9 ᠳ᠋ᠦ᠋ᠭᠡᠷ ᠰᠠᠷ᠎ᠠ ᠶᠢᠨ 5 ᠤ ᠡᠳᠦᠷ᠂ ᠪᠠᠶᠠᠨᠨᠠᠭᠤᠷ ᠬᠤᠲᠠ ᠶᠢᠨ ︽2022 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ | ᠭᠠᠷᠠᠭ︾ ᠵᠢᠩᠬᠢᠨᠢ ᠪᠠᠷ ᠡᠬᠢᠯᠡᠪᠡ︕ ᠯᠢᠨ ᠾᠧ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠢᠴᠢ ᠡᠯ᠎ᠡ ᠪᠦᠷᠢᠯᠳᠦᠬᠦᠨ ᠨᠢᠭᠡᠴᠢ ᠤᠬᠠᠭᠤᠯᠭ᠎ᠠ ᠶᠢᠨ | ᠠᠵᠢᠯᠯᠠᠭ᠎ᠠ ᠳᠤ ᠢᠳᠡᠪᠬᠢᠲᠡᠶ ᠣᠷᠣᠯᠴᠠᠪᠠ᠃ ᠤᠬᠠᠭᠤᠯᠭ᠎ᠠ ᠶᠢᠨ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠷᠠᠳ ᠤᠨ ᠴᠠᠭᠳᠠᠭ᠎ᠠ ᠤᠬᠠᠭᠤᠯᠭ᠎ᠠ ᠶᠢᠨ ᠬᠥᠨᠳᠡᠯᠡᠨ | ᠪᠢᠴᠢᠭᠡᠰᠦ ᠡᠯᠭᠦᠬᠦ᠂ ᠦᠵᠡᠭᠦᠯᠦᠯᠭᠡ ᠶᠢᠨ ᠰᠠᠮᠪᠠᠷ᠎ᠠ ᠳᠡᠯᠭᠡᠨ ᠦᠵᠡᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠬᠠᠷᠢᠭᠤᠯᠲᠠ | ᠥᠭᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠳᠤ ᠦᠷᠭᠦᠯᠵᠢ ᠲᠣᠬᠢᠶᠠᠯᠳᠤᠳᠠᠭ ᠰᠦᠯᠵᠢᠶᠡᠨ ᠤ ᠮᠡᠬᠡᠯᠡᠯ ᠤᠨ ᠠᠷᠭ᠎ᠠ ᠪᠠᠷᠢᠯ ᠢ | ᠤᠬᠠᠭᠤᠯᠤᠭᠰᠠᠨ ᠪᠥᠭᠡᠳ ︽ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠬᠤ᠂ ᠰᠦᠯᠵᠢᠶ᠎ᠡ ᠴᠠᠬᠢᠯᠭᠠᠨ ᠬᠤᠯᠪᠣᠭ᠎ᠠ ᠪᠠᠷ ᠮᠡᠬᠡᠯᠡᠬᠦ᠂ ᠭᠠᠷ ᠤᠲᠠᠰᠤᠨ ᠤ ᠠᠮᠤᠷ | ᠲᠦᠪᠰᠢᠨ ᠤ ᠶᠡᠷᠦ ᠶᠢᠨ ᠮᠡᠳᠡᠯᠭᠡ᠂ ᠪᠣᠯᠪᠠᠰᠤᠨ ᠢᠶᠠᠷ ᠰᠦᠯᠵᠢᠶᠡᠨ ᠳᠤ ᠭᠠᠷᠬᠤ︾ ᠵᠡᠷᠭᠡ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠲᠤᠬᠠᠶ ᠣᠯᠠᠨ | ᠲᠦᠮᠡᠨ ᠳᠤ ᠨᠢᠭᠤᠷᠲᠠᠨ ᠲᠠᠶᠢᠯᠤᠮᠵᠢ ᠬᠢᠵᠦ᠂ ᠣᠯᠠᠨ ᠲᠦᠮᠡᠨ ᠳᠤ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠰᠦᠯᠵᠢᠶᠡᠨ ᠤ ᠠᠮᠤᠷ | ᠲᠦᠪᠰᠢᠨ ᠤ ᠣᠶᠢᠯᠠᠭᠠᠭᠳᠠᠬᠤᠨ ᠢ ᠤᠯᠠᠮᠵᠢᠯᠠᠪᠠ᠃ ᠠᠵᠢᠯᠯᠠᠭ᠎ᠠ ᠳᠤ᠂ ᠠᠷᠠᠳ ᠤᠨ ᠴᠠᠭᠳᠠᠭ᠎ᠠ ᠨᠡᠶᠢᠲᠡ 300 ᠭᠠᠷᠤᠶ ᠬᠤᠪᠢ ᠰᠦᠯᠵᠢᠶᠡᠨ ᠤ ᠠᠮᠤᠷ ᠲᠦᠪᠰᠢᠨ ᠤ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠤ ᠯᠠᠪᠯᠠᠭ᠎ᠠ ᠶᠢ 100 ᠭᠠᠷᠤᠶ ᠬᠥᠮᠦᠨ ᠤᠳᠠᠭ᠎ᠠ ᠭᠥᠯᠢᠶᠡᠨ ᠠᠪᠴᠠᠶ᠃ | | | | | | | | ᠤᠬᠠᠭᠤᠯᠭ᠎ᠠ ᠪᠠᠷ ᠳᠠᠮᠵᠢᠨ᠂ ᠤᠯᠠᠨ ᠲᠦᠮᠡᠨ ᠰᠦᠯᠵᠢᠶᠡᠨ ᠤ ᠣᠷᠣᠨ ᠵᠠᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠨᠡᠩ ᠭᠦᠨᠵᠡᠭᠡᠢ ᠣᠶᠢᠯᠠᠭᠠᠵᠤ᠂ | ᠠᠷᠠᠳ ᠤᠯᠠᠨ ᠤ ᠰᠡᠷᠭᠡᠶᠢᠯᠡᠬᠦ ᠤᠬᠠᠮᠰᠠᠷ ᠢ ᠴᠢᠩᠭᠠᠳᠬᠠᠵᠤ᠂ ᠪᠦᠬᠦ ᠠᠷᠠᠳ ᠢᠶᠠᠷ ᠢᠶᠠᠨ ᠣᠷᠣᠯᠴᠠᠬᠤ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠬᠠᠮᠲᠤ ᠪᠠᠷ ᠴᠣᠭᠴᠠᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠰᠠᠶᠢᠨ ᠰᠠᠶᠢᠬᠠᠨ ᠤᠬᠠᠭᠤᠯᠭ᠎ᠠ ᠶᠢᠨ ᠦᠷ᠎ᠡ ᠪᠦᠲᠦᠮᠵᠢ ᠤᠯᠪᠠ᠃ | | |