︽ᠺᠦᠨᠯᠦ᠋ᠨ 2022︾ ᠲᠤᠰᠬᠠᠶ ᠠᠵᠢᠯᠯᠠᠭ᠎ᠠ ᠵᠢᠴᠢ ︽ᠵᠠᠭᠤᠨ ᠡᠳᠦᠷ ᠤᠨ ᠠᠵᠢᠯᠯᠠᠭ᠎ᠠ︾ ᠶᠢᠨ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠢᠩᠭᠠᠨ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠢᠩᠭᠠᠨ ᠠᠶᠢᠮᠠᠭ ᠤᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽ᠤᠮᠠᠷᠠᠲᠤ ᠣᠷᠣᠨ ᠤ ᠭᠤᠤᠯᠳᠠᠯᠭ᠎ᠠ ᠲᠠᠢ ᠠᠵᠢᠯ ᠲᠥᠷᠥᠯ ᠤᠨ ᠬᠢᠮᠢ ᠶᠢᠨ ᠡᠮ ᠪᠠ ᠠᠶᠤᠯᠲᠠᠶ ᠬᠢᠮᠢ ᠶᠢᠨ | ᠪᠣᠳᠠᠰ ᠤᠨ ᠲᠤᠰᠬᠠᠶ ᠪᠠᠶᠢᠴᠠᠭᠠᠯᠲᠠ ᠶᠢ ᠬᠠᠮᠲᠤᠷᠠᠨ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠡᠮᠦᠨᠡᠬᠢ ᠬᠤᠭᠤᠴᠠᠭᠠᠨ ᠤ ᠨᠠᠷᠢᠨ | ᠨᠢᠭᠲᠠ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠᠷ ᠳᠡᠮᠵᠢᠨ᠂ ᠤᠷᠴᠢᠮ ᠤᠨ ᠡᠳᠦᠷ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠭᠢ ᠠᠮᠢ ᠠᠬᠤᠶ ᠣᠷᠴᠢᠨ | ᠲᠣᠭᠤᠷᠢᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠬᠠᠮᠲᠤᠷᠠᠨ ᠬᠠᠷᠢᠶᠠᠲᠤ ᠣᠷᠣᠨ ᠤ ᠲᠦᠭᠡᠭᠡᠯ ᠤᠰᠤᠨ ᠤ ᠺᠣᠮᠫᠠᠨᠢ᠂ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠ ᠤᠰᠤ ᠲᠠᠢ ᠬᠤᠯᠪᠣᠭᠳᠠᠭᠰᠠᠨ ᠰᠦᠯᠵᠢᠶᠡᠨ ᠳᠡᠭᠡᠷᠡᠬᠢ ᠠᠵᠤ ᠠᠬᠤᠶᠢᠯᠠᠯ ᠵᠡᠷᠭᠡ ᠭᠤᠤᠯᠳᠠᠯᠭ᠎ᠠ ᠲᠠᠢ ᠠᠵᠢᠯ | ᠲᠥᠷᠥᠯ ᠳᠤ ᠪᠠᠶᠢᠴᠠᠭᠠᠯᠲᠠ ᠬᠢᠪᠡ᠃ | | | | ᠪᠠᠶᠢᠴᠠᠭᠠᠯᠲᠠ ᠶᠢᠨ ᠳᠤᠮᠳᠠ᠂ ᠭᠤᠤᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠶᠢᠨ ᠠᠦ᠋ᠲ᠋ᠣ᠋ ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ ᠶᠢ | ᠬᠤᠳᠠᠯ ᠬᠠᠭᠤᠷᠮᠠᠭ ᠢᠶᠠᠷ ᠵᠣᠬᠢᠶᠠᠵᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠠᠢ ᠴᠣᠬᠢᠯᠲᠠ ᠥᠭᠬᠦ ᠶᠢᠨ ᠬᠠᠮᠲᠤ᠂ ᠠᠮᠢ ᠠᠬᠤᠶ ᠶᠢᠨ ᠣᠷᠴᠢᠨ | ᠲᠣᠭᠤᠷᠢᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠦᠷᠨᠢᠭᠦᠯᠵᠦ᠂ ᠮᠠᠨ ᠤ ᠬᠤᠰᠢᠭᠤᠨ ᠤ ᠬᠢᠯᠢ ᠳᠣᠲᠣᠷᠠᠬᠢ ᠭᠤᠤᠯᠳᠠᠯᠭ᠎ᠠ ᠲᠠᠢ | ᠠᠵᠢᠯ ᠲᠥᠷᠥᠯ ᠤᠨ ᠬᠢᠮᠢ ᠶᠢᠨ ᠡᠮ ᠪᠠ ᠠᠶᠤᠯᠲᠠᠶ ᠬᠢᠮᠢ ᠶᠢᠨ ᠪᠣᠳᠠᠰ ᠲᠤ ᠬᠤᠯᠪᠣᠭᠳᠠᠬᠤ ᠠᠵᠤ ᠠᠬᠤᠶᠢᠯᠠᠯ ᠪᠠ ᠨᠢᠭᠡᠴᠢ ᠳᠤ ᠤᠯᠤᠰ ᠤᠨ ᠠᠶᠤᠯ ᠦᠭᠡᠢ | ᠦᠢᠯᠡᠳᠪᠦᠷᠢᠯᠡᠯ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ | ᠲᠣᠭᠲᠠᠭᠠᠯ ᠢ ᠤᠬᠠᠭᠤᠯᠪᠠ᠃ ᠪᠠᠶᠢᠴᠠᠭᠠᠭᠳᠠᠵᠤ ᠪᠠᠶᠢᠭ᠎ᠠ ᠨᠢᠭᠡᠴᠢ ᠶᠢ ᠠᠶᠤᠯᠲᠠᠢ ᠬᠢᠮᠢ ᠶᠢᠨ ᠵᠦᠢᠯ ᠢ ᠬᠡᠷᠡᠭᠯᠡᠬᠦ ᠭᠠᠷ ᠭᠦᠢᠴᠡᠳᠬᠡᠯ ᠪᠠ ᠡᠭᠡ ᠲᠠᠩᠰᠠ ᠶᠢ ᠨᠢ | ᠵᠢᠷᠤᠮᠵᠢᠭᠤᠯᠬᠤ᠂ ᠲᠣᠬᠢᠲᠠᠶ ᠬᠠᠳᠠᠭᠠᠯᠠᠬᠤ᠂ ᠬᠢᠮᠢ ᠶᠢᠨ ᠡᠮ ᠪᠠ ᠠᠶᠤᠯᠲᠠᠶ ᠬᠢᠮᠢ ᠶᠢᠨ ᠪᠣᠳᠠᠰ ᠢ ᠰᠢᠢᠳᠪᠦᠷᠢᠯᠡᠬᠦ ᠬᠡᠷᠡᠭᠲᠡᠢ᠃ ᠠᠵᠤ ᠠᠬᠤᠶᠢᠯᠠᠯ ᠤᠨ ᠸᠢᠴᠠᠲ᠂ LED᠂ | ᠤᠬᠠᠭᠤᠯᠭ᠎ᠠ ᠶᠢᠨ ᠪᠤᠯᠤᠩ᠂ ᠤᠬᠠᠭᠤᠯᠭ᠎ᠠ ᠶᠢᠨ ᠬᠠᠭᠤᠳᠠᠰᠤ ᠵᠡᠷᠭᠡ ᠣᠯᠠᠨ ᠵᠦᠢᠯ ᠤᠨ ᠬᠡᠯᠪᠡᠷᠢ ᠪᠠᠷ ᠠᠶᠤᠯ ᠦᠭᠡᠢ ᠦᠢᠯᠡᠳᠪᠦᠷᠢᠯᠡᠯ ᠪᠠ ᠠᠮᠢ ᠠᠬᠤᠶ ᠣᠷᠴᠢᠨ | ᠲᠣᠭᠤᠷᠢᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠬᠦᠳᠡᠯᠭᠡᠭᠡᠨ ᠢ ᠦᠷᠨᠢᠭᠦᠯᠬᠦ ᠬᠡᠷᠡᠭᠲᠡᠢ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 5 | ᠦᠢᠯᠡᠳᠪᠦᠷᠢᠯᠡᠯ ᠤᠨ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠵᠤ᠂ ᠡᠭᠦᠨ ᠳᠤ ᠲᠦᠭᠡᠭᠡᠯ ᠤᠰᠤᠨ ᠤ ᠺᠣᠮᠫᠠᠨᠢ 2᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ 2᠂ | ᠨᠢᠲᠤᠯᠬᠤ ᠠᠵᠤ ᠠᠬᠤᠶᠢᠯᠠᠯ 1 ᠪᠠᠶᠢᠨ᠎ᠠ᠃ |  | | | ᠲᠠᠷᠠᠭᠠᠴᠢ ᠶᠢᠨ ᠠᠵᠢᠯ ᠤᠨ ᠳᠤᠮᠳᠠ᠂ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ | ᠵᠦᠢᠯ ᠤᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠭᠢ ᠠᠮᠤᠷ ᠲᠦᠪᠰᠢᠨ ᠤ ᠪᠠᠶᠢᠴᠠᠭᠠᠯᠲᠠ ᠪᠠ ᠰᠢᠮᠳᠠᠭᠤᠯᠤᠨ ᠪᠠᠶᠢᠴᠠᠭᠠᠬᠤ ᠠᠵᠢᠯ ᠢ | ᠦᠷᠭᠦᠯᠵᠢᠯᠡᠨ ᠭᠦᠨᠵᠡᠭᠡᠶ ᠥᠷᠨᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠤ | ᠠᠬᠤᠶᠢᠯᠠᠯ ᠵᠢᠴᠢ ᠣᠯᠠᠨ ᠲᠦᠮᠡᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠠᠮᠤᠷ | ᠲᠦᠪᠰᠢᠨ ᠤ ᠬᠡᠮ ᠰᠣᠭᠤᠭ ᠢ ᠠᠷᠢᠯᠭᠠᠵᠤ᠂ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ ᠰᠡᠷᠡᠮᠵᠢ ᠶᠢᠨ ᠬᠤᠩᠬᠤ ᠶᠢ | ᠪᠠᠶᠢᠩᠭᠤ ᠳᠤᠤᠭᠠᠷᠭᠠᠵᠤ᠂ ᠰᠤᠯᠠᠷᠠᠭᠤᠯᠤᠯ ᠥᠬᠡᠶ ᠪᠠᠶᠢᠩᠭᠤ ᠠᠳᠬᠤᠬᠤ ᠶᠢ ᠪᠡᠶᠡᠯᠡᠭᠦᠯᠦᠨ᠎ᠡ᠃ | |