ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠢᠳᠡᠭᠡᠨ ᠤ | ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠦᠷ᠎ᠡ | ᠪᠦᠲᠦᠮᠵᠢ ᠶᠢ ᠭᠦᠨᠵᠡᠭᠡᠶ ᠤᠬᠠᠭᠤᠯᠬᠤ᠂ ᠢᠳᠡᠭᠡᠨ ᠤ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠶᠢ ᠬᠦᠴᠦᠲᠡᠶ ᠰᠦᠷᠳᠡᠭᠦᠯᠬᠦ᠂ ᠢᠳᠡᠭᠡᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠥᠬᠦ ᠨᠡᠶᠢᠭᠡᠮ ᠢᠶᠠᠷ ᠢᠶᠠᠨ | ᠬᠤᠷᠢᠭᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠦᠯᠦᠭᠡ᠂ 9 ᠳ᠋ᠦ᠋ᠭᠡᠷ ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠥᠪᠥᠷ ᠮᠣᠩᠭᠤᠯ ᠤᠨ ᠮᠦᠽᠧᠶ ᠶᠢᠨ ᠪᠦᠦ ᠳ᠋ᠢᠩ ᠠᠭᠤᠳᠠᠮ ᠲᠠᠯᠠᠪᠠᠶ ᠳᠤ | 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠳᠣᠲᠣᠭᠠᠳᠤ ᠶᠢ | ᠬᠠᠮᠠᠭᠠᠯᠠᠬᠤ ᠭᠤᠤᠯ ᠰᠡᠳᠦᠪᠲᠦ ᠤᠬᠠᠭᠤᠯᠭ᠎ᠠ ᠶᠢᠨ ᠡᠳᠦᠷ ᠤᠨ ᠭᠤᠤᠯ ᠲᠠᠯᠠᠪᠤᠷ ᠤᠨ ᠠᠵᠢᠯᠯᠠᠭ᠎ᠠ ᠶᠢ ᠡᠷᠭᠢᠯᠡᠪᠡ᠃ | | | | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠨᠠᠪᠴᠢᠨ | ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠨᠢᠭᠡᠴᠢ ᠶᠢᠨ ᠬᠤᠯᠪᠣᠭᠳᠠᠯ ᠪᠥᠬᠦᠶ | ᠤᠳᠤᠷᠢᠳᠤᠯᠭ᠎ᠠ ᠵᠢᠴᠢ ᠢᠯᠢ ᠪᠦᠯᠦᠭᠯᠡᠯ ᠵᠡᠷᠭᠡ ᠢᠳᠡᠭᠡᠨ ᠦᠢᠯᠡᠳᠪᠦᠷᠢᠯᠡᠵᠦ ᠪᠣᠷᠣᠯᠠᠭᠤᠯᠬᠤ ᠠᠵᠤ ᠠᠬᠤᠶᠢᠯᠠᠯ᠂ ᠨᠡᠶᠢᠭᠡᠮ ᠤᠨ ᠪᠦᠯᠬᠦᠮ᠂ ᠰᠣᠨᠢᠨ ᠮᠡᠳᠡᠭᠡ | ᠵᠠᠭᠤᠴᠢᠯᠠᠭᠤᠷ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠥᠪᠡᠷᠲᠡᠭᠡᠨ | ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠯᠪᠠᠨ ᠬᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠤᠨ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠤᠷᠢᠳ ᠬᠤᠵᠢᠳ ᠪᠠᠶᠠᠷ ᠤᠨ ᠦᠭᠡ ᠬᠡᠯᠡᠪᠡ᠃ | ᠮᠧᠶ ᠲᠦᠩ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠢᠳᠡᠭᠡᠨ ᠤ ᠵᠦᠢᠯ ᠤᠨ ᠠᠵᠤ ᠠᠬᠤᠶᠢᠯᠠᠯ ᠢ ᠲᠥᠯᠥᠭᠡᠯᠡᠨ ︽ᠢᠳᠡᠭᠡᠨ ᠤ | ᠵᠦᠢᠯ ᠤᠨ ᠠᠮᠤᠷ ᠲᠦᠪᠰᠢᠨ ᠤ ᠡᠵᠡᠩᠨᠡᠯᠲᠡ ᠶᠢᠨ ᠠᠮᠠᠯᠠᠯᠲᠠ ᠶᠢᠨ ᠪᠢᠴᠢᠭ︾ ᠢ ᠤᠩᠰᠢᠨ ᠨᠡᠶᠢᠲᠡᠯᠡᠵᠦ᠂ ᠬᠠᠭᠤᠷᠮᠠᠭ ᠮᠠᠭᠤ ᠦᠢᠯᠡᠳᠭᠦᠨ ᠦᠢᠯᠡᠳᠬᠦ ᠥᠬᠡᠶ᠂ | ᠫᠠᠨᠽᠠᠯᠠᠬᠤ ᠥᠬᠡᠶ ᠭᠡᠵᠦ ᠠᠮᠠᠯᠠᠭᠰᠠᠨ ᠪᠥᠭᠡᠳ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠠᠷᠠᠳ ᠲᠦᠮᠡᠨ ᠬᠠᠮᠲᠤ ᠪᠠᠷ ᠢᠳᠡᠭᠡᠨ ᠤ ᠵᠦᠢᠯ ᠤᠨ ᠠᠮᠤᠷ | ᠲᠦᠪᠰᠢᠨ ᠢ ᠠᠩᠬᠠᠷᠴᠤ᠂ ᠢᠳᠡᠭᠡᠨ ᠤ ᠵᠦᠢᠯ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠶᠢ ᠰᠠᠨᠠᠭᠠᠴᠢᠯᠠᠪᠠ᠃ | | | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠠᠵᠢᠯᠯᠠᠭ᠎ᠠ ᠳᠤ ᠣᠷᠣᠯᠴᠠᠭᠰᠠᠨ ᠣᠯᠠᠨ ᠲᠦᠮᠡᠨ ᠳᠤ | ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠨᠢᠭᠤᠷᠲᠠᠨ ᠲᠠᠶᠢᠯᠪᠤᠷᠢᠯᠠᠵᠤ᠂ ᠤᠬᠠᠭᠤᠯᠭ᠎ᠠ ᠶᠢᠨ ᠭᠠᠷ ᠳᠡᠪᠲᠡᠷ ᠪᠠ | ᠤᠬᠠᠭᠤᠯᠭ᠎ᠠ ᠶᠢᠨ ᠡᠳ᠋ ᠲᠠᠷᠬᠠᠭᠠᠵᠤ᠂ ᠣᠯᠠᠨ ᠢ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠳᠡᠷᠭᠡᠳᠡᠬᠢ ᠬᠥᠮᠦᠰ ᠲᠤ ᠪᠠᠨ | ᠤᠯᠠᠮᠵᠢᠯᠠᠵᠤ᠂ ᠦᠨᠡᠨᠴᠢ ᠢᠲᠡᠭᠡᠮᠵᠢ ᠶᠢᠨ ᠦᠵᠡᠯᠲᠡ ᠪᠠ ᠬᠠᠤᠯᠢᠵᠢᠯ ᠤᠨ ᠤᠬᠠᠮᠰᠠᠷ ᠢᠶᠠᠷ ᠢᠳᠡᠭᠡᠨ ᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ | ᠲᠣᠭᠤᠷᠢᠨ ᠢ ᠬᠠᠮᠲᠤ ᠪᠠᠷ ᠬᠠᠮᠠᠭᠠᠯᠠᠭᠠᠷᠠᠶ ᠭᠡᠵᠦ ᠤᠷᠢᠶᠠᠯᠠᠪᠠ᠃ | ᠲᠤᠬᠠᠢ ᠶᠢᠨ ᠲᠠᠯᠠᠪᠠᠢ ᠳᠤ ᠪᠠᠰᠠ ᠦᠵᠡᠭᠦᠯᠭᠡ ᠶᠢᠨ ᠰᠠᠮᠪᠠᠷ᠎ᠠ ᠶᠢᠨ ᠬᠡᠯᠪᠡᠷᠢ ᠪᠠᠷ ᠪᠦᠬᠦ ᠣᠷᠣᠨ ᠤ 17 ᠤᠳᠠᠭ᠎ᠠ ᠶᠢᠨ ᠢᠳᠡᠭᠡᠨ ᠤ ᠠᠮᠤᠷ ᠲᠦᠪᠰᠢᠨ ᠳᠤ | ᠬᠤᠣᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠬᠡᠰᠡᠭ ᠬᠠᠭᠤᠷᠮᠠᠭ ᠲᠠᠮᠠᠬᠢ ᠬᠠᠭᠤᠷᠮᠠᠭ ᠠᠷᠢᠬᠢ᠂ | ᠬᠠᠭᠤᠷᠮᠠᠭ ᠪᠣᠷᠴᠠ ᠪᠣᠯᠤᠨ ᠬᠠᠭᠤᠷᠮᠠᠭ ᠮᠠᠭᠤ ᠡᠷᠡᠭᠦᠯᠵᠢᠯ ᠤᠨ ᠡᠳ᠋ ᠵᠡᠷᠭᠡ ᠬᠡᠷᠡᠭ ᠲᠤ ᠬᠤᠯᠪᠣᠭᠳᠠᠭᠰᠠᠨ ᠪᠣᠳᠠᠰ ᠢ ᠪᠣᠳᠠᠲᠤ ᠶᠠᠭᠤᠮ᠎ᠠ ᠪᠠᠷ ᠳᠡᠯᠭᠡᠨ ᠦᠵᠡᠭᠦᠯᠵᠡᠢ᠃ | ᠢᠯᠢ ᠪᠦᠯᠦᠭᠯᠡᠯ᠂ ᠥᠪᠥᠷ ᠮᠣᠩᠭᠤᠯ ᠤᠨ ᠲᠠᠯ᠎ᠠ ᠨᠤᠲᠤᠭ ᠤᠨ ᠠᠵᠢᠨᠠᠢ ᠬᠦᠯᠦᠭ ᠢᠳᠡᠭᠡᠨ ᠤ ᠬᠢᠵᠠᠭᠠᠷᠲᠤ ᠺᠣᠮᠫᠠᠨᠢ᠂ ᠮᠧᠩ ᠧᠨ ᠢᠮᠠᠭᠠᠨ ᠰᠦ ᠵᠡᠷᠭᠡ ᠠᠵᠤ | ᠠᠬᠤᠶᠢᠯᠠᠯ ᠣᠯᠠᠨ ᠲᠦᠮᠡᠨ ᠳᠤ ᠬᠤᠳᠠᠯ ᠬᠠᠭᠤᠷᠮᠠᠭ ᠴᠢᠨᠠᠷ ᠮᠠᠭᠤ ᠢᠳᠡᠭᠡᠨ ᠤ ᠢᠯᠭᠠᠨ ᠲᠠᠨᠢᠬᠤ ᠠᠷᠭ᠎ᠠ ᠶᠢ ᠲᠠᠨᠢᠯᠴᠠᠭᠤᠯᠵᠤ᠂ ᠣᠯᠠᠨ ᠲᠦᠮᠡᠨ ᠤ ᠠᠩᠬᠠᠷᠴᠤ | ᠪᠠᠶᠢᠭ᠎ᠠ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠨᠠᠷᠢᠨ ᠬᠠᠷᠢᠭᠤᠯᠪᠠ᠃ ᠢᠳᠡᠭᠡᠨ ᠤ ᠲᠦᠷᠭᠡᠨ ᠪᠠᠶᠢᠴᠠᠭᠠᠯᠲᠠ ᠶᠢᠨ ᠲᠥᠬᠦᠭᠡᠷᠦᠮᠵᠢ ᠶᠢᠨ ᠠᠵᠤ ᠠᠬᠤᠶᠢᠯᠠᠯ | ᠲᠤᠬᠠᠶ ᠶᠢᠨ ᠲᠠᠯᠠᠪᠤᠷ ᠲᠤ ᠦᠷᠭᠦᠯᠵᠢ ᠲᠣᠬᠢᠶᠠᠯᠳᠤᠳᠠᠭ ᠢᠳᠡᠭᠡᠨ ᠤ ᠪᠠᠶᠢᠴᠠᠭᠠᠨ ᠰᠢᠯᠭᠠᠬᠤ ᠠᠷᠭ᠎ᠠ ᠶᠢ ᠦᠵᠡᠭᠦᠯᠪᠡ᠃ | ᠲᠠᠨᠢᠯᠴᠠᠭᠤᠯᠤᠭᠰᠠᠨ ᠢᠶᠠᠷ᠂ ᠡᠨᠡ ᠵᠢᠯ ᠠᠴᠠ ᠨᠠᠰᠢ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠺᠦᠨᠯᠦ᠋ᠨ 2022︾ ᠲᠤᠰᠬᠠᠶ | ᠠᠵᠢᠯᠯᠠᠭ᠎ᠠ ᠪᠠ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾᠂ ︽ᠬᠤᠶᠠᠷ ᠢ | ᠴᠡᠭᠴᠡᠯᠡᠨ ᠵᠠᠰᠠᠵᠤ ᠬᠤᠶᠠᠷ ᠲᠤ ᠴᠣᠬᠢᠯᠲᠠ ᠥᠭᠬᠦ︾ ᠲᠤᠰᠬᠠᠶ ᠠᠵᠢᠯᠯᠠᠭ᠎ᠠ ᠪᠠᠷ ᠭᠤᠤᠯᠯᠠᠭᠤᠯᠤᠨ᠂ ᠬᠠᠭᠤᠷᠮᠠᠭ ᠮᠠᠭᠤ ᠮᠢᠬᠠᠨ ᠤ ᠪᠦᠲᠦᠭᠡᠭᠳᠡᠬᠦᠨ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ᠂ ᠠᠷᠢᠬᠢ ᠲᠠᠮᠠᠬᠢ ᠵᠡᠷᠭᠡ ᠢᠳᠡᠭᠡᠨ ᠤ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠶᠠᠯᠠᠲᠤ ᠬᠡᠷᠡᠭ ᠢ ᠨᠡᠶᠢᠲᠡ 207 | ᠳᠡᠩᠨᠡᠨ ᠢᠯᠡᠷᠡᠭᠦᠯᠵᠦ᠂ 314 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ 23 ᠡᠪᠰᠡᠯ ᠪᠦᠯᠦᠭ ᠢ ᠰᠦᠢᠷᠡᠭᠦᠯᠵᠦ᠂ 56 ᠨᠢᠭᠤᠴᠠ ᠣᠷᠤᠮᠵᠢ ᠶᠢ ᠡᠪᠳᠡᠵᠦ᠂ | ᠬᠡᠷᠡᠭ ᠲᠤ ᠬᠤᠯᠪᠣᠭᠳᠠᠭᠰᠠᠨ ᠥᠷᠲᠡᠭ ᠨᠢ 1.2 ᠳ᠋ᠦᠩᠰᠢᠭᠤᠷ ᠲᠥᠭᠦᠷᠢᠭ ᠲᠤ ᠬᠦᠷᠴᠦ᠂ ᠢᠳᠡᠭᠡᠨ ᠤ ᠠᠮᠤᠷ ᠲᠦᠪᠰᠢᠨ ᠤ ᠬᠦᠷᠢᠶᠡᠨ ᠳᠠᠬᠢ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠦᠴᠦᠲᠡᠶ ᠰᠦᠷᠳᠡᠭᠦᠯᠵᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠦᠲᠦᠮᠵᠢᠲᠡᠶ ᠪᠠᠲᠤᠯᠠᠪᠠ᠃ | | | | |