内蒙古自治区公安厅蒙古文网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠡᠶ᠎ᠡ ᠶᠢᠨ ᠴᠢᠳᠠᠪᠤᠷᠢ ᠶᠢᠨ ᠰᠢᠯᠭᠠᠯᠲᠠ ᠶᠢᠨ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ‌ᠥᠷᠨᠢᠭᠦᠯᠪᠡ
        ᠨᠡᠶᠢᠲᠡᠯᠡᠭᠰᠡᠨ ᠴᠠᠭ᠄
        2022/7/4
            ᠣᠳᠣᠬᠠᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠪᠠᠶᠢᠳᠠᠯ ᠪᠣᠯᠣᠨ ᠡᠭᠦᠷᠭᠡ ᠶᠢᠨ ᠬᠡᠷᠡᠭᠴᠡᠭᠡ ᠳᠤ ᠨᠡᠩ ᠰᠠᠶᠢᠨ ᠵᠣᠬᠢᠴᠠᠭᠤᠯᠵᠤ᠂ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠪᠡᠶ᠎ᠡ ᠶᠢᠨ ᠴᠢᠳᠠᠪᠤᠷᠢ ᠶᠢᠨ ᠬᠡᠪ ᠴᠢᠨᠠᠷ ᠪᠣᠯᠣᠨ ᠪᠣᠳᠠᠲᠤ ᠪᠠᠶᠢᠯᠳᠤᠭᠠᠨ ᠤ ᠴᠡᠷᠢᠭ ᠢ ᠪᠣᠯᠪᠠᠰᠤᠷᠠᠭᠤᠯᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠪᠡᠶ᠎ᠡ ᠶᠢᠨ ᠴᠢᠳᠠᠪᠤᠷᠢ ᠶᠢᠨ ᠪᠣᠯᠪᠠᠰᠤᠷᠠᠯ ᠤᠨ ᠤᠬᠠᠮᠰᠠᠷᠲᠤ ᠴᠢᠨᠠᠷ ᠢ ᠴᠢᠩᠭᠠᠳᠬᠠᠬᠤ ᠶᠢᠨ ᠲᠥᠯᠥᠭᠡ᠂ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽2022 ᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠶᠢᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠣᠷᠢᠯᠲᠠ ᠶᠢᠨ ᠪᠠᠷᠢᠮᠵᠢᠶ᠎ᠠ ᠳᠤ ᠬᠦᠷᠭᠡᠬᠦ ᠠᠵᠢᠯ ᠢ ᠥᠷᠨᠢᠭᠦᠯᠬᠦ ᠲᠤᠬᠠᠢ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠬᠢᠨᠠᠮᠠᠭᠠᠢ ᠪᠡᠯᠡᠳᠬᠡᠵᠦ᠂ ᠨᠢᠮᠪᠠᠢ ᠵᠣᠬᠢᠶᠠᠨ ᠪᠠᠶᠢᠭᠤᠯᠵᠤ᠂ ᠲᠣᠰ ᠤᠳᠠᠭᠠᠨ ᠤ ᠪᠡᠶ᠎ᠡ ᠶᠢᠨ ᠴᠢᠳᠠᠪᠤᠷᠢ ᠶᠢᠨ ᠰᠣᠷᠢᠯᠲᠠ ᠶᠢᠨ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃
        微信图片_20220616103145.jpg
             ᠲᠣᠰ ᠤᠳᠠᠭᠠᠨ ᠤ ᠰᠢᠯᠭᠠᠯᠲᠠ ᠶᠢ ᠬᠦᠢᠰᠦ ᠶᠢᠨ ᠢᠯᠭᠠᠯ ᠪᠠ ᠨᠠᠰᠤ ᠵᠢᠯ ᠢᠶᠠᠷ ᠳᠤᠭᠤᠶᠢᠯᠠᠩ ᠬᠤᠪᠢᠶᠠᠵᠤ᠂  ᠨᠡᠶᠢᠲᠡ  4 × 10  ᠮᠧᠲᠷ  ᠤᠨ ᠪᠤᠴᠠᠵᠤ ᠭᠦᠶᠦᠬᠦ᠂ ᠡᠯᠢᠭᠡᠳᠡᠭᠡ ᠲᠤᠯᠤᠯᠲᠠ᠂ ᠲᠠᠩᠭᠠᠶᠢᠵᠤ ᠪᠣᠰᠬᠤ᠂ 1000 ᠮᠧᠲᠷ᠂ 800 ᠮᠧᠲᠷ᠂ ᠢᠳᠡᠷᠡᠭᠦᠨ ᠠᠯᠬᠤᠬᠤ ᠵᠡᠷᠭᠡ ᠲᠥᠷᠥᠯ ᠵᠦᠢᠯ ᠪᠣᠶ᠃ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠢᠳᠡᠪᠬᠢᠲᠡᠢ ᠪᠠᠷ ᠣᠷᠣᠯᠴᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠣᠮᠤᠭ ᠲᠡᠭᠦᠯᠳᠡᠷ ᠲᠡᠮᠡᠴᠡᠯ ᠤᠨ ᠵᠣᠷᠢᠭ ᠢᠶᠠᠷ ᠪᠡᠶ᠎ᠡ ᠶᠢᠨ ᠴᠢᠳᠠᠪᠤᠷᠢ ᠶᠢᠨ ᠰᠢᠯᠭᠠᠯᠲᠠ ᠶᠢᠨ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠳᠤ ᠣᠷᠣᠯᠴᠠᠪᠠ᠃
        微信图片_20220616103057.jpg
             ᠪᠥᠬᠦ ᠲᠠᠯ᠎ᠠ ᠳᠤ ᠨᠡᠶᠢᠲᠡ 1873 ᠨᠡᠷᠡᠰ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠰᠢᠯᠭᠠᠯᠲᠠ ᠳᠤ ᠣᠷᠣᠯᠴᠠᠵᠤ᠂ ᠰᠢᠯᠭᠠᠬᠤ ᠶᠣᠰᠣᠲᠠᠢ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠪᠥᠬᠦ ᠲᠣᠭᠠᠨ ᠤ 88.9% ᠶᠢ ᠡᠵᠡᠯᠡᠵᠦ᠂ ᠬᠢᠷᠢ ᠲᠡᠩᠴᠡᠭᠰᠡᠨ ᠨᠣᠷᠮ᠎ᠠ ᠨᠢ 94.3% ᠳᠤ ᠬᠦᠷᠴᠡᠢ᠃ ᠡᠭᠦᠨ ᠤ ᠳᠣᠲᠣᠷ᠎ᠠ ᠠᠯᠪᠠᠨ ᠠᠵᠢᠯ ᠢᠶᠠᠷ ᠭᠠᠳᠠᠭᠰᠢ ᠭᠠᠷᠤᠭᠰᠠᠨ᠂ ᠰᠢᠷᠬᠠᠲᠤᠭᠰᠠᠨ ᠪᠠ ᠡᠪᠡᠳᠴᠢᠨ ᠤ ᠬᠠᠷᠠᠭ᠎ᠠ ᠪᠠᠷ ᠰᠢᠯᠭᠠᠯᠲᠠ ᠳᠤ ᠣᠷᠣᠯᠴᠠᠵᠤ ᠴᠢᠳᠠᠭᠰᠠᠨ ᠦᠭᠡᠢ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠴᠠᠭ ᠢᠶᠠᠨ ᠲᠣᠬᠢᠷᠠᠭᠤᠯᠤᠨ ᠨᠥᠬᠦᠨ ᠰᠢᠯᠭᠠᠵᠤ᠂ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠣᠷᠣᠯᠴᠠᠬᠤ ᠶᠢ ᠦᠨᠡᠨ ᠬᠦ ᠪᠠᠲᠤᠯᠠᠪᠠ᠃ ᠰᠣᠷᠢᠯᠲᠠ ᠳᠤ ᠣᠷᠣᠯᠴᠠᠭᠰᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ᠄ ᠲᠣᠰ ᠤᠳᠠᠭᠠᠨ ᠤ ᠪᠠᠷᠢᠮᠵᠢᠶ᠎ᠠ ᠳᠤ ᠬᠦᠷᠭᠡᠬᠦ ᠰᠢᠯᠭᠠᠯᠲᠠ ᠪᠠᠷ ᠳᠡᠮᠵᠢᠨ᠂ ᠥᠪᠡᠷ ᠤᠨ ᠪᠡᠶ᠎ᠡ ᠲᠠᠮᠢᠷ ᠳᠤ ᠣᠷᠣᠰᠢᠵᠤ ᠪᠠᠶᠢᠭ᠎ᠠ ᠳᠤᠲᠠᠭᠤᠳᠠᠯ ᠪᠠ ᠪᠠᠭᠤᠷᠠᠢ ᠲᠠᠯ᠎ᠠ ᠪᠠᠨ ᠮᠡᠳᠡᠵᠦ᠂ ᠬᠤᠶᠢᠰᠢᠳᠠ ᠢᠳᠡᠪᠬᠢᠲᠡᠢ ᠠᠵᠢᠯᠯᠠᠬᠤ ᠶᠢᠨ ᠬᠠᠮᠲᠤ ᠪᠠᠰᠠ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠴᠢᠷᠮᠠᠶᠢᠨ ᠣᠷᠣᠯᠴᠠᠪᠠᠯ ᠰᠠᠶ᠋ᠢ ᠴᠠᠭ ᠢᠮᠠᠭᠲᠠ ᠨᠠᠩ ᠡᠷᠡᠭᠦᠯ ᠴᠢᠭᠢᠷᠠᠭ ᠪᠡᠶ᠎ᠡ ᠮᠠᠬᠠᠪᠤᠳ᠂ ᠨᠠᠩ ᠲᠡᠭᠦᠯᠳᠡᠷ ᠴᠤᠭ ᠵᠢᠪᠬᠤᠭ᠎ᠠ ᠲᠠᠢ ᠪᠠᠶᠢᠵᠤ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠨᠡᠶᠢᠭᠡᠮ ᠤᠨ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠬᠤ ᠡᠯ᠎ᠡ ᠵᠦᠢᠯ ᠤᠨ ᠠᠵᠢᠯ ᠳᠤ ᠨᠠᠩ ᠰᠠᠶᠢᠨ ᠣᠷᠣᠯᠴᠠᠵᠤ ᠴᠢᠳᠠᠨ᠎ᠠ ᠭᠡᠵᠠᠢ᠃    ᠪᠠᠷᠢᠮᠵᠢᠶ᠎ᠠ ᠳᠤ ᠬᠦᠷᠭᠡᠬᠦ ᠰᠢᠯᠭᠠᠯᠲᠠ ᠶᠢᠨ ᠠᠵᠢᠯᠯᠠᠭ᠎ᠠ ᠨᠢ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠪᠡᠶ᠎ᠡ ᠮᠠᠬᠠᠪᠤᠳ ᠤᠨ ᠬᠡᠪ ᠴᠢᠨᠠᠷ ᠢ ᠪᠦᠲᠦᠮᠵᠢᠲᠡᠶ ᠪᠠᠷ ᠰᠢᠯᠭᠠᠨ ᠪᠠᠶᠢᠴᠠᠭᠠᠵᠤ᠂ ᠲᠡᠮᠡᠴᠡᠯ ᠤᠨ ᠵᠣᠷᠢᠭ ᠢ ᠬᠥᠭᠵᠢᠭᠡᠨ᠂ ᠪᠡᠶ᠎ᠡ ᠮᠠᠬᠠᠪᠤᠳ ᠢ ᠴᠢᠭᠢᠷᠠᠭᠵᠢᠭᠤᠯᠵᠤ᠂ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠳᠠᠶᠢᠴᠢᠨ ᠬᠦᠴᠦᠨ᠂ ᠨᠢᠭᠲᠠᠷᠠᠯ ᠤᠨ ᠬᠦᠴᠦᠨ᠂ ᠲᠥᠪᠯᠡᠩᠭᠦᠶ ᠬᠦᠴᠦᠨ ᠢ ᠳᠡᠭᠡᠭᠰᠢᠯᠡᠭᠦᠯᠵᠦ᠂ ︽ᠰᠢᠯᠭᠠᠯᠲᠠ ᠪᠠᠷ ᠪᠣᠯᠪᠠᠰᠤᠷᠠᠭᠤᠯᠤᠯ ᠢ ᠠᠬᠢᠭᠤᠯᠬᠤ︾ ᠦᠷ᠎ᠡ ᠳ᠋ᠦᠩ ᠳᠤ ᠭᠦᠷᠦᠭᠰᠡᠨ ᠪᠠᠶᠢᠨ᠎ᠠ᠃ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠤᠰ ᠤᠳᠠᠭᠠᠨ ᠤ ᠪᠡᠶ᠎ᠡ ᠶᠢᠨ ᠴᠢᠳᠠᠪᠤᠷᠢ ᠶᠢᠨ ᠰᠢᠯᠭᠠᠯᠲᠠ  ᠪᠠᠷ ᠠᠵᠠ ᠲᠣᠬᠢᠶᠠᠯ ᠪᠣᠯᠭᠠᠵᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠪᠡᠶ᠎ᠡ ᠶᠢᠨ ᠲᠠᠮᠢᠷ ᠤᠨ ᠬᠡᠮᠵᠢᠯᠲᠡ ᠶᠢᠨ ᠲᠤᠭ᠎ᠠ ᠪᠠᠷᠢᠮᠲᠠ ᠶᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠪᠣᠯᠪᠠᠰᠤᠷᠠᠯ ᠤᠨ ᠠᠷᠭ᠎ᠠ ᠬᠡᠯᠪᠡᠷᠢ ᠶᠢ ᠤᠯᠠᠮ ᠨᠢᠭᠡ ᠠᠯᠬᠤᠮ ᠥᠷᠭᠡᠳᠬᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠨᠥᠬᠦᠴᠡᠯ ᠳᠣᠣᠷᠠᠬᠢ ᠪᠣᠯᠪᠠᠰᠤᠷᠠᠯ ᠤᠨ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠪᠣᠯᠪᠠᠰᠤᠷᠠᠯ ᠤᠨ ᠠᠵᠢᠯ ᠤᠨ ᠲᠣᠭᠲᠠᠭᠤᠨ ᠢᠶᠠᠷ ᠬᠥᠭᠵᠢᠬᠦ ᠶᠢ ᠦᠷᠭᠦᠯᠵᠢᠯᠡᠨ ᠠᠬᠢᠭᠤᠯᠤᠨ᠂ ᠪᠥᠬᠦ ᠴᠠᠭᠳᠠᠭ᠎ᠠ ᠶᠢᠨ ᠪᠡᠶ᠎ᠡ ᠶᠢᠨ ᠴᠢᠳᠠᠪᠤᠷᠢ ᠪᠠ ᠪᠣᠳᠠᠲᠤ ᠪᠠᠶᠢᠯᠳᠤᠭᠠᠨ ᠤ ᠤᠷ᠎ᠠ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠥᠬᠦ ᠲᠠᠯ᠎ᠠ ᠶᠢᠨ ᠪᠡᠶ᠎ᠡ ᠶᠢᠨ ᠴᠢᠳᠠᠪᠤᠷᠢ ᠶᠢᠨ ᠪᠣᠯᠪᠠᠰᠤᠷᠠᠯ ᠤᠨ ᠰᠢᠨ᠎ᠡ ᠥᠷᠨᠢᠯᠲᠡ ᠶᠢ ᠪᠣᠶ ᠪᠣᠯᠭᠠᠪᠠ᠃
        ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ