ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠂ ᠳᠣᠲᠣᠭᠠᠳᠤ ᠶᠢ ᠬᠠᠮᠠᠭᠠᠯᠠᠬᠤ | ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠬᠠᠮᠲᠤ ᠥᠯᠵᠡᠶᠢᠲᠦ ᠡᠳᠦᠷ ᠤᠨ ᠵᠥᠩᠨᠡᠯ ᠪᠠ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠢ | ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠦᠷᠭᠡᠬᠦ ᠶᠢᠨ ᠲᠥᠯᠥᠭᠡ᠂ 2 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠬᠠᠳᠠ | ᠬᠤᠲᠠ ᠶᠢᠨ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠪᠣᠷᠣᠬᠤᠲᠠ ᠶᠢᠨ ᠲᠣᠮᠢᠯᠠᠭᠰᠠᠨ ᠰᠠᠯᠪᠤᠷᠢ ᠳᠤ ᠢᠷᠡᠵᠦ ᠥᠯᠵᠡᠶᠢᠲᠦ | ᠡᠳᠦᠷ ᠤᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠦ ᠶᠢᠨ ᠭᠡᠰᠢᠭᠦᠨ | ᠰᠦᠨ ᠢᠦᠶ ᠵᠢᠶᠦ᠋ᠨ᠂ ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠲᠥᠷᠥ ᠶᠢᠨ ᠠᠵᠢᠯ ᠤᠨ ᠠᠯᠪᠠᠨ ᠬᠡᠷ ᠤᠨ ᠡᠷᠬᠢᠯᠡᠭᠴᠢ ᠯᠦᠸᠧ ᠬᠤᠩ ᠮᠧᠶ᠂ | ᠪᠣᠷᠣᠬᠤᠲᠠ ᠶᠢᠨ ᠲᠣᠮᠢᠯᠠᠭᠰᠠᠨ ᠰᠠᠯᠪᠤᠷᠢ ᠶᠢᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠲᠥᠯᠥᠭᠡᠯᠡᠭᠴᠢ | ᠲᠣᠰ ᠠᠵᠢᠯᠯᠠᠭ᠎ᠠ ᠳᠤ ᠣᠷᠣᠯᠴᠠᠵᠠᠶ᠃ | | | | ᠢᠷᠠᠭᠤ ᠰᠠᠶᠢᠬᠠᠨ ᠬᠥᠭ ᠠᠶᠠᠰ ᠤᠨ ᠳᠤᠮᠳᠠ᠂ ᠲᠣᠭᠯᠠᠯᠲᠠ ᠵᠢᠩᠬᠢᠨᠢ ᠪᠠᠷ ᠡᠬᠢᠯᠡᠪᠡ᠂ ᠤᠷᠮ᠎ᠠ ᠵᠣᠷᠢᠭ ᠬᠥᠭᠵᠢᠨ ᠪᠠᠳᠠᠷᠠᠩᠭᠤᠢ ᠳᠠᠭᠤᠤ ︽ᠮᠢᠨᠦ ᠠᠨᠳᠠ︾᠂ | ᠠᠶᠢᠵᠠᠮ ᠠᠶᠠᠰ ᠲᠠᠢ᠂ ᠭᠦᠨ ᠰᠠᠨᠠᠭ᠎ᠠ ᠠᠬᠤᠢ ᠲᠠᠢ ᠳᠠᠭᠤᠤ ︽ᠠᠮᠢᠳᠤᠷᠠᠯ ᠤᠨ ᠵᠠᠮ︾᠂ ᠴᠠᠭᠳᠠᠭ᠎ᠠ ᠶᠢᠨ ᠰᠦᠭ ᠰᠦᠨᠡᠰᠦ ᠶᠢ ᠴᠣᠭᠴᠠᠯᠠᠭᠰᠠᠨ᠂ ᠦᠨᠡᠨᠴᠢ | ᠰᠢᠳᠤᠷᠭᠤ ᠰᠢᠯᠦᠭ ᠤᠨ ᠤᠶᠠᠩᠭᠠᠯᠠᠯ ︽ᠠᠷᠠᠳ ᠤᠨ ᠴᠠᠭᠳᠠᠭ᠎ᠠ ᠶᠢᠨ ᠮᠠᠭᠲᠠᠭᠠᠯ ᠳᠠᠭᠤᠤ︾ ᠁ ᠭᠤᠶᠢᠳᠠ ᠰᠠᠶᠢᠬᠠᠨ ᠲᠣᠭᠯᠠᠯᠲᠠ ᠶᠢ ᠲᠠᠰᠤᠷᠠᠯᠲᠠ ᠦᠭᠡᠢ | ᠭᠠᠷᠭᠠᠵᠤ᠂ ᠲᠣᠭᠯᠠᠯᠲᠠ ᠳᠤ ᠣᠷᠣᠯᠴᠠᠭᠰᠠᠳ ᠪᠦᠬᠦ ᠰᠡᠳᠬᠢᠯ ᠢᠶᠠᠷ ᠢᠶᠠᠨ ᠣᠷᠣᠯᠴᠠᠵᠤ᠂ ᠠᠷᠠᠳ ᠠᠴᠠ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠤᠷᠮ᠎ᠠ ᠵᠣᠷᠢᠭ | ᠬᠥᠭᠵᠢᠨ᠂ ᠠᠭᠤᠷ ᠠᠮᠢᠰᠬᠤᠯ ᠣᠷᠭᠢᠯᠤᠮ᠎ᠠ ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ ᠨᠢᠵᠢᠭᠢᠨᠡᠪᠡ᠃ | | | | ᠬᠥᠲᠥᠯᠥᠭᠴᠢ ᠶᠢᠨ ᠲᠡᠭᠦᠰᠬᠡᠯ ᠤᠨ ᠦᠭᠡ ᠶᠢ ᠳᠠᠭᠠᠯᠳᠤᠨ᠂ ᠲᠣᠰ ᠤᠳᠠᠭᠠᠨ ᠤ ᠲᠣᠭᠯᠠᠯᠲᠠ ᠲᠡᠭᠦᠰ ᠠᠮᠵᠢᠯᠲᠠ ᠲᠠᠢ ᠦᠨᠳᠦᠷᠯᠡᠪᠡ᠃ ︽ᠡᠶᠢᠮᠦᠷᠬᠦ | ᠲᠣᠭᠯᠠᠯᠲᠠ ᠨᠢ ᠮᠠᠰᠢ ᠭᠤᠶᠢᠳᠠ ᠰᠠᠶᠢᠬᠠᠨ᠂ ᠤᠯᠠᠨ ᠲᠠᠢ ᠤᠢᠢᠷᠠᠳᠤᠯᠴᠠᠵᠤ᠂ ᠤᠯᠠᠨ ᠤ ᠡᠳᠦᠷ ᠳᠤᠳᠤᠮ ᠤᠨ ᠠᠵᠢᠯ ᠤᠨ ᠳᠠᠷᠤᠭᠠᠰᠤ ᠶᠢ ᠪᠦᠲᠦᠮᠵᠢᠲᠡᠢ | ᠬᠥᠩᠭᠡᠷᠡᠭᠦᠯᠪᠡ᠂ ᠪᠢᠳᠡ ᠯᠠᠪᠳᠠᠶ᠎ᠠ ᠬᠤᠰᠢᠭᠤᠨ ᠤ ᠨᠠᠮ ᠤᠨ ᠬᠤᠷᠢᠶ᠎ᠠ ᠶᠢᠨ ᠬᠠᠷᠠᠭᠠᠯᠵᠠᠯ ᠬᠠᠯᠠᠮᠵᠢᠯᠠᠯ ᠢ ᠯᠠᠪᠳᠠᠭᠤᠨ ᠪᠠᠲᠤᠲᠠᠢ ᠠᠵᠢᠯ ᠤᠨ ᠬᠥᠳᠡᠯᠭᠡᠬᠦ ᠬᠦᠴᠦᠨ | ᠪᠣᠯᠭᠠᠵᠤ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠪᠣᠯᠤᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠯ᠎ᠡ ᠲᠦᠷᠦᠯ ᠤᠨ ᠳᠣᠲᠣᠭᠠᠳᠤ ᠶᠢ ᠬᠠᠮᠠᠭᠠᠯᠠᠬᠤ | ᠠᠵᠢᠯ ᠳᠤ ᠣᠷᠣᠯᠴᠠᠵᠤ᠂ ᠨᠠᠮ ᠪᠣᠯᠤᠨ ᠠᠷᠠᠳ ᠲᠦᠮᠡᠨ ᠠᠴᠠ ᠣᠯᠭᠤᠭᠰᠠᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠢ︾ | ᠭᠡᠵᠦ ᠠᠷᠠᠳ ᠤᠨ ᠴᠠᠭᠳᠠᠭ᠎ᠠ ᠨᠠᠷ ᠬᠡᠯᠡᠵᠡᠭᠡᠪᠡ᠃ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠭᠴᠢ ᠴᠠᠭᠳᠠᠭ᠎ᠠ ᠨᠠᠷ ᠥᠩᠭᠡᠷᠡᠭᠰᠡᠨ ᠲᠠᠢ ᠪᠠᠨ ᠠᠳᠠᠯᠢ ᠪᠠᠷ ᠨᠢᠭᠡᠳᠦᠭᠡᠷ ᠹᠷᠣᠨᠲ ᠤᠨ | ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠶ᠎ᠠ ᠣᠷᠣᠨ ᠤ ᠪᠠᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ︽ᠬᠤᠶᠠᠷ ᠪᠠᠶᠠᠷ︾ | ᠤᠨ ᠬᠤᠭᠤᠴᠠᠭᠠᠨ ᠳᠠᠬᠢ ᠬᠠᠷᠢᠶ᠎ᠠ ᠣᠷᠣᠨ ᠤ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠪᠠ᠃ ᠤᠯᠠᠭᠠᠨᠬᠤᠲᠠ ᠬᠤᠲᠠ ᠶᠢᠨ | ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠤᠨ ᠭᠡᠰᠢᠭᠦᠳ ᠤᠷᠠᠨ ᠰᠠᠶᠢᠬᠠᠨ ᠤ ᠲᠣᠭᠯᠠᠯᠲᠠ ᠶᠢᠨ ᠬᠡᠯᠪᠡᠷᠢ ᠪᠠᠷ ᠨᠢᠭᠡᠳᠦᠭᠡᠷ | ᠹᠷᠣᠨᠲ ᠲᠤ ᠠᠵᠢᠯᠯᠠᠵᠤ ᠪᠠᠶᠢᠭ᠎ᠠ ᠳᠠᠶᠢᠴᠢᠨ ᠨᠥᠬᠦᠳ ᠲᠡᠭᠡᠨ ᠬᠦᠨᠳᠦᠳᠬᠡᠯ ᠳᠡᠪᠰᠢᠭᠦᠯᠬᠦ ᠶᠢᠨ ᠬᠠᠮᠲᠤ ᠬᠠᠮᠤᠭ ᠤᠨ ᠰᠠᠶᠢᠨ ᠰᠠᠶᠢᠬᠠᠨ ᠢ ᠬᠦᠰᠡᠨ ᠵᠥᠩᠨᠡᠪᠡ︕ |