内蒙古自治区公安厅蒙古文网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠷᠢᠨ ᠳᠥᠷᠪᠡᠨ ᠴᠠᠭ ᠤᠨ ︽ᠦᠢᠯᠡᠴᠢᠯᠡᠭᠡᠨ ᠤ ᠴᠤᠩᠬᠤᠪᠴᠢ︾ ᠨᠢ ᠣᠯᠠᠨ ᠲᠦᠮᠡᠨ ᠳᠤ ᠨᠠᠩ ᠲᠥᠬᠦᠮ ᠦᠢᠯᠡᠴᠢᠯᠡᠭᠡ ᠬᠠᠩᠭᠠᠪᠠ
        ᠨᠡᠶᠢᠲᠡᠯᠡᠭᠰᠡᠨ ᠴᠠᠭ᠄
        2022/12/20
              ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ ᠣᠯᠠᠨ ᠲᠦᠮᠡᠨ ᠤ ᠪᠣᠳᠠᠲᠠᠶ ᠬᠡᠷᠡᠭᠴᠡᠭᠡ ᠳᠤ ᠰᠠᠭᠤᠷᠢᠯᠠᠨ᠂ ᠬᠦᠴᠦᠨ ᠢᠶᠠᠨ ᠲᠥᠪᠯᠡᠷᠡᠭᠦᠯᠦᠨ ᠪᠥᠬᠦ ᠡᠳᠦᠷ᠂ ᠪᠥᠬᠦ ᠶᠠᠪᠤᠴᠠ᠂ ᠪᠦᠬᠦᠨ ᠢ ᠬᠠᠮᠤᠷᠤᠭᠰᠠᠨ 24 ᠴᠠᠭ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠠᠷᠠᠳ ᠣᠯᠠᠨ ᠤ ᠣᠯᠤᠯᠲᠠ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠲᠠᠶᠢᠪᠤᠩᠲᠤ ᠲᠥᠷᠥᠭᠳᠡᠯ ᠢ ᠬᠦᠴᠦᠯᠡᠨ ᠳᠡᠭᠡᠭᠰᠢᠯᠡᠭᠦᠯᠪᠡ᠃ 
        2青山区公安分局二十四小时“服务店” 让群众更方便.jpg
             ᠪᠦᠬᠦᠯᠢ ᠡᠳᠦᠷ ᠤᠨ ᠦᠢᠯᠡᠴᠢᠯᠡᠭᠡᠨ ᠤ ︽ᠴᠤᠩᠬᠤᠪᠴᠢ︾ ᠶᠢ ᠪᠤᠢ ᠪᠣᠯᠭᠠᠪᠠ᠃ ︽ᠣᠳᠣ ᠦᠨᠡᠮᠯᠡᠯ ᠭᠦᠢᠴᠡᠳᠭᠡᠬᠦ ᠳᠤ ᠳᠥᠭᠦᠮ ᠪᠤᠯᠪᠠ︕ ᠴᠢᠩᠱᠠᠨ ᠲᠣᠭᠤᠷᠢᠭ ᠲᠤ ᠰᠠᠭᠤᠭ᠎ᠠ ᠸᠠᠩ ᠠᠪᠤᠭᠠᠢ ᠬᠡᠦᠬᠡᠳ ᠢᠶᠠᠨ ᠠᠪᠴᠤ ᠪᠡᠶ᠎ᠡ ᠶᠢᠨ ᠦᠨᠡᠮᠯᠡᠯ ᠢᠶᠠᠨ ᠭᠦᠢᠴᠡᠳᠭᠡᠭᠰᠡᠨ ᠤ ᠳᠠᠷᠠᠭ᠎ᠠ ᠰᠡᠳᠭᠢᠯ ᠳᠣᠭᠲᠤᠯᠤᠨ ᠬᠡᠯᠡᠪᠡ᠃ ᠤᠯᠤᠰ ᠤᠨ ᠪᠠᠶᠠᠷ ᠤᠨ ᠠᠮᠠᠷᠠᠯᠲᠠ ᠳᠤ᠂ ᠸᠠᠩ ᠭᠤᠸᠠᠢ ᠶᠢᠨ ᠨᠢᠭᠡ ᠭᠡᠷ ᠢᠶᠠᠷ ᠢᠶᠠᠨ ᠵᠢᠭᠤᠯᠴᠢᠯᠠᠬᠤ ᠪᠠᠷ ᠪᠡᠯᠡᠳᠭᠡᠪᠡ᠃ ᠬᠡᠦᠬᠡᠳ ᠨᠢ ᠪᠡᠶ᠎ᠡ ᠶᠢᠨ ᠦᠨᠡᠮᠯᠡᠯ ᠪᠠᠶᠢᠬᠤ ᠦᠭᠡᠢ ᠨᠢ ᠵᠤᠭᠠᠴᠠᠨ ᠲᠤᠭᠤᠷᠢᠬᠤ ᠳᠤ ᠨᠢ ᠬᠠᠷᠰᠢ ᠰᠠᠭᠠᠳ ᠪᠣᠯᠪᠠ᠃ ᠲᠣᠮᠢᠯᠠᠭᠰᠠᠨ ᠰᠠᠯᠪᠤᠷᠢ ᠶᠢᠨ ᠡᠷᠦᠬᠡ ᠠᠮᠠ ᠶᠢᠨ ᠳᠠᠩᠰᠠᠨ ᠤ ᠲᠤᠬᠠᠶᠢᠯᠠᠭᠰᠠᠨ ᠠᠵᠢᠯ ᠬᠡᠪ ᠢᠶᠠᠷ ᠶᠠᠪᠤᠭᠳᠠᠵᠤ ᠪᠠᠶᠢᠭ᠎ᠠ ᠭᠡᠳᠡᠭ ᠢ ᠸᠠᠩ ᠭᠤᠸᠠᠢ ᠰᠤᠨᠤᠰᠤᠭᠠᠳ ᠲᠤᠷᠰᠢᠨ ᠦᠵᠡᠬᠦ ᠪᠠᠷ ᠢᠷᠡᠭᠰᠡᠨ ᠳᠤ᠂ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠸᠠᠩ ᠠᠪᠤᠭᠠᠢ ᠶᠢᠨ ᠬᠦᠰᠡᠯ ᠱᠠᠭᠠᠷᠳᠠᠯᠭ᠎ᠠ ᠶᠢ ᠲᠡᠷᠡ ᠳᠠᠷᠤᠢ ᠳᠤ ᠨᠢ ᠬᠠᠩᠭᠠᠵᠤ ᠬᠡᠦᠬᠡᠳ ᠤᠨ ᠪᠡᠶ᠎ᠡ ᠶᠢᠨ ᠦᠨᠡᠮᠯᠡᠯ ᠢ ᠰᠢᠢᠳᠪᠦᠷᠢᠯᠡᠵᠦ ᠦᠭᠪᠡ᠃ 
        1青山区公安分局二十四小时“服务店” 让群众更方便.jpg
             ᠣᠯᠠᠨ ᠲᠦᠮᠡᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ︽ᠨᠢᠭᠡ ᠥᠷᠲᠡᠭᠡ ᠮᠠᠶ᠋ᠢᠭ︾ ᠤᠨ ᠲᠣᠮᠢᠯᠠᠭᠰᠠᠨ ᠰᠠᠯᠪᠤᠷᠢ ᠶᠢᠨ ᠤᠶᠢᠯᠡᠴᠢᠯᠡᠭᠡᠨ ᠤ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠲᠣᠮᠢᠯᠠᠭᠰᠠᠨ ᠰᠠᠯᠪᠤᠷᠢ ᠶᠢᠨ ᠵᠥᠭᠡᠯᠡᠨ ᠬᠠᠲᠠᠭᠤ ᠲᠣᠨᠤᠭ ᠲᠤ ᠥᠭᠡᠷᠡᠴᠢᠯᠡᠯᠲᠡ ᠬᠢᠬᠦ ᠪᠠ ᠠᠵᠢᠯᠲᠠᠨ ᠤ ᠪᠣᠯᠪᠠᠰᠤᠷᠠᠯ ᠬᠢᠬᠦ ᠪᠠᠷ ᠳᠠᠮᠵᠢᠭᠤᠯᠤᠨ᠂ ᠠᠷᠠᠳ ᠲᠦᠮᠡᠨ ᠤ ᠲᠡᠷᠭᠡᠳᠡ ᠳᠣᠲᠣᠭᠠᠳᠤ ᠶᠢ ᠬᠠᠮᠠᠭᠠᠯᠠᠬᠤ ᠦᠨᠡᠮᠯᠡᠯ ᠭᠦᠢᠴᠡᠳᠭᠡᠬᠦ ᠴᠢᠳᠠᠪᠤᠷᠢ ᠲᠠᠢ ᠪᠣᠯᠭᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠬᠡᠷ ᠤᠨ ᠡᠭᠦᠳᠡᠨ ᠳᠠᠬᠢ ᠦᠨᠡᠮᠯᠡᠯ ᠣᠯᠭᠤᠬᠤ ︽ᠲᠥᠬᠦᠮ ᠦᠢᠯᠡᠴᠢᠯᠡᠭᠡ︾ ᠶᠢ ᠬᠠᠩᠭᠠᠵᠤ ᠥᠭᠪᠡ᠃     ︽ᠣᠶᠢᠯᠡᠴᠢᠯᠡᠭᠡᠨ ᠤ ᠶᠠᠪᠤᠴᠠ ᠳᠤ᠂ ᠡᠯ᠎ᠡ ᠴᠣᠩᠬᠤᠪᠴᠢ ᠪᠠᠷ ᠨᠢᠭᠡ ᠯᠡ ᠤᠳᠠᠭ᠎ᠠ ᠳᠤ ᠮᠡᠳᠡᠭᠳᠡᠬᠦ ᠲᠦᠷᠢᠮ ᠢ ᠨᠠᠶᠢᠳᠠᠪᠤᠷᠢᠵᠢᠭᠤᠯᠵᠤ᠂ ᠬᠥᠲᠥᠯᠥᠨ ᠵᠢᠯᠣᠭᠤᠳᠣᠭᠴᠢ ᠶᠢᠨ ᠬᠠᠪᠰᠤᠷᠤᠨ ᠭᠦᠢᠴᠡᠳᠭᠡᠬᠦ ᠣᠷᠣᠯᠠᠨ ᠬᠦᠢᠴᠡᠳᠭᠡᠬᠦ ᠶᠢ ᠬᠠᠩᠭᠠᠵᠤ᠂ ᠣᠯᠠᠨ ᠲᠦᠮᠡᠨ ᠤ ᠨᠢᠭᠡᠳᠦᠯᠲᠡᠶ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ︔ ︿ᠨᠢᠭᠡ ᠴᠣᠩᠬᠤᠪᠴᠢ ᠪᠠᠷ ᠭᠥᠯᠢᠶᠡᠨ ᠠᠪᠴᠤ ᠬᠦᠢᠴᠡᠳᠭᠡᠬᠦ᠂ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠪᠢᠴᠢᠭ ᠮᠠᠲ᠋ᠧᠷᠢᠶᠠᠯ ᠭᠠᠷᠭᠠᠬᠤ﹀ ᠣᠶᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠠᠵᠢᠯ ᠶᠠᠪᠤᠳᠠᠯ ᠬᠦᠢᠴᠡᠳᠬᠡᠬᠦ ᠭᠤᠭᠴᠤᠭ᠎ᠠ ᠶᠢ ᠪᠦᠲᠦᠮᠵᠢᠲᠡᠶ ᠪᠠᠭᠠᠰᠬᠠᠪᠠ︔ ᠬᠦᠷᠦᠯᠴᠡᠨ ᠢᠷᠡᠭᠰᠡᠨ ᠤᠯᠠᠨ ᠲᠦᠮᠡᠨ ᠳᠤ᠂ ᠪᠠᠰᠠ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠵᠢᠴᠢ ᠨᠠᠰᠤᠲᠠᠨ ᠤ ᠠᠰᠠᠷᠠᠮᠵᠢ ᠶᠢᠨ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠠᠷᠠᠳ ᠤᠯᠠᠨ ᠤ ᠣᠶᠢᠯᠠᠭᠠᠬᠤ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠪᠡ᠃     ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠦᠷᠭᠦᠯᠵᠢᠯᠡᠨ ︽ᠨᠢᠭᠡ ᠥᠷᠲᠡᠭᠡ ᠮᠠᠶ᠋ᠢᠭ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠷ ᠥᠯᠢᠭᠡᠷ ᠳᠠᠭᠤᠷᠢᠶᠠᠯ ᠪᠣᠯᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠵᠢᠷᠤᠮᠵᠢᠭᠤᠨ ᠦᠢᠯᠡᠴᠢᠯᠡᠭᠡ᠂ ᠥᠨᠳᠥᠷ ᠪᠦᠲᠦᠮᠵᠢᠲᠡᠶ ᠦᠢᠯᠡᠴᠢᠯᠡᠭᠡ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ ᠠᠷᠢᠭᠤᠨ ᠴᠢᠬᠡᠴᠢ ᠦᠢᠯᠡᠴᠢᠯᠡᠭᠡ ᠢ ᠦᠷᠭᠦᠯᠵᠢᠯᠡᠨ ᠪᠠᠶᠢᠭᠤᠯᠵᠤ᠂ ᠣᠯᠠᠨ ᠲᠦᠮᠡᠨ ᠤ ᠡᠭᠦᠳᠡᠨ ᠳᠤ ᠦᠢᠯᠡᠴᠢᠯᠡᠬᠦ ︽ᠴᠤᠩᠬᠤᠪᠴᠢ︾ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃
        ᠢᠷᠡᠯᠲᠡ᠄ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ