内蒙古自治区公安厅蒙古文网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠦᠬᠠᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠢᠭᠡᠨ ᠨᠠᠰᠤᠲᠠᠨ ᠢ ᠢᠳᠬᠠᠨ ᠬᠤᠷᠢᠭᠯᠠᠨ 12 ᠲᠦᠮᠡ ᠭᠠᠷᠤᠢ ᠲᠥᠭᠦᠷᠢᠭ ᠤᠨ ᠬᠤᠬᠢᠷᠠᠯ ᠠᠴᠠ ᠵᠠᠶᠢᠯᠠᠭᠤᠯᠪᠠ
        ᠨᠡᠶᠢᠲᠡᠯᠡᠭᠰᠡᠨ ᠴᠠᠭ᠄
        2023/2/1
             ᠡᠨᠡ ᠵᠢᠯ ᠤᠨ 1 ᠳ᠋ᠦ᠋ᠭᠡᠷ ᠰᠠᠷ᠎ᠠ ᠶᠢᠨ 10 ᠤ ᠡᠳᠦᠷ᠂ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠡᠬᠡᠯᠡᠯ ᠢ ᠡᠰᠡᠷᠭᠦᠴᠡᠬᠦ ᠲᠥᠪ ᠪᠠᠩᠬᠢ ᠶᠢᠨ ᠠᠵᠢᠯᠲᠠᠨ ᠤ ᠬᠡᠷᠡᠭ ᠤᠨ ᠮᠡᠳᠡᠭᠦᠯᠦᠯᠲᠡ ᠶᠢᠨ ᠤᠲᠠᠰᠤ ᠶᠢ ᠳᠤᠰᠤᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠮᠠᠰᠢ ᠲᠦᠷᠭᠡᠨ ᠢᠶᠠᠷ ᠬᠥᠳᠡᠯᠦᠯᠴᠡᠨ᠂ ᠣᠯᠠᠨ ᠲᠠᠯ᠎ᠠ ᠶᠢᠨ ᠬᠢᠨ ᠬᠤᠯᠪᠣᠭᠠᠯᠠᠵᠤ ᠪᠠᠶᠢᠭᠠᠳ ᠮᠡᠬᠡᠯᠡᠭᠴᠢᠳ ᠲᠠᠢ ︽ᠤᠷᠤᠯᠳᠤᠨ︾᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠤᠨ ᠡᠭᠦᠰᠬᠦ ᠶᠢ ᠠᠮᠵᠢᠯᠲᠠᠲᠠᠢ ᠬᠤᠷᠢᠭᠯᠠᠵᠤ᠂ ᠨᠠᠰᠤᠲᠠᠨ ᠤ 12 ᠲᠦᠮᠡ ᠭᠠᠷᠤᠢ ᠲᠥᠭᠦᠷᠢᠭ ᠤᠨ ᠬᠤᠬᠢᠷᠠᠯ ᠳᠤ ᠤᠴᠠᠷᠠᠬᠤ ᠠᠴᠠ ᠵᠠᠶᠢᠯᠠᠭᠤᠯᠪᠠ᠃
        微信图片_202301101836261.jpg
              1 ᠳ᠋ᠦ᠋ᠭᠡᠷ ᠰᠠᠷ᠎ᠠ ᠶᠢᠨ 10 ᠤ ᠡᠳᠦᠷ ᠤᠨ 12 ᠴᠠᠭ 49 ᠮᠢᠨᠦ᠋ᠲ ᠲᠤ᠂ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠡᠬᠡᠯᠡᠯ ᠢ ᠡᠰᠡᠷᠭᠦᠴᠡᠬᠦ ᠲᠥᠪ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠦᠬᠠᠢ ᠬᠤᠲᠠ ᠶᠢᠨ ᠴᠢᠩ ᠱᠠᠨ ᠵᠠᠮ ᠤᠨ ᠰᠠᠯᠪᠤᠷᠢ ᠪᠠᠩᠬᠢ ᠶᠢᠨ ᠠᠵᠢᠯᠲᠠᠨ ᠤ ᠬᠡᠷᠡᠭ ᠤᠨ ᠮᠡᠳᠡᠭᠦᠯᠦᠯᠲᠡ ᠶᠢ ᠲᠤᠰᠴᠤ᠂ ᠨᠢᠭᠡ ᠨᠠᠰᠤᠲᠠᠨ ᠵᠣᠭᠤᠰ ᠭᠤᠪᠢᠭᠤᠯᠬᠤ ᠬᠠᠭᠤᠳᠠᠰᠤ ᠲᠠᠭᠯᠠᠵᠤ ᠲᠠᠨᠢᠬᠤ ᠦᠭᠡᠢ ᠬᠥᠮᠥᠨ ᠳᠤ ᠲᠠᠩᠰᠠ ᠰᠢᠯᠵᠢᠭᠦᠯᠵᠦ ᠥᠭᠬᠦ ᠪᠠᠷ ᠪᠠᠶᠢᠨ᠎ᠠ ᠭᠡᠪᠡ᠃ ᠵᠣᠭᠤᠰ ᠤᠨ ᠲᠤᠭ᠎ᠠ ᠨᠢ ᠨᠡᠯᠢᠶᠡᠳ ᠶᠡᠭᠡ ᠪᠣᠯᠬᠤᠷ ᠨᠥᠭᠦᠭᠡ ᠡᠲᠡᠭᠡᠳ ᠨᠢ ᠪᠠᠰᠠ ᠳᠠᠬᠢᠨ ᠳᠠᠪᠲᠠᠨ ᠤᠲᠠᠰᠤ ᠢᠷᠡᠭᠦᠯᠵᠦ᠂ ᠨᠠᠰᠤᠲᠠᠨ  ᠢ ᠳᠠᠩᠰᠠ ᠰᠢᠯᠵᠢᠭᠦᠯᠬᠦ ᠶᠢ ᠱᠠᠭᠠᠷᠳᠠᠭᠰᠠᠨ ᠳᠤ ᠪᠠᠩᠬᠢ ᠶᠢᠨ ᠠᠵᠢᠯᠲᠠᠨ ᠰᠡᠵᠢᠭ ᠳᠦᠷᠦᠵᠦ᠂ ᠪᠠᠶᠢᠳᠠᠯ ᠢ ᠨᠢ ᠲᠣᠳᠣᠯᠠᠭᠠᠳ ᠳᠠᠬᠢᠨ ᠵᠣᠭᠤᠰ ᠭᠤᠪᠢᠭᠤᠯᠬᠤ ᠶᠢ ᠢᠳᠬᠠᠵᠠᠢ᠃ ᠨᠥᠭᠦᠭᠡ ᠡᠲᠡᠭᠡᠳ ᠨᠢ ᠬᠠᠷᠢᠨ ᠨᠠᠰᠤᠲᠠᠨ ᠢ ᠪᠠᠩᠬᠢ ᠠᠴᠠ ᠭᠠᠷᠤᠭᠠᠳ ᠪᠤᠰᠤᠳ ᠭᠠᠵᠠᠷ ᠲᠤ ᠳᠠᠩᠰᠠ ᠰᠢᠯᠵᠢᠭᠦᠯᠬᠦ ᠪᠠᠷ ᠬᠠᠭᠤᠷᠴᠤ᠂ ᠡᠨᠡ ᠦᠶ᠎ᠡ ᠳᠤ ᠠᠵᠢᠯᠲᠠᠳ ᠡᠭᠦᠨ ᠠᠴᠠ ᠡᠮᠦᠨ᠎ᠡ ᠠᠷᠠᠳ ᠤᠨ ᠴᠠᠭᠳᠠᠭ᠎ᠠ ᠶᠢᠨ ᠣᠯᠠᠨ ᠤᠳᠠᠭ᠎ᠠ ᠥᠷᠨᠢᠭᠦᠯᠦᠭᠰᠡᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢ ᠪᠤᠳᠤᠵᠤ ᠣᠯᠣᠭᠠᠳ ᠲᠡᠷᠡ ᠳᠠᠷᠤᠢ ᠳᠤ ᠨᠢ 96110 ᠤᠲᠠᠰᠤ ᠪᠠᠷ ᠮᠡᠬᠡᠯᠡᠯ ᠡᠰᠡᠷᠭᠦᠴᠡᠬᠦ ᠲᠥᠪ ᠠᠴᠠ ᠲᠤᠰᠠᠯᠠᠮᠵᠢ ᠭᠤᠶᠤᠵᠤ᠂ ᠴᠠᠭᠳᠠᠭᠠᠨ ᠤ ᠲᠠᠯ᠎ᠠ ᠶᠢᠨ ᠬᠢᠨ ᠲᠤᠬᠠᠢ ᠶᠢᠨ ᠲᠠᠯᠠᠪᠤᠷ ᠲᠤ ᠬᠦᠷᠴᠦ ᠢᠳᠬᠠᠨ ᠬᠤᠷᠢᠭᠯᠠᠬᠤ ᠶᠢ ᠬᠦᠰᠡᠵᠡᠢ᠃      ᠠᠷᠠᠳ ᠤᠨ ᠴᠠᠭᠳᠠᠭ᠎ᠠ ᠲᠤᠬᠠᠢ ᠶᠢᠨ ᠲᠠᠯᠠᠪᠠᠶ ᠳᠤ ᠬᠦᠷᠬᠦ ᠦᠶ᠎ᠡ ᠳᠤ ᠨᠠᠰᠤᠲᠠᠨ ᠨᠢᠭᠡᠨᠲᠡ 12 ᠲᠦᠮᠡᠨ ᠲᠥᠭᠦᠷᠢᠭ ᠤᠨ ᠵᠣᠭᠤᠰ ᠭᠤᠪᠢᠭᠤᠯᠬᠤ ᠬᠠᠭᠤᠳᠠᠰᠤ ᠶᠢ ᠲᠠᠭᠯᠠᠭᠰᠠᠨ ᠪᠠᠶᠢᠵᠤ᠂ ᠠᠷᠠᠳ ᠤᠨ ᠴᠠᠭᠳᠠᠭ᠎ᠠ ᠲᠡᠷᠡ ᠳᠠᠷᠤᠢ ᠳᠤ ᠨᠢ ᠨᠠᠰᠤᠲᠠᠨ ᠢ ᠢᠳᠬᠠᠨ ᠬᠤᠷᠢᠭᠯᠠᠪᠠ᠃ ᠬᠦᠯᠢᠴᠡᠩᠭᠦᠢ ᠪᠠᠷ ᠯᠠᠪᠯᠠᠨ ᠠᠰᠠᠭᠤᠬᠤ ᠪᠠᠷ ᠳᠡᠮᠵᠢᠨ ᠣᠶᠢᠯᠠᠭᠠᠵᠤ ᠮᠡᠳᠡᠭᠰᠡᠨ ᠨᠢ᠂ ᠨᠠᠰᠤᠲᠠᠨ ᠡᠨᠡ ᠥᠷᠯᠥᠭᠡ ᠥᠪᠡᠷ ᠤᠨ ᠬᠢᠨ ᠣᠮᠪᠣᠯᠣ ᠭᠡᠵᠦ ᠪᠠᠶᠢᠭ᠎ᠠ ᠬᠥᠮᠥᠨ ᠤ ᠤᠲᠠᠰᠤ ᠶᠢ ᠲᠤᠰᠴᠤ᠂ ᠨᠥᠭᠦᠭᠡ ᠡᠲᠡᠭᠡᠳ ᠨᠢ ᠥᠪᠡᠷ ᠢ ᠪᠠᠨ ᠬᠠᠤᠯᠢ ᠠᠴᠠ ᠵᠥᠷᠢᠴᠡᠨ ᠪᠠᠷᠢᠭᠳᠠᠵᠤ᠂ ᠪᠠᠴᠢᠮ ᠵᠣᠭᠤᠰ ᠬᠡᠷᠡᠭᠯᠡᠬᠦ ᠴᠢᠬᠤᠯᠠᠲᠠᠢ ᠪᠠᠶᠢᠨ᠎ᠠ ᠭᠡᠵᠦ᠂ ᠨᠠᠰᠤᠲᠠᠨ ᠢ ᠳᠠᠷᠤᠶᠢᠬᠠᠨ 12 ᠲᠦᠮᠡᠨ ᠲᠥᠭᠦᠷᠢᠭ ᠠᠷᠠᠳ ᠤᠨ ᠵᠣᠭᠤᠰ ᠭᠤᠪᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠥᠭᠡᠳ ᠡᠨᠡ ᠬᠦ ᠪᠠᠶᠢᠳᠠᠯ ᠢ ᠡᠴᠢᠭᠡ ᠡᠬᠡ ᠳᠤ ᠬᠡᠯᠡᠵᠦ ᠪᠣᠯᠬᠤ ᠦᠭᠡᠢ ᠭᠡᠵᠦ ᠵᠠᠬᠢᠭᠰᠠᠨ ᠪᠠᠶᠢᠨ᠎ᠠ᠃ ᠨᠠᠰᠤᠲᠠᠨ ᠦᠨᠡᠮᠰᠢᠭᠡᠳ ᠪᠠᠩᠬᠢ ᠶᠢᠨ ᠺᠠᠷᠲ᠂ ᠪᠡᠶ᠎ᠡ ᠶᠢᠨ ᠦᠨᠡᠮᠯᠡᠯ ᠢᠶᠠᠨ ᠠᠪᠤᠮᠠᠭᠴᠠ ᠪᠠᠩᠬᠢ ᠤᠷᠤᠭᠤ ᠵᠣᠷᠢᠪᠠ᠃ ᠵᠠᠮ ᠵᠠᠭᠤᠷ᠎ᠠ᠂ ᠨᠥᠭᠦᠭᠡ ᠡᠲᠡᠭᠡᠳ ᠨᠢ ᠨᠠᠰᠤᠲᠠᠨ ᠲᠠᠢ ᠦᠷᠭᠦᠯᠵᠢᠯᠡᠨ ᠤᠲᠠᠰᠤ ᠪᠠᠷ ᠶᠠᠷᠢᠯᠴᠠᠵᠤ᠂ ᠨᠠᠰᠤᠲᠠᠨ ᠢ ᠬᠥᠲᠥᠯᠥᠨ ᠵᠢᠯᠤᠭᠤᠳᠴᠤ ᠪᠠᠶᠢᠭᠠᠳ ᠠᠯᠢ ᠣᠯᠠᠨ ᠠᠵᠢᠯᠯᠠᠭ᠎ᠠ ᠬᠢᠯᠭᠡᠵᠡᠢ᠃ ᠠᠷᠠᠳ ᠤᠨ ᠴᠠᠭᠳᠠᠭ᠎ᠠ ᠠᠴᠠ ᠡᠨᠡ ᠪᠣᠯ ᠪᠡᠶ᠎ᠡ ᠶᠢᠨ ᠭᠠᠷᠤᠯ ᠢ ᠬᠠᠭᠤᠷᠮᠠᠭᠯᠠᠨ ᠮᠡᠬᠡᠯᠡᠬᠦ ᠲᠥᠷᠥᠯ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠮᠥᠨ ᠭᠡᠵᠦ ᠳᠠᠬᠢᠨ ᠳᠠᠪᠲᠠᠨ ᠢᠳᠬᠠᠭᠰᠠᠨ ᠪᠥᠭᠡᠳ ᠮᠡᠬᠡᠯᠡᠬᠦ ᠠᠷᠭ᠎ᠠ ᠪᠠᠷᠢᠯ ᠶᠢ ᠨᠠᠷᠢᠨ ᠵᠠᠳᠠᠯᠤᠭᠰᠠᠨ ᠤ ᠳ᠋ᠦᠩ ᠳᠤ ᠨᠠᠰᠤᠲᠠᠨ ᠰᠠᠶ᠋ᠢ ᠮᠡᠬᠡᠯᠡᠭᠳᠡᠬᠦ ᠰᠢᠬᠠᠭᠰᠠᠨ ᠢᠶᠠᠨ ᠰᠡᠷᠡᠵᠦ ᠮᠡᠳᠡᠭᠰᠡᠨ ᠪᠠᠶᠢᠨ᠎ᠠ᠃      ᠬᠡᠷᠡᠭ ᠤᠨ ᠳᠠᠷᠠᠭ᠎ᠠ᠂ ᠠᠷᠠᠳ ᠤᠨ ᠴᠠᠭᠳᠠᠭ᠎ᠠ ᠪᠠᠰᠠ 96110 ᠤᠲᠠᠰᠤ ᠪᠠᠷ ᠨᠠᠰᠤᠲᠠᠨ ᠪᠠ ᠦᠷ᠎ᠡ ᠬᠡᠦᠬᠡᠳ ᠲᠠᠢ ᠨᠢ ᠬᠠᠷᠢᠯᠴᠠᠵᠤ᠂ ᠮᠡᠬᠡᠯᠡᠯ ᠢ ᠡᠰᠡᠷᠭᠦᠴᠡᠬᠦ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠬᠡᠳᠦᠨ ᠵᠦᠢᠯ ᠤᠨ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠣᠯᠠᠨ ᠡᠭᠦᠰᠳᠡᠭ ᠬᠡᠷᠡᠭ ᠤᠨ ᠮᠡᠬᠡᠯᠡᠯ ᠤᠨ ᠠᠷᠭ᠎ᠠ ᠪᠠᠷᠢᠯ ᠢ ᠨᠠᠷᠢᠨ ᠲᠠᠶᠢᠯᠪᠤᠷᠢᠯᠠᠬᠤ ᠶᠢᠨ ᠬᠠᠮᠲᠤ ᠲᠡᠳᠡᠨ ᠢᠶᠠᠷ ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ APP ᠶᠢ ᠪᠠᠭᠤᠯᠭᠠᠨ ᠤᠭᠰᠠᠷᠠᠭᠤᠯᠵᠤ᠂ ︽ᠤᠲᠠᠰᠤ ᠢᠷᠡᠪᠡᠯ ᠤᠷᠢᠳᠴᠢᠯᠠᠨ ᠰᠡᠷᠡᠮᠵᠢᠯᠡᠭᠦᠯᠬᠦ︾ ᠵᠠᠭᠪᠤᠷ ᠢ ᠨᠡᠬᠡᠯᠭᠡᠵᠦ᠂ ᠨᠠᠰᠤᠲᠠᠨ ᠢ ᠥᠪᠡᠷ ᠤᠨ ᠵᠣᠭᠤᠰ ᠮᠥᠩᠭᠦ ᠰᠠᠶᠢᠨ ᠬᠠᠮᠠᠭᠠᠯᠠᠬᠤ ᠬᠡᠷᠡᠭᠲᠡᠢ ᠭᠡᠵᠦ ᠳᠠᠬᠢᠨᠲᠠ ᠰᠠᠨᠠᠭᠤᠯᠪᠠ᠃
        ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ