内蒙古自治区公安厅蒙古文网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠲᠠᠪᠤᠨ ᠭᠤᠷᠪᠠ︾ ᠶᠢᠨ ᠠᠷᠭ᠎ᠠ ᠬᠡᠮᠵᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠪᠦᠬᠦ ᠲᠠᠯ᠎ᠠ ᠪᠠᠷ ᠥᠷᠨᠢᠭᠦᠯᠪᠡ
        ᠨᠡᠶᠢᠲᠡᠯᠡᠭᠰᠡᠨ ᠴᠠᠭ᠄
        2022/9/30
              ︽ᠵᠠᠭᠤᠨ ᠡᠳᠦᠷ ᠤᠨ ᠠᠵᠢᠯᠯᠠᠭ᠎ᠠ︾ ᠶᠢ ᠥᠷᠨᠢᠭᠦᠯᠦᠭᠰᠡᠨ ᠠᠴᠠ ᠨᠠᠭᠠᠰᠢ᠂ ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠨᠢᠭᠡ ᠪᠦᠯᠦᠭ᠂ ᠲᠠᠪᠤᠨ ᠴᠢᠩᠭ᠎ᠠ ᠰᠡᠷᠭᠡᠶᠢᠯᠡᠯᠲᠡ᠂ ᠨᠢᠭᠡ ᠶᠢ ᠦᠨᠡᠨ ᠬᠦ ᠪᠠᠲᠤᠯᠠᠬᠤ︾ ᠠᠵᠢᠯ ᠤᠨ ᠬᠠᠷᠠᠯᠲᠠ ᠲᠠᠢ ᠤᠶᠠᠯᠳᠤᠭᠤᠯᠤᠨ᠂ ᠬᠠᠮᠤᠭ ᠤᠨ ᠡᠷᠡᠰ ᠰᠢᠭᠤᠷᠬᠠᠶ ᠣᠪᠣᠷ᠂ ᠬᠠᠮᠤᠭ ᠤᠨ ᠬᠦᠴᠦᠲᠡᠶ ᠠᠷᠭ᠎ᠠ ᠬᠡᠮᠵᠢᠶ᠎ᠡ ᠠᠪᠴᠤ᠂ ︽ᠵᠠᠭᠤᠨ ᠡᠳᠦᠷ ᠤᠨ ᠠᠵᠢᠯᠯᠠᠭ᠎ᠠ︾ ᠶᠢᠨ ᠭᠦᠨᠵᠡᠭᠡᠶᠢᠷᠡᠨ ᠬᠥᠭᠵᠢᠬᠦ ᠶᠢ ᠬᠦᠴᠦᠲᠡᠶ ᠠᠬᠢᠭᠤᠯᠵᠤ᠂ ᠴᠢᠩᠭ᠎ᠠ ᠴᠣᠬᠢᠯᠲᠠ ᠥᠭᠬᠦ᠂ ᠴᠢᠩᠭ᠎ᠠ ᠬᠠᠮᠢᠶᠠᠷᠬᠤ᠂ ᠴᠢᠩᠭ᠎ᠠ ᠰᠡᠷᠭᠡᠶᠢᠯᠡᠬᠦ᠂ ᠴᠢᠩᠭ᠎ᠠ ᠵᠠᠰᠠᠬᠤ ᠴᠢᠩᠭ᠎ᠠ ᠰᠦᠷ ᠬᠦᠴᠦᠨ ᠢ ᠦᠳᠲᠡᠷ ᠲᠦᠷᠭᠡᠨ ᠪᠣᠶ ᠪᠣᠯᠭᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠦᠴᠦᠲᠡᠶ ᠰᠦᠷᠳᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠢ ᠴᠡᠪᠡᠷᠰᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠳᠤ ᠠᠮᠤᠷ ᠲᠦᠪᠰᠢᠨ ᠪᠥᠭᠡᠳ ᠲᠣᠭᠲᠠᠭᠤᠨ ᠤᠯᠤᠰ ᠲᠥᠷᠥ ᠨᠡᠶᠢᠭᠡᠮ ᠤᠨ ᠣᠷᠴᠢᠨ ᠨᠥᠬᠦᠴᠡᠯ ᠢ ᠪᠣᠢ ᠪᠣᠯᠭᠠᠪᠠ᠃       ︽ᠭᠤᠷᠪᠠ ᠶᠢ ᠴᠢᠩᠭ᠎ᠠ ᠠᠳᠬᠤᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠦᠬᠦ ᠲᠠᠯ᠎ᠠ ᠶᠢᠨ︾ ᠪᠠᠶᠢᠷᠢᠯᠠᠭᠤᠯᠤᠯᠲᠠ ᠶᠢ ᠳᠠᠶᠢᠴᠢᠯᠠᠨ ᠪᠠᠶᠢᠷᠢᠯᠠᠭᠤᠯᠪᠠ᠃ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠴᠢᠩᠭ᠎ᠠ ᠠᠳᠬᠤᠵᠤ᠂ ᠲᠥᠰᠦᠯ ᠤᠨ ᠰᠢᠰᠲ᠋ᠧᠮ ᠢ ᠴᠢᠩᠭ᠎ᠠ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠴᠢᠩᠭ᠎ᠠ ᠠᠳᠬᠤᠵᠤ᠂ ︽ᠵᠠᠭᠤᠨ ᠡᠳᠦᠷ ᠤᠨ ᠠᠵᠢᠯᠯᠠᠭ᠎ᠠ︾ ᠶᠢ ᠦᠨᠡᠨ ᠬᠦ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ︽ᠡᠮᠦᠨ᠎ᠡ ᠬᠠᠷᠠᠭᠤᠯ ᠤᠨ ᠳᠠᠶᠢᠯᠠᠯᠳᠤᠭᠠᠨ︾ ᠪᠣᠯᠭᠠᠵᠤ᠂ ︽ᠨᠢᠭᠡ ᠬᠥᠯᠭᠡ ᠰᠢᠳᠠᠷ᠎ᠠ︾ ᠶᠢ ᠨᠢᠭᠡᠳᠦᠯᠲᠡᠶ ᠲᠥᠯᠥᠪᠵᠢᠭᠦᠯᠵᠦ᠂ ︽ᠨᠢᠭᠡ ᠬᠡᠯᠬᠢᠶ᠎ᠡ︾ ᠪᠠᠷ ᠬᠠᠷᠢᠭᠤᠴᠠᠯᠭ᠎ᠠ ᠶᠢ ᠲᠣᠳᠣᠷᠬᠠᠶᠢᠯᠠᠵᠤ᠂ ︽ᠨᠢᠭᠡ ᠴᠤᠭᠴᠠᠵᠢᠯᠲᠠ︾ ᠪᠠᠷ ᠱᠠᠯᠠᠪᠳᠠᠭᠤᠯᠤᠨ ᠵᠢᠯᠣᠭᠤᠳᠴᠤ᠂ ᠡᠷᠡᠰ ᠰᠦᠷ ᠦᠵᠡᠭᠦᠯᠵᠦ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠶ᠃       ︽ᠭᠤᠷᠪᠠ ᠶᠢ ᠨᠢᠭᠲᠠ ᠠᠩᠬᠠᠷᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠦᠬᠦ ᠴᠠᠭ ᠣᠷᠣᠨ ᠵᠠᠶ︾ ᠳᠤ ᠬᠦᠴᠦᠲᠡᠶ ᠴᠣᠬᠢᠯᠲᠠ ᠥᠭᠭᠦᠨ᠎ᠡ᠃ ᠵᠣᠨ ᠤ ᠤᠯᠠᠷᠢᠯ ᠤᠨ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠢᠶᠠᠷ ᠭᠤᠤᠯ ᠰᠢᠪᠲᠤᠯᠬᠤ ᠴᠢᠭᠯᠡᠯ ᠪᠣᠯᠭᠠᠵᠤ᠂ ︽ᠶᠠᠮᠠᠷ ᠶᠠᠯᠠᠲᠤ ᠠᠵᠢᠯᠯᠠᠭ᠎ᠠ ᠲᠣᠪᠤᠶᠢᠮ᠎ᠠ ᠪᠠᠶᠢᠪᠠᠯ ᠲᠡᠷᠡ ᠶᠠᠯᠠᠲᠤ ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠬᠦ᠂ ᠶᠠᠮᠠᠷ ᠠᠮᠤᠷ ᠲᠦᠪᠰᠢᠨ ᠤ ᠠᠰᠠᠭᠤᠳᠠᠯ ᠲᠥᠪᠯᠡᠷᠡᠩᠭᠦᠶ ᠪᠠᠶᠢᠪᠠᠯ ᠲᠡᠷᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ︾ ᠵᠠᠷᠴᠢᠮ ᠢ ᠪᠠᠷᠢᠮᠲᠠᠯᠠᠵᠤ᠂ ᠡᠯ᠎ᠡ ᠲᠥᠷᠥᠯ ᠤᠨ ᠬᠡᠷᠡᠭ ᠢ ᠲᠦᠷᠭᠡᠨ ᠲᠠᠩᠨᠠᠨ ᠢᠯᠡᠷᠡᠭᠦᠯᠵᠦ᠂ ᠬᠠᠤᠯᠢ ᠶᠢ ᠵᠥᠷᠢᠴᠡᠭᠰᠡᠨ ᠲᠣᠪᠤᠶᠢᠮ᠎ᠠ ᠶᠠᠯᠠᠲᠤ ᠠᠵᠢᠯᠯᠠᠭ᠎ᠠ ᠶᠢ ᠴᠢᠩᠭ᠎ᠠ ᠠᠩᠬᠠᠷᠴᠤ᠂ ᠬᠠᠷ᠎ᠠ ᠪᠦᠯᠦᠭᠲᠡᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠶᠢ ︽ᠥᠴᠦᠬᠡᠨ ᠴᠦ ᠠᠭᠤᠴᠢᠯᠠᠬᠤ ᠥᠬᠡᠶ︾ ᠪᠠᠶᠢᠬᠤ ᠶᠢ ᠴᠢᠩᠭ᠎ᠠ ᠠᠩᠬᠠᠷᠴᠤ᠂ ᠫᠠᠶᠢᠰᠠ ᠡᠯᠭᠦᠨ ᠴᠡᠭᠴᠡᠯᠡᠨ ᠵᠠᠰᠠᠬᠤ ᠭᠤᠤᠯᠳᠠᠯᠭ᠎ᠠ ᠲᠠᠢ ︽ᠬᠦᠴᠦᠲᠡᠶ ᠠᠷᠭ᠎ᠠ ᠠᠪᠬᠤ︾ ᠶᠢ ᠴᠢᠩᠭ᠎ᠠ ᠠᠩᠬᠠᠷᠬᠤ ᠬᠡᠷᠡᠭᠲᠡᠶ᠃       ︽ᠭᠤᠷᠪᠠᠨ ᠨᠢᠭᠲᠠ ᠴᠢᠩᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠢ ᠬᠠᠮᠠᠭᠠᠯᠠᠬᠤ ᠬᠠᠮᠢᠶᠠᠷᠤᠯᠲᠠ ᠡᠵᠡᠮᠳᠡᠯ ᠤᠨ ︽ᠪᠥᠬᠦ ᠬᠡᠯᠬᠢᠶ᠎ᠡ︾ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠠᠮᠤᠷ ᠢ ᠬᠠᠮᠠᠭᠠᠯᠠᠬᠤ ᠶᠡᠭᠡ ᠪᠠᠶᠢᠴᠠᠭᠠᠯᠲᠠ ᠶᠢ ᠴᠢᠩᠳᠠᠯᠠᠵᠤ᠂ ᠠᠮᠤᠷ ᠢ ᠬᠠᠮᠠᠭᠠᠯᠠᠬᠤ ᠶᠡᠭᠡ ᠲᠣᠭᠤᠷᠢᠨ ᠪᠠᠶᠢᠴᠠᠭᠠᠯᠲᠠ ᠶᠢ ᠴᠢᠩᠳᠠᠯᠠᠵᠤ᠂ ᠠᠮᠤᠷ ᠢ ᠬᠠᠮᠠᠭᠠᠯᠠᠬᠤ ᠶᠡᠭᠡ ᠬᠠᠮᠢᠶᠠᠷᠤᠯᠲᠠ ᠡᠵᠡᠮᠳᠡᠯ ᠢ ᠴᠢᠩᠳᠠᠯᠠᠵᠤ᠂ ᠠᠯᠪᠠᠨ ᠠᠵᠢᠯ ᠤᠨ ᠪᠠᠷᠢᠮᠵᠢᠶ᠎ᠠ ᠶᠢ ᠦᠨᠡᠨ ᠬᠦ ᠵᠢᠷᠤᠮᠵᠢᠭᠤᠯᠤᠨ ᠨᠠᠷᠢᠯᠢᠬᠵᠢᠭᠤᠯᠵᠤ᠂ ᠤᠳᠤᠷᠢᠳᠤᠯᠭ᠎ᠠ ᠶᠢᠨ ᠬᠤᠣᠰ ᠲᠠᠭᠠᠭᠤᠯᠤᠬᠴᠢ ᠶᠢᠨ ᠲᠦᠷᠢᠮ ᠢ ᠲᠡᠭᠦᠯᠳᠡᠷᠵᠢᠭᠦᠯᠵᠦ᠂ ᠳᠤᠤᠭᠠᠷᠪᠠᠯ ᠲᠠᠭᠤ ᠨᠢᠭᠡᠲᠡᠢ ᠳᠠᠭᠲᠤᠷᠪᠠᠯ ᠬᠦᠴᠦ ᠨᠢᠭᠡᠲᠡᠢ᠂ ᠲᠦᠭᠰᠢᠭᠦᠷᠢ ᠪᠠᠷ ᠵᠠᠷᠯᠢᠭ ᠪᠣᠯᠭᠠᠬᠤ ᠶᠢ ᠪᠡᠶᠡᠯᠡᠭᠦᠯᠵᠦ᠂ ᠬᠠᠮᠤᠭ ᠤᠨ ᠣᠬᠤᠷᠬᠠᠨ ᠬᠤᠭᠤᠴᠠᠭᠠᠨ ᠳᠤ ᠡᠯ᠎ᠡ ᠲᠦᠷᠦᠯ ᠤᠨ ᠭᠡᠨᠡᠳᠲᠡ ᠶᠢᠨ ᠰᠡᠷᠭᠡᠭ ᠴᠠᠭᠳᠠᠭᠠᠨ ᠤ ᠪᠠᠶᠢᠳᠠᠯ ᠢ ᠰᠢᠢᠳᠪᠦᠷᠢᠯᠡᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ᠃       ︽ᠭᠤᠷᠪᠠ ᠶᠢ ᠴᠢᠩᠭᠠᠳᠬᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ︽ᠪᠥᠬᠦ ᠭᠤᠭᠴᠤᠭ᠎ᠠ︾ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠠᠶᠤᠯ ᠲᠠᠢ ᠪᠣᠳᠠᠰ ᠤᠨ ᠬᠠᠮᠢᠶᠠᠷᠤᠯᠲᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠠᠮᠤᠷ ᠲᠦᠪᠰᠢᠨ ᠢ ᠴᠢᠩᠭᠠᠳᠬᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭ᠎ᠠ ᠠᠳᠬᠤᠬᠤ ᠪᠠᠷ ᠳᠡᠮᠵᠢᠨ᠂ ᠭᠤᠤᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ ᠡᠷᠡᠰ ᠠᠷᠢᠯᠭᠠᠵᠤ᠂ ︽ᠳᠡᠯᠪᠡᠴᠢᠬᠦ ᠲᠠᠭᠤᠨ︾ ᠪᠠ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃       ︽ᠭᠤᠷᠪᠠ ᠳᠤ ᠬᠦᠴᠦ ᠲᠠᠯᠪᠢᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠦᠬᠦᠨ ᠢ ᠬᠠᠮᠤᠷᠤᠭᠰᠠᠨ︾ ᠠᠭᠤᠷ ᠠᠮᠢᠰᠬᠤᠯ ᠢ ᠪᠤᠢ ᠪᠣᠯᠭᠠᠨ᠎ᠠ᠃ ᠨᠢᠭᠡ ᠳᠤ᠂ ᠭᠤᠣᠯ ᠵᠢᠭᠰᠠᠭᠠᠯ ᠤᠨ ᠭᠠᠵᠠᠷ ᠢᠶᠠᠨ ᠰᠠᠶᠢᠲᠤᠷ ᠰᠠᠬᠢᠵᠤ᠂ ︽ᠬᠠᠮᠤᠷᠬᠤ ᠬᠡᠪᠴᠢᠶ᠎ᠡ︾ ᠳᠡᠭᠡᠷ᠎ᠡ ᠬᠦᠴᠦ ᠲᠠᠯᠪᠢᠨ᠎ᠠ᠃ ᠬᠤᠶᠠᠷ ᠲᠤ᠂ ᠤᠬᠠᠭᠤᠯᠭ᠎ᠠ ᠳᠤ ᠨᠢᠭᠤᠷᠳᠠᠵᠤ᠂ ︽ᠠᠷᠠᠳ ᠤᠨ ᠰᠡᠳᠬᠢᠯ ᠢ ᠨᠢᠭᠲᠠᠷᠠᠭᠤᠯᠬᠤ︾  ᠳᠡᠭᠡᠷ᠎ᠡ ᠬᠦᠴᠦ ᠲᠠᠯᠪᠢᠨ᠎ᠠ᠃  ᠭᠤᠷᠪᠠ  ᠳᠤ᠂  ᠰᠢᠨ᠎ᠡ  ᠵᠠᠭᠤᠴᠢᠯᠠᠭᠤᠷ  ᠲᠤ  ᠲᠦᠰᠢᠭᠯᠡᠨ᠂︽ᠨᠥᠯᠥᠭᠡᠯᠡᠬᠦ ᠬᠦᠴᠦᠨ︾ ᠳᠡᠭᠡᠷ᠎ᠡ ᠬᠦᠴᠦ ᠲᠠᠯᠪᠢᠨ᠎ᠠ᠃ ᠤᠬᠠᠭᠤᠯᠭ᠎ᠠ ᠶᠢᠨ ᠰᠡᠳᠬᠢᠮᠵᠢ ᠶᠢᠨ ᠰᠢᠨ᠎ᠡ  ᠶᠢ ᠡᠭᠦᠳᠬᠦ  ᠪᠠᠷ  ᠳᠠᠮᠵᠢᠭᠤᠯᠤᠨ ᠂  ᠣᠯᠠᠨ  ᠲᠦᠮᠡᠨ ᠤ ︽ᠣᠯᠵᠤ ᠬᠠᠷᠠᠬᠤ᠂ ᠠᠮᠠᠷᠬᠠᠨ ᠣᠶᠢᠯᠠᠭᠠᠬᠤ᠂ ᠴᠡᠭᠡᠵᠢᠯᠡᠬᠦ︾ ᠠᠷᠭ᠎ᠠ ᠮᠠᠶ᠋ᠢᠭ ᠢᠶᠠᠷ ᠤᠬᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠵᠦ᠂ ︽ᠴᠡᠭ᠂ ᠱᠤᠭᠤᠮ᠂ ᠨᠢᠭᠤᠷ ᠲᠠᠯ᠎ᠠ︾ ᠪᠠᠷ ᠵᠡᠷᠭᠡᠪᠡᠷ ᠬᠦᠴᠦᠯᠡᠵᠦ᠂ ︽ᠵᠠᠭᠤᠨ ᠡᠳᠦᠷ ᠤᠨ ᠠᠵᠢᠯᠯᠠᠭ᠎ᠠ︾ ᠶᠢ ᠭᠦᠨᠵᠡᠭᠡᠶ ᠥᠷᠨᠢᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃
        ᠢᠷᠡᠯᠲᠡ᠄ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ