内蒙古自治区公安厅蒙古文网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠰᠡᠷᠭᠡᠶᠢᠯᠡᠬᠦ ᠰᠢᠨ᠎ᠡ ᠪᠠᠶᠢᠳᠠᠯ ᠢ ᠪᠣᠢ ᠪᠣᠯᠭᠠᠬᠤ ᠪᠠᠷ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠵᠡᠷᠭᠡᠪᠡᠷ ᠬᠦᠴᠦᠯᠡᠪᠡ
        ᠨᠡᠶᠢᠲᠡᠯᠡᠭᠰᠡᠨ ᠴᠠᠭ᠄
        2022/11/20
             ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠤᠬᠠᠭᠤᠯᠭ᠎ᠠ ᠶᠢᠨ ᠡᠷᠴᠢᠮ ᠢ ᠤᠯᠠᠮ ᠴᠢᠨᠠᠭᠰᠢᠳᠠ ᠴᠢᠩᠭᠠᠷᠠᠭᠤᠯᠵᠣ᠂ ᠤᠬᠠᠭᠤᠯᠭ᠎ᠠ ᠶᠢᠨ ᠬᠡᠪᠴᠢᠶ᠎ᠡ ᠶᠢ ᠥᠷᠭᠡᠳᠬᠡᠵᠦ᠂ ᠨᠠᠰᠤᠲᠠᠶᠢᠴᠤᠳ ᠤᠨ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ᠪᠡᠶᠡᠲᠦ ᠴᠣᠭᠴᠠᠲᠤ ᠮᠠᠶ᠋ᠢᠭ ᠤᠨ ᠤᠬᠠᠭᠤᠯᠭ᠎ᠠ ᠶᠢᠨ ᠪᠠᠶᠢᠳᠠᠯ ᠢ ᠢᠳᠡᠪᠬᠢᠲᠡᠢ ᠪᠣᠶ ᠪᠣᠯᠭᠠᠪᠠ᠃
         01.jpg
             ᠰᠢᠨ᠎ᠡ ᠵᠠᠭᠤᠴᠢᠯᠠᠭᠤᠷ ᠤᠨ ᠰᠦᠯᠵᠢᠶᠡᠨ ᠤ ᠲᠠᠪᠴᠠᠩ ᠳᠤ ︽ᠬᠥᠪᠡᠭᠡᠲᠦ ᠰᠢᠷ᠎ᠠ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠰᠦᠪᠡᠭᠴᠢ ᠶᠢ ᠴᠤᠭᠯᠠᠭᠤᠯᠬᠤ ᠲᠤᠬᠠᠢ ᠠᠯᠪᠠᠨ ᠵᠠᠷ︾ ︽ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠤᠬᠠᠭᠤᠯᠭ᠎ᠠ ᠶᠢᠨ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ︾ ᠵᠡᠷᠭᠡ ᠲᠠᠨᠢᠯᠴᠠᠭᠤᠯᠭ᠎ᠠ ᠶᠢᠨ ᠪᠢᠴᠢᠭ ᠨᠡᠶᠢᠲᠡᠯᠡᠭᠰᠡᠨ ᠪᠠᠶᠢᠨ᠎ᠠ᠃      ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠬᠠᠭᠤᠯᠭ᠎ᠠ ᠶᠢᠨ ᠡᠯᠧᠺᠲᠷᠣᠨ LED ᠳᠡᠯᠭᠡᠴᠡ ᠳᠤ ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠤᠬᠠᠭᠤᠯᠭ᠎ᠠ ᠶᠢᠨ ᠵᠢᠷᠤᠭ ᠢ ᠦᠷᠭᠦᠯᠵᠢᠯᠡᠨ ᠨᠠᠪᠲᠠᠷᠡᠭᠦᠯᠵᠦ᠂ ᠪᠠᠩᠬᠢ᠂ ᠨᠡᠶᠢᠭᠡᠮ ᠲᠣᠭᠤᠷᠢᠭ ᠲᠤ ᠤᠬᠠᠭᠤᠯᠭ᠎ᠠ ᠶᠢᠨ ᠵᠠᠷᠯᠠᠯ ᠨᠠᠭᠠᠵᠤ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠰᠡᠷᠭᠡᠶᠢᠯᠡᠬᠦ ᠠᠭᠤᠷ ᠠᠮᠢᠰᠬᠤᠯ ᠢ ᠪᠤᠢ ᠪᠣᠯᠭᠠᠪᠠ᠃ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷ ᠳᠡᠪᠲᠡᠷ᠂ ᠤᠬᠠᠭᠤᠯᠭ᠎ᠠ ᠶᠢᠨ ᠬᠠᠭᠤᠳᠠᠰᠤ ᠶᠢ ᠳᠠᠷᠤᠮᠠᠯᠯᠠᠨ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠠᠷᠭ᠎ᠠ ᠪᠠᠷᠢᠯ ᠢ ᠴᠠᠭ ᠲᠤᠬᠠᠢ ᠳᠤ  ᠨᠢ ᠢᠯᠡᠴᠢᠯᠡᠵᠦ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠰᠡᠷᠭᠡᠶᠢᠯᠡᠬᠦ ᠮᠡᠳᠡᠯᠭᠡ ᠶᠢ ᠲᠥᠬᠦᠮ ᠣᠶᠢᠯᠠᠭᠠᠮᠵᠢᠲᠠᠢ ᠪᠠᠷ ᠲᠠᠶᠢᠯᠪᠦᠷᠢᠯᠠᠭᠰᠠᠨ ᠪᠠᠶᠢᠨ᠎ᠠ᠃
        03.jpg 
             ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠲᠠᠢ ᠨᠢᠭᠤᠷᠲᠠᠨ ᠬᠠᠷᠢᠯᠴᠠᠵᠤ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠢᠯᠭᠠᠨ ᠲᠠᠨᠢᠬᠤ ᠤᠷ᠎ᠠ ᠮᠡᠷᠭᠡᠵᠢᠯ ᠪᠠ ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠰᠡᠷᠭᠡᠶᠢᠯᠡᠬᠦ ᠠᠷᠭ᠎ᠠ ᠪᠠᠷᠢᠯ ᠤᠨ ᠲᠤᠬᠠᠢ ᠮᠡᠳᠡᠯᠭᠡ ᠶᠢ ᠤᠬᠠᠭᠤᠯᠵᠤ᠂ ᠲᠡᠷᠡᠴᠢᠯᠡᠨ ᠦᠨᠡᠨ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠣᠯᠠᠨ ᠲᠦᠮᠡᠨ ᠳᠤ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ︾ ᠬᠠᠩᠭᠠᠬᠤ᠂ ︽ᠨᠠᠰᠤᠵᠢᠯ ᠤᠨ ᠠᠰᠠᠷᠠᠮᠵᠢ ᠶᠢᠨ ᠲᠥᠷᠥᠯ ᠵᠦᠢᠯ︾ ᠳᠤ ᠪᠡᠯᠡ ᠣᠷᠣᠭᠤᠯᠬᠤ᠂ ︽ᠨᠠᠰᠤᠵᠢᠯ ᠤᠨ ᠠᠰᠠᠷᠠᠮᠵᠢ ᠶᠢᠨ ᠦᠢᠯᠡᠳᠬᠦᠨ︾ ᠢ ᠪᠣᠷᠣᠯᠠᠭᠤᠯᠬᠤ᠂ ︽ᠨᠠᠰᠤᠵᠢᠯ ᠤᠨ ᠠᠰᠠᠷᠠᠮᠵᠢ ᠶᠢᠨ ᠳᠠᠭᠠᠳᠬᠠᠯ︾ ᠢ ᠣᠷᠣᠯᠠᠨ ᠭᠦᠢᠴᠡᠳᠬᠡᠬᠦ ᠵᠡᠷᠭᠡ ᠦᠷᠭᠦᠯᠵᠢ ᠲᠣᠬᠢᠶᠠᠯᠳᠤᠳᠠᠭ ᠮᠡᠬᠡᠯᠡᠬᠦ ᠠᠷᠭ᠎ᠠ ᠮᠠᠶ᠋ᠢᠭ ᠢ ᠢᠯᠡᠴᠢᠯᠡᠵᠦ᠂ ᠨᠠᠰᠤᠲᠠᠶᠢᠴᠤᠳ ᠲᠤ ᠴᠠᠭ ᠢᠮᠠᠭᠲᠠ ᠰᠡᠷᠡᠮᠵᠢ ᠲᠠᠢ ᠪᠠᠶᠢᠵᠤ᠂ ᠡᠯ᠎ᠡ ᠵᠦᠢᠯ ᠤᠨ ᠰᠢᠯᠲᠠᠭ ᠢᠶᠠᠷ ᠡᠳ᠋ ᠮᠥᠩᠭᠦ ᠨᠡᠬᠡᠵᠦ ᠠᠪᠬᠤ᠂ ᠲᠠᠨᠢᠯ ᠪᠤᠰᠤ ᠤᠲᠠᠰᠤ ᠪᠤᠶᠤ ᠣᠬᠤᠷ ᠮᠡᠳᠡᠭᠡ ᠶᠢ ᠢᠲᠡᠭᠡᠬᠦ ᠦᠭᠡᠢ ᠪᠠᠶᠢᠬᠤ ᠶᠢ ᠰᠠᠨᠠᠭᠤᠯᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠡᠷᠭᠡᠶᠢᠯᠡᠬᠦ ᠤᠬᠠᠮᠰᠠᠷ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠪᠡ᠃     ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠷᠭᠦᠯᠵᠢᠯᠡᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠯᠠᠨ ᠠᠷᠭ᠎ᠠ ᠵᠠᠮ᠂ ᠤᠯᠠᠨ ᠬᠡᠯᠪᠡᠷᠢ᠂ ᠤᠯᠠᠨ ᠲᠠᠯ᠎ᠠ ᠠᠴᠠ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠷᠠᠳ ᠤᠯᠠᠨ᠂ ᠢᠯᠠᠩᠭᠤᠶ᠎ᠠ ᠨᠠᠰᠤᠲᠠᠶᠢᠴᠤᠳ ᠲᠤ ᠬᠤᠯᠪᠣᠭᠳᠠᠭᠰᠠᠨ ᠮᠡᠬᠡᠯᠡᠯ ᠢ ᠰᠡᠷᠭᠡᠶᠢᠯᠡᠬᠦ ᠤᠬᠠᠮᠰᠠᠷ ᠪᠣᠯᠣᠨ ᠢᠯᠭᠠᠨ ᠲᠠᠨᠢᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠪᠠ᠃ 
        ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ