内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ︽ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠮᠡᠳᠡᠭᠳᠡᠯ
        ᠨᠡᠶᠢᠲᠡᠯᠡᠭᠰᠡᠨ ᠴᠠᠭ᠄
        2021/11/18
             ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︵ᠲᠣᠪᠴᠢᠶ᠎ᠠ᠂ ᠬᠤᠷᠢᠶ᠎ᠠ︶ ᠳᠤ᠄      ᠰᠢᠨ᠎ᠡ ᠪᠠᠷ ᠨᠡᠶᠢᠲᠡᠯᠡᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ︽ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠵᠠᠮ ᠵᠠᠰᠠᠮᠠᠯ ᠵᠠᠮ ᠲᠠᠷᠬᠠᠭᠠᠭᠰᠠᠨ ﹇2009﹈ 731 ᠳ᠋ᠦ᠋ᠭᠡᠷ ᠲᠣᠭᠠᠲᠤ︶ ᠳᠤ ᠳᠣᠣᠷᠠᠬᠢ ᠮᠡᠲᠦ ᠵᠠᠰᠠᠪᠤᠷᠢ ᠣᠷᠣᠭᠤᠯᠬᠤ ᠪᠠᠷ ᠲᠣᠭᠲᠠᠭᠠᠪᠠ᠄      ᠬᠤᠷᠢ ᠶᠢᠰᠦᠳᠦᠭᠡᠷ ᠵᠦᠢᠯ ᠢ ︽ᠮᠤᠵᠢ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠥᠳᠡᠯᠦᠩᠭᠦᠶ ᠬᠠᠮᠢᠶᠠᠷᠤᠯᠲᠠ ᠶᠢᠨ ᠳᠤᠮᠳᠠ᠂ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠵᠡᠷᠭᠡ ᠨᠢᠭᠡᠴᠢ ᠶᠢᠨ ᠠᠵᠢᠯᠳᠠᠨ᠂ ᠠᠵᠢᠯ ᠤᠨ ᠠᠮᠵᠢᠯᠲᠠ ᠵᠡᠷᠭᠡ ᠶᠢᠨ ᠭᠦᠢᠴᠡᠳᠬᠡᠬᠦ ᠲᠤᠭ᠎ᠠ ᠨᠢ ᠬᠤᠯᠪᠣᠭᠳᠠᠯ ᠪᠦᠬᠦᠢ ᠬᠢᠷᠢ ᠬᠡᠮ᠂ ᠬᠢᠷᠢ ᠬᠡᠮ ᠤᠨ ᠪᠠᠷᠢᠮᠵᠢᠶ᠎ᠠ ᠶᠢᠨ ᠱᠠᠭᠠᠷᠳᠠᠯᠭ᠎ᠠ ᠠᠴᠠ ᠳᠣᠣᠷ᠎ᠠ ᠪᠠᠶᠢᠬᠤ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︾ ᠭᠡᠵᠦ ᠵᠠᠰᠠᠪᠠ᠃      ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ︽ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ  ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠲᠣᠰ ᠮᠡᠳᠡᠭᠳᠡᠯ ᠢ ᠦᠨᠳᠦᠰᠦᠯᠡᠨ ᠵᠣᠬᠢᠴᠠᠩᠭᠤᠶ ᠪᠠᠷ ᠵᠠᠰᠠᠵᠤ᠂ ᠳᠠᠭᠢᠵᠤ ᠨᠡᠶᠢᠲᠡᠯᠡᠨ᠎ᠡ᠃                                              ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ                                           2021 ᠣᠨ ᠤ 7 ᠳ᠋ᠤᠭᠠᠷ ᠰᠠᠷ᠎ᠠ ᠶᠢᠨ 27 ᠤ ᠡᠳᠦᠷ      ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶      ᠨᠢᠭᠡᠳᠦᠭᠡᠷ ᠪᠦᠯᠦᠭ  ᠵᠡᠷᠦᠩᠬᠡᠶ ᠲᠦᠷᠢᠮ      ᠨᠢᠭᠡᠳᠦᠭᠡᠷ ᠵᠦᠢᠯ  ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠴᠢᠩᠭᠠᠳᠬᠠᠨ᠂ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠠᠵᠢᠯ ᠡᠷᠬᠢᠯᠡᠵᠤ ᠪᠠᠶᠢᠭ᠎ᠠ ᠨᠢᠭᠡᠴᠢ ᠪᠣᠯᠤᠨ ᠠᠵᠢᠯ ᠡᠷᠬᠢᠯᠡᠭᠰᠡᠳ ᠤᠨ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠵᠢᠷᠤᠮᠵᠢᠭᠤᠯᠤᠨ ᠂ ᠦᠨᠡᠨᠴᠢ ᠢᠲᠡᠭᠡᠮᠵᠢᠲᠡᠶ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠥᠷᠢᠮ︾᠂ ︽ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠷᠭ᠎ᠠ ︾᠂ ︽ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾᠂ ︽ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠬᠤ ᠲᠤᠬᠠᠶ ᠵᠢᠯᠣᠭᠤᠳᠬᠤ ᠰᠠᠨᠠᠯ︾ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠡᠷᠬᠢᠯᠡᠵᠤ ᠪᠠᠶᠢᠭ᠎ᠠ ᠨᠢᠭᠡᠴᠢ ᠵᠢᠴᠢ ᠠᠵᠢᠯ ᠡᠷᠭᠢᠯᠡᠭᠰᠡᠳ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠰᠢᠨᠡᠳᠬᠡᠬᠦ᠂ ᠨᠡᠶᠢᠲᠡᠯᠡᠬᠦ᠂ ᠬᠠᠮᠢᠶᠠᠷᠬᠤ ᠵᠡᠷᠭᠡ ᠠᠵᠢᠯᠯᠠᠭ᠎ᠠ ᠨᠢ ᠲᠣᠰ ᠠᠷᠭ᠎ᠠ ᠳᠤ ᠲᠣᠬᠢᠷᠠᠨ᠎ᠠ᠃          ᠭᠤᠷᠪᠠᠳᠤᠭᠠᠷ ᠵᠦᠢᠯ  ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠪᠣᠯ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠤᠯᠪᠤᠭᠳᠠᠯ ᠪᠦᠬᠦᠢ ᠰᠠᠯᠠᠭ᠎ᠠ ᠮᠥᠴᠢᠷ ᠪᠤᠶᠤ ᠨᠢᠭᠡᠴᠢ᠂ ᠵᠠᠰᠠᠮᠠᠯ ᠵᠠᠮ ᠤᠨ ᠠᠵᠢᠯ ᠲᠥᠷᠥᠯ ᠤᠨ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ᠂ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ᠂ ᠵᠢᠴᠢ ᠠᠵᠢᠯ ᠡᠷᠬᠢᠯᠡᠵᠦ ᠪᠠᠶᠢᠭ᠎ᠠ ᠨᠢᠭᠡᠴᠢ ᠪᠣᠯᠤᠨ ᠠᠵᠢᠯ ᠡᠷᠬᠢᠯᠡᠭᠰᠡᠳ ᠤᠨ ᠠᠵᠢᠯᠯᠠᠬᠤ ᠶᠠᠪᠤᠴᠠ ᠳᠤ ᠪᠤᠢ ᠪᠣᠯᠤᠭᠰᠠᠨ᠂ ᠲᠡᠮᠳᠡᠭᠯᠡᠭᠰᠡᠨ᠂ ᠴᠤᠭᠯᠠᠭᠤᠯᠤᠭᠰᠠᠨ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ᠠᠵᠢᠯ ᠡᠷᠬᠢᠯᠡᠵᠦ ᠪᠠᠶᠢᠭ᠎ᠠ ᠨᠢᠭᠡᠴᠢ ᠪᠣᠯᠤᠨ ᠠᠵᠢᠯ ᠡᠷᠬᠢᠯᠡᠭᠰᠡᠳ ᠤᠨ ᠦᠨᠳᠦᠰᠦᠨ ᠪᠠᠶᠢᠳᠠᠯ᠂ ᠵᠠᠬ᠎ᠠ ᠳᠡᠯᠭᠡᠭᠦᠷ ᠤᠨ ᠢᠯᠡᠷᠡᠯ ᠵᠡᠷᠭᠡ ᠢᠲᠡᠭᠡᠮᠵᠢ ᠶᠢᠨ ᠪᠠᠶᠢᠳᠠᠯ ᠢ ᠲᠤᠰᠬᠠᠵᠤ ᠴᠢᠳᠠᠬᠤ ᠡᠯ᠎ᠡ ᠲᠦᠷᠦᠯ ᠤᠨ ᠮᠡᠳᠡᠭᠡ ᠵᠠᠩᠭᠢ ᠵᠡᠷᠭᠡ ᠶᠢ ᠵᠢᠭᠠᠵᠤ ᠪᠠᠶᠢᠨ᠎ᠠ᠃      ᠳᠥᠷᠪᠡᠳᠦᠭᠡᠷ ᠵᠦᠢᠯ  ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠳᠤ ᠪᠤᠰᠤᠳᠴᠢ᠂ ᠲᠥᠪ ᠭᠤᠣᠯᠴᠢ ᠪᠠᠶᠢᠬᠤ ᠵᠠᠷᠴᠢᠮ ᠢ ᠵᠢᠷᠤᠮᠯᠠᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠴᠠᠭ ᠲᠤᠬᠠᠢᠢᠴᠢ ᠴᠢᠨᠠᠷ ᠪᠣᠯᠤᠨ ᠣᠨᠣᠪᠴᠢᠲᠤ ᠴᠢᠨᠠᠷ ᠢ ᠦᠨᠡᠨ ᠬᠦ ᠪᠠᠲᠤᠯᠠᠨ᠎ᠠ᠃      ᠬᠤᠶᠠᠳᠤᠭᠠᠷ ᠪᠦᠯᠦᠭ  ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ      ᠲᠠᠪᠤᠳᠤᠭᠠᠷ ᠵᠦᠢᠯ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠨᠢᠭᠡᠳᠦᠯᠲᠡᠶ ᠬᠠᠮᠢᠶᠠᠷᠴᠤ᠂ ᠱᠠᠳᠤ ᠬᠤᠪᠢᠶᠠᠨ ᠬᠠᠷᠢᠭᠤᠴᠠᠬᠤ ᠶᠢ ᠬᠡᠷᠡᠭᠵᠢᠭᠦᠯᠦᠨ᠎ᠡ᠃      ᠵᠢᠷᠭᠤᠳᠤᠭᠠᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠵᠡᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠬᠦ ᠤᠯᠤᠰ ᠤᠨ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠪᠥᠬᠦ ᠤᠯᠤᠰ ᠤᠨ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠥᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠲᠣᠭᠲᠠᠭᠠᠨ᠎ᠠ︔      ︵ᠬᠤᠶᠠᠷ︶ ᠪᠥᠬᠦ ᠤᠯᠤᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠵᠥᠪᠰᠢᠶᠡᠷᠡᠭᠰᠡᠨ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ  ᠡᠷᠬᠢᠯᠡᠵᠦ ᠪᠠᠶᠢᠭ᠎ᠠ ᠨᠢᠭᠡᠴᠢ ᠶᠢᠨ ᠦᠨᠳᠦᠰᠦᠨ ᠪᠠᠶᠢᠳᠠᠯ᠂ ᠱᠠᠩᠨᠠᠵᠤ ᠲᠣᠷᠭᠠᠭᠰᠠᠨ ᠲᠡᠮᠳᠡᠭᠯᠡᠯ᠂ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠵᠢᠴᠢ ᠤᠯᠤᠰ ᠠᠴᠠ ᠬᠢᠨᠠᠨ ᠴᠤᠬᠤᠯᠠᠪᠤᠷᠢᠯᠠᠭᠰᠠᠨ ᠪᠤᠶᠤ ᠬᠢᠨᠠᠨ ᠵᠥᠪᠰᠢᠶᠡᠷᠡᠭᠰᠡᠨ ᠭᠤᠤᠯᠳᠠᠯᠭ᠎ᠠ ᠲᠠᠢ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠮᠡᠳᠡᠭᠡ ᠵᠠᠩᠭᠢ ᠵᠡᠷᠭᠡ ᠶᠢ ᠨᠡᠶᠢᠲᠡᠯᠡᠨ᠎ᠡ︔      ︵ᠭᠤᠷᠪᠠ︶ ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃      ᠳᠣᠯᠣᠳᠤᠭᠠᠷ ᠵᠦᠢᠯ  ᠮᠤᠵᠢ ᠶᠢᠨ ᠱᠠᠲᠤᠨ ᠤ ᠵᠡᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠲᠤᠰ ᠵᠠᠰᠠᠭ ᠵᠠᠬᠢᠷᠭᠠᠨ ᠤ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠥᠷᠢᠮ ᠪᠣᠯᠤᠨ ᠬᠠᠮᠢᠶᠠᠷᠤᠯᠲᠠ ᠶᠢᠨ ᠲᠥᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔      ︵ᠬᠤᠶᠠᠷ︶ ᠮᠤᠵᠢ ᠶᠢᠨ ᠱᠠᠲᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ︔      ︵ᠭᠤᠷᠪᠠ︶ ᠳᠣᠤᠷᠠᠬᠢ ᠮᠡᠲᠦ ᠮᠡᠳᠡᠭᠡ ᠵᠠᠩᠭᠢ ᠶᠢ ᠨᠡᠶᠢᠲᠡᠯᠡᠨ᠎ᠡ᠄      1. ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠦᠨᠳᠦᠰᠦᠨ ᠪᠠᠶᠢᠳᠠᠯ ︵ᠲᠦᠷᠦ ᠶᠢᠨ ᠶᠠᠪᠤᠳᠠᠯ ᠤᠨ ᠬᠤᠷᠢᠶᠠᠨ ᠤ ᠵᠡᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠨᠡᠶᠢᠲᠡᠯᠡᠬᠦ ᠨᠢ ᠡᠭᠦᠨ ᠳᠤ ᠪᠠᠭᠲᠠᠬᠤ ᠤᠢᠭᠡᠢ︶︔ 2. ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠱᠠᠩᠨᠠᠵᠤ ᠲᠣᠷᠭᠠᠭᠰᠠᠨ ᠲᠡᠮᠳᠡᠭᠯᠡᠯ ᠪᠠ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ︔ 3. ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠮᠡᠳᠡᠭᠡ ᠵᠠᠩᠭᠢ︔ 4. ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠯᠤᠭ᠎ᠠ ᠬᠤᠯᠪᠣᠭᠳᠠᠬᠤ ᠪᠤᠰᠤᠳ ᠮᠡᠳᠡᠭᠡ ᠵᠠᠩᠭᠢ᠃      ︵ᠳᠥᠷᠪᠡ︶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠱᠠᠩᠨᠠᠵᠤ ᠲᠣᠷᠭᠠᠬᠤ ᠮᠡᠳᠡᠭᠡ ᠵᠠᠩᠭᠢ᠂ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ᠂ ᠭᠤᠤᠯᠳᠠᠯᠭ᠎ᠠ ᠲᠠᠢ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠮᠡᠳᠡᠭᠡ ᠵᠠᠩᠭᠢ᠂ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠯᠤᠭ᠎ᠠ ᠬᠤᠯᠪᠣᠭᠳᠠᠬᠤ ᠪᠤᠰᠤᠳ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠃      ᠭᠤᠷᠪᠠᠳᠤᠭᠠᠷ ᠪᠦᠯᠦᠭ  ᠢᠲᠡᠭᠡᠮᠵᠢ ᠶᠢᠨ ᠮᠡᠳᠡᠭᠡ ᠵᠠᠩᠭᠢ ᠶᠢᠨ ᠠᠭᠤᠯᠭ᠎ᠠ      ᠨᠠᠢᠮᠠᠳᠤᠭᠠᠷ ᠵᠦᠢᠯ  ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠳᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠦᠨᠳᠦᠰᠦᠨ ᠮᠡᠳᠡᠭᠡ ᠵᠠᠩᠭᠢ᠂ ᠬᠦᠬᠢᠭᠦᠯᠦᠨ ᠱᠠᠩᠨᠠᠬᠤ ᠲᠥᠷᠥᠯ ᠤᠨ ᠰᠠᠶᠢᠨ ᠰᠠᠶᠢᠬᠠᠨ ᠦᠢᠯᠡ ᠠᠵᠢᠯᠯᠠᠭ᠎ᠠ ᠶᠢᠨ ᠮᠡᠳᠡᠭᠡ ᠵᠠᠩᠭᠢ᠂ ᠮᠠᠭᠤ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠪᠠ ᠢᠲᠡᠭᠡᠮᠵᠢ ᠶᠢᠨ ᠦᠨᠡᠯᠡᠯᠲᠡ ᠶᠢᠨ ᠮᠡᠳᠡᠭᠡ ᠵᠠᠩᠭᠢ ᠪᠠᠭᠲᠠᠨ᠎ᠠ᠃      ᠶᠢᠰᠦᠳᠦᠭᠡᠷ ᠵᠦᠢᠯ  ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠦᠨᠳᠦᠰᠦᠨ ᠮᠡᠳᠡᠭᠡ ᠵᠠᠩᠭᠢ ᠪᠣᠯ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠪᠡᠶ᠎ᠡ ᠬᠡᠮ ᠢ ᠢᠯᠭᠠᠬᠤ᠂ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠪᠠᠶᠢᠳᠠᠯ ᠢ ᠲᠤᠰᠬᠠᠬᠤ ᠮᠡᠳᠡᠭᠡ ᠵᠠᠩᠭᠢ ᠪᠣᠯᠤᠨ᠎ᠠ᠂ ᠡᠭᠦᠨ ᠳᠤ ᠭᠤᠤᠯᠳᠠᠭᠤ᠄      ︵ᠨᠢᠭᠡ︶ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠨᠡᠷᠡᠶᠢᠳᠦᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠳᠡᠩᠰᠡᠯᠡᠨ ᠲᠡᠮᠳᠡᠭᠯᠡᠭᠦᠯᠦᠭᠰᠡᠨ ᠦᠨᠳᠦᠰᠦᠨ ᠪᠠᠶᠢᠳᠠᠯ ᠵᠢᠴᠢ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ︔      ︵ᠬᠤᠶᠠᠷ︶ ᠦᠨᠳᠦᠰᠦᠨ ᠡᠳ᠋ ᠤᠨ ᠶᠠᠪᠤᠳᠠᠯ ᠤᠨ ᠭᠦᠢᠴᠡᠳᠬᠡᠯ ᠲᠤᠭ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠦᠨᠳᠦᠰᠦᠨ ᠳᠠᠩᠰᠠᠨ ᠡᠷᠦᠬᠡ ᠪᠠᠶᠢᠭᠤᠯᠤᠭᠰᠠᠨ ᠪᠠᠶᠢᠳᠠᠯ︔      ︵ᠭᠤᠷᠪᠠ︶ ᠬᠢᠷᠢ ᠬᠡᠮ᠂ ᠬᠢᠷᠢ ᠬᠡᠮ ᠤᠨ ᠪᠠᠶᠢᠳᠠᠯ︔      ︵ᠲᠥᠷᠪᠡ︶ ᠭᠤᠣᠯ ᠪᠣᠯᠬᠤ ᠠᠵᠤ ᠠᠬᠤᠶ᠂ ᠬᠠᠮᠢᠶᠠᠷᠤᠯᠲᠠ ᠪᠣᠯᠤᠨ ᠪᠠᠷᠢᠯᠭ᠎ᠠ ᠶᠢᠨ ᠮᠡᠷᠭᠡᠵᠢᠯ ᠤᠨ ᠠᠵᠢᠯ ᠡᠷᠬᠢᠯᠡᠭᠰᠡᠳ ᠤᠨ ᠮᠡᠷᠭᠡᠵᠢᠯ ᠤᠨ ᠴᠣᠯᠠ ᠬᠢᠭᠡᠳ ᠠᠵᠢᠯ ᠡᠷᠬᠢᠯᠡᠬᠦ ᠬᠢᠷᠢ ᠬᠡᠮ ᠤᠨ ᠦᠨᠳᠦᠰᠦᠨ ᠪᠠᠶᠢᠳᠠᠯ︔      ︵ᠲᠠᠪᠤ︶ ᠥᠪᠡᠷ ᠤᠨ ᠲᠥᠬᠦᠭᠡᠷᠦᠮᠵᠢ ᠶᠢᠨ ᠦᠨᠳᠦᠰᠦᠨ ᠪᠠᠶᠢᠳᠠᠯ︔      ︵ᠵᠢᠷᠭᠤᠭ᠎ᠠ︶ ᠣᠶᠢᠷ᠎ᠠ ᠶᠢᠨ 5 ᠵᠢᠯ ᠤᠨ ᠭᠤᠤᠯ ᠠᠵᠢᠯ ᠤᠨ ᠠᠮᠵᠢᠯᠲᠠ ᠵᠢᠴᠢ ᠪᠠᠶᠢᠭᠤᠯᠵᠤ ᠪᠠᠶᠢᠭ᠎ᠠ ᠪᠥᠬᠦ ᠵᠠᠰᠠᠮᠠᠯ ᠵᠠᠮ ᠤᠨ ᠲᠥᠷᠥᠯ ᠵᠦᠢᠯ ᠤᠨ ᠪᠠᠶᠢᠳᠠᠯ ᠵᠡᠷᠭᠡ᠃      ᠠᠷᠪᠠᠳᠤᠭᠠᠷ ᠵᠦᠢᠯ  ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠬᠦᠬᠢᠭᠦᠯᠦᠨ ᠱᠠᠩᠨᠠᠬᠤ ᠲᠥᠷᠥᠯ ᠤᠨ ᠰᠠᠶᠢᠨ ᠰᠠᠶᠢᠬᠠᠨ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠳᠤ ᠭᠤᠤᠯᠳᠠᠭᠤ᠄      ︵ᠨᠢᠭᠡ︶ ᠭᠡᠷ᠎ᠡ ᠶᠢ ᠵᠢᠱᠢᠶᠡᠴᠢ ᠪᠠᠷ ᠭᠦᠢᠴᠡᠳᠬᠡᠵᠦ᠂ ᠦᠨᠡᠨᠴᠢ ᠢᠲᠡᠭᠡᠮᠵᠢᠲᠡᠶ ᠪᠠᠷ ᠡᠵᠡᠩᠨᠡᠵᠦ᠂ ᠬᠤᠳᠠ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠯᠤᠭ᠎ᠠ ᠬᠤᠯᠪᠣᠭᠳᠠᠬᠤ ᠵᠠᠰᠠᠭ ᠤᠨ ᠣᠷᠳᠣᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢᠨ ᠬᠥᠬᠢᠭᠦᠯᠦᠯ ᠪᠠ ᠱᠠᠩᠨᠠᠯ ᠢ ᠬᠥᠷᠳᠡᠭᠰᠡᠨ ᠮᠡᠳᠡᠭᠡ ᠵᠠᠩᠭᠢ︔      ︵ᠬᠤᠶᠠᠷ︶ ᠮᠤᠵᠢ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠤᠭ ᠤᠨ ᠳᠡᠭᠡᠳᠦ ᠢᠲᠡᠭᠡᠮᠵᠢ ᠶᠢᠨ ᠳᠡᠰ ︵AA ᠳᠡᠰ︶ ᠢᠶᠠᠷ ᠦᠨᠡᠯᠡᠭᠳᠡᠭᠰᠡᠨ ᠲᠡᠮᠳᠡᠭᠯᠡᠯ᠃      ᠠᠷᠪᠠᠨ ᠨᠢᠭᠡᠳᠦᠭᠡᠷ ᠵᠦᠢᠯ  ᠠᠵᠢᠯ ᠡᠷᠬᠢᠯᠡᠵᠤ ᠪᠠᠶᠢᠭ᠎ᠠ ᠨᠢᠭᠡᠴᠢ ᠶᠢᠨ ᠮᠠᠭᠤ ᠥᠢᠯᠡ ᠠᠵᠢᠯᠯᠠᠭ᠎ᠠ ᠶᠢᠨ ᠮᠡᠳᠡᠭᠡ ᠵᠠᠩᠭᠢ ᠳᠤ ᠭᠤᠣᠯᠳᠠᠭᠤ᠄      ︵ᠨᠢᠭᠡ︶ ᠠᠵᠢᠯ ᠡᠷᠬᠢᠯᠡᠵᠦ ᠪᠠᠶᠢᠭ᠎ᠠ ᠨᠢᠭᠡᠴᠢ ᠨᠢ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠠᠵᠢᠯᠯᠠᠭ᠎ᠠ ᠬᠢᠬᠦ ᠵᠢᠴᠢ ᠢᠲᠡᠭᠡᠮᠵᠢ ᠶᠢᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠶᠠᠪᠤᠴᠠ ᠳᠤ ᠬᠤᠯᠪᠣᠭᠳᠠᠯ ᠪᠥᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠪᠠᠷᠢᠮᠵᠢᠶ᠎ᠠ ᠵᠡᠷᠭᠡ ᠶᠢᠨ ᠱᠠᠭᠠᠷᠳᠠᠯᠭ᠎ᠠ ᠠᠴᠠ ᠵᠥᠷᠢᠴᠡᠵᠦ᠂ ᠬᠤᠳᠠ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠯᠤᠭ᠎ᠠ ᠬᠤᠯᠪᠣᠭᠳᠠᠬᠤ ᠵᠠᠰᠠᠭ ᠤᠨ ᠣᠷᠳᠣᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠵᠢᠴᠢ ᠨᠡᠪᠲᠡᠷᠡᠭᠦᠯᠦᠨ ᠰᠢᠭᠦᠮᠵᠢᠯᠡᠭᠰᠡᠨ ᠮᠡᠳᠡᠭᠡ ᠵᠠᠩᠭᠢ︔      ︵ᠬᠤᠶᠠᠷ︶ ᠬᠠᠤᠯᠢ ᠴᠠᠭᠠᠵᠠ ᠶᠢᠨ ᠪᠠᠶᠢᠭᠤᠯᠭ᠎ᠠ᠂ ᠬᠢᠨᠠᠨ ᠪᠤᠳᠤᠬᠤ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ︔      ︵ᠭᠤᠷᠪᠠ︶ ᠮᠤᠵᠢ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠢᠲᠡᠭᠡᠮᠵᠢ ᠶᠢᠨ ᠬᠠᠮᠤᠭ ᠤᠨ ᠳᠣᠣᠷ᠎ᠠ ᠲᠡᠰ ︵D ᠲᠡᠰ︶ ᠢᠶᠠᠷ ᠦᠨᠡᠯᠡᠭᠳᠡᠭᠰᠡᠨ ᠲᠡᠮᠳᠡᠭᠯᠡᠯ᠃      ᠠᠷᠪᠠᠨ ᠬᠤᠶᠠᠳᠤᠭᠠᠷ ᠵᠦᠢᠯ  ᠢᠲᠡᠭᠡᠮᠵᠢ ᠶᠢᠨ ᠦᠨᠡᠯᠡᠯᠲᠡ ᠶᠢᠨ ᠮᠡᠳᠡᠭᠡ ᠵᠠᠩᠭᠢ ᠪᠣᠯ ᠮᠤᠵᠢ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ ᠤ ᠨᠠᠶᠢᠳᠠᠭᠰᠠᠨ ᠪᠠᠶᠢᠭᠤᠯᠤᠮᠵᠢ ᠠᠴᠠ ᠳᠦᠷᠦ ᠶᠢᠨ ᠶᠠᠪᠤᠳᠠᠯ ᠤᠨ ᠬᠤᠷᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠵᠠᠰᠠᠮᠠᠯ ᠵᠠᠮ ᠢ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠵᠡᠷᠭᠡ ᠠᠵᠤ ᠠᠬᠤᠶᠢᠯᠠᠯ ᠤᠨ ᠢᠲᠡᠭᠡᠮᠵᠢ ᠶᠢᠨ ᠦᠨᠡᠯᠡᠯᠲᠡ ᠶᠢᠨ ᠳᠦᠷᠢᠮ ᠶᠣᠰᠣᠭᠠᠷ᠂ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠠᠵᠢᠯ ᠡᠷᠬᠢᠯᠡᠬᠦ ᠦᠢᠯᠡ ᠠᠵᠢᠯᠯᠠᠭ᠎ᠠ ᠶᠢᠨ ᠪᠠᠶᠢᠳᠠᠯ ᠢ ᠦᠨᠡᠯᠡᠭᠰᠡᠨ ᠦᠷ᠎ᠡ ᠳ᠋ᠦᠩ ᠪᠣᠯᠤᠨ᠎ᠠ᠃      ᠳᠥᠷᠪᠡᠳᠦᠭᠡᠷ ᠪᠦᠯᠦᠭ  ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠰᠢᠨᠡᠳᠬᠡᠬᠦ      ᠠᠷᠪᠠᠨ ᠭᠤᠷᠪᠠᠳᠤᠭᠠᠷ ᠵᠦᠢᠯ  ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢ ᠳᠣᠤᠷᠠᠬᠢ ᠠᠷᠭ᠎ᠠ ᠮᠠᠶ᠋ᠢᠭ ᠢᠶᠠᠷ ᠴᠤᠭᠯᠠᠭᠤᠯᠵᠤ᠂ ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠷᠢᠶᠠᠩᠭᠤᠶᠢᠯᠠᠨ ᠪᠢᠴᠢᠵᠦ ᠣᠷᠣᠭᠤᠯᠤᠨ᠎ᠠ᠄      ︵ᠨᠢᠭᠡ︶ ᠦᠨᠳᠦᠰᠦᠨ ᠮᠡᠳᠡᠭᠡ ᠵᠠᠩᠭᠢ ᠶᠢ ᠠᠵᠢᠯ ᠡᠷᠬᠢᠯᠡᠵᠦ ᠪᠠᠶᠢᠭ᠎ᠠ ᠨᠢᠭᠡᠴᠢ ᠠᠴᠠ ᠲᠣᠭᠲᠠᠭᠠᠯ ᠶᠣᠰᠣᠭᠠᠷ ᠥᠪᠡᠷ ᠢᠶᠠᠨ ᠲᠡᠮᠳᠡᠭᠯᠡᠵᠦ ᠲᠠᠭᠯᠠᠨ ᠮᠡᠳᠡᠭᠦᠯᠵᠦ᠂ ᠦᠨᠡᠨ ᠪᠣᠳᠠᠲᠤ ᠴᠢᠨᠠᠷ ᠲᠤ ᠬᠠᠷᠢᠭᠤᠴᠠᠨ᠎ᠠ︔      ︵ᠬᠤᠶᠠᠷ︶ ᠬᠦᠬᠢᠭᠦᠯᠦᠨ ᠱᠠᠩᠨᠠᠬᠤ ᠲᠥᠷᠥᠯ ᠤᠨ ᠰᠠᠶᠢᠨ ᠰᠠᠶᠢᠬᠠᠨ ᠥᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢ ᠬᠤᠳᠠ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠯᠤᠭ᠎ᠠ ᠬᠤᠯᠪᠣᠭᠳᠠᠬᠤ ᠨᠢᠭᠡᠴᠢ ᠪᠤᠶᠤ ᠬᠤᠯᠪᠣᠭᠳᠠᠬᠤ ᠠᠵᠢᠯ ᠡᠷᠬᠢᠯᠡᠵᠦ ᠪᠠᠶᠢᠭ᠎ᠠ ᠨᠢᠭᠡᠴᠢ ᠠᠴᠠ ᠬᠠᠩᠭᠠᠨ᠎ᠠ᠃ ᠠᠵᠢᠯ ᠡᠷᠬᠢᠯᠡᠵᠦ ᠪᠠᠶᠢᠭ᠎ᠠ ᠨᠢᠭᠡᠴᠢ ᠡᠵᠡᠨ ᠮᠡᠳᠡᠵᠦ ᠬᠠᠩᠭᠠᠭᠰᠠᠨ ᠪᠠᠶᠢᠪᠠᠯ᠂ ᠬᠠᠮᠢᠶ᠎ᠠ ᠪᠥᠬᠦᠶ ᠬᠦᠬᠢᠭᠦᠯᠦᠨ ᠱᠠᠩᠨᠠᠬᠤ ᠶᠢ ᠨᠤᠲᠠᠯᠠᠭᠰᠠᠨ ᠪᠢᠴᠢᠭ ᠮᠠᠲ᠋ᠧᠷᠢᠶᠠᠯ ᠢ ᠳᠠᠭᠠᠯᠳᠤᠭᠤᠯᠬᠤ ᠬᠡᠷᠡᠭᠲᠡᠶ︔      ︵ᠭᠤᠷᠪᠠ︶ ᠮᠠᠭᠤ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢ ᠬᠤᠳᠠ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠣᠷᠣᠨ ᠨᠤᠲᠤᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠯᠤᠭ᠎ᠠ ᠬᠤᠯᠪᠣᠭᠳᠠᠬᠤ ᠨᠢᠭᠡᠴᠢ ᠠᠴᠠ ᠬᠠᠩᠭᠠᠨ᠎ᠠ︔      ︵ᠳᠥᠷᠪᠡ︶ ᠢᠲᠡᠭᠡᠮᠵᠢ ᠶᠢᠨ ᠦᠨᠡᠯᠡᠯᠲᠡ ᠶᠢᠨ ᠮᠡᠳᠡᠭᠡ ᠵᠠᠩᠭᠢ ᠶᠢ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠰ ᠲᠣᠰ ᠪᠢᠴᠢᠵᠦ ᠣᠷᠣᠭᠤᠯᠤᠨ᠎ᠠ᠃      ᠠᠷᠪᠠᠨ ᠳᠥᠷᠪᠡᠳᠦᠭᠡᠷ ᠵᠦᠢᠯ  ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠤᠯᠢ ᠶᠢᠨ ᠡᠷᠬᠡᠲᠡᠨ ᠪᠤᠶᠤ ᠪᠥᠳᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠨᠢᠭᠡᠴᠢ ᠠᠴᠠ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠠᠶᠢᠳᠠᠯ ᠬᠢᠭᠡᠳ ᠠᠵᠢᠯ ᠡᠷᠬᠢᠯᠡᠵᠤ ᠪᠠᠶᠢᠭ᠎ᠠ ᠨᠢᠭᠡᠴᠢ ᠶᠢᠨ ᠡᠭᠦᠷᠭᠡᠯᠡᠬᠦ ᠲᠥᠷᠥᠯ ᠵᠦᠢᠯ ᠤᠨ ᠪᠠᠶᠢᠳᠠᠯ᠂ ᠭᠡᠷ᠎ᠡ ᠶᠢ ᠭᠦᠢᠴᠡᠳᠬᠡᠭᠰᠡᠨ ᠪᠠᠶᠢᠳᠠᠯ ᠢ ᠲᠥᠷᠥᠯ ᠵᠦᠢᠯ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠬᠠᠮᠢᠶ᠎ᠠ ᠪᠥᠬᠦᠢ ᠣᠷᠣᠨ ᠨᠤᠲᠤᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠦᠯᠵᠦ᠂ ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠠᠬᠢᠨ ᠬᠢᠨᠠᠭᠰᠠᠨ ᠤ ᠲᠠᠷᠠᠭ᠎ᠠ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠲᠡᠮᠳᠡᠭᠯᠡᠨ ᠣᠷᠣᠭᠤᠯᠬᠤ ᠬᠡᠷᠡᠭᠲᠡᠶ᠃      ᠠᠷᠪᠠᠨ ᠲᠠᠪᠤᠳᠤᠭᠠᠷ ᠵᠦᠢᠯ  ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠪᠤᠰᠤᠳ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠬᠠᠤᠯᠢ ᠴᠠᠭᠠᠵᠠ ᠶᠢᠨ ᠪᠠᠶᠢᠭᠤᠯᠭ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠤᠯᠪᠣᠯᠳᠤᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠠᠷᠭ᠎ᠠ ᠵᠠᠮ ᠢ ᠠᠯᠬᠤᠮ ᠠᠯᠬᠤᠮ ᠢᠶᠠᠷ ᠪᠠᠶᠢᠭᠤᠯᠵᠤ᠂ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ᠂ ᠪᠦᠷᠢᠨ ᠪᠦᠲᠦᠨ᠂ ᠣᠨᠣᠪᠴᠢᠲᠠᠶ ᠴᠤᠭᠯᠠᠭᠤᠯᠬᠤ ᠶᠢ ᠪᠠᠲᠤᠯᠠᠨ᠎ᠠ᠃      ᠠᠷᠪᠠᠨ ᠵᠢᠷᠭᠤᠳᠤᠭᠠᠷ ᠵᠦᠢᠯ  ᠪᠠᠷᠢᠯᠭ᠎ᠠ ᠶᠢᠨ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠭᠤᠣᠯ ᠠᠵᠢᠯ ᠤᠨ ᠠᠮᠵᠢᠯᠲᠠ ᠪᠠ ᠪᠠᠶᠢᠭᠤᠯᠵᠤ ᠪᠠᠶᠢᠭ᠎ᠠ ᠵᠦᠢᠯᠡᠰ ᠤᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠢ ᠬᠥᠳᠡᠯᠦᠩᠭᠦᠶ ᠪᠠᠷ ᠬᠢᠨᠠᠨ ᠬᠠᠷᠭᠤᠭᠤᠯᠬᠤ ᠶᠢᠨ ᠬᠠᠮᠲᠤ᠂ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠨ᠎ᠠ᠃ ᠠᠵᠢᠯ ᠡᠷᠭᠢᠯᠡᠵᠦ ᠪᠠᠶᠢᠭ᠎ᠠ ᠨᠢᠭᠡᠴᠢ ᠶᠢᠨ ᠳᠠᠩᠰᠠᠯᠠᠭᠤᠯᠤᠭᠰᠠᠨ ᠭᠠᠵᠠᠷ ᠤᠨ ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠤᠰᠤᠳ ᠦᠨᠳᠦᠰᠦᠨ ᠮᠡᠳᠡᠭᠡ ᠵᠠᠩᠭᠢ ᠶᠢ ᠬᠥᠳᠡᠯᠦᠩᠭᠦᠶ ᠪᠠᠷ ᠬᠢᠨᠠᠨ ᠬᠠᠷᠭᠤᠭᠤᠯᠬᠤ ᠶᠢᠨ ᠬᠠᠮᠲᠤ᠂ ᠢᠯᠡᠴᠢᠯᠡᠨ ᠮᠡᠳᠡᠭᠦᠯᠦᠭᠰᠡᠨ ᠢ ᠭᠥᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠨ᠎ᠠ᠃      ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠴᠥᠮ ᠠᠵᠢᠯ ᠡᠷᠬᠢᠯᠡᠵᠤ ᠪᠠᠶᠢᠭ᠎ᠠ ᠨᠢᠭᠡᠴᠢ ᠶᠢᠨ ᠦᠨᠳᠦᠰᠦᠨ ᠮᠡᠳᠡᠭᠡ ᠵᠠᠩᠭᠢ ᠶᠢ ᠲᠠᠬᠢᠨ ᠬᠢᠨᠠᠵᠤ᠂ ᠪᠠᠶᠢᠴᠠᠭᠠᠵᠤ ᠪᠣᠯᠤᠨ᠎ᠠ᠃      ᠠᠷᠪᠠᠨ ᠳᠣᠯᠣᠳᠤᠭᠠᠷ ᠵᠦᠢᠯ  ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠦᠨᠳᠦᠰᠦᠨ ᠮᠡᠳᠡᠭᠡ ᠵᠠᠩᠭᠢ ᠨᠢ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠨᠢᠰᠤᠯᠠᠭᠳᠠᠭᠰᠠᠨ ᠪᠠᠶᠢᠳᠠᠯ ᠳᠤ ᠪᠠᠶᠢᠵᠤ᠂ ᠬᠤᠪᠢᠷᠠᠯᠲᠠ ᠭᠠᠷᠤᠭᠰᠠᠨ ᠪᠠᠶᠢᠪᠠᠯ᠂ 10 ᠠᠵᠢᠯᠯᠠᠬᠤ ᠡᠳᠦᠷ ᠤᠨ ᠳᠣᠲᠣᠷ᠎ᠠ ᠵᠣᠬᠢᠬᠤ ᠮᠡᠳᠡᠭᠡ ᠵᠠᠩᠭᠢ ᠶᠢ ᠨᠡᠶᠢᠲᠡᠯᠡᠬᠦ ᠶᠢ ᠬᠠᠷᠢᠭᠤᠴᠠᠵᠤ ᠪᠠᠶᠢᠭ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠭᠰᠠᠨ ᠤ ᠳᠠᠷᠠᠭ᠎ᠠ ᠰᠢᠨᠡᠳᠭᠡᠵᠦ ᠦᠭᠭᠦᠨ᠎ᠡ᠃      ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠪᠤᠰᠤᠳ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠮᠡᠳᠡᠭᠦᠯᠦᠨ ᠬᠦᠷᠭᠡᠬᠦ᠂ ᠴᠠᠭ ᠲᠤᠬᠠᠶ ᠳᠤ ᠨᠢ ᠳᠠᠬᠢᠨ ᠬᠢᠨᠠᠬᠤ᠂ ᠴᠠᠭ ᠲᠤᠬᠠᠶ ᠳᠤ  ᠨᠢ ᠰᠢᠨᠡᠳᠬᠡᠬᠦ ᠵᠠᠷᠴᠢᠮ ᠶᠣᠰᠣᠭᠠᠷ᠂ ᠬᠥᠳᠡᠯᠦᠩᠭᠦᠶ ᠪᠠᠷ ᠰᠢᠨᠡᠳᠬᠡᠬᠦ ᠶᠢ ᠪᠡᠶᠡᠯᠡᠭᠦᠯᠦᠨ᠎ᠡ᠃      ᠠᠷᠪᠠᠨ ᠨᠠᠢᠮᠠᠳᠤᠭᠠᠷ ᠵᠦᠢᠯ  ᠮᠤᠵᠢ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠶ ᠬᠥᠮᠦᠨ ᠵᠢᠭᠠᠨ ᠲᠣᠭᠲᠠᠭᠠᠬᠤ ᠪᠤᠶᠤ ᠲᠤᠰᠬᠠᠶ ᠪᠠᠶᠢᠭᠤᠯᠤᠮᠵᠢ ᠳᠤ ᠨᠠᠶᠢᠳᠠᠵᠤ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠭᠤᠯᠵᠤ᠂ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠰᠢᠨᠡᠳᠬᠡᠬᠦ ᠶᠢ ᠪᠠᠲᠤᠯᠠᠨ᠎ᠠ᠃      ᠲᠠᠪᠤᠳᠤᠭᠠᠷ ᠪᠦᠯᠦᠭ  ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ ᠪᠠ ᠬᠠᠮᠢᠶᠠᠷᠬᠤ      ᠠᠷᠪᠠ ᠶᠢᠰᠦᠳᠦᠭᠡᠷ ᠵᠦᠢᠯ  ᠮᠤᠵᠢ ᠶᠢᠨ ᠱᠠᠲᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠣᠬᠠᠢ ᠳᠤ ᠨᠢ ᠨᠡᠶᠢᠲᠡᠯᠡᠨ᠎ᠡ᠃      ᠬᠤᠷᠢᠳᠤᠭᠠᠷ ᠵᠦᠢᠯ  ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠶᠠᠮᠤᠨ᠂ ᠮᠤᠵᠢ ᠬᠤᠶᠠᠷ ᠱᠠᠳᠤ ᠪᠠᠷ ᠪᠠᠶᠢᠭᠤᠯᠤᠨ᠎ᠠ᠃ ᠮᠤᠵᠢ ᠶᠢᠨ ᠱᠠᠲᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠨᠡᠶᠢᠲᠡᠯᠡᠭᠰᠡᠨ ᠵᠠᠯᠭᠠᠭᠠᠳᠠᠰᠤ ᠶᠢᠨ ᠪᠠᠷᠢᠮᠵᠢᠶ᠎ᠠ ᠪᠠᠷ ᠪᠥᠬᠦ ᠤᠯᠤᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠯᠦᠭᠡ ᠵᠣᠯᠭᠠᠭᠤᠯᠵᠤ᠂ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃      ᠬᠤᠷᠢᠨ ᠨᠢᠭᠡᠳᠦᠭᠡᠷ ᠵᠦᠢᠯ  ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ ᠳᠤ ᠪᠠᠨ ᠠᠵᠢᠯ ᠡᠷᠬᠢᠯᠡᠵᠤ ᠪᠠᠶᠢᠭ᠎ᠠ  ᠨᠢᠭᠡᠴᠢ ᠶᠢᠨ ᠬᠤᠳᠠᠯᠳᠤᠭᠠᠨ ᠤ ᠨᠢᠭᠤᠴᠠ ᠪᠣᠯᠤᠨ ᠠᠵᠢᠯ ᠡᠷᠬᠢᠯᠡᠭᠰᠡᠳ ᠤᠨ ᠬᠤᠪᠢ ᠬᠥᠮᠦᠨ ᠤ ᠨᠢᠭᠤᠴᠠ ᠶᠢ ᠬᠠᠮᠠᠭᠠᠯᠠᠬᠤ ᠬᠡᠷᠡᠭᠲᠡᠶ᠂ ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠤ ᠪᠣᠯᠬᠤ ᠥᠭᠡᠢ᠃ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠦᠨᠳᠦᠰᠦᠨ ᠳᠠᠩᠰᠠᠨ ᠡᠷᠦᠬᠡ ᠵᠡᠷᠭᠡ ᠬᠤᠳᠠᠯᠳᠤᠭᠠᠨ ᠤ ᠮᠡᠳᠡᠭᠡ ᠵᠠᠩᠭᠢ ᠶᠢ ᠵᠥᠪᠬᠡᠨ ᠵᠠᠮ ᠬᠠᠷᠢᠯᠴᠠᠭ᠎ᠠ ᠲᠡᠭᠡᠭᠡᠪᠦᠷᠢ ᠶᠢᠨ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠳᠤ ᠬᠡᠷᠡᠭᠯᠡᠬᠦ ᠠᠴᠠ ᠪᠢᠰᠢ᠂ ᠭᠠᠳᠠᠭᠰᠢ ᠨᠡᠶᠢᠲᠡᠯᠡᠬᠦ ᠦᠭᠡᠢ᠃      ᠬᠤᠷᠢᠨ ᠬᠤᠶᠠᠳᠤᠭᠠᠷ ᠵᠦᠢᠯ  ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ ᠬᠤᠭᠤᠴᠠᠭ᠎ᠠ ᠬᠢᠵᠠᠭᠠᠷ ᠶᠢ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠲᠣᠭᠲᠠᠭᠠᠨ᠎ᠠ᠄      ︵ᠨᠢᠭᠡ︶ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠦᠨᠳᠦᠰᠦᠨ ᠮᠡᠳᠡᠭᠡ ᠵᠠᠩᠭᠢ ᠶᠢ ᠨᠡᠶᠢᠲᠡᠯᠡᠬᠦ ᠬᠤᠭᠤᠴᠠᠭ᠎ᠠ ᠬᠢᠵᠠᠭᠠᠷ ᠨᠢ ᠤᠷᠳᠤ ᠬᠤᠭᠤᠴᠠᠭ᠎ᠠ︔      ︵ᠬᠤᠶᠠᠷ︶ ᠬᠦᠬᠢᠭᠦᠯᠦᠨ ᠱᠠᠩᠨᠠᠬᠤ ᠲᠥᠷᠥᠯ ᠤᠨ ᠰᠠᠶᠢᠨ ᠰᠠᠶᠢᠬᠠᠨ ᠦᠢᠯᠡ ᠠᠵᠢᠯᠯᠠᠭ᠎ᠠ ᠶᠢᠨ ᠮᠡᠳᠡᠭᠡ ᠵᠠᠩᠭᠢ᠂ ᠮᠠᠭᠤ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢ ᠨᠡᠶᠢᠲᠡᠯᠡᠬᠦ ᠬᠤᠭᠤᠴᠠᠭ᠎ᠠ ᠬᠢᠵᠠᠭᠠᠷ ᠨᠢ 2 ᠵᠢᠯ᠂ ᠢᠲᠡᠭᠡᠮᠵᠢ ᠶᠢᠨ ᠦᠨᠡᠯᠡᠯᠲᠡ ᠶᠢᠨ ᠮᠡᠳᠡᠭᠡ ᠵᠠᠩᠭᠢ ᠶᠢ ᠨᠡᠶᠢᠲᠡᠯᠡᠬᠦ ᠬᠤᠭᠤᠴᠠᠭ᠎ᠠ ᠬᠢᠵᠠᠭᠠᠷ ᠨᠢ 1 ᠵᠢᠯ᠂ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠰᠢᠰᠲ᠋ᠧᠮ ᠨᠢ ᠠᠶᠠᠨᠳᠠᠭᠠᠨ ᠨᠡᠶᠢᠲᠡᠯᠡᠬᠦ ᠪᠠᠨ ᠪᠤᠯᠢᠵᠤ᠂ ᠰᠢᠰᠲ᠋ᠧᠮ ᠤᠨ ᠲᠠᠩᠰᠠ ᠡᠪᠬᠡᠮᠡᠯ ᠤᠨ ᠮᠡᠳᠡᠭᠡ ᠵᠠᠩᠭᠢ ᠪᠣᠯᠭᠠᠨ ᠬᠤᠪᠢᠷᠠᠭᠤᠯᠤᠨ᠎ᠠ᠃      ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠤᠭᠤᠴᠠᠭ᠎ᠠ ᠳᠦᠭᠦᠷᠦᠭᠡᠳᠦᠶ ᠮᠠᠭᠤ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠤᠭᠤᠴᠠᠭ᠎ᠠ ᠳᠦᠭᠦᠷᠲᠡᠯ᠎ᠡ ᠤᠷᠲᠤᠳᠬᠠᠨ᠎ᠠ᠃      ᠳᠡᠭᠡᠷ᠎ᠡ ᠳᠤᠷᠠᠳᠤᠭᠰᠠᠨ ᠬᠤᠭᠤᠴᠠᠭ᠎ᠠ ᠬᠢᠵᠠᠭᠠᠷ ᠶᠢ ᠴᠥᠮ ᠵᠣᠬᠢᠴᠠᠩᠭᠤᠶ ᠦᠢᠯᠡ ᠠᠵᠢᠯᠯᠠᠭ᠎ᠠ ᠶᠢ ᠮᠠᠭᠠᠳᠯᠠᠨ ᠲᠣᠭᠲᠠᠭᠠᠭᠰᠠᠨ ᠪᠤᠶᠤ ᠵᠣᠬᠢᠬᠤ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠵᠦ ᠪᠤᠳᠤᠨ᠎ᠠ᠃      ᠬᠤᠷᠢᠨ ᠭᠤᠷᠪᠠᠳᠤᠭᠠᠷ ᠵᠦᠢᠯ  ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠨᠢ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ ᠠᠵᠢᠯ ᠡᠷᠬᠢᠯᠡᠵᠤ ᠪᠠᠶᠢᠭ᠎ᠠ ᠨᠢᠭᠡᠴᠢ ᠶᠢᠨ ᠦᠨᠳᠦᠰᠦᠨ ᠮᠡᠳᠡᠭᠡ ᠵᠠᠩᠭᠢ ᠨᠢ ᠬᠤᠳᠠᠯ ᠬᠠᠭᠤᠷᠮᠠᠭ ᠪᠠᠶᠢᠬᠤ ᠶᠢ ᠣᠯᠵᠤ ᠮᠡᠳᠡᠪᠡᠯ᠂ ᠴᠥᠮ ᠠᠵᠢᠯ ᠡᠷᠬᠢᠯᠡᠵᠤ ᠪᠠᠶᠢᠭ᠎ᠠ ᠨᠢᠭᠡᠴᠢ ᠶᠢᠨ ᠦᠨᠳᠦᠰᠦᠨ ᠮᠡᠳᠡᠭᠡ ᠵᠠᠩᠭᠢ ᠶᠢ ᠨᠡᠶᠢᠲᠡᠯᠡᠬᠦ ᠶᠢ ᠬᠠᠷᠢᠭᠤᠴᠠᠵᠤ ᠪᠠᠶᠢᠭ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ ᠪᠣᠯᠤᠨ᠎ᠠ᠃      ᠬᠤᠷᠢᠨ ᠳᠥᠷᠪᠡᠳᠦᠭᠡᠷ ᠵᠦᠢᠯ  ᠮᠤᠵᠢ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠨᠢ ᠬᠤᠳᠠᠯ ᠬᠠᠭᠤᠷᠮᠠᠭ ᠪᠠᠶᠢᠬᠤ ᠶᠢ ᠪᠠᠶᠢᠴᠠᠭᠠᠨ ᠲᠤᠳᠤᠯᠠᠭᠰᠠᠨ ᠪᠠᠶᠢᠪᠠᠯ᠂ ᠳᠠᠷᠤᠶ ᠮᠠᠭᠤ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠳᠤ ᠵᠢᠭᠰᠠᠭᠠᠨ ᠣᠷᠣᠭᠤᠯᠬᠤ ᠶᠢᠨ ᠬᠠᠮᠲᠤ᠂ ᠬᠠᠮᠢᠶ᠎ᠠ ᠪᠦᠬᠦᠢ ᠦᠨᠡᠯᠡᠬᠦ ᠲᠦᠷᠢᠮ ᠤᠨ ᠶᠣᠰᠣᠭᠠᠷ ᠲᠡᠭᠦᠨ ᠤ ᠢᠲᠡᠭᠡᠮᠵᠢ ᠶᠢᠨ ᠦᠨᠡᠯᠡᠯᠲᠡ ᠶᠢᠨ ᠣᠯᠤᠭᠰᠠᠨ ᠬᠤᠪᠢ ᠶᠢ ᠬᠠᠰᠤᠨ᠎ᠠ᠃      ᠬᠤᠷᠢᠨ ᠲᠠᠪᠤᠳᠤᠭᠠᠷ ᠵᠦᠢᠯ  ᠠᠵᠢᠯ ᠡᠷᠬᠢᠯᠡᠵᠤ ᠪᠠᠶᠢᠭ᠎ᠠ ᠨᠢᠭᠡᠴᠢ ᠠᠴᠠ ᠨᠡᠶᠢᠲᠡᠯᠡᠭᠰᠡᠨ ᠢᠲᠡᠭᠡᠮᠵᠢ ᠶᠢᠨ ᠮᠡᠳᠡᠭᠡ ᠵᠠᠩᠭᠢ ᠶᠢ ᠪᠣᠳᠠᠲᠤ ᠪᠠᠶᠢᠳᠠᠯ ᠲᠠᠢ ᠨᠡᠶᠢᠴᠡᠬᠦ ᠥᠭᠡᠢ ᠭᠡᠵᠦ ᠦᠵᠡᠪᠡᠯ᠂ ᠵᠣᠬᠢᠬᠤ ᠮᠡᠳᠡᠭᠡ ᠵᠠᠩᠭᠢ ᠶᠢ ᠨᠡᠶᠢᠲᠡᠯᠡᠬᠦ ᠶᠢ ᠬᠠᠷᠢᠭᠤᠴᠠᠵᠤ ᠪᠠᠶᠢᠭ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠤᠪᠢᠷᠠᠭᠤᠯᠬᠤ ᠭᠤᠶᠤᠴᠢᠯᠠᠯ ᠢᠶᠠᠨ ᠴᠠᠭ ᠲᠤᠬᠠᠶ ᠳᠤ ᠨᠢ ᠳᠤᠷᠠᠳᠴᠤ᠂ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ ᠶᠢ ᠬᠠᠷᠢᠭᠤᠴᠠᠵᠤ ᠪᠠᠶᠢᠭ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ 10 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠬᠦ ᠶᠢᠨ ᠬᠠᠮᠲᠤ᠂ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠃      ᠬᠤᠷᠢᠨ ᠵᠢᠷᠭᠤᠳᠤᠭᠠᠷ ᠵᠦᠢᠯ  ᠪᠦᠬᠦ ᠤᠯᠤᠰ ᠤᠨ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠨᠡᠶᠢᠲᠡᠯᠡᠭᠰᠡᠨ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠦᠨᠳᠦᠰᠦᠨ ᠮᠡᠳᠡᠭᠡ ᠵᠠᠩᠭᠢ ᠪᠣᠯ ᠲᠦᠷᠦ ᠶᠢᠨ ᠶᠠᠪᠤᠳᠠᠯ ᠤᠨ ᠬᠤᠷᠢᠶᠠᠨ ᠤ ᠵᠡᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠷᠢ ᠭᠡᠮ ᠲᠠᠢ ᠠᠵᠤ ᠠᠬᠤᠶᠢᠯᠠᠯ ᠤᠨ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ᠵᠠᠬ᠎ᠠ ᠳᠡᠯᠭᠡᠭᠦᠷ ᠲᠤ ᠣᠷᠣᠬᠤ ᠶᠢ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠬᠦ ᠰᠠᠭᠤᠷᠢ ᠮᠠᠲ᠋ᠧᠷᠢᠶᠠᠯ ᠪᠣᠯᠤᠨ᠎ᠠ᠃ ᠠᠵᠤ ᠠᠬᠤᠶᠢᠯᠠᠯ ᠤᠳ ᠵᠠᠰᠠᠮᠠᠯ ᠵᠠᠮ ᠤᠨ ᠪᠠᠷᠢᠯᠭ᠎ᠠ ᠶᠢᠨ ᠬᠢᠷᠢ ᠬᠡᠮ ᠢ ᠬᠢᠨᠠᠨ ᠪᠠᠶᠢᠴᠠᠭᠠᠬᠤ ᠪᠠ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠬᠤ ᠳᠤ ᠪᠠᠨ᠂ ᠬᠤᠯᠪᠣᠭᠳᠠᠯ ᠪᠥᠬᠦᠶ ᠠᠵᠢᠯ ᠤᠨ ᠠᠮᠵᠢᠯᠲᠠ᠂ ᠭᠤᠤᠯ ᠪᠣᠯᠬᠤ ᠠᠵᠢᠯᠳᠠᠨ ᠤ ᠬᠢᠷᠢ ᠬᠡᠮ ᠢ ᠭᠡᠷᠡᠴᠢᠯᠡᠬᠦ ᠮᠠᠲ᠋ᠧᠷᠢᠶᠠᠯ ᠤᠨ ᠪᠠᠭᠤᠯᠭᠠᠪᠤᠷᠢ ᠶᠢ ᠳᠠᠭᠢᠵᠤ ᠲᠤᠰᠢᠶᠠᠬᠤ ᠥᠬᠡᠶ ᠪᠠᠶᠢᠵᠤ ᠪᠣᠯᠤᠨ᠎ᠠ᠂ ᠪᠥᠬᠦ ᠤᠯᠤᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠠᠬᠢ ᠬᠠᠮᠢᠶ᠎ᠠ ᠪᠥᠬᠦᠶ ᠮᠡᠳᠡᠭᠡ ᠵᠠᠩᠭᠢ ᠶᠢ ᠪᠠᠶᠢᠴᠠᠭᠠᠨ ᠦᠵᠡᠵᠦ ᠪᠣᠯᠤᠨ᠎ᠠ᠃      ᠪᠥᠬᠦ ᠤᠯᠤᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠲᠡᠮᠳᠡᠭᠯᠡᠭᠰᠡᠨ ᠥᠬᠡᠶ ᠠᠵᠢᠯ ᠡᠷᠬᠢᠯᠡᠵᠦ ᠪᠠᠶᠢᠭ᠎ᠠ ᠨᠢᠭᠡᠴᠢ᠂ ᠠᠵᠢᠯ ᠤᠨ ᠠᠮᠵᠢᠯᠲᠠ ᠪᠠ ᠭᠤᠤᠯ ᠪᠣᠯᠬᠤ ᠢᠨᠵᠧᠨᠧᠷᠢᠩ ᠤᠨ ᠮᠡᠷᠭᠡᠵᠢᠯ ᠤᠨ ᠠᠵᠢᠯᠲᠠᠨ ᠢ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠬᠤ ᠳᠤ ᠮᠠᠭᠠᠳᠯᠠᠨ ᠲᠣᠭᠲᠠᠭᠠᠬᠤ ᠥᠬᠡᠶ ᠪᠠᠶᠢᠵᠤ ᠪᠣᠯᠤᠨ᠎ᠠ᠃      ᠳᠡᠭᠡᠷ᠎ᠡ ᠳᠤᠷᠠᠳᠤᠭᠰᠠᠨ ᠪᠣᠳᠠᠲᠠᠶ ᠱᠠᠭᠠᠷᠳᠠᠯᠭ᠎ᠠ ᠶᠢ ᠳᠠᠭᠠᠭᠠᠴᠢᠯᠠᠯᠲᠠ ᠵᠠᠷᠯᠠᠭᠴᠢ ᠠᠴᠠ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠪᠠᠨ ᠲᠣᠭᠲᠠᠭᠠᠨ᠎ᠠ᠃      ᠬᠤᠷᠢᠨ ᠳᠣᠯᠣᠳᠤᠭᠠᠷ ᠵᠦᠢᠯ  ᠮᠤᠵᠢ ᠶᠢᠨ ᠱᠠᠲᠤᠨ ᠤ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠯᠲᠡ ᠶᠢᠨ ᠲᠤᠬᠠᠶ ᠲᠣᠭᠲᠠᠭᠠᠯ ᠢ ᠮᠤᠵᠢ ᠶᠢᠨ ᠱᠠᠲᠤᠨ ᠤ ᠵᠡᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠣᠭᠲᠠᠭᠠᠨ᠎ᠠ᠃      ᠬᠤᠷᠢᠨ ᠨᠠᠢᠮᠠᠳᠤᠭᠠᠷ ᠵᠦᠢᠯ  ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠭᠦᠢᠴᠡᠳ ᠠᠰᠢᠭᠯᠠᠨ᠂ ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠢᠲᠡᠭᠡᠮᠵᠢ ᠰᠠᠶᠢᠲᠠᠶ ᠠᠵᠢᠯ ᠡᠷᠬᠢᠯᠡᠵᠦ ᠪᠠᠶᠢᠭ᠎ᠠ ᠨᠢᠭᠡᠴᠢ ᠳᠤ ᠳᠠᠭᠠᠭᠠᠴᠢᠯᠠᠯᠲᠠ ᠬᠦᠯᠢᠶᠡᠬᠦ ᠲᠤᠭ᠎ᠠ ᠬᠡᠮᠵᠢᠶ᠎ᠡ᠂ ᠬᠢᠷᠢ ᠬᠡᠮ ᠤᠨ ᠬᠢᠨᠠᠨ ᠪᠠᠶᠢᠴᠠᠭᠠᠯᠲᠠ᠂ ᠭᠡᠷ᠎ᠡ ᠭᠦᠢᠴᠡᠳᠭᠡᠬᠦ ᠳᠠᠭᠠᠭᠠᠯᠲᠠ ᠶᠢᠨ ᠵᠣᠭᠤᠰ ᠤᠨ ᠲᠤᠭ᠎ᠠ᠂ ᠶᠠᠰᠤ ᠴᠢᠨᠠᠷ ᠤᠨ ᠪᠠᠲᠤᠯᠠᠭ᠎ᠠ ᠶᠢᠨ ᠵᠣᠭᠤᠰ ᠤᠨ ᠲᠤᠭ᠎ᠠ ᠵᠡᠷᠭᠡ ᠲᠠᠯ᠎ᠠ ᠪᠠᠷ ᠬᠠᠷᠠᠭᠠᠯᠵᠠᠯ ᠪᠠ ᠱᠠᠩᠨᠠᠯ ᠣᠯᠭᠤᠵᠤ᠂ ᠢᠲᠡᠭᠡᠮᠵᠢ ᠶᠢᠨ ᠵᠡᠷᠭᠡ ᠳᠡᠰ ᠢᠶᠠᠷ ᠳᠣᠤᠷ᠎ᠠ ᠪᠠ ᠮᠠᠭᠤ ᠦᠢᠯᠡ ᠠᠵᠢᠯᠯᠠᠭ᠎ᠠ ᠪᠠᠷ ᠨᠡᠯᠢᠶᠡᠳ ᠣᠯᠠᠨ ᠠᠵᠢᠯ ᠡᠷᠬᠢᠯᠡᠵᠦ ᠪᠠᠶᠢᠭ᠎ᠠ ᠨᠢᠭᠡᠴᠢ ᠶᠢ ᠭᠤᠤᠯᠳᠠᠯᠭ᠎ᠠ ᠲᠠᠢ ᠬᠢᠨᠠᠨ ᠬᠠᠮᠢᠶᠠᠷᠴᠤ᠂ ᠠᠳᠠᠯᠢ ᠪᠤᠰᠤ ᠦᠢᠯᠡ ᠪᠠᠶᠢᠳᠠᠯ ᠢ ᠦᠨᠳᠦᠰᠦᠯᠡᠨ ᠬᠢᠵᠠᠭᠠᠷᠯᠠᠬᠤ ᠨᠥᠬᠦᠴᠡᠯ ᠳᠤᠷᠠᠳᠤᠨ᠎ᠠ᠃      ᠬᠤᠷᠢ ᠶᠢᠰᠦᠳᠦᠭᠡᠷ ᠵᠦᠢᠯ  ᠮᠤᠵᠢ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠥᠳᠡᠯᠦᠩᠭᠦᠶ ᠬᠠᠮᠢᠶᠠᠷᠤᠯᠲᠠ ᠶᠢᠨ ᠳᠤᠮᠳᠠ᠂ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠵᠡᠷᠭᠡ ᠨᠢᠭᠡᠴᠢ ᠶᠢᠨ ᠠᠵᠢᠯᠳᠠᠨ ᠤ ᠠᠵᠢᠯ ᠤᠨ ᠠᠮᠵᠢᠯᠲᠠ ᠵᠡᠷᠭᠡ ᠶᠢᠨ ᠭᠦᠢᠴᠡᠳᠬᠡᠬᠦ ᠲᠤᠭ᠎ᠠ ᠨᠢ ᠬᠠᠮᠢᠶ᠎ᠠ ᠪᠦᠬᠦᠢ ᠬᠢᠷᠢ ᠬᠡᠮ᠂ ᠬᠢᠷᠢ ᠬᠡᠮ ᠤᠨ ᠪᠠᠷᠢᠮᠵᠢᠶ᠎ᠠ ᠶᠢᠨ ᠱᠠᠭᠠᠷᠳᠠᠯᠭ᠎ᠠ ᠠᠴᠠ ᠳᠣᠣᠷ᠎ᠠ ᠪᠠᠶᠢᠬᠤ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠵᠢᠷᠭᠤᠳᠤᠭᠠᠷ ᠪᠦᠯᠦᠭ  ᠳᠠᠭᠠᠯᠳᠤᠭᠤᠯᠤᠭᠰᠠᠨ ᠲᠦᠷᠢᠮ      ᠭᠤᠴᠢᠳᠤᠭᠠᠷ ᠵᠦᠢᠯ  ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠲᠤ ᠠᠵᠢᠯ ᠡᠷᠭᠢᠯᠡᠬᠦ ᠬᠢᠷᠢ ᠬᠡᠮ ᠤᠨ ᠲᠦᠷᠢᠮ ᠢ ᠬᠡᠷᠡᠭᠵᠢᠭᠦᠯᠵᠦ ᠪᠠᠶᠢᠭ᠎ᠠ ᠡᠯ᠎ᠡ ᠲᠥᠷᠥᠯ ᠤᠨ ᠠᠵᠢᠯ ᠡᠷᠭᠢᠯᠡᠭᠰᠡᠳ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠲᠣᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃      ᠭᠤᠴᠢᠨ ᠨᠢᠭᠡᠳᠦᠭᠡᠷ ᠵᠦᠢᠯ  ᠲᠤᠰ ᠠᠷᠭ᠎ᠠ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠬᠠᠷᠢᠭᠤᠴᠠᠨ ᠲᠠᠶᠢᠯᠪᠤᠷᠢᠯᠠᠨ᠎ᠠ᠃      ᠭᠤᠴᠢᠨ ᠬᠤᠶᠠᠳᠤᠭᠠᠷ ᠵᠦᠢᠯ  ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                        ᠰᠢᠯᠵᠢᠭᠦᠯᠦᠨ ᠨᠡᠶᠢᠲᠡᠯᠡᠬᠦ ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠦᠯᠵᠢᠶ᠎ᠡ      ᠪᠢᠴᠢᠭ ᠮᠠᠲ᠋ᠧᠷᠢᠶᠠᠯ ᠪᠠᠭᠤᠯᠭᠠᠬᠤ᠄ ︽ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ  ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠮᠡᠳᠡᠭᠳᠡᠯ      ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ︽︿ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀ ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠮᠡᠳᠡᠭᠳᠡᠯ︾ ᠤᠨ ᠲᠠᠶᠢᠯᠤᠮᠵᠢ
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号