内蒙古自治区公安厅蒙古文网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠭᠤᠴᠢᠨ ᠲᠠᠪᠤᠨ ᠵᠢᠯ ᠴᠠᠭᠳᠠᠭ᠎ᠠ ᠶᠢᠨ ᠠᠯᠪᠠᠨ ᠳᠤ ᠪᠠᠨ ᠭᠠᠷᠮᠠᠭᠠᠶᠢᠯᠠᠨ ᠶᠠᠪᠤᠪᠠ
        ᠨᠡᠶᠢᠲᠡᠯᠡᠭᠰᠡᠨ ᠴᠠᠭ᠄
        2022/11/20
              ᠲᠩᠷᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠥᠷᠲᠡᠭᠡ ᠴᠡᠭ ᠲᠤ᠂ ᠬᠥᠮᠦᠰ ᠦᠷᠭᠦᠯᠵᠢ ᠭᠠᠳᠠᠷ ᠪᠠᠶᠢᠳᠠᠯ ᠨᠢ ᠲᠥᠪᠯᠡᠭᠦᠨ᠂ ᠪᠡᠶ᠎ᠡ ᠪᠢᠯᠳᠠᠷ ᠨᠢ ᠥᠨᠳᠥᠷ ᠰᠦᠷᠯᠢᠭ᠂ ᠣᠪᠣᠷ ᠨᠢ ᠡᠶᠡᠯᠳᠡᠭ ᠳᠣᠲᠣᠨᠣ᠂ ᠨᠠᠭᠠᠰᠢ ᠴᠠᠭᠠᠰᠢ ᠥᠩᠭᠡᠷᠡᠬᠦ ᠲᠡᠷᠭᠡ ᠬᠥᠰᠬᠡ ᠪᠣᠯᠤᠨ ᠬᠥᠮᠦᠰ ᠲᠤ ᠬᠠᠯᠠᠭᠤᠮᠰᠤᠭ ᠢᠶᠠᠷ ᠦᠢᠯᠡᠴᠢᠯᠡᠳᠡᠭ ᠠᠬᠠᠮᠠᠳ ᠴᠠᠭᠳᠠᠭ᠎ᠠ ᠶᠢ ᠣᠯᠵᠤ ᠬᠠᠷᠠᠳᠠᠭ᠃ ᠲᠡᠷᠡ ᠪᠣᠯ ᠳᠠᠷᠤᠶ ᠨᠡᠭᠡᠭᠡᠯᠲᠡ ᠶᠢᠨ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ ᠭᠠᠯᠪᠠᠭᠠᠲᠤᠷ ᠪᠣᠯᠤᠨ᠎ᠠ᠃ 35 ᠵᠢᠯ ᠴᠠᠭᠳᠠᠭ᠎ᠠ ᠶᠠᠪᠤᠭᠰᠠᠨ ᠡᠨᠡ ᠬᠦ ᠠᠬᠠᠮᠠᠳ ᠴᠠᠭᠳᠠᠭ᠎ᠠ᠂ ᠡᠨᠡ ᠵᠢᠯ ᠬᠡᠳᠦ᠋ᠢᠪᠡᠷ 57 ᠨᠠᠰᠤᠯᠠᠭᠰᠠᠨ ᠪᠣᠯᠪᠠᠴᠤ ᠲᠡᠷᠡ ᠮᠥᠨ ᠯᠡ ᠴᠤᠭ ᠵᠢᠪᠬᠤᠭ᠎ᠠ ᠲᠡᠭᠦᠯᠳᠡᠷ ᠢᠶᠠᠷ ᠳᠣᠲᠣᠭᠠᠳᠤ ᠶᠢ ᠬᠠᠮᠠᠭᠠᠯᠠᠬᠤ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ᠂ ᠠᠷᠠᠳ ᠤᠨ ᠴᠠᠭᠳᠠᠭ᠎ᠠ ᠨᠠᠷ ᠲᠠᠢ ᠬᠠᠮᠲᠤ ᠪᠠᠷ ᠭᠠᠳᠠᠨ᠎ᠠ ᠭᠠᠷᠴᠤ ᠵᠢᠵᠢᠭᠦᠷᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠨ᠎ᠠ᠃
        -cgi-bin-mmwebwx-bin-webwxgetmsgimg--&MsgID=455122410906619080&skey=@crypt_4baf0c47_2875d006db8906baaa0c3047bb6a87e4&mmweb_appid=wx_webfilehelper.jpg   
             ᠭᠠᠯᠪᠠᠭᠠᠲᠤᠷ 1965 ᠣᠨ ᠳᠤ ᠠᠯᠠᠱᠠ ᠵᠡᠭᠦᠨ ᠬᠤᠰᠢᠭᠤᠨ ᠤ ᠵᠢᠷᠠᠨᠲᠠᠢ ᠪᠠᠯᠭᠠᠰᠤᠨ ᠳᠤ ᠲᠦᠷᠦᠵᠡᠢ᠂ 1984 ᠣᠨ ᠳᠤ ᠲᠡᠷᠡ ᠰᠢᠯᠢᠳᠡᠭ ᠬᠢᠷᠢ ᠪᠦᠲᠦᠮᠵᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠴᠠᠭᠳᠠᠭ᠎ᠠ ᠶᠢᠨ ᠰᠤᠷᠭᠠᠭᠤᠯᠢ ᠶᠢᠨ ᠡᠷᠡᠭᠦᠦ ᠶᠢᠨ ᠲᠠᠩᠨᠠᠯᠲᠠ ᠶᠢᠨ ᠲᠤᠰᠬᠠᠢ ᠮᠡᠷᠭᠡᠵᠢᠯ ᠳᠤ ᠰᠢᠯᠭᠠᠨ ᠣᠷᠣᠵᠠᠢ᠃ 1986 ᠣᠨ ᠳᠤ ᠭᠠᠯᠪᠠᠭᠠᠲᠤᠷ ᠰᠢᠯᠢᠳᠡᠭ ᠬᠢᠷᠢ ᠪᠦᠲᠦᠮᠵᠢ ᠪᠠᠷ ᠲᠡᠭᠦᠰᠴᠦ᠂ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠥᠷᠥ ᠠᠮᠤᠷ ᠢ ᠬᠠᠮᠠᠭᠠᠯᠠᠬᠤ ᠰᠠᠯᠠᠭ᠎ᠠ ᠳᠤ ᠬᠤᠪᠢᠶᠠᠭᠳᠠᠨ ᠳᠣᠲᠣᠭᠠᠳᠤ ᠠᠵᠢᠯ ᠤᠨ ᠨᠠᠷᠢᠨ ᠪᠢᠴᠢᠭᠡᠴᠢ ᠶᠢᠨ ᠠᠵᠢᠯ ᠬᠢᠵᠦ᠂ ᠬᠤᠷᠢᠨ ᠵᠢᠯ ᠠᠵᠢᠯᠯᠠᠪᠠ᠃ ᠡᠭᠦᠨ ᠠᠴᠠ ᠰᠡᠭᠦᠯᠡᠷ᠂ ᠠᠵᠢᠯ ᠤᠨ ᠬᠡᠷᠡᠭᠴᠡᠭᠡ ᠠᠴᠠ ᠪᠤᠯᠵᠤ ᠲᠡᠷᠡ ᠪᠠᠰᠠ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ᠰᠠᠬᠢᠯᠭ᠎ᠠ ᠪᠠᠲᠤ ᠪᠠᠶᠢᠴᠠᠭᠠᠬᠤ᠂ ᠬᠠᠤᠯᠢ ᠬᠡᠷᠡᠭᠵᠢᠭᠦᠯᠬᠦ᠂ ᠬᠢᠨᠠᠨ ᠪᠤᠳᠤᠬᠤ᠂ ᠵᠠᠬᠢᠳᠠᠯ ᠰᠤᠷᠪᠤᠯᠵᠢᠯᠠᠭ᠎ᠠ ᠵᠢᠴᠢ ᠴᠠᠭᠳᠠᠭᠠᠨ ᠤ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠵᠡᠷᠭᠡ ᠠᠵᠢᠯ ᠢ ᠤᠷᠢᠳ ᠬᠤᠵᠢᠳ ᠬᠢᠪᠡ᠃ ᠲᠡᠷᠡ ᠦᠨᠡᠨᠴᠢ ᠰᠢᠳᠤᠷᠭᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠬᠠᠷᠠᠮ ᠦᠭᠡᠢ ᠵᠣᠷᠢᠭᠤᠯᠵᠤ᠂ ᠡᠷᠡᠮᠡᠬᠡᠶᠢᠯᠡᠨ ᠤᠷᠤᠭᠰᠢᠯᠠᠨ᠂ ᠦᠨᠡᠨᠴᠢ ᠰᠢᠳᠤᠷᠭᠤ ᠪᠠ ᠡᠭᠦᠷᠭᠡᠯᠡᠯ ᠢᠶᠠᠷ ᠨᠢᠭᠡ ᠠᠷᠠᠳ ᠤᠨ ᠴᠠᠭᠳᠠᠭ᠎ᠠ ᠶᠢᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠵᠦ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ᠂ ᠤᠷᠢᠳ ᠬᠤᠵᠢᠳ ᠬᠤᠶᠠᠷ ᠤᠳᠠᠭ᠎ᠠ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠠᠴᠠ ᠬᠤᠪᠢ ᠬᠥᠮᠦᠨ ᠤ ᠬᠤᠶᠠᠳᠤᠭᠠᠷ ᠳᠡᠰ ᠤᠨ ᠭᠠᠪᠢᠶ᠎ᠠ ᠵᠢᠳᠬᠦᠯ ᠢ ᠢᠷᠠᠭᠤ ᠠᠯᠳᠠᠷ ᠲᠠᠢ ᠪᠠᠷ ᠲᠡᠮᠳᠡᠭᠯᠡᠵᠦ᠂ ᠳᠣᠯᠤᠭ᠎ᠠ ᠤᠳᠠᠭ᠎ᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶ᠎ᠠ ᠠᠴᠠ ᠢᠷᠠᠭᠤ ᠠᠯᠳᠠᠷ ᠲᠠᠢ ᠪᠠᠷ ᠭᠤᠷᠪᠠᠳᠤᠭᠠᠷ ᠳᠡᠰ ᠤᠨ ᠭᠠᠪᠢᠶ᠎ᠠ ᠵᠢᠳᠬᠦᠯ ᠢ ᠲᠡᠮᠳᠡᠭᠯᠡᠪᠡ︕ ᠨᠢᠭᠡ ᠤᠳᠠᠭᠠᠨ ᠤ ᠬᠤᠪᠢ ᠬᠥᠮᠦᠨ ᠤ ᠬᠥᠬᠢᠭᠦᠯᠦᠯ︕ ᠬᠤᠶᠠᠷ ᠤᠳᠠᠭ᠎ᠠ ᠪᠦᠬᠦ ᠠᠶᠢᠮᠠᠭ ᠤᠨ︽ᠭᠤᠷᠪᠠ᠂ ᠲᠠᠪᠤ︾᠂ ︽ᠳᠥᠷᠪᠡ᠂ ᠲᠠᠪᠤ︾ ᠶᠢᠨ ᠬᠠᠤᠯᠢ ᠲᠦᠭᠡᠮᠡᠯᠵᠢᠭᠦᠯᠬᠦ ᠲᠡᠷᠢᠭᠦᠨ ᠤ ᠬᠤᠪᠢ ᠬᠥᠮᠦᠨ ᠢ ᠣᠯᠪᠠ︕ ᠭᠤᠷᠪᠠᠨ ᠵᠢᠯ ᠳᠠᠷᠠᠭᠠᠯᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠤ ᠰᠢᠯᠢᠳᠡᠭ ᠠᠯᠪᠠᠲᠠᠨ ᠢᠶᠠᠷ ᠦᠨᠡᠯᠡᠭᠳᠡᠪᠡ︕     1986 ᠣᠨ ᠳᠤ ᠰᠠᠶ᠋ᠢᠬᠠᠨ ᠠᠵᠢᠯ ᠳᠤ ᠣᠷᠣᠭᠰᠠᠨ ᠭᠠᠯᠪᠠᠭᠠᠲᠤᠷ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠪᠠᠷ ᠠᠯᠠᠱᠠ ᠵᠡᠭᠦᠨ ᠬᠤᠰᠢᠭᠤᠨ ᠤ ᠤᠨᠳᠤᠷᠤᠯᠳᠤ ᠰᠤᠮᠤ ᠶᠢᠨ ᠲᠣᠮᠢᠯᠠᠭᠰᠠᠨ ᠰᠠᠯᠪᠤᠷᠢ ᠳᠤ ᠬᠦᠷᠴᠦ ᠪᠣᠯᠪᠠᠰᠤᠷᠠᠪᠠ᠃ ᠰᠠᠶ᠋ᠢᠬᠠᠨ ᠰᠤᠷᠭᠠᠭᠤᠯᠢ ᠠᠴᠠ ᠭᠠᠷᠤᠭᠰᠠᠨ ᠨᠢᠭᠡᠨ ᠵᠠᠯᠠᠭᠤ ᠴᠠᠭᠳᠠᠭ᠎ᠠ ᠳᠤ ᠠᠪᠴᠤ ᠬᠡᠯᠡᠪᠡᠯ᠂ ᠲᠡᠷᠡ ᠪᠠᠶᠢᠭᠤᠯᠭ᠎ᠠ ᠠᠴᠠ ᠪᠠᠨ ᠰᠠᠯᠵᠤ ᠶᠠᠳᠠᠭᠰᠠᠨ ᠦᠭᠡᠢ᠂ ᠭᠤᠮᠣᠳᠠᠯ ᠲᠣᠭᠠᠴᠢᠭᠰᠠᠨ ᠦᠭᠡᠢ᠂ ᠬᠠᠷᠢᠨ ᠦᠨᠳᠦᠰᠦᠨ ᠱᠠᠲᠤᠨ ᠳᠤ ᠳᠠᠪᠲᠠᠨ ᠪᠣᠯᠪᠠᠰᠤᠷᠠᠬᠤ ᠶᠢ ᠤᠨᠤᠯ ᠪᠠ ᠦᠢᠯᠡᠳᠦᠯᠭᠡ ᠶᠢ ᠤᠶᠠᠯᠳᠤᠭᠤᠯᠬᠤ᠂ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠣᠯᠳᠠᠰᠢ ᠦᠭᠡᠢ ᠲᠣᠬᠢᠶᠠᠯ ᠪᠣᠯᠭᠠᠭᠰᠠᠨ ᠪᠠᠶᠢᠨ᠎ᠠ᠃
        微信图片_20221116104233.jpg   
             ᠲᠤᠰ ᠵᠢᠯ ᠤᠨ ᠡᠪᠦᠯ ᠤᠨ ᠡᠬᠢᠨ ᠤ ᠨᠢᠭᠡᠨ ᠡᠳᠦᠷ᠂ ᠤᠨᠳᠤᠷᠤᠯᠳᠤ ᠰᠤᠮᠤ ᠶᠢᠨ ᠵᠠᠬᠠᠳᠤᠯᠤᠭᠠᠨ ᠭᠠᠴᠠᠭᠠᠨ ᠤ ᠨᠢᠭᠡᠨ ᠮᠠᠯᠴᠢᠨ ᠲᠦᠮᠡ ᠭᠠᠷᠤᠢ ᠲᠥᠭᠦᠷᠢᠭ ᠤᠨ ᠦᠷᠳᠡᠭ ᠪᠦᠬᠦᠢ ᠲᠡᠮᠡᠭᠡᠨ ᠤᠩᠭᠠᠰᠤ ᠪᠣᠯᠤᠨ ᠲᠡᠮᠡᠭᠡᠨ ᠤᠩᠭᠠᠰᠤ ᠶᠢᠨ ᠬᠡᠷᠡᠭᠰᠡᠯ ᠵᠡᠷᠭᠡ ᠬᠤᠯᠠᠭᠠᠶᠢᠯᠠᠭᠳᠠᠪᠠ ᠭᠡᠵᠦ ᠲᠦᠭᠰᠢᠭᠦᠷᠢ ᠮᠡᠳᠡᠭᠦᠯᠪᠡ᠂ ᠡᠨᠡ ᠨᠢ ᠳᠡᠭᠡᠷ᠎ᠡ ᠵᠠᠭᠤᠨ ᠤ ᠨᠠᠶᠠᠭᠠᠳ ᠣᠨ ᠤ ᠦᠶ᠎ᠡ ᠶᠢᠨ ᠮᠠᠯᠴᠢᠨ ᠳᠤ ᠠᠪᠴᠤ ᠬᠡᠯᠡᠪᠡᠯ ᠬᠦᠨᠳᠦ ᠨᠣᠴᠢᠲᠠᠢ ᠬᠤᠬᠢᠷᠠᠯ ᠪᠣᠯᠤᠭᠰᠠᠨ ᠪᠠᠶᠢᠨ᠎ᠠ᠃ ᠭᠠᠯᠪᠠᠭᠠᠲᠤᠷ ᠬᠡᠷᠡᠭ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠲᠣᠰ ᠬᠡᠷᠡᠭ ᠢ ᠢᠯᠡᠷᠡᠭᠦᠯᠬᠦ ᠪᠠᠷ ᠵᠣᠷᠢᠭ ᠰᠢᠭᠤᠳᠪᠠ᠃ ᠲᠡᠷᠡ ᠲᠤᠬᠠᠢ ᠶᠢᠨ ᠭᠠᠵᠠᠷ ᠤᠨ ᠪᠠᠶᠢᠴᠠᠭᠠᠯᠲᠠ ᠪᠠᠷ ᠲᠠᠮᠵᠢᠨ᠂ ᠬᠠᠷᠠᠯᠲᠠ ᠪᠠᠨ ᠭᠠᠨᠰᠦ ᠶᠢᠨ ᠨᠢᠭᠡᠨ ᠰᠢᠪᠠᠷᠴᠢᠨ ᠳᠤ ᠲᠠᠯᠪᠢᠪᠠ᠃ ᠤᠤᠯ ᠨᠢ ᠥᠨᠥᠬᠡᠨ ᠡᠨᠡ ᠠᠶᠢᠯ ᠤᠨ ᠮᠠᠯᠴᠢᠳ ᠭᠠᠨᠰᠦ ᠠᠴᠠ ᠢᠷᠡᠭᠰᠡᠨ ᠰᠢᠪᠠᠷᠴᠢᠨ ᠢ ᠥᠪᠡᠷ ᠤᠨ ᠭᠡᠷ ᠲᠤ ᠪᠠᠨ ᠬᠥᠯᠥᠰᠥᠯᠡᠨ ᠠᠵᠢᠯᠯᠠᠭᠤᠯᠵᠤ ᠪᠠᠶᠢᠭᠰᠠᠨ ᠪᠥᠭᠡᠳ ᠰᠢᠪᠠᠷᠴᠢᠨ ᠶᠠᠪᠤᠭᠰᠠᠨ ᠤ ᠲᠠᠷᠠᠭ᠎ᠠ ᠲᠡᠮᠡᠭᠡᠨ ᠤ ᠨᠣᠣᠰᠣ ᠨᠢ ᠠᠯᠠᠭ᠎ᠠ ᠪᠣᠯᠤᠭᠰᠠᠨ ᠢ ᠣᠯᠵᠤ ᠮᠡᠳᠡᠵᠡᠢ᠃ ᠡᠨᠡ ᠦᠶ᠎ᠡ ᠳᠤ ᠰᠢᠪᠠᠷᠴᠢᠨ ᠶᠠᠪᠤᠭᠠᠳ ᠬᠡᠳᠦᠨ ᠡᠳᠦᠷ ᠪᠣᠯᠵᠤ᠂ ᠰᠢᠪᠠᠷᠴᠢᠨ ᠶᠠᠮᠠᠷ ᠨᠡᠷ᠎ᠡ ᠲᠠᠢ᠂ ᠬᠠᠮᠢᠭ᠎ᠠ ᠰᠠᠭᠤᠳᠠᠭ ᠢ ᠪᠦᠷ ᠮᠡᠳᠡᠬᠦ ᠥᠬᠡᠶ᠃ ᠡᠨᠡ ᠨᠢ ᠲᠠᠩᠨᠠᠨ ᠢᠯᠡᠷᠡᠭᠦᠯᠬᠦ ᠠᠵᠢᠯ ᠳᠤ ᠮᠠᠰᠢ ᠶᠡᠭᠡ ᠬᠦᠴᠢᠷᠳᠡᠯ ᠠᠪᠴᠢᠷᠠᠪᠠ᠃      ᠬᠠᠷᠠᠬᠠᠨ ᠪᠠᠭ᠎ᠠ ᠠᠴᠠ ᠪᠠᠨ ᠡᠴᠢᠭᠡ ᠡᠬᠡ ᠪᠠᠨ ᠳᠠᠭᠠᠵᠤ ᠮᠠᠯᠵᠢᠳᠠᠭ ᠭᠠᠯᠪᠠᠭᠠᠳᠤᠷ ᠲᠤ ᠪᠣᠰᠤᠳ ᠠᠴᠠ ᠳᠠᠪᠠᠭᠤᠯᠢᠭ ᠨᠢᠭᠡ ᠵᠦᠢᠯ ᠤᠨ ᠮᠡᠷᠭᠡᠵᠢᠯ ᠪᠠᠶᠢᠳᠠᠭ᠃ ᠲᠡᠷᠡ ᠮᠠᠯᠴᠢᠨ ᠤ ᠭᠡᠷ ᠤᠨ ᠣᠶᠢᠷ᠎ᠠ ᠬᠠᠪᠢ ᠪᠠᠷ ᠰᠢᠪᠠᠷᠴᠢᠨ ᠤ ᠬᠥᠯ ᠤᠨ ᠮᠦᠷ ᠢ ᠦᠵᠡᠵᠦ ᠲᠠᠨᠢᠭᠠᠳ᠂ ᠲᠡᠷᠡ ᠰᠢᠪᠠᠷᠴᠢᠨ ᠤ ᠤᠯᠠ ᠮᠥᠷ ᠤᠨ ᠰᠦᠪᠡᠭᠴᠢ ᠪᠠᠷ᠂ ᠮᠠᠰᠢ ᠲᠦᠷᠭᠡᠨ ᠢᠶᠠᠷ ᠭᠠᠨᠰᠦ ᠮᠤᠵᠢ ᠶᠢᠨ ᠨᠢᠭᠡᠨ ᠵᠢᠵᠢᠭ ᠲᠣᠰᠬᠤᠨ ᠳᠤ ᠬᠦᠷᠦᠭᠰᠡᠨ ᠪᠥᠭᠡᠳ ᠲᠣᠰᠬᠤᠨ ᠳᠤ ᠶᠠᠯ᠎ᠠ ᠬᠢᠭᠰᠡᠨ ᠰᠡᠵᠢᠭᠳᠡᠨ ᠢ ᠡᠷᠢᠵᠦ ᠤᠯᠪᠠ᠃ ᠭᠡᠲᠡᠯ᠎ᠡ᠂ ᠶᠠᠯ᠎ᠠ ᠬᠢᠭᠰᠡᠨ ᠰᠡᠵᠢᠭᠳᠡᠨ ᠬᠠᠷᠢᠨ ᠡᠯᠳᠡᠪ ᠢᠶᠠᠷ ᠪᠤᠯᠢᠬᠠᠶᠢᠯᠠᠵᠤ᠂ ᠥᠪᠡᠷ ᠢᠶᠠᠨ ᠶᠠᠭᠤᠮ᠎ᠠ ᠬᠤᠯᠠᠭᠠᠶᠢᠯᠠᠭᠰᠠᠨ ᠭᠡᠳᠡᠭ ᠢ ᠦᠭᠡᠶᠢᠰᠬᠡᠵᠦ᠂ ᠲᠡᠭᠦᠨ ᠤ ᠭᠡᠷ ᠠᠴᠠ ᠴᠦ ᠬᠤᠯᠠᠭᠠᠶᠢᠯᠠᠭᠳᠠᠭᠰᠠᠨ ᠲᠡᠮᠡᠭᠡᠨ ᠤ ᠨᠣᠣᠰᠣ ᠶᠢ ᠡᠷᠢᠵᠦ ᠣᠯᠤᠭᠰᠠᠨ ᠦᠭᠡᠢ᠃ ᠬᠡᠷᠡᠭ ᠶᠠᠭ ᠵᠣᠭᠰᠤᠩᠭᠤᠢ ᠪᠠᠶᠢᠳᠠᠯ ᠳᠤ ᠣᠷᠣᠵᠤ᠂ ᠶᠠᠭ ᠰᠠᠶᠢᠬᠠᠨ ᠰᠢᠪᠲᠤᠯᠬᠤ ᠶᠢᠨ ᠠᠷᠭ᠎ᠠ ᠦᠭᠡᠢ ᠵᠣᠪᠠᠵᠤ ᠪᠠᠶᠢᠭᠰᠠᠨ ᠦᠶ᠎ᠡ ᠳᠤ᠂ ᠭᠠᠯᠪᠠᠭᠠᠲᠤᠷ ᠡᠷᠭᠢᠨ ᠲᠣᠭᠤᠷᠢᠨ ᠢ ᠲᠣᠭᠤᠷᠢᠨ ᠦᠵᠡᠭᠡᠳ᠂ ᠨᠢᠭᠡ ᠵᠣᠭᠤᠷᠢ ᠳᠤ ᠬᠡᠳᠦᠨ ᠰᠢᠪᠠᠷᠴᠢᠨ ᠤ ᠬᠥᠯ ᠤᠨ ᠮᠥᠷ ᠪᠠᠶᠢᠬᠤ ᠶᠢ ᠣᠯᠵᠤ ᠬᠠᠷᠠᠪᠠ᠃ ᠭᠠᠯᠪᠠᠭᠠᠲᠤᠷ ᠵᠣᠭᠤᠷᠢ ᠶᠢᠨ ᠠᠮᠠᠰᠠᠷ ᠢ ᠨᠡᠭᠡᠭᠡᠭᠰᠡᠨ ᠳᠤ᠂ ᠳᠣᠲᠣᠷ᠎ᠠ ᠨᠢ ᠮᠠᠯᠴᠢᠨ ᠤ ᠭᠡᠭᠡᠭᠰᠡᠨ ᠲᠡᠮᠡᠭᠡᠨ ᠤᠩᠭᠠᠰᠤ ᠪᠣᠯᠤᠨ ᠲᠡᠮᠡᠭᠡᠨ ᠤᠩᠭᠠᠰᠤ ᠶᠢᠨ ᠬᠡᠷᠡᠭᠰᠡᠯ ᠤᠳ ᠪᠠᠶᠢᠵᠠᠢ᠃ ᠪᠣᠳᠠᠰ ᠤᠨ ᠭᠡᠷᠡᠴᠢ ᠶᠢᠨ ᠡᠮᠦᠨ᠎ᠡ ᠰᠢᠪᠠᠷᠴᠢᠨ ᠡᠴᠦᠰ ᠲᠤ ᠪᠠᠨ ᠲᠣᠯᠣᠭᠠᠶ ᠪᠠᠨ ᠪᠥᠬᠦ᠋ᠢᠵᠦ᠂ ᠮᠠᠯᠴᠢᠨ ᠤ ᠲᠡᠮᠡᠭᠡᠨ ᠨᠤᠤᠰᠤ ᠶᠢ ᠬᠤᠯᠠᠭᠠᠶᠢᠯᠠᠭᠰᠠᠨ ᠪᠣᠳᠠᠲᠤ ᠬᠡᠷᠡᠭ ᠢᠶᠠᠨ ᠲᠤᠰᠢᠶᠠᠪᠠ᠃
        微信图片_20221116104247.jpg   
             1987 ᠣᠨ ᠳᠤ ᠭᠠᠯᠪᠠᠭᠠᠳᠤᠷ ᠢ ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠳᠤ ᠲᠣᠮᠢᠯᠠᠨ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠪᠠ᠃ ᠡᠨᠡ ᠬᠤᠭᠤᠴᠠᠭᠠᠨ ᠳᠤ᠂ ᠠᠳᠡ ᠦᠷᠭᠦᠯᠵᠢ ᠳᠠᠬᠢᠶ᠎ᠠ ᠨᠣᠬᠠᠢ ᠬᠤᠯᠠᠭᠠᠶᠢᠯᠠᠭᠳᠠᠭᠰᠠᠨ ᠬᠡᠷᠡᠭ ᠭᠠᠷᠴᠤ᠂ ᠵᠠᠷᠢᠮ ᠳᠤ ᠪᠠᠨ ᠨᠢᠭᠡ ᠰᠠᠷ᠎ᠠ ᠳᠤ ᠬᠡᠳᠦ ᠬᠡᠳᠦᠨ ᠡᠶᠢᠮᠦᠷᠬᠦᠦ ᠬᠤᠯᠠᠭᠠᠶᠢᠯᠠᠭᠳᠠᠭᠰᠠᠨ ᠲᠦᠭᠰᠢᠭᠦᠷᠢ ᠮᠡᠳᠡᠭᠦᠯᠦᠯᠲᠡ ᠶᠢ ᠲᠣᠰᠳᠠᠭ᠃ ᠡᠲᠡᠭᠡᠷ ᠬᠡᠷᠡᠭ ᠨᠢ ᠪᠦᠷ ᠶᠡᠭᠡ ᠪᠢᠰᠢ᠂ ᠵᠠᠷᠢᠮ ᠨᠢ ᠵᠥᠪᠬᠡᠨ ᠨᠢᠭᠡ ᠨᠣᠬᠠᠶ ᠬᠡᠳᠦᠨ ᠲᠠᠬᠢᠶ᠎ᠠ᠂ ᠬᠡᠳᠦᠨ ᠥᠨᠳᠡᠭᠡ ᠪᠠᠶᠢᠵᠤ᠂ ᠬᠡᠷᠡᠭ ᠨᠢ ᠳᠡᠩᠳᠡᠭᠦᠦ ᠪᠠᠭ᠎ᠠ᠂ ᠮᠠᠰᠢ ᠣᠯᠠᠨ ᠬᠥᠮᠦᠨ ᠰᠠᠨᠠᠭᠠᠨ ᠳᠤ ᠪᠠᠨ ᠠᠪᠬᠤ ᠥᠬᠡᠶ᠃ ᠭᠠᠯᠪᠠᠭᠠᠲᠤᠷ ᠬᠡᠷᠡᠭ ᠢ ᠭᠥᠯᠢᠶᠡᠨ ᠠᠪᠤᠭᠰᠠᠨ ᠤ ᠳᠠᠷᠠᠭ᠎ᠠ᠂ ᠳᠠᠬᠢᠶ᠎ᠠ ᠨᠣᠬᠠᠢ ᠶᠢᠨ ᠬᠤᠯᠠᠭᠠᠶᠢᠴᠢ ᠶᠢ ᠪᠠᠷᠢᠪᠴᠢᠯᠠᠬᠤ ᠭᠡᠳ ᠡᠳᠦᠷᠵᠢᠨ ᠮᠦᠷᠳᠡᠨ ᠪᠠᠶᠢᠴᠠᠭᠠᠬᠤ ᠳᠤ᠂ ᠵᠠᠷᠢᠮ ᠬᠥᠮᠦᠨ ᠪᠠᠰᠠ ᠲᠡᠭᠦᠨ ᠢ ᠡᠯᠡᠭᠯᠡᠨ ᠶᠣᠵᠣᠯᠠᠵᠤ᠂ ᠨᠡᠷ᠎ᠡ ᠲᠥᠷᠥ ᠲᠠᠢ ᠨᠢᠭᠡ ᠴᠠᠭᠳᠠᠭ᠎ᠠ᠂ ᠬᠡᠷᠡᠭ ᠦᠭᠡᠢ ᠪᠠᠭ᠎ᠠ ᠰᠠᠭ᠎ᠠ ᠶᠠᠭᠤᠮ᠎ᠠ ᠳᠤ ᠴᠠᠭ ᠢᠶᠠᠨ ᠪᠠᠷᠠᠭᠠᠳ ᠶᠠᠮᠠᠷ ᠵᠦᠭ ᠭᠠᠷᠬᠤ ᠪᠣᠢ ᠭᠡᠨ᠎ᠡ᠃ ᠭᠡᠪᠡᠴᠦ ᠭᠠᠯᠪᠠᠭᠠᠲᠤᠷ ᠤᠨ ᠦᠵᠡᠬᠦ ᠪᠠᠷ᠂ ᠬᠠᠷᠢᠨ ᠳᠠᠬᠢᠶ᠎ᠠ ᠬᠤᠯᠠᠭᠠᠶᠢᠯᠠᠭᠰᠠᠨ ᠬᠡᠷᠡᠭ ᠨᠢ ᠪᠠᠭ᠎ᠠ ᠪᠣᠯᠪᠠᠴᠤ ᠠᠷᠠᠳ ᠤᠨ ᠠᠮᠢᠳᠤᠷᠠᠯ ᠲᠠᠢ ᠬᠤᠯᠪᠣᠭᠳᠠᠨ᠎ᠠ᠃ ᠠᠷᠠᠳ ᠤᠨ ᠴᠠᠭᠳᠠᠭ᠎ᠠ ᠪᠣᠯᠤᠭᠰᠠᠨ ᠤ ᠬᠤᠪᠢ ᠳᠤ᠂ ᠪᠢᠳᠡ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠦᠭᠡᠢ᠂ ᠬᠡᠨ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠪᠤᠢ᠃ ᠭᠡᠲᠡᠯ᠎ᠡ ᠡᠳᠡᠭᠡᠷ ᠵᠡᠭᠡᠯᠢ ᠭᠤᠳᠤᠮᠵᠢ ᠪᠠᠷ ᠡᠭᠦᠰᠦᠭᠰᠡᠨ ᠵᠢᠵᠢᠭ ᠬᠡᠷᠡᠭ ᠢ ᠳᠡᠩᠨᠡᠨ ᠢᠯᠡᠷᠡᠭᠦᠯᠬᠦ ᠳᠤ ᠲᠡᠶᠢᠮᠦ ᠠᠮᠠᠷᠬᠠᠨ ᠪᠢᠰᠢ ᠶᠤᠮ᠃ ᠲᠡᠷᠡ ᠦᠶ᠎ᠡ ᠳᠤ᠂ ᠡᠵᠡᠨ᠎ᠡ ᠶᠢᠨ ᠵᠡᠭᠡᠯᠢ ᠳᠡᠭᠡᠷ᠎ᠡ ᠶᠠᠮᠠᠷ ᠴᠤ ᠬᠢᠨᠠᠨ ᠡᠵᠡᠮᠳᠡᠭᠦᠷ ᠮᠡᠲᠦ ᠶᠢᠨ ᠲᠤᠷᠰᠢᠨ ᠪᠠᠶᠢᠴᠠᠭᠠᠬᠤ ᠲᠥᠬᠦᠭᠡᠷᠦᠮᠵᠢ ᠪᠠᠶᠢᠬᠤ ᠦᠭᠡᠢ᠂ ᠵᠡᠭᠡᠯᠢ ᠳᠡᠭᠡᠷᠡᠬᠢ ᠬᠤᠯᠠᠭᠠᠶᠢᠴᠢ ᠶᠢᠨ ᠮᠥᠷ ᠴᠦ ᠤᠳᠠᠯ ᠦᠭᠡᠢ ᠨᠠᠭᠠᠰᠢ ᠴᠠᠭᠠᠰᠢ ᠶᠠᠪᠤᠬᠤ ᠶᠠᠪᠠᠭᠠᠨ ᠬᠥᠮᠦᠨ ᠪᠣᠯᠤᠨ ᠲᠡᠷᠭᠡ ᠬᠥᠰᠬᠡ ᠳᠤ ᠳᠠᠷᠤᠭᠳᠠᠵᠤ᠂ ᠥᠩᠭᠡᠷᠡᠭᠰᠡᠨ ᠤ ᠮᠥᠷᠳᠡᠨ ᠭᠡᠲᠡᠬᠦ ᠠᠷᠭ᠎ᠠ ᠶᠢ ᠬᠡᠷᠡᠭᠯᠡᠬᠦ ᠳᠤ ᠲᠦᠢᠯ ᠤᠨ ᠬᠦᠴᠢᠷ᠃ ᠭᠠᠯᠪᠠᠭᠠᠲᠤᠷ᠂ ᠲᠠᠬᠢᠶ᠎ᠠ ᠨᠣᠬᠠᠶ ᠬᠤᠯᠠᠭᠠᠶᠢᠯᠠᠭᠳᠠᠭᠰᠠᠨ ᠬᠡᠷᠡᠭ ᠤᠨ ᠣᠨᠴᠠᠯᠢᠭ ᠢ ᠦᠨᠳᠦᠰᠦᠯᠡᠨ᠂ ᠬᠠᠷᠠᠯᠲᠠ ᠪᠠᠨ ᠰᠤᠷᠤᠭᠴᠢᠳ ᠪᠣᠯᠤᠨ ᠭᠠᠳᠠᠨ᠎ᠠ ᠠᠴᠠ ᠢᠷᠡᠭᠰᠡᠨ ᠬᠥᠯᠥᠰᠥᠨ ᠠᠵᠢᠯᠴᠢᠳ ᠤᠨ ᠪᠡᠶ᠎ᠡ ᠳᠡᠭᠡᠷ᠎ᠡ ᠲᠣᠭᠲᠠᠭᠠᠵᠤ᠂ ᠬᠡᠰᠡᠭ ᠬᠤᠭᠤᠴᠠᠭᠠᠨ ᠤ ᠪᠠᠶᠢᠴᠠᠭᠠᠯᠲᠠ ᠪᠠᠷ ᠳᠡᠮᠵᠢᠨ᠂ ᠬᠡᠷᠡᠭ ᠤᠨ ᠤᠯᠠ ᠮᠥᠷ ᠢ ᠣᠯᠵᠠᠯᠠᠵᠤ᠂ ᠲᠡᠷᠡ ᠮᠥᠷ ᠢᠶᠠᠷ ᠨᠢ ᠮᠥᠷᠳᠡᠵᠦ᠂ ᠤᠳᠠᠯ ᠥᠬᠡᠶ ᠲᠣᠰ ᠬᠡᠷᠡᠭ ᠢ ᠢᠯᠡᠷᠡᠭᠦᠯᠪᠡ᠃ ᠤᠤᠯ ᠨᠢ ᠰᠤᠷᠭᠠᠭᠤᠯᠢ ᠳᠤ ᠰᠠᠭᠤᠭ᠎ᠠ ᠬᠡᠳᠦᠨ ᠰᠤᠷᠤᠭᠴᠢ᠂ ᠰᠤᠷᠭᠠᠭᠤᠯᠢ ᠶᠢᠨ ᠬᠤᠭᠤᠯᠠ ᠤᠮᠳᠠ ᠮᠠᠭᠤ ᠠᠴᠠ ᠪᠤᠯᠵᠤ ᠬᠤᠷᠤᠭᠤ ᠬᠢᠮᠤᠰᠤ ᠬᠦᠳᠡᠯᠭᠡᠨ᠂ ᠲᠠᠬᠢᠶ᠎ᠠ ᠨᠣᠬᠠᠢ ᠬᠤᠯᠠᠭᠠᠶᠢᠯᠠᠭᠰᠠᠨ ᠪᠠᠶᠢᠪᠠ᠃ ᠡᠨᠡ ᠬᠦ ᠰᠢᠷᠢᠰ ᠬᠡᠷᠡᠭ ᠢ ᠳᠡᠩᠨᠡᠨ ᠢᠯᠡᠷᠡᠭᠦᠯᠦᠭᠰᠡᠨ ᠤ ᠳᠠᠷᠠᠭ᠎ᠠ᠂ ᠡᠳᠡᠭᠡᠷ ᠰᠤᠷᠤᠭᠴᠢᠳ ᠢ ᠰᠤᠷᠭᠠᠨ ᠬᠥᠮᠦᠵᠢᠭᠦᠯᠦᠭᠰᠡᠨ ᠢᠶᠠᠷ ᠪᠠᠷᠠᠬᠤ ᠦᠭᠡᠶ᠂ ᠲᠤᠬᠠᠶ ᠶᠢᠨ ᠭᠠᠵᠠᠷ ᠤᠨ ᠳᠠᠬᠢᠶ᠎ᠠ ᠨᠣᠬᠠᠶ ᠬᠤᠯᠠᠭᠠᠶᠢᠯᠠᠬᠤ ᠮᠡᠲᠦ ᠶᠢᠨ ᠬᠤᠯᠠᠭᠠᠶᠢᠴᠢ ᠶᠢᠨ ᠬᠡᠷᠡᠭ ᠢ ᠴᠦ ᠶᠡᠭᠡ ᠪᠠᠷ ᠪᠠᠭᠠᠰᠬᠠᠪᠠ᠃
        微信图片_20221116104258.jpg   
             ᠴᠠᠭᠳᠠᠭᠠᠨ ᠤ ᠠᠵᠢᠯ ᠳᠤ 35 ᠵᠢᠯ ᠠᠵᠢᠯᠯᠠᠭᠰᠠᠨ ᠡᠮᠦᠨ᠎ᠡ 20 ᠵᠢᠯ ᠳᠤ ᠭᠠᠯᠪᠠᠭᠠᠲᠤᠷ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠤ ᠤᠯᠤᠰ ᠲᠥᠷᠥ ᠶᠢᠨ ᠬᠠᠮᠠᠭᠠᠯᠠᠯᠲᠠ ᠶᠢᠨ ᠠᠵᠢᠯ ᠬᠢᠭᠰᠡᠭᠡᠷ ᠢᠷᠡᠵᠡᠶ᠃ ᠲᠡᠭᠦᠨ ᠤ ᠦᠵᠡᠬᠦ ᠪᠠᠷ ᠳᠣᠲᠣᠭᠠᠳᠤ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ ᠡᠷᠬᠡᠪᠰᠢ ᠪᠦᠷᠢᠨ ᠲᠡᠭᠦᠯᠳᠡᠷ ᠬᠠᠤᠯᠢ ᠴᠠᠭᠠᠵᠠ ᠶᠢᠨ ᠮᠡᠳᠡᠯᠭᠡ ᠶᠢᠨ ᠨᠥᠭᠡᠴᠡ ᠪᠠᠶᠢᠬᠤ ᠬᠡᠷᠡᠭᠲᠡᠢ᠃ ᠡᠶᠢᠮᠦ ᠠᠴᠠ᠂ ᠲᠡᠷᠡ ᠠᠵᠢᠯ ᠤᠨ ᠴᠢᠯᠥᠭᠡᠨ ᠤ ᠴᠠᠭ ᠢᠶᠠᠨ ᠪᠦᠬᠦᠨ ᠢ ᠬᠠᠤᠯᠢ ᠴᠠᠭᠠᠵᠠ ᠶᠢᠨ ᠮᠡᠳᠡᠯᠭᠡ ᠰᠤᠷᠬᠤ ᠳᠡᠭᠡᠷ᠎ᠡ ᠬᠡᠷᠡᠭᠯᠡᠵᠦ᠂ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠬᠠᠯᠠᠰᠢᠷᠠᠯ ᠦᠭᠡᠢ ᠰᠤᠳᠤᠯᠪᠠ᠃ ᠬᠡᠳᠦᠨ ᠵᠢᠯ ᠢ ᠨᠢᠭᠡ ᠯᠡ ᠡᠳᠦᠷ ᠮᠡᠲᠦ ᠪᠠᠷ ᠰᠤᠷᠤᠯᠴᠠᠬᠤ ᠪᠠᠷ ᠳᠠᠮᠵᠢᠨ᠂ 1995 ᠣᠨ ᠳᠤ᠂ ᠲᠡᠷᠡ ᠪᠦᠬᠦ ᠤᠯᠤᠰ ᠤᠨ ᠬᠠᠤᠯᠢᠴᠢ ᠶᠢᠨ ᠬᠢᠷᠢ ᠬᠡᠮ ᠤᠨ ᠦᠨᠡᠮᠯᠡᠯ ᠢ ᠤᠷᠤᠭᠰᠢᠲᠠᠢ ᠰᠢᠯᠭᠠᠨ ᠣᠯᠵᠤ᠂ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯ ᠤᠨ ᠪᠠᠶᠢᠷᠢ ᠳᠡᠭᠡᠷ᠎ᠡ ᠪᠠᠨ ᠪᠦᠬᠦ ᠤᠯᠤᠰ ᠤᠨ ᠬᠠᠤᠯᠢᠴᠢ ᠶᠢᠨ ᠦᠨᠡᠮᠯᠡᠯ A ᠦᠨᠡᠮᠯᠡᠯ ᠳᠤ ᠰᠢᠯᠭᠠᠨ ᠣᠯᠣᠭᠰᠠᠨ ᠲᠤᠭ᠎ᠠ ᠲᠠᠢ ᠬᠡᠳᠦᠬᠡᠨ ᠬᠥᠮᠦᠨ ᠤ ᠨᠢᠭᠡ ᠪᠣᠯᠪᠠ᠃     ᠭᠠᠯᠪᠠᠭᠠᠲᠤᠷ ᠨᠣᠮ ᠤᠩᠰᠢᠬᠤ᠂ ᠰᠣᠨᠢᠨ ᠦᠵᠡᠬᠦ᠂ ᠵᠣᠬᠢᠶᠠᠯ ᠪᠢᠴᠢᠬᠦ ᠳᠤᠷᠠᠲᠠᠶ᠂ ᠢᠯᠠᠩᠭᠤᠶ᠎ᠠ ᠰᠣᠨᠢᠨ ᠮᠡᠳᠡᠭᠡ ᠰᠤᠷᠪᠤᠯᠵᠢᠯᠠᠬᠤ ᠠᠵᠢᠯ ᠳᠤ ᠳᠤᠷᠠᠲᠠᠶ᠂ ᠥᠪᠡᠷ ᠤᠨ ᠵᠣᠬᠢᠶᠠᠨ ᠪᠢᠴᠢᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ᠂ ᠵᠢᠯ ᠪᠦᠷᠢ 2500 ᠭᠠᠷᠤᠶ ᠲᠥᠭᠦᠷᠢᠭ ᠵᠠᠷᠤᠴᠠᠭᠤᠯᠵᠤ᠂ ︽ᠠᠯᠠᠱᠠ ᠡᠳᠦᠷ ᠤᠨ ᠰᠣᠨᠢᠨ︾ ᠤ ᠮᠣᠩᠭᠤᠯ ᠬᠢᠲᠠᠳ ᠰᠣᠨᠢᠨ᠂ ︽ᠥᠪᠥᠷ ᠮᠣᠩᠭᠤᠯ ᠤᠨ ᠡᠳᠦᠷ ᠤᠨ ᠰᠣᠨᠢᠨ︾ ᠤ ᠮᠣᠩᠭᠤᠯ ᠬᠢᠲᠠᠳ ᠰᠣᠨᠢᠨ᠂ ︽ᠬᠠᠤᠯᠢ ᠲᠦᠷᠢᠮ ᠤᠨ ᠡᠳᠦᠷ ᠤᠨ ᠰᠣᠨᠢᠨ︾᠂ ︽ᠥᠪᠥᠷ ᠮᠣᠩᠭᠤᠯ ᠤᠨ ᠵᠠᠮ ᠬᠠᠷᠢᠯᠴᠠᠭᠠᠨ ᠤ ᠰᠣᠨᠢᠨ︾᠂ ︽ᠳᠤᠮᠳᠠᠳᠤ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠣᠨᠢᠨ︾ ᠵᠡᠷᠭᠡ ᠰᠣᠨᠢᠨ ᠰᠡᠳᠬᠦᠯ ᠢ ᠥᠪᠡᠷ ᠤᠨ ᠵᠠᠷᠤᠳᠠᠯ ᠢᠶᠠᠷ ᠢᠶᠠᠨ ᠵᠠᠬᠢᠶᠠᠯᠠᠳᠠᠭ᠃ ᠡᠨᠡ ᠬᠤᠭᠤᠴᠠᠭᠠᠨ ᠳᠤ᠂ ᠲᠡᠷᠡ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠠᠵᠢᠯ ᠤᠨ ᠬᠠᠯᠠᠭᠤᠨ ᠰᠡᠳᠬᠢᠯᠭᠡ ᠪᠠᠷ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠳᠤ ᠠᠩᠬᠠᠷᠤᠯ ᠢᠶᠠᠨ ᠬᠠᠨᠳᠤᠭᠤᠯᠵᠤ᠂ ᠶᠠᠳᠠᠷᠠᠯ ᠵᠦᠳᠡᠷᠡᠯ ᠢ ᠬᠠᠶᠢᠬᠤᠷᠤᠯ ᠦᠭᠡᠢ ᠪᠠᠷ ᠠᠵᠢᠯ ᠤᠨ ᠴᠢᠯᠥᠭᠡ ᠪᠠᠷ ᠢᠶᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠰᠤᠷᠪᠤᠯᠵᠢᠯᠠᠪᠠ᠃ ᠡᠬᠡ ᠪᠢᠴᠢᠭ ᠢ ᠴᠠᠭ ᠲᠤᠬᠠᠶ ᠳᠤ ᠨᠢ ᠨᠡᠶᠢᠲᠡᠯᠡᠬᠦ ᠶᠢᠨ ᠲᠥᠯᠥᠭᠡ᠂ ᠲᠡᠷᠡ ᠦᠷᠭᠦᠯᠵᠢ ᠰᠥᠨᠢ ᠶᠢᠨ ᠨᠢᠭᠡ ᠬᠤᠶᠠᠷ ᠴᠠᠭ ᠪᠣᠯᠲᠠᠯ᠎ᠠ ᠡᠬᠡ ᠪᠢᠴᠢᠭ ᠪᠢᠴᠢᠵᠦ᠂ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ ᠳᠠᠪᠠᠭᠤᠯᠢᠭ ᠢᠶᠠᠨ ᠪᠠᠳᠠᠷᠠᠭᠤᠯᠵᠤ᠂ ᠰᠤᠷᠪᠤᠯᠵᠢᠯᠠᠵᠤ ᠪᠢᠴᠢᠭᠰᠡᠨ ᠡᠬᠡ ᠪᠢᠴᠢᠭ ᠪᠣᠯᠭᠠᠨ ᠢᠶᠠᠨ ᠮᠣᠩᠭᠤᠯ ᠬᠡᠯᠡᠨ ᠳᠤ ᠣᠷᠴᠢᠭᠤᠯᠳᠠᠭ᠃ ᠲᠡᠭᠦᠨ ᠤ ᠰᠤᠷᠪᠤᠯᠵᠢᠯᠠᠨ ᠪᠢᠴᠢᠭᠰᠡᠨ ᠳᠣᠲᠣᠭᠠᠳᠤ ᠶᠢ ᠬᠠᠮᠠᠭᠠᠯᠠᠬᠤ ᠠᠵᠢᠯ ᠪᠠ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠶᠢᠨ ᠠᠮᠢᠳᠤᠷᠠᠯ ᠢ ᠲᠤᠰᠬᠠᠭᠰᠠᠨ ᠮᠡᠳᠡᠭᠡᠯᠡᠯ ᠨᠢ ᠠᠷᠠᠳ ᠤᠨ ᠴᠠᠭᠳᠠᠭ᠎ᠠ ᠶᠢᠨ ᠬᠠᠷᠠᠮ ᠥᠬᠡᠶ ᠵᠣᠷᠢᠭᠤᠯᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠦᠨᠡᠨ ᠪᠣᠳᠠᠲᠠᠶ ᠪᠠᠷ ᠳᠠᠬᠢᠨ ᠢᠯᠡᠷᠡᠭᠦᠯᠪᠡ᠃ ᠮᠠᠰᠢ ᠤᠯᠠᠨ ᠡᠭᠡ ᠪᠢᠴᠢᠭ ᠨᠢ ᠠᠯᠠᠱᠠ ᠶᠢᠨ ᠡᠳᠦᠷ ᠤᠨ ᠰᠣᠨᠢᠨ ᠤ ᠮᠣᠩᠭᠤᠯ ᠬᠢᠲᠠᠳ ᠬᠡᠪᠯᠡᠯ᠂ ᠠᠯᠠᠱᠠ ᠶᠢᠨ ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ ᠤᠨ ᠡᠳᠦᠷ ᠤᠨ ᠰᠣᠨᠢᠨ ᠤ ᠮᠣᠩᠭᠤᠯ ᠬᠢᠲᠠᠳ ᠬᠡᠪᠯᠡᠯ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠪᠣᠯᠤᠨ ᠥᠪᠥᠷ ᠮᠣᠩᠭᠤᠯ ᠤᠨ ᠬᠠᠤᠯᠢ ᠲᠦᠷᠢᠮ ᠤᠨ ᠰᠣᠨᠢᠨ ᠮᠡᠳᠡᠭᠡᠨ ᠳᠤ ᠨᠡᠶᠢᠳᠡᠯᠡᠭᠳᠡᠵᠦ᠂ ᠮᠠᠰᠢ ᠰᠠᠶᠢᠨ ᠤᠬᠠᠭᠤᠯᠭ᠎ᠠ ᠶᠢᠨ ᠦᠷ᠎ᠡ ᠪᠦᠲᠦᠮᠵᠢ ᠣᠯᠵᠤ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠣᠯᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠥᠬᠢᠭᠦᠯᠦᠯ ᠰᠠᠶᠢᠰᠢᠶᠠᠯ ᠢ ᠣᠯᠠᠨᠲᠠ ᠬᠦᠷᠳᠡᠭᠰᠡᠨ ᠪᠠᠶᠢᠨ᠎ᠠ᠃ ᠭᠠᠯᠪᠠᠭᠠᠲᠤᠷ ᠥᠪᠡᠷ ᠤᠨ ᠠᠵᠢᠯ ᠦᠢᠯᠡᠰ ᠢᠶᠠᠨ ᠳᠡᠭᠡᠳᠦᠯᠡᠵᠦ᠂ ᠦᠵᠦᠭ ᠪᠢᠷ ᠢᠶᠠᠷ ᠢᠶᠠᠨ ᠴᠥᠬᠦᠷᠡᠰᠢ ᠥᠬᠡᠶ ᠴᠢᠷᠮᠠᠶᠢᠨ᠂ ᠬᠥᠮᠦᠨ ᠤ ᠠᠮᠢᠳᠤᠷᠠᠯ ᠤᠨ ᠦᠨ᠎ᠡ ᠥᠷᠲᠡᠭ ᠪᠣᠯ ᠲᠡᠮᠡᠴᠡᠯ ᠪᠠ ᠬᠤᠪᠢ ᠨᠡᠮᠡᠷᠢ ᠦᠵᠡᠭᠦᠯᠬᠦ ᠳᠤ ᠪᠠᠶᠢᠳᠠᠭ ᠭᠡᠬᠦ ᠰᠡᠴᠡᠨ ᠦᠭᠡ ᠶᠢ ᠡᠷᠡᠰ ᠰᠢᠭᠤᠷᠬᠠᠶ ᠪᠠᠷ ᠭᠦᠢᠴᠡᠳᠭᠡᠵᠦ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠹᠷᠣᠨᠲ ᠳᠡᠭᠡᠷ᠎ᠡ ᠲᠡᠮᠡᠴᠡᠯ ᠪᠠ ᠬᠤᠪᠢ ᠨᠡᠮᠡᠷᠢ ᠦᠵᠡᠭᠦᠯᠬᠦ ᠳᠠᠭᠤᠤ ᠶᠢ ᠪᠢᠴᠢᠭᠯᠡᠭᠰᠡᠨ ᠪᠠᠶᠢᠨ᠎ᠠ᠃      ᠴᠤᠭ ᠵᠢᠪᠬᠤᠭ᠎ᠠ ᠪᠠᠳᠠᠷᠠᠩᠭᠤᠢ ᠪᠠᠶᠢᠭᠰᠠᠨ ᠠᠴᠠ ᠪᠠᠨ ᠬᠤᠶᠠᠷ ᠰᠠᠨᠴᠢᠭ ᠨᠢ ᠴᠠᠭᠠᠨ ᠪᠤᠭᠤᠷᠣᠯ ᠪᠤᠯᠵᠤ᠂ ᠨᠠᠰᠤ ᠵᠢᠯ ᠬᠡᠳᠦ᠋ᠢᠪᠡᠷ ᠵᠢᠷᠠ ᠰᠢᠬᠠᠭᠰᠠᠨ ᠪᠣᠯᠪᠠᠴᠤ ᠤᠭ ᠰᠠᠨᠠᠭ᠎ᠠ ᠪᠠᠨ ᠥᠯᠦ ᠮᠠᠷᠲᠠᠨ ᠥᠪᠡᠷ ᠤᠨ ᠡᠭᠦᠷᠭᠡ ᠬᠠᠷᠢᠭᠤᠴᠠᠯᠭ᠎ᠠ ᠭᠦᠢᠴᠡᠳᠭᠡᠭᠰᠡᠭᠡᠷ᠃ ᠬᠡᠳᠦ᠋ᠢᠪᠡᠷ ᠭᠤᠷᠪᠠᠨ ᠵᠢᠯ ᠤᠨ ᠳᠠᠷᠠᠭ᠎ᠠ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠬᠦ ᠪᠣᠯᠪᠠᠴᠤ ᠲᠡᠷᠡ ᠮᠥᠨ ᠯᠡ ᠣᠷᠭᠢᠯᠤᠮ᠎ᠠ ᠬᠠᠯᠠᠭᠤᠨ ᠰᠡᠳᠬᠢᠯᠭᠡ ᠪᠠᠷ ᠳᠣᠲᠣᠭᠠᠳᠤ ᠶᠢ ᠬᠠᠮᠠᠭᠠᠯᠠᠬᠤ ᠡᠮᠦᠨ᠎ᠡ ᠹᠷᠣᠨᠲ ᠲᠤ ᠡᠷᠡᠯᠬᠡᠭᠯᠡᠨ ᠳᠡᠮᠡᠴᠡᠨ᠎ᠡ᠃ ᠲᠡᠷᠡ᠂ ᠪᠢ ᠥᠪᠡᠷ ᠤᠨ ᠴᠠᠭᠳᠠᠭ᠎ᠠ ᠪᠠᠶᠢᠬᠤ ᠳᠤ ᠪᠠᠨ ᠠᠮᠠᠯᠳᠠᠭᠰᠠᠨ ᠲᠠᠩᠭᠠᠷᠢᠭ ᠢᠶᠠᠨ ᠮᠠᠷᠲᠠᠵᠤ ᠪᠣᠯᠬᠤ ᠦᠭᠡᠢ᠂ ᠪᠢ ᠤᠭ ᠰᠠᠨᠠᠭ᠎ᠠ ᠪᠠᠨ ᠪᠠᠲᠤ ᠰᠠᠬᠢᠵᠤ᠂ ᠵᠠᠯᠠᠭᠤ ᠨᠥᠬᠦᠳ ᠲᠤ ᠦᠯᠢᠭᠡᠷ ᠳᠠᠭᠤᠷᠢᠶᠠᠯ ᠪᠣᠯᠵᠤ᠂ ᠥᠪᠡᠷ ᠤᠨ ᠴᠠᠭᠳᠠᠭ᠎ᠠ ᠶᠢᠨ ᠠᠵᠢᠯ ᠳᠠᠬᠢ ᠬᠠᠮᠤᠭ ᠰᠡᠭᠦᠯᠴᠢ ᠶᠢᠨ ᠨᠢᠭᠡ ᠡᠭᠡᠯᠵᠢ ᠶᠢᠨ ᠪᠠᠶᠢᠷᠢᠨ ᠳᠤ ᠪᠠᠨ ᠴᠢᠷᠮᠠᠶᠢᠨ ᠠᠵᠢᠯᠯᠠᠨ᠎ᠠ ᠭᠡᠵᠦ ᠬᠡᠯᠡᠪᠡ᠃      
        ᠢᠷᠡᠯᠲᠡ᠄ ᠠᠯᠠᠱᠠ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠤᠪᠴᠢᠶ᠎ᠠ