭᠰᠢᠳᠠ ᠲᠡᠭᠡᠭᠰᠢᠯᠡᠬᠦᠯᠤᠨ᠂ ︽ᠲᠦᠷᠪᠡᠨ ᠤᠬᠠᠮᠰᠠᠷ︾ ᠢᠶᠠᠨ ᠦᠨᠡᠨ ᠬᠦ ᠴᠢᠩᠭᠠᠷᠠᠭᠤᠯᠵᠥ᠂ ᠬᠠᠷ᠎ᠠ ᠪᠦᠯᠥᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠦᠷᠨᠢᠬᠦᠯᠬᠦ ᠶᠢᠨ ᠴᠢᠬᠤᠯᠠ ᠠᠴᠢ ᠬᠤᠯᠪᠤᠭᠳᠠᠯ ᠢ ᠬᠦᠢᠴᠡᠳ ᠲᠠᠨᠢᠵᠥ᠂ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠦᠨᠡᠨ ᠬᠦ ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠯᠳᠡ ᠲᠡᠭᠡᠷ᠎ᠡ ᠨᠢᠬᠡᠳᠭᠡᠵᠥ᠂ ᠰᠢᠨᠵᠢᠯᠡᠬᠦ ᠤᠬᠠᠭᠠᠨᠴᠢ ᠪᠠᠷ ᠲᠦᠯᠥᠪᠵᠢᠬᠦᠯᠵᠥ ᠨᠠᠷᠢᠯᠢᠭ ᠵᠤᠬᠢᠶᠠᠨ ᠪᠠᠶᠢᠭᠤᠯᠤᠨ ᠨᠢᠮᠪᠠᠢ ᠬᠡᠷᠡᠭᠵᠢᠬᠦᠯᠵᠥ᠂ ᠬᠠᠷ᠎ᠡ ᠪᠦᠯᠥᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠡᠨᠡᠬᠦ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠡ ᠶᠢ ᠵᠠᠪᠠᠯ ᠲᠡᠮᠡᠴᠡᠨ ᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ︽ᠮᠡᠳᠡᠭᠳᠡᠯ︾ ᠳᠤ᠂ ᠡᠨᠡ ᠤᠳᠠᠭ᠎ᠠ ᠶᠢᠨ ᠬᠠᠷ᠎ᠠ ᠪᠦᠯᠥᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠶᠡᠷᠤᠩᠬᠡᠢ ᠱᠠᠭᠠᠷᠳᠠᠯᠭ᠎ᠠ ᠪᠠ ᠬᠠᠷᠠᠯᠳᠠ ᠡᠬᠦᠷᠬᠡ ᠶᠢ ᠲᠤᠳᠤᠷᠬᠠᠢᠢᠯᠠᠪᠠ᠃ ︽ᠮᠡᠳᠡᠭᠳᠡᠯ︾ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠲᠦ ᠪᠠᠬᠢ ᠪᠤᠢ ᠪᠤᠯᠭᠠᠵᠥ᠂ ᠤᠳᠤᠬᠠᠨ ᠤ ᠬᠠᠷ᠎ᠠ ᠪᠦᠯᠥᠭᠳᠡᠨ ᠬᠠᠷᠬᠢᠰ ᠬᠦᠴᠦᠨ ᠳᠤ ᠬᠤᠯᠪᠤᠭᠳᠠᠵᠥ ᠪᠠᠶᠢᠭ᠎ᠠ ᠠᠰᠠᠭᠤᠳᠠᠯ ᠤᠨ ᠰᠢᠨ᠎ᠡ ᠬᠠᠨᠲᠤᠰᠢ ᠪᠠᠶᠢᠲᠠᠯ ᠳᠤ ᠴᠢᠭᠯᠡᠬᠦᠯᠥᠨ ᠲᠤᠰᠬᠠᠢ ᠵᠠᠰᠠᠬᠤ ᠪᠤᠯᠤᠨ ᠰᠢᠰᠲ᠋ᠧᠮ ᠲᠠᠢ ᠵᠠᠰᠠᠬᠤ᠂ ᠶᠡᠷᠤᠩᠬᠡᠶᠢᠯᠡᠨ ᠵᠠᠰᠠᠬᠤ᠂ ᠬᠠᠤᠯᠢ ᠪᠠᠷ ᠵᠠᠰᠠᠬᠤ᠂ ᠡᠬᠢ ᠡᠬᠦᠰᠦᠯ ᠠᠴᠠ ᠨᠢ ᠵᠠᠰᠠᠬᠤ ᠶᠢ ᠦᠨᠡᠨ ᠬᠦ ᠤᠶᠠᠯᠳᠤᠭᠤᠯᠵᠥ᠂ ᠬᠠᠷ᠎ᠠ ᠪᠦᠯᠥᠭᠳᠡᠨ ᠬᠠᠷᠬᠢᠰ ᠬᠦᠴᠦᠨ ᠤ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ ᠪᠤᠯᠤᠨ ᠢᠯᠵᠢᠷᠡᠯ ᠢ ᠡᠰᠡᠷᠬᠦᠴᠡᠬᠦ᠂ ᠦᠨᠳᠦᠰᠦᠨ ᠱᠠᠳᠤᠨ ᠤ ︽ᠢᠯᠠᠭ᠎ᠠ ᠶᠢ ᠭᠦᠪᠢᠭᠦᠷᠳᠡᠬᠦ︾ ᠲᠠᠢ ᠤᠶᠠᠯᠳᠤᠭᠤᠯᠵᠥ᠂ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠪᠤᠯᠤᠨ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢ ᠤᠶᠠᠯᠳᠤᠭᠤᠯᠵᠤ᠂ ᠬᠠᠷ᠎ᠠ ᠪᠦᠯᠦᠭᠳᠡᠨ ᠬᠠᠷᠬᠢᠰ ᠬᠦᠴᠤᠨ ᠤ ᠶᠠᠯᠠᠳᠤ ᠠᠵᠢᠯᠯᠠᠭ᠎ᠠ ᠳᠤ ᠬᠦᠴᠤᠳᠠᠢ ᠴᠤᠬᠢᠯᠳᠠ ᠦᠭᠴᠤ ᠰᠦᠷᠳᠡᠬᠦᠯᠤᠯ ᠦᠵᠡᠭᠦᠯᠦᠨ᠂ ᠲᠡᠶᠢᠯᠥᠩᠬᠦᠢ ᠪᠠᠶᠢᠳᠠᠯ ᠢ ᠪᠤᠢ ᠪᠤᠯᠭᠠᠬᠤ ᠪᠠᠷ ᠪᠠᠷᠠᠬᠤ ᠦᠬᠡᠢ ᠬᠠᠷ᠎ᠠ ᠪᠦᠯᠦᠭᠳᠡᠨ ᠬᠠᠷᠬᠢᠰ ᠬᠦᠴᠤᠨ ᠤ ᠡᠭᠦᠰᠬᠦ ᠬᠦᠷᠤᠰᠤ ᠰᠢᠷᠤᠢ ᠶᠢ ᠠᠷᠢᠯᠭᠠᠵᠤ᠂ ᠤᠷᠳᠤ ᠬᠤᠭᠤᠴᠠᠭ᠎ᠠ ᠪᠦᠳᠤᠮᠵᠢᠳᠠᠢ ᠪᠠᠶᠢᠬᠤ ᠲᠤᠭᠳᠠᠴᠠ ᠶᠢ ᠪᠦᠷᠢᠯᠳᠦᠭᠦᠯᠣᠨ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠣᠯ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠬᠡᠢ ᠨᠡᠮᠡᠭᠳᠡᠬᠦᠯᠵᠤ᠂ ᠨᠡᠶᠢᠬᠡᠮ ᠤᠨ ᠡᠶ᠎ᠡ ᠵᠤᠬᠢᠴᠠᠩᠭᠤᠢ ᠲᠤᠭᠳᠠᠭᠤᠨ ᠪᠠᠶᠢᠳᠠᠯ ᠢ ᠬᠠᠮᠠᠭᠠᠯᠠᠵᠤ᠂ ᠨᠠᠮ ᠤᠨ ᠲᠦᠷᠤ ᠪᠠᠷᠢᠬᠤ ᠰᠠᠭᠤᠷᠢ ᠶᠢ ᠪᠠᠳᠤᠳᠬᠠᠨ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠬᠤ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠠᠭᠤᠤ ᠶᠡᠭᠡ ᠢᠯᠠᠯᠳᠠ ᠶᠢ ᠲᠡᠮᠡᠴᠡᠨ ᠤᠯᠬᠤ᠂ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ ᠳᠤ ᠠᠮᠤᠷ ᠲᠤᠭᠳᠠᠭᠤᠨ ᠨᠡᠶᠢᠬᠡᠮ ᠤᠨ ᠤᠷᠴᠢᠨ ᠲᠤᠭᠤᠷᠢᠨ ᠢ ᠪᠤᠢ ᠪᠤᠯᠭᠠᠬᠤ ᠭᠡᠷᠡᠭᠳᠠᠢ ᠬᠡᠵᠥ ᠵᠢᠭᠠᠵᠥ ᠭᠠᠷᠭᠠᠪᠠ᠃ ︽ᠮᠡᠳᠡᠭᠳᠡᠯ︾ ᠳᠤ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂ ᠤᠯᠤᠰ ᠲᠦᠷᠤ ᠶᠢᠨ ᠲᠠᠪᠠᠭᠤᠯᠢᠬ ᠢ ᠪᠠᠳᠠᠷᠠᠭᠤᠯᠬᠤ ᠭᠡᠷᠡᠭᠳᠠᠢ︔ ᠠᠷᠠᠳ ᠲᠦᠮᠡᠨ ᠤ ᠭᠤᠤᠯ ᠴᠤᠭᠴᠠ ᠶᠢᠨ ᠪᠠᠶᠢᠷᠢ ᠰᠠᠭᠤᠷᠢ ᠶᠢ ᠪᠠᠷᠢᠮᠳᠠᠯᠠᠵᠤ᠂ ᠤᠯᠠᠨ ᠲᠦᠮᠡᠨ ᠳᠤ ᠲᠦᠰᠢᠭᠯᠡᠬᠦ ᠭᠡᠷᠡᠭᠳᠠᠢ︔ ᠶᠠᠷᠤᠩᠬᠡᠶᠢᠯᠡᠨ ᠵᠠᠰᠠᠬᠤ ᠶᠢ ᠪᠠᠷᠢᠮᠳᠠᠯᠠᠵᠤ᠂ ᠬᠠᠮᠲᠤᠪᠠᠷ ᠠᠳᠬᠤᠵᠤ ᠬᠠᠮᠳᠤᠪᠡᠷ ᠬᠠᠮᠢᠶᠠᠷᠬᠤ ᠭᠡᠷᠡᠭᠳᠠᠢ︔ ᠬᠠᠤᠯᠢ ᠶᠤᠰᠤᠭᠠᠷ ᠵᠠᠯᠬᠠᠭᠠᠨ ᠰᠢᠳᠬᠡᠬᠦ ᠶᠢ ᠪᠠᠷᠢᠮᠳᠠᠯᠠᠵᠤ᠂ ᠡᠷᠳᠡ ᠪᠥᠭᠡᠳ ᠪᠠᠭ᠎ᠠ  ᠦᠶ᠎ᠡ ᠳᠤ ᠨᠢ ᠴᠣᠬᠢᠯᠲᠠ ᠥᠭᠬᠦ ᠭᠡᠷᠡᠭᠳᠠᠢ︔ ᠦᠩᠬᠡᠨ ᠲᠠᠯ᠎ᠠ ᠪᠠ ᠦᠨᠳᠤᠰᠤ ᠠᠴᠠ ᠨᠢ ᠵᠠᠰᠠᠬᠤ ᠶᠢ ᠪᠠᠷᠢᠮᠳᠠᠯᠠᠵᠤ᠂ ᠡᠬᠢ ᠡᠬᠦᠰᠤᠯ ᠠᠴᠠ ᠨᠢ ᠵᠠᠰᠠᠬᠤ ᠭᠡᠷᠡᠭᠳᠠᠢ ᠬᠡᠵᠤ ᠵᠢᠭᠠᠵᠤ ᠭᠠᠷᠭᠠᠪᠠ᠃            ︽ᠮᠡᠳᠡᠭᠳᠡᠯ︾ ᠳᠤ᠂ ᠬᠠᠷ᠎ᠠ ᠪᠦᠯᠦᠭᠳᠡᠨ ᠬᠠᠷᠬᠢᠰ ᠬᠦᠴᠤᠨ ᠳᠤ ᠬᠤᠯᠪᠤᠬᠳᠠᠬᠰᠠᠠᠠ ᠠᠰᠠᠭᠤᠳᠠᠯ ᠲᠤᠪᠤᠶᠢᠮ᠎ᠠ ᠪᠠᠶᠢᠭ᠎ᠠ ᠭᠤᠤᠯᠳᠠᠯᠭ᠎ᠠ ᠲᠠᠢ ᠭᠠᠵᠠᠷ ᠤᠷᠤᠨ᠂ ᠭᠤᠤᠯᠳᠠᠯᠭ᠎ᠠ ᠲᠠᠢ ᠠᠵᠢᠯ ᠲᠦᠷᠤᠯ᠂ ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠳᠤ ᠠᠩᠬᠠᠷᠤᠯ ᠢᠶᠠᠨ ᠲᠦᠪᠯᠡᠷᠡᠬᠦᠯᠵᠤ᠂ ᠴᠤᠬᠢᠯᠳᠠ ᠥᠭᠬᠦ ᠬᠤᠷᠴᠠ ᠰᠡᠯᠡᠮ᠎ᠡ ᠪᠠᠨ ᠤᠯᠠᠨ ᠲᠦᠮᠡᠨ ᠤ ᠲᠤᠰᠬᠠᠯ ᠬᠠᠮᠤᠭ ᠤᠨ ᠴᠢᠩᠭ᠎ᠠ᠂ ᠦᠬᠦᠨ ᠬᠤᠷᠤᠰᠤᠬᠰᠠᠨ ᠡᠯ᠎ᠠ ᠵᠦᠢᠯ ᠤᠨ ᠬᠠᠷ᠎ᠠ ᠪᠦᠯᠦᠭᠳᠡᠨ ᠬᠠᠷᠬᠢᠰ ᠬᠦᠴᠤᠨ ᠤ ᠬᠠᠤᠯᠢ ᠪᠤᠰᠤ ᠶᠠᠯᠠᠳᠤ ᠠᠵᠢᠯᠯᠠᠭ᠎ᠠ ᠳᠤ ᠴᠢᠭᠯᠡᠬᠦᠯᠬᠦ ᠭᠡᠷᠡᠭᠳᠠᠢ᠃ ᠬᠠᠤᠯᠢ ᠶᠤᠰᠤᠭᠠᠷ ᠴᠢᠩᠭ᠎ᠠ ᠵᠠᠯᠬᠠᠭᠠᠨ ᠰᠢᠳᠬᠡᠬᠦ᠂ ᠡᠷᠳᠡ ᠪᠥᠭᠡᠳ ᠪᠠᠭ᠎ᠠ  ᠦᠶ᠎ᠡ ᠳᠤ ᠨᠢ ᠴᠣᠬᠢᠯᠲᠠ ᠥᠭᠬᠦ᠂ ᠬᠠᠷᠬᠢᠰ ᠬᠦᠴᠦᠨ ᠢ ᠬᠤᠬ ᠦᠬᠡᠢ ᠠᠷᠢᠯᠭᠠᠬᠤ ᠶᠢ ᠪᠠᠷᠢᠮᠳᠠᠯᠠᠵᠤ᠂ ᠡᠯ᠎ᠠ ᠵᠦᠢᠯ ᠤᠨ ᠬᠠᠷ᠎ᠠ ᠪᠦᠯᠦᠭᠳᠡᠨ ᠬᠠᠷᠬᠢᠰ ᠬᠦᠴᠤᠨ ᠤ ᠬᠠᠤᠯᠢ ᠪᠤᠰᠤ ᠶᠠᠯᠠᠳᠤ ᠠᠵᠢᠯᠯᠠᠭ᠎ᠠ ᠳᠤ ᠢᠮᠠᠬᠳᠠ ᠴᠢᠩᠭ᠎ᠠ ᠴᠤᠬᠢᠯᠳᠠ ᠦᠭᠬᠦ ᠰᠦᠷ ᠬᠦᠴᠤᠳᠤ ᠪᠠᠶᠢᠳᠠᠯ ᠢ ᠪᠠᠲᠤᠯᠠᠬᠤ ᠭᠡᠷᠡᠭᠳᠠᠢ᠃ ᠤᠯᠤᠰ ᠲᠦᠷᠤ ᠬᠠᠤᠯᠢ ᠴᠠᠭᠠᠵᠠ ᠶᠢᠨ ᠡᠯ᠎ᠠ ᠪᠠᠶᠢᠭᠤᠯᠭ᠎ᠠ ᠶᠢᠨ ᠬᠢᠨ ᠲᠦᠷᠤ ᠶᠢᠨ ᠪᠤᠳᠤᠯᠭ᠎ᠠ ᠬᠠᠤᠯᠢ ᠴᠠᠭᠠᠵᠠ ᠶᠢᠨ ᠵᠠᠭᠠᠬ ᠢᠶᠠᠨ ᠴᠢᠨᠠᠬᠰᠢᠳᠠ ᠳᠤᠳᠤᠷᠬᠠᠢᠢᠯᠠᠵᠤ᠂ ᠬᠠᠤᠯᠢ ᠭᠡᠷᠡᠭᠵᠢᠬᠦᠯᠬᠦ ᠦᠵᠡᠯ ᠰᠠᠨᠠᠭ᠎ᠠ ᠪᠠᠨ ᠨᠢᠬᠡᠳᠬᠡᠵᠤ᠂ ᠵᠤᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠡᠯ᠎ᠠ ᠵᠦᠢᠯ ᠤᠨ ᠬᠠᠷ᠎ᠠ ᠪᠦᠯᠦᠭᠳᠡᠨ ᠬᠠᠷᠬᠢᠰ ᠬᠦᠴᠤᠨ ᠤ ᠬᠠᠤᠯᠢ ᠪᠤᠰᠤ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ ᠶᠢ ᠪᠠᠷᠢᠮᠳᠠᠯᠠᠬᠤ ᠪᠠᠷ ᠪᠠᠷᠠᠬᠤ ᠦᠬᠡᠢ ᠬᠠᠤᠯᠢ ᠶᠤᠰᠤᠭᠠᠷ ᠭᠡᠷᠡᠭ ᠢ ᠴᠢᠩᠭ᠎ᠠ ᠰᠢᠳᠬᠡᠬᠦ ᠶᠢ ᠪᠠᠷᠢᠮᠳᠠᠯᠠᠵᠤ᠂ ᠭᠡᠷᠡᠭ ᠢ ᠰᠢᠳᠬᠡᠬᠦ ᠶᠠᠰᠤ ᠴᠢᠨᠠᠷ ᠪᠤᠯᠤᠨ ᠭᠡᠷᠡᠭ ᠢ ᠰᠢᠳᠬᠡᠬᠦ ᠦᠷ᠎ᠠ ᠠᠰᠢᠬ ᠤᠨ  ᠨᠢᠬᠡᠳᠤᠯ ᠢ ᠪᠠᠳᠤᠯᠠᠵᠤ᠂ ᠤᠯᠤᠰ ᠲᠦᠷᠤ ᠶᠢᠨ ᠦᠷ᠎ᠠ ᠠᠰᠢᠬ᠂ ᠬᠠᠤᠯᠢ ᠴᠠᠭᠠᠵᠠ ᠶᠢᠨ ᠦᠷ᠎ᠠ ᠠᠰᠢᠬ ᠪᠤᠯᠤᠨ ᠨᠡᠶᠢᠬᠡᠮ ᠤᠨ ᠦᠷ᠎ᠠ ᠠᠰᠢᠬ ᠤᠨ ᠨᠢᠬᠡᠳᠤᠯ ᠢ ᠪᠠᠳᠤᠯᠠᠬᠤ ᠭᠡᠷᠡᠭᠳᠠᠢ᠃ ᠠᠭᠤᠴᠢᠯᠠᠬᠤ ᠶᠠᠯᠠᠯᠠᠬᠤ ᠶᠢ ᠬᠤᠤᠰᠯᠠᠭᠤᠯᠬᠤ ᠡᠷᠡᠬᠦᠤ ᠶᠢᠨ ᠲᠦᠷᠤ ᠶᠢᠨ ᠪᠤᠳᠤᠯᠭ᠎ᠠ ᠶᠢ ᠴᠢᠩᠭ᠎ᠠ ᠭᠡᠷᠡᠭᠵᠢᠬᠦᠯᠵᠤ᠂ ᠬᠠᠷ᠎ᠠ ᠨᠡᠶᠢᠭᠡᠮ ᠤᠨ ᠴᠢᠨᠠᠷᠳᠠᠢ ᠵᠤᠬᠢᠶᠠᠨ ᠪᠠᠶᠢᠭᠤᠯᠤᠯᠳᠠ ᠶᠢᠨ ᠶᠠᠯᠠᠳᠤ ᠠᠵᠢᠯᠯᠠᠭ᠎ᠠ ᠶᠢ ᠵᠤᠬᠢᠶᠠᠨ ᠪᠠᠶᠢᠭᠤᠯᠤᠬᠴᠢ᠂ ᠤᠳᠤᠷᠢᠳᠤᠬᠴᠢ᠂ ᠭᠤᠤᠯ ᠪᠦᠷᠢᠯᠳᠤᠬᠦᠨ ᠵᠢᠴᠢ ︽ᠬᠠᠮᠠᠭᠠᠯᠠᠬᠴᠢ︾ ᠶᠢ ᠬᠠᠤᠯᠢ ᠶᠤᠰᠤᠭᠠᠷ ᠴᠢᠩᠭ᠎ᠠ ᠰᠢᠳᠬᠡᠵᠤ᠂ ᠶᠠᠯ᠎ᠠ ᠬᠢᠭᠰᠡᠨ ᠪᠠᠶᠢᠳᠠᠯ ᠨᠡᠯᠢᠶᠡᠳ ᠬᠦᠩᠬᠡᠨ ᠪᠤᠰᠤᠳ ᠤᠷᠤᠯᠴᠠᠬᠴᠢ ᠶᠢ ᠬᠠᠤᠯᠢ ᠶᠤᠰᠤᠭᠠᠷ ᠬᠦᠩᠬᠡᠨ ᠰᠢᠳᠬᠡᠬᠦ ᠪᠤᠶᠤ ᠶᠠᠯ᠎ᠠ ᠶᠢ ᠨᠢ ᠬᠦᠩᠬᠡᠷᠡᠬᠦᠯᠵᠤ ᠰᠢᠳᠬᠡᠬᠦ ᠭᠡᠷᠡᠭᠳᠠᠢ᠃ ᠬᠠᠤᠯᠢ ᠶᠤᠰᠤᠭᠠᠷ ᠴᠠᠭ ᠲᠤᠬᠠᠢ ᠳᠤᠨᠢ ᠪᠠᠶᠢᠴᠠᠭᠠᠨ ᠪᠢᠳᠡᠭᠦᠮᠵᠢᠯᠡᠬᠦ᠂ ᠦᠯᠡᠳᠡᠬᠡᠨ ᠠᠪᠬᠤ᠂ ᠦᠯᠥ ᠬᠦᠳᠡᠯᠬᠡᠯᠬᠡᠬᠦ ᠵᠡᠷᠭᠡ ᠠᠷᠭ᠎ᠠ ᠬᠡᠮᠵᠢᠶ᠎ᠠ ᠠᠪᠴᠤ᠂ ᠨᠡᠬᠡᠮᠵᠢᠯᠡᠨ ᠲᠤᠰᠢᠶᠠᠯᠭᠠᠬᠤ᠂ ᠬᠤᠷᠢᠶᠠᠨ ᠠᠪᠬᠤ᠂ ᠡᠳ᠋ ᠬᠦᠷᠦᠩᠭᠡ ᠶᠢᠨ ᠡᠷᠡᠭᠦᠤ ᠪᠠᠷ ᠰᠢᠳᠭᠡᠬᠦ ᠵᠢᠴᠢ ᠵᠠᠰᠠᠭ ᠵᠠᠬᠢᠷᠭᠠᠨ ᠤ ᠵᠤᠭᠤᠰ ᠢᠶᠠᠷ ᠲᠤᠷᠭᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠤ ᠠᠵᠤ ᠠᠬᠤᠢ ᠶᠢᠨ ᠰᠠᠭᠤᠷᠢ ᠶᠢ ᠠᠷᠢᠯᠭᠠᠬᠤ ᠬᠡᠷᠡᠭᠲᠠᠢ᠃ ᠰᠢᠭᠦᠨ ᠲᠠᠰᠤᠯᠬᠤ ᠪᠠᠷ ᠭᠤᠤᠯ ᠪᠤᠯᠭᠠᠭᠰᠠᠨ ᠡᠷᠡᠭᠦᠦ ᠶᠢᠨ ᠬᠡᠷᠡᠭ ᠤᠨ ᠵᠠᠭᠠᠯᠳᠤᠯᠭ᠎ᠠ ᠶᠢᠨ ᠳᠦᠷᠢᠮ ᠤᠨ ᠦᠭᠡᠷᠡᠴᠢᠯᠡᠯᠳᠡ ᠳᠤ ᠰᠠᠨᠠᠭᠠᠴᠢᠯᠠᠭ᠎ᠠ ᠠᠴᠠ ᠪᠠᠨ ᠵᠤᠬᠢᠴᠠᠵᠤ᠂ ᠬᠡᠷᠡᠭ ᠤᠨ ᠪᠤᠳᠠᠳᠤ ᠴᠢᠨᠠᠷ᠂ ᠭᠡᠷᠡᠴᠢ ᠪᠠᠷᠢᠮᠳᠠ᠂ ᠳᠡᠰ ᠳᠠᠷᠠᠭᠠᠯᠠᠯ ᠤᠨ ᠪᠤᠭᠤᠮᠲᠠ ᠪᠤᠯᠤᠨ ᠬᠠᠤᠯᠢ ᠴᠠᠭᠠᠵᠠ ᠶᠢ ᠬᠡᠷᠡᠭᠯᠡᠬᠦ ᠪᠤᠭᠤᠮᠲᠠ ᠶᠢ ᠦᠨᠡᠨ ᠬᠦ ᠰᠠᠶᠢᠲᠤᠷ ᠰᠠᠬᠢᠵᠤ᠂ ᠡᠷᠡᠭᠦᠳᠡᠵᠤ ᠦᠴᠢᠭᠯᠡᠭᠦᠯᠬᠦ ᠶᠢ ᠴᠢᠩᠭ᠎ᠠ ᠴᠠᠭᠠᠵᠠᠯᠠᠵᠤ᠂ ᠬᠢᠯᠢᠰ ᠪᠤᠷᠤᠭᠤ ᠬᠡᠷᠡᠭ ᠡᠭᠦᠰᠬᠦ ᠶᠢ ᠰᠡᠷᠭᠡᠶᠢᠯᠡᠵᠤ᠂ ᠬᠡᠷᠡᠭ ᠪᠦᠷᠢ ᠶᠢ ᠨᠢᠴᠤᠭᠠᠭᠲᠠᠰᠢ ᠦᠭᠡᠢ ᠴᠢᠩᠭ᠎ᠠ ᠰᠢᠢᠳᠪᠦᠷᠢᠯᠡᠬᠦ ᠬᠡᠷᠡᠭᠳᠠᠢ ᠭᠡᠵᠤ ᠴᠢᠬᠤᠯᠠᠴᠢᠯᠠᠪᠠ᠃            ︽ᠮᠡᠳᠡᠭᠳᠡᠯ︾ ᠳᠤ᠂ ᠡᠯ᠎ᠠ ᠱᠠᠳᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠤᠤᠷ᠎ᠠ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠳᠠᠪᠠᠭᠤᠯᠢᠭ ᠢ ᠪᠠᠳᠠᠷᠠᠭᠤᠯᠵᠤ᠂ ᠡᠯ᠎ᠠ ᠰᠠᠯᠠᠭ᠎ᠠ ᠮᠦᠴᠢᠷ ᠤᠨ ᠬᠢᠨ ᠲᠤᠰ ᠲᠤᠰ ᠤᠨ ᠡᠭᠦᠷᠭᠡ ᠪᠠᠨ ᠡᠭᠦᠷᠭᠡᠯᠡᠵᠤ᠂ ᠬᠠᠮᠲᠤᠪᠠᠷ ᠠᠳᠬᠤᠵᠤ ᠬᠠᠮᠳᠤᠪᠡᠷ ᠬᠠᠮᠢᠶᠠᠷᠬᠤ ᠶᠢ ᠠᠬᠢᠭᠤᠯᠵᠤ᠂ ᠡᠯ᠎ᠠ ᠵᠦᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠤ ᠪᠠᠶᠢᠭᠠᠳ ᠬᠠᠷ᠎ᠠ ᠪᠦᠯᠦᠭᠳᠡᠨ ᠬᠠᠷᠬᠢᠰ ᠬᠦᠴᠦᠨ ᠤ ᠬᠠᠤᠯᠢ ᠶᠢ ᠵᠦᠷᠢᠴᠡᠨ ᠶᠠᠯᠠᠳᠤ ᠠᠵᠢᠯᠯᠠᠭ᠎ᠠ ᠬᠢᠬᠦ ᠳᠤᠪᠤᠶᠢᠮ᠎ᠠ ᠠᠰᠠᠭᠤᠳᠠᠯ ᠢ ᠰᠡᠷᠭᠡᠶᠢᠯᠡᠬᠦ ᠪᠠ ᠰᠢᠢᠳᠪᠦᠷᠢᠯᠡᠬᠦ ᠬᠡᠷᠡᠭᠲᠠᠢ᠃ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠲᠤᠰ ᠪᠡᠶ᠎ᠠ ᠶᠢᠨ ᠡᠭᠦᠷᠭᠡ ᠴᠢᠳᠠᠪᠬᠢ ᠲᠠᠢ ᠪᠠᠨ ᠤᠶᠠᠯᠳᠤᠭᠤᠯᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠳᠤᠮᠳᠠᠬᠢ ᠡᠭᠦᠷᠭᠡ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠤ᠂ ᠬᠠᠤᠯᠢ ᠶᠤᠰᠤᠭᠠᠷ ᠵᠠᠰᠠᠭ ᠶᠠᠪᠤᠭᠤᠯᠵᠤ᠂ ᠬᠠᠤᠯᠢ ᠶᠤᠰᠤᠭᠠᠷ ᠡᠭᠦᠷᠭᠡ ᠲᠤᠰᠢᠶᠠᠯ ᠢᠶᠠᠨ ᠭᠦᠢᠴᠡᠳᠭᠡᠵᠤ᠂ ᠭᠤᠤᠯᠳᠠᠯᠭ᠎ᠠ ᠲᠠᠢ ᠠᠵᠢᠯ ᠲᠦᠷᠦᠯ᠂ ᠭᠤᠤᠯᠳᠠᠯᠭ᠎ᠠ ᠲᠠᠢ ᠬᠦᠷᠢᠶᠡᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠲᠠᠯ᠎ᠠ ᠪᠠᠷ ᠠᠵᠢᠯ ᠬᠢᠬᠦ ᠦᠭᠡᠢ ᠪᠤᠶᠤ ᠳᠤᠷ᠎ᠠ ᠪᠠᠷ ᠢᠶᠠᠨ ᠦᠢᠯᠡᠳᠬᠦ ᠶᠢ ᠰᠡᠷᠭᠡᠶᠢᠯᠡᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠤ ᠪᠤᠢ ᠪᠤᠯᠵᠤ ᠡᠭᠦᠰᠬᠦ ᠤᠷᠤᠨ ᠵᠠᠢ ᠶᠢ ᠬᠠᠮᠤᠭ ᠤᠨ ᠶᠡᠬᠡᠪᠡᠷ ᠲᠠᠷᠤᠵᠤ ᠰᠢᠬᠠᠬᠤ ᠬᠡᠷᠡᠭᠲᠠᠢ᠃ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠡᠳᠦᠷ ᠳᠤᠳᠤᠮ ᠤᠨ ᠬᠠᠤᠯᠢ ᠬᠡᠷᠡᠭᠵᠢᠭᠦᠯᠬᠦ ᠪᠠᠶᠢᠴᠠᠭᠠᠯᠳᠠ ︵ᠠᠵᠢᠯ︶ ᠳᠤᠮᠳᠠ ᠢᠯᠡᠷᠡᠭᠦᠯᠦᠭᠰᠡᠨ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠬᠤᠯᠪᠤᠭᠳᠠᠬᠰᠠᠠ ᠰᠦᠪᠡᠭᠴᠢ ᠶᠢ ᠢᠯᠡᠷᠡᠭᠦᠯᠪᠡᠯ ᠴᠠᠭ ᠲᠤᠬᠠᠢ ᠳᠤᠨᠢ ᠳᠤᠳᠤᠭᠠᠳᠦ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠵᠤ᠂ ᠰᠦᠪᠡᠭᠴᠢ ᠶᠢ ᠢᠯᠡᠷᠡᠭᠦᠯᠵᠤ ᠰᠢᠯᠵᠢᠭᠦᠯᠦᠨ ᠲᠤᠰᠢᠶᠠᠬᠤ ᠲᠤᠭᠳᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠠᠢ᠃ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ ᠬᠡᠷᠡᠭ ᠰᠢᠢᠳᠪᠦᠷᠢᠯᠡᠬᠦ ᠳᠤᠮᠳᠠ ᠢᠯᠡᠷᠡᠭᠦᠯᠦᠭᠰᠡᠨ ᠠᠵᠢᠯ ᠲᠦᠷᠦᠯ ᠤᠨ ᠬᠠᠮᠢᠶᠠᠷᠤᠯᠳᠠ ᠶᠢᠨ ᠳᠤᠳᠠᠭᠳᠠᠯ ᠢ ᠴᠠᠭ ᠲᠤᠬᠠᠢ ᠳᠤᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠮᠡᠳᠡᠭᠳᠡᠵᠤ᠂ ᠬᠢᠨᠠᠯᠳᠠ ᠬᠠᠮᠢᠶᠠᠷᠤᠯᠳᠠ ᠪᠤᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠳᠡ ᠶᠢ ᠴᠢᠩᠭᠠᠳᠬᠠᠬᠤ ᠰᠠᠨᠠᠭᠤᠯᠭ᠎ᠠ ᠳᠤᠷᠠᠳᠬᠤ ᠬᠡᠷᠡᠭᠲᠠᠢ ᠭᠡᠵᠤ ᠱᠠᠭᠠᠷᠳᠠᠵᠠᠢ᠃      ︽ᠮᠡᠳᠡᠭᠳᠡᠯ︾ ᠳᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠪᠤᠯᠤᠨ ᠢᠯᠵᠢᠷᠡᠯ ᠢ ᠡᠰᠡᠷᠭᠦᠴᠡᠬᠦ ᠲᠡᠮᠡᠴᠡᠯ᠂ ᠦᠨᠳᠦᠰᠦᠳᠡᠨ ᠱᠠᠳᠤᠨ ᠤ ︽ᠢᠯᠠᠭ᠎ᠠ ᠶᠢ ᠴᠤᠬᠢᠬᠤ︾ ᠠᠵᠢᠯᠯᠠᠭ᠎ᠠ ᠶᠢ ᠤᠶᠠᠯᠳᠤᠭᠤᠯᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠤ ︽ᠬᠠᠮᠠᠭᠠᠯᠠᠭᠴᠢ︾ ︵ᠥᠮᠥᠭ ᠲᠦᠰᠢᠭ︶ ᠶᠢ ᠭᠦᠨᠵᠡᠭᠡᠢ ᠠᠭᠤᠳᠠᠯᠬᠤ ᠬᠡᠷᠡᠭᠲᠠᠢ᠃ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠨᠠᠮ ᠤᠨ ᠭᠡᠰᠢᠭᠦᠨ ᠺᠠᠳ᠋ᠷ ᠤᠨ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠭᠰᠠᠨ ᠠᠰᠠᠭᠤᠳᠠᠯ ᠢ ᠤᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠤᠯᠳᠠᠯᠭ᠎ᠠ ᠪᠤᠯᠭᠠᠵᠤ᠂ ᠰᠠᠬᠢᠯᠭ᠎ᠠ ᠪᠠᠲᠦ ᠬᠡᠷᠡᠭᠵᠢᠭᠦᠯᠬᠦ ᠬᠢᠨᠠᠯᠳᠠ ᠲᠠᠯᠪᠢᠬᠤ ᠪᠤᠯᠤᠨ ᠲᠤᠭᠤᠷᠢᠨ ᠪᠠᠶᠢᠴᠠᠭᠠᠬᠤ ᠴᠠᠭᠲᠠᠨ ᠪᠠᠶᠢᠴᠠᠭᠠᠬᠤ ᠠᠵᠢᠯ ᠤᠨ ᠠᠭᠤᠯᠭ᠎ᠠ ᠳᠤ ᠤᠷᠤᠭᠤᠯᠬᠤ ᠬᠡᠷᠡᠭᠲᠠᠢ᠃ ᠰᠠᠬᠢᠯᠭ᠎ᠠ ᠪᠠᠲᠦ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠤᠯᠤᠨ ᠤᠯᠤᠰ ᠲᠦᠷᠦ ᠬᠠᠤᠯᠢ ᠴᠠᠭᠠᠵᠠ ᠶᠢᠨ ᠡᠯ᠎ᠠ ᠪᠠᠶᠢᠭᠤᠯᠭ᠎ᠠ ᠶᠢᠨ ᠬᠢᠨ ᠠᠰᠠᠭᠤᠳᠠᠯ ᠤᠨ ᠰᠦᠪᠡᠭᠴᠢ ᠶᠢ ᠲᠦᠷᠭᠡᠨ ᠰᠢᠯᠵᠢᠭᠦᠯᠦᠨ ᠦᠭᠴᠤ ᠬᠠᠷᠢᠭᠤ ᠳᠤᠰᠬᠠᠬᠤ ᠲᠤᠭᠳᠠᠴᠠ ᠶᠢ ᠪᠠᠶᠢᠭᠤᠯᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠤ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠶᠢᠨ ᠠᠷᠤ ᠳᠠᠬᠢ ᠢᠯᠵᠢᠷᠡᠯ ᠤᠨ ᠠᠰᠠᠭᠤᠳᠠᠯ ᠢ ᠴᠠᠭ ᠲᠤᠬᠠᠢ ᠳᠤᠨᠢ ᠭᠦᠨ ᠠᠭᠤᠳᠠᠯᠵᠤ᠂  ︽ᠬᠡᠷᠡᠭ ᠢ ᠰᠢᠢᠳᠪᠦᠷᠢᠯᠡᠬᠦ ᠶᠢᠨ ᠲᠦᠯᠦᠭᠡ ᠯᠠ ᠰᠢᠢᠳᠪᠦᠷᠢᠯᠡᠬᠦ᠂ ᠶᠠᠭᠤ ᠪᠤᠯ ᠶᠠᠭᠤ ᠶᠢ ᠯᠠ ᠶᠠᠷᠢᠬᠤ︾ ᠢᠪᠴᠤᠤ ᠪᠠᠶᠢᠳᠠᠯ ᠠᠴᠠ ᠰᠡᠷᠭᠡᠶᠢᠯᠡᠬᠦ ᠬᠡᠷᠡᠭᠲᠠᠢ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠠᠮ ᠤᠨ ᠭᠡᠰᠢᠭᠦᠨ ᠺᠠᠳ᠋ᠷ ᠤᠨ ᠬᠠᠷ᠎ᠠ ᠪᠦᠯᠦᠭᠲᠡᠨ ᠬᠠᠷᠬᠢᠰ ᠬᠦᠴᠦᠨ ᠲᠠᠢ ᠬᠤᠯᠪᠤᠬᠳᠠᠬᠰᠠᠠ ᠠᠰᠠᠭᠤᠳᠠᠯ ᠢ ᠰᠠᠬᠢᠯᠭ᠎ᠠ ᠪᠠᠲᠤ ᠬᠡᠷᠡᠭᠵᠢᠭᠦᠯᠵᠦ ᠬᠢᠨᠠᠨ ᠪᠠᠶᠢᠴᠠᠭᠠᠬᠤ ᠶᠢᠨ ᠭᠤᠤᠯᠳᠠᠯᠭ᠎ᠠ ᠪᠤᠯᠭᠠᠵᠤ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠳᠤᠮᠳᠠ ᠢᠯᠡᠷᠡᠭᠦᠯᠦᠭᠰᠡᠨ ︽ᠬᠠᠮᠠᠭᠠᠯᠠᠬᠴᠢ︾ ᠶᠢᠨ ᠠᠰᠠᠭᠤᠳᠠᠯ ᠤᠨ ᠰᠦᠪᠡᠭᠴᠢ ᠶᠢ ᠤᠷᠢᠳᠴᠢᠯᠠᠨ ᠰᠢᠢᠳᠪᠦᠷᠢᠯᠡᠵᠦ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠳᠬᠡᠬᠦ ᠬᠡᠷᠡᠭᠲᠡᠢ᠂ ᠬᠡᠨ ᠲᠠᠢ ᠬᠤᠯᠪᠤᠬᠳᠠᠬᠰᠠᠨ ᠴᠤ ᠬᠠᠮᠢᠶ᠎ᠠ ᠦᠭᠡᠢ᠂ ᠪᠦᠷ ᠡᠴᠦᠰ ᠲᠤᠨᠢ ᠲᠤᠯᠲᠠᠯ᠎ᠠ ᠪᠠᠶᠢᠴᠠᠭᠠᠵᠤ᠂ ᠦᠴᠦᠬᠡᠨ ᠴᠤ ᠢᠯᠳᠠᠷ ᠬᠠᠶᠠᠬᠤ ᠦᠭᠡᠢ ᠪᠠᠶᠢᠬᠤ ᠬᠡᠷᠡᠭᠲᠡᠢ᠃ ᠱᠠᠯᠠᠪᠳᠠᠭᠤᠯᠤᠨ ᠬᠢᠯᠭᠡᠬᠦ ᠡᠷᠴᠢᠮ ᠢ ᠴᠢᠩᠭᠠᠷᠠᠭᠤᠯᠵᠤ᠂ ︽ᠬᠠᠮᠠᠭᠠᠯᠠᠬᠴᠢ︾ ᠳᠤ ᠴᠤᠬᠢᠯᠲᠠ ᠦᠭᠬᠦ ᠶᠢ ᠬᠠᠷ᠎ᠠ ᠪᠦᠯᠦᠭᠲᠡᠨ ᠬᠠᠷᠬᠢᠰ ᠬᠦᠴᠦᠨ ᠲᠠᠢ ᠬᠤᠯᠪᠤᠬᠳᠠᠬᠰᠠᠠ ᠬᠡᠷᠡᠭ ᠢ ᠲᠠᠩᠨᠠᠨ ᠰᠢᠢᠳᠪᠦᠷᠢᠯᠡᠬᠦ ᠲᠠᠢ ᠤᠶᠠᠯᠳᠤᠭᠤᠯᠵᠤ᠂ ᠢᠵᠢᠯ ᠠᠯᠬᠤᠮ ᠢᠶᠠᠷ ᠲᠠᠩᠨᠠᠨ ᠰᠢᠢᠳᠪᠦᠷᠢᠯᠡᠬᠦ ᠬᠡᠷᠡᠭᠲᠡᠢ᠂ ᠤᠨᠴᠠᠭᠠᠢᠢᠯᠠᠨ ᠬᠠᠷ᠎ᠠ ᠪᠦᠯᠦᠭᠲᠡᠨ ᠬᠠᠷᠬᠢᠰ ᠬᠦᠴᠦᠨ ᠲᠠᠢ ᠬᠤᠯᠪᠤᠬᠳᠠᠬᠰᠠᠠ ᠤᠷᠲᠦ ᠬᠤᠭᠤᠴᠠᠭ᠎ᠠ ᠪᠠᠷ᠂ ᠭᠦᠨ ᠰᠤᠯᠪᠢᠴᠠᠬᠰᠠᠨ ᠢᠯᠵᠢᠷᠠᠯ ᠤᠨ ᠬᠡᠷᠡᠭ ᠵᠢᠴᠢ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠬᠦᠷᠢᠶᠡᠨ ᠤ ᠬᠠᠷ᠎ᠠ ᠪᠦᠯᠦᠭᠲᠡᠨ ᠬᠠᠷᠬᠢᠰ ᠬᠦᠴᠦᠨ ᠲᠠᠢ ᠬᠤᠯᠪᠤᠬᠳᠠᠬᠰᠠᠠᠠ ᠬᠡᠷᠡᠭ ᠤᠨ ᠭᠤᠤᠯᠳᠠᠯᠭ᠎ᠠ ᠶᠢ ᠠᠳᠬᠤᠨ ᠱᠠᠯᠠᠪᠳᠠᠭᠤᠯᠤᠨ ᠰᠢᠢᠳᠪᠦᠷᠢᠯᠡᠬᠦᠯᠬᠦ ᠬᠡᠷᠡᠭᠳᠡᠢ ᠭᠡᠵᠦ ᠵᠢᠭᠠᠵᠤ ᠭᠠᠷᠭᠠᠪᠠ᠃      ︽ᠮᠡᠳᠡᠭᠳᠡᠯ︾ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠨᠢᠭᠡᠨ ᠵᠦᠢᠯ ᠤᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ ᠠᠵᠢᠯ ᠤᠨ ᠪᠦᠬᠦ ᠲᠠᠯ᠎ᠠ ᠶᠢᠨ ᠳᠤᠪᠤᠶᠢᠮ᠎ᠠ ᠪᠠᠶᠢᠷᠢᠨ ᠳᠤ ᠲᠠᠯᠪᠢᠵᠤ᠂ ᠴᠢᠬᠤᠯᠠ ᠵᠦᠪᠯᠡᠬᠦ ᠵᠦᠢᠯ ᠳᠡᠭᠡᠨ ᠤᠷᠤᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠬ ᠤᠨ ᠤᠷᠳᠤᠨ ᠤ ᠭᠤᠤᠯ ᠬᠠᠷᠢᠭᠤᠴᠠᠯᠭᠠᠲᠠᠨ ᠨᠦᠬᠦᠳ ᠬᠠᠷᠢᠭᠤᠴᠠᠯᠭ᠎ᠠ ᠶᠢ ᠵᠤᠷᠢᠬᠲᠡᠢ ᠪᠠᠷ ᠡᠭᠦᠷᠭᠡᠯᠡᠵᠦ᠂ ᠵᠣᠷᠢᠭᠲᠠᠢ ᠪᠠᠷ ᠬᠠᠲᠠᠭᠤ ᠲᠠᠢ ᠬᠠᠯᠳᠠᠵᠤ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠠᠵᠢᠯ ᠢ ᠲᠤᠬ ᠲᠡᠮᠳᠡᠭ ᠲᠤᠳᠤᠷᠬᠠᠢ ᠪᠠᠷ ᠳᠡᠮᠵᠢᠵᠦ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠤᠯᠢ ᠶᠤᠰᠤᠭᠠᠷ ᠬᠡᠷᠡᠭ ᠰᠢᠳᠬᠡᠬᠦ ᠪᠠ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠤᠯᠢ ᠶᠤᠰᠤᠭᠠᠷ ᠡᠬᠦᠷᠬᠡ ᠲᠤᠰᠢᠶᠠᠯ ᠢᠶᠠᠨ ᠭᠦᠢᠴᠡᠳᠬᠡᠬᠦ᠂ ︽ᠬᠠᠮᠠᠭᠠᠯᠠᠬᠴᠢ︾ ᠶᠢ ᠭᠦᠨ ᠠᠭᠤᠳᠠᠯᠤᠨ ᠲᠦᠢᠯᠪᠤᠷᠢᠲᠠᠢ ᠪᠠᠶᠢᠴᠠᠭᠠᠬᠤ ᠳᠤ ᠬᠠᠷᠰᠢ ᠰᠠᠭᠠᠳ ᠢ ᠠᠷᠢᠯᠭᠠᠨ ᠦᠭᠴᠤ᠂ ᠬᠦᠴᠦᠳᠡᠢ ᠪᠠᠳᠤᠯᠠᠭ᠎ᠠ ᠬᠠᠩᠭᠠᠬᠤ ᠬᠡᠷᠡᠭᠲᠡᠢ᠃ ᠬᠠᠷ᠎ᠠ ᠪᠦᠯᠦᠭᠲᠡᠨ ᠬᠠᠷᠬᠢᠰ ᠬᠦᠴᠦᠨ ᠲᠠᠢ ᠬᠤᠯᠪᠤᠬᠳᠠᠬᠰᠠᠠ ᠠᠰᠠᠭᠤᠳᠠᠯ ᠤᠨᠴᠠᠭᠠᠢᠢᠯᠠᠨ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠮᠤ ᠬᠡᠷᠡᠭ ᠬᠦᠨᠳᠦ ᠬᠡᠷᠡᠭ ᠲᠤ ᠡᠷᠡᠰ ᠬᠠᠲᠠᠭᠤ ᠤᠪᠤᠷ ᠢᠶᠠᠷ ᠬᠠᠨᠳᠤᠵᠤ᠂ ᠬᠡᠨ ᠲᠠᠢ ᠬᠤᠯᠪᠤᠬᠳᠠᠬᠰᠠᠨ ᠴᠤ ᠬᠠᠮᠢᠶ᠎ᠠ ᠦᠭᠡᠢ᠂ ᠪᠦᠷ ᠡᠴᠦᠰ ᠲᠤᠨᠢ ᠲᠤᠯᠲᠠᠯ᠎ᠠ ᠪᠠᠶᠢᠴᠠᠭᠠᠵᠤ᠂ ᠤᠨᠴᠠᠭᠠᠢᠢᠯᠠᠨ ᠲᠡᠭᠦᠨ ᠤ ᠠᠷᠤ ᠳᠠᠬᠢ ︽ᠬᠠᠮᠠᠭᠠᠯᠠᠬᠴᠢ︾ ᠶᠢ ᠲᠤᠳᠤᠷᠬᠠᠢ ᠪᠠᠶᠢᠴᠠᠭᠠᠵᠤ᠂ ᠡᠷᠡᠰ ᠴᠢᠩᠭ᠎ᠠ ᠪᠠᠷ ᠬᠠᠤᠯᠢ ᠶᠤᠰᠤᠭᠠᠷ ᠪᠠᠶᠢᠴᠠᠭᠠᠨ ᠰᠢᠳᠬᠡᠵᠦ᠂ ᠤᠬᠲᠤ ᠲᠠᠲᠠᠭᠠᠯᠵᠠᠬᠤ ᠦᠭᠡᠢ ᠪᠠᠶᠢᠬᠤ ᠬᠡᠷᠡᠭᠲᠡᠢ ᠭᠡᠵᠦ ᠱᠠᠭᠠᠷᠳᠠᠪᠠ᠃            ︽ᠮᠡᠳᠡᠭᠳᠡᠯ︾ ᠳᠤ᠂ ᠨᠡᠶᠢᠭᠡᠮ ᠤᠨ ᠠᠮᠤᠷ ᠲᠦ᠋ᠪᠰᠢᠨ ᠢ ᠶᠡᠷᠦᠩᠬᠡᠶᠢᠯᠡᠨ ᠵᠠᠰᠠᠬᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷ᠎ᠠ ᠪᠦᠯᠦᠭᠲᠡᠨ ᠬᠠᠷᠬᠢᠰ ᠬᠦᠴᠦᠨ ᠲᠠᠢ ᠬᠤᠯᠪᠤᠬᠳᠠᠬᠰᠠᠠ ᠠᠰᠠᠭᠤᠳᠠᠯ ᠢᠶᠠᠷ ᠳᠤᠪᠤᠶᠢᠮ᠎ᠠ ᠪᠠᠶᠢᠭ᠎ᠠ ᠭᠠᠵᠠᠷ ᠤᠷᠤᠨ᠂ ᠠᠵᠢᠯ ᠲᠦᠷᠦᠯ᠂  ᠬᠦᠷᠢᠶ᠎ᠡ ᠴᠠᠷ᠎ᠠ ︵ᠬᠡᠪᠴᠢᠶ᠎ᠡ︶ ᠳᠤ ᠮᠡᠳᠡᠭᠡ ᠨᠡᠶᠢᠲᠡᠯᠡᠬᠦ᠂ ᠪᠤᠯᠵᠤᠨ ᠶᠠᠷᠢᠯᠴᠠᠬᠤ᠂ ᠫᠠᠶᠢᠰᠠ ᠡᠯᠭᠦᠨ ᠱᠠᠯᠠᠪᠳᠠᠭᠤᠯᠤᠨ ᠰᠢᠢᠳᠪᠦᠷᠢᠯᠡᠬᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ ᠲᠤᠭᠲᠠᠭᠰᠠᠠ ᠴᠠᠭ ᠬᠤᠭᠤᠴᠠᠭᠠᠨ ᠲᠤᠲᠤᠷ᠎ᠠ ᠴᠡᠭᠴᠡᠯᠡᠨ ᠵᠠᠰᠠᠬᠤ ᠶᠢ ᠱᠠᠯᠠᠪᠳᠠᠭᠤᠯᠬᠤ ᠬᠡᠷᠡᠭᠲᠡᠢ᠃  ᠣᠷᠣᠰᠢᠵᠤ ᠪᠠᠶᠢᠭ᠎ᠠ ᠠᠰᠠᠭᠤᠳᠠᠯ ᠬᠦᠨᠳᠦ ᠨᠤᠴᠢᠲᠠᠢ ᠂  ᠨᠡᠶᠢᠭᠡᠮ ᠨᠡᠶᠢᠲᠡ ᠳᠤ ᠮᠠᠭᠤ ᠨᠦᠯᠦᠭᠡ ᠦᠵᠡᠭᠦᠯᠦᠭᠰᠡᠨ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠤᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠰᠠᠬᠢᠯᠭ᠎ᠠ ᠪᠠᠲᠤ ᠶᠤᠰᠤ ᠪᠠᠷ ᠲᠡᠭᠦᠨ ᠤ ᠨᠢᠭᠡᠳᠦᠭᠡᠷ ᠬᠠᠷᠢᠭᠤᠴᠠᠯᠭᠠᠲᠠᠨ ᠵᠢᠴᠢ ᠪᠤᠰᠤᠳ ᠬᠤᠯᠪᠤᠬᠳᠠᠯ ᠪᠦᠬᠦᠢ ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠦᠴᠦᠬᠡᠨ ᠴᠤ ᠢᠯᠳᠠᠷ ᠬᠠᠶᠠᠵᠥ ᠪᠤᠯᠬᠤ ᠦᠭᠡᠢ᠃ ᠠᠵᠢᠯ ᠲᠦᠷᠦᠯ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠭᠰᠡᠡ ᠦᠭᠡᠢ ᠠᠴᠠ ᠪᠤᠯᠵᠤ ᠬᠠᠷ᠎ᠠ ᠪᠦᠯᠦᠭᠲᠡᠨ ᠬᠠᠷᠬᠢᠰ ᠬᠦᠴᠦᠨ ᠪᠤᠢ ᠪᠤᠯᠵᠤ ᠡᠭᠦᠰᠦᠭᠰᠡᠡ ᠪᠠᠶᠢᠪᠠᠯ᠂ ᠬᠠᠷᠢᠭᠤᠴᠠᠯᠭ᠎ᠠ ᠶᠢ ᠭᠡᠳᠡᠷᠬᠦ ᠪᠠᠶᠢᠴᠠᠭᠠᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃  
        ᠢᠷᠡᠯᠲᠡ᠄ ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ