内蒙古自治区公安厅蒙古文网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 2022 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠵᠥᠪᠯᠡᠨ ᠲᠣᠭᠲᠠᠭᠠᠬᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
        ᠨᠡᠶᠢᠲᠡᠯᠡᠭᠰᠡᠨ ᠴᠠᠭ᠄
        2023/2/9
              ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ  ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠨᠠᠢᠢᠳᠠᠪᠦᠷᠢᠵᠢᠭᠤᠯᠬᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠠᠲᠤᠳᠬᠠᠬᠤ ᠶᠢᠨ ᠲᠥᠯᠥᠭᠡ᠂ 1 ᠳ᠋ᠦ᠋ᠭᠡᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 2022 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠳᠡᠳ᠋ ᠱᠦᠵᠢ᠂ ᠲᠢᠩᠬᠢᠮ ᠤᠨ ᠪᠠᠶᠢᠩᠭᠤ ᠶᠢᠨ ᠳᠡᠳ᠋ ᠳᠠᠷᠤᠭ᠎ᠠ ᠯᠢᠦ ᠬᠤᠩ᠂ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠮᠠ ᠢ᠂ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠸᠠᠩ ᠪᠢᠨ ᠲᠣᠰ ᠲᠣᠰ ᠦᠨᠡᠯᠡᠯᠲᠡ ᠬᠢᠪᠠ᠃
        1.jpg
              ᠬᠤᠷᠠᠯ ᠠᠴᠠ᠂ 2022 ᠣᠨ ᠳᠤ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠲᠠᠰᠤᠷᠠᠯᠲᠠ ᠥᠬᠡᠶ ᠴᠢᠩᠭᠠᠳᠬᠠᠨ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠳᠣᠲᠣᠭᠠᠳᠤ ᠶᠢ ᠬᠠᠮᠠᠭᠠᠯᠠᠬᠤ ᠠᠵᠢᠯ ᠤᠨ ᠡᠯ᠎ᠡ ᠲᠠᠯ᠎ᠠ ᠶᠢᠨ ᠪᠥᠬᠦ ᠶᠠᠪᠤᠴᠠ ᠳᠤ ᠦᠨᠡᠨ ᠬᠦ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠤᠯᠤᠰ ᠲᠥᠷᠥ ᠶᠢᠨ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠨᠭᠭᠠᠪᠠ ᠃ ᠨᠢᠭᠡ ᠳᠤ᠂ ᠨᠠᠮ ᠤᠨ ᠪᠠᠶᠢᠭᠤᠯᠤᠯᠲᠠ ᠶᠢ ᠶᠡᠷᠦᠩᠬᠡᠶᠢᠯᠡᠨ ᠵᠠᠬᠢᠷᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠪᠠᠶᠢᠭᠤᠯᠤᠯᠲᠠ ᠶᠢ ᠰᠢᠨ᠎ᠡ ᠪᠠᠷ ᠴᠢᠩᠭᠠᠳᠬᠠᠪᠠ᠃ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ᠂ ᠱᠦᠵᠢ ᠶᠢᠨ ᠨᠢᠭᠡᠳᠦᠭᠡᠷ ᠬᠠᠷᠢᠭᠤᠴᠠᠯᠭ᠎ᠠ ᠪᠠ ᠪᠠᠭ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠴᠢᠩᠭ᠎ᠠ ᠠᠳᠬᠤᠵᠤ᠂ ︽ᠨᠢᠭᠡᠳᠦᠭᠡᠷ ᠵᠥᠪᠯᠡᠬᠦ ᠰᠡᠳᠦᠪ︾᠂ ︽ᠭᠤᠷᠪᠠᠨ ᠬᠠᠭᠤᠳᠠᠰᠤ ᠲᠦᠷᠪᠡᠨ ᠪᠢᠴᠢᠭ ᠬᠤᠶᠠᠷ ᠮᠡᠳᠡᠭᠦᠯᠦᠯᠲᠡ︾ ᠵᠡᠷᠭᠡ  ᠲᠦᠷᠢᠮ  ᠤᠨ  ᠵᠢᠷᠤᠮᠵᠢᠯ  ᠢ  ᠴᠢᠩᠭ᠎ᠠ  ᠬᠡᠷᠡᠭᠵᠢᠭᠦᠯᠦᠨ᠂ ︽ᠪᠦᠬᠦᠨ ᠢ ᠬᠠᠮᠤᠷᠬᠤ ᠮᠠᠶ᠋ᠢᠭ︾ ᠤᠨ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠯ ᠢ ᠥᠷᠨᠢᠭᠦᠯᠵᠦ᠂ ᠴᠠᠭᠳᠠᠭ᠎ᠠ ᠶᠢᠨ ᠰᠦᠭ ᠰᠦᠨᠡᠰᠦ ᠶᠢ ᠤᠯᠠᠮ ᠨᠢᠭᠡ ᠠᠯᠬᠤᠮ ᠪᠠᠲᠤᠳᠬᠠᠨ᠎ᠠ᠃ ᠬᠤᠶᠠᠷ ᠲᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠪᠠ᠃ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ᠂ ᠱᠠᠳᠤ ᠬᠤᠪᠢᠶᠠᠨ ᠲᠦᠷᠦᠯ ᠬᠤᠪᠢᠶᠠᠨ ᠵᠢᠯᠣᠭᠤᠳᠬᠤ ᠶᠢ ᠥᠷᠨᠢᠭᠦᠯᠬᠦ ᠵᠡᠷᠭᠡ ᠲᠠᠯ᠎ᠠ ᠪᠠᠷ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠵᠤ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠭᠦᠢᠴᠡᠳᠬᠡᠬᠦ ᠳᠦᠷᠢᠮᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ︽ᠶᠡᠷᠦᠩᠬᠡᠶ ᠳᠤ ᠨᠢ ᠠᠬᠢᠭᠤᠯᠵᠤ᠂ ᠬᠥᠳᠡᠯᠦᠩᠭᠦᠶ ᠪᠠᠷ ᠳᠣᠭᠢᠷᠠᠭᠤᠯᠤᠨ᠂ ᠲᠠᠰᠤᠷᠠᠯᠲᠠ ᠥᠬᠡᠶ ᠰᠢᠯᠢᠳᠡᠭᠵᠢᠭᠦᠯᠬᠦ︾ ᠰᠡᠳᠬᠢᠮᠵᠢ ᠶᠢ ᠪᠠᠷᠢᠮᠲᠠᠯᠠᠵᠤ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠢ ᠡᠭᠦᠳᠦᠨ ᠪᠠᠶᠢᠭᠤᠯᠵᠤ ᠳᠠᠬᠢᠨ ᠬᠢᠨᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠎ᠠ᠃ ᠴᠢᠬᠤᠯᠠ ᠶᠡᠭᠡ ᠡᠭᠦᠷᠭᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠡᠬᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠴᠢᠬᠤᠯᠠ ᠶᠡᠭᠡ ᠡᠭᠦᠷᠭᠡ ᠶᠢᠨ ᠳᠤᠮᠳᠠ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠢᠯᠡᠷᠡᠭᠦᠯᠪᠡ᠃ ᠭᠤᠷᠪᠠ ᠳᠤ᠂ ᠦᠨᠳᠦᠰᠦᠨ ᠱᠠᠲᠤ ᠶᠢ ᠶᠡᠭᠡ ᠪᠠᠷ ᠠᠳᠬᠤᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠰᠢᠨ᠎ᠡ ᠬᠥᠭᠵᠢᠯᠲᠡ ᠲᠠᠢ ᠪᠣᠯᠪᠠ᠃ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠷᠤᠮᠵᠢᠭᠰᠠᠨ ᠪᠠᠶᠢᠭᠤᠯᠤᠯᠲᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠭᠤᠯᠭ᠎ᠠ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ᠂ ᠬᠤᠭᠤᠴᠠᠭ᠎ᠠ ᠰᠣᠯᠢᠬᠤ ᠰᠣᠩᠭᠤᠭᠤᠯᠢ ᠪᠠ ᠭᠡᠰᠢᠭᠦᠨ ᠢ ᠨᠡᠮᠡᠵᠦ ᠨᠥᠬᠦᠪᠥᠷᠢᠯᠡᠬᠦ ᠶᠢ ᠪᠡᠶᠡᠯᠡᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠷᠤᠮᠵᠢᠭᠰᠠᠨ ᠪᠠᠶᠢᠭᠤᠯᠤᠯᠲᠠ ᠶᠢᠨ ᠬᠢᠷᠢ ᠲᠦᠪᠰᠢᠨ ᠢ ᠬᠦᠴᠦᠲᠡᠶ ᠳᠠᠶᠢᠴᠢᠯᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠴᠢᠩᠭ᠎ᠠ ᠰᠣᠩᠭᠤᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠭ ᠢ ᠴᠢᠩᠭ᠎ᠠ ᠪᠠᠶᠢᠭᠤᠯᠤᠨ᠂ ᠬᠥᠨᠳᠡᠯᠡᠨ ᠢᠶᠠᠷ ᠪᠠᠶᠢᠭᠤᠯᠭ᠎ᠠ ᠶᠢ ᠠᠳᠬᠤᠬᠤ᠂ ᠭᠤᠯᠳᠤ ᠪᠠᠷ ᠰᠢᠰᠲ᠋ᠧᠮ ᠢ ᠠᠳᠬᠤᠬᠤ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠪᠠ᠃ ᠲᠦᠷᠪᠡ ᠳᠤ᠂ ᠴᠢᠩᠭ᠎ᠠ ᠬᠠᠮᠢᠶᠠᠷᠴᠤ ᠭᠦᠨ ᠬᠠᠶᠢᠷᠠᠯᠠᠬᠤ ᠶᠢ ᠪᠠᠷᠢᠮᠲᠠᠯᠠᠵᠤ᠂ ᠡᠩᠨᠡᠭᠡᠨ ᠤ ᠪᠠᠶᠢᠭᠤᠯᠤᠯᠲᠠ ᠳᠤ ᠰᠢᠨ᠎ᠡ ᠪᠠᠶᠢᠳᠠᠯ ᠲᠠᠢ ᠪᠣᠯᠪᠠ᠃ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠪᠠᠷ ᠳᠠᠮᠵᠢᠭᠤᠯᠤᠨ᠂ ᠠᠰᠠᠭᠤᠳᠠᠯ ᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠬᠤ ᠬᠡᠷᠡᠭᠲᠡᠶ᠃ ︽ᠠᠷᠢᠭᠤᠨ ᠴᠢᠬᠡᠴᠢ ᠰᠣᠶᠣᠯ ᠤᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠡᠷᠬᠢᠯᠡᠵᠦ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠰᠡᠷᠡᠮᠵᠢᠯᠡᠭᠦᠯᠬᠦ ᠲᠠᠩᠭᠠᠷᠢᠭ︾ ᠢ ᠵᠢᠷᠤᠭᠯᠠᠪᠠ᠃ 7 ᠲᠠᠯ᠎ᠠ ᠶᠢᠨ 23 ᠵᠤᠷᠪᠤᠰ ᠴᠠᠭᠳᠠᠭ᠎ᠠ ᠶᠢ ᠬᠠᠶᠢᠷᠠᠯᠠᠵᠤ ᠴᠠᠭᠳᠠᠭ᠎ᠠ ᠶᠢ ᠬᠠᠯᠠᠮᠵᠢᠯᠠᠬᠤ ᠪᠣᠳᠠᠲᠠᠶ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠵᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠡᠪᠡᠳᠴᠢᠨ ᠦᠵᠡᠭᠦᠯᠬᠦ ᠶᠢ ᠲᠦᠷᠭᠡᠨ ᠡᠮᠨᠡᠨ ᠵᠠᠰᠠᠬᠤ ︽ᠰᠠᠭᠠᠳ ᠥᠬᠡᠶ ᠨᠡᠪᠲᠡᠷᠡᠬᠦ ᠵᠠᠮ︾ ᠢ ᠬᠠᠮᠲᠤᠷᠠᠨ ᠪᠠᠶᠢᠭᠤᠯᠵᠤ᠂ ᠠᠷᠠᠳ ᠤᠨ ᠴᠠᠭᠳᠠᠭ᠎ᠠ ᠶᠢᠨ ᠪᠡᠶ᠎ᠡ ᠶᠢᠨ ᠪᠠᠶᠢᠴᠠᠭᠠᠯᠲᠠ ᠶᠢᠨ ᠲᠦᠷᠢᠮ ᠪᠠ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠲᠡᠭᠦᠯᠳᠡᠷᠵᠢᠭᠦᠯᠦᠨ᠂ ᠡᠷᠲᠡ ᠠᠴᠠ ᠰᠡᠷᠭᠡᠶᠢᠯᠡᠬᠦ᠂ ᠡᠷᠲᠡ ᠠᠴᠠ ᠰᠠᠨᠠᠭᠤᠯᠬᠤ᠂ ᠡᠷᠲᠡ ᠠᠴᠠ ᠬᠠᠯᠠᠮᠵᠢᠯᠠᠬᠤ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
        2.jpg
              ᠬᠤᠷᠠᠯ ᠠᠴᠠ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠴᠢᠬᠤᠯᠠ ᠶᠡᠭᠡ ᠬᠠᠷᠢᠭᠤᠴᠠᠯᠭ᠎ᠠ ᠲᠠᠢ ᠶᠤᠮ᠃ ︽ᠱᠦᠵᠢ ᠨᠢ ᠠᠳᠬᠤᠵᠤ᠂ ᠱᠦᠵᠢ ᠶᠢ ᠠᠳᠬᠤᠬᠤ︾ ᠶᠢ ᠪᠠᠷᠢᠮᠲᠠᠯᠠᠵᠤ᠂ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠲᠦᠷᠢ ᠲᠥᠷᠬᠦ ᠶᠢ ᠪᠤᠢ ᠪᠣᠯᠭᠠᠬᠤ︾ ᠲᠤᠰᠬᠠᠶ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠡᠯ᠎ᠡ ᠵᠦᠢᠯ ᠤᠨ ᠠᠵᠢᠯ ᠢᠶᠠᠨ ᠨᠡᠩ ᠦᠷ᠎ᠡ ᠪᠦᠲᠦᠮᠵᠢᠲᠡᠶ ᠪᠠᠷ ᠰᠠᠶᠢᠲᠤᠷ ᠬᠢᠬᠦ ᠬᠡᠷᠡᠭᠲᠡᠶ᠃ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠥᠬᠦᠷᠡᠰᠢ ᠥᠬᠡᠶ ᠠᠬᠢᠭᠤᠯᠵᠤ᠂ ︽ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ︾ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠤᠯᠠᠨ ᠡᠰᠢᠲᠦ ᠰᠤᠷᠤᠯᠴᠠᠯᠭ᠎ᠠ ᠶᠢᠨ ᠲᠦᠷᠢᠮ ᠢ ᠪᠠᠶᠢᠭᠤᠯᠵᠤ᠂ ᠤᠯᠤᠰ ᠲᠦᠷᠦ ᠶᠢᠨ ᠴᠢᠳᠠᠪᠤᠷᠢ ᠪᠠᠨ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ︽ᠶᠡᠭᠡ ᠪᠠᠷ ᠪᠠᠶᠢᠴᠠᠭᠠᠬᠤ᠂ ᠶᠡᠭᠡ ᠪᠠᠷ ᠰᠤᠳᠤᠯᠬᠤ᠂ ᠶᠡᠭᠡ ᠪᠠᠷ ᠴᠡᠭᠴᠡᠯᠡᠬᠦ︾ ᠶᠢ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ ᠳᠤ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠢᠰᠲ᠋ᠧᠮ ᠲᠠᠢ ᠰᠤᠳᠤᠯᠵᠤ᠂ ᠳᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠬᠦ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠢᠮᠠᠭᠲᠠ ᠪᠠᠷᠢᠮᠲᠠᠯᠠᠵᠤ᠂ ᠬᠥᠮᠦᠵᠢᠯ ᠴᠡᠭᠴᠡᠯᠡᠯᠲᠡ ᠶᠢᠨ ᠦᠷ᠎ᠡ ᠪᠦᠳᠦᠮᠵᠢ ᠵᠢ ᠪᠠᠬᠢᠵᠢᠭᠦᠯᠦᠨ ᠭᠦᠨᠵᠡᠭᠡᠶᠢᠷᠡᠭᠦᠯᠵᠦ᠂ ︽ᠭᠤᠷᠪᠠᠨ ᠢᠯᠵᠠᠷᠠᠬᠤ ᠦᠭᠡᠢ︾ ᠶᠢ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠨ᠂ ᠰᠠᠬᠢᠯᠭ᠎ᠠ ᠪᠠᠲᠤ ᠶᠢᠨ ᠬᠠᠲᠠᠭᠤ ᠬᠡᠷᠡᠭᠵᠢᠭᠦᠯᠦᠯᠲᠡ ᠶᠢ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠵᠤ ᠠᠵᠢᠯ ᠦᠢᠯᠡᠰ ᠪᠦᠲᠦᠭᠡᠬᠦ ᠳᠡᠭᠡᠷ᠎ᠡ ᠬᠦᠴᠦ ᠲᠠᠯᠪᠢᠵᠤ᠂ ᠪᠦᠬᠦ ᠴᠠᠭᠳᠠᠭ᠎ᠠ ᠶᠢᠨ ᠠᠵᠢᠯ ᠬᠢᠵᠦ ᠠᠳᠠᠯ ᠦᠢᠯᠡᠰ ᠴᠣᠭᠴᠠᠯᠠᠬᠤ ᠴᠤᠭ ᠰᠦᠯᠳᠡ ᠶᠢ ᠬᠥᠭᠵᠢᠭᠡᠬᠦ ᠬᠡᠷᠡᠭᠲᠡᠶ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ︽ᠭᠤᠷᠪᠠᠨ ᠱᠠᠳᠤ ᠲᠠᠪᠤᠨ ᠠᠵᠢᠯ ᠤᠨ ᠪᠠᠶᠢᠷᠢ︾ ᠶᠢᠨ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠵᠠᠳᠠᠯᠤᠨ ᠰᠤᠳᠤᠯᠵᠤ ᠮᠠᠭᠠᠳᠯᠠᠬᠤ ᠪᠠ ᠰᠢᠯᠭᠠᠨ ᠦᠨᠡᠯᠡᠬᠦ ᠲᠣᠭᠲᠠᠴᠠ ᠶᠢ ᠪᠦᠷᠢᠨᠰᠢᠬᠦᠯᠵᠦ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠳᠠᠯᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠳᠦᠷᠢᠮᠵᠢᠯᠲᠡ ᠵᠢᠷᠤᠮᠵᠢᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
        ᠢᠷᠡᠯᠲᠡ᠄ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ