内蒙古自治区公安厅蒙古文网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠭᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠪᠡ
        ᠨᠡᠶᠢᠲᠡᠯᠡᠭᠰᠡᠨ ᠴᠠᠭ᠄
        2022/11/20
             ︽ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠪᠠᠨ᠂ ᠪᠦᠯᠬᠦᠮᠳᠡᠯ ᠪᠣᠯ ᠳᠠᠷᠤᠢ ᠬᠦᠴᠦᠨ ᠮᠥᠨ᠂ ᠪᠦᠯᠬᠦᠮᠳᠡᠯ ᠪᠣᠯ ᠰᠠᠶ᠋ᠢ ᠢᠯᠠᠯᠲᠠ ᠣᠯᠵᠤ ᠴᠢᠳᠠᠨ᠎ᠠ᠃ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠷᠬᠡᠪᠰᠢ ᠲᠦᠭ ᠲᠦᠮᠡᠨ ᠠᠷᠠᠳ ᠲᠦᠮᠡᠨ ᠤ ᠡᠭᠦᠳᠦᠨ ᠪᠦᠲᠦᠭᠡᠬᠦ ᠠᠤᠭ᠎ᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ︾ ᠭᠡᠵᠦ ᠴᠢᠬᠤᠯᠠᠴᠢᠯᠠᠭᠰᠠᠨ ᠪᠠᠶᠢᠨ᠎ᠠ᠃ ᠣᠶᠢᠷ᠎ᠠ  ᠶᠢᠨ ᠡᠳᠦᠷ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠠᠳ ᠤᠨ ᠴᠠᠭᠳᠠᠭ᠎ᠠ᠂ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠵᠤ ᠮᠠᠯᠴᠢᠳ ᠲᠠᠢ ᠬᠠᠮᠲᠤ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠮᠡᠳᠡᠭᠦᠯᠦᠯᠲᠡ ᠶᠢ ᠰᠤᠷᠤᠯᠴᠠᠭᠤᠯᠪᠠ᠃ ᠣᠩᠭᠤᠨ ᠠᠭᠤᠯᠠ ᠰᠤᠮᠤᠨ ᠤ ᠴᠠᠭᠳᠠᠭᠠᠨ ᠤ ᠶᠠᠪᠤᠳᠠᠯ ᠤᠨ ᠲᠤᠰᠠᠯᠠᠭᠴᠢ ᠪᠠᠭᠠᠲᠤᠷ ᠢᠯᠡᠷᠬᠡᠶᠢᠯᠡᠬᠦ ᠳᠤ ᠪᠠᠨ᠄ ︽ᠭᠠᠭᠴᠠ ᠬᠦ ᠤᠯᠤᠰ ᠣᠷᠣᠨ ᠬᠦᠴᠦᠷᠬᠡᠭᠵᠢᠵᠦ᠂ ᠦᠨᠳᠦᠰᠦᠲᠡᠨ ᠪᠦᠯᠬᠦᠮᠳᠡᠵᠦ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠣᠯᠪᠠᠯ ᠰᠠᠶ᠋ᠢ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠪᠠᠲᠤᠯᠠᠵᠤ ᠴᠢᠳᠠᠨ᠎ᠠ︾ ᠭᠡᠵᠡᠢ᠃
        01.jpg
             ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠ ᠲᠠᠢ ᠲᠡᠭᠦᠰᠦᠭᠰᠡᠨ ᠤ ᠲᠠᠷᠠᠭ᠎ᠠ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠳᠲᠡᠷ ᠲᠦᠷᠭᠡᠨ ᠬᠥᠳᠡᠯᠦᠯᠴᠡᠵᠦ᠂ ᠠᠷᠠᠳ ᠤᠨ ᠴᠠᠭᠳᠠᠭ᠎ᠠ ᠪᠣᠯᠣᠨ ᠴᠠᠭᠳᠠᠭᠠᠨ ᠤ ᠶᠠᠪᠤᠳᠠᠯ ᠤᠨ ᠲᠤᠰᠠᠯᠠᠭᠴᠢ ᠪᠠᠷ ᠪᠦᠷᠢᠯᠳᠦᠭᠰᠡᠨ ᠤᠬᠠᠭᠤᠯᠤᠨ ᠲᠠᠶᠢᠯᠪᠤᠷᠢᠯᠠᠬᠤ ᠳᠣᠭᠤᠶᠢᠯᠠᠩ ᠢ ᠵᠣᠬᠢᠶᠠᠨ ᠪᠠᠶᠢᠭᠤᠯᠵᠤ᠂ ᠤᠷᠢᠳ ᠢᠶᠠᠷ ᠰᠤᠷᠤᠯᠴᠠᠬᠤ ᠪᠠ ᠲᠠᠶᠢᠯᠪᠤᠷᠢᠯᠠᠨ᠂ ᠮᠠᠯᠵᠢᠬᠤ ᠣᠷᠣᠨ ᠳᠤ ᠭᠦᠨᠵᠡᠭᠡᠶᠢᠷᠡᠵᠦ᠂ ᠨᠠᠮ ᠤᠨ ᠲᠠᠭᠤᠨ ᠢ ᠥᠷᠭᠡᠨ ᠠᠭᠤᠳᠠᠮ ᠲᠠᠯ᠎ᠠ ᠨᠤᠲᠤᠭ ᠲᠤ ᠳᠠᠭᠤᠷᠢᠰᠣᠭᠤᠯᠪᠠ᠃     ᠬᠥᠪᠡᠭᠡᠲᠦ ᠰᠢᠷ᠎ᠠ ᠬᠤᠰᠢᠭᠤ ᠪᠣᠯ ᠨᠢᠭᠡᠨ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠣᠯᠣᠨ᠎ᠠ᠂ 2020 ᠣᠨ ᠳᠤ ᠣᠷᠣᠨ ᠤ ᠲᠡᠰ ᠤᠨ ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ ᠭᠠᠵᠠᠷ ᠣᠷᠣᠨ ᠢᠶᠠᠷ ᠦᠨᠡᠯᠡᠭᠳᠡᠵᠦ᠂ ᠡᠯ᠎ᠡ ᠦᠨᠳᠦᠰᠦᠲᠡᠨ ᠡᠨᠡ ᠬᠦ 5172 ᠲᠡᠭᠰᠢ ᠳᠥᠷᠪᠡᠯᠵᠢᠨ ᠺᠢᠯᠤᠮᠧᠲᠷ ᠨᠤᠲᠤᠭ ᠳᠡᠪᠢᠰᠬᠡᠷ ᠳᠡᠭᠡᠷ᠎ᠡ ᠡᠶ᠎ᠡ ᠨᠠᠶᠢᠷᠲᠠᠢ ᠪᠠᠷ ᠬᠠᠮᠲᠤ ᠣᠷᠣᠰᠢᠨ ᠠᠮᠢᠳᠣᠷᠠᠵᠤ ᠪᠠᠶᠢᠨ᠎ᠠ᠃ ᠣᠶᠢᠷ᠎ᠠ ᠶᠢᠨ ᠵᠢᠯ ᠳᠤ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠦᠷᠢ  ᠶᠢ ᠳᠠᠰᠤᠷᠠᠯᠲᠠ ᠦᠭᠡᠢ ᠳᠡᠭᠡᠭᠰᠢᠯᠡᠭᠦᠯᠦᠨ᠂ 2020 ᠣᠨ ᠤ 8 ᠰᠠᠷ᠎ᠠ ᠠᠴᠠ ᠡᠬᠢᠯᠡᠨ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 66 ᠴᠠᠭᠳᠠᠭᠠᠨ ᠤ ᠶᠠᠪᠤᠳᠠᠯ ᠤᠨ ᠲᠤᠰᠠᠯᠠᠭᠴᠢ ᠶᠢ ᠡᠯᠰᠡᠨ᠂ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠳᠤ ᠬᠠᠮᠵᠢᠨ ᠠᠵᠢᠯ ᠥᠷᠨᠢᠭᠦᠯᠵᠦ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠴᠠᠭᠳᠠᠭᠠᠨ ᠤ ᠶᠠᠪᠤᠳᠠᠯ ᠤᠨ ᠲᠤᠰᠠᠯᠠᠭᠴᠢ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠦᠴᠦᠲᠡᠢ ᠬᠠᠮᠠᠭᠠᠯᠠᠨ᠂ ᠦᠨᠳᠦᠰᠦᠲᠡᠨ ᠤ ᠪᠦᠯᠬᠦᠮᠳᠡᠯ ᠢ ᠪᠠᠬᠢᠵᠢᠭᠦᠯᠪᠡ᠃
        04.jpg
             ︽ᠴᠠᠭᠳᠠᠭᠠᠨ ᠤ ᠶᠠᠪᠤᠳᠠᠯ ᠤᠨ ᠲᠤᠰᠠᠯᠠᠭᠴᠢ ᠪᠣᠯᠤᠭᠰᠠᠨ ᠤ ᠬᠤᠪᠢ ᠳᠤ᠂ ᠪᠢᠳᠡ ᠠᠷᠠᠳ ᠤᠯᠠᠨ ᠤ ᠳᠤᠮᠳᠠ ᠠᠴᠠ ᠢᠷᠡᠵᠤ᠂ ᠠᠷᠠᠳ ᠤᠯᠠᠨ ᠳᠤ ᠦᠢᠯᠡᠴᠢᠯᠡᠳᠡᠭ᠂ ᠪᠢ ᠨᠠᠮ ᠤᠨ ᠳᠠᠭᠤᠨ ᠤ ᠤᠬᠠᠭᠤᠯᠤᠭᠴᠢ ᠪᠣᠯᠵᠤ᠂ ᠮᠠᠯᠴᠢᠨ ᠲᠦᠮᠡᠨ ᠲᠠᠢ ᠬᠠᠮᠲᠤ ᠰᠠᠭᠤᠵᠤ ᠬᠠᠮᠲᠤᠪᠠᠷ ᠰᠤᠷᠤᠯᠴᠠᠵᠤ ᠬᠠᠮᠲᠤᠪᠠᠷ ᠠᠵᠢᠯᠯᠠᠬᠤ ᠳᠤᠮᠳᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ᠂ ᠦᠨᠳᠦᠰᠦᠲᠡᠨ ᠤ ᠪᠦᠯᠬᠦᠮᠳᠡᠯ ᠤᠨ ᠦᠢᠯᠡᠳᠦᠯᠭᠡᠵᠢᠭᠦᠯᠦᠭᠴᠢ ᠪᠣᠯᠣᠨ᠎ᠠ︾ ᠬᠡᠵᠤ ᠪᠠᠭᠠᠲᠤᠷ ᠬᠡᠯᠡᠪᠡ᠃     ᠴᠠᠭᠳᠠᠭᠠᠨ ᠤ ᠶᠠᠪᠤᠳᠠᠯ ᠤᠨ ᠲᠤᠰᠠᠯᠠᠭᠴᠢ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠠᠵᠢᠯ ᠤᠨ ᠳᠤᠮᠳᠠ ᠴᠢᠬᠤᠯᠠ ᠦᠢᠯᠡᠳᠦᠯ ᠢᠶᠠᠨ ᠪᠠᠳᠠᠷᠠᠭᠤᠯᠵᠤ᠂ ᠪᠣᠳᠠᠲᠠᠢ ᠠᠵᠢᠯ ᠤᠨ ᠳᠤᠮᠳᠠ ᠲᠡᠳᠡ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠬᠠᠮᠵᠢᠨ ᠨᠠᠮ ᠤᠨ ᠴᠢᠭᠯᠡᠯᠲᠡ ᠲᠦᠷᠦ ᠶᠢᠨ ᠪᠣᠳᠣᠯᠭ᠎ᠠ ᠶᠢ ᠤᠬᠠᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ᠂ ᠠᠷᠠᠳ ᠤᠨ ᠰᠠᠨᠠᠭ᠎ᠠ ᠶᠢ ᠴᠤᠭᠯᠠᠭᠤᠯᠵᠤ᠂ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠠᠵᠢᠯ ᠢ ᠦᠷᠨᠢᠭᠦᠯᠵᠣ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠴᠠᠭᠳᠠᠭᠠᠨ ᠤ ᠶᠠᠪᠤᠳᠠᠯ ᠤᠨ ᠲᠤᠰᠠᠯᠠᠭᠴᠢ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠥᠭᠦᠷᠭᠡ᠂ ᠠᠮᠤᠷ ᠠᠮᠤᠭᠤᠯᠠᠩ ᠤᠨ ᠪᠠᠶᠢᠭᠤᠯᠤᠯᠲᠠ ᠶᠢ ᠰᠠᠶᠢᠲᠤᠷ ᠬᠢᠬᠦ ᠭᠤᠣᠯ ᠬᠦᠴᠦᠨ ᠪᠣᠯᠬᠤ ᠪᠠᠷ ᠦᠷᠭᠦᠯᠵᠢᠯᠡᠨ ᠴᠢᠷᠮᠠᠶᠢᠨ᠎ᠠ᠃ 
        ᠢᠷᠡᠯᠲᠡ᠄ ᠲᠣᠲᠣᠷᠬᠠᠢ ᠦᠭᠡᠢ