ᠬᠤᠪᠢᠰᠬᠠᠯᠳᠤ ᠤᠳᠤᠮᠰᠢᠯ ᠢ ᠵᠠᠯᠭᠠᠮᠵᠢᠯᠠᠨ ᠤᠳᠤ ᠦᠶ᠎ᠡ ᠶᠢᠨ ᠬᠦᠭ ᠠᠶᠢᠵᠠᠮ ᠢ ᠴᠢᠪᠬᠠᠳᠠᠨᠠᠮ | | | ᠠᠪᠠᠭ᠎ᠠ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠤᠯᠠᠭᠠᠨᠮᠦ᠋ᠴᠢᠷ ᠪᠠᠶᠢᠭᠤᠯᠤᠬᠳᠠᠬᠰᠠᠨ ᠠᠴᠠ ᠨᠠᠭᠠᠰᠢ᠂ ᠠᠷᠠᠳ ᠲᠦᠮᠡᠨ ᠳᠤ | ᠦᠢᠯᠡᠴᠢᠯᠡᠬᠦ ᠪᠠᠷ ᠦᠢᠯᠠᠴᠢᠯᠡᠬᠡᠨ ᠤ ᠭᠤᠤᠯ ᠬᠠᠷᠠᠯᠳᠠ ᠪᠠᠨ ᠪᠤᠯᠭᠠᠵᠤ᠂ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠠᠵᠢᠯ ᠦᠢᠯᠡᠰ ᠬᠢᠬᠡᠳ ᠤᠯᠠᠭᠠᠨᠮᠦ᠋ᠴᠢᠷ | ᠤᠨ ᠰᠢᠯᠢᠳᠡᠭ ᠤᠳᠤᠮᠰᠢᠯ ᠢ ᠪᠦᠷᠢᠨ ᠬᠦᠢᠴᠡᠳ ᠤᠶᠠᠯᠳᠤᠭᠤᠯᠤᠨ ᠪᠠᠳᠠᠷᠠᠭᠤᠯᠵᠤ᠂ ︽ᠦᠢᠯᠡᠴᠢᠯᠡᠬᠦ᠂ ᠤᠬᠠᠭᠤᠯᠬᠤ᠂ ᠪᠦᠵᠢᠭᠯᠡᠬᠦ︾ ᠨᠢᠬᠡ ᠴᠤᠬᠴᠠ ᠪᠠᠷ ᠲᠠᠯ᠎ᠠ | ᠨᠤᠳᠤᠭ ᠤᠨ ᠲᠤᠳᠤᠭᠠᠳᠤ ᠶᠢ ᠬᠠᠮᠠᠭᠠᠯᠠᠬᠤ ᠠᠵᠢᠯ ᠤᠨ ᠬᠦᠩᠬᠡᠨ ᠮᠤᠷᠢᠳᠤ ᠴᠡᠷᠢᠭ ᠤᠨ ᠡᠩᠨᠡᠭᠡ ᠶᠢ ᠪᠠᠶᠢᠭᠤᠯᠤᠨ᠂ ᠤᠷᠤᠨ ᠨᠤᠳᠤᠭ ᠤᠨ ᠠᠵᠤ ᠠᠬᠤᠢ ᠪᠤᠯᠤᠨ | ᠰᠤᠶᠤᠯ ᠪᠤᠯᠪᠠᠰᠤᠨ ᠵᠢᠴᠢ ᠦᠨᠳᠤᠰᠤᠳᠠᠨ ᠤ ᠬᠤᠭᠤᠷᠤᠨᠳᠤᠬᠢ ᠪᠦᠯᠬᠦᠮᠳᠡᠯ ᠢ ᠶᠡᠬᠡᠪᠡᠷ ᠠᠬᠢᠭᠤᠯᠪᠠ᠃ | | | | | | | | ᠠᠪᠠᠭ᠎ᠠ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠤᠯᠠᠭᠠᠨᠮᠦ᠋ᠴᠢᠷ ᠤᠨ ᠰᠢᠯᠢᠳᠡᠭ ᠤᠯᠠᠮᠵᠢᠯᠠᠯ ᠪᠤᠯᠤᠨ ᠬᠤᠪᠢᠰᠬᠠᠯᠳᠤ ᠤᠬᠠᠭᠤᠯᠭ᠎ᠠ | ᠶᠢᠨ ᠦᠢᠯᠡᠰ᠂ ᠠᠷᠠᠳ ᠤᠨ ᠴᠠᠭᠳᠠᠭᠠᠨ ᠤ ᠪᠠᠭᠠᠳᠤᠷᠯᠢᠭ ᠵᠠᠩ ᠳᠠᠳᠬᠠᠯ᠂ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯ ᠦᠢᠯᠡᠰ ᠢ ᠰᠠᠶᠢᠳᠤᠷ ᠬᠢᠵᠤ ᠂ | ᠦᠨᠳᠤᠰᠤᠳᠠᠨ ᠤ ᠬᠤᠭᠤᠷᠤᠨᠳᠤᠬᠢ ᠪᠦᠯᠬᠦᠮᠳᠡᠯ ᠤᠨ ᠦᠢᠯᠡᠰ ᠢ ᠠᠬᠢᠭᠤᠯᠬᠤ ᠰᠠᠷ᠎ᠠ ᠶᠢᠨ ᠤᠬᠠᠭᠤᠯᠭ᠎ᠠ ᠶᠢᠨ ᠠᠵᠢᠯ ᠲᠠᠢ ᠪᠠᠨ ᠨᠢᠬᠳᠠ ᠤᠶᠠᠯᠳᠤᠭᠤᠯᠵᠤ᠂ ᠦᠨᠤ | ᠵᠢᠯ ᠤᠨ 9 ᠰᠠᠷ᠎ᠠ ᠠᠴᠠ ᠡᠬᠢᠯᠡᠵᠤ᠂ ᠠᠪᠠᠭ᠎ᠠ ᠬᠤᠰᠢᠭᠤᠨ ᠤ ᠤᠯᠠᠭᠠᠨᠮᠦ᠋ᠴᠢᠷ ᠠᠴᠠ ᠲᠤᠰᠬᠠᠢ ᠮᠡᠷᠬᠡᠵᠢᠯᠳᠡᠨ ᠢ ᠤᠷᠢᠵᠤ᠂ ᠲᠤᠳᠤᠭᠠᠳᠤ ᠶᠢ ᠬᠠᠮᠠᠭᠠᠯᠠᠬᠤ | ᠲᠤᠪᠴᠢᠶᠠᠨ ᠤ ᠤᠯᠠᠭᠠᠨᠮᠦ᠋ᠴᠢᠷ ᠤᠨ ᠬᠡᠰᠢᠬᠦᠳ ᠲᠤ ᠲᠤᠰᠬᠠᠢ ᠪᠤᠯᠪᠠᠰᠤᠷᠠᠯᠳᠠ ᠬᠦᠷᠳᠡᠬᠡᠵᠤ᠂ ᠨᠡᠷ᠎ᠡ ᠨᠢᠳᠡᠷ ᠲᠤ ᠪᠠᠨ ᠲᠤᠬᠢᠷᠠᠭᠰᠠᠨ ᠲᠤᠳᠤᠭᠠᠳᠤ ᠶᠢ ᠬᠠᠮᠠᠭᠠᠯᠠᠬᠤ | ᠲᠤᠪᠴᠢᠶᠠᠨ ᠤ ᠤᠯᠠᠭᠠᠨᠮᠦ᠋ᠴᠢᠷ ᠤᠨ ᠨᠢᠭᠡᠨ ᠡᠩᠨᠡᠭᠡ ᠶᠢ ᠴᠣᠭᠴᠠᠯᠠᠨ ᠪᠠᠶᠢᠭᠤᠯᠵᠤ᠂ ᠲᠠᠯ᠎ᠠ ᠨᠤᠳᠤᠭ ᠤᠨ ᠤᠳᠤᠨ ᠰᠤᠲᠤᠨ ᠪᠣᠯᠬᠤ ᠪᠠᠷ ᠰᠡᠳᠬᠢᠯ ᠨᠢᠭᠡᠳᠡᠢ | ᠴᠢᠷᠮᠠᠶᠢᠨ ᠠᠵᠢᠯᠯᠠᠵᠤ ᠪᠠᠶᠢᠨ᠎ᠠ᠃ ︵ᠠᠪᠠᠭ᠎ᠠ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠦᠩᠬᠡᠨᠡᠰᠤᠨ ᠮᠡᠳᠡᠭᠡᠯᠡᠪᠡ︶ |