内蒙古自治区公安厅蒙古文网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠬᠤᠲᠠ ᠶᠢᠨ ᠠᠩᠬᠠᠳᠠᠭᠴᠢ ᠣᠨᠴᠠ ᠶᠡᠭᠡ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠭᠰᠠᠨ ᠵᠣᠭᠤᠰ ᠢ ᠮᠡᠬᠡᠯᠡᠨ ᠠᠪᠤᠭᠰᠠᠨ ᠣᠨᠴᠠ ᠶᠡᠭᠡ ᠬᠡᠷᠡᠭ ᠢ ᠢᠯᠡᠷᠡᠭᠦᠯᠪᠡ
        ᠨᠡᠶᠢᠲᠡᠯᠡᠭᠰᠡᠨ ᠴᠠᠭ᠄
        2022/11/20
              ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠬᠤᠲᠠ ᠶᠢᠨ ᠠᠩᠬᠠᠳᠠᠭᠴᠢ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 15.87 ᠳ᠋ᠦᠩᠰᠢᠭᠤᠷ ᠲᠥᠭᠦᠷᠢᠭ ᠲᠤ ᠭᠦᠷᠦᠭᠰᠡᠨ ᠭᠠᠳᠠᠭᠠᠳᠤ ᠭᠠᠷᠭᠠᠯᠲᠠ ᠶᠢᠨ ᠭᠠᠶᠢᠯᠢ ᠶᠢ ᠪᠤᠴᠠᠭᠠᠭᠰᠠᠨ ᠵᠣᠭᠤᠰ ᠢ ᠮᠡᠬᠡᠯᠡᠨ ᠠᠪᠤᠭᠰᠠᠨ ᠣᠨᠴᠠ ᠶᠡᠭᠡ ᠬᠡᠷᠡᠭ ᠢ ᠠᠮᠵᠢᠯᠲᠠ ᠲᠠᠢ ᠢᠯᠡᠷᠡᠭᠦᠯᠵᠦ᠂ 9 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠪᠠ᠃      ᠡᠨᠡ ᠵᠢᠯ ᠤᠨ 7 ᠳ᠋ᠤᠭᠠᠷ ᠰᠠᠷ᠎ᠠ ᠶᠢᠨ 15 ᠤ ᠡᠳᠦᠷ᠂ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠵᠤ ᠠᠬᠤᠶ ᠶᠢᠨ ᠲᠤᠷᠰᠢᠨ ᠪᠠᠶᠢᠴᠠᠭᠠᠬᠤ ᠶᠡᠷᠦᠩᠬᠡᠶ ᠠᠩᠭᠢ ᠶᠢᠨ ᠰᠢᠯᠵᠢᠭᠦᠯᠦᠨ ᠥᠭᠴᠦ ᠰᠢᠢᠳᠪᠦᠷᠢᠯᠡᠭᠦᠯᠦᠭᠰᠡᠨ ᠰᠦᠪᠡᠭᠴᠢ᠄ ᠬᠠᠷᠢᠶᠠᠲᠤ ᠣᠷᠣᠨ ᠤ ᠬᠤᠶᠠᠷ ᠭᠠᠳᠠᠭᠠᠳᠤ ᠠᠷᠠᠯᠵᠢᠶᠠᠨ ᠤ ᠺᠣᠮᠫᠠᠨᠢ ᠨᠢ ᠭᠠᠳᠠᠭᠠᠳᠤ ᠭᠠᠷᠭᠠᠯᠲᠠ ᠶᠢᠨ ᠭᠠᠶᠢᠯᠢ ᠶᠢ ᠪᠤᠴᠠᠭᠠᠭᠰᠠᠨ ᠵᠣᠭᠤᠰ ᠢ ᠮᠡᠬᠡᠯᠡᠨ ᠠᠪᠤᠭᠰᠠᠨ ᠰᠡᠵᠢᠭᠯᠡᠯᠲᠡᠶ ᠪᠥᠭᠡᠳ ᠲᠤᠭ᠎ᠠ ᠬᠡᠮᠵᠢᠶ᠎ᠡ ᠨᠢ ᠯᠤᠲᠤ ᠶᠡᠭᠡ ᠪᠠᠶᠢᠨ᠎ᠠ ᠭᠡᠪᠡ᠃ ᠰᠦᠪᠡᠭᠴᠢ ᠶᠢ ᠣᠯᠤᠭᠰᠠᠨ ᠤ ᠳᠠᠷᠠᠭ᠎ᠠ᠂ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠠᠷᠤᠶ ᠲᠦᠷᠭᠡᠨ 20 ᠭᠠᠷᠤᠶ ᠬᠤᠷᠴᠠ ᠴᠢᠳᠠᠮᠠᠭᠠᠶ ᠴᠠᠭᠳᠠᠭ᠎ᠠ ᠶᠢ ᠴᠤᠭᠯᠠᠭᠤᠯᠵᠤ᠂ ᠬᠤᠰᠢᠭᠤᠨ ᠤ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠲᠤᠰᠬᠠᠶ ᠬᠡᠷᠡᠭ ᠤᠨ ᠳᠤᠭᠤᠶᠢᠯᠠᠩ ᠪᠠᠶᠢᠭᠤᠯᠤᠨ ᠲᠣᠰ ᠰᠦᠪᠡᠭᠴᠢ ᠶᠢ ᠬᠠᠷᠭᠤᠭᠤᠯᠤᠨ ᠪᠠᠶᠢᠴᠠᠭᠠᠵᠤ ᠲᠠᠩᠨᠠᠪᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠷᠦᠩᠬᠡᠶ ᠠᠩᠭᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠰᠠᠯᠪᠤᠷᠢ ᠠᠩᠭᠢ ᠶᠢᠨ ᠬᠠᠪᠰᠤᠷᠤᠯᠭ᠎ᠠ ᠪᠠ ᠵᠢᠯᠣᠭᠤᠳᠣᠯᠭ᠎ᠠ ᠳᠤᠤᠷ᠎ᠠ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠦᠴᠦᠲᠡᠶ ᠬᠠᠮᠵᠢᠯᠴᠠᠭ᠎ᠠ ᠳᠤᠤᠷ᠎ᠠ᠂ ᠲᠤᠰᠬᠠᠶ ᠬᠡᠷᠡᠭ ᠤᠨ ᠳᠤᠭᠤᠶᠢᠯᠠᠩ ᠤᠨ ᠬᠢᠨ ᠰᠡᠳᠬᠢᠴᠡ ᠪᠠᠨ ᠦᠳᠲᠡᠷ ᠲᠦᠷᠭᠡᠨ ᠲᠣᠳᠣᠷᠬᠠᠶᠢᠯᠠᠵᠤ᠂ ᠬᠤᠶᠠᠷ ᠺᠣᠮᠫᠠᠨᠢ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠪᠠ ᠠᠵᠢᠯᠲᠠᠨ ᠤ ᠮᠡᠳᠡᠭᠡ ᠵᠠᠩᠭᠢ ᠶᠢ ᠪᠠᠶᠢᠴᠠᠭᠠᠨ ᠳᠣᠲᠣᠯᠠᠵᠤ᠂ ᠪᠠᠩᠬᠢ ᠶᠢᠨ ᠲᠠᠩᠰᠠᠨ ᠡᠷᠦᠬᠡ ᠶᠢᠨ ᠮᠡᠳᠡᠭᠡ ᠵᠠᠩᠭᠢ ᠪᠠ ᠪᠠᠯᠠ ᠮᠥᠩᠭᠦ ᠶᠢᠨ ᠠᠷᠠᠯᠵᠢᠶᠠᠨ ᠤ ᠴᠤᠪᠤᠷᠠᠯ ᠢ ᠰᠢᠯᠵᠢᠭᠦᠯᠦᠨ ᠠᠪᠴᠤ ᠵᠠᠳᠠᠯᠬᠤ ᠪᠠᠷ ᠳᠡᠮᠵᠢᠨ᠂ ᠲᠤᠰᠬᠠᠶ ᠬᠡᠷᠡᠭ ᠤᠨ ᠳᠤᠭᠤᠶᠢᠯᠠᠩ ᠤᠨ ᠬᠢᠨ ᠬᠤᠶᠠᠷ ᠺᠣᠮᠫᠠᠨᠢ ᠶᠢᠨ ᠳᠠᠩᠰᠠᠯᠠᠭᠤᠯᠤᠭᠰᠠᠨ ᠠᠴᠠ ᠨᠠᠭᠠᠰᠢ᠂ ᠳᠡᠭᠡᠳᠦ ᠳᠤᠤᠷᠠᠳᠤ ᠲᠠᠯ᠎ᠠ ᠶᠢᠨ ᠬᠢᠨ ᠠᠵᠤ ᠠᠬᠤᠶᠢᠯᠠᠯ ᠳᠤ ᠬᠤᠯᠪᠣᠭᠳᠠᠬᠤ ᠪᠠᠯᠠ ᠮᠥᠩᠭᠦ ᠶᠢᠨ ᠠᠷᠠᠯᠵᠢᠶᠠᠨ ᠤ ᠲᠤᠭ᠎ᠠ 15 ᠳ᠋ᠦᠩᠰᠢᠭᠤᠷ ᠲᠥᠭᠦᠷᠢᠭ ᠢ ᠳᠠᠪᠠᠭᠰᠠᠨ ᠪᠠᠶᠢᠪᠠ᠃
        微信图片_20221025101207.jpg   
              ᠡᠶᠢᠮᠦ ᠶᠡᠭᠡ ᠲᠤᠭ᠎ᠠ ᠪᠠᠷᠢᠮᠲᠠ ᠶᠢ ᠵᠠᠳᠠᠯᠬᠤ ᠳᠤ᠂ ᠲᠡᠶᠢᠮᠦ ᠠᠮᠠᠷ︖ ᠨᠢᠭᠡ ᠬᠤᠭᠤᠴᠠᠭᠠᠨ ᠳᠤ᠂ ᠲᠤᠰᠬᠠᠶ ᠬᠡᠷᠡᠭ ᠤᠨ ᠳᠤᠭᠤᠶᠢᠯᠠᠩ ᠤᠨ ᠠᠵᠢᠯ ᠨᠢ ᠣᠷᠳᠣ ᠤᠳᠠᠭᠠᠨ ᠪᠠ ᠳᠠᠬᠢᠨ ᠳᠠᠪᠲᠠᠨ ᠲᠤᠭ᠎ᠠ ᠪᠠᠷᠢᠮᠲᠠ ᠭᠠᠷᠭᠠᠨ ᠠᠪᠬᠤ᠂ ᠲᠤᠭ᠎ᠠ ᠪᠠᠷᠢᠮᠲᠠ ᠶᠢᠨ ᠵᠠᠳᠠᠯᠤᠯᠲᠠ᠂ ᠲᠤᠭ᠎ᠠ ᠪᠠᠷᠢᠮᠲᠠ ᠶᠢᠨ ᠬᠠᠷᠢᠴᠠᠭᠤᠯᠤᠯ ᠪᠠ ᠲᠤᠭ᠎ᠠ ᠪᠠᠷᠢᠮᠲᠠ ᠶᠢᠨ ᠬᠤᠷᠢᠶᠠᠩᠭᠤᠶᠢᠯᠠᠯ ᠬᠢᠬᠦ ᠶᠠᠪᠤᠴᠠ ᠳᠤ᠂ ᠱᠠᠨᠳᠦ᠋ᠩ᠂ ᠵᠧᠵᠢᠶᠠᠩ᠂ ᠹᠦᠵᠢᠶᠠᠨ᠂ ᠠᠨᠾᠦ᠋ᠢ᠂ ᠵᠢᠶᠠᠩᠰᠢ ᠵᠡᠷᠭᠡ ᠭᠠᠵᠠᠷ ᠲᠤ ᠣᠯᠠᠨ ᠤᠳᠠᠭ᠎ᠠ ᠬᠦᠷᠴᠦ ᠪᠠᠶᠢᠴᠠᠭᠠᠨ ᠭᠡᠷᠡᠴᠢ ᠴᠤᠭᠯᠠᠭᠤᠯᠪᠠ᠃ ᠰᠠᠷ᠎ᠠ ᠭᠠᠷᠤᠶ ᠶᠢᠨ ᠴᠢᠷᠮᠠᠶᠢᠯᠭ᠎ᠠ ᠪᠠᠷ ᠳᠡᠮᠵᠢᠨ᠂ ᠬᠤᠶᠠᠷ ᠺᠣᠮᠫᠠᠨᠢ ᠥᠷᠲᠡᠭ ᠨᠡᠮᠡᠭᠳᠡᠯ ᠤᠨ ᠭᠠᠶᠢᠯᠢ ᠶᠢᠨ ᠲᠤᠰᠬᠠᠶ ᠪᠠᠷᠢᠮᠲᠠ ᠪᠠ ᠭᠠᠳᠠᠭᠠᠳᠤ ᠳᠤ ᠭᠠᠷᠭᠠᠭᠰᠠᠨ ᠬᠤᠳᠠᠯ ᠬᠠᠭᠤᠷᠮᠠᠭ ᠡᠳ᠋ ᠪᠠᠷᠠᠭᠠᠨ ᠤ ᠲᠣᠳᠣᠷᠬᠠᠶ ᠬᠠᠭᠤᠳᠠᠰᠤ ᠶᠢ ᠬᠤᠳᠠᠯᠳᠤᠨ ᠠᠪᠴᠤ᠂ ᠭᠠᠳᠠᠭᠠᠳᠤ ᠭᠤᠪᠢᠭᠤᠯᠭ᠎ᠠ ᠶᠢ ᠬᠠᠤᠯᠢ ᠪᠤᠰᠤ ᠪᠠᠷ ᠬᠤᠳᠠᠯᠳᠤᠨ ᠠᠪᠬᠤ᠂ ᠭᠠᠳᠠᠭᠠᠳᠤ ᠳᠤ ᠭᠠᠷᠭᠠᠬᠤ ᠬᠠᠭᠤᠷᠮᠠᠭ ᠦᠵᠡᠭᠳᠡᠯ ᠢ ᠠᠰᠢᠭᠯᠠᠨ ᠭᠠᠶᠢᠯᠢ ᠪᠤᠴᠠᠭᠠᠬᠤ ᠠᠷᠭ᠎ᠠ ᠬᠡᠮᠵᠢᠶ᠎ᠡ ᠠᠪᠤᠭᠰᠠᠨ ᠶᠠᠯᠠᠲᠤ ᠬᠡᠷᠡᠭ ᠤᠨ ᠬᠡᠯᠬᠢᠶ᠎ᠡ ᠶᠢ ᠲᠤᠰᠬᠠᠶ ᠬᠡᠷᠡᠭ ᠤᠨ ᠳᠤᠭᠤᠶᠢᠯᠠᠩ ᠠᠯᠬᠤᠮ ᠠᠯᠬᠤᠮ ᠢᠶᠠᠷ ᠲᠣᠳᠣᠷᠬᠠᠶ ᠪᠣᠯᠭᠠᠪᠠ᠃
        微信图片_20221025101229.jpg   
              ᠲᠤᠰᠬᠠᠶ ᠬᠡᠷᠡᠭ ᠤᠨ ᠳᠤᠭᠤᠶᠢᠯᠠᠩ ᠣᠯᠠᠨ ᠭᠤᠤᠯᠳᠠᠯᠭ᠎ᠠ ᠲᠠᠢ ᠭᠤᠭᠴᠤᠭ᠎ᠠ ᠶᠢᠨ ᠲᠣᠭᠤᠷᠢᠨ ᠳᠤ ᠰᠦᠪᠡᠭᠴᠢ ᠶᠢ ᠭᠦᠨᠵᠡᠭᠡᠶ ᠠᠭᠤᠳᠠᠯᠤᠨ ᠥᠷᠭᠡᠳᠬᠡᠵᠦ᠂ ᠲᠤᠭ᠎ᠠ ᠪᠠᠷᠢᠮᠲᠠ ᠶᠢ ᠭᠦᠨᠵᠡᠭᠡᠶ ᠰᠤᠳᠤᠯᠤᠨ ᠮᠠᠭᠠᠳᠯᠠᠵᠤ᠂ ᠰᠦᠪᠡᠭᠴᠢ ᠶᠢ ᠨᠢᠭᠲᠠ ᠮᠥᠷᠳᠡᠨ᠂ ᠪᠥᠬᠦ ᠬᠡᠯᠬᠢᠶ᠎ᠡ ᠳᠤ ᠭᠦᠨᠵᠡᠭᠡᠶ ᠴᠣᠬᠢᠯᠲᠠ ᠥᠭᠴᠦ᠂ 15 ᠮᠤᠵᠢ᠂ ᠬᠤᠲᠠ᠂ ᠥᠪᠡᠷᠲᠡᠭᠡᠨ ᠵᠠᠰᠠᠬᠤ ᠣᠷᠣᠨ᠂ 227 ᠠᠵᠤ ᠠᠬᠤᠶᠢᠯᠠᠯ ᠳᠤ ᠬᠤᠯᠪᠣᠭᠳᠠᠭᠰᠠᠨ ᠭᠠᠳᠠᠭᠠᠳᠤ ᠭᠠᠷᠭᠠᠯᠲᠠ ᠶᠢᠨ ᠭᠠᠶᠢᠯᠢ ᠶᠢ ᠪᠤᠴᠠᠭᠠᠬᠤ ᠵᠣᠭᠤᠰ ᠢ ᠮᠡᠬᠡᠯᠡᠨ ᠠᠪᠤᠭᠰᠠᠨ ᠶᠠᠯᠠᠲᠤ ᠪᠦᠯᠦᠭ ᠢ ᠨᠢᠭᠡᠳ ᠨᠢᠭᠡ ᠪᠠᠷ ᠢᠯᠡᠴᠢᠯᠡᠵᠦ᠂ ᠡᠲᠡᠭᠡᠷ ᠲᠤᠭ᠎ᠠ ᠪᠠᠷᠢᠮᠲᠠ ᠶᠢᠨ ᠳᠤᠤᠷ᠎ᠠ ᠨᠢᠭᠤᠭᠳᠠᠵᠤ ᠪᠠᠶᠢᠭ᠎ᠠ ᠶᠠᠯᠠᠲᠤ ᠡᠲᠡᠭᠡᠳ ᠤᠨ ᠦᠨᠡᠨ ᠳᠦᠷᠢ ᠨᠢ ᠢᠯᠡᠷᠡᠭᠦᠯᠪᠡ᠃ ᠪᠠᠷᠢᠪᠴᠢᠯᠠᠬᠤ ᠠᠴᠠ ᠡᠮᠦᠨᠡᠬᠢ ᠪᠡᠯᠡᠳᠬᠡᠯ ᠠᠵᠢᠯ ᠢ ᠰᠠᠶᠢᠲᠤᠷ ᠬᠢᠭᠰᠡᠨ ᠤ ᠳᠠᠷᠠᠭ᠎ᠠ᠂ ᠲᠤᠰᠬᠠᠶ ᠬᠡᠷᠡᠭ ᠤᠨ ᠳᠤᠭᠤᠶᠢᠯᠠᠩ ᠳᠠᠷᠤᠶ ᠲᠦᠷᠭᠡᠨ ᠨᠢᠭᠡᠳᠦᠯᠲᠡᠶ ᠠᠵᠢᠯᠯᠠᠭ᠎ᠠ ᠥᠷᠨᠢᠭᠦᠯᠵᠦ᠂ ᠤᠷᠢᠳ ᠬᠤᠵᠢᠳ ᠱᠠᠨᠳᠦ᠋ᠩ᠂ ᠵᠢᠶᠠᠩᠰᠦ᠂ ᠪᠡᠭᠡᠵᠢᠩ᠂ ᠠᠨᠾᠦ᠋ᠢ ᠵᠡᠷᠭᠡ ᠭᠠᠵᠠᠷ ᠲᠤ ᠬᠦᠷᠴᠦ᠂ 10 ᠳ᠋ᠤᠭᠠᠷ ᠰᠠᠷ᠎ᠠ ᠶᠢᠨ 13 ᠤ ᠡᠳᠦᠷ ᠪᠣᠯᠲᠠᠯ᠎ᠠ᠂ ᠨᠢᠭᠡᠨᠲᠡ 9 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠪᠠ᠃      ᠪᠠᠶᠢᠴᠠᠭᠠᠭᠰᠠᠨ ᠢᠶᠠᠷ᠂ 2020 ᠣᠨ ᠤ 12 ᠰᠠᠷ᠎ᠠ ᠠᠴᠠ 2022 ᠣᠨ ᠤ 5 ᠰᠠᠷ᠎ᠠ ᠪᠣᠯᠲᠠᠯᠠᠬᠢ ᠬᠤᠭᠤᠴᠠᠭᠠᠨ ᠳᠤ᠂ ᠬᠤᠶᠠᠷ ᠺᠣᠮᠫᠠᠨᠢ ᠨᠡᠶᠢᠲᠡ 300 ᠭᠠᠷᠤᠶ ᠬᠤᠳᠠᠯ ᠬᠠᠭᠤᠷᠮᠠᠭ ᠠᠷᠠᠯᠵᠢᠶᠠᠨ ᠤ ᠬᠠᠭᠤᠳᠠᠰᠤ ᠬᠠᠭᠤᠷᠮᠠᠭᠯᠠᠨ ᠵᠣᠬᠢᠶᠠᠵᠤ᠂ ᠬᠤᠳᠠᠯ ᠢᠶᠠᠷ ᠪᠢᠴᠢᠭᠰᠡᠨ ᠥᠷᠲᠡᠭ ᠨᠡᠮᠡᠭᠳᠡᠯ ᠤᠨ ᠭᠠᠶᠢᠯᠢ ᠶᠢᠨ ᠲᠤᠰᠬᠠᠶ ᠪᠠᠷᠢᠮᠲᠠ ᠶᠢ 2800 ᠭᠠᠷᠤᠶ ᠬᠤᠪᠢ ᠬᠤᠷᠢᠶᠠᠵᠤ᠂ 2.5 ᠳ᠋ᠦᠩᠰᠢᠭᠤᠷ ᠭᠠᠷᠤᠶ ᠲᠥᠭᠦᠷᠢᠭ ᠤᠨ ᠵᠣᠭᠤᠰ ᠤᠨ ᠲᠤᠭ᠎ᠠ ᠶᠢ ᠬᠤᠳᠠᠯ ᠢᠶᠠᠷ ᠪᠢᠴᠢᠵᠦ᠂ 2900 ᠭᠠᠷᠤᠶ ᠲᠦᠮᠡᠨ ᠲᠥᠭᠦᠷᠢᠭ ᠤᠨ ᠭᠠᠳᠠᠭᠠᠳᠤ ᠭᠠᠷᠭᠠᠯᠲᠠ ᠶᠢᠨ ᠪᠤᠴᠠᠭᠠᠯᠲᠠ ᠶᠢᠨ ᠭᠠᠶᠢᠯᠢ ᠶᠢ ᠮᠡᠬᠡᠯᠡᠨ ᠠᠪᠤᠪᠠ᠃      ᠡᠨᠡ ᠪᠣᠯ ᠤᠯᠤᠰ ᠤᠨ ᠠᠰᠢᠭ ᠲᠤᠰᠠ ᠶᠢ ᠬᠠᠮᠠᠭᠠᠯᠠᠬᠤ ᠰᠢᠳᠤᠷᠭᠤ ᠶᠣᠰᠣᠨ ᠤ ᠳᠠᠶᠢᠯᠠᠯᠳᠤᠭᠠᠨ ᠮᠥᠨ᠂ ᠴᠠᠭᠳᠠᠭᠠᠨ ᠤ ᠲᠦᠷᠦᠯ ᠤᠨ ᠨᠠᠷᠢᠨ ᠣᠨᠣᠪᠴᠢᠲᠠᠢ ᠬᠠᠮᠵᠢᠯᠴᠠᠭ᠎ᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠮᠥᠨ᠂ ᠨᠡᠩ ᠴᠤ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠡᠮᠬᠢ ᠳᠢᠭᠯᠢᠮ ᠢ ᠬᠠᠮᠠᠭᠠᠯᠠᠬᠤ ᠲᠥᠪ ᠭᠤᠣᠯᠴᠢ ᠳᠠᠶᠢᠯᠠᠯᠳᠤᠭᠠᠨ ᠮᠥᠨ᠃ ᠲᠣᠰ ᠬᠡᠷᠡᠭ ᠢ ᠠᠮᠵᠢᠯᠲᠠ ᠲᠠᠢ ᠳᠡᠩᠨᠡᠨ ᠢᠯᠡᠷᠡᠭᠦᠯᠦᠭᠰᠡᠨ ᠨᠢ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠶᠢᠨ ᠬᠦᠴᠢᠷ ᠠᠴᠠ ᠠᠶᠤᠬᠤ ᠥᠬᠡᠶ᠂ ᠪᠣᠳᠠᠲᠠᠶ ᠶᠢ ᠡᠷᠬᠢᠮᠯᠡᠨ ᠥᠨᠳᠥᠷ ᠪᠦᠲᠦᠮᠵᠢᠲᠡᠶ ᠳᠡᠩᠨᠡᠨ ᠪᠠᠶᠢᠴᠠᠭᠠᠬᠤ ᠬᠢᠷᠢ ᠲᠦᠪᠰᠢᠨ ᠢ‌‍ᠭᠦ᠋ᠢᠴᠡᠳ ᠢᠯᠡᠷᠡᠭᠦᠯᠵᠦ᠂ ᠣᠷᠳᠣᠰ ᠤᠨ ᠳᠣᠲᠣᠭᠠᠳᠤ ᠶᠢ ᠬᠠᠮᠠᠭᠠᠯᠠᠬᠤ ᠶᠢᠨ ᠪᠦᠯᠬᠦᠮᠳᠡᠨ ᠬᠠᠮᠵᠢᠯᠴᠠᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠠᠷᠠᠳ ᠲᠦᠮᠡᠨ ᠢ ᠬᠠᠮᠠᠭᠠᠯᠠᠬᠤ ᠡᠷᠡᠰ ᠵᠣᠷᠢᠭ ᠢ ᠭᠦᠢᠴᠡᠳ ᠢᠯᠡᠷᠡᠭᠦᠯᠪᠡ᠃ 
        ᠢᠷᠡᠯᠲᠡ᠄ ᠣᠷᠲᠤᠰ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ
        点击进入首页