ᠣᠶᠢᠷ᠎ᠠ ᠳᠤ᠂ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠴᠠᠬᠢᠯᠭᠠᠨ ᠮᠡᠬᠡᠯᠡᠯ ᠤᠨ ᠬᠡᠷᠡᠭ ᠢ ᠰᠢᠢᠳᠪᠦᠷᠢᠯᠡᠬᠦ ᠠᠷᠭ᠎ᠠ ᠪᠣᠳᠣᠯᠭ᠎ᠠ ᠶᠢᠨ | ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠂ ᠪᠣᠯᠪᠠᠰᠤᠷᠠᠯ ᠤᠨ ᠬᠤᠷᠠᠯ ᠳᠡᠭᠡᠷ᠎ᠡ᠂ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ | ᠴᠠᠭᠳᠠᠭ᠎ᠠ ᠸᠠᠩ ᠮᠢᠩ ᠮᠡᠬᠡᠯᠡᠯ ᠳᠤ ᠬᠤᠯᠪᠣᠭᠳᠠᠭᠰᠠᠨ ᠴᠠᠭᠳᠠᠭᠠᠨ ᠤ ᠪᠠᠶᠢᠳᠠᠯ ᠢ ᠰᠢᠢᠳᠪᠦᠷᠢᠯᠡᠬᠦ᠂ ᠪᠡᠯᠡ ᠮᠥᠩᠭᠦ ᠶᠢ ᠤᠭ ᠤᠨ ᠵᠠᠮ ᠢᠶᠠᠷ ᠨᠢ ᠪᠤᠴᠠᠭᠠᠬᠤ᠂ | ᠰᠡᠷᠡᠮᠵᠢᠯᠡᠭᠦᠯᠦᠨ ᠢᠳᠬᠠᠨ ᠬᠤᠷᠢᠭᠯᠠᠬᠤ᠂ ᠮᠡᠬᠡᠯᠡᠯ ᠳᠤ ᠬᠤᠯᠪᠣᠭᠳᠠᠬᠤ ᠲᠦᠭᠰᠢᠭᠦᠷᠢ ᠶᠢᠨ ᠳᠠᠩᠰᠠᠨ ᠡᠷᠦᠬᠡ ᠶᠢᠨ ᠬᠢᠨᠠᠨ ᠪᠠᠶᠢᠴᠠᠭᠠᠯᠲᠠ᠂ ᠪᠠᠩᠬᠢ ᠶᠢᠨ ᠲᠠᠩᠰᠠᠨ | ᠡᠷᠦᠬᠡ ᠶᠢ ᠴᠡᠪᠳᠡᠭᠯᠡᠬᠦ ᠠᠵᠢᠯ ᠤᠨ ᠶᠠᠪᠤᠴᠠ ᠵᠡᠷᠭᠡ ᠲᠤᠬᠠᠶᠢᠯᠠᠭᠰᠠᠨ ᠠᠵᠢᠯ ᠢ ᠨᠠᠷᠢᠨ ᠲᠠᠶᠢᠯᠪᠤᠷᠢᠯᠠᠵᠤ ᠵᠢᠭᠠᠨ ᠵᠢᠯᠣᠭᠤᠳᠪᠠ᠂ ᠡᠭᠦᠨ ᠤ ᠬᠠᠮᠲᠤ ᠦᠨᠡᠨ ᠪᠣᠳᠠᠲᠠᠶ | ᠬᠡᠷᠡᠭ ᠤᠨ ᠵᠢᠱᠢᠶ᠎ᠡ ᠪᠠᠷ ᠣᠳᠣᠬᠠᠨ ᠤ ᠴᠠᠬᠢᠯᠭᠠᠨ ᠬᠤᠯᠪᠣᠭᠠᠨ ᠤ ᠮᠡᠬᠡᠯᠡᠯ ᠤᠨ ᠲᠥᠷᠥᠯ ᠵᠦᠢᠯ᠂ ᠬᠡᠷᠡᠭ ᠬᠢᠬᠦ ᠠᠷᠭ᠎ᠠ ᠪᠠᠷᠢᠯ᠂ ᠵᠢᠮ᠎ᠡ ᠶᠤᠰᠤ ᠣᠨᠴᠠᠯᠢᠭ᠂ | ᠰᠡᠷᠭᠡᠶᠢᠯᠡᠬᠦ ᠤᠬᠠᠭᠤᠯᠭ᠎ᠠ ᠵᠡᠷᠭᠡ ᠲᠠᠯ᠎ᠠ ᠪᠠᠷ ᠪᠦᠬᠦ ᠲᠠᠯ᠎ᠠ ᠶᠢᠨ ᠵᠠᠳᠠᠯᠤᠯᠲᠠ ᠬᠢᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠲᠤ ᠴᠣᠬᠢᠯᠲᠠ | ᠥᠭᠬᠦ ᠦᠢᠯᠡᠳᠦᠯ ᠴᠢᠳᠠᠮᠵᠢ ᠶᠢ ᠤᠯᠠᠮ ᠨᠢᠭᠡ ᠠᠯᠬᠤᠮ ᠵᠢᠷᠤᠮᠵᠢᠭᠤᠯᠪᠠ᠂ ᠪᠣᠯᠪᠠᠰᠤᠷᠠᠯ ᠳᠤ ᠣᠷᠣᠯᠴᠠᠬᠤ ᠠᠷᠠᠳ ᠴᠠᠭᠳᠠᠭ᠎ᠠ ᠬᠠᠪᠰᠤᠷᠤᠭᠴᠢ ᠴᠠᠭᠳᠠᠭ᠎ᠠ | ᠣᠳᠣᠬᠠᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ | ᠠᠵᠢᠯ ᠢ ᠬᠡᠷᠬᠢᠨ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠭᠦᠨᠵᠡᠭᠡᠶ ᠰᠣᠯᠢᠯᠴᠠᠪᠠ᠂ ᠴᠣᠬᠢᠯᠲᠠ ᠥᠭᠬᠦ ᠠᠵᠢᠯ ᠤᠨ ᠳᠤᠮᠳᠠ ᠣᠷᠣᠰᠢᠵᠤ ᠪᠠᠶᠢᠭ᠎ᠠ | ᠳᠤᠲᠠᠭᠤᠳᠠᠯ ᠪᠣᠯᠤᠨ ᠪᠣᠭᠤᠮᠲᠠ ᠰᠢᠪᠲᠤᠯᠬᠤ ᠠᠷᠭ᠎ᠠ ᠬᠡᠮᠵᠢᠶ᠎ᠡ ᠶᠢ ᠰᠤᠳᠤᠯᠪᠠ᠃ | | | | | ᠲᠠᠷᠠᠭᠠᠴᠢ ᠶᠢᠨ ᠠᠯᠬᠤᠮ ᠳᠤ᠂ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠨᠢ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ | ᠴᠣᠬᠢᠯᠲᠠ ᠥᠭᠬᠦ ᠪᠣᠯᠪᠠᠰᠤᠷᠠᠭᠤᠯᠤᠯ ᠤᠨ ᠠᠵᠢᠯ ᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠤᠷᠢᠳᠴᠢᠯᠠᠨ ᠰᠡᠷᠡᠮᠵᠢᠯᠡᠭᠦᠯᠵᠦ ᠬᠠᠷᠢᠭᠤ ᠴᠣᠬᠢᠯᠲᠠ | ᠥᠭᠬᠦ ᠠᠵᠢᠯ ᠤᠨ ᠳᠤᠲᠠᠭᠤᠳᠠᠯ ᠢ ᠴᠢᠷᠮᠠᠶᠢᠨ ᠨᠥᠬᠦᠪᠥᠷᠢᠯᠡᠵᠦ᠂ ︽ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ︾ ᠵᠠᠷᠴᠢᠮ ᠢ ᠪᠠᠷᠢᠮᠲᠠᠯᠠᠨ᠂ ᠴᠠᠬᠢᠯᠭᠠᠨ | ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠨᠡᠶᠢᠯᠡᠮᠡᠯ ᠬᠦᠴᠦᠨ ᠢ ᠪᠣᠶ ᠪᠣᠯᠭᠠᠵᠤ᠂ ᠲᠥᠪᠯᠡᠷᠡᠭᠦᠯᠦᠨ ᠪᠡᠷᠬᠡ ᠰᠡᠳᠦᠪ ᠢ | ᠰᠢᠢᠳᠪᠦᠷᠢᠯᠡᠵᠦ᠂ ᠣᠨ ᠤ ᠲᠣᠭᠲᠠᠭᠰᠠᠨ ᠬᠠᠷᠠᠯᠲᠠ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃ |