内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ
        ᠨᠡᠶᠢᠲᠡᠯᠡᠭᠰᠡᠨ ᠴᠠᠭ᠄
        2020/10/21
             ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠶᠠᠮᠤᠨ ᠵᠥᠪᠯᠡᠯ᠂ ᠰᠢᠭᠤᠳ ᠬᠠᠷᠢᠶ᠎ᠠ ᠪᠠᠶᠢᠭᠤᠯᠤᠮᠵᠢ ᠨᠤᠭᠤᠳ ᠲᠤ᠄      ᠬᠥᠳᠡᠭᠡ ᠲᠣᠰᠬᠤᠨ ᠤ ᠵᠠᠰᠠᠮᠠᠯ ᠵᠠᠮ ᠪᠣᠯ ᠲᠠᠷᠢᠶᠠᠯᠠᠩ᠂ ᠬᠥᠳᠡᠭᠡ ᠲᠣᠰᠬᠤᠨ᠂ ᠲᠠᠷᠢᠶᠠᠴᠢᠨ ᠳᠤ ᠦᠢᠯᠡᠴᠢᠯᠡᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠲᠥᠬᠦᠭᠡᠷᠦᠮᠵᠢ ᠮᠥᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠ ᠭᠠᠷᠳᠠᠴᠠ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠨᠢ ᠬᠥᠳᠡᠭᠡ ᠲᠣᠰᠬᠤᠨ ᠤ ᠵᠠᠰᠠᠮᠠᠯ ᠵᠠᠮ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠳᠦᠷᠪᠡᠨ ᠰᠠᠶᠢᠨ ᠬᠥᠳᠡᠭᠡ ᠲᠤᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠳᠤ ᠤᠯᠠᠨ ᠤᠳᠠᠭ᠎ᠠ ᠴᠢᠬᠤᠯᠠ ᠪᠠᠶᠢᠷᠢᠯᠠᠭᠤᠯᠤᠯᠲᠠ ᠬᠢᠪᠡ᠃ ︽ᠳᠦᠷᠪᠡᠨ ᠰᠠᠶᠢᠨ ᠬᠥᠳᠡᠭᠡ ᠲᠤᠰᠬᠤᠨ ᠤ ᠵᠠᠮ︾ ᠤᠨ ᠠᠵᠢᠯ ᠤᠨ ᠳᠤᠮᠳᠠ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠬᠤ ᠶᠢᠨ ᠳᠤᠲᠠᠭᠤᠳᠠᠯ ᠤᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠥᠷᠭᠡᠳᠬᠡᠨ ᠪᠠᠶᠢᠭᠤᠯᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ  ᠪᠠᠷ ᠵᠥᠪᠰᠢᠶᠡᠷᠡᠭᠦᠯᠦᠭᠡᠳ᠂ ᠡᠳᠦᠭᠡ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠣᠤᠷᠠᠬᠢ ᠮᠡᠲᠦ ᠰᠠᠨᠠᠯ ᠢ ᠳᠤᠷᠠᠳᠪᠠ᠄      ᠨᠢᠭᠡ᠂ ᠶᠡᠷᠦᠩᠬᠡᠶ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ︽ᠳᠦᠷᠪᠡᠨ ᠰᠠᠶᠢᠨ ᠬᠥᠳᠡᠭᠡ ᠲᠤᠰᠬᠤᠨ ᠤ ᠵᠠᠮ︾ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠ ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠲᠠᠢ ᠨᠢᠭᠲᠠ ᠤᠶᠠᠯᠳᠤᠭᠤᠯᠤᠨ᠂ ᠶᠠᠰᠤ ᠴᠢᠨᠠᠷ ᠢᠶᠠᠷ ᠦᠨᠳᠦᠰᠦ ᠪᠣᠯᠭᠠᠬᠤ᠂ ᠠᠮᠤᠷ ᠲᠦᠪᠰᠢᠨ ᠢ ᠳᠡᠭᠡᠳᠦᠯᠡᠬᠦ᠂ ᠪᠠᠶᠢᠭᠠᠯᠢᠯᠢᠭ ᠡᠶ᠎ᠡ ᠵᠣᠬᠢᠴᠠᠩᠭᠤᠶ ᠪᠠ ᠪᠣᠬᠢᠷᠲᠤᠯ ᠥᠬᠡᠶ ᠬᠥᠭᠵᠢᠯᠲᠡ ᠪᠠᠷ ᠵᠠᠷᠴᠢᠮ ᠪᠣᠯᠭᠠᠨ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠪᠣᠯᠤᠨ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠦᠳᠡᠯᠦᠯᠴᠡᠬᠦ᠂ ᠨᠢᠭᠲᠠ ᠬᠠᠮᠵᠢᠯᠴᠠᠬᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠳᠠᠯ ᠢ ᠪᠦᠷᠢᠯᠳᠦᠭᠦᠯᠦᠨ᠂ ︽ᠳᠦᠷᠪᠡᠨ ᠰᠠᠶᠢᠨ ᠬᠥᠳᠡᠭᠡ ᠲᠤᠰᠬᠤᠨ ᠤ ᠵᠠᠮ︾ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠥᠷᠭᠡᠨ ᠣᠯᠠᠨ ᠲᠠᠷᠢᠶᠠᠴᠢᠨ ᠲᠦᠮᠡᠨ ᠤ ᠪᠠᠶᠠᠵᠢᠨ ᠴᠢᠨᠡᠭᠡᠯᠢᠭᠵᠢᠬᠦ ᠪᠠ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠳᠤ ᠨᠠᠩ ᠰᠠᠶᠢᠨ ᠪᠠᠲᠤᠯᠠᠭ᠎ᠠ ᠬᠠᠩᠭᠠᠬᠤ ᠬᠡᠷᠡᠭᠲᠡᠢ᠃      ᠬᠤᠶᠠᠷ᠂ ᠠᠵᠢᠯ ᠤᠨ ᠬᠠᠷᠠᠯᠲᠠ      2022 ᠣᠨ ᠪᠣᠯᠬᠤ ᠳᠤ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠲᠣᠭᠲᠠᠴᠠ ᠶᠢ ᠦᠨᠳᠦᠰᠦᠨ ᠳᠤ ᠪᠠᠨ ᠪᠠᠶᠢᠭᠤᠯᠵᠤ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠲᠤᠰᠢᠶᠠᠯ ᠬᠠᠷᠢᠭᠤᠴᠠᠯᠭ᠎ᠠ ᠨᠢ ᠲᠣᠳᠣᠷᠬᠠᠶ᠂ ᠨᠡᠶᠢᠭᠡᠮ ᠤᠨ ᠬᠦᠴᠦᠨ ᠢᠳᠡᠪᠬᠢᠲᠡᠶ ᠣᠷᠣᠯᠴᠠᠬᠤ ᠪᠠᠶᠢᠷᠢᠰᠢᠯ ᠢ ᠪᠤᠢ ᠪᠣᠯᠭᠠᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠢ ᠵᠠᠰᠠᠬᠤ ᠴᠢᠳᠠᠪᠤᠷᠢ ᠨᠢ ᠢᠯᠡᠳᠲᠡ ᠳᠡᠭᠡᠭᠰᠢᠯᠡᠵᠦ᠂ ᠵᠠᠰᠠᠬᠤ ᠰᠢᠰᠲ᠋ᠧᠮ ᠨᠢ ᠠᠩᠬ᠎ᠠ ᠠᠯᠬᠤᠮ ᠪᠦᠷᠢᠯᠳᠦᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠨᠡᠪᠲᠡᠷᠡᠬᠦ ᠨᠥᠬᠦᠴᠡᠯ ᠪᠣᠯᠤᠨ ᠵᠠᠮ ᠤᠨ ᠬᠡᠪᠴᠢᠶᠡᠨ ᠤ ᠣᠷᠴᠢᠨ ᠲᠣᠭᠤᠷᠢᠨ ᠨᠢ ᠢᠯᠡᠳᠲᠡ ᠳᠡᠭᠡᠭᠰᠢᠯᠡᠵᠦ᠂ ᠵᠠᠮ ᠬᠠᠷᠢᠯᠴᠠᠭᠠᠨ ᠤ ᠪᠠᠲᠤᠯᠠᠭ᠎ᠠ ᠶᠢᠨ ᠴᠢᠳᠠᠪᠤᠷᠢ ᠨᠢ ᠢᠯᠡᠳᠲᠡ ᠴᠢᠩᠭᠠᠷᠠᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠤᠨ ᠵᠢᠭᠳᠡᠷᠡᠨ ᠠᠷᠠᠴᠢᠯᠠᠬᠤ ᠨᠣᠷᠮ᠎ᠠ  ᠶᠢ 100% ᠳᠤ ᠬᠦᠷᠭᠡᠵᠦ᠂ ᠵᠢᠯ ᠪᠦᠷᠢ ᠶᠢᠨ ᠳᠤᠮᠳᠠᠴᠢ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠬᠠᠷᠢᠴᠠᠯ ᠢ 5% ᠠᠴᠠ ᠳᠣᠤᠷ᠎ᠠ ᠪᠠᠶᠢᠯᠭᠠᠵᠤ ᠪᠣᠯᠬᠤ ᠦᠭᠡᠢ᠂ ᠳᠤᠮᠳᠠ ᠵᠡᠷᠭᠡ ᠠᠴᠠ ᠳᠡᠭᠡᠭᠰᠢᠬᠢ ᠬᠥᠳᠡᠭᠡ ᠲᠣᠰᠬᠤᠨ ᠤ ᠵᠠᠰᠠᠮᠠᠯ ᠵᠠᠮ ᠤᠨ ᠡᠵᠡᠯᠡᠬᠦ ᠬᠠᠷᠢᠴᠠᠯ ᠢ 75% ᠠᠴᠠ ᠳᠣᠤᠷ᠎ᠠ ᠪᠠᠶᠢᠯᠭᠠᠵᠤ ᠪᠣᠯᠬᠤ ᠦᠭᠡᠢ᠃      2035 ᠣᠨ ᠪᠣᠯᠬᠤ ᠳᠤ᠂ ᠰᠢᠰᠲ᠋ᠧᠮ ᠨᠢ ᠪᠦᠷᠢᠨ ᠲᠡᠭᠦᠯᠳᠡᠷ᠂ ᠠᠵᠢᠯᠯᠠᠭᠠᠨ ᠨᠢ ᠥᠨᠳᠥᠷ ᠪᠦᠲᠦᠮᠵᠢᠲᠡᠶ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠵᠤ᠂ ᠬᠤᠲᠠ ᠬᠥᠳᠡᠭᠡ ᠶᠢᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠢ ᠠᠳᠠᠯᠢ ᠲᠡᠭᠰᠢ ᠪᠣᠯᠭᠠᠬᠤ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠵᠠᠮ ᠤᠨ ᠪᠠᠶᠢᠳᠠᠯ ᠤᠨ ᠬᠢᠷᠢ ᠲᠦᠪᠰᠢᠨ ᠪᠠ ᠵᠠᠮ ᠤᠨ ᠬᠡᠪᠴᠢᠶᠡᠨ ᠤ ᠣᠷᠴᠢᠨ ᠲᠣᠭᠤᠷᠢᠨ ᠨᠢ ᠦᠨᠳᠦᠰᠦᠨ ᠴᠢᠨᠠᠷᠲᠠᠶ ᠰᠠᠶᠢᠵᠢᠷᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠵᠠᠰᠠᠬᠤ ᠴᠢᠳᠠᠪᠤᠷᠢ ᠨᠢ ᠪᠦᠬᠦ ᠲᠠᠯ᠎ᠠ ᠪᠠᠷ ᠳᠡᠭᠡᠭᠰᠢᠯᠡᠵᠦ᠂ ᠵᠠᠰᠠᠬᠤ ᠰᠢᠰᠲ᠋ᠧᠮ ᠨᠢ ᠪᠦᠬᠦ ᠲᠠᠯ᠎ᠠ ᠪᠠᠷ ᠲᠡᠭᠦᠯᠳᠡᠷᠵᠢᠨ᠎ᠡ᠃      ᠭᠤᠷᠪᠠ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠬᠦ ᠬᠡᠷᠡᠭᠲᠡᠢ      ︵ᠨᠢᠭᠡ︶ ᠮᠣᠵᠢ᠂ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠬᠦ ᠪᠠ ᠵᠢᠭᠠᠨ ᠵᠢᠯᠤᠭᠤᠳᠴᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠡᠷᠬᠡ ᠪᠠ ᠬᠠᠷᠢᠭᠤᠴᠠᠯᠭ᠎ᠠ ᠶᠢᠨ ᠲᠣᠳᠤᠷᠬᠠᠢ ᠬᠠᠭᠤᠳᠠᠰᠤ ᠶᠢ ᠲᠣᠭᠲᠠᠭᠠᠵᠤ᠂ ᠮᠤᠵᠢ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠪᠠ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠠᠷᠠᠴᠢᠯᠠᠨ ᠬᠠᠮᠠᠭᠠᠯᠠᠬᠤ ᠲᠤᠰᠠᠯᠠᠮᠵᠢ ᠶᠢᠨ ᠪᠡᠯᠡ ᠮᠥᠩᠭᠦ ᠶᠢ ᠬᠤᠷᠠᠮᠳᠤᠭᠤᠯᠵᠤ᠂ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠵᠢᠯᠣᠭᠤᠳᠤᠯᠭ᠎ᠠ ᠪᠠᠨ ᠴᠢᠩᠭᠠᠳᠬᠠᠵᠤ᠂ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ  ᠤᠨ ᠣᠷᠳᠣᠨ ᠳᠤ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠬᠢᠬᠦ ᠬᠡᠷᠡᠭᠲᠡᠶ᠃ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠳᠡᠮᠵᠢᠬᠦ ᠲᠥᠷᠥ ᠶᠢᠨ ᠪᠣᠳᠣᠯᠭ᠎ᠠ ᠪᠣᠯᠤᠨ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠨᠥᠬᠦᠪᠥᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃      ︵ᠬᠤᠶᠠᠷ︶ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ︽ᠰᠢᠶᠠᠨ ᠤ ᠵᠠᠮ ᠢ ᠰᠢᠶᠠᠨ ᠬᠠᠮᠢᠶᠠᠷᠬᠤ᠂ ᠬᠥᠳᠡᠭᠡ ᠲᠤᠰᠬᠤᠨ ᠤ ᠵᠠᠮ ᠢ ᠬᠥᠳᠡᠭᠡ ᠲᠣᠰᠬᠤᠨ ᠬᠠᠮᠢᠶᠠᠷᠬᠤ︾ ᠵᠠᠷᠴᠢᠮ ᠶᠣᠰᠣᠭᠠᠷ᠂ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠩ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠡᠷᠬᠡ ᠪᠠ ᠬᠠᠷᠢᠭᠤᠴᠠᠯᠭ᠎ᠠ  ᠶᠢᠨ ᠲᠣᠳᠣᠷᠬᠠᠶ ᠬᠠᠭᠤᠳᠠᠰᠤ ᠶᠢ ᠲᠣᠳᠣᠷᠬᠠᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠰᠢᠶᠠᠩ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠵᠠᠮ ᠤᠨ ᠳᠠᠷᠤᠭ᠎ᠠ ᠶᠢᠨ ᠳᠦᠷᠢᠮ ᠢ ᠶᠡᠬᠡᠪᠡᠷ ᠳᠡᠯᠭᠡᠷᠡᠭᠦᠯᠵᠦ᠂ ᠡᠯ᠎ᠡ ᠱᠠᠲᠤᠨ ᠤ ᠵᠠᠮ ᠤᠨ ᠳᠠᠷᠤᠭ᠎ᠠ ᠠᠴᠠ ᠬᠠᠮᠢᠶ᠎ᠠ ᠪᠦᠬᠦᠢ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠵᠣᠬᠢᠴᠠᠩᠭᠤᠶ ᠠᠵᠢᠯ ᠢᠶᠠᠨ ᠬᠠᠷᠢᠭᠤᠴᠠᠵᠤ᠂ ︽ᠬᠤᠷᠴᠠ ᠴᠢᠳᠠᠮᠠᠭᠠᠶ ᠪᠥᠭᠡᠳ ᠥᠨᠳᠥᠷ ᠦᠷ᠎ᠡ ᠪᠦᠲᠦᠮᠵᠢᠲᠡᠶ᠂ ᠲᠤᠰᠬᠠᠢ ᠪᠥᠭᠡᠳ ᠬᠠᠪᠰᠤᠷᠭᠠᠭᠰᠠᠨ ᠢ ᠤᠶᠠᠯᠳᠤᠭᠤᠯᠬᠤ᠂ ᠲᠤᠰᠬᠠᠶ ᠮᠡᠷᠭᠡᠵᠢᠯ ᠢᠶᠠᠷ ᠭᠤᠤᠯ ᠪᠣᠯᠭᠠᠬᠤ︾ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ ︽ᠵᠠᠮ ᠪᠠᠶᠢᠪᠠᠯ ᠵᠠᠪᠠᠯ ᠠᠷᠠᠴᠢᠯᠠᠵᠤ᠂ ᠠᠷᠠᠴᠢᠯᠠᠪᠠᠯ ᠵᠠᠪᠠᠯ ᠪᠣᠳᠠᠲᠠᠶᠢᠵᠢᠭᠤᠯᠬᠤ︾ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠡᠯᠡ ᠮᠥᠩᠭᠦ ᠵᠢᠴᠢ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠯᠠᠭᠠᠨ ᠤ ᠵᠠᠷᠤᠳᠠᠯ ᠪᠣᠯᠤᠨ ᠠᠵᠢᠯᠲᠠᠨ ᠤ ᠵᠠᠷᠤᠯᠭ᠎ᠠ ᠶᠢ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠪᠣᠯᠤᠨ ᠬᠠᠮᠢᠶᠠᠷᠤᠯᠲᠠ ᠠᠷᠠᠴᠢᠯᠠᠯᠲᠠ ᠳᠤ ᠣᠷᠤᠯᠴᠠᠬᠤ ᠡᠷᠴᠢᠮ ᠢ ᠨᠡᠮᠡᠭᠳᠡᠭᠦᠯᠬᠦ ᠬᠡᠷᠡᠭᠲᠡᠢ᠃      ︵ᠭᠤᠷᠪᠠ︶ ᠰᠢᠶᠠᠩ ᠲᠣᠰᠬᠤᠨ ᠬᠤᠶᠠᠷ ᠱᠠᠲᠤᠨ ᠤ ᠦᠢᠯᠡᠳᠦᠯ ᠪᠣᠯᠤᠨ ᠲᠠᠷᠢᠶᠠᠴᠢᠨ ᠲᠦᠮᠡᠨ ᠤ ᠢᠳᠡᠪᠬᠢᠵᠢᠯ ᠢ ᠪᠠᠳᠠᠷᠠᠭᠤᠯᠬᠤ ᠬᠡᠷᠡᠭᠲᠡᠶ᠃ ᠰᠢᠶᠠᠩ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰᠬᠠᠶ ᠠᠵᠢᠯᠲᠠᠨ ᠲᠣᠭᠲᠠᠭᠠᠵᠤ᠂ ᠲᠣᠰᠬᠤᠨ ᠤ ᠠᠷᠠᠳ ᠤᠨ ᠵᠥᠪᠯᠡᠯ ᠢ ᠵᠢᠯᠣᠭᠤᠳᠤᠨ ᠲᠣᠰᠬᠤᠨ ᠤ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠠᠵᠢᠯ ᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃ ᠲᠣᠰᠬᠤᠨ ᠤ ᠠᠷᠠᠳ ᠤᠨ ᠵᠥᠪᠯᠡᠯ ᠨᠢ ︽ᠲᠠᠷᠢᠶᠠᠴᠢᠳ ᠨᠢ ᠰᠠᠶᠢᠨ ᠳᠤᠷ᠎ᠠ ᠶᠢᠨ ᠪᠠᠶᠢᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ︾ ᠵᠠᠷᠴᠢᠮ ᠶᠣᠰᠣᠭᠠᠷ᠂ ᠨᠢᠭᠡ ᠤᠴᠢᠷ ᠢ ᠨᠢᠭᠡ ᠵᠥᠪᠯᠡᠬᠦ᠂ ᠠᠵᠢᠯᠯᠠᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠠᠪᠴᠤ ᠲᠣᠰᠬᠤᠨ ᠤ ᠵᠠᠮ ᠤᠨ ᠬᠠᠮᠢᠶᠠᠷᠴᠤ ᠠᠷᠠᠴᠢᠯᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃ ᠤᠬᠠᠭᠤᠯᠬᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠵᠠᠮ ᠢ ᠬᠠᠶᠢᠷᠠᠯᠠᠵᠤ ᠵᠠᠮ ᠢ ᠬᠠᠮᠠᠭᠠᠯᠠᠬᠤ ᠱᠠᠭᠠᠷᠳᠠᠯᠭ᠎ᠠ ᠶᠢ ᠲᠣᠰᠬᠤᠨ ᠤ ᠲᠦᠷᠢᠮ ᠠᠷᠠᠳ ᠤᠨ ᠭᠡᠷ᠎ᠡ ᠳᠤ ᠣᠷᠣᠭᠤᠯᠬᠤ ᠬᠡᠷᠡᠭᠲᠡᠶ︔ ᠱᠠᠩᠨᠠᠬᠤ  ᠪᠠᠷ ᠲᠤᠰᠠᠯᠠᠬᠤ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢ ᠬᠡᠷᠡᠭᠯᠡᠬᠦ ᠶᠢ ᠵᠣᠷᠢᠭᠵᠢᠭᠤᠯᠵᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠵᠠᠪᠳᠤᠨ ᠨᠡᠪᠲᠡᠷᠡᠭᠦᠯᠬᠦ ᠶᠢ ᠤᠶᠠᠯᠳᠤᠭᠤᠯᠤᠨ ᠬᠡᠷᠡᠭᠵᠢᠭᠦᠯᠬᠦ ᠶᠢᠨ ᠬᠠᠮᠲᠤ ᠲᠠᠷᠢᠶᠠᠴᠢᠳ ᠲᠤ ᠲᠤᠰᠢᠶᠠᠨ ᠳᠠᠭᠠᠭᠠᠴᠢᠯᠠᠭᠤᠯᠬᠤ ᠶᠢ ᠳᠡᠯᠭᠡᠷᠡᠭᠦᠯᠦᠨ᠎ᠡ︔ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ ᠨᠡᠶᠢᠭᠡᠮ ᠤᠨ ᠬᠦᠴᠦᠨ ᠤ ᠡᠵᠡᠨ ᠮᠡᠳᠡᠨ ᠪᠡᠯᠡ ᠮᠥᠩᠭᠦ᠂ ᠬᠥᠳᠡᠯᠮᠦᠷᠢ ᠬᠦᠴᠦ ᠬᠤᠷᠠᠮᠳᠤᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠠᠵᠢᠯ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠵᠠᠰᠠᠮᠠᠯ ᠵᠠᠮ  ᠤᠨ ᠬᠠᠮᠢᠶᠠᠷᠤᠯᠲᠠ ᠠᠷᠠᠴᠢᠯᠠᠯᠲᠠ ᠶᠢ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠶᠠᠳᠠᠭᠤ ᠬᠦᠴᠢᠷᠳᠡᠯᠲᠡᠶ ᠡᠷᠦᠬᠡ ᠳᠤ ᠠᠵᠢᠯ ᠣᠯᠭᠤᠬᠤ ᠲᠣᠬᠢᠶᠠᠯ ᠬᠠᠩᠭᠠᠨ᠎ᠠ᠃      ᠳᠥᠷᠪᠡ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠬᠤ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ      ︵ᠳᠥᠷᠪᠡ︶ ᠪᠣᠯᠪᠠᠰᠤᠷᠠᠭᠤᠯᠤᠭᠰᠠᠨ ᠲᠣᠰᠣᠨ ᠤ ᠭᠠᠶᠢᠯᠢ ᠰᠦᠢᠳᠬᠡᠯ ᠤᠨ ᠥᠭᠡᠷᠡᠴᠢᠯᠡᠯᠲᠡ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠬᠡᠷᠡᠭᠲᠡᠶ᠃ ᠪᠣᠯᠪᠠᠰᠤᠷᠠᠭᠤᠯᠤᠭᠰᠠᠨ ᠲᠣᠰᠣᠨ ᠤ ᠭᠠᠶᠢᠯᠢ ᠰᠦᠢᠳᠬᠡᠯ ᠤᠨ ᠥᠭᠡᠷᠡᠴᠢᠯᠡᠯᠲᠡ ᠶᠢᠨ ᠰᠢᠯᠵᠢᠭᠦᠯᠦᠨ ᠥᠭᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠰᠢᠯᠵᠢᠭᠦᠯᠦᠨ ᠥᠭᠬᠦ ᠬᠡᠪᠴᠢᠶ᠎ᠡ ᠶᠢ ᠵᠦᠶ ᠵᠣᠬᠢᠰᠲᠠᠶ ᠲᠣᠭᠲᠠᠭᠠᠵᠤ᠂ ᠡᠩ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢ ᠳᠡᠮᠵᠢᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠪᠣᠯᠪᠠᠰᠤᠷᠠᠭᠤᠯᠤᠭᠰᠠᠨ ᠲᠣᠰᠣᠨ ᠤ ᠭᠠᠶᠢᠯᠢ ᠰᠦᠢᠳᠬᠡᠯ ᠤᠨ ᠥᠭᠡᠷᠡᠴᠢᠯᠡᠯᠲᠡ ᠶᠢᠨ ᠰᠢᠨ᠎ᠡ ᠪᠠᠷ ᠨᠡᠮᠡᠭᠳᠡᠭᠰᠡᠨ ᠣᠷᠣᠯᠭ᠎ᠠ ᠪᠠᠷ ᠤᠤᠯ ᠤᠨ ᠵᠠᠰᠠᠮᠠᠯ ᠵᠠᠮ ᠤᠨ ᠵᠠᠮ ᠠᠷᠠᠴᠢᠯᠠᠬᠤ ᠰᠦᠢᠳᠬᠡᠯ ᠢ ᠣᠷᠣᠯᠠᠭᠤᠯᠬᠤ ᠬᠡᠰᠡᠭ ᠢ ᠥᠭᠡᠷᠡᠴᠢᠯᠡᠯᠲᠡ ᠶᠢᠨ ᠰᠠᠭᠤᠷᠢ ᠬᠤᠭᠤᠴᠠᠭᠠᠨ ᠤ ᠵᠢᠯ ︵2009 ᠣᠨ︶  ᠤᠨ ᠵᠠᠰᠠᠮᠠᠯ ᠵᠠᠮ ᠤᠨ ᠵᠠᠮ ᠠᠷᠠᠴᠢᠯᠠᠬᠤ ᠰᠦᠢᠳᠬᠡᠯ ᠤᠨ ᠣᠷᠣᠯᠭ᠎ᠠ ᠶᠢᠨ ︽ᠵᠢᠷᠭᠤᠭᠠᠨ ᠰᠦᠢᠳᠬᠡᠯ︾ ︵ᠵᠠᠰᠠᠮᠠᠯ ᠵᠠᠮ ᠤᠨ ᠵᠠᠮ ᠠᠷᠠᠴᠢᠯᠠᠬᠤ ᠰᠦᠢᠳᠬᠡᠯ᠂ ᠤᠰᠤᠨ ᠳᠡᠭᠡᠷᠡᠬᠢ ᠠᠶᠠᠯᠠᠬᠤ ᠱᠤᠭᠤᠮ ᠤᠨ ᠠᠷᠠᠴᠢᠯᠠᠨ ᠬᠠᠮᠠᠭᠠᠯᠠᠬᠤ ᠰᠦᠢᠳᠬᠡᠯ᠂ ᠵᠠᠰᠠᠮᠠᠯ ᠵᠠᠮ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠦᠢᠳᠬᠡᠯ᠂ ᠵᠠᠰᠠᠮᠠᠯ ᠵᠠᠮ ᠤᠨ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠨᠡᠮᠡᠯᠲᠡ ᠰᠦᠢᠳᠬᠡᠯ᠂ ᠤᠰᠤᠨ ᠵᠠᠮ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠦᠢᠳᠬᠡᠯ᠂ ᠤᠰᠤᠨ ᠵᠠᠮ ᠤᠨ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠨᠡᠮᠡᠯᠲᠡ ᠰᠦᠢᠳᠬᠡᠯ︶ ᠤᠨ ᠣᠷᠣᠯᠭ᠎ᠠ ᠳᠠᠬᠢ ᠡᠵᠡᠯᠡᠬᠦ ᠬᠠᠷᠢᠴᠠᠯ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃ ᠪᠣᠯᠪᠠᠰᠤᠷᠠᠭᠤᠯᠤᠭᠰᠠᠨ ᠲᠣᠰᠣᠨ  ᠤ ᠭᠠᠶᠢᠯᠢ ᠰᠦᠢᠳᠬᠡᠯ ᠤᠨ ᠥᠭᠡᠷᠡᠴᠢᠯᠡᠯᠲᠡ ᠳᠤ ᠰᠢᠯᠵᠢᠭᠦᠯᠦᠨ ᠥᠭᠬᠦ ᠶᠢ ᠡᠩ ᠤᠨ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ ᠬᠠᠷᠢᠴᠠᠯ ᠢ ᠡᠩ ᠤᠨ ᠪᠠᠶᠢᠳᠠᠯ ᠳᠤ 80% ᠠᠴᠠ ᠳᠣᠤᠷ᠎ᠠ ᠪᠠᠶᠢᠯᠭᠠᠵᠤ ᠪᠣᠯᠬᠤ ᠦᠭᠡᠶ ᠪᠥᠭᠡᠳ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠳᠤ ᠬᠡᠷᠡᠭᠯᠡᠵᠦ ᠪᠣᠯᠬᠤ ᠦᠭᠡᠶ᠃ 2022 ᠣᠨ ᠠᠴᠠ ᠡᠬᠢᠯᠡᠨ᠂ ᠲᠣᠰ ᠪᠠᠯᠠ ᠮᠥᠩᠭᠦ ᠶᠢ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠯᠠᠭᠠᠨ ᠤ ᠵᠠᠷᠤᠳᠠᠯ ᠪᠠ ᠠᠵᠢᠯᠲᠠᠳ ᠵᠡᠷᠭᠡ ᠪᠤᠰᠤᠳ ᠵᠠᠷᠤᠯᠭ᠎ᠠ ᠳᠤ ᠳᠠᠭᠢᠵᠤ ᠭᠠᠷᠭᠠᠬᠤ ᠥᠬᠡᠶ᠃ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠮᠤᠵᠢ ᠶᠢᠨ ᠱᠠᠲᠤᠨ ᠤ ᠨᠥᠬᠦᠪᠥᠷᠢ ᠪᠡᠯᠡ ᠮᠥᠩᠭᠦ ᠬᠢᠭᠡᠳ ᠬᠤᠲᠠ ᠰᠢᠶᠠᠨ ᠳᠤ ᠬᠡᠰᠡᠭᠯᠡᠨ ᠥᠭᠭᠦᠭᠰᠡᠨ ᠬᠡᠰᠡᠭ ᠤᠨ ᠨᠡᠶᠢᠯᠡᠪᠦᠷᠢ ᠶᠢᠨ ᠪᠣᠯᠪᠠᠰᠤᠷᠠᠭᠤᠯᠤᠭᠰᠠᠨ ᠲᠣᠰᠣᠨ ᠤ ᠭᠠᠶᠢᠯᠢ ᠰᠦᠢᠳᠬᠡᠯ ᠤᠨ ᠥᠭᠡᠷᠡᠴᠢᠯᠡᠯᠲᠡ ᠶᠢᠨ ᠰᠢᠨ᠎ᠡ ᠪᠠᠷ ᠨᠡᠮᠡᠭᠳᠡᠭᠰᠡᠨ ᠣᠷᠣᠯᠭ᠎ᠠ ᠪᠠᠷ ᠤᠤᠯ ᠤᠨ ᠵᠠᠰᠠᠮᠠᠯ ᠵᠠᠮ ᠤᠨ ᠵᠠᠮ ᠠᠷᠠᠴᠢᠯᠠᠬᠤ ᠰᠦᠢᠳᠬᠡᠯ ᠢ ᠣᠷᠣᠯᠠᠭᠤᠯᠬᠤ ᠬᠡᠰᠡᠭ ᠤᠨ ᠬᠠᠷᠢᠴᠠᠯ ᠢ 15% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ ᠳᠡᠭᠡᠷ᠎ᠡ ᠳᠤᠷᠠᠳᠤᠭᠰᠠᠨ ᠬᠠᠷᠢᠴᠠᠯ ᠠᠴᠠ ᠪᠣᠳᠠᠲᠠᠶ ᠥᠨᠳᠥᠷ ᠪᠣᠯ ᠳᠠᠬᠢᠵᠤ ᠪᠠᠭᠤᠷᠠᠭᠤᠯᠵᠤ ᠪᠣᠯᠬᠤ ᠦᠭᠡᠶ᠃      ︵ᠲᠠᠪᠤ︶ ᠡᠳ᠋ ᠤᠨ ᠵᠠᠰᠠᠭ ᠤᠨ ᠪᠠᠯᠠ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠣᠯ ᠣᠷᠣᠨ ᠨᠤᠲᠤᠭ ᠤᠨ ᠡᠳ᠋ ᠤᠨ ᠵᠠᠰᠠᠭ ᠤᠨ ᠡᠷᠬᠡ ᠮᠡᠳᠡᠯ ᠳᠤ ᠬᠠᠷᠢᠶᠠᠯᠠᠭᠳᠠᠨ᠎ᠠ᠂ ᠪᠡᠯᠡ ᠮᠥᠩᠭᠦ ᠶᠢ ᠵᠠᠷᠴᠢᠮ ᠳᠡᠭᠡᠷ᠎ᠡ ᠪᠠᠨ ᠣᠷᠣᠨ ᠨᠤᠲᠤᠭ ᠤᠨ ᠬᠢᠨ ᠥᠪᠡᠷ ᠤᠨ ᠡᠳ᠋ ᠤᠨ ᠬᠦᠴᠦᠨ ᠢᠶᠠᠷ ᠢᠶᠠᠨ ᠲᠣᠬᠢᠷᠠᠭᠤᠯᠵᠤ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠣᠷᠣᠰᠢᠵᠤ ᠪᠠᠶᠢᠭ᠎ᠠ ᠣᠷᠣᠯᠭ᠎ᠠ ᠵᠠᠷᠤᠯᠭ᠎ᠠ ᠶᠢᠨ ᠳᠤᠲᠠᠭᠳᠠᠯ ᠳᠤ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠠᠳᠠᠯᠢ ᠪᠤᠰᠤ ᠴᠠᠭ ᠬᠤᠭᠤᠴᠠᠭᠠᠨ ᠤ ᠬᠥᠭᠵᠢᠯᠲᠡ ᠶᠢᠨ ᠬᠠᠷᠠᠯᠲᠠ ᠶᠢ ᠦᠨᠳᠦᠰᠦᠯᠡᠨ ᠵᠣᠬᠢᠬᠤ ᠪᠡᠯᠡ ᠮᠥᠩᠭᠦ ᠶᠢᠨ ᠳᠡᠮᠵᠢᠯᠭᠡ ᠦᠵᠡᠭᠦᠯᠵᠦ ᠪᠣᠯᠤᠨ᠎ᠠ᠃ ᠲᠥᠪ ᠠᠴᠠ ᠲᠡᠩᠴᠡᠭᠦᠷᠢᠲᠦ ᠴᠢᠨᠠᠷᠲᠠᠶ ᠰᠢᠯᠵᠢᠭᠦᠯᠦᠨ ᠥᠭᠬᠦ ᠳᠤᠮᠳᠠ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠬᠦᠴᠦᠨ ᠵᠦᠢᠯ ᠢ ᠤᠯᠠᠮ ᠨᠢᠭᠡ ᠠᠯᠬᠤᠮ ᠪᠣᠳᠣᠯᠬᠢᠯᠠᠵᠤ᠂ ᠭᠤᠤᠯᠳᠠᠯᠭ᠎ᠠ ᠲᠠᠢ ᠶᠠᠳᠠᠭᠤ ᠬᠦᠴᠢᠷᠳᠡᠯᠲᠡᠶ ᠭᠠᠵᠠᠷ ᠣᠷᠣᠨ ᠢ ᠳᠡᠮᠵᠢᠬᠦ ᠡᠷᠴᠢᠮ ᠢᠶᠠᠨ ᠨᠡᠮᠡᠭᠳᠡᠭᠦᠯᠵᠦ᠂ ᠲᠡᠷᠭᠡ ᠬᠤᠳᠠᠯᠳᠤᠨ ᠠᠪᠬᠤ ᠭᠠᠶᠢᠯᠢ ᠶᠢᠨ ᠪᠡᠯᠡ ᠮᠥᠩᠭᠦ ᠶᠢ ᠦᠷᠭᠦᠯᠵᠢᠯᠡᠨ ᠲᠣᠬᠢᠷᠠᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠳᠡᠰ ᠳᠡᠪᠰᠢᠭᠦᠯᠦᠨ ᠥᠭᠡᠷᠡᠴᠢᠯᠡᠬᠦ᠂ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠪᠠᠷᠢᠯᠭ᠎ᠠ ᠤᠨ ᠪᠦᠲᠦᠭᠡᠨ ᠪᠠᠶᠢᠭᠤᠯᠤᠯᠲᠠ ᠪᠣᠯᠤᠨ ᠠᠶᠤᠯᠲᠠᠶ ᠬᠥᠭᠦᠷᠭᠡ ᠶᠢ ᠥᠭᠡᠷᠡᠴᠢᠯᠡᠬᠦ ᠵᠡᠷᠭᠡ  ᠶᠢ ᠳᠡᠮᠵᠢᠨ᠎ᠡ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠳ᠋ ᠤᠨ ᠵᠠᠰᠠᠭ  ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢ ᠬᠥᠳᠡᠭᠡ ᠲᠣᠰᠬᠤᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ ᠬᠡᠷᠡᠭᠲᠡᠶ᠃ ᠮᠣᠵᠢ᠂ ᠬᠤᠲᠠ᠂ ᠰᠢᠶᠠᠨ ᠭᠤᠷᠪᠠᠨ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ ᠶᠡᠷᠦᠩᠬᠡᠶ ᠲᠤᠭ᠎ᠠ ᠨᠢ ᠳᠣᠤᠷᠠᠬᠢ ᠪᠠᠷᠢᠮᠵᠢᠶ᠎ᠠ ᠠᠴᠠ ᠳᠣᠤᠷ᠎ᠠ ᠪᠠᠶᠢᠵᠤ ᠪᠣᠯᠬᠤ ᠦᠭᠡᠢ᠄ ᠰᠢᠶᠠᠨ ᠤ ᠵᠠᠮ ᠨᠢ ᠵᠢᠯ ᠪᠦᠷᠢ ᠺᠢᠯᠤᠮᠧᠲᠷ ᠪᠦᠷᠢ ᠳᠤ 10000 ᠲᠥᠭᠦᠷᠢᠭ᠂ ᠰᠢᠶᠠᠩ ᠤᠨ ᠵᠠᠮ ᠨᠢ ᠵᠢᠯ ᠪᠦᠷᠢ ᠺᠢᠯᠣᠮᠧᠲᠷ ᠪᠦᠷᠢ ᠳᠤ 5000 ᠲᠥᠭᠦᠷᠢᠭ᠂ ᠲᠣᠰᠬᠤᠨ ᠤ ᠵᠠᠮ ᠨᠢ ᠵᠢᠯ ᠪᠦᠷᠢ ᠺᠢᠯᠣᠮᠧᠲᠷ ᠪᠦᠷᠢ ᠳᠤ 3000 ᠲᠥᠭᠦᠷᠢᠭ᠂ ᠮᠤᠵᠢ᠂ ᠬᠤᠲᠠ᠂ ᠰᠢᠶᠠᠨ ᠭᠤᠷᠪᠠᠨ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠭᠤᠯᠤᠯᠲᠠ ᠶᠢᠨ ᠬᠠᠷᠢᠴᠠᠯ ᠢ ᠡᠯ᠎ᠡ ᠮᠤᠵᠢ ︵ᠣᠷᠣᠨ᠂ ᠬᠤᠲᠠ︶ ᠠᠴᠠ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠵᠤ᠂ ᠡᠭᠦᠨ ᠤ ᠬᠠᠮᠲᠤ ᠠᠷᠠᠴᠢᠯᠠᠨ ᠬᠠᠮᠠᠭᠠᠯᠠᠬᠤ ᠥᠪᠡᠷ ᠤᠨ ᠥᠷᠲᠡᠭ ᠤᠨ ᠬᠤᠪᠢᠷᠠᠯᠲᠠ ᠵᠡᠷᠭᠡ ᠡᠯᠧᠮᠧᠨ᠋ᠲ ᠯᠦᠭᠡ ᠬᠤᠯᠪᠤᠭᠳᠠᠭᠰᠠᠨ ᠬᠥᠳᠡᠯᠦᠩᠭᠦᠶ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ᠎ᠠ᠃      ︵ᠵᠢᠷᠭᠤᠭ᠎ᠠ︶ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ ᠡᠳ᠋ ᠤᠨ ᠵᠠᠰᠠᠭ ᠤᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠢ ᠬᠠᠮᠢᠶ᠎ᠠ ᠪᠦᠬᠦᠢ ᠪᠡᠯᠡ ᠣᠷᠣᠭᠤᠯᠤᠯᠲᠠ ᠯᠤᠭ᠎ᠠ ᠬᠤᠯᠪᠣᠭᠳᠠᠭᠤᠯᠤᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ ᠪᠡᠯᠡ ᠮᠥᠩᠭᠦ ᠳᠤ ᠪᠦᠬᠦ ᠶᠠᠪᠤᠴᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠴᠠᠭ ᠲᠤᠬᠠᠶ ᠳᠤ ᠨᠢ ᠲᠤᠭ᠎ᠠ ᠶᠣᠰᠣᠭᠠᠷ ᠰᠠᠯᠭᠠᠨ ᠥᠭᠴᠦ ᠪᠣᠳᠠᠲᠠᠶᠢᠵᠢᠭᠤᠯᠬᠤ  ᠶᠢ ᠦᠨᠡᠨ ᠬᠦ ᠪᠠᠲᠤᠯᠠᠬᠤ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ ᠡᠳ᠋ ᠤᠨ ᠵᠠᠰᠠᠭ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠥᠳᠡᠭᠡ ᠲᠣᠰᠬᠤᠨ ᠤ ᠵᠠᠰᠠᠮᠠᠯ ᠵᠠᠮ  ᠢ ᠠᠷᠠᠴᠢᠯᠠᠨ ᠬᠠᠮᠠᠭᠠᠯᠠᠬᠤ ᠪᠡᠯᠡ ᠮᠦᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠬᠤ ᠪᠠᠨ ᠴᠢᠩᠭᠠᠳᠬᠠᠨ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠪᠠᠷᠢᠯᠭ᠎ᠠ ᠶᠢᠨ ᠲᠠᠯ᠎ᠠ ᠶᠢᠨ ᠪᠡᠯᠡ ᠮᠥᠩᠭᠦ ᠲᠠᠢ ᠪᠦᠲᠦᠭᠡᠨ ᠪᠠᠶᠢᠭᠤᠯᠤᠯᠲᠠ ᠶᠢᠨ ᠰᠢᠯᠵᠢᠭᠦᠯᠦᠨ ᠲᠤᠰᠢᠶᠠᠬᠤ ︵BT︶ ᠬᠡᠪ ᠵᠠᠭᠪᠤᠷ ᠢ ᠴᠢᠩᠭ᠎ᠠ ᠴᠠᠭᠠᠵᠠᠯᠠᠵᠤ᠂ ᠣᠷᠣᠨ ᠨᠤᠲᠤᠭ ᠤᠨ ︽ᠪᠦᠲᠦᠭᠡᠨ ᠪᠠᠶᠢᠭᠤᠯᠬᠤ ᠪᠠ ᠠᠷᠠᠴᠢᠯᠠᠬᠤ ᠶᠢ ᠨᠢᠭᠡ ᠴᠣᠭᠴᠠᠵᠢᠭᠤᠯᠬᠤ︾ ᠨᠡᠷ᠎ᠡ ᠪᠠᠷ ᠳᠠᠯᠳᠠ ᠥᠷᠢ ᠰᠢᠷᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠨ᠂ ᠣᠯᠠᠨ ᠨᠡᠶᠢᠲᠡ ᠶᠢᠨ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠶᠢᠭᠡᠮ ᠳᠤ ᠢᠯᠡ ᠪᠣᠯᠭᠠᠵᠤ᠂ ᠣᠯᠠᠨ ᠲᠦᠮᠡᠨ ᠤ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠃ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠨᠢ ᠲᠣᠰᠬᠤᠨ ᠤ ᠵᠠᠮ ᠢ ᠠᠷᠠᠴᠢᠯᠠᠨ ᠬᠠᠮᠠᠭᠠᠯᠠᠬᠤ ᠪᠡᠯᠡ ᠮᠦᠩᠭᠦ ᠶᠢᠨ ᠬᠡᠷᠡᠭᠯᠡᠯᠲᠡ ᠪᠠ ᠠᠷᠠᠴᠢᠯᠠᠨ ᠬᠠᠮᠠᠭᠠᠯᠠᠬᠤ ᠶᠠᠰᠤ ᠴᠢᠨᠠᠷ ᠵᠡᠷᠭᠡ ᠪᠠᠶᠢᠳᠠᠯ ᠢ ᠬᠢᠨᠠᠯᠲᠠ ᠲᠠᠯᠪᠢᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃ ᠬᠢᠨᠠᠨ ᠪᠣᠳᠣᠬᠤ ᠰᠠᠯᠠᠭ᠎ᠠ ᠮᠥᠴᠢᠷ ᠨᠢ ᠬᠥᠳᠡᠭᠡ ᠲᠣᠰᠬᠤᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠡᠯᠡ ᠮᠦᠩᠭᠦ ᠶᠢᠨ ᠬᠡᠷᠡᠭᠯᠡᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠣᠳᠣᠯᠲᠠ ᠬᠢᠬᠦ ᠬᠡᠷᠡᠭᠲᠡᠢ᠃      ︵ᠳᠣᠯᠤᠭ᠎ᠠ︶ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ ᠶᠢᠨ ᠰᠢᠨ᠎ᠡ ᠶᠢ ᠡᠭᠦᠳᠬᠦ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠤᠨ ᠣᠷᠳᠣᠨ ᠤ ᠪᠡᠯᠡ ᠮᠥᠩᠭᠦ ᠶᠢᠨ ᠬᠦᠲᠦᠯᠦᠨ ᠵᠢᠯᠤᠭᠤᠳᠬᠤ ᠦᠢᠯᠡᠳᠦᠯ ᠢᠶᠠᠨ ᠪᠠᠳᠠᠷᠠᠭᠤᠯᠵᠤ᠂ ᠪᠡᠯᠡ ᠮᠥᠩᠭᠦ ᠨᠥᠬᠦᠪᠥᠷᠢᠯᠡᠬᠦ᠂ ᠤᠷᠢᠳᠠᠪᠠᠷ ᠠᠷᠠᠴᠢᠯᠠᠵᠤ ᠳᠠᠷᠠᠭ᠎ᠠ ᠨᠢ ᠨᠥᠬᠦᠪᠥᠷᠢᠯᠡᠬᠦ᠂ ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ᠂ ᠮᠠᠲ᠋ᠧᠷᠢᠶᠠᠯ ᠤᠨ ᠲᠠᠯᠠᠪᠠᠢ ᠶᠢ ᠲᠥᠯᠥᠪᠦᠷᠢ ᠦᠭᠡᠶ ᠬᠠᠩᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢ ᠳᠡᠮᠵᠢᠬᠦ ᠬᠡᠷᠡᠭᠲᠡᠶ᠃ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ ᠶᠢ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠯᠭᠡ ᠶᠢᠨ ᠬᠡᠪᠴᠢᠶᠡᠨ ᠳᠤ ᠣᠷᠣᠭᠤᠯᠤᠨ᠎ᠠ᠃ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠣᠯᠤᠨ ᠵᠣᠬᠢᠬᠤ ᠬᠤᠭᠤᠴᠠᠭᠠᠨ ᠤ ᠠᠷᠠᠴᠢᠯᠠᠯᠲᠠ ᠬᠠᠮᠠᠭᠠᠯᠠᠯᠲᠠ ᠶᠢᠨ ᠤᠶᠠᠵᠤ ᠳᠠᠭᠠᠭᠠᠴᠢᠯᠠᠯᠲᠠ ᠵᠠᠷᠯᠠᠬᠤ ᠶᠢ ᠵᠣᠷᠢᠭᠵᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠵᠠᠰᠠᠮᠠᠯ ᠵᠠᠮ ᠢ ᠠᠵᠤ ᠦᠢᠯᠡᠰ᠂ ᠬᠦᠷᠢᠶᠡᠯᠡᠩ ᠲᠣᠭᠤᠷᠢᠭ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠡᠵᠡᠩᠨᠡᠯᠲᠡ ᠶᠢᠨ ᠴᠢᠨᠠᠷᠲᠠᠶ ᠲᠥᠷᠥᠯ ᠵᠦᠢᠯ  ᠲᠠᠢ ᠨᠢᠭᠡ ᠴᠣᠭᠴᠠᠵᠢᠭᠤᠯᠤᠨ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠵᠦ᠂ ᠡᠵᠡᠩᠨᠡᠯᠲᠡ ᠶᠢᠨ ᠠᠰᠢᠭ ᠣᠷᠣᠯᠭ᠎ᠠ ᠶᠢ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠬᠡᠷᠡᠭᠯᠡᠨ᠎ᠡ᠃ ᠳᠠᠭᠠᠳᠬᠠᠯ ᠤᠨ ᠪᠡᠯᠡ ᠮᠥᠩᠭᠦ  ᠶᠢᠨ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠬᠤᠳᠠᠯᠳᠤᠨ ᠠᠪᠬᠤ ᠬᠡᠯᠪᠡᠷᠢ ᠪᠠᠷ ᠳᠠᠮᠵᠢᠭᠤᠯᠤᠨ ᠬᠠᠤᠯᠢ ᠲᠣᠭᠲᠠᠭᠠᠯ ᠳᠤ ᠨᠡᠶᠢᠴᠡᠭᠰᠡᠨ ᠬᠥᠳᠡᠭᠡ ᠲᠤᠰᠬᠤᠨ ᠤ ᠵᠠᠰᠠᠮᠠᠯ ᠵᠠᠮ ᠤᠨ ᠬᠥᠭᠵᠢᠯᠲᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠤᠨ ᠡᠪᠳᠡᠭᠳᠡᠯ ᠤᠨ ᠳᠠᠭᠠᠳᠬᠠᠯ ᠢ ᠰᠦᠪᠡᠭᠴᠢᠯᠡᠨ ᠥᠷᠨᠢᠭᠦᠯᠬᠦ ᠬᠡᠷᠡᠭᠲᠡᠶ᠃      ᠲᠠᠪᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠤᠷᠲᠤ ᠬᠤᠭᠤᠴᠠᠭᠠᠨ  ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃      ︵ᠨᠠᠢᠮᠠ︶ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠯᠲᠠ ᠬᠠᠮᠠᠭᠠᠯᠠᠯᠲᠠ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠠᠷᠠᠳ ᠣᠯᠠᠨ ᠤ ᠬᠠᠨᠤᠮᠵᠢᠲᠤ ᠬᠡᠮᠵᠢᠶ᠎ᠡ ᠪᠣᠯᠤᠨ ᠠᠰᠢᠭ ᠬᠦᠷᠲᠡᠬᠦ ᠬᠡᠮᠵᠢᠶ᠎ᠡ᠂ ᠠᠷᠠᠴᠢᠯᠠᠨ ᠬᠠᠮᠠᠭᠠᠯᠠᠬᠤ ᠶᠠᠰᠤ ᠴᠢᠨᠠᠷ ᠪᠣᠯᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠪᠠᠷ ᠬᠡᠮᠵᠢᠬᠦ ᠪᠠᠷᠢᠮᠵᠢᠶ᠎ᠠ ᠪᠣᠯᠭᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠯᠲᠠ ᠬᠠᠮᠠᠭᠠᠯᠠᠯᠲᠠ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠲᠥᠷᠥᠯ ᠬᠤᠪᠢᠶᠠᠨ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠵᠦᠶ ᠵᠣᠬᠢᠰᠲᠠᠶ ᠠᠵᠢᠯ ᠤᠨ ᠬᠤᠪᠢᠶᠠᠷᠢᠯᠠᠭᠰᠠᠨ ᠠᠷᠠᠴᠢᠯᠠᠨ ᠬᠠᠮᠠᠭᠠᠯᠠᠬᠤ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠶ᠃ ᠵᠠᠬ᠎ᠠ ᠳᠡᠯᠭᠡᠭᠦᠷ ᠤᠨ ᠰᠢᠨᠵᠢ ᠴᠢᠨᠠᠷ ᠲᠤ ᠨᠡᠶᠢᠴᠡᠭᠰᠡᠨ ᠠᠵᠢᠯ ᠦᠢᠯᠡᠰ ᠤᠨ ᠨᠢᠭᠡᠴᠢ ᠶᠢ ᠬᠥᠲᠥᠯᠥᠨ ᠵᠢᠯᠣᠭᠤᠳᠴᠤ ᠪᠠᠶᠢᠭᠠᠳ ᠣᠳᠣ ᠦᠶ᠎ᠡ ᠶᠢᠨ ᠠᠵᠤ ᠠᠬᠤᠶᠢᠯᠠᠯ ᠪᠣᠯᠭᠠᠨ ᠬᠤᠪᠢᠷᠠᠭᠤᠯᠵᠤ᠂ ᠭᠤᠤᠯ ᠱᠤᠭᠤᠮ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠠᠷᠠᠴᠢᠯᠠᠯᠲᠠ ᠬᠠᠮᠠᠭᠠᠯᠠᠯᠲᠠ ᠬᠢᠭᠡᠳ ᠬᠥᠳᠡᠭᠡ ᠲᠤᠰᠬᠤᠨ ᠤ ᠵᠠᠰᠠᠮᠠᠯ ᠵᠠᠮ ᠶᠢ ᠤᠶᠠᠵᠤ ᠳᠠᠭᠠᠭᠠᠴᠢᠯᠠᠯᠲᠠ ᠵᠠᠷᠯᠠᠬᠤ ᠶᠢ ᠵᠣᠷᠢᠭᠵᠢᠭᠤᠯᠵᠤ᠂ ᠠᠷᠠᠴᠢᠯᠠᠨ ᠬᠠᠮᠠᠭᠠᠯᠠᠬᠤ ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠣᠷᠣᠯᠴᠠᠬᠤ ᠶᠢ ᠳᠡᠮᠵᠢᠬᠦ ᠬᠡᠷᠡᠭᠲᠡᠶ᠃ ᠤᠷᠲᠤ ᠬᠤᠭᠤᠴᠠᠭ᠎ᠠ ᠪᠠᠷ ᠠᠷᠠᠴᠢᠯᠠᠨ ᠬᠠᠮᠠᠭᠠᠯᠠᠬᠤ ᠭᠡᠷ᠎ᠡ ᠲᠣᠭᠲᠠᠭᠠᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠣᠯᠵᠤᠭ᠎ᠠ ᠲᠣᠭᠲᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰᠬᠠᠶ ᠠᠷᠠᠴᠢᠯᠠᠨ ᠬᠠᠮᠠᠭᠠᠯᠠᠬᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠣᠷᠣᠭᠤᠯᠤᠯᠲᠠ ᠪᠠᠨ ᠨᠡᠮᠡᠭᠳᠡᠭᠦᠯᠵᠦ᠂ ᠠᠷᠠᠴᠢᠯᠠᠨ ᠬᠠᠮᠠᠭᠠᠯᠠᠬᠤ ᠮᠠᠰᠢᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ︵ᠶᠢᠰᠦ︶ ᠠᠮᠤᠷ ᠲᠦᠪᠰᠢᠨ ᠪᠠ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠵᠠᠰᠠᠮᠠᠯ ᠵᠠᠮ ᠤᠨ ᠠᠮᠤᠷ ᠲᠦᠪᠰᠢᠨ ᠤ ᠲᠥᠬᠦᠭᠡᠷᠦᠮᠵᠢ ᠶᠢ ᠭᠤᠤᠯ ᠴᠣᠭᠴᠠ ᠶᠢᠨ ᠪᠠᠷᠢᠯᠭ᠎ᠠ ᠲᠠᠢ ᠬᠠᠮᠲᠤ ᠳᠤ ᠨᠢ ᠵᠢᠷᠤᠵᠤ ᠲᠥᠯᠥᠪᠯᠡᠨ᠂ ᠬᠠᠮᠲᠤ ᠳᠤ ᠨᠢ ᠪᠠᠷᠢᠯᠭ᠎ᠠ ᠪᠠᠷᠢᠵᠤ᠂ ᠬᠠᠮᠲᠤ ᠳᠤ ᠨᠢ ᠠᠰᠢᠭᠯᠠᠯᠲᠠ ᠳᠤ ᠣᠷᠤᠭᠤᠯᠤᠨ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠬᠥᠳᠡᠭᠡ ᠲᠤᠰᠬᠤᠨ ᠤ ᠵᠠᠰᠠᠮᠠᠯ ᠵᠠᠮ ᠳᠠᠭᠤᠰᠬᠤ ︵ᠲᠤᠰᠢᠶᠠᠬᠤ︶ ᠠᠵᠢᠯᠴᠢᠨ ᠢ ᠰᠢᠯᠭᠠᠨ ᠠᠪᠬᠤ ᠠᠵᠢᠯ ᠳᠤ ᠣᠷᠣᠯᠴᠠᠭᠤᠯᠬᠤ ᠬᠡᠷᠡᠭᠲᠡᠶ᠃ ᠨᠢᠭᠡᠨᠲᠡ ᠪᠠᠶᠢᠭᠤᠯᠤᠭᠰᠠᠨ ᠪᠣᠯᠪᠠᠴᠤ ᠠᠶᠤᠯᠭᠦᠢ ᠶᠢᠨ ᠪᠡᠯᠡᠳᠬᠡᠮᠵᠢ ᠶᠢ ᠢᠵᠢ ᠪᠦᠷᠢᠳᠦᠭᠦᠯᠦᠭᠡᠳᠦᠶ ᠬᠥᠳᠡᠭᠡ ᠲᠤᠰᠬᠤᠨ ᠤ ᠵᠠᠰᠠᠮᠠᠯ ᠵᠠᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠬᠡᠷᠡᠭᠲᠡᠶ᠃ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ ᠢᠶᠠᠷ ᠭᠤᠤᠯ ᠪᠣᠯᠭᠠᠭᠰᠠᠨ ᠢᠲᠡᠭᠡᠮᠵᠢ ᠶᠢᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠵᠤ᠂ ᠢᠲᠡᠭᠡᠮᠵᠢ ᠲᠠᠢ ᠪᠠᠶᠢᠬᠤ ᠶᠢ ᠬᠠᠮᠲᠤᠷᠠᠨ ᠵᠣᠷᠢᠭᠵᠢᠭᠤᠯᠬᠤ ᠪᠠ ᠢᠲᠡᠭᠡᠮᠵᠢ ᠪᠠᠨ ᠠᠯᠳᠠᠭᠰᠠᠨ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ  ᠶᠢ ᠬᠡᠷᠡᠭᠵᠢᠭᠦᠯᠵᠦ᠂ ᠲᠡᠷᠡᠴᠢᠯᠡᠨ ᠢᠲᠡᠭᠡᠮᠵᠢ ᠶᠢᠨ ᠲᠡᠮᠳᠡᠭᠯᠡᠯ ᠢᠶᠠᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠦᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠳᠤ ᠣᠷᠣᠭᠤᠯᠵᠤ᠂ ᠬᠠᠤᠯᠢ ᠶᠣᠰᠤᠭᠠᠷ ᠨᠡᠶᠢᠭᠡᠮ ᠳᠤ ᠢᠯᠡ ᠪᠣᠯᠭᠠᠬᠤ ᠬᠡᠷᠡᠭᠲᠡᠶ᠃       ︵ᠠᠷᠪᠠ︶ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠣᠯᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠷᠠᠭᠤᠯᠬᠤ ᠬᠡᠷᠡᠭᠲᠡᠶ᠃ ᠵᠠᠰᠠᠮᠠᠯ ᠵᠠᠮ ᠤᠨ ᠬᠠᠤᠯᠢ ᠳᠤ ᠵᠠᠰᠠᠪᠤᠷᠢ ᠣᠷᠣᠭᠤᠯᠬᠤ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠳᠦᠷᠢᠮ ᠢ ᠰᠤᠳᠤᠯᠤᠨ ᠲᠣᠭᠲᠠᠭᠠᠵᠤ᠂ ᠢᠷᠭᠡᠨ ᠤ ᠬᠡᠷᠡᠭ ᠤᠨ ᠲᠥᠯᠥᠪᠦᠷᠢ  ᠪᠠᠷ ᠳᠠᠮᠵᠢᠨ ᠵᠠᠮ ᠤᠨ ᠬᠥᠷᠦᠩᠭᠡ ᠵᠠᠮ ᠤᠨ ᠡᠷᠬᠡ ᠶᠢ ᠬᠠᠮᠠᠭᠠᠯᠠᠬᠤ ᠶᠢ ᠬᠠᠶᠢᠨ ᠰᠦᠪᠡᠭᠴᠢᠯᠡᠨ᠎ᠡ᠃ ᠬᠢᠮᠳᠠ ᠪᠥᠭᠡᠳ ᠬᠡᠷᠡᠭᠴᠡᠭᠡᠲᠡᠶ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ︽ᠦᠵᠡᠰᠬᠦᠯᠡᠩᠲᠦ ᠰᠠᠶᠢᠬᠠᠨ ᠵᠠᠰᠠᠮᠠᠯ ᠵᠠᠮ︾ ᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠮᠡᠷᠭᠡᠵᠢᠯ ᠢ ᠳᠡᠭᠡᠭᠰᠢᠯᠡᠭᠦᠯᠵᠦ᠂ ᠵᠠᠮ ᠤᠨ ᠶᠠᠪᠤᠳᠠᠯ  ᠤᠨ ᠬᠠᠮᠢᠶᠠᠷᠤᠯᠲᠠ ᠶᠢᠨ ᠵᠢᠭᠠᠨ ᠵᠢᠯᠣᠭᠤᠳᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠰᠢᠶᠠᠨ ᠤ ᠵᠠᠮ ᠤᠨ ᠶᠠᠪᠤᠳᠠᠯ ᠤᠨ ᠠᠵᠢᠯᠲᠠᠨ᠂ ᠰᠢᠶᠠᠩ ᠤᠨ ᠬᠢᠨᠠᠨ ᠬᠠᠮᠢᠶᠠᠷᠤᠭᠴᠢ᠂ ᠲᠣᠰᠬᠤᠨ ᠤ ᠵᠠᠮ ᠬᠠᠮᠠᠭᠠᠯᠠᠭᠴᠢ ᠲᠠᠢ ᠵᠠᠮ ᠤᠨ ᠬᠥᠷᠥᠩᠭᠡ ᠵᠠᠮ ᠤᠨ ᠡᠷᠬᠡ ᠶᠢ ᠬᠠᠮᠠᠭᠠᠯᠠᠬᠤ ᠡᠩᠨᠡᠭᠡ ᠶᠢ ᠪᠠᠶᠢᠭᠤᠯᠬᠤ ᠬᠡᠷᠡᠭᠲᠡᠶ᠃      ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠠᠴᠠ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠨᠢᠭᠡ ᠵᠦᠢᠯ ᠤᠨ ᠤᠷᠢᠳᠠᠪᠠᠷ ᠬᠡᠷᠡᠭᠵᠢᠭᠦᠯᠬᠦ ᠪᠠᠷᠢᠯᠭ᠎ᠠ ᠪᠣᠯᠭᠠᠬᠤ ᠶᠢ ᠵᠡᠷᠭᠡ ᠳᠤ ᠨᠢ ᠪᠠᠶᠢᠷᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠮᠤᠵᠢ ᠶᠢᠨ ᠱᠠᠲᠤᠨ ᠤ ᠠᠷᠠᠳ ᠤᠨ ᠵᠠᠰᠠᠭ  ᠤᠨ ᠣᠷᠳᠣᠨ ᠨᠢ ᠨᠢᠭᠡᠳᠦᠯᠲᠡᠶ ᠲᠥᠯᠥᠪᠯᠡᠬᠦ ᠪᠠ ᠵᠢᠭᠠᠨ ᠵᠢᠯᠣᠭᠤᠳᠬᠤ ᠪᠠᠨ ᠴᠢᠩᠭᠠᠳᠬᠠᠵᠤ᠂ ᠲᠤᠰ ᠬᠠᠷᠢᠶ᠎ᠠ ᠣᠷᠣᠨ ᠤ ᠪᠠᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠰᠢᠪᠠᠳᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠨᠢᠭᠲᠠ ᠬᠠᠮᠵᠢᠯᠴᠠᠵᠤ᠂ ᠡᠭᠦᠷᠭᠡ ᠬᠠᠷᠢᠭᠤᠴᠠᠯᠭ᠎ᠠ ᠶᠣᠰᠣᠭᠠᠷ ᠡᠯ᠎ᠡ ᠵᠦᠢᠯ ᠤᠨ ᠡᠭᠦᠷᠭᠡ ᠪᠠᠨ ᠪᠡᠶᠡᠯᠡᠭᠦᠯᠬᠦ ᠬᠡᠷᠡᠭᠲᠡᠶ᠃ ᠵᠠᠮ ᠬᠠᠷᠢᠯᠴᠠᠭ᠎ᠠ ᠲᠡᠭᠡᠭᠡᠪᠦᠷᠢ  ᠶᠢᠨ ᠶᠠᠮᠤᠨ ᠠᠴᠠ ᠠᠵᠢᠯ ᠤᠨ ᠵᠢᠯᠣᠭᠤᠳᠣᠯᠭ᠎ᠠ ᠪᠠ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠴᠢᠬᠤᠯᠠ ᠶᠡᠭᠡ ᠪᠠᠶᠢᠳᠠᠯ ᠢ ᠲᠥᠷᠥ ᠶᠢᠨ ᠶᠠᠪᠤᠳᠠᠯ ᠤᠨ ᠬᠤᠷᠢᠶᠠᠨ ᠳᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃      ᠲᠤᠰ ᠰᠠᠨᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ  ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2005﹈ 49 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃                                                    ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ                                                    2019 ᠣᠨ ᠤ 9 ᠳ᠋ᠦ᠋ᠭᠡᠷ ᠰᠠᠷ᠎ᠠ ᠶᠢᠨ 5 ᠤ ᠡᠳᠦᠷ      ᠲᠥᠷᠦ ᠶᠢᠨ ᠪᠣᠳᠤᠯᠭ᠎ᠠ ᠶᠢᠨ ᠲᠠᠶᠢᠯᠤᠮᠵᠢ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠰᠠᠮᠠᠯ ᠵᠠᠮ ᠤᠨ ᠲᠣᠪᠴᠢᠶᠠᠨ ᠤ ᠳᠠᠷᠤᠭ᠎ᠠ ᠦ᠋ ᠳ᠋ᠧ ᠶᠢᠨ ᠠᠴᠠ ︽ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠳᠤ ᠲᠠᠶᠢᠯᠤᠮᠵᠢ ᠬᠢᠪᠠ    
         
        ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠮᠡᠳᠡᠭᠡ ᠵᠠᠩᠭᠢ ᠶᠢᠨ ᠲᠥᠪ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号