内蒙古自治区公安厅蒙古文网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ 122 ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
        ᠨᠡᠶᠢᠲᠡᠯᠡᠭᠰᠡᠨ ᠴᠠᠭ᠄
        2022/12/20
            ᠥᠨᠥᠳᠥᠷ ᠪᠣᠯ ᠠᠷᠪᠠᠨ ᠨᠢᠭᠡᠳᠦᠭᠡᠷ ︽ ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ ︾  ᠪᠣᠯᠣᠨ᠎ᠠ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠲᠥᠭᠡᠮᠡᠯᠵᠢᠭᠦᠯᠬᠦ᠂ ᠥᠷᠭᠡᠨ ᠣᠯᠠᠨ ᠵᠠᠮ ᠬᠠᠷᠢᠯᠴᠠᠭᠠᠨ ᠳᠤ ᠣᠷᠣᠯᠴᠠᠭᠰᠠᠳ ᠤᠨ ᠪᠣᠯᠪᠠᠰᠤᠨ ᠢᠶᠠᠷ ᠬᠠᠤᠯᠢ ᠶᠢ ᠰᠠᠬᠢᠵᠤ ᠭᠠᠳᠠᠭᠰᠢ ᠭᠠᠷᠬᠤ ᠶᠢ ᠰᠠᠨᠠᠭᠠᠴᠢᠯᠠᠬᠤ ᠶᠢᠨ ᠲᠥᠯᠥᠭᠡ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠢᠨ ᠭᠠᠵᠠᠷ ᠣᠷᠣᠨ ᠤ ᠪᠠᠶᠢᠳᠠᠯ ᠳᠤ ᠪᠠᠨ ᠬᠠᠨᠳᠤᠭᠤᠯᠤᠨ᠂ ᠴᠠᠭ ᠤᠨ ᠪᠠᠶᠢᠳᠠᠯ ᠳᠤ ᠨᠢ ᠲᠣᠬᠢᠷᠠᠭᠤᠯᠤᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡᠪᠡᠷ ᠶᠠᠪᠤᠭᠳᠠᠭᠤᠯᠵᠤ᠂ ᠬᠠᠷᠢᠶ᠎ᠠ ᠣᠷᠣᠨ ᠳᠤ ᠪᠠᠨ 122 ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ 
        微信图片_20221205102627.jpg
             ᠨᠢᠭᠡ ᠳᠤ᠂ ︽ᠲᠣᠮᠣ ᠳᠡᠯᠭᠡᠴᠡ ᠵᠢᠵᠢᠭ ᠳᠡᠯᠭᠡᠴᠡ︾ ᠶᠢ ᠭᠡᠷᠡᠯᠲᠦᠭᠦᠯᠪᠡ᠃ ᠪᠦᠬᠦ ᠠᠷᠠᠳ ᠢᠶᠠᠷ ᠢᠶᠠᠨ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠬᠤ᠂ ᠠᠮᠤᠷ ᠲᠦᠪᠰᠢᠨ ᠬᠠᠤᠯᠢ ᠴᠠᠭᠠᠵᠠ ᠶᠢ ᠰᠠᠬᠢᠵᠤ ᠪᠣᠯᠪᠠᠰᠤᠨ ᠢᠶᠠᠷ ᠶᠠᠪᠤᠵᠤ ᠰᠠᠭᠤᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠶᠢᠨ ᠲᠥᠯᠥᠭᠡ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠢᠨ ᠪᠦᠬᠦ ᠬᠤᠳᠠ ᠶᠢᠨ ᠬᠡᠪᠴᠢᠶᠡᠨ ᠳᠤ ︽ᠬᠥᠰᠢᠭᠡ ᠪᠠᠨ ᠳᠡᠯᠭᠡᠬᠦ ᠠᠵᠢᠯᠯᠠᠭ᠎ᠠ︾ ᠥᠷᠨᠢᠭᠦᠯᠵᠦ᠂ ᠠᠮᠤᠷ ᠠᠮᠤᠭᠤᠯᠠᠩ ᠦᠬᠠᠢ ᠶᠢ ᠭᠡᠷᠡᠯᠲᠦᠭᠦᠯᠪᠡ᠃ ︽ᠭᠠᠳᠠᠨᠠᠬᠢ ᠳᠡᠯᠭᠡᠴᠡ + ᠭᠠᠷ ᠤᠲᠠᠰᠤᠨ ᠤ ᠳᠡᠯᠭᠡᠴᠡ︾ ︽ᠲᠣᠮᠣ ᠳᠡᠯᠭᠡᠴᠡ + ᠵᠢᠵᠢᠭ ᠳᠡᠯᠭᠡᠴᠡ︾ ᠶᠢᠨ ᠬᠤᠯᠪᠤᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢ ᠠᠪᠴᠤ᠂ ᠪᠥᠬᠦ ᠬᠤᠲᠠ ᠶᠢᠨ ᠬᠡᠪᠴᠢᠶᠡᠨ ᠳᠤ 122 ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ 
        微信图片_20221205102210.jpg
            ᠬᠤᠶᠠᠷ ᠲᠤ᠂ ᠠᠭᠤᠳᠠᠮ ᠲᠠᠯᠠᠪᠠᠢ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠤᠬᠠᠭᠤᠯᠪᠠ᠃ 12 ᠳ᠋ᠤᠭᠠᠷ ᠰᠠᠷ᠎ᠠ ᠶᠢᠨ 2  ᠤᠨ ᠡᠳᠦᠷ᠂ ᠦᠬᠠᠢ ᠶᠢᠨ ᠵᠠᠮ ᠬᠠᠷᠢᠯᠴᠠᠭᠠᠨ ᠤ ᠴᠠᠭᠳᠠᠭ᠎ᠠ ᠬᠠᠷᠢᠶ᠎ᠠ ᠣᠷᠣᠨ ᠤ ᠠᠭᠤᠳᠠᠮ ᠲᠠᠯᠠᠪᠠᠢ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠵᠠᠷᠯᠠᠯ ᠨᠠᠭᠠᠬᠤ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠯᠠᠨ ᠲᠦᠮᠡᠨ ᠤ ᠠᠰᠠᠭᠤᠯᠲᠠ ᠶᠢ ᠬᠠᠷᠢᠭᠤᠯᠬᠤ ᠵᠡᠷᠭᠡ ᠠᠷᠭ᠎ᠠ ᠬᠡᠯᠪᠡᠷᠢ ᠪᠠᠷ ᠤᠯᠠᠨ ᠲᠦᠮᠡᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠶᠠᠷᠢᠵᠤ᠂ ᠠᠮᠤᠷ ᠲᠦᠪᠰᠢᠨ ᠢᠶᠠᠷ ᠶᠠᠪᠤᠵᠤ ᠰᠠᠭᠤᠬᠤ ᠲᠤᠬᠠᠢ ᠣᠶᠢᠯᠠᠭᠠᠭᠳᠠᠬᠤᠨ ᠢ ᠰᠠᠨᠠᠭᠠᠴᠢᠯᠠᠪᠠ᠃ 
        微信图片_20221205102635.jpg
             ᠭᠤᠷᠪᠠ ᠳᠤ᠂ ᠭᠤᠣᠯᠳᠠᠯᠭ᠎ᠠ ᠲᠠᠢ ᠲᠠᠯᠠᠪᠤᠷ ᠲᠤ ᠠᠮᠤᠷ ᠲᠦᠪᠰᠢᠨ ᠤ ᠤᠬᠠᠭᠤᠯᠭ᠎ᠠ ᠬᠢᠵᠦ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠪᠡ᠃ ᠭᠤᠣᠯᠳᠠᠯᠭ᠎ᠠ ᠲᠠᠢ ᠠᠵᠤ ᠠᠬᠤᠶᠢᠯᠠᠯ᠂ ᠠᠵᠢᠯᠲᠠᠨ ᠳᠤ ᠡᠬᠢ ᠡᠭᠦᠰᠦᠯ ᠠᠴᠠ ᠨᠢ ᠤᠬᠠᠭᠤᠯᠬᠤ ᠪᠣᠯ ᠵᠠᠮ ᠬᠠᠷᠢᠯᠴᠠᠭᠠᠨ ᠤ ᠠᠮᠤᠷ ᠲᠦᠪᠰᠢᠨ ᠤ ᠴᠢᠬᠤᠯᠠ ᠭᠤᠭᠴᠤᠭ᠎ᠠ ᠪᠣᠯᠣᠭᠰᠠᠭᠠᠷ ᠢᠷᠡᠭᠰᠡᠨ ᠶᠤᠮ᠂ ᠤᠬᠠᠭᠤᠯᠭ᠎ᠠ ᠶᠢᠨ ᠴᠠᠭᠳᠠᠭ᠎ᠠ ᠭᠤᠣᠯᠳᠠᠯᠭ᠎ᠠ ᠲᠠᠢ ᠵᠢᠯᠣᠭᠤᠴᠢ ᠶᠢᠨ ᠠᠮᠤᠷ ᠲᠦᠪᠰᠢᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ᠂ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠡᠭᠦᠨ ᠤ ᠤᠯᠠᠮ ᠠᠴᠠ ᠵᠠᠮ ᠬᠠᠷᠢᠯᠴᠠᠭᠠᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠪᠠᠭᠠᠰᠬᠠᠨ᠎ᠠ᠃
        ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ