2022 ᠣᠨ ᠤ 12 ᠳ᠋ᠤᠭᠠᠷ ᠰᠠᠷ᠎ᠠ ᠶᠢᠨ 5 ᠤ ᠰᠥᠨᠢ᠂ ᠦᠷᠭᠦᠯᠵᠢᠯᠡᠨ ᠴᠠᠰᠤ ᠤᠷᠤᠭᠰᠠᠨ ᠠᠴᠠ ᠪᠣᠯᠵᠣ᠂ ᠬᠥᠯᠥᠨ ᠪᠤᠶᠢᠷ ᠬᠤᠲᠠ ᠶᠢᠨ ᠬᠠᠭᠤᠴᠢᠨ | ᠪᠠᠷᠭᠤ ᠬᠤᠰᠢᠭᠤᠨ ᠤ ᠪᠠᠷᠠᠭᠤᠨ ᠦᠵᠦᠭᠦᠷ ᠠᠴᠠ ᠬᠦᠷᠢᠶᠡᠲᠦ ᠬᠥᠷᠬᠦ ᠵᠢᠵᠢᠭ ᠵᠠᠰᠠᠮᠠᠯ ᠵᠠᠮ ᠳᠡᠭᠡᠷ᠎ᠡ ᠴᠠᠰᠤ ᠬᠤᠷᠠᠨ ᠮᠥᠰᠥ ᠬᠥᠯᠳᠡᠵᠦ᠂ ᠨᠠᠭᠠᠰᠢ ᠴᠠᠭᠠᠰᠢ | ᠥᠩᠭᠡᠷᠡᠬᠦ ᠲᠡᠷᠭᠡᠨ ᠤ ᠠᠮᠤᠷ ᠲᠦᠪᠰᠢᠨ ᠢ ᠶᠡᠭᠡ ᠪᠠᠷ ᠨᠥᠯᠥᠭᠡᠯᠡᠨ᠂ ᠲᠡᠷᠭᠡ ᠬᠥᠰᠬᠡ ᠨᠡᠪᠲᠡᠷᠡᠬᠦ ᠳᠤ ᠰᠠᠭᠠᠳ ᠤᠴᠠᠷᠠᠭᠰᠠᠨ ᠠᠴᠠ ᠬᠥᠯᠥᠨ ᠪᠤᠶᠢᠷ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠠᠭᠤᠴᠢᠨ ᠪᠠᠷᠭᠤ ᠬᠤᠰᠢᠭᠤᠨ ᠤ ᠶᠡᠭᠡ ᠠᠩᠭᠢ | ᠴᠠᠭ ᠠᠭᠤᠷ ᠤᠨ ᠪᠠᠶᠢᠳᠠᠯ ᠮᠠᠭᠤ ᠪᠣᠯᠤᠭᠰᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠷᠦ᠋ᠢᠬᠠᠨ ᠡᠬᠢᠯᠡᠨ ᠬᠡᠷᠡᠭᠵᠢᠭᠦᠯᠵᠦ᠂ ᠵᠠᠮ ᠳᠡᠭᠡᠷᠡᠬᠢ | ᠴᠠᠭᠳᠠᠨ ᠪᠠᠶᠢᠴᠠᠭᠠᠯᠲᠠ ᠪᠠᠨ ᠴᠢᠩᠭᠠᠳᠬᠠᠪᠠ᠃ | | | | ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠵᠢᠵᠢᠭ ᠵᠠᠰᠠᠮᠠᠯ ᠵᠠᠮ ᠢᠶᠠᠷ ᠲᠣᠭᠤᠷᠢᠨ ᠴᠠᠭᠳᠠᠬᠤ ᠳᠤ᠂ ᠵᠠᠮ ᠤᠨ ᠭᠠᠳᠠᠷᠭᠤ ᠳᠤ ᠴᠠᠰᠤ ᠶᠡᠭᠡ ᠬᠤᠷᠠᠵᠤ᠂ ᠵᠠᠮ | ᠳᠡᠭᠡᠷ᠎ᠡ ᠮᠥᠰᠥ ᠬᠥᠯᠳᠡᠬᠦ ᠦᠵᠡᠭᠳᠡᠯ ᠭᠠᠷᠤᠭᠰᠠᠨ ᠪᠥᠭᠡᠳ ᠦᠵᠡᠭᠳᠡᠴᠡ ᠨᠢ 15 ᠮᠧᠲᠷ ᠬᠥᠷᠬᠦ ᠥᠬᠡᠶ ᠠᠴᠠ ᠪᠣᠯᠵᠣ᠂ ᠲᠡᠷᠭᠡ ᠬᠥᠰᠬᠡ ᠬᠠᠰᠢᠭᠳᠠᠵᠤ᠂ ᠠᠪᠤᠷᠠᠨ | ᠲᠤᠰᠠᠯᠠᠬᠤ ᠳᠤ ᠮᠠᠰᠢ ᠬᠦᠴᠢᠷᠲᠡᠶ ᠢ ᠣᠶᠢᠯᠠᠭᠠᠪᠠ᠃ | ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠵᠢᠵᠢᠭᠦᠷ ᠤᠨ ᠠᠷᠠᠳ ᠤᠨ ᠴᠠᠭᠳᠠᠭ᠎ᠠ ᠬᠦᠷᠵᠡ ᠪᠠᠷ | ᠬᠤᠷᠠᠭᠰᠠᠨ ᠴᠠᠰᠤ ᠶᠢ ᠴᠡᠪᠡᠷᠯᠡᠵᠦ᠂ ᠬᠥᠮᠦᠨ ᠤ ᠬᠦᠴᠦ ᠪᠠᠷ ᠲᠡᠷᠭᠡ ᠲᠦᠯᠬᠢᠵᠦ᠂ ᠳᠣᠯᠣᠭᠠᠨ ᠴᠠᠭ ᠬᠠᠭᠠᠰ ᠤᠨ ᠠᠪᠤᠷᠠᠯᠳᠠ ᠬᠢᠬᠦ ᠪᠠᠷ ᠳᠠᠮᠵᠢᠭᠠᠳ ᠬᠠᠰᠢᠭᠳᠠᠭᠰᠠᠨ | ᠲᠡᠷᠭᠡ ᠪᠣᠯᠤᠨ ᠬᠥᠮᠦᠰ ᠢ ᠪᠦᠬᠦᠨ ᠢᠶᠠᠷ ᠨᠢ ᠠᠪᠤᠷᠠᠨ ᠭᠠᠷᠭᠠᠵᠠᠶ᠃ ᠲᠡᠷᠭᠡ ᠬᠡᠪ ᠤᠨ ᠶᠣᠰᠣᠭᠠᠷ ᠨᠡᠪᠲᠡᠷᠡᠵᠦ ᠪᠣᠯᠬᠤ ᠶᠢ ᠪᠠᠶᠢᠴᠠᠭᠠᠨ ᠳᠣᠲᠣᠯᠠᠵᠤ᠂ ᠠᠷᠠᠳ ᠤᠨ | ᠴᠠᠭᠳᠠᠭ᠎ᠠ ᠦᠷᠭᠦᠯᠵᠢᠯᠡᠨ ᠲᠣᠭᠤᠷᠢᠨ ᠴᠠᠭᠳᠠᠪᠠ᠃ | | ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠨᠠᠭᠤᠯᠤᠮᠵᠢ᠄ | ᠴᠠᠰᠤ ᠲᠠᠢ ᠡᠳᠦᠷ ᠵᠠᠮ ᠳᠡᠭᠡᠷ᠎ᠡ ᠠᠮᠠᠷᠬᠠᠨ ᠮᠥᠰᠥ ᠬᠥᠯᠳᠡᠨ᠎ᠡ᠂ ᠲᠡᠷᠭᠡᠨ ᠤ ᠬᠤᠷᠳᠤᠴᠠ ᠶᠢ ᠬᠢᠵᠠᠭᠠᠷᠯᠠᠵᠤ᠂ ᠠᠮᠤᠷ ᠲᠦᠪᠰᠢᠨ ᠤ ᠵᠠᠶ ᠶᠢ ᠪᠠᠲᠤᠯᠠᠵᠤ᠂ | ᠪᠣᠯᠭᠤᠮᠵᠢᠲᠠᠶ ᠠᠭᠠᠵᠢᠮ ᠶᠠᠪᠤᠵᠤ᠂ ᠠᠶᠤᠯ ᠲᠤᠯᠭᠠᠷᠠᠪᠠᠯ ᠳᠠᠷᠦ᠋ᠢᠬᠠᠨ ᠴᠠᠭᠳᠠᠭ᠎ᠠ ᠳᠤ ᠮᠡᠳᠡᠭᠦᠯᠦᠭᠡᠷᠡᠶ᠃ |