ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ ᠤᠨ ᠵᠠᠮ ᠬᠠᠷᠢᠯᠴᠠᠭᠠᠨ ᠤ ᠠᠮᠤᠷ | ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠢᠭᠤᠯᠤᠨ ᠥᠷᠨᠢᠭᠦᠯᠵᠦ᠂ ᠬᠤᠷᠴᠢᠨ ᠪᠠᠷᠠᠭᠤᠨ ᠭᠠᠷᠤᠨ ᠲᠤᠮᠲᠠᠲᠤ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠪᠠᠢᠷᠢᠯᠠᠭᠤᠯᠤᠯᠲᠠ ᠶᠣᠰᠣᠭᠠᠷ᠂ ᠤᠷᠴᠢᠮ ᠤᠨ ᠡᠳᠦᠷ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠠᠷᠠᠳ ᠤᠨ | ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠵᠣᠬᠢᠶᠠᠨ ᠪᠠᠢᠭᠤᠯᠤᠯᠲᠠ ᠶᠢᠨ ︽ᠭᠡᠷᠡᠯᠲᠦ ᠭᠤᠸᠠᠢ︾ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ | ᠠᠩᠭᠢ ᠪᠠᠶᠠᠨᠬᠤᠰᠢᠭᠤ ᠪᠠᠯᠭᠠᠰᠤᠨ ᠤ ᠬᠤᠲᠠᠴᠢᠯᠠᠭᠰᠠᠨ ᠭᠠᠴᠠᠭ᠎ᠠ ᠪᠠ ᠲᠤᠰ ᠭᠠᠴᠠᠭᠠᠨ ᠤ ᠠᠭᠤᠳᠠᠮ ᠲᠠᠯᠠᠪᠠᠢ ᠶᠢᠨ ᠪᠥᠵᠢᠭ ᠤᠨ ᠠᠩᠭᠢ ᠳᠤ ᠭᠦᠨᠵᠡᠭᠡᠶᠢᠷᠡᠨ | ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | ︽ᠬᠥᠳᠡᠭᠡ ᠲᠣᠰᠬᠤᠨ ᠤ ᠬᠦᠰᠡᠯ ᠮᠥᠷᠥᠭᠡᠳᠦᠯ ᠢᠶᠠᠨ ᠪᠡᠶᠡᠯᠡᠭᠦᠯᠬᠦ ᠪᠦᠵᠢᠭ ᠤᠨ ᠲᠠᠪᠴᠠᠩ︾ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠷᠠᠨ | ᠰᠠᠶᠢᠬᠠᠨ ᠤ ᠬᠠᠮᠲᠤᠷᠠᠭᠰᠠᠨ ᠲᠣᠭᠯᠠᠯᠲᠠ ᠭᠠᠷᠭᠠᠵᠠᠢ᠃ ᠬᠤᠲᠠᠴᠢᠯᠠᠭᠰᠠᠨ ᠭᠠᠴᠠᠭᠠᠨ ᠤ 100 ᠭᠠᠷᠤᠢ ᠬᠦᠮᠦᠨ ᠤᠬᠠᠭᠤᠯᠭ᠎ᠠ ᠶᠢᠨ ᠫᠷᠤᠭ᠍ᠷᠠᠮ ᠢ ᠰᠣᠨᠢᠷᠬᠠᠪᠠ᠃ | ᠭᠠᠴᠠᠭᠠᠨ ᠤ ᠲᠠᠯᠠᠪᠠᠢ ᠶᠢᠨ ᠪᠥᠵᠢᠭ ᠤᠨ ᠠᠩᠭᠢ ᠶᠢᠨ ᠬᠢᠨ᠄ ︽ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠢᠵᠤ ᠴᠢᠳᠠᠬᠤ ᠦᠭᠡᠢ︾ ᠭᠡᠬᠦ | ᠨᠠᠢᠷᠠᠯ ᠳᠠᠭᠤᠤ ᠪᠠᠷ ᠬᠥᠰᠢᠭᠡ ᠪᠠᠨ ᠰᠡᠬᠦᠪᠡ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ | ᠤᠬᠠᠭᠤᠯᠭ᠎ᠠ ᠶᠢᠨ ᠬᠤᠯᠪᠤᠭ᠎ᠠ᠄ ︽ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠶ᠎ᠡ︾᠂ ︽ᠣᠪᠤᠭᠠᠨ ᠲᠡᠭᠡᠷᠡᠬᠢ ᠠᠭᠤᠯᠵᠠᠯᠲᠠ ᠪᠠᠷ ᠠᠷᠢᠬᠢ | ᠤᠤᠭᠤᠬᠤ ᠶᠢ ᠴᠡᠭᠡᠷᠯᠡᠬᠦ ᠶᠢ ᠰᠠᠨᠠᠭᠤᠯᠤᠭᠰᠠᠨ︾᠂ ︽ᠠᠮᠤᠷ ᠲᠦᠪᠰᠢᠨ ᠢᠶᠠᠷ ᠶᠠᠪᠤᠵᠤ ᠰᠠᠭᠤᠬᠤ ᠪᠣᠯ ᠳᠠᠷᠤᠢ ᠪᠤᠶᠠᠨ︾ ᠵᠡᠷᠭᠡ ᠤᠬᠠᠭᠤᠯᠭ᠎ᠠ ᠶᠢᠨ ᠫᠷᠤᠭ᠍ᠷᠠᠮ | ᠭᠤᠶᠢᠲᠠ ᠰᠠᠶᠢᠬᠠᠨ ᠶᠠᠪᠤᠭᠳᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠲᠠ ᠶᠢ ᠣᠯᠵᠠᠢ᠃ | | | | ᠡᠨᠡ ᠬᠤᠭᠤᠴᠠᠭᠠᠨ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠤᠬᠠᠭᠤᠯᠤᠭᠴᠢ ᠠᠴᠠ ᠣᠯᠠᠨ ᠲᠦᠮᠡᠨ ᠳᠤ ᠠᠮᠤᠷ ᠲᠦᠪᠰᠢᠨ ᠤ | ᠶᠡᠷᠦ ᠶᠢᠨ ᠮᠡᠳᠡᠯᠭᠡ ᠶᠢ ᠤᠩᠰᠢᠬᠤ ᠶᠢᠨ ᠬᠠᠮᠲᠤ ᠵᠠᠷᠯᠠᠯ ᠨᠠᠭᠠᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠥᠷᠭᠡᠨ ᠣᠯᠠᠨ ᠦᠵᠡᠭᠴᠢᠳ ᠤᠨ ᠵᠠᠮ | ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠢ ᠳᠡᠭᠡᠭᠰᠢᠯᠡᠭᠦᠯᠪᠡ᠃ | | |