2000 ᠣᠨ ᠤ 4 ᠳ᠋ᠦ᠋ᠭᠡᠷ ᠰᠠᠷ᠎ᠠ ᠶᠢᠨ 28 ᠤ ᠡᠳᠦᠷ ᠳᠣᠲᠣᠭᠠᠳᠤ ᠶᠢ ᠬᠠᠮᠠᠭᠠᠯᠠᠬᠤ ᠶᠠᠮᠤᠨ ᠤ ᠰᠠᠶᠢᠳ ᠤᠨ ᠠᠯᠪᠠᠨ ᠠᠵᠢᠯ ᠤᠨ ᠬᠤᠷᠠᠯ ᠠᠴᠠ ᠪᠠᠲᠤᠯᠠᠵᠤ᠂ | 2000 ᠣᠨ ᠤ 6 ᠳ᠋ᠤᠭᠠᠷ ᠰᠠᠷ᠎ᠠ ᠶᠢᠨ 1 ᠤ ᠡᠳᠦᠷ ᠳᠣᠲᠣᠭᠠᠳᠤ ᠶᠢ ᠬᠠᠮᠠᠭᠠᠯᠠᠬᠤ ᠶᠠᠮᠤᠨ ᠤ 53 ᠳ᠋ᠤᠭᠠᠷ ᠵᠠᠷᠯᠢᠭ ᠢᠶᠠᠷ ᠨᠡᠶᠢᠲᠡᠯᠡᠵᠦ ᠬᠡᠷᠡᠭᠵᠢᠭᠦᠯᠪᠡ᠃ | | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭᠠᠨ ᠤ ᠡᠩᠨᠡᠭᠡᠨ ᠤ ᠵᠢᠩᠬᠢᠨᠢᠴᠢᠯᠡᠬᠦ ᠪᠠᠶᠢᠭᠤᠯᠤᠯᠲᠠ ᠶᠢ | ᠴᠢᠩᠭᠠᠳᠬᠠᠵᠤ᠂ ᠳᠣᠲᠣᠭᠠᠳᠤ ᠶᠠᠪᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠷᠠᠳ ᠤᠨ ᠴᠠᠭᠳᠠᠭᠠᠨ ᠤ ᠬᠠᠤᠯᠢ︾ ᠶᠢ ᠦᠨᠳᠦᠰᠦᠯᠡᠨ ᠲᠤᠰ ᠲᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠣᠲᠣᠭᠠᠳᠤ ᠶᠠᠪᠤᠳᠠᠯ ᠤᠨ ᠪᠠᠶᠢᠭᠤᠯᠤᠯᠲᠠ ᠶᠢᠨ ᠦᠨᠳᠦᠰᠦᠨ ᠡᠭᠦᠷᠭᠡ᠂ ᠵᠢᠷᠤᠮᠵᠢᠭᠰᠠᠨ | ᠠᠵᠢᠯ᠂ ᠰᠤᠷᠤᠯᠴᠠᠯᠭ᠎ᠠ᠂ ᠠᠮᠢᠳᠤᠷᠠᠯ ᠤᠨ ᠡᠮᠬᠢ ᠵᠢᠷᠤᠮ ᠢ ᠪᠠᠶᠢᠭᠤᠯᠬᠤ ᠪᠠᠷ ᠳᠠᠮᠵᠢᠭᠤᠯᠤᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ | ︵ᠳᠣᠷᠣᠭᠰᠢ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠭᠡᠵᠦ ᠲᠣᠪᠴᠢᠯᠠᠨ᠎ᠠ︶ ᠶᠢᠨ ᠰᠢᠯᠢᠳᠡᠭ ᠰᠠᠶᠢᠨ ᠰᠤᠷᠲᠠᠯ ᠪᠠ ᠴᠢᠩᠭ᠎ᠠ ᠰᠠᠬᠢᠯᠭ᠎ᠠ ᠪᠠᠲᠤ ᠶᠢ | ᠬᠥᠮᠦᠵᠢᠭᠦᠯᠵᠦ᠂ ᠠᠷᠠᠳ ᠤᠨ ᠴᠠᠭᠳᠠᠭ᠎ᠠ ᠶᠢᠨ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠲᠠᠶᠢᠴᠢᠨ | ᠬᠦᠴᠦᠨ ᠢ ᠳᠡᠭᠡᠭᠰᠢᠯᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠯᠠᠨ ᠳᠤ ᠦᠢᠯᠡᠴᠢᠯᠡᠬᠦ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ᠂ | ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠨ᠎ᠠ᠃ | ᠭᠤᠷᠪᠠᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠣᠲᠣᠭᠠᠳᠤ ᠶᠠᠪᠤᠳᠠᠯ ᠤᠨ ᠪᠠᠶᠢᠭᠤᠯᠤᠯᠲᠠ ᠳᠤ ᠴᠠᠭᠳᠠᠭ᠎ᠠ ᠶᠢ ᠴᠢᠩᠭ᠎ᠠ ᠵᠠᠰᠠᠬᠤ᠂ | ᠴᠠᠭᠳᠠᠭ᠎ᠠ ᠶᠢ ᠬᠠᠤᠯᠢ ᠶᠤᠰᠤᠭᠠᠷ ᠵᠠᠰᠠᠬᠤ ᠴᠢᠭᠯᠡᠯᠲᠡ ᠶᠢ ᠲᠤᠭᠤᠰᠢᠯᠠᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨᠵᠢ ᠴᠢᠨᠠᠷ᠂ ᠡᠭᠦᠷᠭᠡ ᠪᠠ | ᠣᠨᠴᠠᠯᠢᠭ ᠶᠤᠰᠤᠭᠠᠷ᠂ ᠥᠨᠳᠥᠷ ᠪᠦᠲᠦᠮᠵᠢᠲᠡᠶ ᠪᠥᠭᠡᠳ ᠪᠣᠳᠠᠲᠠᠶ ᠶᠢ ᠡᠷᠬᠢᠮᠯᠡᠬᠦ᠂ ᠬᠢᠨᠠᠯᠲᠠ ᠶᠢ ᠴᠢᠩᠭᠠᠳᠬᠠᠬᠤ᠂ ᠦᠨᠳᠦᠰᠦᠨ ᠱᠠᠲᠤ ᠶᠢ ᠪᠣᠳᠣᠯᠬᠢᠯᠠᠬᠤ ᠵᠠᠷᠴᠢᠮ ᠢ | ᠪᠠᠷᠢᠮᠲᠠᠯᠠᠵᠤ᠂ ᠲᠥᠪ ᠭᠤᠣᠯᠴᠢ ᠠᠷᠢᠭᠤᠨ ᠴᠢᠬᠡᠴᠢ᠂ ᠡᠷᠡᠯᠬᠡᠭ ᠪᠠᠭᠠᠲᠤᠷᠯᠢᠭ ᠢᠶᠠᠷ ᠪᠠᠶᠢᠯᠳᠤᠬᠤ᠂ ᠭᠤᠶᠠᠴᠢ ᠦᠭᠡᠢ ᠵᠢᠳᠭᠦᠬᠦ᠂ ᠪᠤᠰᠢᠭᠤ ᠱᠠᠯᠠᠮᠠᠭᠠᠶ ᠪᠠᠶᠢᠳᠠᠭ | ᠴᠠᠭᠳᠠᠭᠠᠨ ᠤ ᠰᠢᠯᠢᠳᠡᠭ ᠰᠤᠷᠲᠠᠯ ᠢ ᠪᠤᠢ ᠪᠣᠯᠭᠠᠨ᠎ᠠ᠃ | | ᠬᠤᠶᠠᠳᠤᠭᠠᠷ ᠪᠦᠯᠦᠭ ᠲᠠᠩᠭᠠᠷᠢᠭᠯᠠᠬᠤ | ᠳᠥᠷᠪᠡᠳᠦᠭᠡᠷ ᠵᠦᠢᠯ ᠲᠠᠩᠭᠠᠷᠢᠭᠯᠠᠬᠤ ᠪᠣᠯ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠥᠪᠡᠷ ᠤᠨ ᠡᠭᠦᠷᠭᠡᠯᠡᠵᠦ ᠪᠠᠶᠢᠭ᠎ᠠ ᠠᠷᠢᠭᠤᠨ | ᠲᠠᠷᠬᠠᠨ ᠲᠤᠰᠢᠶᠠᠯ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠳᠤ ᠪᠠᠨ ᠬᠢᠭᠰᠡᠨ ᠠᠮᠠᠯᠠᠯᠲᠠ ᠪᠠ ᠪᠠᠲᠤᠯᠠᠭ᠎ᠠ ᠮᠥᠨ᠃ ᠰᠢᠨ᠎ᠡ ᠪᠠᠷ ᠡᠯᠰᠡᠭᠳᠡᠭᠰᠡᠨ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠡᠷᠬᠡᠪᠰᠢ ᠲᠠᠩᠭᠠᠷᠢᠭᠯᠠᠬᠤ ᠬᠡᠷᠡᠭᠲᠡᠶ᠃ | ᠲᠠᠪᠤᠳᠤᠭᠠᠷ ᠵᠦᠢᠯ ᠲᠠᠩᠭᠠᠷᠢᠭᠯᠠᠬᠤ ᠲᠠᠩᠭᠠᠷᠢᠭ ᠤᠨ ᠦᠭᠡ | ᠪᠢ ᠲᠠᠩᠭᠠᠷᠢᠭᠯᠠᠶ᠎ᠠ᠄ ᠪᠢ ᠨᠢᠭᠡ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠴᠠᠭᠳᠠᠭ᠎ᠠ ᠪᠣᠯᠤᠨ᠎ᠠ ᠭᠡᠵᠦ ᠲᠠᠩᠭᠠᠷᠢᠭᠯᠠᠶ᠎ᠠ᠃ ᠪᠢ | ᠳᠤᠮᠳᠠᠳᠤ ᠤᠯᠤᠰ ᠤᠨ ᠡᠪ ᠬᠠᠮᠲᠤ ᠨᠠᠮ ᠳᠤ ᠪᠠᠨ ᠦᠨᠡᠨᠴᠢ ᠰᠢᠳᠤᠷᠭᠤ᠂ ᠡᠬᠡ ᠣᠷᠣᠨ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠪᠠᠨ ᠦᠨᠡᠨᠴᠢ | ᠰᠢᠳᠤᠷᠭᠤ᠂ ᠬᠠᠤᠯᠢ ᠴᠠᠭᠠᠵᠠ ᠳᠤ ᠦᠨᠡᠨᠴᠢ ᠰᠢᠳᠤᠷᠭᠤ ᠪᠠᠶᠢᠬᠤ ᠶᠢ ᠪᠠᠲᠤᠯᠠᠶ᠎ᠠ︔ ᠵᠠᠷᠯᠢᠭ ᠢ ᠳᠠᠭᠠᠵᠤ᠂ ᠵᠢᠯᠣᠭᠤᠳᠣᠯᠭ᠎ᠠ ᠶᠢ ᠰᠣᠨᠤᠰᠤᠨ᠎ᠠ︔ ᠰᠠᠬᠢᠯᠭ᠎ᠠ ᠪᠠᠲᠤ ᠶᠢ | ᠴᠢᠩᠭ᠎ᠠ ᠰᠠᠬᠢᠵᠤ᠂ ᠨᠢᠭᠤᠴᠠ ᠶᠢ ᠬᠠᠮᠠᠭᠠᠯᠠᠨ᠎ᠠ︔ ᠬᠠᠤᠯᠢ ᠶᠢ ᠭᠤᠤᠯᠴᠢ ᠪᠠᠷ ᠬᠡᠷᠡᠭᠵᠢᠭᠦᠯᠵᠦ᠂ ᠲᠥᠪ ᠭᠤᠤᠯᠴᠢ ᠠᠷᠢᠭᠤᠨ ᠴᠢᠬᠡᠴᠢ ᠪᠠᠶᠢᠨ᠎ᠠ︔ ᠡᠭᠦᠷᠭᠡ | ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠭᠡᠵᠦ᠂ ᠦᠷᠡᠭᠳᠡᠯ ᠰᠦᠢᠳᠦᠯ ᠠᠴᠠ ᠠᠶᠤᠬᠤ ᠦᠭᠡᠢ︔ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ | ᠦᠢᠯᠡᠴᠢᠯᠡᠨ᠎ᠡ᠃ ᠪᠢ ᠳᠤᠷᠠᠲᠠᠶ᠎ᠠ ᠡᠷᠬᠢᠮ ᠳᠡᠭᠡᠳᠦ ᠠᠷᠠᠳ ᠤᠨ ᠳᠣᠲᠣᠭᠠᠳᠤ ᠶᠢ ᠬᠠᠮᠠᠭᠠᠯᠠᠬᠤ ᠦᠢᠯᠡᠰ ᠲᠤ ᠪᠡᠶ᠎ᠡ ᠪᠠᠨ ᠵᠣᠷᠢᠭᠤᠯᠵᠤ᠂ ᠥᠪᠡᠷ ᠤᠨ ᠲᠠᠩᠭᠠᠷᠢᠭ ᠢᠶᠠᠨ | ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠨ᠎ᠡ︕ | ᠵᠢᠷᠭᠤᠳᠤᠭᠠᠷ ᠵᠦᠢᠯ ᠲᠠᠩᠭᠠᠷᠢᠭᠯᠠᠬᠤ ᠶᠢᠨ ᠦᠨᠳᠦᠰᠦᠨ ᠱᠠᠭᠠᠷᠳᠠᠯᠭ᠎ᠠ | ︵ᠨᠢᠭᠡ︶ ᠰᠢᠨ᠎ᠡ ᠪᠠᠷ ᠡᠯᠰᠡᠭᠳᠡᠭᠰᠡᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠠᠩᠬ᠎ᠠ ᠲᠤᠰᠢᠶᠠᠯ ᠳᠤ ᠭᠠᠷᠬᠤ ᠪᠣᠯᠪᠠᠰᠤᠷᠠᠯ ᠳᠤ ᠬᠢᠷᠢ | ᠲᠡᠩᠴᠡᠭᠰᠡᠨ ᠤ ᠳᠠᠷᠠᠭ᠎ᠠ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠠᠵᠢᠯᠯᠠᠵᠤ ᠪᠠᠶᠢᠭ᠎ᠠ ᠨᠢᠭᠡᠴᠢ ᠪᠤᠶᠤ ᠪᠣᠯᠪᠠᠰᠤᠷᠠᠭᠤᠯᠤᠯ ᠤᠨ ᠰᠤᠷᠭᠠᠭᠤᠯᠢ ᠠᠴᠠ ᠵᠣᠬᠢᠶᠠᠨ | ᠪᠠᠶᠢᠭᠤᠯᠵᠤ ᠲᠠᠩᠭᠠᠷᠢᠭᠯᠠᠬᠤ ᠬᠡᠷᠡᠭᠲᠡᠶ᠃ | ︵ᠬᠤᠶᠠᠷ︶ ᠲᠠᠩᠭᠠᠷᠢᠭᠯᠠᠬᠤ ᠠᠴᠠ ᠡᠮᠦᠨ᠎ᠡ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠳᠤᠷᠢᠳᠬᠤ ᠬᠥᠮᠦᠨ ᠲᠠᠩᠭᠠᠷᠢᠭᠯᠠᠭᠴᠢ ᠳᠤ ᠠᠷᠠᠳ ᠤᠨ | ᠴᠠᠭᠳᠠᠭᠠᠨ ᠤ ᠰᠢᠨᠵᠢ ᠴᠢᠨᠠᠷ᠂ ᠵᠣᠷᠢᠯᠲᠠ᠂ ᠡᠭᠦᠷᠭᠡ᠂ ᠰᠠᠬᠢᠯᠭ᠎ᠠ ᠪᠠᠲᠤ᠂ ᠣᠪᠣᠷ ᠰᠤᠷᠲᠠᠯ ᠵᠡᠷᠭᠡ ᠶᠢᠨ ᠬᠥᠮᠦᠵᠢᠯ ᠬᠢᠬᠦ ᠬᠡᠷᠡᠭᠲᠡᠶ᠃ | ︵ᠭᠤᠷᠪᠠ︶ ᠲᠠᠩᠭᠠᠷᠢᠭᠯᠠᠬᠤ ᠲᠠᠯᠠᠪᠤᠷ ᠲᠤ ᠴᠠᠭᠳᠠᠭᠠᠨ ᠤ ᠰᠦᠯᠳᠡ ᠡᠯᠭᠦᠬᠦ ᠬᠡᠷᠡᠭᠲᠡᠶ᠃ | ︵ᠲᠦᠷᠪᠡ︶ ᠲᠠᠩᠭᠠᠷᠢᠭᠯᠠᠬᠤ ᠳᠤ ᠣᠷᠣᠯᠴᠠᠭᠰᠠᠳ ᠲᠥᠪ ᠬᠢᠴᠢᠶᠡᠩᠭᠦᠢ ᠲᠥᠪ ᠴᠢᠩᠭ᠎ᠠ᠂ ᠬᠤᠪᠴᠠᠰᠤ ᠬᠤᠨᠠᠷ ᠲᠡᠷᠢ ᠲᠡᠭᠰᠢ᠂ ᠴᠠᠭᠳᠠᠭᠠᠨ ᠤ ᠲᠦᠷᠢ | ᠲᠥᠷᠬᠦ ᠲᠥᠪ ᠴᠢᠩᠭ᠎ᠠ ᠪᠠᠶᠢᠬᠤ ᠬᠡᠷᠡᠭᠲᠡᠢ᠃ | ᠳᠣᠯᠣᠳᠤᠭᠠᠷ ᠵᠦᠢᠯ ᠲᠠᠩᠭᠠᠷᠢᠭᠯᠠᠬᠤ ᠶᠣᠰᠣᠯᠠᠯ ᠤᠨ ᠭᠤᠣᠯ ᠳᠡᠰ ᠳᠠᠷᠠᠭ᠎ᠠ | ︵ᠨᠢᠭᠡ︶ ᠲᠠᠩᠭᠠᠷᠢᠭᠯᠠᠬᠤ ᠶᠡᠭᠡ ᠬᠤᠷᠠᠯ ᠡᠬᠢᠯᠡᠬᠦ᠃ | ︵ᠬᠤᠶᠠᠷ︶ ᠤᠯᠤᠰ ᠤᠨ ᠳᠠᠭᠤᠤ ᠬᠦᠭᠵᠢᠮᠳᠡᠬᠦ ︵ᠳᠠᠭᠤᠯᠠᠬᠤ︶᠃ | ︵ᠭᠤᠷᠪᠠ︶ ᠬᠥᠲᠥᠯᠥᠭᠴᠢ ᠶᠠᠷᠢᠶ᠎ᠠ ︵ᠲᠠᠩᠭᠠᠷᠢᠭᠯᠠᠬᠤ ᠶᠢᠨ ᠠᠴᠢ ᠬᠤᠯᠪᠣᠭᠳᠠᠯ᠂ ᠲᠠᠩᠭᠠᠷᠢᠭ ᠤᠨ ᠦᠭᠡ ᠶᠢᠨ ᠦᠨᠳᠦᠰᠦᠨ ᠵᠣᠷᠢᠭ ᠰᠠᠨᠠᠭ᠎ᠠ ᠶᠢ ᠲᠣᠪᠴᠢ | ᠲᠣᠳᠤᠷᠬᠠᠶᠢᠯᠠᠬᠤ︶ ᠲᠠᠯᠪᠢᠬᠤ᠃ | ︵ᠲᠦᠷᠪᠡ︶ ᠲᠠᠩᠭᠠᠷᠢᠭ ᠤᠨ ᠦᠭᠡ ᠶᠢ ᠤᠩᠰᠢᠬᠤ ︵ᠲᠠᠩᠭᠠᠷᠢᠭᠯᠠᠭᠴᠢ ᠲᠥᠪ ᠵᠣᠭᠰᠣᠵᠤ᠂ ᠪᠠᠷᠠᠭᠤᠨ ᠭᠠᠷ ᠤᠨ ᠨᠢᠳᠤᠷᠭ᠎ᠠ ᠪᠠᠨ ᠵᠠᠩᠭᠢᠳᠤᠨ ᠴᠢᠬᠢᠨ ᠤ | ᠬᠡᠰᠡᠭ ᠲᠤ ᠬᠦᠷᠭᠡᠵᠦ᠂ ᠤᠷᠢᠳᠴᠢᠯᠠᠨ ᠵᠢᠭᠠᠨ ᠲᠣᠭᠲᠠᠭᠠᠭᠰᠠᠨ ᠨᠢᠭᠡ ᠲᠠᠩᠭᠠᠷᠢᠭᠯᠠᠭᠴᠢ ᠣᠯᠠᠨ ᠤ ᠡᠮᠦᠨ᠎ᠡ ᠲᠠᠩᠭᠠᠷᠢᠭ ᠤᠨ ᠦᠭᠡ ᠶᠢ ᠥᠭᠦᠯᠡᠪᠦᠷᠢ ᠳᠠᠷᠠᠭᠠᠯᠠᠨ | ᠳᠠᠭᠠᠭᠤᠯᠤᠨ ᠤᠩᠰᠢᠨ᠎ᠠ᠂ ᠪᠤᠰᠤᠳ ᠬᠥᠮᠦᠨ ᠥᠨᠳᠥᠷ ᠲᠠᠭᠤᠨ ᠢᠶᠠᠷ ᠳᠠᠪᠲᠠᠨ ᠤᠩᠰᠢᠨ᠎ᠠ︶᠃ | ︵ᠲᠠᠪᠤ︶ ᠲᠠᠩᠭᠠᠷᠢᠭᠯᠠᠭᠴᠢ ᠶᠢᠨ ᠲᠥᠯᠥᠭᠡᠯᠡᠭᠴᠢ ᠶᠠᠷᠢᠶ᠎ᠠ ᠲᠠᠯᠪᠢᠬᠤ᠃ | ︵ᠵᠢᠷᠭᠤᠭ᠎ᠠ︶ ᠤᠳᠤᠷᠢᠳᠤᠯᠭ᠎ᠠ ᠶᠠᠷᠢᠶ᠎ᠠ ᠲᠠᠯᠪᠢᠬᠤ᠃ | ︵ᠲᠤᠯᠤᠭ᠎ᠠ︶ ᠴᠠᠭᠳᠠᠭᠠᠨ ᠤ ᠳᠠᠭᠤᠤ ᠬᠦᠭᠵᠢᠮᠳᠡᠬᠦ ︵ᠳᠠᠭᠤᠯᠠᠬᠤ︶᠃ | ︵ᠨᠠᠢᠮᠠ︶ ᠲᠠᠩᠭᠠᠷᠢᠭᠯᠠᠬᠤ ᠶᠡᠭᠡ ᠬᠤᠷᠠᠯ ᠳᠡᠭᠦᠰᠬᠦ᠃ | ᠲᠠᠩᠭᠠᠷᠢᠭᠯᠠᠬᠤ ᠳᠤ ᠪᠠᠨ ᠬᠡᠷᠪᠡ ᠴᠣᠯᠠ ᠣᠯᠭᠤᠬᠤ᠂ ᠬᠤᠪᠴᠠᠰᠤ ᠬᠤᠨᠠᠷ ᠥᠭᠬᠦ ᠲᠠᠢ ᠤᠶᠠᠯᠳᠤᠭᠤᠯᠤᠨ ᠬᠢᠬᠦ ᠳᠤ ᠬᠦᠷᠪᠡᠯ᠂ ᠤᠷᠢᠳ ᠢᠶᠠᠷ ᠴᠣᠯᠠ ᠣᠯᠭᠤᠨ᠂ | ᠬᠤᠪᠴᠠᠰᠤ ᠬᠤᠨᠠᠷ ᠥᠭᠴᠦ᠂ ᠳᠠᠷᠠᠭ᠎ᠠ ᠨᠢ ᠲᠠᠩᠭᠠᠷᠢᠭ ᠤᠨ ᠦᠭᠡᠰ ᠢᠶᠠᠨ ᠤᠩᠰᠢᠬᠤ ᠬᠡᠷᠡᠭᠲᠡᠶ᠃ | | ᠭᠤᠷᠪᠠᠳᠤᠭᠠᠷ ᠪᠦᠯᠦᠭ ᠲᠣᠳᠤᠭᠠᠳᠤ ᠬᠠᠷᠢᠴᠠᠭ᠎ᠠ | ᠨᠠᠢᠮᠠᠳᠤᠭᠠᠷ ᠵᠦᠢᠯ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠲᠤᠰᠢᠶᠠᠯ ᠤᠨ ᠶᠡᠭᠡ ᠪᠠᠭ᠎ᠠ ᠶᠢᠨ ᠢᠯᠭᠠᠯ ᠦᠭᠡᠢ᠂ ᠤᠯᠤᠰ ᠲᠥᠷᠥ ᠶᠢᠨ | ᠲᠠᠯ᠎ᠠ ᠪᠠᠷ ᠪᠦᠷ ᠡᠷᠬᠡ ᠲᠡᠭᠰᠢ᠂ ᠬᠤᠭᠤᠷᠣᠨᠳᠣ ᠪᠠᠨ ᠨᠥᠬᠦᠷ ᠶᠣᠰᠣᠨ ᠤ ᠬᠠᠷᠢᠴᠠᠭ᠎ᠠ ᠲᠠᠢ᠃ | ᠶᠢᠰᠦᠳᠦᠭᠡᠷ ᠵᠦᠢᠯ ᠲᠣᠳᠤᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠵᠠᠰᠠᠭ ᠵᠠᠬᠢᠷᠭᠠᠨ ᠤ ᠲᠤᠰᠢᠶᠠᠯ ᠪᠠ ᠴᠠᠭᠳᠠᠭ᠎ᠠ ᠶᠢᠨ ᠴᠣᠯᠠ ᠶᠢ | ᠦᠨᠳᠦᠰᠦᠯᠡᠨ᠂ ᠳᠡᠭᠡᠳᠦ ᠳᠡᠰ ᠪᠠ ᠲᠤᠤᠷᠠᠳᠤ ᠳᠡᠰ ᠵᠢᠴᠢ ᠠᠳᠠᠯᠢ ᠵᠡᠷᠭᠡ ᠳᠡᠰ ᠤᠨ ᠬᠠᠷᠢᠴᠠᠭ᠎ᠠ ᠶᠢ ᠪᠦᠷᠢᠯᠳᠦᠭᠦᠯᠦᠨ᠎ᠡ᠃ ᠵᠠᠰᠠᠭ ᠵᠠᠬᠢᠷᠭᠠᠨ ᠤ ᠲᠤᠰᠢᠶᠠᠯ ᠢᠶᠠᠷ | ᠥᠨᠳᠥᠷ ᠨᠢ ᠳᠡᠭᠡᠳᠦ ᠳᠡᠰ ᠪᠣᠯᠤᠨ᠎ᠠ᠂ ᠵᠠᠰᠠᠭ ᠵᠠᠬᠢᠷᠭᠠᠨ ᠤ ᠲᠤᠰᠢᠶᠠᠯ ᠢᠶᠠᠷ ᠳᠣᠣᠷ᠎ᠠ ᠨᠢ ᠲᠤᠤᠷᠡᠳᠦ ᠳᠡᠰ ᠪᠣᠯᠤᠨ᠎ᠠ᠂ ᠵᠠᠰᠠᠭ ᠵᠠᠬᠢᠷᠭᠠᠨ ᠤ ᠲᠤᠰᠢᠶᠠᠯ ᠢᠶᠠᠷ | ᠲᠡᠩᠴᠡᠭᠦᠦ ᠨᠢ ᠠᠳᠠᠯᠢ ᠵᠡᠷᠭᠡ ᠳᠡᠰ ᠪᠣᠯᠤᠨ᠎ᠠ᠃ ᠬᠠᠷᠢᠯᠴᠠᠨ ᠵᠠᠰᠠᠭ ᠵᠠᠬᠢᠷᠭᠠᠨ ᠤ ᠲᠤᠰᠢᠶᠠᠯ ᠢ ᠮᠡᠳᠡᠬᠦ ᠦᠭᠡᠢ ᠦᠶ᠎ᠡ ᠳᠤ ᠴᠠᠭᠳᠠᠭ᠎ᠠ ᠶᠢᠨ ᠴᠣᠯᠠ ᠥᠨᠳᠥᠷ ᠨᠢ | ᠳᠡᠭᠡᠳᠦ ᠳᠡᠰ᠂ ᠴᠠᠭᠳᠠᠭ᠎ᠠ ᠶᠢᠨ ᠴᠣᠯᠠ ᠳᠣᠣᠷ᠎ᠠ ᠨᠢ ᠳᠤᠤᠷᠠᠳᠤ ᠳᠠᠰ᠂ ᠴᠠᠭᠳᠠᠭ᠎ᠠ ᠶᠢᠨ ᠴᠣᠯᠠ ᠠᠳᠠᠯᠢ ᠨᠢ ᠠᠳᠠᠯᠢ ᠵᠡᠷᠭᠡ ᠳᠡᠰ ᠪᠣᠯᠤᠨ᠎ᠠ᠃ | ᠠᠷᠪᠠᠳᠤᠭᠠᠷ ᠵᠦᠢᠯ ᠳᠡᠭᠡᠳᠦ ᠳᠠᠰ ᠨᠢ ᠲᠤᠤᠷᠡᠳᠦ ᠳᠡᠰ ᠢᠶᠠᠨ ᠬᠠᠯᠠᠮᠵᠢᠯᠠᠨ ᠬᠠᠶᠢᠷᠠᠯᠠᠵᠤ᠂ ᠴᠢᠩᠭ᠎ᠠ ᠬᠠᠮᠢᠶᠠᠷᠬᠤ ᠬᠡᠷᠡᠭᠲᠡᠶ᠃ ᠲᠤᠤᠷᠡᠳᠦ ᠳᠡᠰ ᠨᠢ ᠳᠡᠭᠡᠳᠦ | ᠳᠡᠰ ᠢᠶᠠᠨ ᠲᠡᠭᠠᠬᠤ ᠬᠡᠷᠡᠭᠲᠡᠶ᠃ ᠠᠳᠠᠯᠢ ᠳᠡᠰ ᠤᠨ ᠬᠤᠭᠤᠷᠣᠨᠳᠣ ᠪᠠᠨ ᠳᠡᠭᠡᠳᠦ ᠳᠡᠰ ᠤᠨ ᠤᠳᠤᠷᠢᠳᠤᠯᠭ᠎ᠠ ᠶᠢᠨ ᠳᠣᠣᠷ᠎ᠠ ᠲᠤᠰᠢᠶᠠᠯ ᠬᠠᠷᠢᠭᠤᠴᠠᠯᠭ᠎ᠠ ᠪᠠᠨ ᠴᠢᠩᠭ᠎ᠠ | ᠭᠦᠢᠴᠡᠳᠬᠡᠵᠦ᠂ ᠢᠳᠡᠪᠬᠢᠲᠡᠶ ᠪᠠᠷ ᠬᠠᠮᠲᠤᠷᠠᠨ ᠠᠵᠢᠯᠯᠠᠵᠤ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠳᠡᠮᠵᠢᠬᠦ ᠬᠡᠷᠡᠭᠲᠡᠶ᠃ | ᠠᠷᠪᠠᠨ ᠨᠢᠭᠡᠳᠦᠭᠡᠷ ᠵᠦᠢᠯ ᠳᠡᠭᠡᠲᠥ ᠱᠠᠳᠤ ᠨᠢ ᠲᠤᠤᠷᠠᠳᠤ ᠱᠠᠳᠤ ᠳᠤ ᠪᠠᠨ ᠵᠠᠷᠯᠢᠭ ᠪᠠᠭᠤᠯᠭᠠᠬᠤ ᠡᠷᠬᠡ ᠲᠠᠢ᠃ ᠵᠠᠷᠯᠢᠭ ᠢ ᠶᠡᠷᠦ ᠳᠤ ᠪᠠᠨ ᠱᠠᠳᠤ ᠱᠠᠳᠤ ᠪᠠᠷ | ᠪᠠᠭᠤᠯᠭᠠᠨ᠎ᠠ᠂ ᠪᠠᠶᠢᠳᠠᠯ ᠪᠠᠴᠢᠮ ᠦᠶ᠎ᠡ ᠳᠤ ᠱᠠᠳᠤ ᠠᠯᠤᠰᠯᠠᠨ ᠪᠠᠭᠤᠯᠭᠠᠭᠰᠠᠨ ᠴᠤ ᠪᠣᠯᠤᠨ᠎ᠠ᠃ ᠱᠠᠳᠤ ᠠᠯᠤᠰᠯᠠᠨ ᠵᠠᠷᠯᠢᠭ ᠪᠠᠭᠤᠯᠭᠠᠬᠤ ᠳᠤ ᠪᠠᠨ ᠤᠨᠴᠠᠭᠠᠢ | ᠪᠠᠶᠢᠳᠠᠯ ᠢ ᠭᠠᠷᠭᠠᠪᠠᠯ᠂ ᠵᠠᠷᠯᠢᠭ ᠪᠠᠭᠤᠯᠭᠠᠭᠰᠠᠨ ᠳᠡᠭᠡᠳᠦ ᠱᠠᠳᠤ ᠨᠢ ᠪᠠᠭᠤᠯᠭᠠᠭᠰᠠᠨ ᠵᠠᠷᠯᠢᠭ ᠢᠶᠠᠨ ᠵᠠᠷᠯᠢᠭ ᠬᠦᠯᠢᠶᠡᠭᠴᠢ ᠶᠢᠨ ᠰᠢᠭᠤᠳ ᠳᠡᠭᠡᠳᠦ ᠱᠠᠲᠤᠨ ᠳᠤ | ᠮᠡᠳᠡᠭᠳᠡᠬᠦ ᠬᠡᠷᠡᠭᠲᠡᠶ᠃ | ᠵᠠᠷᠯᠢᠭ ᠢ ᠪᠠᠭᠤᠯᠭᠠᠭᠰᠠᠨ ᠤ ᠲᠡᠷᠠᠭ᠎ᠠ᠂ ᠳᠡᠭᠡᠳᠦ ᠱᠡᠳᠦ ᠨᠢ ᠲᠤᠤᠷᠡᠳᠦ ᠱᠠᠲᠤᠨ ᠤ ᠪᠠᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠴᠠᠭ ᠲᠤᠬᠠᠶ ᠳᠤ ᠨᠢ ᠪᠠᠶᠢᠴᠠᠭᠠᠬᠤ | ᠬᠡᠷᠡᠭᠲᠡᠶ︔ ᠬᠡᠷᠪᠡ ᠪᠠᠶᠢᠳᠠᠯ ᠳᠤ ᠬᠤᠪᠢᠷᠠᠯᠲᠠ ᠭᠠᠷᠪᠠᠯ᠂ ᠨᠥᠬᠦᠪᠥᠷᠢ ᠵᠠᠷᠯᠢᠭ ᠪᠤᠶᠤ ᠰᠢᠨ᠎ᠡ ᠵᠠᠷᠯᠢᠭ ᠢ ᠴᠠᠭ ᠲᠤᠬᠠᠶ ᠳᠤ ᠨᠢ ᠪᠠᠭᠤᠯᠭᠠᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠲᠤᠤᠷᠡᠳᠦ ᠱᠡᠳᠦ ᠨᠢ ᠳᠡᠭᠡᠳᠦ ᠱᠠᠲᠤᠨ ᠤ ᠪᠠᠨ ᠵᠠᠷᠯᠢᠭ ᠢ ᠡᠷᠬᠡᠪᠰᠢ ᠡᠷᠡᠰ ᠬᠡᠷᠡᠭᠵᠢᠭᠦᠯᠬᠦ ᠬᠡᠷᠡᠭᠲᠡᠶ ᠪᠥᠭᠡᠳ ᠬᠡᠷᠡᠭᠵᠢᠭᠦᠯᠦᠭᠰᠡᠨ | ᠪᠠᠶᠢᠳᠠᠯ ᠢᠶᠠᠨ ᠳᠡᠭᠡᠳᠦ ᠱᠠᠲᠤᠨ ᠳᠤ ᠪᠠᠨ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ ᠲᠤᠤᠷᠡᠳᠦ ᠱᠡᠳᠦ ᠨᠢ ᠬᠡᠷᠪᠡ ᠵᠠᠷᠯᠢᠭ ᠢ ᠪᠣᠳᠠᠲᠤ ᠪᠠᠶᠢᠳᠠᠯ ᠲᠠᠢ ᠨᠡᠶᠢᠴᠡᠬᠦ | ᠤᠢᠭᠡᠢ ᠭᠠᠵᠠᠷ ᠪᠠᠶᠢᠨ᠎ᠠ ᠭᠡᠵᠦ ᠦᠵᠡᠪᠡᠯ ᠰᠠᠨᠠᠭᠤᠯᠭ᠎ᠠ ᠭᠠᠷᠭᠠᠵᠤ ᠪᠣᠯᠤᠨ᠎ᠠ᠂ ᠭᠡᠪᠡᠴᠦ ᠳᠡᠭᠡᠳᠦ ᠱᠡᠳᠦ ᠨᠢ ᠵᠠᠷᠯᠢᠭ ᠢ ᠬᠤᠪᠢᠷᠠᠭᠤᠯᠤᠭᠰᠠᠨ ᠤᠢᠭᠡᠢ ᠦᠶ᠎ᠡ ᠳᠤ ᠮᠥᠨ | ᠡᠷᠡᠰ ᠬᠡᠷᠡᠭᠵᠢᠭᠦᠯᠬᠦ ᠬᠡᠷᠡᠭᠲᠡᠶ᠃ | ᠭᠦᠢᠴᠡᠳᠬᠡᠬᠦ ᠶᠠᠪᠤᠴᠠ ᠳᠤ ᠬᠡᠷᠪᠡ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠤᠭ ᠤᠨ ᠵᠠᠷᠯᠢᠭ ᠢ ᠦᠨᠡᠬᠡᠷ ᠦᠷᠭᠦᠯᠵᠢᠯᠡᠨ ᠬᠡᠷᠡᠭᠵᠢᠭᠦᠯᠬᠦ ᠶᠢᠨ | ᠠᠷᠭ᠎ᠠ ᠦᠭᠡᠢ ᠪᠥᠭᠡᠳ ᠪᠠᠰᠠ ᠳᠡᠭᠡᠳᠦ ᠱᠠᠲᠤᠨ ᠳᠤ ᠮᠡᠳᠡᠭᠦᠯᠵᠦ ᠠᠮᠵᠢᠬᠤ ᠦᠭᠡᠢ ᠪᠤᠶᠤ ᠵᠢᠭᠠᠪᠤᠷᠢ ᠠᠪᠴᠤ ᠮᠡᠳᠡᠭᠦᠯᠬᠦ ᠶᠢᠨ ᠠᠷᠭ᠎ᠠ ᠦᠭᠡᠢ ᠪᠠᠶᠢᠪᠠᠯ᠂ ᠳᠡᠭᠡᠳᠦ | ᠱᠠᠲᠤᠨ ᠤ ᠦᠨᠳᠦᠰᠦᠨ ᠰᠠᠨᠠᠭ᠎ᠠ ᠶᠢ ᠦᠨᠳᠦᠰᠦᠯᠡᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠵᠣᠷᠢᠭ ᠰᠠᠨᠠᠭ᠎ᠠ ᠪᠠᠷ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ | ᠡᠷᠡᠰ ᠰᠢᠭᠤᠷᠬᠠᠶ ᠪᠠᠷ ᠠᠵᠢᠯᠯᠠᠵᠤ᠂ ᠡᠭᠦᠷᠭᠡ ᠪᠠᠨ ᠡᠷᠡᠰ ᠪᠡᠶᠡᠯᠡᠭᠦᠯᠵᠦ᠂ ᠬᠡᠷᠡᠭ ᠤᠨ ᠲᠠᠷᠠᠭ᠎ᠠ ᠳᠡᠭᠡᠳᠦ ᠱᠠᠲᠤᠨ ᠳᠤ ᠳᠠᠷᠤᠶ ᠲᠦᠷᠭᠡᠨ ᠮᠡᠳᠡᠭᠦᠯᠬᠦ ᠬᠡᠷᠡᠭᠲᠡᠶ᠃ | ᠲᠤᠤᠷᠡᠳᠦ ᠱᠡᠳᠦ ᠨᠢ ᠱᠡᠳᠦ ᠠᠯᠤᠰᠯᠠᠨ ᠪᠠᠭᠤᠯᠭᠠᠭᠰᠠᠨ ᠵᠠᠷᠯᠢᠭ ᠢ ᠬᠦᠯᠢᠶᠡᠵᠦ ᠠᠪᠤᠪᠠᠯ ᠡᠷᠬᠡᠪᠰᠢ ᠡᠷᠡᠰ ᠬᠡᠷᠡᠭᠵᠢᠭᠦᠯᠬᠦ ᠬᠡᠷᠡᠭᠲᠡᠶ᠃ ᠵᠠᠷᠯᠢᠭ ᠪᠠᠭᠤᠯᠭᠠᠭᠰᠠᠨ | ᠪᠠᠶᠢᠭᠤᠯᠭ᠎ᠠ ᠲᠣᠳᠣᠷᠬᠠᠶ ᠱᠠᠭᠠᠷᠳᠠᠯᠭ᠎ᠠ ᠲᠠᠢ ᠪᠠᠶᠢᠬᠤ ᠶᠢ ᠭᠠᠷᠭᠠᠪᠠᠯ᠂ ᠬᠡᠷᠡᠭᠵᠢᠭᠦᠯᠬᠦ ᠶᠢᠨ ᠬᠠᠮᠲᠤ ᠰᠢᠭᠤᠳ ᠳᠡᠭᠡᠳᠦ ᠱᠠᠲᠤᠨ ᠳᠤ ᠮᠡᠳᠡᠭᠦᠯᠬᠦ ᠬᠡᠷᠡᠭᠲᠡᠶ︔ ᠶᠠᠮᠠᠷ | ᠨᠢᠭᠡᠨ ᠰᠢᠯᠲᠠᠭᠠᠨ ᠠᠴᠠ ᠪᠤᠯᠵᠤ ᠴᠠᠭ ᠲᠤᠬᠠᠶ ᠳᠤ ᠨᠢ ᠮᠡᠳᠡᠭᠦᠯᠵᠦ ᠴᠢᠳᠠᠬᠤ ᠦᠭᠡᠢ ᠪᠠᠶᠢᠪᠠᠯ᠂ ᠪᠠᠶᠢᠳᠠᠯ ᠵᠥᠪᠰᠢᠶᠡᠷᠡᠬᠦ ᠦᠶ᠎ᠡ ᠳᠤ ᠳᠠᠷᠤᠶ ᠲᠦᠷᠭᠡᠨ ᠨᠥᠬᠦᠪᠥᠷᠢᠯᠡᠨ | ᠮᠡᠳᠡᠭᠦᠯᠬᠦ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠠᠳᠠᠯᠢ ᠪᠤᠰᠤ ᠪᠠᠶᠢᠭᠤᠯᠤᠮᠵᠢ ᠶᠢᠨ ᠳᠦᠷᠢᠮᠲᠦ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠮᠲᠤ ᠪᠠᠷ ᠡᠭᠦᠷᠭᠡ | ᠭᠦᠢᠴᠡᠳᠬᠡᠬᠦ ᠳᠤ᠂ ᠳᠡᠭᠡᠳᠦ ᠱᠠᠲᠤᠨ ᠠᠴᠠ ᠪᠠᠨ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠤ ᠤᠳᠤᠷᠢᠳᠤᠯᠭ᠎ᠠ ᠪᠠ ᠵᠢᠯᠤᠭᠤᠳᠤᠯᠭ᠎ᠠ ᠶᠢ ᠳᠠᠭᠠᠬᠤ ᠬᠡᠷᠡᠭᠲᠡᠶ᠃ | ᠬᠡᠷᠪᠡ ᠲᠤᠮᠤ ᠴᠢᠬᠤᠯᠠ ᠠᠮᠤᠷ ᠢ ᠬᠠᠮᠠᠭᠠᠯᠠᠬᠤ ᠬᠡᠷᠡᠭ᠂ ᠲᠣᠮᠤ ᠶᠡᠭᠡ ᠡᠷᠡᠭᠦᠦ ᠶᠢᠨ ᠬᠡᠷᠡᠭ᠂ ᠲᠣᠮᠤ ᠶᠡᠭᠡ ᠪᠠᠶᠢᠭᠠᠯᠢ ᠶᠢᠨ ᠭᠠᠮᠰᠢᠭ ᠤᠨ ᠡ᠊ᠨᠳᠡᠯ᠂ ᠤᠷᠪᠠᠯᠭᠠᠨ᠂ | ᠦᠢᠮᠡᠭᠡᠨ ᠳᠡᠪᠵᠢᠶᠡᠨ ᠵᠢᠴᠢ ᠣᠷᠭᠤᠳᠠᠭᠤᠯ ᠬᠡᠷᠡᠭᠲᠡᠨ ᠢ ᠨᠡᠬᠡᠮᠵᠢᠯᠡᠨ ᠪᠠᠷᠢᠪᠴᠢᠯᠠᠬᠤ ᠵᠡᠷᠭᠡ ᠪᠠᠴᠢᠮ ᠪᠠᠶᠢᠳᠠᠯ ᠭᠠᠷᠪᠠᠯ᠂ ᠪᠠᠶᠢᠭᠤᠯᠤᠮᠵᠢ ᠶᠢᠨ ᠲᠦᠷᠢᠮ ᠨᠢ ᠲᠣᠳᠣᠷᠬᠠᠶ | ᠦᠭᠡᠢ ᠦᠶ᠎ᠡ ᠳᠤ ᠵᠠᠰᠠᠭ ᠵᠠᠬᠢᠷᠭᠠᠨ ᠤ ᠲᠤᠰᠢᠶᠠᠯ ᠥᠨᠳᠥᠷ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠠᠴᠠ ᠬᠠᠷᠢᠭᠤᠴᠠᠨ ᠵᠢᠯᠣᠭᠤᠳᠤᠨ᠎ᠠ︔ ᠵᠠᠰᠠᠭ | ᠵᠠᠬᠢᠷᠭᠠᠨ ᠤ ᠲᠤᠰᠢᠶᠠᠯ ᠤᠨ ᠶᠡᠭᠡ ᠪᠠᠭ᠎ᠠ ᠶᠢ ᠲᠦᠷ ᠢᠯᠭᠠᠬᠤ ᠳᠤ ᠪᠡᠷᠬᠡᠲᠡᠶ ᠦᠶ᠎ᠡ ᠳᠤ᠂ ᠵᠠᠰᠠᠭ ᠵᠠᠬᠢᠷᠭᠠᠨ ᠤ ᠴᠠᠭᠳᠠᠭ᠎ᠠ ᠶᠢᠨ ᠴᠣᠯᠠ ᠥᠨᠳᠥᠷ ᠳᠣᠲᠣᠭᠠᠳᠤ ᠶᠢ | ᠬᠠᠮᠠᠭᠠᠯᠠᠬᠤ ᠠᠷᠠᠳ ᠤᠨ ᠴᠠᠭᠳᠠᠭ᠎ᠠ ᠠᠴᠠ ᠬᠠᠷᠢᠭᠤᠴᠠᠨ ᠵᠢᠯᠣᠭᠤᠳᠤᠨ᠎ᠠ᠃ | ᠠᠷᠪᠠᠨ ᠳᠥᠷᠪᠡᠳᠦᠭᠡᠷ ᠵᠦᠢᠯ ᠳᠣᠲᠣᠭᠠᠳᠤ ᠶᠢ ᠬᠠᠮᠠᠭᠠᠯᠠᠬᠤ ᠪᠠᠢᠭᠤᠯᠭ᠎ᠠ ᠨᠤᠭᠤᠳ ᠬᠤᠭᠤᠷᠣᠨᠳᠣ ᠪᠠᠨ ᠵᠢᠴᠢ ᠡᠯ᠎ᠡ ᠴᠠᠭᠳᠠᠭᠠᠨ ᠤ ᠲᠥᠷᠥᠯ᠂ ᠰᠠᠯᠠᠭ᠎ᠠ | ᠮᠥᠴᠢᠷ ᠤᠨ ᠬᠤᠭᠤᠷᠣᠨᠳᠣ ᠪᠠᠨ ᠲᠤᠰ ᠲᠤᠰ ᠤᠨ ᠡᠭᠦᠷᠭᠡ ᠲᠤᠰᠢᠶᠠᠯ ᠪᠣᠯᠤᠨ ᠠᠵᠢᠯ ᠤᠨ ᠬᠤᠪᠢᠶᠠᠷᠢᠯᠠᠯ ᠶᠤᠰᠤᠭᠠᠷ ᠨᠢᠭᠲᠠ ᠬᠠᠮᠵᠢᠯᠴᠠᠨ᠂ ᠬᠠᠷᠢᠯᠴᠠᠨ ᠳᠠᠮᠵᠢᠵᠤ᠂ | ᠵᠣᠬᠢᠴᠠᠩᠭᠤᠶ ᠪᠦᠭᠡᠳ ᠨᠢᠭᠡᠳᠦᠯᠲᠡᠶ ᠪᠠᠷ ᠠᠵᠢᠯᠯᠠᠬᠤ ᠬᠡᠷᠡᠭᠲᠡᠶ᠃ | | ᠳᠥᠷᠪᠡᠳᠦᠭᠡᠷ ᠪᠦᠯᠦᠭ ᠴᠠᠭᠳᠠᠭᠠᠨ ᠤ ᠵᠢᠪᠬᠤᠭ᠎ᠠ ᠰᠤᠷᠲᠠᠯ | ᠠᠷᠪᠠᠨ ᠲᠠᠪᠤᠳᠤᠭᠠᠷ ᠵᠦᠢᠯ ᠡᠮᠦᠰᠭᠡᠯ ᠵᠠᠰᠠᠯ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠶᠢᠨ ᠡᠮᠦᠰᠬᠡᠯ ᠵᠠᠰᠠᠯ ᠤᠨ | ᠬᠠᠮᠢᠶᠠᠷᠤᠯᠲᠠ ᠶᠢᠨ ᠲᠣᠭᠲᠠᠭᠠᠯ︾ ᠤᠨ ᠶᠣᠰᠣᠭᠠᠷ ᠴᠠᠭᠳᠠᠭᠠᠨ ᠤ ᠬᠤᠪᠴᠠᠰᠤ ᠪᠠᠨ ᠡᠮᠦᠰᠴᠦ᠂ ᠴᠠᠭᠳᠠᠭᠠᠨ ᠤ ᠳᠦᠷᠢ ᠲᠥᠷᠬᠦ ᠪᠠᠨ ᠲᠥᠪ ᠴᠢᠩᠭ᠎ᠠ ᠪᠠᠶᠢᠯᠭᠠᠬᠤ | ᠬᠡᠷᠡᠭᠲᠡᠶ᠃ | ︵ᠨᠢᠭᠡ︶ ᠡᠮᠦᠰᠴᠦ ᠵᠡᠭᠦᠬᠦ ᠳᠤ ᠲᠣᠬᠢᠷᠠᠮᠵᠢ ᠤᠢᠭᠡᠢ ᠪᠤᠶᠤ ᠡᠮᠦᠰᠬᠦ ᠴᠢᠬᠤᠯᠠ ᠤᠢᠭᠡᠢ ᠪᠠᠶᠢᠳᠠᠯ ᠢ ᠭᠠᠷᠭᠠᠪᠠᠯ᠂ ᠠᠵᠢᠯᠯᠠᠬᠤ ᠴᠠᠭ ᠲᠤ ᠡᠷᠬᠡᠪᠰᠢ ᠴᠠᠭᠳᠠᠭᠠᠨ ᠤ | ᠬᠤᠪᠴᠠᠰᠤ ᠡᠮᠦᠰᠬᠦ ᠬᠡᠷᠡᠭᠲᠡᠶ᠃ | ︵ᠬᠤᠶᠠᠷ︶ ᠴᠠᠭᠳᠠᠭᠠᠨ ᠤ ᠬᠤᠪᠴᠠᠰᠤ ᠶᠢ ᠢᠵᠢ ᠪᠦᠷᠢᠳᠦᠭᠦᠯᠦᠨ ᠡᠮᠦᠰᠬᠦ ᠬᠡᠷᠡᠭᠲᠡᠶ᠂ ᠠᠳᠠᠯᠢ ᠪᠤᠰᠤ ᠳᠦᠷᠢᠮᠲᠦ ᠴᠠᠭᠳᠠᠭᠠᠨ ᠤ ᠬᠤᠪᠴᠠᠰᠤ ᠶᠢ | ᠬᠤᠯᠢᠯᠳᠤᠭᠤᠯᠤᠨ ᠡᠮᠦᠰᠴᠦ ᠪᠣᠯᠬᠤ ᠤᠢᠭᠡᠢ᠃ | ︵ᠭᠤᠷᠪᠠ︶ ᠴᠠᠭᠳᠠᠭᠠᠨ ᠤ ᠴᠣᠯᠠ ᠶᠢᠨ ᠲᠡᠮᠳᠡᠭ᠂ ᠰᠡᠷᠡᠮᠵᠢ ᠶᠢᠨ ᠳᠣᠬᠢᠶ᠎ᠠ᠂ ᠡᠩᠭᠡᠷ ᠤᠨ ᠰᠦᠯᠳᠡ᠂ ᠮᠠᠯᠠᠭᠠᠢ ᠶᠢᠨ ᠰᠦᠯᠳᠡ᠂ ᠵᠠᠭᠠᠮ᠎ᠠ ᠶᠢᠨ ᠴᠡᠴᠡᠭ᠂ | ᠬᠠᠨᠴᠤᠢ ᠶᠢᠨ ᠲᠡᠮᠳᠡᠭ ᠵᠡᠷᠭᠡ ᠶᠢ ᠵᠢᠷᠤᠮᠵᠢᠭᠤᠯᠤᠨ ᠬᠠᠳᠠᠵᠤ ᠵᠡᠭᠦᠬᠦ ᠬᠡᠷᠡᠭᠲᠡᠢ᠂ ᠠᠷᠠᠳ ᠤᠨ ᠴᠠᠭᠳᠠᠭᠠᠨ ᠤ ᠪᠡᠶ᠎ᠡ ᠬᠡᠮ ᠪᠤᠶᠤ ᠠᠯᠪᠠᠨ ᠶᠠᠪᠤᠳᠠᠯ ᠭᠦᠢᠴᠡᠳᠬᠡᠬᠦ ᠲᠠᠢ | ᠬᠤᠯᠪᠣᠭᠳᠠᠯ ᠤᠢᠭᠡᠢ ᠪᠤᠰᠤᠳ ᠲᠡᠮᠳᠡᠭ ᠢ ᠵᠡᠭᠦᠵᠦ ᠪᠣᠯᠬᠤ ᠤᠢᠭᠡᠢ᠃ | ︵ᠲᠦᠷᠪᠡ︶ ᠴᠠᠭᠳᠠᠭᠠᠨ ᠤ ᠬᠤᠪᠴᠠᠰᠤ᠂ ᠴᠣᠯᠠ ᠶᠢᠨ ᠲᠡᠮᠳᠡᠭ᠂ ᠰᠡᠷᠡᠮᠵᠢ ᠶᠢᠨ ᠲᠤᠬᠢᠶ᠎ᠠ᠂ ᠡᠩᠭᠡᠷ ᠤᠨ ᠰᠦᠯᠳᠡ᠂ ᠮᠠᠯᠠᠭᠠᠶ ᠶᠢᠨ ᠰᠦᠯᠳᠡ᠂ ᠵᠠᠭᠠᠮ᠎ᠠ ᠶᠢᠨ | ᠴᠡᠴᠡᠭ᠂ ᠬᠠᠨᠴᠤᠶ ᠶᠢᠨ ᠲᠡᠮᠳᠡᠭ ᠵᠡᠷᠭᠡ ᠶᠢ ᠬᠠᠶᠢᠷᠠᠯᠠᠨ ᠬᠠᠮᠠᠭᠠᠯᠠᠵᠤ ᠰᠠᠶᠢᠲᠤᠷ ᠬᠠᠳᠠᠭᠠᠯᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠳᠦᠷᠢ ᠲᠥᠷᠬᠦ | ︵ᠨᠢᠭᠡ︶ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠭᠡᠵᠢᠭᠡ ᠪᠠᠨ ᠴᠡᠪᠡᠷ ᠲᠡᠭᠰᠢ ᠪᠠᠶᠢᠯᠭᠠᠬᠤ ᠬᠡᠷᠡᠭᠲᠡᠶ᠃ ᠣᠨᠴᠠᠭᠠᠶ ᠡᠭᠦᠷᠭᠡ ᠭᠦᠢᠴᠡᠳᠭᠡᠬᠦ | ᠬᠡᠷᠡᠭᠴᠡᠭᠡ ᠠᠴᠠ ᠪᠣᠰᠤᠳ ᠭᠡᠵᠢᠭᠡ ᠪᠤᠳᠤᠭᠯᠠᠵᠤ ᠪᠣᠯᠬᠤ ᠥᠬᠡᠶ᠂ ᠡᠷᠡᠭᠲᠡᠶ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠣᠷᠳᠣ ᠭᠡᠵᠢᠭᠡ᠂ ᠤᠷᠲᠤ | ᠰᠠᠨᠴᠢᠭ ᠤᠨ ᠦᠰᠦ᠂ ᠪᠤᠷᠵᠢᠭᠢᠷ ᠭᠡᠵᠢᠭᠡ ︵ᠪᠠᠶᠢᠭᠠᠯᠢ ᠶᠢᠨ ᠪᠤᠷᠵᠢᠭᠢᠷ ᠪᠠᠭᠲᠠᠬᠤ ᠥᠬᠡᠶ︶᠂ ᠮᠤᠯᠳᠤᠭ ᠪᠤᠶᠤ ᠰᠠᠬᠠᠯ ᠦᠯᠡᠳᠡᠭᠡᠵᠦ ᠪᠣᠯᠬᠤ ᠥᠬᠡᠶ᠂ ᠡᠮᠡᠭᠲᠡᠶ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠭᠡᠵᠢᠭᠡ ᠲᠠᠯᠪᠢᠬᠤ ᠳᠤ ᠪᠠᠨ ᠮᠥᠷᠥ ᠠᠴᠠ ᠬᠡᠲᠦᠷᠡᠭᠦᠯᠵᠦ ᠪᠣᠯᠬᠤ ᠥᠬᠡᠶ᠃ | ︵ᠬᠤᠶᠠᠷ︶ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠡᠶ᠎ᠡ ᠳᠤ ᠪᠠᠨ ᠰᠢᠪᠡᠭᠡᠰᠦ ᠬᠢᠵᠦ ᠪᠣᠯᠬᠤ ᠦᠭᠡᠢ᠂ ᠬᠢᠮᠤᠰᠤᠨ ᠳᠤ ᠪᠠᠨ ᠪᠤᠳᠤᠭ | ᠣᠷᠣᠭᠤᠯᠵᠤ ᠪᠣᠯᠬᠤ ᠥᠬᠡᠶ᠂ ᠣᠷᠳᠣ ᠬᠢᠮᠤᠰᠤ ᠦᠯᠡᠳᠡᠭᠡᠵᠦ ᠪᠣᠯᠬᠤ ᠥᠬᠡᠶ᠂ ᠥᠳᠬᠡᠨ ᠭᠤᠶᠣᠯᠠᠵᠤ ᠪᠣᠯᠬᠤ ᠥᠬᠡᠶ᠃ | ᠠᠷᠪᠠᠨ ᠳᠣᠯᠣᠳᠤᠭᠠᠷ ᠵᠦᠢᠯ ᠬᠥᠳᠡᠯᠦᠯ ᠪᠠᠷᠢᠯ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠥᠳᠡᠯᠦᠯ ᠪᠠᠷᠢᠯ ᠲᠥᠪ ᠶᠡᠬᠡᠮᠰᠦᠭ᠂ ᠦᠭᠡ ᠶᠠᠷᠢᠶ᠎ᠠ ᠪᠣᠯᠪᠠᠰᠤᠨ᠂ ᠴᠤᠭ ᠵᠢᠪᠬᠤᠭ᠎ᠠ ᠲᠠᠢ᠂ ᠣᠪᠣᠷ | ᠪᠠᠶᠢᠳᠠᠯ ᠰᠠᠶᠢᠨ ᠪᠠᠶᠢᠬᠤ ᠬᠡᠷᠡᠭᠲᠡᠶ᠃ | ︵ᠨᠢᠭᠡ︶ ᠴᠠᠭᠳᠠᠭᠠᠨ ᠤ ᠬᠤᠪᠴᠠᠰᠤ ᠡᠮᠦᠰᠬᠦ ᠪᠤᠶᠤ ᠠᠯᠪᠠᠨ ᠠᠵᠢᠯ ᠭᠦᠢᠴᠡᠳᠬᠡᠬᠦ ᠳᠤ ᠪᠠᠨ ᠶᠠᠪᠤᠬᠤ ᠶᠢᠨ ᠳᠠᠭᠠᠤ ᠶᠠᠭᠤᠮ᠎ᠠ ᠢᠳᠡᠵᠦ᠂ ᠳᠡᠪᠢᠭᠦᠷᠳᠡᠵᠦ | ᠪᠣᠯᠬᠤ ᠤᠢᠭᠡᠢ︔ ᠤᠯᠠᠨ ᠨᠡᠶᠢᠲᠡ ᠶᠢᠨ ᠲᠠᠯᠠᠪᠤᠷ ᠪᠤᠶᠤ ᠲᠠᠮᠠᠬᠢ ᠲᠠᠲᠠᠬᠤ ᠶᠢ ᠴᠠᠭᠠᠵᠠᠯᠠᠭᠰᠠᠨ ᠪᠤᠰᠤᠳ ᠲᠠᠯᠠᠪᠤᠷ ᠲᠤ ᠲᠠᠮᠠᠬᠢ ᠲᠠᠲᠠᠵᠤ ᠪᠣᠯᠬᠤ ᠦᠭᠡᠢ︔ ᠨᠢᠷᠤᠭᠤ | ᠡᠭᠦᠷᠬᠦ᠂ ᠬᠠᠨᠴᠤᠶ ᠰᠢᠮᠠᠯᠠᠬᠤ᠂ ᠬᠠᠷᠮᠠᠨ ᠳᠤ ᠪᠠᠨ ᠭᠠᠷ ᠢᠶᠠᠨ ᠬᠢᠬᠦ᠂ ᠮᠥᠷᠥᠯᠡᠬᠦ᠂ ᠲᠣᠬᠤᠶᠢᠯᠠᠬᠤ᠂ ᠪᠡᠯᠭᠡᠭᠦᠰᠦᠯᠡᠬᠦ ᠵᠡᠷᠭᠡ ᠪᠣᠯᠬᠤ ᠦᠭᠡᠢ︔ ᠢᠨᠢᠶᠡᠯᠳᠦᠨ ᠬᠥᠭᠡᠷᠦᠯᠳᠦᠵᠦ᠂ | ᠶᠡᠭᠡ ᠳᠠᠭᠤᠨ ᠢᠶᠠᠷ ᠦᠢᠮᠡᠯᠳᠦᠨ ᠱᠤᠤᠭᠢᠯᠳᠤᠵᠤ ᠪᠣᠯᠬᠤ ᠦᠭᠡᠶ︔ ᠲᠡᠷᠢ ᠲᠡᠭᠰᠢ ᠰᠠᠭᠤᠬᠤ ᠬᠡᠷᠡᠭᠳᠡᠢ᠃ | ︵ᠬᠤᠶᠠᠷ︶ ᠠᠷᠢᠬᠢᠨ ᠳᠤ ᠰᠢᠨᠤᠬᠤ᠂ ᠵᠣᠭᠤᠰ ᠮᠦᠷᠦ᠋ᠢᠴᠡᠬᠦ ᠪᠠ ᠬᠡᠷᠡᠭᠦᠯ ᠵᠣᠳᠣᠭᠠᠨ ᠬᠢᠵᠦ ᠪᠣᠯᠬᠤ ᠤᠢᠭᠡᠢ︔ ᠱᠠᠰᠢᠨ ᠰᠤᠷᠲᠠᠬᠤᠨ᠂ ᠮᠤᠬᠤᠷ ᠪᠢᠰᠢᠷᠡᠯ ᠤᠨ | ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠃ | ︵ᠭᠤᠷᠪᠠ︶ ᠬᠤᠶᠠᠷ ᠠᠴᠠ ᠳᠡᠭᠡᠭᠰᠢ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠴᠠᠭᠳᠠᠭᠠᠨ ᠤ ᠬᠤᠪᠴᠠᠰᠤ ᠪᠠᠨ ᠡᠮᠦᠰᠴᠦ ᠶᠠᠪᠠᠭᠠᠨ ᠢᠶᠠᠷ | ᠲᠣᠭᠤᠷᠢᠨ ᠴᠠᠭᠳᠠᠵᠤ ᠵᠢᠵᠢᠭᠦᠷᠯᠡᠬᠦ ᠪᠤᠶᠤ ᠭᠠᠳᠠᠭᠰᠢ ᠭᠠᠷᠬᠤ ᠳᠤ ᠪᠠᠨ ᠬᠤᠶᠠᠷ ᠬᠥᠮᠦᠨ ᠵᠡᠷᠭᠡᠴᠡᠵᠦ ᠶᠠᠪᠤᠬᠤ ᠪᠠ ᠭᠤᠷᠪᠠᠨ ᠬᠥᠮᠦᠨ ᠮᠥᠷᠯᠡᠨ ᠵᠢᠭᠰᠠᠨ ᠶᠠᠪᠤᠵᠤ᠂ | ᠰᠦᠷ ᠵᠢᠪᠬᠤᠯᠠᠩᠲᠠᠶ ᠡᠮᠬᠢ ᠵᠢᠷᠤᠮ ᠲᠠᠢ ᠪᠠᠶᠢᠬᠤ ᠬᠡᠷᠡᠭᠲᠡᠶ᠃ | ︵ᠲᠦᠷᠪᠡ︶ ᠭᠠᠳᠠᠭᠰᠢ ᠭᠠᠷᠬᠤ ᠳᠤ ᠪᠠᠨ ᠡᠷᠬᠡᠪᠰᠢ ᠤᠯᠡᠠ ᠨᠡᠶᠢᠲᠡ ᠶᠢᠨ ᠡᠮᠬᠢ ᠵᠢᠷᠤᠮ ᠪᠠ ᠵᠡᠮ ᠬᠠᠷᠢᠯᠴᠠᠭᠠᠨ ᠤ ᠲᠦᠷᠢᠮ ᠲᠣᠭᠲᠠᠭᠠᠯ ᠢ ᠵᠢᠷᠤᠮᠯᠠᠨ | ᠰᠠᠬᠢᠵᠤ᠂ ᠨᠡᠶᠢᠭᠡᠮ ᠨᠡᠶᠢᠲᠡ ᠶᠢᠨ ᠶᠣᠰᠣ ᠮᠣᠷᠠᠯ ᠢ ᠵᠢᠷᠤᠮᠯᠠᠨ ᠰᠠᠬᠢᠵᠤ᠂ ᠠᠷᠠᠳ ᠤᠨ ᠴᠠᠭᠳᠠᠭᠠᠨ ᠤ ᠨᠡᠷ᠎ᠡ ᠬᠦᠨᠳᠦ ᠶᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠶᠣᠰᠣ ᠲᠥᠷᠢᠮ | ︵ᠨᠢᠭᠡ︶ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠤᠰᠤᠳ ᠲᠤ ᠶᠣᠰᠣᠷᠬᠠᠭ ᠢᠶᠠᠷ ᠬᠠᠨᠳᠤᠵᠤ᠂ ᠦᠭᠡ ᠬᠡᠯᠡ ᠨᠢ ᠪᠣᠯᠪᠠᠰᠤᠨ᠂ ᠣᠪᠣᠷ ᠨᠢ | ᠡᠶᠡᠯᠰᠡᠭ ᠪᠠᠶᠢᠬᠤ ᠬᠡᠷᠡᠭᠲᠡᠶ᠃ | ︵ᠬᠤᠶᠠᠷ︶ ᠪᠠᠶᠠᠷ ᠤᠨ ᠶᠣᠰᠣᠯᠠᠯ᠂ ᠬᠤᠷᠠᠯ ᠴᠤᠭᠯᠠᠭ᠎ᠠ ᠵᠡᠷᠭᠡ ᠴᠢᠬᠤᠯᠠ ᠶᠡᠭᠡ ᠠᠵᠢᠯᠯᠠᠭ᠎ᠠ ᠳᠤ ᠣᠷᠣᠯᠴᠠᠵᠤ ᠤᠯᠤᠰ ᠤᠨ ᠲᠤᠬ ᠮᠠᠨᠳᠤᠭᠤᠯᠬᠤ ᠦᠶ᠎ᠡ ᠳᠤ | ᠴᠠᠭᠳᠠᠭᠠᠨ ᠤ ᠬᠤᠪᠴᠠᠰᠤ ᠡᠮᠦᠰᠴᠦ ᠵᠢᠭᠰᠠᠭᠠᠯ ᠤᠨ ᠡᠩᠨᠡᠭᠡ ᠳᠤ ᠪᠠᠶᠢᠭ᠎ᠠ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠥᠪᠡᠷ ᠢᠶᠠᠨ ᠲᠥᠪ ᠵᠣᠭᠰᠣᠵᠤ᠂ | ᠰᠢᠷᠳᠡᠬᠦ ᠶᠣᠰᠣ ᠬᠢᠬᠦ ᠬᠡᠷᠡᠭᠲᠡᠶ᠂ ᠡᠩᠨᠡᠭᠡ ᠳᠠᠭᠠᠭᠤᠯᠤᠭᠴᠢ ᠭᠠᠷ ᠡᠷᠭᠦᠵᠦ ᠶᠤᠰᠤᠯᠠᠬᠤ ᠬᠡᠷᠡᠭᠲᠡᠶ︔ ᠵᠢᠭᠰᠠᠭᠠᠯ ᠳᠤ ᠤᠷᠤᠭᠰᠠᠨ ᠦᠭᠡᠢ ᠳᠣᠲᠣᠭᠠᠳᠤ ᠶᠢ ᠬᠠᠮᠠᠭᠠᠯᠠᠬᠤ | ᠠᠷᠠᠳ ᠤᠨ ᠴᠠᠭᠳᠠᠭ᠎ᠠ ᠰᠢᠷᠳᠡᠬᠦ ᠶᠣᠰᠣ ᠬᠢᠬᠦ ᠬᠡᠷᠡᠭᠲᠡᠶ᠃ ᠤᠯᠤᠰ ᠤᠨ ᠰᠦᠯᠳᠡ ᠳᠠᠭᠤᠤ ᠶᠢ ᠬᠥᠭᠵᠢᠮᠳᠡᠬᠦ ︵ᠳᠠᠭᠤᠯᠠᠬᠤ︶ ᠳᠤ ᠪᠠᠨ ᠥᠪᠡᠷ ᠢᠶᠠᠨ ᠲᠥᠪ | ᠵᠣᠭᠰᠣᠬᠤ ᠬᠡᠷᠡᠭᠲᠡᠶ᠃ | ︵ᠭᠤᠷᠪᠠ︶ ᠳᠡᠭᠡᠳᠦ ᠱᠠᠲᠤᠨ ᠤ ᠨᠠᠮ ᠵᠠᠰᠠᠭ ᠤᠨ ᠤᠳᠤᠷᠢᠳᠤᠯᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠳᠤᠷᠢᠳᠤᠯᠭ᠎ᠠ ᠲᠠᠢ ᠠᠭᠤᠯᠵᠠᠬᠤ | ᠪᠤᠶᠤ ᠤᠴᠠᠷᠠᠬᠤ ᠦᠶ᠎ᠡ ᠳᠤ᠂ ᠴᠠᠭᠳᠠᠭᠠᠨ ᠤ ᠬᠤᠪᠴᠠᠰᠤ ᠲᠠᠢ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠭᠠᠷ ᠡᠷᠭᠦᠬᠦ ᠶᠣᠰᠣ ᠬᠢᠬᠦ ᠬᠡᠷᠡᠭᠲᠡᠶ︔ ᠵᠡᠪᠰᠡᠭ | ᠲᠣᠨᠣᠭᠯᠠᠯ ᠢ ᠪᠡᠶ᠎ᠡ ᠳᠤ ᠪᠠᠨ ᠠᠪᠴᠤ ᠶᠠᠪᠤᠬᠤ ᠪᠤᠶᠤ ᠡᠭᠦᠷᠭᠡ ᠭᠦᠢᠴᠡᠳᠬᠡᠬᠦ ᠬᠡᠷᠡᠭᠴᠡᠭᠡ ᠠᠴᠠ ᠪᠤᠯᠵᠦ᠂ ᠭᠠᠷ ᠡᠷᠭᠦᠬᠦ ᠶᠣᠰᠣ ᠬᠢᠬᠦ ᠳᠤ ᠳᠥᠭᠦᠮ ᠦᠭᠡᠢ ᠦᠶ᠎ᠡ ᠳᠤ | ᠰᠢᠷᠳᠡᠬᠦ ᠶᠣᠰᠣ ᠬᠢᠵᠦ ᠪᠣᠯᠤᠨ᠎ᠠ᠃ | ︵ᠲᠦᠷᠪᠡ︶ ᠨᠢᠭᠡ ᠪᠠᠶᠢᠭᠤᠯᠭ᠎ᠠ ᠨᠢᠭᠡᠴᠢ ᠶᠢᠨ ᠢᠶᠠᠨ ᠦᠷᠭᠦᠯᠵᠢ ᠠᠭᠤᠯᠵᠠᠳᠠᠭ ᠤᠳᠤᠷᠢᠳᠤᠯᠭ᠎ᠠ ᠪᠠ ᠪᠤᠰᠤᠳ ᠬᠠᠮᠲᠤ ᠠᠵᠢᠯᠯᠠᠭᠰᠠᠳ ᠲᠠᠢ ᠠᠭᠤᠯᠵᠠᠬᠤ | ᠪᠤᠶᠤ ᠠᠭᠤᠯᠵᠠᠬᠤ ᠳᠤ ᠪᠠᠨ ᠬᠠᠷᠢᠯᠴᠠᠨ ᠮᠡᠨᠳᠦᠴᠢᠯᠡᠬᠦ ᠬᠡᠷᠡᠭᠲᠡᠶ᠃ | ︵ᠲᠠᠪᠤ︶ ᠵᠢᠭᠰᠠᠭᠠᠯ ᠵᠢᠭᠰᠠᠵᠤ ᠪᠠᠶᠢᠭ᠎ᠠ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠤᠷᠤᠭᠰᠢᠯᠠᠬᠤ ᠶᠠᠪᠤᠴᠠ ᠳᠤ ᠪᠠᠨ ᠤᠳᠤᠷᠢᠳᠤᠯᠭ᠎ᠠ ᠲᠠᠢ | ᠲᠠᠭᠠᠷᠠᠯᠳᠤᠪᠠᠯ᠂ ᠡᠩᠨᠡᠭᠡ ᠲᠠᠭᠠᠭᠤᠯᠤᠭᠴᠢ ᠭᠠᠷ ᠡᠷᠭᠦᠵᠦ ᠶᠤᠰᠤᠯᠠᠨ᠎ᠠ᠂ ᠪᠤᠰᠤᠳ ᠬᠥᠮᠦᠨ ᠰᠢᠷᠳᠡᠬᠦ ᠶᠣᠰᠣ ᠬᠢᠬᠦ ᠬᠡᠷᠡᠭᠲᠡᠶ᠃ | ︵ᠵᠢᠷᠭᠤᠭ᠎ᠠ︶ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠠᠵᠢᠯ ᠢᠶᠠᠨ ᠲᠤᠰᠢᠶᠠᠬᠤ ᠪᠠ ᠬᠦᠯᠢᠶᠡᠵᠦ ᠠᠪᠬᠤ ᠳᠤ ᠪᠠᠨ ᠬᠠᠷᠢᠯᠴᠠᠨ ᠶᠣᠰᠣᠯᠠᠬᠤ | ᠬᠡᠷᠡᠭᠲᠡᠶ︔ ᠠᠳᠠᠯᠢ ᠪᠤᠰᠤ ᠨᠢᠭᠡᠴᠢ ᠶᠢᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠠᠯᠪᠠᠨ ᠶᠠᠪᠤᠳᠠᠯ ᠢᠶᠠᠷ ᠬᠠᠷᠢᠯᠴᠠᠬᠤ ᠳᠤ ᠪᠠᠨ | ᠰᠠᠨᠠᠭᠠᠴᠢᠯᠠᠭ᠎ᠠ ᠠᠴᠠ ᠪᠠᠨ ᠮᠡᠨᠳᠦᠴᠢᠯᠡᠯ ᠬᠦᠷᠭᠡᠬᠦ ᠬᠡᠷᠡᠭᠲᠡᠶ᠃ | ︵ᠲᠤᠯᠤᠭ᠎ᠠ︶ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢᠨ ᠲᠠᠯᠠᠪᠤᠷ ᠲᠤ ᠭᠠᠳᠠᠭᠠᠳᠤ ᠶᠢᠨ | ᠵᠣᠴᠢᠳ ᠲᠠᠢ ᠬᠠᠷᠢᠯᠴᠠᠬᠤ ᠳᠤ ᠪᠠᠨ ᠰᠠᠨᠠᠭᠠᠴᠢᠯᠠᠭ᠎ᠠ ᠠᠴᠠ ᠪᠠᠨ ᠮᠡᠨᠳᠦᠴᠢᠯᠡᠯ ᠬᠦᠷᠭᠡᠬᠦ ᠬᠡᠷᠡᠭᠲᠡᠶ᠃ | ︵ᠨᠠᠢᠮᠠ︶ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠠᠯᠪᠠᠨ ᠶᠠᠪᠤᠳᠠᠯ ᠢᠶᠠᠷ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠤᠰᠤ | ᠬᠥᠮᠦᠰ ᠲᠠᠢ ᠬᠠᠷᠢᠯᠴᠠᠬᠤ ᠦᠶ᠎ᠡ ᠳᠤ ᠰᠠᠨᠠᠭᠠᠴᠢᠯᠠᠭ᠎ᠠ ᠠᠴᠠ ᠪᠠᠨ ᠮᠡᠨᠳᠦᠴᠢᠯᠡᠬᠦ ᠬᠡᠷᠡᠭᠲᠡᠶ︔ ᠲᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠵᠠᠯᠠᠷᠠᠭᠤᠯᠬᠤ ᠳᠤ ᠪᠠᠨ | ᠤᠷᠢᠳᠠᠪᠠᠷ ᠶᠣᠰᠣᠯᠠᠬᠤ ᠬᠡᠷᠡᠭᠲᠡᠶ᠃ | ︵ᠶᠢᠰᠦ︶ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠭᠡᠵᠦ ᠰᠠᠭᠤᠭᠠᠯᠢ ᠠᠷᠠᠳ ᠤᠨ | ᠣᠷᠣᠨ ᠰᠠᠭᠤᠴᠠ ᠳᠤ ᠣᠷᠣᠬᠤ ᠳᠤ ᠪᠠᠨ ᠰᠠᠨᠠᠭᠠᠴᠢᠯᠠᠭ᠎ᠠ ᠠᠴᠠ ᠪᠠᠨ ᠭᠡᠷᠡᠴᠢ ᠲᠡᠮᠳᠡᠭ ᠢᠶᠠᠨ ᠭᠠᠷᠭᠠᠨ ᠦᠵᠡᠭᠦᠯᠵᠦ᠂ ᠢᠷᠡᠭᠰᠡᠨ ᠰᠠᠨᠠᠭ᠎ᠠ ᠪᠠᠨ ᠲᠣᠳᠣᠷᠬᠠᠶᠢᠯᠠᠬᠤ | ᠬᠡᠷᠡᠭᠲᠡᠶ᠃ | | ᠲᠠᠪᠤᠳᠤᠭᠠᠷ ᠪᠦᠯᠦᠭ ᠡᠳᠦᠷ ᠲᠤᠳᠤᠮ ᠤᠨ ᠲᠦᠷᠢᠮ | ᠠᠷᠪᠠ ᠶᠢᠰᠦᠳᠦᠭᠡᠷ ᠵᠦᠢᠯ ᠬᠤᠷᠠᠯ | ︵ᠨᠢᠭᠡ︶ ᠬᠤᠷᠠᠯ ᠢ ᠠᠯᠢ ᠪᠣᠯᠬᠤ ᠪᠠᠷ ᠰᠢᠯᠢᠳᠡᠭᠴᠢᠯᠡᠨ ᠴᠣᠮᠬᠠᠳᠬᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠶ᠃ | ︵ᠬᠤᠶᠠᠷ︶ ᠲᠣᠮᠢᠯᠠᠭᠰᠠᠨ ᠰᠠᠯᠪᠤᠷᠢ᠂ ᠴᠠᠭᠳᠠᠭᠠᠨ ᠤ ᠠᠩᠭᠢ ᠵᠡᠷᠭᠡ ᠦᠨᠳᠦᠰᠦᠨ ᠱᠠᠲᠤᠨ ᠤ ᠪᠣᠳᠠᠲᠤ ᠪᠠᠶᠢᠯᠳᠤᠭᠠᠨ ᠤ ᠨᠢᠭᠡᠴᠢ ᠨᠦᠭᠦᠳ ᠡᠳᠦᠷ ᠪᠦᠷᠢ ᠶᠢᠨ | ᠲᠣᠭᠲᠠᠮᠠᠯ ᠬᠤᠷᠠᠯ ᠤᠨ ᠲᠦᠷᠢᠮ ᠢ ᠬᠡᠷᠡᠭᠵᠢᠭᠦᠯᠵᠦ᠂ ᠡᠩ ᠤᠨ ᠪᠠᠶᠢᠳᠠᠯ ᠳᠤ 30 ᠮᠢᠨᠦ᠋ᠲ ᠠᠴᠠ ᠬᠡᠲᠦᠷᠡᠭᠦᠯᠬᠦ ᠥᠬᠡᠶ ᠪᠠᠶᠢᠵᠤ᠂ ᠬᠤᠯᠪᠣᠭᠳᠠᠯ ᠪᠥᠬᠦᠶ ᠠᠵᠢᠯ ᠢ | ᠳ᠋ᠦᠩᠨᠡᠨ ᠪᠠᠶᠢᠷᠢᠯᠠᠭᠤᠯᠬᠤ ᠬᠡᠷᠡᠭᠲᠡᠶ᠃ | ︵ᠭᠤᠷᠪᠠ︶ ᠰᠢᠶᠠᠨ ᠤ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠯ ᠪᠦᠷᠢ ᠠᠳᠠᠭ ᠲᠤ ᠪᠠᠨ ᠨᠢᠭᠡ ᠤᠳᠠᠭ᠎ᠠ ᠪᠦᠬᠦ ᠳᠣᠲᠣᠭᠠᠳᠤ ᠶᠢ | ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠶᠡᠭᠡ ᠬᠤᠷᠠᠯ ᠢ ᠬᠤᠷᠠᠯᠳᠤᠭᠤᠯᠵᠤ᠂ ᠤᠳᠤᠷᠢᠳᠤᠯᠭ᠎ᠠ ᠠᠴᠠ ᠠᠵᠢᠯ ᠢᠶᠠᠨ ᠳ᠋ᠦᠩᠨᠡᠨ ᠮᠡᠳᠡᠭᠦᠯᠵᠦ᠂ ᠲᠡᠷᠢᠭᠦᠨ ᠤ ᠬᠢ ᠶᠢ | ᠬᠥᠬᠢᠭᠦᠯᠦᠨ ᠰᠠᠶᠢᠰᠢᠶᠠᠵᠤ᠂ ᠠᠵᠢᠯ ᠤᠨ ᠡᠭᠦᠷᠭᠡ ᠪᠠᠨ ᠪᠠᠶᠢᠷᠢᠯᠠᠭᠤᠯᠤᠨ᠎ᠠ᠃ | ᠬᠤᠷᠢᠳᠤᠭᠠᠷ ᠵᠦᠢᠯ ᠵᠢᠭᠠᠪᠤᠷᠢ ᠠᠪᠬᠤ ᠮᠡᠳᠡᠭᠦᠯᠦᠯᠲᠡ | ︵ᠨᠢᠭᠡ︶ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠷᠬᠡᠪᠰᠢ ᠵᠢᠭᠠᠪᠤᠷᠢ ᠠᠪᠴᠤ ᠮᠡᠳᠡᠭᠦᠯᠬᠦ ᠴᠢᠩᠭ᠎ᠠ ᠲᠦᠷᠢᠮ ᠢ ᠪᠠᠶᠢᠭᠤᠯᠵᠤ᠂ | ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠠᠮᠤᠷ ᠢ ᠬᠠᠮᠠᠭᠠᠯᠠᠬᠤ᠂ ᠡᠷᠡᠭᠦᠦ ᠶᠢᠨ ᠬᠡᠷᠡᠭ᠂ ᠪᠠᠶᠢᠭᠠᠯᠢ ᠶᠢᠨ ᠭᠠᠮᠰᠢᠭ ᠤᠨ ᠬᠦᠨᠳᠦ ᠶᠡᠭᠡ ᠡ᠊ᠨᠳᠡᠯ᠂ ᠠᠷᠠᠳ ᠤᠨ ᠴᠠᠭᠳᠠᠭ᠎ᠠ ᠶᠢᠨ ᠬᠠᠤᠯᠢ ᠶᠢ | ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠲᠤᠮᠤ ᠴᠢᠬᠤᠯᠠ ᠬᠡᠷᠡᠭ ᠵᠢᠴᠢ ᠦᠬᠦᠯ ᠰᠢᠷᠬᠠᠲᠤᠯ ᠤᠨ ᠪᠠᠶᠢᠳᠠᠯ ᠭᠠᠷᠪᠠᠯ᠂ ᠡᠷᠬᠡᠪᠰᠢ ᠳᠡᠭᠡᠷ᠎ᠡ ᠨᠢᠭᠡ ᠱᠠᠲᠤᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠂ ᠶᠠᠮᠠᠷᠪᠠ ᠰᠢᠯᠲᠠᠭᠠᠨ ᠢᠶᠠᠷ ᠨᠢᠭᠤᠨ ᠳᠠᠯᠳᠠᠯᠠᠬᠤ ᠪᠤᠶᠤ | ᠤᠳᠠᠭᠠᠰᠢᠷᠠᠭᠤᠯᠤᠨ ᠮᠡᠳᠡᠭᠦᠯᠬᠦ ᠦᠭᠡᠢ ᠪᠠᠶᠢᠵᠤ ᠪᠣᠯᠬᠤ ᠦᠭᠡᠢ᠃ | ︵ᠭᠤᠷᠪᠠ︶ ᠲᠤᠤᠷᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠡᠷᠬᠡᠪᠰᠢ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠪᠠ ᠡᠩᠨᠡᠭᠡᠨ ᠤ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠦᠨᠳᠦᠰᠦᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠶ᠃ | ︵ᠲᠦᠷᠪᠡ︶ ᠳᠡᠭᠡᠷ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠳᠣᠣᠷ᠎ᠠ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠵᠢᠭᠠᠪᠤᠷᠢ ᠠᠪᠬᠤ ᠮᠡᠳᠡᠭᠦᠯᠦᠯᠲᠡ ᠶᠢ ᠡᠷᠬᠡᠪᠰᠢ ᠬᠢᠨᠠᠮᠠᠭᠠᠢ ᠰᠤᠳᠤᠯᠵᠤ᠂ ᠴᠠᠭ ᠲᠤᠬᠠᠶ ᠳᠤ ᠨᠢ ᠬᠠᠷᠢᠭᠤᠯᠲᠠ ᠥᠭᠬᠦ ᠬᠡᠷᠡᠭᠲᠡᠶ᠃ | ᠬᠤᠷᠢᠨ ᠨᠢᠭᠡᠳᠦᠭᠡᠷ ᠵᠦᠢᠯ ᠴᠢᠯᠥᠭᠡ ᠭᠤᠶᠤᠵᠤ ᠴᠢᠯᠥᠭᠡ ᠪᠠᠨ ᠲᠠᠶᠢᠯᠬᠤ | ︵ᠨᠢᠭᠡ︶ ᠲᠤᠤᠷᠠᠳᠤ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠤᠣᠯ ᠤᠳᠤᠷᠢᠳᠬᠤ ᠬᠦᠮᠦᠰ ᠲᠤᠰ ᠭᠠᠵᠠᠷ ᠣᠷᠣᠨ ᠠᠴᠠ ᠪᠠᠨ | ᠰᠠᠯᠬᠤ ᠳᠤ ᠡᠷᠬᠡᠪᠰᠢ ᠳᠡᠭᠡᠷ᠎ᠡ ᠨᠢᠭᠡ ᠱᠠᠲᠤᠨ ᠤ ᠤᠳᠤᠷᠢᠳᠤᠯᠭ᠎ᠠ ᠳᠤ ᠴᠢᠯᠥᠭᠡ ᠭᠤᠶᠤᠬᠤ ᠬᠡᠷᠡᠭᠲᠡᠶ᠂ ᠣᠨᠴᠠᠭᠠᠶ ᠪᠠᠶᠢᠳᠠᠯ ᠤᠨ ᠳᠣᠣᠷ᠎ᠠ ᠴᠠᠭ ᠲᠤᠬᠠᠶ ᠳᠤ ᠨᠢ | ᠴᠢᠯᠥᠭᠡ ᠭᠤᠶᠤᠵᠤ ᠴᠢᠳᠠᠬᠤ ᠦᠭᠡᠢ ᠪᠣᠯ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ | ︵ᠬᠤᠶᠠᠷ︶ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠠᠵᠢᠯ ᠤᠨ ᠴᠠᠭ ᠲᠤ ᠠᠯᠪᠠᠨ ᠪᠤᠰᠤ ᠶᠠᠪᠤᠳᠠᠯ ᠢᠶᠠᠷ ᠭᠠᠳᠠᠭᠰᠢ ᠭᠠᠷᠬᠤ ᠳᠤ᠂ ᠡᠷᠬᠡᠪᠰᠢ | ᠱᠠᠳᠤ ᠱᠠᠳᠤ ᠪᠠᠷ ᠴᠢᠯᠥᠭᠡ ᠭᠤᠶᠤᠵᠤ᠂ ᠲᠣᠭᠲᠠᠭᠰᠠᠨ ᠴᠠᠭ ᠲᠤ ᠪᠠᠨ ᠴᠢᠯᠥᠭᠡ ᠪᠠᠨ ᠲᠠᠶᠢᠯᠬᠤ ᠬᠡᠷᠡᠭᠲᠡᠶ︔ ᠤᠳᠤᠷᠢᠳᠤᠯᠭ᠎ᠠ ᠶᠢᠨ ᠵᠥᠪᠰᠢᠶᠡᠷᠡᠯ ᠦᠭᠡᠢ ᠪᠣᠯ | ᠳᠤᠷ᠎ᠠ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠵᠤ ᠪᠣᠯᠬᠤ ᠦᠭᠡᠢ᠃ | ︵ᠭᠤᠷᠪᠠ︶ ᠣᠨᠴᠠᠭᠠᠢ ᠪᠤᠶᠤ ᠪᠠᠴᠢᠮ ᠡᠭᠦᠷᠭᠡ ᠭᠦᠢᠴᠡᠳᠬᠡᠬᠦ ᠦᠶ᠎ᠡ ᠳᠤ᠂ ᠡᠷᠭᠡᠪᠰᠢ ᠴᠢᠯᠦᠭᠡ ᠭᠤᠶᠤᠬᠤ ᠦᠭᠡᠢ ᠪᠣᠯᠤᠭᠰᠠᠨ ᠰᠢᠯᠲᠠᠭᠠᠨ ᠠᠴᠠ ᠪᠣᠰᠤᠳ | ᠴᠢᠯᠥᠭᠡ ᠭᠤᠶᠤᠵᠤ ᠪᠣᠯᠬᠤ ᠤᠢᠭᠡᠢ᠃ | ︵ᠲᠦᠷᠪᠡ︶ ᠴᠢᠯᠥᠭᠡ ᠭᠤᠶᠦᠬᠴᠢ ᠣᠨᠴᠠᠭᠠᠶ ᠪᠠᠶᠢᠳᠠᠯ ᠠᠴᠠ ᠪᠤᠯᠵᠦ ᠵᠥᠪᠰᠢᠶᠡᠷᠡᠭᠦᠯᠦᠭᠰᠡᠨ ᠤ ᠲᠡᠷᠠᠭ᠎ᠠ ᠰᠠᠶ᠋ᠢ ᠴᠢᠯᠥᠭᠡ ᠪᠠᠨ ᠦᠷᠭᠦᠯᠵᠢᠯᠡᠭᠦᠯᠵᠦ ᠪᠣᠯᠤᠨ᠎ᠠ᠃ | ᠵᠥᠪᠰᠢᠶᠡᠷᠡᠯ ᠦᠭᠡᠢ ᠪᠠᠷ ᠴᠢᠯᠥᠭᠡᠨ ᠤ ᠬᠤᠭᠤᠴᠠᠭ᠎ᠠ ᠠᠴᠠ ᠬᠡᠲᠦᠷᠡᠲᠡᠯ᠎ᠡ ᠪᠤᠶᠤ ᠴᠢᠯᠥᠭᠡᠨ ᠤ ᠬᠤᠭᠤᠴᠠᠭ᠎ᠠ ᠠᠴᠠ ᠬᠡᠲᠦᠷᠡᠲᠡᠯ᠎ᠡ ᠪᠤᠴᠠᠬᠤ ᠦᠭᠡᠢ ᠪᠠᠶᠢᠵᠤ ᠪᠣᠯᠬᠤ | ᠦᠭᠡᠢ᠃ | ︵ᠲᠠᠪᠤ︶ ᠤᠯᠤᠰ ᠣᠷᠣᠨ ᠪᠠᠴᠢᠮ ᠪᠠᠶᠢᠳᠠᠯ ᠳᠤ ᠤᠷᠤᠭᠰᠠᠨ ᠪᠤᠶᠤ ᠠᠵᠢᠯ ᠤᠨ ᠬᠡᠷᠡᠭᠴᠡᠭᠡ ᠲᠠᠢ ᠪᠣᠯᠤᠭᠰᠠᠨ ᠦᠶ᠎ᠡ ᠳᠤ᠂ ᠴᠢᠯᠥᠭᠡ ᠭᠤᠶᠤᠭᠴᠢ ᠲᠡᠷᠡ | ᠳᠠᠷᠤᠶ ᠳᠤ ᠨᠢ ᠪᠠᠶᠢᠭᠤᠯᠭ᠎ᠠ ᠨᠢᠭᠡᠴᠢ ᠳᠤ ᠪᠠᠨ ᠪᠤᠴᠠᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ ᠠᠵᠢᠯ ᠲᠤᠰᠢᠶᠠᠬᠤ ᠪᠠ ᠬᠦᠯᠢᠶᠡᠨ ᠠᠪᠬᠤ | ︵ᠨᠢᠭᠡ︶ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠠᠵᠢᠯ ᠢᠶᠠᠨ ᠬᠤᠪᠢᠷᠠᠭᠤᠯᠬᠤ᠂ ᠠᠵᠢᠯ ᠠᠴᠠ ᠪᠠᠨ ᠰᠠᠯᠬᠤ ︵ᠠᠵᠢᠯ ᠠᠴᠠ ᠪᠠᠨ ᠪᠠᠭᠤᠬᠤ︶᠂ | ᠲᠤᠰᠢᠶᠠᠯ ᠠᠴᠠ ᠪᠠᠨ ᠪᠠᠭᠤᠬᠤ ᠪᠤᠶᠤ ᠠᠵᠢᠯ ᠠᠴᠠ ᠪᠠᠨ ᠵᠣᠭᠰᠣᠭᠠᠭᠳᠠᠬᠤ᠂ ᠠᠯᠪᠠᠨ ᠲᠤᠰᠢᠶᠠᠯ ᠠᠴᠠ ᠪᠠᠨ ᠬᠥᠭᠡᠭᠡᠭᠳᠡᠬᠦ ᠦᠶ᠎ᠡ ᠳᠤ ᠡᠷᠬᠡᠪᠰᠢ ᠥᠪᠡᠷ ᠤᠨ | ᠬᠠᠷᠢᠭᠤᠴᠠᠵᠤ ᠪᠠᠶᠢᠭ᠎ᠠ ᠠᠵᠢᠯ ᠤᠨ ᠪᠠᠶᠢᠳᠠᠯ ᠪᠠ ᠬᠠᠮᠢᠶᠠᠷᠴᠤ ᠪᠠᠶᠢᠭ᠎ᠠ ᠪᠢᠴᠢᠭ ᠮᠠᠲ᠋ᠧᠷᠢᠶᠠᠯ᠂ ᠮᠠᠲ᠋ᠧᠷᠢᠶᠠᠯ᠂ ᠭᠡᠷᠡᠴᠢ ᠦᠨᠡᠮᠯᠡᠯ᠂ ᠵᠡᠷ ᠵᠡᠪᠰᠡᠭ᠂ ᠰᠤᠮᠤ ᠲᠡᠷᠢ᠂ ᠪᠠᠭᠠᠵᠢ | ᠬᠡᠷᠡᠭᠰᠡᠯ ᠵᠡᠷᠭᠡ ᠪᠠᠨ ᠰᠢᠯᠵᠢᠭᠦᠯᠦᠨ ᠲᠤᠰᠢᠶᠠᠬᠤ ᠬᠡᠷᠡᠭᠲᠡᠶ᠃ ᠰᠢᠯᠵᠢᠭᠦᠯᠦᠨ ᠲᠤᠰᠢᠶᠠᠬᠤ ᠠᠵᠢᠯ ᠢ ᠲᠤᠰ ᠬᠥᠮᠦᠨ ᠨᠢ ᠠᠵᠢᠯ ᠤᠨ ᠪᠠᠶᠢᠷᠢ ᠠᠴᠠ ᠪᠠᠨ ᠰᠠᠯᠬᠤ ᠠᠴᠠ | ᠡᠮᠦᠨ᠎ᠡ ᠪᠡᠶᠡᠯᠡᠭᠦᠯᠬᠦ ᠬᠡᠷᠡᠭᠲᠡᠶ᠃ | ︵ᠬᠤᠶᠠᠷ︶ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠠᠮᠠᠷ ᠨᠢᠭᠡᠨ ᠰᠢᠯᠲᠠᠭᠠᠨ ᠠᠴᠠ ᠪᠤᠯᠵᠤ ᠠᠵᠢᠯ ᠤᠨ ᠪᠠᠶᠢᠷᠢ ᠠᠴᠠ ᠪᠠᠨ ᠲᠦᠷ ᠰᠠᠯᠬᠤ | ᠦᠶ᠎ᠡ ᠳᠤ᠂ ᠥᠪᠡᠷ ᠤᠨ ᠬᠠᠷᠢᠭᠤᠴᠠᠵᠤ ᠪᠠᠶᠢᠭ᠎ᠠ ᠠᠵᠢᠯ ᠢᠶᠠᠨ ᠣᠷᠣᠯᠠᠨ ᠭᠦᠢᠴᠡᠳᠬᠡᠭᠴᠢ ᠳᠤ ᠲᠣᠳᠣᠷᠬᠠᠶ ᠲᠤᠰᠢᠶᠠᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠦᠨᠡᠮᠯᠡᠯ | ︵ᠨᠢᠭᠡ︶ ᠦᠨᠡᠮᠯᠡᠯ ᠪᠣᠯ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠪᠡᠶ᠎ᠡ ᠬᠡᠮ ᠪᠠ ᠡᠭᠦᠷᠭᠡ ᠲᠤᠰᠢᠶᠠᠯ ᠢᠶᠠᠨ ᠭᠦᠢᠴᠡᠳᠭᠡᠬᠦ ᠶᠢᠨ ᠲᠤᠰᠬᠠᠶ | ᠭᠡᠷᠡᠴᠢ ᠪᠠᠷᠢᠮᠲᠠ ᠪᠠ ᠲᠡᠮᠳᠡᠭ ᠮᠥᠨ ᠪᠣᠯᠬᠤᠷ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠦᠢᠯᠡᠳᠴᠦ ᠣᠯᠭᠤᠬᠤ ᠬᠡᠷᠡᠭᠲᠡᠶ᠃ | ︵ᠬᠤᠶᠠᠷ︶ ᠠᠵᠢᠯ ᠤᠨ ᠣᠨᠴᠠᠭᠠᠶ ᠬᠡᠷᠡᠭᠴᠡᠭᠡ ᠠᠴᠠ ᠭᠠᠳᠠᠨ᠎ᠠ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠣᠳᠠᠲᠠᠶ ᠪᠡᠶ᠎ᠡ ᠶᠢᠨ ᠬᠢᠷᠢ ᠬᠡᠮ ᠲᠠᠢ | ᠨᠡᠶᠢᠴᠡᠬᠦ ᠥᠬᠡᠶ ᠦᠨᠡᠮᠯᠡᠯ ᠢ ᠬᠡᠷᠡᠭᠯᠡᠵᠦ ᠪᠣᠯᠬᠤ ᠥᠬᠡᠶ᠃ | ︵ᠭᠤᠷᠪᠠ︶ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠭᠡᠬᠦ ᠦᠶ᠎ᠡ ᠳᠤ᠂ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ | ᠲᠣᠭᠲᠠᠭᠠᠯ ᠲᠠᠢ ᠶᠢ ᠭᠠᠷᠭᠠᠪᠠᠯ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠦᠨᠡᠮᠯᠡᠯ ᠢᠶᠠᠨ ᠪᠡᠶ᠎ᠡ ᠳᠤ ᠪᠠᠨ ᠠᠪᠴᠤ ᠶᠠᠪᠤᠬᠤ ᠬᠡᠷᠡᠭᠲᠡᠶ ᠪᠥᠭᠡᠳ | ᠰᠠᠨᠠᠭᠠᠴᠢᠯᠠᠭ᠎ᠠ ᠠᠴᠠ ᠪᠠᠨ ᠭᠠᠷᠭᠠᠨ ᠦᠵᠡᠭᠦᠯᠵᠦ ᠠᠷᠠᠳ ᠤᠨ ᠴᠠᠭᠳᠠᠭ᠎ᠠ ᠶᠢᠨ ᠪᠡᠶ᠎ᠡ ᠬᠡᠮ ᠢ ᠲᠣᠳᠣᠷᠬᠠᠶᠢᠯᠠᠬᠤ ᠬᠡᠷᠡᠭᠲᠡᠶ᠃ | ︵ᠲᠦᠷᠪᠡ︶ ᠦᠨᠡᠮᠯᠡᠯ ᠢ ᠰᠠᠶᠢᠲᠤᠷ ᠬᠠᠳᠠᠭᠠᠯᠠᠨ ᠬᠠᠮᠢᠶᠠᠷᠬᠤ ᠬᠡᠷᠡᠭᠲᠡᠶ᠂ ᠪᠠᠯᠠᠯᠤᠨ ᠵᠠᠰᠠᠵᠤ᠂ ᠪᠠᠭᠤᠯᠭᠠᠨ ᠠᠪᠴᠤ᠂ ᠵᠢᠭᠡᠯᠡᠭᠦᠯᠵᠦ᠂ ᠪᠠᠷᠢᠴᠠᠭᠠᠯᠠᠵᠤ᠂ ᠪᠡᠯᠡᠭᠯᠡᠵᠦ᠂ | ᠮᠠᠶᠢᠮᠠᠶᠢᠯᠠᠵᠤ ᠪᠣᠯᠬᠤ ᠤᠢᠭᠡᠢ᠃ ᠦᠨᠡᠮᠯᠡᠯ ᠢ ᠴᠠᠭᠳᠠᠭᠠᠨ ᠤ ᠶᠠᠪᠤᠳᠠᠯ ᠤᠨ ᠪᠤᠰᠤ ᠠᠵᠢᠯᠯᠠᠭ᠎ᠠ ᠪᠤᠶᠤ ᠬᠠᠤᠯᠢ ᠪᠤᠰᠤ ᠠᠵᠢᠯᠯᠠᠭ᠎ᠠ ᠳᠤ ᠬᠡᠷᠡᠭᠯᠡᠬᠦ ᠶᠢ ᠴᠢᠩᠭ᠎ᠠ | ᠴᠠᠭᠠᠵᠠᠯᠠᠨ᠎ᠠ᠃ | ︵ᠲᠠᠪᠤ︶ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠠᠵᠢᠯ ᠤᠨ ᠨᠢᠭᠡᠴᠢ᠂ ᠲᠤᠰᠢᠶᠠᠯ ᠪᠤᠶᠤ ᠴᠠᠭᠳᠠᠭ᠎ᠠ ᠶᠢᠨ ᠴᠣᠯᠠ ᠳᠤ ᠬᠤᠪᠢᠷᠠᠯᠲᠠ | ᠭᠠᠷᠪᠠᠯ᠂ ᠦᠨᠡᠮᠯᠡᠯ ᠣᠯᠭᠤᠭᠰᠠᠨ ᠰᠠᠯᠠᠭ᠎ᠠ ᠮᠥᠴᠢᠷ ᠠᠴᠠ ᠲᠡᠭᠦᠨ ᠤ ᠤᠤᠯ ᠤᠨ ᠭᠡᠷᠡᠴᠢ ᠦᠨᠡᠮᠯᠡᠯ ᠢ ᠨᠢ ᠬᠤᠷᠢᠶᠠᠨ ᠠᠪᠬᠤ ᠶᠢᠨ ᠬᠠᠮᠲᠤ ᠰᠢᠨ᠎ᠡ ᠭᠡᠷᠡᠴᠢ ᠦᠨᠡᠮᠯᠡᠯ | ᠰᠣᠯᠢᠵᠤ ᠣᠯᠭᠤᠬᠤ ᠬᠡᠷᠡᠭᠲᠡᠶ᠃ | ︵ᠵᠢᠷᠭᠤᠭ᠎ᠠ︶ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠭᠡᠷᠡᠴᠢ ᠦᠨᠡᠮᠯᠡᠯ ᠢᠶᠠᠨ ᠭᠡᠭᠡᠭᠰᠡᠨ᠂ ᠬᠤᠯᠠᠭᠠᠶᠢᠯᠠᠭᠳᠠᠭᠰᠠᠨ ︵ᠪᠤᠯᠢᠶᠠᠭᠳᠠᠭᠰᠠᠨ︶ | ᠪᠤᠶᠤ ᠬᠦᠨᠳᠦ ᠨᠣᠴᠢᠲᠠᠶ ᠡᠪᠳᠡᠷᠡᠵᠦ ᠬᠠᠭᠠᠷᠠᠭᠠᠳ ᠦᠷᠭᠦᠯᠵᠢᠯᠡᠨ ᠬᠡᠷᠡᠭᠯᠡᠬᠦ ᠶᠢᠨ ᠠᠷᠭ᠎ᠠ ᠥᠬᠡᠶ ᠪᠣᠯᠤᠭᠰᠠᠨ ᠢ ᠣᠯᠵᠤ ᠮᠡᠳᠡᠪᠡᠯ᠂ ᠬᠠᠷᠢᠶᠠᠯᠠᠭᠳᠠᠬᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠳᠤ ᠨᠢ ᠴᠠᠭ ᠲᠤᠬᠠᠶ ᠳᠤ ᠨᠢ ᠮᠡᠳᠡᠭᠦᠯᠬᠦ ᠶᠢᠨ ᠬᠠᠮᠲᠤ ᠨᠥᠬᠦᠵᠦ ᠭᠦᠢᠴᠡᠳᠭᠡᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠲᠠᠮᠠᠭ᠎ᠠ | ︵ᠨᠢᠭᠡ︶ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠠᠮᠠᠭ᠎ᠠ ᠶᠢ ᠰᠡᠶᠢᠯᠦᠨ ᠦᠢᠯᠡᠳᠬᠦ ᠳᠤ ᠡᠷᠬᠡᠪᠰᠢ ᠬᠤᠯᠪᠣᠭᠳᠠᠯ ᠪᠦᠬᠦᠢ | ᠲᠣᠭᠲᠠᠭᠠᠯ ᠢ ᠴᠢᠩᠭ᠎ᠠ ᠵᠢᠷᠤᠮᠯᠠᠨ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ ᠪᠥᠭᠡᠳ ᠵᠢᠭᠠᠨ ᠲᠣᠭᠲᠠᠭᠠᠭᠰᠠᠨ ᠭᠠᠵᠠᠷ ᠲᠤ ᠰᠡᠶᠢᠯᠦᠨ ᠦᠢᠯᠡᠳᠬᠦ ᠬᠡᠷᠡᠭᠲᠡᠶ᠃ ᠠᠯᠪᠠᠨ | ᠲᠠᠮᠠᠭ᠎ᠠ ᠶᠢ ᠳᠤᠷ᠎ᠠ ᠪᠠᠷ ᠢᠶᠠᠨ ᠰᠡᠶᠢᠯᠬᠦ ᠶᠢ ᠴᠢᠩᠭ᠎ᠠ ᠴᠠᠭᠠᠵᠠᠯᠠᠨ᠎ᠠ᠃ | ︵ᠬᠤᠶᠠᠷ︶ ᠲᠠᠮᠠᠭ᠎ᠠ ᠶᠢ ᠬᠡᠷᠡᠭᠯᠡᠬᠦ ᠳᠤ ᠪᠠᠨ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠴᠢᠩᠭ᠎ᠠ | ᠭᠦᠢᠴᠡᠳᠬᠡᠵᠦ᠂ ᠨᠠᠷᠢᠨ ᠬᠢᠨᠠᠮᠠᠭᠠᠶ ᠳᠠᠩᠰᠠᠯᠠᠨ᠂ ᠲᠠᠮᠠᠭ᠎ᠠ ᠶᠢ ᠬᠡᠷᠡᠭᠯᠡᠬᠦ ᠳᠤ ᠴᠢᠩᠭ᠎ᠠ ᠬᠢᠨᠠᠯᠲᠠ ᠲᠠᠯᠪᠢᠬᠤ ᠬᠡᠷᠡᠭᠲᠡᠶ᠃ ᠲᠠᠮᠠᠭ᠎ᠠ ᠶᠢ ᠠᠰᠢᠭᠯᠠᠨ ᠠᠮᠢ ᠪᠠᠨ ᠪᠣᠷᠳᠣᠬᠤ | ᠪᠤᠶᠤ ᠬᠤᠭᠤᠰᠣᠨ ᠵᠠᠬᠢᠳᠠᠯ ᠪᠢᠴᠢᠵᠦ ᠥᠭᠬᠦ ᠶᠢ ᠴᠢᠩᠭ᠎ᠠ ᠴᠠᠭᠠᠵᠠᠯᠠᠨ᠎ᠠ᠃ | ︵ᠭᠤᠷᠪᠠ︶ ᠲᠠᠮᠠᠭ᠎ᠠ ᠶᠢ ᠲᠤᠰᠬᠠᠶ ᠬᠥᠮᠦᠨ ᠵᠢᠭᠠᠨ ᠲᠣᠭᠲᠠᠭᠠᠵᠤ ᠬᠠᠳᠠᠭᠠᠯᠠᠭᠤᠯᠬᠤ ᠬᠡᠷᠡᠭᠲᠡᠶ᠃ ᠲᠠᠮᠠᠭ᠎ᠠ ᠪᠠᠨ ᠭᠡᠭᠡᠪᠡᠯ ᠡᠷᠬᠡᠪᠰᠢ ᠴᠠᠭ ᠲᠤᠬᠠᠶ ᠳᠤ ᠨᠢ | ᠳᠡᠭᠡᠭᠰᠢ ᠮᠡᠳᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠨᠢᠭᠡᠴᠢ ᠳᠤ ᠮᠡᠳᠡᠭᠳᠡᠬᠦ ᠬᠡᠷᠡᠭᠲᠡᠶ᠃ | ︵ᠲᠦᠷᠪᠡ︶ ᠬᠦᠴᠦᠨ ᠤᠢᠭᠡᠢ ᠪᠣᠯᠭᠠᠬᠤ ᠪᠠᠷ ᠵᠥᠪᠰᠢᠶᠡᠷᠡᠭᠦᠯᠦᠭᠰᠡᠨ ᠲᠠᠮᠠᠭ᠎ᠠ ᠶᠢ ᠪᠦᠷᠢᠳᠬᠡᠨ ᠲᠡᠩᠰᠡᠯᠡᠵᠦ᠂ ᠦᠢᠯᠡᠳᠦᠨ ᠲᠠᠷᠬᠠᠭᠠᠭᠰᠠᠨ ᠪᠠᠶᠢᠭᠤᠯᠭ᠎ᠠ ᠳᠤ | ᠲᠤᠰᠢᠶᠠᠮᠠᠭᠴᠠ ᠤᠰᠠᠳᠬᠠᠨ᠎ᠠ︔ ᠬᠡᠷᠡᠭᠯᠡᠬᠦ ᠪᠠᠨ ᠵᠣᠭᠰᠣᠭᠰᠠᠨ ᠲᠠᠮᠠᠭ᠎ᠠ ᠶᠢ ᠦᠢᠯᠡᠳᠦᠨ ᠲᠠᠷᠬᠠᠭᠠᠭᠰᠠᠨ ᠪᠠᠶᠢᠭᠤᠯᠭ᠎ᠠ ᠳᠤ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠶ᠃ | ᠬᠤᠷᠢᠨ ᠲᠠᠪᠤᠳᠤᠭᠠᠷ ᠵᠦᠢᠯ ᠪᠢᠴᠢᠭ ᠮᠠᠲ᠋ᠧᠷᠢᠶᠠᠯ ᠢ ᠬᠤᠷᠢᠶᠠᠵᠤ ᠲᠠᠷᠬᠠᠭᠠᠬᠤ ᠪᠠ ᠬᠠᠳᠠᠭᠠᠯᠠᠵᠤ ᠬᠠᠮᠢᠶᠠᠷᠬᠤ | ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠢ ᠲᠤᠰᠬᠠᠶ ᠬᠥᠮᠦᠨ ᠵᠢᠭᠠᠨ ᠲᠣᠭᠲᠠᠭᠠᠵᠤ ᠬᠤᠷᠢᠶᠠᠨ ᠲᠠᠷᠬᠠᠭᠠᠯᠭᠠᠬᠤ | ᠪᠠ ᠬᠠᠳᠠᠭᠠᠯᠠᠭᠤᠯᠬᠤ ᠬᠡᠷᠡᠭᠲᠡᠶ᠃ ᠪᠢᠴᠢᠭ ᠮᠠᠲ᠋ᠧᠷᠢᠶᠠᠯ ᠢ ᠬᠤᠷᠢᠶᠠᠵᠤ ᠲᠠᠷᠬᠠᠭᠠᠬᠤ ᠳᠤ ᠪᠠᠨ ᠲᠡᠩᠰᠡᠯᠡᠠ ᠲᠡᠮᠳᠡᠭᠯᠡᠵᠦ᠂ ᠰᠠᠶᠢᠲᠤᠷ ᠬᠠᠳᠠᠭᠠᠯᠠᠨ ᠬᠠᠮᠢᠶᠠᠷᠬᠤ ᠶᠢᠨ | ᠬᠠᠮᠲᠤ ᠨᠢᠭᠤᠴᠠ ᠶᠢ ᠬᠠᠮᠠᠭᠠᠯᠠᠬᠤ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠲᠠᠩᠰᠠ ᠡᠪᠬᠡᠮᠡᠯ ᠳᠤ ᠣᠷᠣᠭᠤᠯᠬᠤ ᠴᠢᠬᠤᠯᠠᠲᠠᠶ ᠪᠢᠴᠢᠭ ᠮᠠᠲ᠋ᠧᠷᠢᠶᠠᠯ ᠢ | ᠱᠠᠭᠠᠷᠳᠠᠯᠭ᠎ᠠ ᠶᠣᠰᠣᠭᠠᠷ ᠡᠪᠬᠡᠮᠡᠯᠯᠡᠨ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ︔ ᠲᠡᠩᠰᠡᠠ ᠳᠤ ᠣᠷᠣᠭᠤᠯᠬᠤ ᠴᠢᠬᠤᠯᠠ ᠤᠢᠭᠡᠢ ᠪᠢᠴᠢᠭ ᠮᠠᠲ᠋ᠧᠷᠢᠶᠠᠯ ᠢ | ᠪᠦᠷᠢᠳᠬᠡᠨ ᠲᠡᠩᠰᠡᠯᠡᠵᠦ᠂ ᠲᠤᠰᠬᠠᠶ ᠬᠥᠮᠦᠨ ᠵᠢᠭᠠᠨ ᠲᠣᠭᠲᠠᠭᠠᠵᠤ ᠤᠰᠠᠳᠬᠠᠬᠤ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠨᠢᠭᠤᠴᠠ ᠶᠢ ᠬᠠᠮᠠᠭᠠᠯᠠᠬᠤ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠡᠷᠬᠡᠪᠰᠢ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠨ | ᠰᠠᠬᠢᠵᠤ᠂ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠳᠣᠲᠣᠭᠠᠳᠤ ᠶᠢ ᠬᠠᠮᠠᠭᠠᠯᠠᠬᠤ ᠨᠢᠭᠤᠴᠠ ᠶᠢ ᠬᠠᠮᠠᠭᠠᠯᠠᠬᠤ ᠬᠡᠷᠡᠭᠲᠡᠶ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠵᠢᠯ ᠤᠨ ᠪᠠᠶᠢᠳᠠᠯ ᠢᠶᠠᠨ ᠦᠨᠳᠦᠰᠦᠯᠡᠨ᠂ ᠨᠢᠭᠤᠴᠠ ᠶᠢ ᠬᠠᠮᠠᠭᠠᠯᠠᠬᠤ ᠬᠥᠮᠦᠵᠢᠯ ᠪᠠ ᠨᠢᠭᠤᠴᠠ ᠶᠢ ᠬᠠᠮᠠᠭᠠᠯᠠᠬᠤ | ᠪᠠᠶᠢᠴᠠᠭᠠᠯᠲᠠ ᠶᠢ ᠦᠷᠭᠦᠯᠵᠢ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤ ᠨᠢ ᠮᠡᠳᠡᠭᠦᠯᠬᠦ ᠶᠢᠨ ᠬᠠᠮᠲᠤ ᠴᠢᠩᠭ᠎ᠠ ᠰᠢᠢᠳᠪᠦᠷᠢᠯᠡᠬᠦ ᠬᠡᠷᠡᠭᠲᠡᠶ᠃ | | ᠵᠢᠷᠭᠤᠳᠤᠭᠠᠷ ᠪᠦᠯᠦᠭ ᠣᠯᠠᠨ ᠲᠦᠮᠡᠨ ᠢ ᠬᠦᠯᠢᠶᠡᠨ ᠠᠪᠬᠤ | ᠬᠤᠷᠢᠨ ᠳᠣᠯᠣᠳᠤᠭᠠᠷ ᠵᠦᠢᠯ ᠳᠣᠲᠣᠭᠠᠳᠤ ᠶᠢ ᠬᠠᠮᠠᠭᠠᠯᠠᠬᠤ ᠪᠠᠢᠭᠤᠯᠭ᠎ᠠ ᠬᠡᠷᠡᠭ ᠡᠷᠬᠢᠯᠡᠬᠦ ᠵᠢᠷᠤᠮ ᠢᠶᠠᠨ ᠳᠥᠭᠦᠮᠴᠢᠯᠡᠵᠦ᠂ ᠠᠵᠢᠯ ᠤᠨ ᠦᠷ᠎ᠡ | ᠪᠦᠳᠦᠮᠵᠢ ᠪᠠᠨ ᠳᠡᠭᠡᠭᠰᠢᠯᠡᠭᠦᠯᠵᠦ᠂ ᠠᠷᠠᠳ ᠣᠯᠠᠨ ᠳᠤ ᠳᠥᠭᠦᠮ ᠦᠵᠡᠭᠦᠯᠬᠦ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠪᠠ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠠᠵᠢᠯ ᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠢᠯᠡ ᠪᠣᠯᠭᠠᠵᠤ ᠪᠣᠯᠬᠤ ᠦᠭᠡᠢ ᠭᠡᠵᠦ ᠲᠣᠭᠲᠠᠭᠠᠭᠰᠠᠨ ᠵᠦᠢᠯᠡᠰ ᠠᠴᠠ ᠪᠤᠰᠤᠳ ᠢ ᠨᠢ | ᠢᠯᠡ ᠪᠣᠯᠭᠠᠬᠤ ᠬᠡᠷᠡᠭᠲᠡᠶ ᠪᠥᠭᠡᠳ ᠰᠣᠨᠢᠨ ᠰᠡᠳᠬᠦᠯ᠂ ᠷᠠᠳᠢᠣ᠋ ᠬᠤᠷᠢᠶ᠎ᠠ᠂ ᠲᠧᠯᠸᠢᠰ ᠬᠤᠷᠢᠶ᠎ᠠ ᠵᠡᠷᠭᠡ ᠰᠣᠨᠢᠨ ᠮᠡᠳᠡᠭᠡᠨ ᠤ ᠵᠠᠭᠤᠴᠢ ᠪᠣᠯᠤᠨ ᠪᠤᠰᠤᠳ | ᠣᠳᠣᠬᠢᠴᠢᠯᠠᠭᠰᠠᠨ ᠮᠡᠳᠡᠭᠡ ᠵᠠᠩᠭᠢ ᠶᠢ ᠤᠯᠠᠮᠵᠢᠯᠠᠨ ᠲᠠᠷᠬᠠᠭᠠᠬᠤ ᠠᠷᠭ᠎ᠠ ᠪᠠᠷᠢᠯ ᠵᠢᠴᠢ ᠵᠠᠷᠯᠠᠨ ᠨᠡᠶᠢᠲᠡᠯᠡᠬᠦ ᠪᠤᠯᠤᠩ᠂ ᠫᠠᠶᠢᠰᠠ ᠢᠯᠡᠷᠬᠡᠶᠢᠯᠡᠯ ᠪᠤᠶᠤ ᠪᠢᠴᠢᠭ ᠤᠨ | ᠮᠠᠲ᠋ᠧᠷᠢᠶᠠᠯ ᠳᠠᠷᠤᠮᠠᠯᠯᠠᠨ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠤᠯᠠᠨ ᠲᠦᠮᠡᠨ ᠳᠤ ᠮᠡᠳᠡᠭᠳᠡᠵᠦ᠂ ᠤᠯᠠᠨ ᠲᠦᠮᠡᠨ ᠳᠤ ᠲᠦᠬᠦᠮ ᠦᠵᠡᠭᠦᠯᠬᠦ ᠬᠡᠷᠡᠭᠲᠡᠶ᠃ | ᠬᠤᠷᠢ ᠶᠢᠰᠦᠳᠦᠭᠡᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠡᠯ᠎ᠡ ᠴᠠᠭᠳᠠᠭᠠᠨ ᠤ ᠲᠦᠷᠦᠯ ᠤᠨ ᠪᠣᠳᠠᠲᠤ ᠪᠠᠶᠢᠳᠠᠯ ᠪᠠ ᠣᠨᠴᠠᠯᠢᠭ ᠢ | ᠦᠨᠳᠦᠰᠦᠯᠡᠨ᠂ ᠪᠣᠯᠪᠠᠰᠤᠨ ᠬᠡᠯᠡᠯᠭᠡ ᠪᠠ ᠴᠡᠭᠡᠷᠯᠡᠯ ᠦᠭᠡ ᠲᠣᠭᠲᠠᠭᠠᠵᠤ᠂ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃ | ᠭᠤᠴᠢᠳᠤᠭᠠᠷ ᠵᠦᠢᠯ ᠥᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠤᠯᠠᠨ ᠲᠦᠮᠡᠨ ᠤ ᠬᠦᠯᠢᠶᠡᠨ ᠠᠪᠬᠤ ᠲᠠᠰᠤᠭ ᠪᠤᠶᠤ | ᠦᠢᠯᠡᠴᠢᠯᠡᠭᠡᠨ ᠤ ᠲᠠᠰᠤᠭ ᠭᠠᠷᠭᠠᠵᠤ᠂ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ᠂ ᠲᠦᠭᠰᠢᠭᠦᠷᠢ ᠮᠡᠳᠡᠭᠦᠯᠬᠦ᠂ ᠬᠡᠷᠡᠭ ᠮᠡᠳᠡᠭᠦᠯᠬᠦ᠂ ᠲᠤᠰᠠᠯᠠᠮᠵᠢ ᠭᠤᠶᠤᠴᠢᠯᠠᠬᠤ᠂ | ᠵᠥᠪᠯᠡᠯᠭᠡ ᠥᠭᠴᠦ ᠬᠦᠯᠢᠶᠡᠨ ᠠᠪᠬᠤ ᠪᠠ ᠳᠠᠭᠠᠭᠤᠯᠤᠨ ᠰᠢᠢᠳᠪᠦᠷᠢᠯᠡᠬᠦ ᠲᠦᠷᠢᠮ ᠢ ᠬᠡᠷᠡᠭᠵᠢᠭᠦᠯᠬᠦ ᠬᠡᠷᠡᠭᠲᠡᠶ᠃ | ᠭᠤᠴᠢᠨ ᠨᠢᠭᠡᠳᠦᠭᠡᠷ ᠵᠦᠢᠯ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠡᠷᠡᠭ ᠰᠢᠢᠳᠪᠦᠷᠢᠯᠡᠭᠦᠯᠬᠦ᠂ ᠲᠦᠭᠰᠢᠭᠦᠷᠢ ᠮᠡᠳᠡᠭᠦᠯᠬᠦ᠂ ᠬᠡᠷᠡᠭ ᠮᠡᠳᠡᠭᠦᠯᠬᠦ᠂ | ᠲᠤᠰᠠᠯᠠᠮᠵᠢ ᠭᠤᠶᠤᠬᠤ᠂ ᠠᠰᠠᠭᠤᠨ ᠯᠠᠪᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠬᠤ ᠳᠤ ᠪᠠᠨ ᠡᠩ ᠲᠡᠷᠢᠭᠦᠨ ᠳᠤ ᠠᠮᠤᠷ ᠠᠰᠠᠭᠤᠬᠤ ᠶᠢᠨ ᠬᠠᠮᠲᠤ | ᠮᠡᠨᠳᠦᠴᠢᠯᠡᠯ ᠬᠦᠷᠭᠡᠭᠰᠡᠨ ᠤ ᠳᠠᠷᠠᠭ᠎ᠠ ᠨᠠᠷᠢᠨ ᠬᠢᠨᠠᠮᠠᠭᠠᠶ᠂ ᠬᠠᠯᠠᠭᠤᠮᠰᠤᠭ ᠢᠶᠠᠷ ᠬᠦᠯᠢᠶᠡᠨ ᠠᠪᠬᠤ ᠬᠡᠷᠡᠭᠲᠡᠶ᠃ ᠬᠦᠯᠢᠶᠡᠨ ᠠᠪᠴᠤ ᠵᠣᠴᠢᠯᠠᠬᠤ ᠳᠤ ᠪᠠᠨ ᠡᠶᠡᠯᠳᠡᠭ | ᠵᠥᠭᠡᠯᠡᠨ᠂ ᠦᠭᠡ ᠬᠡᠯᠡ ᠪᠣᠯᠪᠠᠰᠤᠨ᠂ ᠨᠠᠷᠢᠨ ᠬᠢᠨᠠᠮᠠᠭᠠᠶ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ᠂ ᠶᠠᠮᠠᠷᠪᠠ ᠰᠢᠯᠲᠠᠭ ᠢᠶᠠᠷ ᠰᠢᠯᠲᠠᠭᠯᠠᠬᠤ᠂ ᠬᠠᠷᠢᠯᠴᠠᠨ ᠨᠠᠶᠢᠳᠠᠬᠤ᠂ | ᠠᠪᠤᠷᠢᠯᠠᠬᠤ ᠪᠠᠶᠢᠵᠤ ᠪᠣᠯᠬᠤ ᠦᠭᠡᠢ᠂ ᠬᠦᠢᠳᠡᠮᠰᠦᠭ᠂ ᠰᠢᠷᠦᠭᠦ᠂ ᠬᠡᠷᠴᠡᠭᠡᠢ ᠪᠠᠷ ᠬᠠᠨᠳᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | ᠭᠤᠴᠢᠨ ᠬᠤᠶᠠᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠲᠤᠰᠠᠯᠠᠮᠵᠢ ᠭᠤᠶᠤᠴᠢᠯᠠᠭᠰᠠᠨ ᠤᠯᠠᠨ ᠲᠦᠮᠡᠨ ᠳᠤ ᠴᠢᠬᠤᠯᠠ ᠪᠦᠬᠦᠢ | ᠬᠠᠪᠰᠤᠷᠤᠯᠭ᠎ᠠ ᠦᠵᠡᠭᠦᠯᠵᠦ᠂ ᠤᠯᠠᠨ ᠲᠦᠮᠡᠨ ᠤ ᠳᠤᠷᠠᠳᠤᠭᠰᠠᠨ ᠠᠰᠠᠭᠤᠳᠠᠯ ᠢ ᠬᠠᠷᠢᠭᠤᠯᠤᠨ᠂ ᠤᠯᠠᠨ ᠲᠦᠮᠡᠨ ᠤ ᠲᠦᠭᠰᠢᠭᠦᠷᠢ ᠮᠡᠳᠡᠭᠦᠯᠬᠦ᠂ ᠬᠡᠷᠡᠭ ᠮᠡᠳᠡᠭᠦᠯᠬᠦ ᠶᠢ | ᠴᠠᠭ ᠲᠤᠬᠠᠶ ᠳᠤ ᠨᠢ ᠲᠣᠬᠢᠲᠠᠶ ᠰᠢᠢᠳᠪᠦᠷᠢᠯᠡᠬᠦ ᠬᠡᠷᠡᠭᠲᠡᠶ᠃ | ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠲᠡᠷᠭᠡ ᠲᠦᠷ ᠵᠣᠭᠰᠣᠬᠤ ᠪᠤᠶᠤ ᠶᠠᠪᠤᠵᠤ ᠪᠠᠶᠢᠭ᠎ᠠ ᠦᠶ᠎ᠡ ᠳᠤ᠂ ᠲᠡᠷᠭᠡᠨ ᠳᠤ | ᠰᠠᠭᠤᠭᠰᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠴᠠᠭ ᠢᠮᠠᠭᠲᠠ ᠭᠠᠵᠠᠷ ᠪᠣᠯᠭᠠᠨ ᠳᠤ ᠤᠯᠠᠨ ᠲᠦᠮᠡᠨ ᠤ ᠲᠦᠭᠰᠢᠭᠦᠷᠢ ᠮᠡᠳᠡᠭᠦᠯᠬᠦ ᠪᠠ | ᠲᠤᠰᠠᠯᠠᠮᠵᠢ ᠭᠤᠶᠤᠴᠢᠯᠠᠬᠤ ᠶᠢ ᠬᠦᠯᠢᠶᠡᠨ ᠠᠪᠬᠤ ᠬᠡᠷᠡᠭᠲᠡᠶ᠃ | | ᠳᠣᠯᠣᠳᠤᠭᠠᠷ ᠪᠦᠯᠦᠭ ᠵᠢᠵᠢᠭᠦᠷᠯᠡᠵᠦ ᠠᠵᠢᠯ ᠳᠤ ᠪᠡᠯᠡᠳᠬᠡᠬᠦ | ᠭᠤᠴᠢᠨ ᠭᠤᠷᠪᠠᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠬᠤᠷᠢᠨ ᠲᠦᠷᠪᠡᠨ ᠴᠠᠭ ᠢᠶᠠᠷ ᠵᠢᠵᠢᠭᠦᠷᠯᠡᠵᠦ ᠪᠡᠯᠡᠳᠬᠡᠯ ᠠᠵᠢᠯ ᠬᠢᠬᠦ ᠲᠦᠷᠢᠮ ᠢ | ᠬᠡᠷᠡᠭᠵᠢᠭᠦᠯᠵᠦ᠂ ᠤᠳᠤᠷᠢᠳᠬᠤ ᠺᠠᠳ᠋ᠷ ᠡᠭᠡᠯᠵᠢ ᠳᠠᠭᠠᠭᠤᠯᠤᠨ᠂ ᠴᠠᠭᠳᠠᠭᠠᠨ ᠤ ᠬᠦᠴᠦᠨ ᠢ ᠵᠣᠬᠢᠰᠲᠠᠶ ᠲᠣᠬᠢᠷᠠᠭᠤᠯᠵᠤ᠂ ᠵᠣᠬᠢᠴᠠᠩᠭᠤᠶ ᠪᠠᠭᠠᠵᠢ ᠬᠡᠷᠡᠭᠰᠡᠯ ᠪᠠ ᠵᠠᠮ | ᠬᠠᠷᠢᠯᠴᠠᠭᠠᠨ ᠤ ᠪᠠᠭᠠᠵᠢ ᠶᠢ ᠲᠣᠬᠢᠷᠠᠭᠤᠯᠵᠤ᠂ ᠡᠯ᠎ᠡ ᠵᠦᠢᠯ ᠤᠨ ᠪᠠᠴᠢᠮ ᠡᠭᠦᠷᠭᠡ ᠶᠢ ᠴᠠᠭ ᠲᠤᠬᠠᠶ ᠳᠤ ᠨᠢ ᠭᠦᠢᠴᠡᠳᠬᠡᠬᠦ ᠶᠢ ᠪᠠᠲᠤᠯᠠᠬᠤ ᠬᠡᠷᠡᠭᠲᠡᠶ᠃ | ᠭᠤᠴᠢᠨ ᠳᠥᠷᠪᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠡᠷᠡᠭᠦᠦ ᠶᠢᠨ ᠴᠠᠭᠳᠠᠭ᠎ᠠ᠂ ᠴᠠᠭᠳᠠᠨ | ᠪᠠᠶᠢᠴᠠᠭᠠᠬᠤ ᠴᠠᠭᠳᠠᠭ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠪᠣᠯᠤᠨ ᠰᠠᠬᠢᠨ ᠬᠤᠷᠢᠬᠤ ᠭᠠᠵᠠᠷ᠂ ᠲᠦᠷ ᠬᠤᠷᠢᠬᠤ ᠭᠠᠵᠠᠷ᠂ ᠲᠣᠮᠢᠯᠠᠭᠰᠠᠨ | ᠰᠠᠯᠪᠤᠷᠢ ᠵᠢᠵᠢᠭᠦᠷᠯᠡᠬᠦ ᠲᠠᠰᠤᠭ ᠭᠠᠷᠭᠠᠵᠤ᠂ ᠵᠢᠵᠢᠭᠦᠷᠯᠡᠬᠦ ᠪᠠ ᠵᠢᠵᠢᠭᠦᠷᠯᠡᠬᠦ ᠪᠡᠯᠡᠳᠬᠡᠯ ᠠᠵᠢᠯ ᠤᠨ ᠲᠦᠷᠢᠮ ᠲᠣᠭᠲᠠᠭᠠᠬᠤ ᠬᠡᠷᠡᠭᠲᠡᠢ᠃ | ᠭᠤᠴᠢᠨ ᠲᠠᠪᠤᠳᠤᠭᠠᠷ ᠵᠦᠢᠯ ᠵᠢᠵᠢᠭᠦᠷᠯᠡᠭᠴᠢ ᠶᠢᠨ ᠡᠭᠦᠷᠭᠡ ᠬᠠᠷᠢᠭᠤᠴᠠᠯᠭ᠎ᠠ | ︵ᠨᠢᠭᠡ︶ ᠲᠦᠭᠰᠢᠭᠦᠷᠢ ᠮᠡᠳᠡᠭᠦᠯᠬᠦ᠂ ᠬᠡᠷᠡᠭ ᠮᠡᠳᠡᠭᠦᠯᠬᠦ᠂ ᠢᠯᠡᠴᠢᠯᠡᠬᠦ᠂ ᠵᠠᠭᠠᠯᠳᠤᠬᠤ᠂ ᠬᠡᠷᠡᠭ ᠢᠶᠠᠨ ᠮᠡᠳᠡᠷᠡᠵᠦ ᠪᠡᠶ᠎ᠡ ᠪᠠᠨ ᠲᠤᠰᠢᠶᠠᠬᠤ ᠪᠤᠶᠤ ᠪᠤᠰᠤᠳ | ᠰᠢᠯᠲᠠᠭᠠᠨ ᠠᠴᠠ ᠪᠤᠯᠵᠤ ᠰᠤᠷᠪᠤᠯᠵᠢᠯᠠᠬᠤ ᠪᠠᠷ ᠢᠷᠡᠭᠰᠡᠨ ᠬᠥᠮᠦᠰ ᠢ ᠬᠦᠯᠢᠶᠡᠨ ᠠᠪᠬᠤ᠃ | ︵ᠬᠤᠶᠠᠷ︶ ᠬᠡᠷᠡᠭ᠂ ᠡ᠊ᠨᠳᠡᠯ ᠪᠤᠶᠤ ᠪᠤᠰᠤᠳ ᠪᠠᠴᠢᠮ ᠪᠠᠶᠢᠳᠠᠯ ᠭᠠᠷᠪᠠᠯ᠂ ᠲᠡᠷᠡ ᠳᠠᠷᠤᠶ ᠳᠤ ᠨᠢ ᠳᠡᠭᠡᠳᠦ ᠱᠠᠲᠤᠨ ᠳᠤ ᠮᠡᠳᠡᠭᠦᠯᠬᠦ ᠶᠢᠨ ᠬᠠᠮᠲᠤ ᠳᠡᠭᠡᠳᠦ | ᠱᠠᠲᠤᠨ ᠤ ᠵᠢᠭᠠᠪᠤᠷᠢ ᠪᠤᠶᠤ ᠪᠡᠯᠡᠳᠬᠡᠯ ᠲᠥᠰᠦᠯ ᠤᠨ ᠶᠣᠰᠣᠭᠠᠷ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠡᠷᠡᠭᠲᠡᠶ᠃ | ︵ᠭᠤᠷᠪᠠ︶ ᠠᠯᠪᠠᠨ ᠪᠢᠴᠢᠭ᠂ ᠳ᠋ᠢᠶᠠᠩᠬᠤᠸᠠ ᠵᠡᠷᠭᠡ ᠶᠢ ᠴᠠᠭ ᠲᠤᠬᠠᠶ ᠳᠤ ᠨᠢ ᠲᠣᠬᠢᠲᠠᠶ ᠰᠢᠢᠳᠪᠦᠷᠢᠯᠡᠬᠦ ᠬᠡᠷᠡᠭᠲᠡᠶ᠃ | ︵ᠲᠦᠷᠪᠡ︶ ᠲᠤᠰ ᠨᠢᠭᠡᠴᠢ ᠶᠢᠨ ᠢᠶᠠᠨ ᠠᠵᠢᠯ᠂ ᠰᠤᠷᠤᠯᠭ᠎ᠠ᠂ ᠠᠮᠢᠳᠤᠷᠠᠯ ᠤᠨ ᠡᠮᠬᠢ ᠵᠢᠷᠤᠮ ᠢ ᠬᠠᠮᠠᠭᠠᠯᠠᠵᠤ᠂ ᠳᠣᠲᠣᠭᠠᠳᠤ ᠶᠢᠨ ᠠᠮᠤᠷ ᠲᠦᠪᠰᠢᠨ ᠢ | ᠬᠠᠮᠠᠭᠠᠯᠠᠬᠤ ᠠᠵᠢᠯ ᠢ ᠡᠭᠦᠷᠭᠡᠯᠡᠨ᠎ᠡ᠃ | ︵ᠲᠠᠪᠤ︶ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠭᠤᠴᠢᠨ ᠵᠢᠷᠭᠤᠳᠤᠭᠠᠷ ᠵᠦᠢᠯ ᠵᠢᠵᠢᠭᠦᠷ ᠤᠨ ᠲᠡᠮᠳᠡᠭᠯᠡᠯ | ᠵᠢᠵᠢᠭᠦᠷ ᠤᠨ ᠲᠡᠮᠳᠡᠭᠯᠡᠯ ᠤᠨ ᠲᠦᠷᠢᠮ ᠢ ᠪᠠᠶᠢᠭᠤᠯᠵᠤ᠂ ᠵᠢᠵᠢᠭᠦᠷ ᠤᠨ ᠬᠤᠭᠤᠴᠠᠭᠠᠨ ᠳᠤ ᠡᠭᠦᠰᠦᠭᠰᠡᠨ ᠴᠢᠬᠤᠯᠠ ᠤᠴᠢᠷ ᠶᠠᠪᠤᠳᠠᠯ ᠵᠢᠴᠢ ᠲᠡᠭᠦᠨ ᠢ | ᠰᠢᠢᠳᠪᠦᠷᠢᠯᠡᠭᠰᠡᠨ ᠪᠠᠶᠢᠳᠠᠯ ᠢ ᠨᠠᠷᠢᠨ ᠲᠡᠮᠳᠡᠭᠯᠡᠨ᠎ᠡ᠃ ᠲᠡᠮᠳᠡᠭᠯᠡᠯ ᠤᠨ ᠭᠤᠣᠯ ᠠᠭᠤᠯᠭ᠎ᠠ ᠳᠤ᠄ | ︵ᠨᠢᠭᠡ︶ ᠠᠰᠠᠭᠤᠳᠠᠯ ᠪᠤᠶᠤ ᠬᠡᠷᠡᠭ ᠭᠠᠷᠤᠭᠰᠠᠨ ᠴᠠᠭ᠂ ᠭᠠᠵᠠᠷ᠂ ᠬᠤᠯᠪᠣᠭᠳᠠᠯ ᠪᠦᠬᠦᠢ ᠬᠥᠮᠦᠰ ᠤᠨ ᠣᠪᠣᠭ ᠨᠡᠷ᠎ᠡ ᠪᠠ ᠭᠤᠣᠯ ᠪᠠᠶᠢᠳᠠᠯ︔ | ︵ᠬᠤᠶᠠᠷ︶ ᠳᠡᠭᠡᠳᠦ ᠱᠠᠲᠤᠨ ᠳᠤ ᠮᠡᠳᠡᠭᠦᠯᠦᠭᠰᠡᠨ ᠴᠠᠭ᠂ ᠮᠡᠳᠡᠭᠦᠯᠦᠯᠲᠡ ᠶᠢ ᠬᠦᠯᠢᠶᠡᠠ ᠠᠪᠤᠭᠰᠠᠨ ᠬᠥᠮᠦᠨ ᠤ ᠤᠪᠦᠬ ᠨᠡᠷ᠎ᠡ ᠪᠠ ᠬᠠᠷᠢᠭᠤᠯᠲᠠ ᠶᠢᠨ ᠭᠤᠣᠯ | ᠠᠭᠤᠯᠭ᠎ᠠ︔ | ︵ᠭᠤᠷᠪᠠ︶ ᠳᠡᠭᠡᠳᠦ ᠱᠠᠲᠤᠨ ᠤ ᠵᠢᠭᠠᠪᠤᠷᠢ ᠶᠢ ᠤᠯᠠᠮᠵᠢᠯᠠᠭᠰᠠᠨ᠂ ᠰᠢᠢᠳᠪᠦᠷᠢᠯᠡᠭᠰᠡᠨ ᠪᠠᠶᠢᠳᠠᠯ ᠪᠠ ᠴᠠᠭ ᠬᠤᠭᠤᠴᠠᠭ᠎ᠠ︔ | ︵ᠲᠦᠷᠪᠡ︶ ᠬᠠᠷᠢᠭᠤᠴᠠᠨ ᠰᠢᠢᠳᠪᠦᠷᠢᠯᠡᠬᠦ ᠨᠢᠭᠡᠴᠢ ᠪᠠ ᠬᠦᠮᠦᠰ ᠤᠨ ᠤᠪᠦᠬ ᠨᠡᠷ᠎ᠡ︔ | ︵ᠲᠠᠪᠤ︶ ᠵᠢᠵᠢᠭᠦᠷᠯᠡᠭᠴᠢ ᠶᠢᠨ ᠤᠪᠤᠭ ᠨᠡᠷ᠎ᠡ᠃ | ᠵᠢᠵᠢᠭᠦᠷ ᠤᠨ ᠲᠡᠮᠳᠡᠭᠯᠡᠯ ᠢ ᠲᠠᠩᠰᠠ ᠡᠪᠬᠡᠮᠡᠯ ᠳᠤ ᠣᠷᠣᠭᠤᠯᠵᠤ᠂ ᠲᠣᠬᠢᠲᠠᠶ ᠬᠠᠮᠢᠶᠠᠷᠬᠤ ᠬᠡᠷᠡᠭᠲᠡᠶ᠃ | ᠭᠤᠴᠢᠨ ᠳᠣᠯᠣᠳᠤᠭᠠᠷ ᠵᠦᠢᠯ ᠵᠢᠵᠢᠭᠦᠷᠯᠡᠭᠴᠢ ᠡᠷᠬᠡᠪᠰᠢ ᠠᠵᠢᠯ ᠤᠨ ᠪᠠᠶᠢᠷᠢ ᠪᠠᠨ ᠪᠠᠲᠤ ᠰᠠᠬᠢᠵᠤ᠂ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ | ᠭᠦᠢᠴᠡᠳᠬᠡᠬᠦ ᠬᠡᠷᠡᠭᠲᠡᠶ᠃ ᠵᠢᠵᠢᠭᠦᠷᠯᠡᠭᠴᠢ ᠶᠠᠮᠠᠷ ᠨᠢᠭᠡᠨ ᠰᠢᠯᠲᠠᠭᠠᠨ ᠠᠴᠠ ᠪᠤᠯᠵᠤ ᠵᠥᠪᠰᠢᠶᠡᠷᠡᠯ ᠢᠶᠠᠷ ᠠᠵᠢᠯ ᠤᠨ ᠪᠠᠶᠢᠷᠢ ᠠᠴᠠ ᠪᠠᠨ ᠰᠠᠯᠬᠤ ᠦᠶ᠎ᠡ ᠳᠤ ᠠᠵᠢᠯ ᠤᠨ | ᠪᠠᠶᠢᠷᠢ ᠶᠢ ᠣᠷᠣᠯᠠᠬᠤ ᠬᠥᠮᠦᠨ ᠲᠠᠢ ᠪᠠᠶᠢᠬᠤ ᠬᠡᠷᠡᠭᠲᠡᠶ᠃ ᠡᠭᠡᠯᠵᠢ ᠰᠣᠯᠢᠬᠤ ᠦᠶ᠎ᠡ ᠳᠤ᠂ ᠠᠵᠢᠯ ᠠᠴᠠ ᠪᠠᠭᠤᠭᠰᠠᠳ ᠠᠵᠢᠯ ᠤᠨ ᠪᠠᠶᠢᠳᠠᠯ ᠢᠶᠠᠨ ᠡᠭᠡᠯᠵᠢ | ᠵᠠᠯᠭᠠᠮᠵᠢᠯᠠᠭᠴᠢ ᠳᠤ ᠲᠣᠳᠣᠷᠬᠠᠶ ᠲᠤᠰᠢᠶᠠᠬᠤ ᠶᠢᠨ ᠬᠠᠮᠲᠤ ᠲᠤᠰᠢᠶᠠᠬᠤ ᠪᠠ ᠬᠦᠯᠢᠶᠡᠨ ᠠᠪᠬᠤ ᠭᠠᠷ ᠭᠦᠢᠴᠡᠳᠬᠡᠯ ᠢ ᠭᠦᠢᠴᠡᠳᠬᠡᠬᠦ ᠬᠡᠷᠡᠭᠲᠡᠶ᠃ | ᠭᠤᠴᠢᠨ ᠨᠠᠢᠮᠠᠳᠤᠭᠠᠷ ᠵᠦᠢᠯ ᠵᠢᠵᠢᠭᠦᠷ ᠤᠨ ᠪᠠ ᠠᠵᠢᠯ ᠳᠤ ᠪᠡᠯᠡᠳᠬᠡᠬᠦ ᠬᠥᠮᠦᠰ ᠵᠢᠵᠢᠭᠦᠷ ᠤᠨ ᠪᠠ ᠠᠵᠢᠯ ᠳᠤ ᠪᠡᠯᠡᠳᠬᠡᠬᠦ ᠠᠴᠠ ᠡᠮᠦᠨ᠎ᠡ ᠪᠠ | ᠬᠤᠭᠤᠴᠠᠭᠠᠨ ᠳᠤ ᠠᠷᠢᠬᠢ ᠤᠤᠭᠤᠵᠤ ᠪᠣᠯᠬᠤ ᠦᠭᠡᠢ᠂ ᠵᠢᠵᠢᠭᠦᠷ ᠤᠨ ᠪᠠ ᠠᠵᠢᠯ ᠳᠤ ᠪᠡᠯᠡᠳᠬᠡᠬᠦ ᠬᠤᠭᠤᠴᠠᠭᠠᠨ ᠳᠤ ᠵᠢᠵᠢᠭᠦᠷ ᠤᠨ ᠪᠠ ᠠᠵᠢᠯ ᠳᠤ ᠪᠡᠯᠡᠳᠬᠡᠬᠦ ᠡᠮᠬᠢ | ᠵᠢᠷᠤᠮ ᠢ ᠬᠠᠷᠰᠢᠯᠠᠬᠤ ᠵᠤᠭ᠎ᠠ ᠴᠡᠩᠭᠡᠯ ᠤᠨ ᠠᠵᠢᠯᠯᠠᠭ᠎ᠠ ᠬᠢᠵᠦ ᠪᠣᠯᠬᠤ ᠦᠭᠡᠢ᠃ | | ᠨᠠᠢᠮᠠᠳᠤᠭᠠᠷ ᠪᠦᠯᠦᠭ ᠭᠡᠨᠡᠳᠲᠡ ᠶᠢᠨ ᠬᠡᠷᠡᠭ ᠢ ᠰᠢᠢᠳᠪᠦᠷᠢᠯᠡᠬᠦ | ᠭᠤᠴᠢ ᠶᠢᠰᠦᠳᠦᠭᠡᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠡᠯ᠎ᠡ ᠵᠦᠢᠯ ᠤᠨ ᠪᠠᠴᠢᠮ ᠠᠵᠢᠯᠯᠠᠭ᠎ᠠ ᠶᠢᠨ ᠲᠥᠰᠦᠯ ᠢ ᠤᠷᠢᠳᠴᠢᠯᠠᠨ | ᠲᠣᠭᠲᠠᠭᠠᠵᠤ᠂ ᠪᠠᠴᠢᠮ ᠴᠤᠭᠯᠠᠷᠠᠭᠤᠯᠬᠤ ᠪᠠ ᠡᠭᠦᠷᠭᠡ ᠭᠦᠢᠴᠡᠳᠬᠡᠬᠦ ᠶᠢᠨ ᠬᠠᠷᠢᠯᠴᠠᠬᠤ ᠠᠷᠭ᠎ᠠ ᠮᠠᠶ᠋ᠢᠭ ᠪᠠ ᠱᠠᠭᠠᠷᠳᠠᠯᠭ᠎ᠠ ᠶᠢ ᠲᠣᠭᠲᠠᠭᠠᠬᠤ ᠶᠢᠨ ᠬᠠᠮᠲᠤ ᠲᠣᠭᠲᠠᠭᠠᠯ | ᠶᠣᠰᠣᠭᠠᠷ ᠳᠡᠭᠡᠳᠦ ᠱᠠᠲᠤᠨ ᠳᠤ ᠪᠠᠨ ᠮᠡᠳᠡᠭᠦᠯᠦᠨ ᠵᠥᠪᠰᠢᠶᠡᠷᠡᠭᠦᠯᠦᠭᠡᠳ᠂ ᠴᠢᠬᠤᠯᠠ ᠪᠦᠬᠦᠢ ᠰᠣᠷᠢᠯᠲᠠ ᠪᠠ ᠪᠣᠯᠪᠠᠰᠤᠷᠠᠯ ᠢ ᠵᠣᠬᠢᠶᠠᠨ ᠪᠠᠶᠢᠭᠤᠯᠬᠤ ᠬᠡᠷᠡᠭᠲᠡᠶ᠃ | ᠳᠥᠴᠢᠳᠦᠭᠡᠷ ᠵᠦᠢᠯ ᠲᠣᠤᠷ᠎ᠠ ᠵᠢᠭᠰᠠᠭᠠᠭᠰᠠᠨ ᠪᠠᠴᠢᠮ ᠪᠠᠶᠢᠳᠠᠯ ᠲᠣᠬᠢᠶᠠᠯᠳᠤᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠪᠠᠴᠢᠮ ᠠᠵᠢᠯᠯᠠᠭ᠎ᠠ ᠶᠢᠨ ᠲᠥᠰᠦᠯ ᠤᠨ ᠶᠣᠰᠣᠭᠠᠷ ᠬᠤᠯᠪᠣᠭᠳᠠᠯ ᠪᠦᠬᠦᠢ ᠬᠥᠮᠦᠰ ᠢ ᠵᠣᠬᠢᠶᠠᠨ ᠪᠠᠶᠢᠭᠤᠯᠵᠤ ᠲᠡᠷᠡ ᠳᠠᠷᠤᠶ ᠳᠤ ᠨᠢ ᠲᠤᠬᠠᠶ ᠶᠢᠨ | ᠲᠠᠯᠠᠪᠤᠷ ᠲᠤ ᠣᠴᠢᠭᠤᠯᠬᠤ ᠶᠢᠨ ᠬᠠᠮᠲᠤ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠄ | ︵ᠨᠢᠭᠡ︶ ᠠᠮᠤᠷ ᠲᠦᠪᠰᠢᠨ ᠤ ᠬᠦᠨᠳᠦ ᠶᠡᠭᠡ ᠡ᠊ᠨᠳᠡᠯ᠂ ᠬᠡᠷᠡᠭ ᠶᠠᠪᠤᠳᠠᠯ ᠪᠠ ᠬᠡᠷᠡᠭ ᠭᠠᠷᠤᠭᠰᠠᠨ︔ | ︵ᠬᠤᠶᠠᠷ︶ ᠬᠦᠨᠳᠦ ᠶᠡᠭᠡ ᠡᠷᠡᠭᠦᠦ ᠶᠢᠨ ᠬᠡᠷᠡᠭ ᠭᠠᠷᠤᠭᠰᠠᠨ︔ | ︵ᠭᠤᠷᠪᠠ︶ ᠭᠠᠳᠠᠭᠠᠳᠤ ᠲᠠᠢ ᠬᠤᠯᠪᠣᠭᠳᠠᠭᠰᠠᠨ ᠴᠢᠬᠤᠯᠠ ᠶᠡᠭᠡ ᠬᠡᠷᠡᠭ ᠭᠠᠷᠤᠭᠰᠠᠨ︔ | ︵ᠲᠦᠷᠪᠡ︶ ᠪᠠᠶᠢᠭᠠᠯᠢ ᠶᠢᠨ ᠭᠠᠮᠰᠢᠭ ᠤᠨ ᠬᠦᠨᠳᠦ ᠶᠡᠭᠡ ᠡ᠊ᠨᠳᠡᠯ ᠭᠠᠷᠤᠭᠰᠠᠨ︔ | ︵ᠲᠠᠪᠤ︶ ᠭᠠᠳᠠᠭᠠᠳᠤ ᠶᠢᠨ ᠳᠠᠶᠢᠰᠤᠨ ᠬᠠᠯᠳᠠᠨ ᠲᠦᠢᠪᠡᠭᠡᠬᠦ᠂ ᠠᠭᠠᠷ ᠤᠨ ᠲᠡᠭᠠᠷᠢᠯᠳᠠ ᠶᠠᠪᠤᠭᠤᠯᠬᠤ︔ | ︵ᠵᠢᠷᠭᠤᠭ᠎ᠠ︶ ᠪᠤᠰᠤᠳ ᠪᠠᠴᠢᠮ ᠡᠭᠦᠷᠭᠡ᠃ | ᠳᠥᠴᠢᠨ ᠨᠢᠭᠡᠳᠦᠭᠡᠷ ᠵᠦᠢᠯ ᠲᠣᠳᠤᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠠᠴᠢᠮ ᠡᠭᠦᠷᠭᠡ ᠭᠦᠢᠴᠡᠳᠬᠡᠬᠦ ᠵᠠᠷᠯᠢᠭ ᠢ ᠣᠯᠤᠭᠰᠠᠨ ᠤ ᠲᠡᠷᠠᠭ᠎ᠠ᠂ | ᠵᠢᠭᠠᠨ ᠲᠣᠭᠲᠠᠭᠠᠭᠰᠠᠨ ᠭᠠᠵᠠᠷ ᠲᠤ ᠦᠳᠲᠡᠷ ᠲᠦᠷᠭᠡᠨ ᠬᠦᠷᠴᠦ᠂ ᠨᠢᠭᠡᠳᠦᠯᠲᠡᠶ ᠵᠢᠯᠦᠭᠤᠳᠦᠯᠭ᠎ᠠ ᠰᠢᠯᠵᠢᠭᠦᠯᠦᠯᠲᠡ ᠶᠢ ᠲᠡᠭᠠᠬᠤ ᠬᠡᠷᠡᠭᠲᠡᠶ᠃ ᠪᠠᠴᠢᠮ ᠪᠠᠶᠢᠳᠠᠯ ᠢ | ᠣᠯᠵᠤ ᠮᠡᠳᠡᠪᠡᠯ᠂ ᠴᠠᠭ ᠲᠤᠬᠠᠶ ᠳᠤ ᠨᠢ ᠮᠡᠳᠡᠭᠦᠯᠬᠦ ᠶᠢᠨ ᠬᠠᠮᠲᠤ ᠦᠳᠲᠡᠷ ᠲᠦᠷᠭᠡᠨ ᠢᠶᠠᠷ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ᠃ | ᠳᠥᠴᠢᠨ ᠬᠤᠶᠠᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠷᠢᠶᠠᠨ ᠳᠠᠬᠢ ᠠᠷᠠᠳ ᠤᠨ ᠴᠠᠭᠳᠠᠭ᠎ᠠ ᠶᠢᠨ ᠢᠶᠠᠨ ᠣᠷᠣᠨ ᠰᠠᠭᠤᠴᠠ᠂ | ᠬᠠᠷᠢᠯᠴᠠᠬᠤ ᠠᠷᠭ᠎ᠠ ᠮᠠᠶ᠋ᠢᠭ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠲᠣᠳᠣᠷᠬᠠᠶ ᠳᠠᠩᠰᠠᠯᠠᠵᠤ᠂ ᠪᠠᠴᠢᠮ ᠪᠠᠶᠢᠳᠠᠯ ᠭᠠᠷᠬᠤ ᠦᠶ᠎ᠡ ᠳᠤ ᠴᠠᠭᠳᠠᠭᠠᠨ ᠤ | ᠬᠦᠴᠦᠨ ᠢ ᠦᠳᠲᠡᠷ ᠲᠦᠷᠭᠡᠨ ᠰᠢᠯᠵᠢᠭᠦᠯᠦᠨ ᠴᠤᠭᠯᠠᠭᠤᠯᠬᠤ ᠳᠤ ᠪᠡᠯᠡᠬᠡᠨ ᠪᠠᠶᠢᠯᠭᠠᠬᠤ ᠬᠡᠷᠡᠭᠲᠡᠶ᠃ | | ᠶᠢᠰᠦᠳᠦᠭᠡᠷ ᠪᠦᠯᠦᠭ ᠵᠡᠪᠰᠡᠭ ᠲᠣᠨᠣᠭᠯᠠᠯ ᠤᠨ ᠬᠠᠮᠢᠶᠠᠷᠤᠯᠲᠠ | ᠳᠥᠴᠢᠨ ᠭᠤᠷᠪᠠᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠵᠡᠪᠰᠡᠭ ᠲᠣᠨᠣᠭᠯᠠᠯ ᠤᠨ ᠬᠠᠮᠢᠶᠠᠷᠤᠯᠲᠠ ᠶᠢᠨ ᠴᠢᠩᠭ᠎ᠠ ᠲᠦᠷᠢᠮ ᠢ | ᠲᠣᠭᠲᠠᠭᠠᠵᠤ᠂ ᠵᠡᠪᠰᠡᠭ ᠲᠣᠨᠣᠭᠯᠠᠯ ᠤᠨ ᠡᠳᠦᠷ ᠲᠤᠳᠤᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠵᠡᠪᠰᠡᠭ ᠲᠣᠨᠣᠭᠯᠠᠯ ᠤᠨ ᠦᠷᠭᠦᠯᠵᠢ ᠰᠠᠶᠢᠨ ᠪᠠᠶᠢᠳᠠᠯ ᠲᠠᠢ | ᠪᠠᠶᠢᠬᠤ ᠶᠢ ᠪᠠᠲᠤᠯᠠᠬᠤ ᠬᠡᠷᠡᠭᠲᠡᠶ᠃ | ᠳᠥᠴᠢᠨ ᠳᠥᠷᠪᠡᠳᠦᠭᠡᠷ ᠵᠦᠢᠯ ᠵᠡᠪᠰᠡᠭ ᠲᠣᠨᠣᠭᠯᠠᠯ ᠢ ᠬᠠᠮᠠᠭᠠᠯᠠᠨ ᠠᠷᠠᠴᠢᠯᠠᠬᠤ | ︵ᠨᠢᠭᠡ︶ ᠬᠡᠷᠡᠭᠯᠡᠬᠦ ᠲᠤᠨᠤᠭ ᠲᠥᠬᠦᠭᠡᠷᠦᠮᠵᠢ ᠪᠠᠨ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠨ ᠠᠷᠠᠴᠢᠯᠠᠬᠤ ᠬᠡᠷᠡᠭᠲᠡᠶ᠃ | ︵ᠬᠤᠶᠠᠷ︶ ᠪᠢᠲᠡᠭᠦᠮᠵᠢᠯᠡᠨ ᠬᠠᠳᠠᠭᠠᠯᠠᠭᠰᠠᠨ ᠪᠠ ᠭᠠᠳᠠᠭᠰᠢ ᠭᠠᠷᠤᠭᠰᠠᠨ ᠬᠥᠮᠦᠰ ᠤᠨ ᠦᠯᠡᠳᠡᠭᠡᠭᠰᠡᠨ ᠵᠡᠪᠰᠡᠭ ᠲᠣᠨᠣᠭᠯᠠᠯ ᠢ ᠲᠤᠰᠬᠠᠶ ᠬᠥᠮᠦᠨ ᠵᠢᠭᠠᠨ | ᠲᠣᠭᠲᠠᠭᠠᠵᠤ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠨ ᠠᠷᠠᠴᠢᠯᠠᠬᠤ ᠬᠡᠷᠡᠭᠲᠡᠶ᠃ | ︵ᠭᠤᠷᠪᠠ︶ ᠵᠡᠪᠰᠡᠭ ᠲᠣᠨᠣᠭᠯᠠᠯ ᠤᠨ ᠡᠪᠳᠡᠷᠡᠵᠦ ᠰᠦᠢᠳᠦᠭᠰᠡᠨ ᠢ ᠣᠯᠵᠤ ᠮᠡᠳᠡᠪᠡᠯ ᠴᠠᠭ ᠲᠤᠬᠠᠶ ᠳᠤ ᠨᠢ ᠳᠡᠭᠡᠭᠰᠢ ᠮᠡᠳᠡᠭᠦᠯᠬᠦ ᠶᠢᠨ ᠬᠠᠮᠲᠤ ᠡᠪᠳᠡᠷᠡᠵᠦ | ᠰᠦᠢᠳᠦᠭᠰᠡᠨ ᠬᠡᠮᠵᠢᠶ᠎ᠡ ᠶᠢ ᠨᠢ ᠦᠨᠳᠦᠰᠦᠯᠡᠨ ᠴᠠᠭ ᠲᠤᠬᠠᠶ ᠳᠤ ᠨᠢ ᠵᠣᠬᠢᠶᠠᠨ ᠪᠠᠶᠢᠭᠤᠯᠵᠤ ᠵᠠᠰᠠᠨ ᠰᠡᠷᠭᠦᠭᠡᠬᠦ ᠬᠡᠷᠡᠭᠲᠡᠶ︔ ᠬᠡᠷᠪᠡ ᠲᠤᠰ ᠨᠢᠭᠡᠴᠢ ᠨᠢ ᠵᠠᠰᠠᠨ | ᠰᠡᠯᠪᠢᠵᠦ ᠳᠡᠶᠢᠯᠬᠦ ᠦᠭᠡᠢ ᠪᠣᠯ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠵᠣᠬᠢᠶᠠᠨ ᠪᠠᠶᠢᠭᠤᠯᠵᠤ ᠵᠠᠰᠠᠨ ᠰᠡᠯᠪᠢᠭᠦᠯᠬᠦ ᠪᠤᠶᠤ ᠲᠤᠬᠠᠶ ᠶᠢᠨ ᠭᠠᠵᠠᠷ ᠲᠤ ᠨᠢ ᠵᠠᠰᠠᠨ | ᠰᠡᠯᠪᠢᠭᠦᠯᠬᠦ ᠬᠡᠷᠡᠭᠲᠡᠶ᠃ | ᠳᠥᠴᠢᠨ ᠲᠠᠪᠤᠳᠤᠭᠠᠷ ᠵᠦᠢᠯ ᠵᠡᠪᠰᠡᠭ ᠲᠣᠨᠣᠭᠯᠠᠯ ᠢ ᠬᠠᠳᠠᠭᠠᠯᠠᠨ ᠬᠠᠮᠢᠶᠠᠷᠬᠤ | ︵ᠨᠢᠭᠡ︶ ᠲᠣᠨᠣᠭᠯᠠᠯ ᠤᠨ ᠬᠠᠳᠠᠭᠠᠯᠠᠨ ᠬᠠᠮᠢᠶᠠᠷᠬᠤ ᠭᠡᠷ ︵ᠬᠥᠮᠥᠷᠭᠡ︶ ᠪᠤᠶᠤ ᠲᠤᠰᠬᠠᠶ ᠬᠠᠳᠠᠭᠠᠯᠠᠨ ᠬᠠᠮᠢᠶᠠᠷᠬᠤ ᠬᠤᠷᠭᠤ ᠭᠠᠷᠭᠠᠵᠤ᠂ ᠲᠠᠩᠰᠠ ᠬᠠᠷ᠎ᠠ | ᠪᠠᠶᠢᠭᠤᠯᠤᠨ᠂ ᠲᠤᠰᠬᠠᠶ ᠬᠥᠮᠦᠨ ᠢᠶᠠᠷ ᠬᠠᠮᠢᠶᠠᠷᠤᠭᠤᠯᠤᠨ᠎ᠠ᠃ | ︵ᠬᠤᠶᠠᠷ︶ ᠲᠤᠨᠤᠭ ᠲᠥᠬᠦᠭᠡᠷᠦᠮᠵᠢ ᠪᠠᠨ ᠲᠣᠬᠢᠲᠠᠶ ᠬᠠᠳᠠᠭᠠᠯᠠᠵᠤ᠂ ᠪᠤᠯᠢᠶᠠᠬᠤ ᠶᠢ ᠰᠡᠷᠭᠡᠶᠢᠯᠡᠬᠦ᠂ ᠬᠤᠯᠠᠭᠠᠶᠢᠯᠠᠬᠤ ᠶᠢ ᠰᠡᠷᠭᠡᠶᠢᠯᠡᠬᠦ᠂ ᠡᠪᠳᠡᠬᠦ ᠶᠢ ᠰᠡᠷᠭᠡᠶᠢᠯᠡᠬᠦ | ᠪᠠ ᠭᠠᠯ ᠢ ᠰᠡᠷᠭᠡᠶᠢᠯᠡᠬᠦ᠂ ᠤᠰᠤ ᠶᠢ ᠰᠡᠷᠭᠡᠶᠢᠯᠡᠬᠦ᠂ ᠴᠢᠭᠢᠭᠲᠦᠬᠦ ᠶᠢ ᠰᠡᠷᠭᠡᠶᠢᠯᠡᠬᠦ ᠵᠡᠷᠭᠡ ᠶᠢ ᠰᠠᠶᠢᠲᠤᠷ ᠬᠢᠬᠦ ᠬᠡᠷᠡᠭᠲᠡᠶ᠃ | ︵ᠭᠤᠷᠪᠠ︶ ᠶᠠᠮᠠᠷᠪᠠ ᠨᠢᠭᠡᠴᠢ ᠪᠤᠶᠤ ᠬᠤᠪᠢ ᠬᠥᠮᠦᠨ ᠤ ᠵᠡᠪᠰᠡᠭ ᠲᠣᠨᠣᠭᠯᠠᠯ ᠢ ᠳᠤᠷ᠎ᠠ ᠪᠠᠷ ᠢᠶᠠᠨ ᠰᠣᠯᠢᠬᠤ᠂ ᠵᠢᠭᠡᠯᠡᠭᠦᠯᠬᠦ᠂ ᠪᠡᠯᠡᠭᠯᠡᠬᠦ᠂ ᠬᠤᠪᠢᠷᠠᠭᠤᠯᠤᠨ | ᠬᠤᠳᠠᠯᠳᠤᠬᠤ᠂ ᠲᠦᠷᠢᠶᠡᠰᠦᠯᠡᠭᠦᠯᠬᠦ ᠶᠢ ᠴᠢᠩᠭ᠎ᠠ ᠴᠠᠭᠠᠵᠠᠯᠠᠨ᠎ᠠ᠃ | ︵ᠲᠦᠷᠪᠡ︶ ᠵᠡᠪᠰᠡᠭ ᠲᠣᠨᠣᠭᠯᠠᠯ ᠢ ᠲᠤᠰᠢᠶᠠᠬᠤ ᠪᠠ ᠬᠦᠯᠢᠶᠡᠠ ᠠᠪᠬᠤ᠂ ᠵᠠᠰᠠᠭᠤᠯᠬᠤ ᠪᠠᠷ ᠬᠦᠷᠭᠡᠬᠦ ᠳᠤ ᠪᠠᠨ ᠭᠠᠷ ᠭᠦᠢᠴᠡᠳᠬᠡᠯ ᠢ ᠴᠢᠩᠳᠠᠯᠠᠵᠤ᠂ ᠴᠠᠭ | ᠲᠤᠬᠠᠶ ᠳᠤ ᠨᠢ ᠲᠡᠩᠰᠡᠯᠡᠠ ᠲᠡᠮᠳᠡᠭᠯᠡᠵᠦ᠂ ᠪᠦᠷᠢᠳᠬᠡᠬᠦ ᠬᠡᠷᠡᠭᠲᠡᠶ᠃ ᠵᠡᠪᠰᠡᠭ ᠲᠣᠨᠣᠭᠯᠠᠯ ᠤᠨ ᠬᠤᠬᠢᠷᠠᠯ᠂ ᠬᠤᠷᠣᠭᠳᠠᠯ ᠤᠨ ᠪᠠᠶᠢᠳᠠᠯ ᠢ ᠴᠠᠭ ᠲᠤᠬᠠᠶ ᠳᠤ ᠨᠢ ᠳᠡᠭᠡᠭᠰᠢ | ᠮᠡᠳᠡᠭᠦᠯᠬᠦ ᠬᠡᠷᠡᠭᠲᠡᠶ᠃ | ᠳᠥᠴᠢᠨ ᠵᠢᠷᠭᠤᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠵᠡᠪᠰᠡᠭ᠂ ᠴᠠᠭᠳᠠᠭᠠᠨ ᠤ ᠪᠠᠭᠠᠵᠢ ᠶᠢ ᠵᠡᠭᠦᠵᠦ᠂ ᠬᠡᠷᠡᠭᠯᠡᠬᠦ ᠳᠤ ᠪᠠᠨ | ᠴᠢᠩᠭ᠎ᠠ ᠪᠣᠯᠪᠠᠰᠤᠷᠠᠯ ᠢ ᠥᠩᠭᠡᠷᠡᠭᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠫᠤᠤ ᠵᠡᠪᠰᠡᠭ ᠤᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠴᠠᠭᠳᠠᠭᠠᠨ ᠤ ᠴᠠᠭᠳᠠᠭᠠᠨ ᠤ ᠪᠠᠭᠠᠵᠢ ᠵᠡᠪᠰᠡᠭ ᠪᠠ ᠵᠡᠪᠰᠡᠭ ᠬᠡᠷᠡᠭᠯᠡᠬᠦ ᠲᠦᠷᠢᠮ︾᠂ ︽ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠠᠯᠪᠠᠨ ᠠᠵᠢᠯ ᠳᠤ ᠬᠡᠷᠡᠭᠯᠡᠬᠦ ᠫᠤᠤ ᠶᠢ ᠬᠠᠮᠢᠶᠠᠷᠴᠤ ᠬᠡᠷᠡᠭᠯᠡᠬᠦ ᠲᠣᠭᠲᠠᠭᠠᠯ︾ ᠤᠨ ᠲᠣᠭᠲᠠᠭᠠᠯ ᠢ ᠵᠢᠷᠤᠮᠯᠠᠬᠤ ᠬᠡᠷᠡᠭᠲᠡᠶ᠃ | ᠳᠥᠴᠢᠨ ᠳᠣᠯᠣᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠵᠡᠪᠰᠡᠭ ᠲᠣᠨᠣᠭᠯᠠᠯ ᠢ ᠬᠠᠶᠢᠷᠠᠯᠠᠨ ᠬᠠᠮᠠᠭᠠᠯᠠᠬᠤ ᠪᠠ ᠬᠠᠮᠢᠶᠠᠷᠬᠤ᠂ ᠬᠡᠷᠡᠭᠯᠡᠬᠦ ᠵᠡᠪᠰᠡᠭ | ᠲᠣᠨᠣᠭᠯᠠᠯ ᠤᠨ ᠬᠥᠮᠦᠵᠢᠯ ᠪᠠ ᠪᠠᠶᠢᠴᠠᠭᠠᠯᠲᠠ ᠶᠢ ᠦᠷᠭᠦᠯᠵᠢ ᠬᠢᠵᠦ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠵᠡᠪᠰᠡᠭ ᠲᠣᠨᠣᠭᠯᠠᠯ ᠢ ᠬᠠᠶᠢᠷᠠᠯᠠᠨ | ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠬᠠᠮᠠᠭᠠᠯᠠᠨ ᠠᠷᠠᠴᠢᠯᠠᠬᠤ᠂ ᠬᠠᠳᠠᠭᠠᠯᠠᠨ ᠬᠠᠮᠢᠶᠠᠷᠬᠤ᠂ ᠪᠠᠶᠢᠴᠠᠭᠠᠬᠤ ᠪᠠ ᠵᠥᠪ ᠬᠡᠷᠡᠭᠯᠡᠬᠦ ᠠᠷᠭ᠎ᠠ ᠶᠢ ᠡᠵᠡᠮᠰᠢᠭᠦᠯᠬᠦ ᠬᠡᠷᠡᠭᠲᠡᠶ᠃ | | ᠠᠷᠪᠠᠳᠤᠭᠠᠷ ᠪᠦᠯᠦᠭ ᠠᠯᠪᠠᠨ ᠠᠵᠢᠯ ᠤᠨ ᠡᠮᠬᠢ ᠵᠢᠷᠤᠮ ᠬᠢᠭᠡᠳ ᠳᠣᠲᠣᠭᠠᠳᠤ ᠶᠠᠪᠤᠳᠠᠯ ᠤᠨ ᠪᠠᠶᠢᠷᠢᠯᠠᠭᠤᠯᠤᠯᠲᠠ | ᠳᠥᠴᠢᠨ ᠨᠠᠢᠮᠠᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠯᠪᠠᠨ ᠠᠵᠢᠯ ᠤᠨ ᠡᠮᠬᠢ ᠵᠢᠷᠤᠮ ᠤᠨ ᠬᠠᠮᠢᠶᠠᠷᠤᠯᠲᠠ ᠪᠠᠨ ᠴᠢᠩᠭᠠᠳᠬᠠᠵᠤ᠂ | ᠬᠡᠪ ᠤᠨ ᠠᠵᠢᠯ᠂ ᠰᠤᠷᠤᠯᠭ᠎ᠠ᠂ ᠠᠮᠢᠳᠤᠷᠠᠯ ᠤᠨ ᠡᠮᠬᠢ ᠵᠢᠷᠤᠮ ᠢ ᠬᠠᠮᠠᠭᠠᠯᠠᠵᠤ᠂ ᠠᠯᠪᠠᠨ ᠠᠵᠢᠯ ᠤᠨ ᠣᠷᠴᠢᠨ ᠨᠥᠬᠦᠴᠡᠯ ᠤᠨ ᠴᠡᠪᠡᠷ ᠴᠡᠮᠴᠡᠭᠡᠷ ᠰᠠᠶᠢᠬᠠᠨ᠂ ᠡᠮᠬᠢ | ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ | ᠳᠥᠴᠢ ᠶᠢᠰᠦᠳᠦᠭᠡᠷ ᠵᠦᠢᠯ ᠠᠯᠪᠠᠨ ᠠᠵᠢᠯ ᠤᠨ ᠡᠮᠬᠢ ᠳᠢᠭᠯᠢᠮ ᠤᠨ ︵ᠨᠢᠭᠡ︶ ᠡᠭᠦᠳᠡᠨ ᠬᠠᠷᠠᠭᠤᠯ ᠤᠨ ᠲᠦᠷᠢᠮ ᠢ ᠴᠢᠩᠳᠠᠯᠠᠬᠤ ᠬᠡᠷᠡᠭᠲᠡᠶ᠃ ᠠᠯᠪᠠᠨ | ᠠᠵᠢᠯᠲᠠᠨ ᠬᠤᠯᠪᠣᠭᠳᠠᠯ ᠪᠥᠬᠦᠶ ᠭᠡᠷᠡᠴᠢ ᠦᠨᠡᠮᠯᠡᠯ ᠢᠶᠠᠷ ᠢᠶᠠᠨ ᠠᠯᠪᠠᠨ ᠲᠣᠭᠤᠷᠢᠭ ᠲᠤ ᠣᠷᠣᠵᠤ ᠭᠠᠷᠬᠤ ᠬᠡᠷᠡᠭᠲᠡᠶ︔ ᠴᠢᠬᠤᠯᠠ ᠲᠠᠢ ᠦᠶ᠎ᠡ ᠳᠤ ᠡᠳ᠋ ᠪᠣᠳᠠᠰ ᠢᠶᠠᠨ | ᠠᠪᠴᠤ ᠭᠠᠳᠠᠭᠰᠢ ᠭᠠᠷᠬᠤ ᠳᠤ ᠡᠳ᠋ ᠪᠣᠳᠠᠰ ᠤᠨ ᠭᠡᠷᠡᠴᠢ ᠬᠢᠵᠦ ᠥᠭᠬᠦ ᠬᠡᠷᠡᠭᠲᠡᠶ︔ ᠵᠥᠪᠰᠢᠶᠡᠷᠡᠯ ᠢᠶᠠᠷ ᠲᠦᠷ ᠴᠠᠭ ᠰᠠᠭᠤᠬᠤ ᠬᠥᠮᠦᠰ ᠲᠦᠷ ᠴᠠᠭ ᠣᠷᠣᠵᠤ | ᠭᠠᠷᠬᠤ ᠭᠡᠷᠡᠴᠢ ᠪᠢᠴᠢᠭ ᠬᠢᠯᠭᠡᠬᠦ ᠬᠡᠷᠡᠭᠲᠡᠶ᠃ | ︵ᠬᠤᠶᠠᠷ︶ ᠭᠠᠳᠠᠨ᠎ᠠ ᠠᠴᠠ ᠢᠷᠡᠭᠰᠡᠨ ᠬᠥᠮᠦᠰ᠂ ᠲᠡᠷᠭᠡ ᠬᠥᠰᠬᠡ ᠶᠢᠨ ᠠᠯᠪᠠᠯᠠᠬᠤ ᠲᠣᠭᠤᠷᠢᠭ ᠲᠤ ᠣᠷᠣᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠠᠯᠪᠠᠯᠠᠬᠤ | ᠲᠣᠭᠤᠷᠢᠭ ᠲᠤ ᠦᠨᠡᠬᠡᠷ ᠣᠷᠣᠬᠤ ᠴᠢᠬᠤᠯᠠᠲᠠᠶ ᠪᠠᠶᠢᠪᠠᠯ᠂ ᠳᠠᠩᠰᠠᠯᠠᠭᠤᠯᠬᠤ ᠭᠠᠷ ᠭᠦᠢᠴᠡᠳᠬᠡᠯ ᠢ ᠴᠢᠩᠳᠠᠯᠠᠨ᠂ ᠦᠨᠡᠮᠯᠡᠯ ᠪᠠ ᠠᠪᠴᠤ ᠶᠠᠪᠤᠭ᠎ᠠ ᠡᠳ᠋ ᠪᠣᠳᠠᠰ ᠢ ᠨᠢ | ᠪᠠᠶᠢᠴᠠᠭᠠᠵᠤ᠂ ᠬᠦᠯᠢᠶᠡᠨ ᠠᠪᠤᠭᠴᠢ ᠶᠢᠨ ᠵᠥᠪᠰᠢᠶᠡᠷᠡᠯ ᠢ ᠣᠯᠤᠭᠰᠠᠨ ᠤ ᠳᠠᠷᠠᠭ᠎ᠠ ᠰᠠᠶ᠋ᠢ ᠠᠯᠪᠠᠯᠠᠬᠤ ᠲᠣᠭᠤᠷᠢᠭ ᠲᠤ ᠣᠷᠣᠵᠤ ᠪᠣᠯᠬᠤ ᠪᠥᠭᠡᠳ ᠲᠡᠭᠦᠨ ᠢ ᠰᠢᠪᠠᠳᠠᠵᠤ | ᠪᠠᠶᠢᠭᠠᠳ ᠬᠢᠵᠠᠭᠠᠷᠯᠠᠭᠰᠠᠨ ᠴᠠᠭ ᠤᠨ ᠳᠣᠲᠣᠷ᠎ᠠ ᠠᠯᠪᠠᠯᠠᠬᠤ ᠲᠣᠭᠤᠷᠢᠭ ᠠᠴᠠ ᠰᠠᠯᠭᠠᠬᠤ ᠬᠡᠷᠡᠭᠲᠡᠶ᠃ | ︵ᠭᠤᠷᠪᠠ︶ ᠲᠦᠷ ᠴᠠᠭ ᠤᠨ ᠠᠵᠢᠯᠳᠡᠠ ᠢ ᠬᠥᠯᠥᠰᠥᠯᠡᠬᠦ ᠳᠤ ᠪᠠᠨ ᠬᠢᠨᠠᠨ ᠪᠠᠶᠢᠴᠠᠭᠠᠵᠤ ᠳᠠᠩᠰᠠᠯᠠᠭᠤᠯᠤᠨ᠂ ᠬᠢᠨᠠᠨ ᠪᠠᠶᠢᠴᠠᠭᠠᠭᠠᠳ ᠠᠰᠠᠭᠤᠳᠠᠯ ᠤᠢᠭᠡᠢ | ᠪᠥᠭᠡᠳ ᠵᠥᠪᠰᠢᠶᠡᠷᠡᠭᠦᠯᠦᠭᠰᠡᠨ ᠤ ᠲᠡᠷᠠᠭ᠎ᠠ ᠰᠠᠶ᠋ᠢ ᠬᠥᠯᠥᠰᠥᠯᠡᠨ ᠬᠡᠷᠡᠭᠯᠡᠵᠦ ᠪᠣᠯᠤᠨ᠎ᠠ᠃ | ︵ᠳᠥᠷᠪᠡ︶ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠠᠵᠢᠯᠯᠠᠬᠤ ᠦᠶ᠎ᠡ ᠳᠤ ᠪᠠᠨ ᠡᠷᠬᠡᠪᠰᠢ ᠣᠪᠣᠷ ᠪᠠᠶᠢᠳᠠᠯ ᠢᠶᠠᠨ ᠲᠥᠪ ᠪᠠᠶᠢᠯᠭᠠᠵᠤ᠂ | ᠬᠠᠵᠠᠶᠢᠵᠤ ᠲᠦᠰᠢᠬᠦ᠂ ᠲᠣᠩᠭᠤᠷᠠᠨ ᠬᠡᠪᠲᠡᠬᠦ᠂ ᠬᠥᠯ ᠢᠶᠠᠨ ᠡᠷᠳᠡᠶᠢᠯᠭᠡᠬᠦ᠂ ᠰᠤᠯᠠ ᠶᠠᠷᠢᠯᠴᠠᠵᠤ ᠪᠣᠯᠬᠤ ᠥᠬᠡᠶ᠂ ᠠᠵᠢᠯ ᠲᠠᠢ ᠬᠠᠮᠢᠶ᠎ᠠ ᠥᠬᠡᠶ ᠠᠵᠢᠯᠯᠠᠭ᠎ᠠ ᠶᠢ ᠬᠢᠵᠦ | ᠪᠣᠯᠬᠤ ᠥᠬᠡᠶ᠃ | ︵ᠲᠠᠪᠤ︶ ᠬᠤᠳᠠᠯᠳᠤᠭᠠᠴᠢᠨ ᠤ ᠠᠯᠪᠠᠯᠠᠬᠤ ᠲᠣᠭᠤᠷᠢᠭ ᠲᠤ ᠣᠷᠣᠬᠤ ᠪᠤᠶᠤ ᠠᠯᠪᠠᠯᠠᠬᠤ ᠲᠣᠭᠤᠷᠢᠭ ᠤᠨ ᠬᠠᠵᠠᠭᠤ ᠳᠤ ᠳᠡᠯᠭᠡᠭᠡ ᠮᠠᠶᠢᠮᠠᠶ ᠶᠢᠨ ᠴᠡᠭ | ᠭᠠᠷᠭᠠᠬᠤ ᠶᠢ ᠴᠠᠭᠠᠵᠠᠯᠠᠨ᠎ᠠ᠃ | ︵ᠵᠢᠷᠭᠤᠭ᠎ᠠ︶ ᠠᠯᠪᠠᠯᠠᠬᠤ ᠲᠣᠭᠤᠷᠢᠭ ᠲᠠᠬᠢ ᠬᠡᠷ ᠪᠠᠶᠢᠰᠢᠩ ᠢᠶᠠᠨ ᠪᠤᠰᠤᠳ ᠲᠤ ᠲᠦᠷᠢᠶᠡᠰᠦᠯᠡᠨ ᠥᠭᠴᠦ ᠬᠤᠳᠠᠯᠳᠤᠭ᠎ᠠ ᠡᠷᠭᠢᠯᠡᠬᠦ ᠪᠤᠶᠤ ᠵᠤᠭ᠎ᠠ | ᠴᠡᠩᠭᠡᠯ ᠤᠨ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃ | ᠲᠠᠪᠢᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠯᠪᠠᠯᠠᠬᠤ ᠲᠣᠭᠤᠷᠢᠭ ᠪᠠ ᠪᠠᠶᠢᠷᠢ ᠶᠢᠨ ᠲᠣᠭᠤᠷᠢᠭ ᠢ ᠰᠠᠯᠭᠠᠵᠤ᠂ ᠦᠨᠳᠦᠰᠦᠨ | ᠱᠠᠲᠤᠨ ᠤ ᠰᠠᠯᠠᠭ᠎ᠠ᠂ ᠭᠠᠵᠠᠷ᠂ ᠠᠩᠬᠢ ᠶᠢᠨ ᠠᠯᠪᠠᠨ ᠭᠡᠷ ᠪᠠ ᠠᠷᠠᠳ ᠤᠨ ᠴᠠᠭᠳᠠᠭ᠎ᠠ ᠶᠢᠨ ᠪᠠᠶᠢᠷᠢ ᠶᠢ ᠰᠠᠯᠭᠠᠨ ᠪᠠᠶᠢᠭᠤᠯᠬᠤ ᠬᠡᠷᠡᠭᠲᠡᠢ᠃ ᠣᠨᠴᠠᠭᠠᠶ ᠪᠠᠶᠢᠳᠠᠯ ᠪᠢᠰᠢ | ᠪᠣᠯ ᠪᠠᠶᠢᠷᠢ ᠶᠢᠨ ᠭᠡᠷ ᠲᠤ ᠠᠵᠢᠯᠯᠠᠬᠤ ᠪᠤᠶᠤ ᠠᠯᠪᠠᠨ ᠭᠡᠷ ᠲᠤ ᠬᠤᠨᠣᠵᠤ ᠪᠣᠯᠬᠤ ᠦᠭᠡᠢ᠃ | ᠲᠠᠪᠢᠨ ᠨᠢᠭᠡᠳᠦᠭᠡᠷ ᠵᠦᠢᠯ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠠᠷᠢᠶᠠᠯᠠᠭᠳᠠᠬᠤ ᠬᠤᠪᠢᠶᠠᠷᠢ ᠲᠣᠪᠴᠢᠶ᠎ᠠ᠂ ᠲᠣᠮᠢᠯᠠᠭᠰᠠᠨ ᠰᠠᠯᠪᠤᠷᠢ᠂ | ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠠᠷᠢᠶᠠᠯᠠᠭᠳᠠᠬᠤ ᠲᠣᠮᠢᠯᠠᠭᠰᠠᠨ ᠰᠠᠯᠪᠤᠷᠢ ᠪᠠ ᠬᠠᠷᠢᠭᠤᠴᠠᠯᠭ᠎ᠠ ᠶᠢᠨ ᠲᠣᠭᠤᠷᠢᠭ ᠤᠨ ᠡᠷᠡᠭᠦᠦ ᠶᠢᠨ | ᠴᠠᠭᠳᠠᠭ᠎ᠠ ᠶᠢᠨ ᠳᠤᠮᠳᠠ ᠠᠩᠬᠢ ᠳᠤ ᠬᠡᠪ ᠪᠠᠷᠢᠮᠵᠢᠶ᠎ᠠ ᠨᠢ ᠨᠢᠭᠡᠳᠦᠯᠲᠡᠶ᠂ ᠭᠤᠶᠤ ᠰᠠᠶᠢᠬᠠᠨ᠂ ᠢᠯᠡ ᠲᠣᠳᠣ ᠲᠡᠮᠳᠡᠭ ᠲᠠᠢ ᠳ᠋ᠧᠩ ᠤᠨ ᠬᠠᠶᠢᠷᠴᠠᠭ ᠪᠤᠶᠤ ᠡᠭᠦᠳᠡᠨ ᠤ | ᠫᠠᠶᠢᠰᠠ ᠡᠯᠭᠦᠵᠦ᠂ ᠤᠯᠠᠨ ᠲᠦᠮᠡᠨ ᠤ ᠢᠯᠭᠠᠨ ᠲᠠᠨᠢᠬᠤ ᠳᠤ ᠲᠦᠬᠦᠮ ᠦᠵᠡᠭᠦᠯᠬᠦ ᠬᠡᠷᠡᠭᠲᠡᠶ᠃ | ᠲᠠᠪᠢᠨ ᠬᠤᠶᠠᠳᠤᠭᠠᠷ ᠵᠦᠢᠯ ᠲᠣᠳᠤᠭᠠᠳᠤ ᠶᠠᠪᠤᠳᠠᠯ ᠤᠨ ᠪᠠᠶᠢᠷᠢᠯᠠᠭᠤᠯᠤᠯᠲᠠ | ᠳᠣᠲᠣᠭᠠᠳᠤ ᠶᠠᠪᠤᠳᠠᠯ ᠤᠨ ᠪᠠᠶᠢᠷᠢᠯᠠᠭᠤᠯᠤᠯᠲᠠ ᠶᠢ ᠴᠡᠪᠡᠷ ᠲᠡᠭᠰᠢ᠂ ᠡᠮᠬᠢ ᠵᠢᠷᠤᠮ ᠲᠠᠢ ᠪᠠᠶᠢᠯᠭᠠᠬᠤ ᠬᠡᠷᠡᠭᠲᠡᠶ᠃ ᠠᠯᠪᠠᠨ ᠭᠡᠷ ᠤᠨ ᠳᠣᠲᠣᠷᠠᠬᠢ ᠠᠯᠪᠠᠨ | ᠬᠡᠷᠡᠭᠰᠡᠯ ᠢ ᠦᠷᠦᠵᠦ ᠲᠠᠯᠪᠢᠬᠤ᠂ ᠵᠢᠷᠤᠭ ᠳᠦᠷᠰᠦ ᠵᠢᠷᠤᠭ ᠤᠨ ᠬᠦᠰᠦᠨᠦᠭᠲᠦ ᠶᠢ ᠡᠯᠭᠦᠬᠦ ︵ᠨᠠᠭᠠᠬᠤ︶᠂ ᠬᠤᠪᠴᠠᠰᠤ ᠬᠤᠨᠠᠷ ᠱᠠᠬᠠᠶ ᠮᠠᠯᠠᠭᠠᠶ ᠶᠢ ᠲᠠᠯᠪᠢᠬᠤ ᠵᠢᠴᠢ | ᠠᠷᠠᠳ ᠤᠨ ᠴᠠᠭᠳᠠᠭ᠎ᠠ ᠶᠢᠨ ᠪᠠᠶᠢᠷᠢ ᠶᠢᠨ ᠳᠣᠲᠣᠷᠠᠬᠢ ᠬᠥᠨᠵᠢᠯᠡ ᠳᠡᠪᠢᠰᠬᠡᠷ ᠢ ᠳᠠᠪᠬᠤᠷᠯᠠᠨ ᠲᠠᠯᠪᠢᠬᠤ᠂ ᠤᠬᠢᠶᠠᠵᠤ ᠴᠡᠪᠡᠷᠯᠡᠬᠦ ᠬᠡᠷᠡᠭᠰᠡᠯ ᠢ ᠦᠷᠦᠵᠦ | ᠲᠠᠯᠪᠢᠬᠤ ᠳᠤ ᠪᠠᠨ ᠨᠢᠭᠡᠳᠦᠯᠲᠡᠶ᠂ ᠴᠡᠪᠡᠷ ᠲᠡᠭᠰᠢ ᠪᠠᠶᠢᠬᠤ ᠬᠡᠷᠡᠭᠲᠡᠶ᠃ | ᠲᠠᠪᠢᠨ ᠭᠤᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠡᠦᠬᠡ ᠶᠢᠨ ᠳᠤᠷᠠᠰᠬᠠᠯᠲᠤ ᠵᠦᠢᠯ ᠢ | ᠳᠡᠯᠭᠡᠨ ᠦᠵᠡᠭᠦᠯᠬᠦ ᠣᠷᠳᠣᠨ᠂ ᠢᠷᠠᠭᠤ ᠠᠯᠳᠠᠷ ᠤᠨ ᠭᠡᠷ ᠵᠡᠷᠭᠡ ᠶᠢ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠪᠠ ᠡᠩᠨᠡᠭᠡᠨ ᠤ ᠪᠠᠶᠢᠭᠤᠯᠤᠯᠲᠠ | ᠬᠥᠭᠵᠢᠯᠲᠡ ᠶᠢᠨ ᠲᠡᠦᠬᠡ ᠶᠢ ᠲᠡᠮᠳᠡᠭᠯᠡᠬᠦ ᠬᠡᠷᠡᠭᠲᠡᠢ᠃ | ᠲᠠᠪᠢᠨ ᠳᠥᠷᠪᠡᠳᠦᠭᠡᠷ ᠵᠦᠢᠯ ᠲᠣᠮᠢᠯᠠᠭᠰᠠᠨ ᠰᠠᠯᠪᠤᠷᠢ ᠪᠠ ᠦᠨᠳᠦᠰᠦᠨ ᠱᠠᠲᠤᠨ ᠤ ᠴᠠᠭᠳᠠᠭᠠᠨ ᠤ ᠠᠩᠬᠢ ᠨᠢ ᠰᠣᠶᠣᠯ ᠤᠨ ᠵᠢᠵᠢᠭ ᠦᠷᠦᠭᠡ᠂ ᠪᠡᠶ᠎ᠡ | ᠴᠢᠭᠢᠷᠠᠭᠵᠢᠭᠤᠯᠬᠤ ᠵᠢᠵᠢᠭ ᠦᠷᠦᠭᠡ᠂ ᠬᠤᠭᠤᠯᠠᠨ ᠭᠡᠷ᠂ ᠤᠬᠢᠶᠠᠯᠭ᠎ᠠ ᠶᠢᠨ ᠵᠢᠵᠢᠭ ᠭᠡᠷ ᠪᠠ ᠬᠤᠪᠴᠠᠰᠤ ᠤᠬᠢᠶᠠᠬᠤ ᠵᠢᠵᠢᠭ ᠭᠡᠷ ᠪᠠᠶᠢᠭᠤᠯᠵᠤ᠂ ᠠᠷᠠᠳ ᠤᠨ | ᠴᠠᠭᠳᠠᠭ᠎ᠠ ᠶᠢᠨ ᠰᠣᠶᠣᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠵᠤ᠂ ᠠᠷᠠᠳ ᠤᠨ ᠴᠠᠭᠳᠠᠭ᠎ᠠ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠤ ᠪᠠ ᠬᠤᠪᠢ ᠬᠥᠮᠦᠨ ᠤ | ᠡᠷᠡᠭᠦᠯ ᠬᠠᠮᠠᠭᠠᠯᠠᠯ ᠢ ᠪᠠᠲᠤᠯᠠᠬᠤ ᠬᠡᠷᠡᠭᠲᠡᠶ᠃ | | ᠠᠷᠪᠠᠨ ᠨᠢᠭᠡᠳᠦᠭᠡᠷ ᠪᠦᠯᠦᠭ ᠠᠮᠤᠷ ᠲᠦᠪᠰᠢᠨ ᠤ ᠬᠠᠮᠠᠭᠠᠯᠠᠯᠲᠠ ᠬᠢᠭᠡᠳ ᠡᠷᠡᠭᠦᠯ ᠬᠠᠮᠠᠭᠠᠯᠠᠯ | ᠲᠠᠪᠢᠨ ᠲᠠᠪᠤᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠮᠤᠷ ᠲᠦᠪᠰᠢᠨ ᠤ ᠠᠵᠢᠯ ᠢ ᠴᠢᠬᠤᠯᠠᠴᠢᠯᠠᠵᠤ᠂ ᠰᠡᠷᠭᠡᠶᠢᠯᠡᠬᠦ ᠪᠠᠷ ᠭᠤᠣᠯ ᠪᠣᠯᠭᠠᠬᠤ | ᠴᠢᠭᠯᠡᠯᠲᠡ ᠶᠢ ᠪᠠᠷᠢᠮᠲᠠᠯᠠᠨ᠂ ᠠᠮᠤᠷ ᠲᠦᠪᠰᠢᠨ ᠤ ᠡᠯ᠎ᠡ ᠵᠦᠢᠯ ᠤᠨ ᠲᠦᠷᠢᠮ ᠢ ᠲᠣᠭᠲᠠᠭᠠᠵᠤ᠂ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ | ᠬᠡᠷᠡᠭᠵᠢᠭᠦᠯᠬᠦ ᠬᠡᠷᠡᠭᠲᠡᠶ᠃ | ᠲᠠᠪᠢᠨ ᠵᠢᠷᠭᠤᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠮᠤᠷ ᠲᠦᠪᠰᠢᠨ ᠤ ᠲᠤᠬᠠᠶ ᠬᠥᠮᠦᠵᠢᠯ ᠢ ᠴᠢᠩᠭᠠᠳᠬᠠᠵᠤ᠂ ᠠᠷᠠᠳ ᠤᠨ | ᠴᠠᠭᠳᠠᠭ᠎ᠠ ᠶᠢᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠡᠩᠨᠡᠭᠡᠨ ᠤ ᠳᠣᠲᠣᠭᠠᠳᠤ ᠶᠢᠨ ᠠᠰᠠᠭᠤᠳᠠᠯ ᠢ ᠵᠥᠪ ᠢᠶᠠᠷ ᠰᠢᠢᠳᠪᠦᠷᠢᠯᠡᠵᠦ᠂ ᠡᠯ᠎ᠡ ᠵᠦᠢᠯ ᠤᠨ | ᠠᠮᠤᠷ ᠲᠦᠪᠰᠢᠨ ᠪᠤᠰᠤ ᠬᠦᠴᠦᠨ ᠵᠦᠢᠯ ᠢ ᠢᠳᠡᠪᠬᠢᠲᠡᠶ ᠪᠠᠷ ᠠᠷᠢᠯᠭᠠᠬᠤ ᠬᠡᠷᠡᠭᠲᠡᠶ᠃ | ᠲᠠᠪᠢᠨ ᠳᠣᠯᠣᠳᠤᠭᠠᠷ ᠵᠦᠢᠯ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠳᠤᠷᠢᠳᠤᠯᠭ᠎ᠠ ᠡᠭᠦᠷᠭᠡ ᠪᠠᠶᠢᠷᠢᠯᠠᠭᠤᠯᠬᠤ ᠳᠤ ᠪᠠᠨ ᠠᠮᠤᠷ ᠲᠦᠪᠰᠢᠨ ᠤ | ᠱᠠᠭᠠᠷᠳᠠᠯᠭ᠎ᠠ ᠪᠠᠨ ᠲᠤᠰᠢᠶᠠᠬᠤ ᠶᠢᠨ ᠬᠠᠮᠲᠤ ᠵᠣᠬᠢᠴᠠᠩᠭᠤᠶ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠠᠷᠠᠳ ᠤᠨ | ᠴᠠᠭᠳᠠᠭ᠎ᠠ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠡᠯ᠎ᠡ ᠵᠦᠢᠯ ᠤᠨ ᠠᠮᠤᠷ ᠲᠦᠪᠰᠢᠨ ᠤ ᠲᠦᠷᠢᠮ ᠢ ᠴᠢᠩᠭ᠎ᠠ ᠵᠢᠷᠤᠮᠯᠠᠬᠤ ᠬᠡᠷᠡᠭᠲᠡᠶ᠃ | ︵ᠨᠢᠭᠡ︶ ᠲᠦᠷ ᠬᠤᠷᠢᠬᠤ᠂ ᠪᠠᠷᠢᠪᠴᠢᠯᠠᠬᠤ ᠵᠡᠷᠭᠡ ᠡᠭᠦᠷᠭᠡ ᠶᠢ ᠭᠦᠢᠴᠡᠳᠬᠡᠬᠦ ᠳᠤ ᠪᠠᠨ ᠨᠠᠷᠢᠨ ᠬᠢᠨᠠᠮᠠᠭᠠᠶ ᠪᠠᠷ ᠲᠥᠰᠦᠯ ᠲᠥᠯᠥᠪᠯᠡᠵᠦ᠂ ᠨᠠᠷᠢᠨ ᠨᠢᠮᠪᠠᠶ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠤᠯᠢ ᠶᠢ ᠵᠥᠷᠢᠴᠡᠭᠰᠡᠨ ᠶᠠᠯᠠᠲᠤ ᠡᠲᠡᠭᠡᠳ ᠤᠨ ᠤᠯᠡᠠ ᠲᠦᠮᠡᠨ ᠢ ᠭᠡᠮᠲᠦᠭᠡᠬᠦ ᠪᠤᠶᠤ ᠠᠳᠡᠭᠦᠷᠡᠨ ᠰᠢᠷᠬᠠᠲᠤᠭᠤᠯᠬᠤ ᠶᠢ | ᠴᠢᠩᠭ᠎ᠠ ᠰᠡᠷᠭᠡᠶᠢᠯᠡᠬᠦ ᠬᠡᠷᠡᠭᠲᠡᠶ᠃ | ︵ᠬᠤᠶᠠᠷ︶ ᠰᠢᠭᠦᠨ ᠠᠰᠠᠭᠤᠬᠤ᠂ ᠬᠠᠷᠠᠵᠤ ᠬᠠᠮᠢᠶᠠᠷᠬᠤ᠂ ᠪᠠᠷᠢᠵᠤ ᠬᠦᠷᠭᠡᠬᠦ ᠵᠡᠷᠭᠡ ᠡᠭᠦᠷᠭᠡ ᠶᠢ ᠭᠦᠢᠴᠡᠳᠬᠡᠬᠦ ᠳᠤ ᠪᠠᠨ ᠬᠤᠯᠪᠣᠭᠳᠠᠯ ᠪᠦᠬᠦᠢ ᠠᠮᠤᠷ | ᠲᠦᠪᠰᠢᠨ ᠤ ᠲᠣᠭᠲᠠᠭᠠᠯ ᠢ ᠴᠢᠩᠭ᠎ᠠ ᠵᠢᠷᠤᠮᠯᠠᠵᠤ᠂ ᠤᠷᠭᠤᠨ ᠳᠤᠲᠠᠭᠠᠬᠤ᠂ ᠭᠢᠨᠳᠠᠨ ᠳᠤ ᠤᠷᠪᠠᠯᠭᠠᠨ ᠭᠠᠷᠭᠠᠬᠤ᠂ ᠴᠠᠭᠳᠠᠭ᠎ᠠ ᠶᠢ ᠲᠠᠭᠠᠷᠢᠬᠤ ᠵᠡᠷᠭᠡ ᠬᠡᠷᠡᠭ ᠭᠠᠷᠬᠤ ᠶᠢ | ᠰᠡᠷᠭᠡᠶᠢᠯᠡᠬᠦ ᠬᠡᠷᠡᠭᠲᠡᠶ᠃ | ︵ᠭᠤᠷᠪᠠ︶ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠠᠮᠤᠷ ᠲᠦᠪᠰᠢᠨ ᠢᠶᠠᠷ ᠲᠡᠷᠭᠡ ᠵᠢᠯᠣᠭᠤᠳᠬᠤ᠃ | ᠲᠠᠪᠢᠨ ᠨᠠᠢᠮᠠᠳᠤᠭᠠᠷ ᠵᠦᠢᠯ ᠠᠶᠤᠯ ᠦᠭᠡᠢ ᠶᠢᠨ ᠠᠳᠡᠭᠳᠡᠯ ᠭᠠᠷᠪᠠᠯ᠂ ᠡᠷᠬᠡᠪᠰᠢ ᠴᠠᠭ ᠲᠤᠬᠠᠶ ᠳᠤ ᠨᠢ ᠳᠡᠭᠡᠳᠦ ᠱᠠᠲᠤᠨ ᠳᠤ ᠦᠨᠡᠨ ᠮᠥᠨ ᠢᠶᠠᠷ ᠨᠢ | ᠮᠡᠳᠡᠭᠦᠯᠵᠦ᠂ ᠰᠢᠯᠲᠠᠭᠠᠨ ᠢ ᠨᠢ ᠪᠠᠶᠢᠴᠠᠭᠠᠨ ᠲᠣᠳᠣᠷᠬᠠᠶᠢᠯᠠᠵᠤ᠂ ᠰᠤᠷᠭᠠᠮᠵᠢ ᠶᠢ ᠳ᠋ᠦᠩᠨᠡᠵᠦ᠂ ᠲᠣᠬᠢᠲᠠᠶ ᠰᠢᠢᠳᠪᠦᠷᠢᠯᠡᠬᠦ ᠬᠡᠷᠡᠭᠲᠡᠶ᠃ | ᠲᠠᠪᠢ ᠶᠢᠰᠦᠳᠦᠭᠡᠷ ᠵᠦᠢᠯ ᠡᠷᠡᠭᠦᠯ ᠬᠠᠮᠠᠭᠠᠯᠠᠯ ᠡᠷᠡᠭᠦᠯ ᠮᠡᠨᠳᠤ | ︵ᠨᠢᠭᠡ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠷᠠᠳ ᠤᠨ ᠴᠠᠭᠳᠠᠭ᠎ᠠ ᠳᠤ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠬᠥᠮᠦᠵᠢᠯ ᠢ ᠦᠷᠭᠦᠯᠵᠢ | ᠬᠢᠬᠦ ᠬᠡᠷᠡᠭᠲᠡᠶ᠃ | ︵ᠬᠤᠶᠠᠷ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠷᠠᠳ ᠤᠨ ᠴᠠᠭᠳᠠᠭ᠎ᠠ ᠶᠢ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠵᠤ ᠪᠡᠶ᠎ᠡ ᠶᠢᠨ | ᠪᠠᠶᠢᠴᠠᠭᠠᠯᠲᠠ ᠬᠢᠯᠭᠡᠬᠦ ᠬᠡᠷᠡᠭᠲᠡᠶ︔ ᠰᠣᠶᠣᠯ ᠴᠡᠩᠭᠡᠯ᠂ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠢᠳᠡᠪᠬᠢᠲᠡᠶ ᠥᠷᠨᠢᠭᠦᠯᠵᠦ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠤᠨ᠂ | ᠠᠷᠠᠳ ᠤᠨ ᠴᠠᠭᠳᠠᠭ᠎ᠠ ᠶᠢᠨ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ | | ᠠᠷᠪᠠᠨ ᠬᠤᠶᠠᠳᠤᠭᠠᠷ ᠪᠦᠯᠦᠭ ᠴᠠᠭᠳᠠᠭᠠᠨ ᠤ ᠰᠦᠯᠳᠡ᠂ ᠴᠠᠭᠳᠠᠭᠠᠨ ᠤ ᠳᠠᠭᠤᠤ | ᠵᠢᠷᠠᠳᠤᠭᠠᠷ ᠵᠦᠢᠯ ᠴᠠᠭᠳᠠᠭᠠᠨ ᠤ ᠰᠦᠯᠳᠡ | ︵ᠨᠢᠭᠡ︶ ᠴᠠᠭᠳᠠᠭᠠᠨ ᠤ ᠰᠦᠯᠳᠡ ᠪᠣᠯ ᠠᠷᠠᠳ ᠤᠨ ᠴᠠᠭᠳᠠᠭ᠎ᠠ ᠶᠢᠨ ᠪᠡᠯᠭᠡ ᠲᠡᠮᠳᠡᠭ ᠪᠠ ᠰᠢᠨᠵᠢ ᠲᠡᠮᠳᠡᠭ ᠮᠥᠨ᠃ ᠳᠣᠲᠣᠭᠠᠳᠤ ᠶᠢ ᠬᠠᠮᠠᠭᠠᠯᠠᠬᠤ | ᠠᠷᠠᠳ ᠤᠨ ᠴᠠᠭᠳᠠᠭ᠎ᠠ ᠡᠷᠬᠡᠪᠰᠢ ᠴᠠᠭᠳᠠᠭᠠᠨ ᠤ ᠰᠦᠯᠳᠡ ᠶᠢ ᠬᠠᠶᠢᠷᠠᠯᠠᠨ ᠬᠠᠮᠠᠭᠠᠯᠠᠵᠤ᠂ ᠴᠠᠭᠳᠠᠭᠠᠨ ᠤ ᠰᠦᠯᠳᠡ ᠶᠢᠨ ᠨᠡᠷ᠎ᠡ ᠬᠦᠨᠳᠦ ᠶᠢ ᠬᠠᠮᠠᠭᠠᠯᠠᠬᠤ ᠬᠡᠷᠡᠭᠲᠡᠶ᠃ | ︵ᠬᠤᠶᠠᠷ︶ ᠴᠠᠭᠳᠠᠭᠠᠨ ᠤ ᠰᠦᠯᠳᠡ ᠶᠢ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠦᠢᠯᠡᠳᠴᠦ ᠬᠡᠷᠡᠭᠯᠡᠬᠦ ᠬᠡᠷᠡᠭᠲᠡᠶ᠃ | ᠵᠢᠷᠠᠨ ᠨᠢᠭᠡᠳᠦᠭᠡᠷ ᠵᠦᠢᠯ ᠴᠠᠭᠳᠠᠭᠠᠨ ᠤ ᠳᠠᠭᠤᠤ | ︵ᠨᠢᠭᠡ︶ ᠴᠠᠭᠳᠠᠭᠠᠨ ᠤ ᠳᠠᠭᠤᠤ ᠪᠣᠯ ᠠᠷᠠᠳ ᠤᠨ ᠴᠠᠭᠳᠠᠭᠠᠨ ᠤ ᠰᠢᠨᠵᠢ ᠴᠢᠨᠠᠷ᠂ ᠵᠣᠷᠢᠯᠲᠠ ᠪᠠ ᠵᠣᠷᠢᠭ ᠰᠠᠨᠠᠭᠠᠨ ᠤ ᠢᠯᠡᠷᠡᠯ ᠮᠥᠨ᠃ ᠴᠠᠭᠳᠠᠭᠠᠨ ᠤ | ᠳᠠᠭᠤᠤ ᠶᠢ ᠬᠥᠭᠵᠢᠮᠳᠡᠬᠦ ︵ᠳᠠᠭᠤᠯᠠᠬᠤ︶ ᠶᠢ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠳᠣᠲᠣᠭᠠᠳᠤ ᠶᠢ ᠬᠠᠮᠠᠭᠠᠯᠠᠬᠤ ᠳᠡᠭᠡᠳᠦ | ᠰᠤᠷᠭᠠᠭᠤᠯᠢ ᠶᠢᠨ ᠴᠢᠬᠤᠯᠠ ᠪᠠᠶᠠᠷ ᠤᠨ ᠶᠣᠰᠣᠯᠠᠯ᠂ ᠬᠤᠷᠠᠯ ᠴᠤᠭᠯᠠᠭ᠎ᠠ ᠬᠢᠬᠦ᠂ ᠰᠢᠯᠭᠠᠨ ᠦᠵᠡᠬᠦ ᠵᠢᠴᠢ ᠴᠠᠭᠳᠠᠭᠠᠨ ᠤ ᠰᠦᠷ ᠬᠦᠴᠦᠨ ᠢ ᠬᠠᠮᠠᠭᠠᠯᠠᠬᠤ ᠪᠠ | ᠢᠯᠡᠷᠡᠭᠦᠯᠬᠦ ᠪᠤᠰᠤᠳ ᠲᠠᠯᠠᠪᠤᠷ ᠲᠤ ᠬᠡᠷᠡᠭᠯᠡᠵᠦ ᠪᠣᠯᠤᠨ᠎ᠠ᠃ | ︵ᠬᠤᠶᠠᠷ︶ ᠴᠠᠭᠳᠠᠭᠠᠨ ᠤ ᠳᠠᠭᠤᠤ ᠶᠢ ᠬᠤᠪᠢ ᠬᠥᠮᠦᠨ ᠤ ᠤᠷᠤᠭᠯᠠᠬᠤ᠂ ᠣᠷᠣᠰᠢᠭᠤᠯᠬᠤ᠂ ᠳᠤᠷᠠᠰᠬᠠᠬᠤ᠂ ᠭᠠᠰᠢᠭᠤᠳᠠᠬᠤ ᠠᠵᠢᠯᠯᠠᠭ᠎ᠠ ᠪᠠ ᠵᠤᠭ᠎ᠠ ᠴᠡᠩᠭᠡᠯ᠂ | ᠬᠤᠳᠠᠯᠳᠤᠭᠠᠨ ᠤ ᠠᠵᠢᠯᠯᠠᠭ᠎ᠠ ᠵᠢᠴᠢ ᠴᠠᠭᠳᠠᠭᠠᠨ ᠤ ᠳᠠᠭᠤᠤ ᠶᠢ ᠬᠥᠭᠵᠢᠮᠳᠡᠬᠦ ᠳᠤ ᠲᠣᠬᠢᠷᠠᠮᠵᠢ ᠤᠢᠭᠡᠢ ᠪᠤᠰᠤᠳ ᠭᠠᠵᠠᠷ ᠲᠤ ᠬᠥᠭᠵᠢᠮᠳᠡᠵᠦ ︵ᠳᠠᠭᠤᠯᠠᠬᠤ︶ | ᠪᠣᠯᠬᠤ ᠤᠢᠭᠡᠢ᠃ | ︵ᠭᠤᠷᠪᠠ︶ ᠴᠠᠭᠳᠠᠭᠠᠨ ᠤ ᠳᠠᠭᠤᠤ ᠶᠢ ᠬᠥᠭᠵᠢᠮᠳᠡᠬᠦ ︵ᠳᠠᠭᠤᠯᠠᠬᠤ︶ ᠦᠶ᠎ᠡ ᠳᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠲᠥᠪ | ᠬᠢᠴᠢᠶᠡᠩᠭᠦᠶ ᠪᠠᠷ ᠵᠣᠭᠰᠣᠬᠤ ᠬᠡᠷᠡᠭᠲᠡᠶ᠃ | | ᠠᠷᠪᠠᠨ ᠭᠤᠷᠪᠠᠳᠤᠭᠠᠷ ᠪᠦᠯᠦᠭ ᠴᠠᠭᠳᠠᠭᠠᠨ ᠤ ᠵᠢᠭᠰᠠᠭᠠᠯ ᠰᠢᠯᠭᠠᠨ ᠦᠵᠡᠬᠦ | ᠵᠢᠷᠠᠨ ᠬᠤᠶᠠᠳᠤᠭᠠᠷ ᠵᠦᠢᠯ ᠴᠠᠭᠳᠠᠭᠠᠨ ᠤ ᠵᠢᠭᠰᠠᠭᠠᠯ ᠰᠢᠯᠭᠠᠨ ᠦᠵᠡᠬᠦ ᠭᠡᠳᠡᠭ ᠪᠣᠯ ᠲᠤᠰᠬᠠᠶ ᠣᠷᠣᠨ ︵ᠬᠤᠳᠠ︶ ᠤ ᠱᠠᠲᠤᠨ ᠠᠴᠠ ᠳᠡᠭᠡᠭᠰᠢᠬᠢ ᠨᠠᠮ | ᠵᠠᠰᠠᠭ ᠤᠨ ᠪᠠᠶᠢᠭᠤᠯᠭ᠎ᠠ ᠶᠢᠨ ᠤᠳᠤᠷᠢᠳᠤᠯᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠳᠤᠷᠢᠳᠤᠯᠭ᠎ᠠ ᠶᠢᠨ ᠴᠢᠬᠤᠯᠠ ᠶᠡᠭᠡ ᠪᠠᠶᠠᠷ ᠤᠨ ᠡᠳᠦᠷ᠂ | ᠪᠠᠶᠠᠷ ᠤᠨ ᠶᠣᠰᠣᠯᠠᠯ᠂ ᠬᠤᠷᠠᠯ ᠴᠤᠭᠯᠠᠭ᠎ᠠ ᠵᠡᠷᠭᠡ ᠴᠢᠬᠤᠯᠠ ᠲᠠᠯᠠᠪᠤᠷ ᠲᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠡᠩᠨᠡᠭᠡ ᠶᠢ ᠰᠢᠯᠭᠠᠨ ᠦᠵᠡᠬᠦ | ᠶᠠᠪᠤᠳᠠᠯ ᠪᠣᠯᠤᠨ᠎ᠠ᠃ | ᠵᠢᠷᠠᠨ ᠭᠤᠷᠪᠠᠳᠤᠭᠠᠷ ᠵᠦᠢᠯ ᠴᠠᠭᠳᠠᠭᠠᠨ ᠤ ᠵᠢᠭᠰᠠᠭᠠᠯ ᠰᠢᠯᠭᠠᠨ ᠦᠵᠡᠬᠦ ᠳᠤ ᠬᠢᠨᠠᠨ ᠵᠥᠪᠰᠢᠶᠡᠷᠡᠬᠦ ᠲᠦᠷᠢᠮ ᠢ ᠴᠢᠩᠳᠠᠯᠠᠬᠤ ᠬᠡᠷᠡᠭᠲᠡᠶ᠃ ᠰᠢᠶᠠᠨ ᠤ | ᠱᠠᠲᠤᠨ ᠠᠴᠠ ᠳᠣᠷᠣᠭᠰᠢᠬᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠠᠷᠴᠢᠮ ᠳᠡᠭᠡᠷ᠎ᠡ ᠪᠠᠨ ᠴᠠᠭᠳᠠᠭᠠᠨ ᠤ ᠵᠢᠭᠰᠠᠭᠠᠯ ᠰᠢᠯᠭᠠᠨ ᠦᠵᠡᠵᠦ ᠪᠣᠯᠬᠤ ᠦᠭᠡᠢ︔ | ᠣᠨᠴᠠᠭᠠᠶ ᠪᠠᠶᠢᠳᠠᠯ ᠤᠨ ᠳᠣᠣᠷ᠎ᠠ ᠦᠨᠡᠬᠡᠷ ᠰᠢᠯᠭᠠᠨ ᠦᠵᠡᠬᠦ ᠴᠢᠬᠤᠯᠠᠲᠠᠶ ᠪᠠᠶᠢᠪᠠᠯ᠂ ᠮᠤᠵᠢ ᠶᠢᠨ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ | ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ ᠲᠤᠰᠬᠠᠶ ᠣᠷᠣᠨ ︵ᠬᠤᠳᠠ︶ ᠤ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠠᠭᠳᠠᠭᠠᠨ ᠤ ᠵᠢᠭᠰᠠᠭᠠᠯ | ᠰᠢᠯᠭᠠᠨ ᠦᠵᠡᠬᠦ ᠳᠤ ᠪᠠᠨ ᠮᠤᠵᠢ ᠶᠢᠨ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ ᠳᠣᠲᠣᠭᠠᠳᠤ ᠶᠢ | ᠬᠠᠮᠠᠭᠠᠯᠠᠬᠤ ᠶᠡᠭᠡ ᠰᠤᠷᠭᠠᠭᠤᠯᠢ ᠳᠡᠭᠡᠳᠦ ᠰᠤᠷᠭᠠᠭᠤᠯᠢ ᠨᠤᠭᠤᠳ ᠴᠠᠭᠳᠠᠭᠠᠨ ᠤ ᠵᠢᠭᠰᠠᠭᠠᠯ ᠰᠢᠯᠭᠠᠨ ᠦᠵᠡᠬᠦ ᠳᠤ ᠪᠠᠨ ᠡᠷᠬᠢᠯᠡᠠ ᠬᠠᠮᠢᠶᠠᠷᠬᠤ ᠪᠠᠶᠢᠭᠤᠯᠭ᠎ᠠ ᠳᠤ | ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ | ᠵᠢᠷᠠᠨ ᠳᠥᠷᠪᠡᠳᠦᠭᠡᠷ ᠵᠦᠢᠯ ᠴᠠᠭᠳᠠᠭᠠᠨ ᠤ ᠵᠢᠭᠰᠠᠭᠠᠯ ᠰᠢᠯᠭᠠᠨ ᠦᠵᠡᠬᠦ ᠶᠣᠰᠤᠯᠠᠯ ᠤᠨ ᠭᠤᠣᠯ ᠵᠢᠷᠤᠮ | ︵ᠨᠢᠭᠡ︶ ᠴᠠᠭᠳᠠᠭᠠᠨ ᠤ ᠵᠢᠭᠰᠠᠭᠠᠯ ᠤᠨ ᠵᠢᠯᠤᠭᠤᠳᠤᠭᠴᠢ ᠠᠴᠠ ᠴᠠᠭᠳᠠᠭᠠᠨ ᠤ ᠵᠢᠭᠰᠠᠭᠠᠯ ᠰᠢᠯᠭᠠᠨ ᠦᠵᠡᠬᠦ ᠤᠳᠤᠷᠢᠳᠤᠯᠭ᠎ᠠ ᠳᠤ ᠮᠡᠳᠡᠭᠦᠯᠬᠦ᠃ | ︵ᠬᠤᠶᠠᠷ︶ ᠴᠠᠭᠳᠠᠭᠠᠨ ᠤ ᠵᠢᠭᠰᠠᠭᠠᠯ ᠰᠢᠯᠭᠠᠨ ᠦᠵᠡᠬᠦ ᠤᠳᠤᠷᠢᠳᠤᠯᠭ᠎ᠠ ᠠᠴᠠ ᠴᠠᠭᠳᠠᠭᠠᠨ ᠤ ᠵᠢᠭᠰᠠᠭᠠᠯ ᠡᠬᠢᠯᠡᠬᠦ ᠶᠢ ᠵᠠᠷᠯᠠᠬᠤ᠃ | ︵ᠭᠤᠷᠪᠠ︶ ᠴᠠᠭᠳᠠᠭᠠᠨ ᠤ ᠵᠢᠭᠰᠠᠭᠠᠯ ᠰᠢᠯᠭᠠᠨ ᠦᠵᠡᠬᠦ ᠤᠳᠤᠷᠢᠳᠤᠯᠭ᠎ᠠ ᠠᠴᠠ ᠴᠠᠭᠳᠠᠭᠠᠨ ᠤ ᠡᠩᠨᠡᠭᠡ ᠶᠢ ᠰᠢᠯᠭᠠᠨ ᠦᠵᠡᠬᠦ᠃ | ︵ᠳᠥᠷᠪᠡ︶ ᠴᠠᠭᠳᠠᠭᠠᠨ ᠤ ᠵᠢᠭᠰᠠᠭᠠᠯ ᠰᠢᠯᠭᠠᠨ ᠦᠵᠡᠭᠰᠡᠨ ᠤᠳᠤᠷᠢᠳᠤᠯᠭ᠎ᠠ ᠠᠴᠠ ᠶᠠᠷᠢᠶ᠎ᠠ ᠲᠠᠯᠪᠢᠬᠤ᠃ | ︵ᠲᠠᠪᠤ︶ ᠴᠠᠭᠳᠠᠭᠠᠨ ᠤ ᠵᠢᠭᠰᠠᠭᠠᠯ ᠤᠨ ᠵᠢᠯᠤᠭᠤᠳᠤᠭᠴᠢ ᠠᠴᠠ ᠴᠠᠭᠳᠠᠭᠠᠨ ᠤ ᠵᠢᠭᠰᠠᠭᠠᠯ ᠰᠢᠯᠭᠠᠨ ᠦᠵᠡᠭᠰᠡᠨ ᠤᠳᠤᠷᠢᠳᠤᠯᠭ᠎ᠠ ᠳᠤ ᠮᠡᠳᠡᠭᠦᠯᠬᠦ᠃ | ︵ᠵᠢᠷᠭᠤᠭ᠎ᠠ︶ ᠴᠠᠭᠳᠠᠭᠠᠨ ᠤ ᠵᠢᠭᠰᠠᠭᠠᠯ ᠰᠢᠯᠭᠠᠨ ᠦᠵᠡᠭᠰᠡᠨ ᠤᠳᠤᠷᠢᠳᠤᠯᠭ᠎ᠠ ᠠᠴᠠ ᠴᠠᠭᠳᠠᠭᠠᠨ ᠤ ᠵᠢᠭᠰᠠᠭᠠᠯ ᠰᠢᠯᠭᠠᠨ ᠦᠵᠡᠬᠦ ᠠᠵᠢᠯ ᠳᠠᠭᠤᠰᠤᠭᠰᠠᠨ ᠢ | ᠵᠠᠷᠯᠠᠬᠤ᠃ | | ᠠᠷᠪᠠᠨ ᠳᠥᠷᠪᠡᠳᠦᠭᠡᠷ ᠪᠦᠯᠦᠭ ᠳᠠᠭᠠᠯᠳᠤᠭᠤᠯᠤᠭᠰᠠᠨ ᠲᠦᠷᠢᠮ | ᠵᠢᠷᠠᠨ ᠲᠠᠪᠤᠳᠤᠭᠠᠷ ᠵᠦᠢᠯ ᠲᠤᠰ ᠳᠦᠷᠢᠮ ᠢ ᠪᠦᠬᠦ ᠤᠯᠤᠰ ᠤᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠲᠡᠮᠦᠷ ᠵᠡᠮ᠂ ᠵᠡᠮ | ᠬᠠᠷᠢᠯᠴᠠᠭ᠎ᠠ᠂ ᠠᠷᠠᠳ ᠤᠨ ᠠᠭᠠᠷ ᠤᠨ ᠲᠡᠭᠡᠭᠡᠪᠦᠷᠢ᠂ ᠤᠢ ᠰᠢᠭᠤᠶ ᠶᠢᠨ ᠰᠢᠰᠲ᠋ᠧᠮ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠳᠠᠯᠳᠠᠭᠤᠷ ᠠᠷᠠᠯᠵᠢᠶᠠᠯᠠᠭᠰᠠᠨ | ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠳᠤ ᠬᠡᠷᠡᠭᠵᠢᠭᠦᠯᠦᠨ᠎ᠡ᠃ | ᠵᠢᠷᠠᠨ ᠵᠢᠷᠭᠤᠳᠤᠭᠠᠷ ᠵᠦᠢᠯ ᠲᠤᠰ ᠲᠦᠷᠢᠮ ᠢ ᠵᠥᠷᠢᠴᠡᠵᠦ᠂ ᠦᠢᠯᠡ ᠪᠠᠶᠢᠳᠠᠯ ᠨᠢ ᠬᠥᠩᠭᠡᠪᠲᠦᠷ ᠪᠠᠶᠢᠪᠠᠯ᠂ ᠰᠢᠭᠦᠮᠵᠢᠯᠡᠨ ᠰᠤᠷᠭᠠᠬᠤ ᠶᠢᠨ ᠬᠠᠮᠲᠤ ᠲᠤᠬᠠᠶ ᠶᠢᠨ | ᠲᠠᠯᠠᠪᠤᠷ ᠲᠤ ᠨᠢ ᠵᠠᠯᠠᠷᠠᠭᠤᠯᠬᠤ ᠬᠡᠷᠡᠭᠲᠡᠶ︔ ᠥᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠷᠠᠳ ᠤᠨ ᠴᠠᠭᠳᠠᠭᠠᠨ ᠤ ᠬᠠᠤᠯᠢ︾᠂ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠪᠠᠳᠠᠨ ᠪᠠᠶᠢᠴᠠᠭᠠᠬᠤ ᠲᠥᠷᠢᠮ︾ ᠵᠡᠷᠭᠡ ᠬᠤᠯᠪᠣᠭᠳᠠᠯ ᠪᠥᠬᠦᠢ | ᠲᠣᠭᠲᠠᠭᠠᠯ ᠢ ᠦᠨᠳᠦᠰᠦᠯᠡᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠨᠢ ᠵᠣᠭᠰᠣᠭᠠᠬᠤ᠂ ᠲᠤᠰᠠᠭᠠᠷᠯᠠᠭᠤᠯᠬᠤ ᠠᠷᠭ᠎ᠠ ᠬᠡᠮᠵᠢᠶ᠎ᠡ ᠠᠪᠴᠤ᠂ ᠠᠵᠢᠯ ᠠᠴᠠ ᠨᠢ | ᠵᠣᠭᠰᠣᠭᠠᠬᠤ᠂ ᠵᠠᠰᠠᠭ ᠵᠠᠬᠢᠷᠭᠠᠨ ᠤ ᠰᠢᠢᠳᠭᠡᠯ ᠥᠭᠬᠦ ᠪᠤᠶᠤ ᠴᠠᠭᠳᠠᠭᠠᠨ ᠤ ᠴᠣᠯᠠ ᠶᠢ ᠨᠢ ᠪᠠᠭᠤᠷᠠᠭᠤᠯᠬᠤ᠂ ᠴᠠᠭᠳᠠᠭᠠᠨ ᠤ ᠴᠣᠯᠠ ᠶᠢ ᠨᠢ ᠬᠠᠰᠤᠬᠤ ᠵᠡᠷᠭᠡ ᠪᠠᠷ | ᠰᠢᠢᠳᠪᠦᠷᠢᠯᠡᠬᠦ ᠬᠡᠷᠡᠭᠲᠡᠶ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠠᠨ ᠳᠣᠯᠣᠳᠤᠭᠠᠷ ᠵᠦᠢᠯ ᠲᠤᠰ ᠲᠥᠷᠢᠮ ᠢ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠬᠠᠷᠢᠭᠤᠴᠠᠨ ᠲᠠᠶᠢᠯᠪᠤᠷᠢᠯᠠᠨ᠎ᠠ᠃ | ᠵᠢᠷᠠᠨ ᠨᠠᠢᠮᠠᠳᠤᠭᠠᠷ ᠵᠦᠢᠯ ᠲᠤᠰ ᠲᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 1984 ᠣᠨ ᠤ 6 ᠰᠠᠷ᠎ᠠ ᠳᠤ ᠳᠣᠲᠣᠭᠠᠳᠤ ᠶᠢ | ᠬᠠᠮᠠᠭᠠᠯᠠᠬᠤ ᠶᠠᠮᠤᠨ ᠠᠴᠠ ᠨᠡᠶᠢᠲᠡᠯᠡᠵᠦ ᠬᠡᠷᠡᠭᠵᠢᠭᠦᠯᠦᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠴᠠᠭᠳᠠᠭᠠᠨ ᠤ ᠳᠣᠲᠣᠭᠠᠳᠤ | ᠶᠠᠪᠤᠳᠠᠯ ᠤᠨ ᠲᠦᠷᠢᠮ︾ ︵ᠲᠤᠷᠰᠢᠨ ᠬᠡᠷᠡᠭᠵᠢᠭᠦᠯᠬᠦ︶ ᠢ ᠳᠠᠭᠠᠤ ᠳᠤ ᠨᠢ ᠬᠦᠴᠦᠨ ᠤᠢᠭᠡᠢ ᠪᠣᠯᠭᠠᠨ᠎ᠠ᠃ ᠳᠣᠲᠣᠭᠠᠳᠤ ᠶᠠᠪᠤᠳᠠᠯ ᠤᠨ ᠪᠠᠶᠢᠭᠤᠯᠤᠯᠲᠠ ᠳᠤ | ᠬᠤᠯᠪᠣᠭᠳᠠᠬᠤ ᠪᠤᠰᠤᠳ ᠲᠣᠭᠲᠠᠭᠠᠯ ᠨᠢ ᠲᠤᠰ ᠲᠥᠷᠢᠮ ᠲᠠᠢ ᠨᠢᠭᠡᠳᠦᠯ ᠥᠭᠡᠢ ᠪᠠᠶᠢᠪᠠᠯ᠂ ᠲᠤᠰ ᠲᠥᠷᠢᠮ ᠢᠶᠠᠷ ᠪᠠᠷᠢᠮᠵᠢᠶ᠎ᠠ ᠪᠣᠯᠭᠠᠨ᠎ᠠ᠃ | |