︽ᠠᠷᠠᠳ ᠤᠨ ᠴᠠᠭᠳᠠᠭ᠎ᠠ ᠡᠶᠢᠮᠦ ᠲᠦᠷᠭᠡᠨ ᠢᠷᠡᠴᠢᠬᠡᠯ᠎ᠡ᠂ ᠲᠠ ᠨᠠᠷ ᠶᠠᠭ ᠳᠡᠷᠭᠡᠳᠡ ᠪᠠᠶᠢᠬᠤ ᠰᠢᠭ᠋ ᠰᠠᠨᠠᠭᠳᠠᠵᠤ᠂ ᠮᠠᠨᠤᠰ ᠲᠤ ᠮᠠᠰᠢ ᠲᠠᠶᠢᠪᠤᠩ ᠲᠥᠷᠥᠭᠳᠡᠯ | ᠥᠭᠬᠦᠯ᠎ᠡ︾ ᠭᠡᠵᠦ ᠲᠦᠩᠯᠢᠶᠣᠤ ᠬᠤᠲᠠ ᠶᠢᠨ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠬᠢ ᠶᠢᠨ ᠬᠢᠨ ᠨᠡᠶᠢᠭᠡᠮ ᠲᠣᠭᠤᠷᠢᠭ ᠤᠨ ᠤᠯᠠᠨ ᠲᠦᠮᠡᠨ ᠳᠤ ᠦᠢᠯᠡᠴᠢᠯᠡᠬᠦ ᠦᠶ᠎ᠡ ᠳᠤ ᠨᠢᠭᠡᠨ ᠨᠠᠰᠤᠲᠠᠨ ᠡᠵᠢ ᠬᠡᠯᠡᠭᠰᠡᠨ ᠪᠠᠶᠢᠨ᠎ᠠ᠃ | | | | | ᠣᠶᠢᠷ᠎ᠠ ᠳᠤ᠂ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡᠨ ᠤ ᠵᠢᠯᠣᠭᠤᠳᠬᠤ ᠲᠥᠪ ︽ᠤᠮᠠᠷᠠᠲᠤ ᠬᠢᠯᠢ ᠶᠢᠨ | ᠰᠢᠨ᠎ᠡ ᠴᠠᠭ ᠦᠶ᠎ᠡ ᠶᠢᠨ APP︾ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠲᠠᠪᠴᠠᠩ ᠤᠨ ᠯᠦ ᠪᠸᠢ ᠪᠠᠯᠭᠠᠰᠤᠨ ᠤ ᠢᠦᠶ | ᠯᠦᠩ ᠵᠢᠶᠠ ᠶᠤᠸᠠᠨ ᠨᠡᠶᠢᠭᠡᠮ ᠲᠣᠭᠤᠷᠢᠭ ᠤᠨ ᠬᠢᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢ ᠨᠡᠶᠢᠭᠡᠮ ᠲᠣᠭᠤᠷᠢᠭ ᠲᠤ ᠬᠦᠷᠴᠦ ᠰᠠᠭᠤᠭᠠᠯᠢ | ᠠᠷᠠᠳ ᠲᠤ ︽ᠲᠦᠩᠯᠢᠶᠣᠤ ᠬᠤᠲᠠ ᠶᠢᠨ 24 ᠴᠠᠭ ᠤᠨ ᠴᠠᠭᠳᠠᠭᠠᠨ ᠤ ᠲᠣᠪᠴᠢᠶ᠎ᠠ︾ ᠶᠢᠨ ᠦᠢᠯᠡᠴᠢᠯᠡᠭᠡᠨ ᠤ ᠲᠠᠪᠴᠠᠩ ᠤᠨ ᠠᠵᠢᠯᠯᠠᠭᠠᠨ ᠤ ᠵᠠᠭᠪᠤᠷ ᠢ ᠤᠯᠠᠮ | ᠨᠢᠭᠡ ᠠᠯᠬᠤᠮ ᠲᠠᠶᠢᠯᠪᠤᠷᠢᠯᠠᠬᠤ ᠶᠢ ᠬᠦᠰᠡᠵᠦ ᠪᠠᠶᠢᠨ᠎ᠠ ᠭᠡᠰᠡᠨ ᠮᠡᠳᠡᠭᠡ ᠶᠢ ᠲᠤᠰᠪᠠ᠃ ᠴᠢᠮᠡᠭᠡ ᠮᠡᠳᠡᠭᠡᠨ ᠤ ᠵᠢᠯᠣᠭᠤᠳᠬᠤ ᠲᠥᠪ ᠠᠴᠠ ᠲᠡᠷᠡ ᠳᠠᠷᠤᠢ ᠳᠤ ᠨᠢ | ᠠᠷᠠᠳ ᠤᠨ ᠴᠠᠭᠳᠠᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠵᠣᠬᠢᠶᠠᠨ ᠪᠠᠶᠢᠭᠤᠯᠵᠤ ᠢᠦᠢ ᠯᠦᠩ ᠵᠢᠶᠠ ᠶᠤᠸᠠᠨ ᠨᠡᠶᠢᠭᠡᠮ ᠲᠣᠭᠤᠷᠢᠭ ᠲᠤ | ᠬᠦᠷᠴᠦ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠪᠠ᠃ ᠠᠵᠢᠯᠯᠠᠭ᠎ᠠ ᠶᠢᠨ ᠳᠤᠮᠳᠠ ᠠᠷᠠᠳ ᠤᠨ ᠴᠠᠭᠳᠠᠭ᠎ᠠ ᠨᠡᠶᠢᠭᠡᠮ ᠲᠣᠭᠤᠷᠢᠭ ᠤᠨ ᠣᠯᠠᠨ ᠲᠦᠮᠡᠨ ᠳᠤ | ︽ᠲᠦᠩᠯᠢᠶᠣᠤ ᠬᠤᠲᠠ ᠶᠢᠨ 24 ᠴᠠᠭ ᠤᠨ ᠴᠠᠭᠳᠠᠭᠠᠨ ᠤ ᠲᠣᠪᠴᠢᠶ᠎ᠠ︾ ᠶᠢᠨ ᠲᠦᠭᠰᠢᠭᠦᠷᠢ ᠮᠡᠳᠡᠭᠦᠯᠬᠦ᠂ ᠴᠠᠭᠳᠠᠭ᠎ᠠ ᠠᠷᠠᠳ ᠤᠨ ᠠᠯᠪᠠᠨ ᠵᠢᠷᠤᠮ ᠤᠨ ᠡᠮᠴᠢᠯᠡᠭᠡ᠂ | ᠬᠤᠲᠠ ᠶᠢᠨ ᠦᠢᠯᠡᠴᠢᠯᠡᠭᠡ᠂ ᠮᠡᠬᠡᠯᠡᠯ ᠢ ᠰᠡᠷᠭᠡᠶᠢᠯᠡᠬᠦ ᠵᠡᠷᠭᠡ ᠬᠡᠰᠡᠭ ᠤᠨ ᠬᠡᠷᠡᠭᠯᠡᠬᠦ ᠠᠷᠭ᠎ᠠ ᠪᠠ ᠴᠢᠳᠠᠮᠵᠢ ᠶᠢᠨ ᠣᠨᠴᠠᠯᠢᠭ ᠢ ᠬᠦᠯᠢᠴᠡᠩᠭᠦᠶ ᠪᠠᠷ᠂ ᠬᠠᠯᠠᠭᠤᠮᠰᠤᠭ ᠢᠶᠠᠷ | ᠲᠠᠶᠢᠯᠪᠤᠷᠢᠯᠠᠨ ᠥᠭᠬᠦ ᠶᠢᠨ ᠬᠠᠮᠲᠤ ᠪᠠᠰᠠ ᠣᠯᠠᠨ ᠲᠦᠮᠡᠨ ᠤ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠶᠢ ᠰᠣᠨᠣᠰᠤᠨ ᠲᠡᠮᠳᠡᠭᠯᠡᠵᠦ᠂ ᠴᠠᠭᠳᠠᠭ᠎ᠠ ᠠᠷᠠᠳ ᠤᠨ | ︽ᠰᠡᠳᠬᠢᠯ ᠤᠨ ᠬᠤᠯᠪᠣᠭᠠᠰᠤ︾ ᠶᠢ ᠪᠠᠶᠢᠭᠤᠯᠤᠭᠰᠠᠨ ᠪᠠᠶᠢᠨ᠎ᠠ᠃ | | | | | ᠠᠷᠠᠳ ᠣᠯᠠᠨ ᠤ ᠠᠩᠬᠠᠷᠤᠯ ᠤᠨ ᠴᠡᠭ ᠪᠣᠯ ᠦᠢᠯᠡᠴᠢᠯᠡᠭᠡᠨ ᠤ ᠲᠤᠰᠤᠯᠲᠠ ᠮᠥᠨ᠂ 2022 ᠣᠨ ᠠᠴᠠ ᠨᠠᠭᠠᠰᠢ᠂ ᠵᠠᠷᠤᠳ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡᠨ ᠤ ᠵᠢᠯᠣᠭᠤᠳᠬᠤ ᠲᠥᠪ ᠨᠡᠶᠢᠭᠡᠮ ᠲᠣᠭᠤᠷᠢᠭ᠂ ᠭᠠᠴᠠᠭ᠎ᠠ᠂ ᠬᠤᠳᠠᠯᠳᠤᠭᠠᠨ ᠤ ᠲᠠᠯᠠᠪᠤᠷ᠂ ᠰᠤᠷᠭᠠᠭᠤᠯᠢ ᠵᠡᠷᠭᠡ ᠣᠯᠠᠨ | ᠨᠡᠶᠢᠲᠡ ᠶᠢᠨ ᠲᠠᠯᠠᠪᠤᠷ ᠲᠤ ᠬᠦᠷᠴᠦ ᠨᠢᠭᠤᠷᠲᠠᠨ ᠤᠬᠠᠭᠤᠯᠬᠤ ᠶᠢᠨ ᠬᠠᠮᠲᠤ ᠰᠦᠯᠵᠢᠶᠡᠨ ᠳᠡᠭᠡᠷ᠎ᠡ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ | ᠸᠢᠴᠠᠲ ᠤᠨ ᠬᠤᠯᠪᠣᠭ᠎ᠠ᠂ ᠴᠠᠭᠳᠠᠭᠠᠨ ᠤ ᠠᠵᠤ ᠠᠬᠤᠶᠢᠯᠠᠯ ᠤᠨ ᠬᠤᠯᠪᠣᠭ᠎ᠠ ᠵᠡᠷᠭᠡ ᠸᠢᠴᠠᠲ ᠤᠨ ᠬᠤᠯᠪᠣᠭ᠎ᠠ ᠪᠠᠷ ᠳᠡᠮᠵᠢᠨ᠂ ᠲᠠᠪᠴᠠᠩ ᠤᠨ ᠦᠢᠯᠡᠳᠦᠯ ᠦᠷ᠎ᠡ | ᠪᠦᠲᠦᠮᠵᠢ ᠵᠢᠴᠢ ᠬᠡᠷᠡᠭᠯᠡᠬᠦ ᠠᠷᠭ᠎ᠠ ᠶᠢ ᠵᠡᠷᠭᠡ ᠪᠠᠷ ᠲᠠᠶᠢᠯᠪᠤᠷᠢᠯᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠠᠮᠲᠤ ᠪᠠᠷ ᠠᠬᠢᠭᠤᠯᠬᠤ ᠶᠢ ᠦᠨᠡᠨ ᠬᠦ | ᠪᠠᠳᠤᠯᠠᠪᠠ᠃ | ᠠᠷᠠᠳ ᠤᠨ ᠬᠦᠰᠡᠯ ᠡᠷᠡᠮᠡᠯᠵᠡᠯ ᠪᠣᠯ ᠵᠠᠰᠠᠭ ᠤᠨ ᠦᠢᠯᠡᠴᠢᠯᠡᠭᠡᠨ ᠤ ᠴᠢᠭᠯᠡᠯ᠂ ︽ᠲᠦᠩᠯᠢᠶᠣᠤ ᠬᠤᠲᠠ ᠶᠢᠨ 24 ᠴᠠᠭ ᠤᠨ ᠴᠠᠭᠳᠠᠭᠠᠨ ᠤ ᠲᠣᠪᠴᠢᠶ᠎ᠠ︾ ᠪᠣᠯ | ᠪᠦᠬᠦ ᠴᠠᠭᠳᠠᠭ᠎ᠠ ᠶᠢᠨ ᠣᠶᠤᠨ ᠤᠬᠠᠭᠠᠨ ᠢ ᠬᠤᠷᠢᠶᠠᠩᠭᠤᠶᠢᠯᠠᠭᠰᠠᠨ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢᠨ ᠨᠢᠭᠡ ᠵᠦᠢᠯ ᠤᠨ ᠴᠢᠬᠤᠯᠠ ᠠᠷᠭ᠎ᠠ | ᠬᠡᠮᠵᠢᠶ᠎ᠡ ᠮᠦᠨ᠂ 24 ᠴᠠᠭ ᠲᠤ ᠴᠠᠭᠳᠠᠭ᠎ᠠ ᠶᠢᠨ ᠲᠣᠪᠴᠢᠶ᠎ᠠ ᠠᠵᠢᠯᠯᠠᠭᠰᠠᠨ ᠠᠴᠠ ᠨᠠᠭᠠᠰᠢ᠂ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠨᠡᠶᠢᠲᠡ 50047 ᠤᠳᠠᠭ᠎ᠠ ︽ᠲᠦᠩᠯᠢᠶᠣᠤ ᠬᠤᠲᠠ ᠶᠢᠨ 24 ᠴᠠᠭ ᠤᠨ ᠴᠠᠭᠳᠠᠭ᠎ᠠ ᠶᠢᠨ ᠲᠣᠪᠴᠢᠶ᠎ᠠ︾ ᠶᠢ ᠳᠡᠯᠭᠡᠷᠡᠭᠦᠯᠵᠦ᠂ ᠣᠯᠠᠨ ᠲᠦᠮᠡᠨ ᠤ ᠠᠰᠠᠭᠤᠯᠲᠠ | ᠬᠠᠷᠢᠭᠤᠯᠲᠠ ᠶᠢ ᠨᠡᠶᠢᠲᠡ 416 ᠵᠦᠢᠯ ᠬᠦᠯᠢᠶᠡᠨ ᠠᠪᠴᠤ᠂ 416 ᠵᠦᠢᠯ ᠢ ᠰᠢᠢᠳᠪᠦᠷᠢᠯᠡᠵᠦ ᠳᠠᠭᠤᠰᠬᠠᠨ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ | 100% ᠳᠤ ᠬᠦᠷᠴᠦ᠂ ᠨᠡᠶᠢᠲᠡ 73 ᠬᠡᠮᠡᠷᠯᠢᠭ ᠲᠤᠭ ᠢ ᠲᠣᠰᠣᠭᠰᠠᠨ ᠪᠠᠶᠢᠨ᠎ᠠ᠃ |