内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠬᠠᠤᠯᠢᠵᠢᠭᠰᠠᠨ᠂ ᠦᠨᠡᠨᠴᠢ ᠢᠲᠡᠭᠡᠮᠵᠢᠲᠡᠢ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠣᠶ ᠪᠣᠯᠭᠠᠨ᠎ᠠ
        ᠨᠡᠶᠢᠲᠡᠯᠡᠭᠰᠡᠨ ᠴᠠᠭ᠄
        2021/12/17
             ᠰᠤᠷᠪᠤᠯᠵᠢᠯᠠᠭ᠎ᠠ ᠬᠦᠯᠢᠶᠡᠭᠴᠢ᠄ ᠶᠦᠨ ᠸᠧᠨ ᠵᠢᠩ      ᠰᠤᠷᠪᠤᠯᠵᠢᠯᠠᠭᠰᠠᠨ ᠴᠠᠭ᠄ 2021-12-03      ᠭᠤᠣᠯ ᠠᠭᠤᠯᠭ᠎ᠠ᠄ 2021 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠠᠪᠴᠤ᠂ ᠢᠳᠡᠪᠬᠢᠲᠡᠶ ᠪᠠᠷ ᠦᠷᠭᠦᠯᠵᠢᠯᠡᠨ ᠠᠬᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠢᠲᠡᠭᠡᠮᠵᠢᠲᠦ ᠵᠠᠮ ᠬᠠᠷᠢᠯᠴᠠᠭᠠᠨ ᠤ ᠮᠤᠵᠢ ᠶᠢ ᠲᠦᠷᠭᠡᠳᠬᠡᠨ ᠪᠠᠶᠢᠭᠤᠯᠬᠤ᠂ ᠬᠠᠤᠯᠢ ᠪᠠᠷ ᠵᠠᠰᠠᠬᠤ ᠥᠪᠥᠷ ᠮᠣᠩᠭᠤᠯ ᠤᠨ ᠵᠠᠮ ᠬᠠᠷᠢᠯᠴᠠᠭ᠎ᠠ ᠶᠢ ᠪᠥᠲᠥᠭᠡᠨ ᠪᠠᠶᠢᠭᠤᠯᠬᠤ ᠵᠡᠷᠭᠡ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ ᠣᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠳᠤ ᠰᠠᠶᠢᠨ ᠰᠠᠭᠤᠷᠢ ᠶᠢ ᠲᠠᠯᠪᠢᠪᠠ᠃ ᠦᠰᠦᠭ ᠪᠢᠴᠢᠭ ᠤᠨ ᠪᠣᠳᠠᠲᠤ ᠲᠡᠮᠳᠡᠭᠯᠡᠯ      ᠬᠥᠲᠥᠯᠥᠭᠴᠢ᠄      2021 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠠᠪᠴᠤ᠂ ᠢᠳᠡᠪᠬᠢᠲᠡᠶ ᠪᠠᠷ ᠦᠷᠭᠦᠯᠵᠢᠯᠡᠨ ᠠᠬᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠢᠲᠡᠭᠡᠮᠵᠢᠲᠦ ᠵᠠᠮ ᠬᠠᠷᠢᠯᠴᠠᠭᠠᠨ ᠤ ᠮᠤᠵᠢ ᠶᠢ ᠲᠦᠷᠭᠡᠳᠬᠡᠨ ᠪᠠᠶᠢᠭᠤᠯᠬᠤ᠂ ᠬᠠᠤᠯᠢ ᠪᠠᠷ ᠵᠠᠰᠠᠬᠤ ᠥᠪᠥᠷ ᠮᠣᠩᠭᠤᠯ ᠤᠨ ᠵᠠᠮ ᠬᠠᠷᠢᠯᠴᠠᠭ᠎ᠠ ᠶᠢ ᠪᠥᠲᠥᠭᠡᠨ ᠪᠠᠶᠢᠭᠤᠯᠬᠤ ᠵᠡᠷᠭᠡ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ ᠣᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠳᠤ ᠰᠠᠶᠢᠨ ᠰᠠᠭᠤᠷᠢ ᠶᠢ ᠲᠠᠯᠪᠢᠪᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠳᠤ᠂ ᠪᠢᠳᠡ ᠳᠡᠳ᠋ ᠲᠢᠩᠬᠢᠮ ᠤᠨ ᠳᠠᠷᠤᠭ᠎ᠠ ᠶᠦᠨ ᠸᠧᠨ ᠵᠢᠩ ᠢ ᠤᠷᠢᠵᠤ᠂ ᠲᠡᠭᠦᠨ ᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠬᠢ ᠭᠤᠤᠯ ᠠᠵᠢᠯ ᠵᠢᠴᠢ ᠣᠯᠤᠭᠰᠠᠨ ᠠᠮᠵᠢᠯᠲᠠ ᠪᠦᠲᠦᠮᠵᠢ ᠶᠢ ᠣᠯᠠᠨ ᠲᠠᠢ ᠰᠣᠯᠢᠯᠴᠠᠭᠤᠯᠬᠤ ᠪᠠᠷ ᠪᠣᠯᠪᠠ᠃ 2021-12-03 09: 31: 53      ᠰᠤᠷᠪᠤᠯᠵᠢᠯᠠᠭ᠎ᠠ ᠬᠦᠯᠢᠶᠡᠭᠴᠢ᠄ ᠶᠦᠨ ᠸᠧᠨ ᠵᠢᠩ      ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ 2021-12-03 09: 31: 59      ᠬᠥᠲᠥᠯᠥᠭᠴᠢ᠄      ᠪᠢᠳᠠᠨ ᠤ ᠠᠩᠬᠠᠷᠤᠯ ᠢᠶᠠᠷ᠂ 2021 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭᠠᠬᠢ ᠠᠵᠢᠯ ᠳᠤ ᠭᠠᠷᠤᠭᠰᠠᠨ ᠠᠩᠬᠠᠨ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠥᠬᠦ ᠣᠷᠣᠨ ᠤ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠭᠤᠯᠤᠭᠰᠠᠨ ᠪᠠᠶᠢᠨ᠎ᠠ᠃ ᠬᠤᠷᠠᠯ ᠤᠨ ᠳᠠᠷᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ  ᠪᠠᠷ ᠶᠠᠮᠠᠷ ᠶᠠᠮᠠᠷ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠣᠶ︖ 2021-12-03 09: 32: 09      ᠰᠤᠷᠪᠤᠯᠵᠢᠯᠠᠭ᠎ᠠ ᠬᠦᠯᠢᠶᠡᠭᠴᠢ᠄ ᠶᠦᠨ ᠸᠧᠨ ᠵᠢᠩ      ᠤᠢᠢᠷ᠎ᠠ ᠶᠢᠨ ᠵᠢᠯ ᠠᠴᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠯᠢ ᠤᠯᠠᠨ ᠲᠦᠷᠦ ᠶᠢᠨ ᠪᠤᠳᠤᠯᠭ᠎ᠠ ᠶᠢ ᠨᠡᠶᠢᠲᠡᠯᠡᠵᠦ᠂ ᠪᠣᠳᠠᠲᠠᠢ ᠶᠢ ᠡᠷᠬᠢᠮᠯᠡᠭᠰᠡᠨ ᠠᠷᠭ᠎ᠠ  ᠪᠠᠷᠢᠯ ᠠᠪᠴᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠵᠢᠯ ᠳᠠᠷᠠᠭᠠᠯᠠᠨ ᠰᠢᠯᠢᠳᠡᠭᠵᠢᠵᠦ ᠪᠤᠢ᠃ ᠡᠨᠡ ᠵᠢᠯ ᠤᠨ ᠡᠬᠢ ᠪᠠᠷ᠂ ᠪᠦᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠭᠰᠠᠨ ᠤ ᠳᠠᠷᠠᠭ᠎ᠠ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠲᠡᠷᠡ ᠳᠠᠷᠤᠢ ᠳᠤ ᠨᠢ ᠬᠤᠷᠠᠯ ᠤᠨ ᠵᠣᠷᠢᠭ ᠰᠠᠨᠠᠭ᠎ᠠ ᠢᠯᠠᠩᠭᠤᠶ᠎ᠠ ᠱᠦᠵᠢ ᠱᠢ ᠲᠠᠢ ᠹᠧᠩ ᠶᠢᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠤᠨ ᠪᠦᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠬᠤᠷᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠪᠠᠷᠢᠯ ᠶᠢ ᠰᠤᠳᠤᠯᠵᠠᠢ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠠᠴᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠤᠳᠤᠷᠢᠳᠬᠤ ᠳᠤᠭᠤᠶᠢᠯᠠᠩ ᠢ ᠰᠢᠨ᠎ᠡ ᠪᠠᠷ ᠳᠤᠬᠢᠷᠠᠭᠤᠯᠤᠨ ᠪᠠᠶᠢᠭᠤᠯᠵᠤ᠂ ᠠᠵᠢᠯ ᠤᠨ ᠲᠤᠰᠬᠠᠢ ᠠᠩᠬᠢ ᠶᠢ ᠵᠣᠬᠢᠶᠠᠨ ᠪᠠᠶᠢᠭᠤᠯᠵᠤ᠂ ᠠᠵᠢᠯᠯᠠᠭᠠᠨ ᠤ ᠲᠥᠰᠦᠯ ᠪᠣᠯᠤᠨ ᠣᠨ ᠤ ᠡᠭᠦᠷᠭᠡ ᠶᠢᠨ ᠡᠬᠡ ᠳᠠᠩᠰᠠ ᠶᠢ ᠲᠣᠭᠲᠠᠭᠠᠭᠰᠠᠨ ᠤ ᠬᠠᠨᠠᠲᠤ᠂ ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠸᠢᠳᠢᠣ᠋ ᠬᠤᠷᠠᠯ ᠢ ᠬᠤᠷᠠᠯᠳᠤᠭᠤᠯᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠨᠥᠬᠦᠷ ᠬᠤᠷᠠᠯ ᠳᠤ ᠣᠷᠣᠯᠴᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠪᠡᠶ᠎ᠡ ᠪᠠᠷ ᠢᠶᠠᠨ ᠳᠤᠬᠢᠷᠠᠭᠤᠯᠤᠨ ᠪᠠᠶᠢᠷᠢᠯᠠᠭᠤᠯᠵᠠᠢ᠃ 2021- 12-03 09᠄ 33᠄ 30      ᠬᠥᠲᠥᠯᠥᠭᠴᠢ᠄      ᠨᠢᠭᠡ ᠵᠢᠯ ᠤᠨ ᠲᠤᠷᠰᠢᠬᠢ ᠴᠢᠷᠮᠠᠶᠢᠯᠭ᠎ᠠ ᠪᠠᠷ ᠳᠡᠮᠵᠢᠨ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ  ᠶᠢᠨ ᠰᠢᠰᠲ᠋ᠧᠮ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠶᠠᠮᠠᠷ ᠶᠠᠮᠠᠷ ᠪᠣᠳᠠᠲᠠᠶ ᠦᠷ᠎ᠡ ᠪᠦᠲᠦᠮᠵᠢ ᠣᠯᠤᠭᠰᠠᠨ ᠪᠣᠶ︖ 2021-12-03 09: 35: 23      ᠰᠤᠷᠪᠤᠯᠵᠢᠯᠠᠭ᠎ᠠ ᠬᠦᠯᠢᠶᠡᠭᠴᠢ᠄ ᠶᠦᠨ ᠸᠧᠨ ᠵᠢᠩ      ᠡᠭᠦᠨ ᠤ ᠦᠷ᠎ᠡ ᠪᠦᠲᠦᠮᠵᠢ ᠨᠢ ᠪᠠᠰᠠ ᠮᠠᠰᠢ ᠢᠯᠡᠷᠬᠡᠶ ᠪᠠᠶᠢᠨ᠎ᠠ᠃ ᠨᠢᠭᠡ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠠᠵᠤ ᠠᠬᠤᠶᠢᠯᠠᠯ ᠪᠣᠯᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠲᠦᠭᠵᠢᠷᠡᠯ᠂ ᠡᠪᠡᠷᠰᠢᠶᠡᠯ᠂ ᠬᠦᠴᠢᠷᠳᠡᠯ ᠳᠤ ᠴᠢᠭᠯᠡᠭᠦᠯᠦᠨ᠂ ᠨᠡᠶᠢᠭᠡᠮ ᠤᠨ ᠬᠦᠰᠡᠯ ᠡᠷᠡᠮᠡᠯᠵᠡᠯ ᠪᠠ ᠠᠷᠠᠳ ᠤᠨ ᠰᠡᠳᠬᠢᠯ ᠤᠨ ᠠᠩᠬᠠᠷᠤᠯ ᠳᠤ ᠵᠣᠬᠢᠴᠠᠭᠤᠯᠤᠨ᠂ ᠨᠢᠭᠡ ᠪᠦᠯᠦᠭ ᠵᠠᠰᠠᠭ ᠵᠠᠬᠢᠷᠭᠠᠨ ᠤ ᠡᠷᠬᠡ ᠶᠢ ᠬᠦᠴᠦᠨ ᠦᠭᠡᠢ ᠪᠣᠯᠭᠠᠬᠤ ᠪᠠ ᠡᠷᠬᠡ ᠶᠢ ᠳᠣᠷᠣᠭᠰᠢ ᠪᠠᠭᠤᠯᠭᠠᠵᠤ᠂ ᠨᠢᠭᠡ ᠪᠦᠯᠦᠭ ︽ᠴᠠᠭ ᠤᠨ ᠬᠢᠵᠠᠭᠠᠷ ᠢ ᠪᠠᠭᠠᠰᠬᠠᠵᠤ ᠮᠠᠲ᠋ᠧᠷᠢᠶᠠᠯ ᠢ ᠪᠠᠭᠠᠰᠬᠠᠵᠤ ᠵᠠᠩᠭᠢᠯᠠᠭ᠎ᠠ ᠶᠢ ᠪᠠᠭᠠᠰᠬᠠᠬᠤ︾ ᠵᠦᠢᠯᠡᠰ ᠢ ᠰᠢᠯᠢᠳᠡᠭᠵᠢᠭᠦᠯᠵᠦ᠂ ᠨᠢᠭᠡ ᠪᠦᠯᠦᠭ ᠪᠠᠷᠢᠨ ᠭᠦᠢᠴᠡᠳᠬᠡᠬᠦ ᠵᠦᠢᠯᠡᠰ᠂ ᠨᠢᠭᠡ ᠪᠦᠯᠦᠭ ︽ᠨᠢᠭᠡ ᠡᠭᠦᠳᠡ᠂ ᠨᠢᠭᠡ ᠴᠣᠩᠬᠤ︾ ᠪᠠᠷ ᠭᠦᠢᠴᠡᠳᠬᠡᠬᠦ ᠵᠦᠢᠯᠡᠰ ᠪᠠ ᠨᠢᠭᠡ ᠪᠦᠯᠦᠭ ᠪᠦᠬᠦ ᠶᠠᠪᠤᠴᠠ ᠶᠢᠨ ᠰᠦᠯᠵᠢᠶᠡᠨ ᠳᠡᠭᠡᠷ᠎ᠡ ᠭᠦᠢᠴᠡᠳᠬᠡᠬᠦ ᠵᠦᠢᠯᠡᠰ ᠢ ᠰᠢᠨ᠎ᠡ ᠪᠠᠷ ᠨᠡᠮᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ‍ ᠨᠢᠭᠡ ᠪᠦᠯᠦᠭ ᠲᠦᠷᠦ ᠶᠢᠨ ᠪᠤᠳᠤᠯᠭ᠎ᠠ ᠶᠢ ᠨᠡᠶᠢᠲᠡᠯᠡᠵᠦ᠂ ᠬᠥᠭᠵᠢᠯᠲᠡ ᠶᠢ ᠬᠢᠵᠠᠭᠠᠷᠯᠠᠬᠤ ᠨᠢᠭᠡ ᠪᠦᠯᠦᠭ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠢᠯᠭᠠᠷᠠᠭᠤᠯᠤᠨ ᠲᠢᠭᠯᠡᠵᠦ ᠬᠦᠴᠦᠨ ᠦᠭᠡᠢ ᠪᠣᠯᠭᠠᠪᠠ᠃ ᠡᠲᠡᠭᠡᠷ ᠴᠢᠷᠮᠠᠶᠢᠯᠭ᠎ᠠ ᠪᠠᠷ ᠳᠡᠮᠵᠢᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠠᠲ᠋ᠧᠷᠢᠶᠠᠯ ᠴᠥᠭᠡᠨ᠂ ᠭᠤᠭᠴᠤᠭ᠎ᠠ ᠨᠢ ᠪᠠᠭᠠᠰᠤᠭᠰᠠᠨ᠂ ᠬᠤᠷᠳᠤᠴᠠ ᠨᠢ ᠲᠦᠷᠭᠡᠨ᠂ ᠦᠷ᠎ᠡ ᠪᠦᠲᠦᠮᠵᠢ ᠨᠢ ᠥᠨᠳᠥᠷ᠂ ᠦᠢᠯᠡᠴᠢᠯᠡᠭᠡ ᠨᠢ ᠰᠢᠯᠢᠳᠡᠭ᠂ ᠥᠪᠡᠷ ᠤᠨ ᠥᠷᠲᠡᠭ ᠨᠢ ᠪᠠᠭᠤᠷᠠᠭᠰᠠᠨ ᠰᠢᠯᠢᠳᠡᠭ ᠦᠷ᠎ᠡ ᠪᠦᠲᠦᠭᠡᠯ ᠢ ᠠᠩᠬ᠎ᠠ ᠠᠯᠬᠤᠮ ᠪᠠᠶᠡᠯᠡᠭᠦᠯᠪᠡ᠃ 2021-12-03 09: 36: 04      ᠬᠥᠲᠥᠯᠥᠭᠴᠢ᠄      ᠡᠲᠡᠭᠡᠷ ᠦᠷ᠎ᠡ ᠪᠦᠲᠦᠮᠵᠢ ᠶᠢ ᠣᠯᠤᠭᠰᠠᠨ ᠨᠢ ᠠᠵᠤ ᠠᠬᠤᠶᠢᠯᠠᠯ ᠪᠠ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ᠶᠠᠮᠠᠷ ᠶᠠᠮᠠᠷ ᠲᠥᠬᠦᠮ ᠨᠥᠬᠦᠴᠡᠯ ᠢ ᠠᠪᠴᠢᠷᠠᠵᠤ ᠥᠭᠭᠦᠭᠰᠡᠨ ᠪᠣᠶ︖ ᠶᠠᠮᠠᠷ ᠪᠣᠳᠠᠲᠠᠶ ᠢᠯᠡᠷᠡᠯ ᠪᠠᠶᠢᠬᠤ ᠪᠣᠶ︖ 2021-12-03 09: 38: 56      ᠰᠤᠷᠪᠤᠯᠵᠢᠯᠠᠭ᠎ᠠ ᠬᠦᠯᠢᠶᠡᠭᠴᠢ᠄ ᠶᠦᠨ ᠸᠧᠨ ᠵᠢᠩ      ᠣᠯᠠᠨ ᠲᠦᠮᠡᠨ ᠳᠤ ᠲᠥᠬᠦᠮ ᠦᠵᠡᠭᠦᠯᠬᠦ ᠨᠢ ᠨᠢᠭᠡ ᠲᠠᠯ᠎ᠠ ᠪᠠᠷ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠨᠠᠩ ᠳᠥᠭᠦᠮ ᠳᠥᠲᠡ ᠪᠣᠯᠬᠤ ᠳᠡᠭᠡᠷ᠎ᠡ ᠢᠯᠡᠷᠡᠵᠦ ᠪᠠᠶᠢᠨ᠎ᠠ᠃ ᠨᠢᠭᠡ ᠳᠤ᠂ ︽ᠨᠢᠭᠡ ᠯᠡ ᠰᠦᠯᠵᠢᠶ᠎ᠡ ᠪᠠᠷ ᠭᠦᠢᠴᠡᠳᠭᠡᠬᠦ︾ ᠶᠢ ᠪᠡᠶᠡᠯᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠪᠣᠶ ᠪᠥᠬᠦᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠵᠦᠢᠯᠡᠰ ᠢ ᠪᠥᠬᠦ ᠣᠷᠣᠨ ᠤ ᠨᠢᠭᠡ ᠴᠤᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠡᠭᠡᠷ᠎ᠡ ᠰᠦᠯᠵᠢᠶᠡᠨ ᠳᠡᠭᠡᠷ᠎ᠡ ᠬᠦᠢᠴᠡᠳᠭᠡᠵᠦ ᠪᠣᠯᠤᠨ᠎ᠠ᠃ ᠡᠭᠦᠨ ᠤ ᠬᠠᠮᠲᠤ᠂ ᠪᠣᠶ ᠪᠥᠬᠦᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠣᠳᠠᠲᠤ ᠴᠣᠭᠴᠠ ᠶᠢᠨ ᠶᠡᠭᠡ ᠲᠢᠩᠬᠢᠮ ᠳᠤ ᠣᠷᠤᠭᠤᠯᠵᠤ᠂ ︽ᠨᠢᠭᠡ ᠡᠭᠦᠳᠡ︾ ︽ᠨᠢᠭᠡ ᠴᠣᠩᠬᠤ︾ ᠪᠠᠷ ᠭᠦᠢᠴᠡᠳᠭᠡᠬᠦ ᠶᠢ ᠪᠡᠶᠡᠯᠡᠭᠦᠯᠪᠡ᠃ ᠬᠤᠶᠠᠷ ᠲᠤ᠂ ︽ᠨᠢᠭᠡ ᠯᠡ ᠤᠳᠠᠭ᠎ᠠ ᠳᠤ ᠭᠦᠢᠴᠡᠳᠭᠡᠬᠦ︾᠂ ︽ᠪᠢ ᠰᠦᠯᠵᠢᠶᠡᠨ ᠳᠡᠭᠡᠷ᠎ᠡ ᠪᠣᠯᠵᠤᠬᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠬᠢᠷᠢ ᠬᠡᠮ ᠤᠨ ᠦᠨᠡᠮᠯᠡᠯ ᠢ ᠭᠦᠢᠴᠡᠳᠭᠡᠨ᠎ᠡ︾᠂ ︽ᠪᠢ ᠡᠳ᠋ ᠪᠠᠷᠠᠭᠠᠨ ᠤ ᠲᠡᠭᠡᠭᠡᠪᠦᠷᠢ ᠶᠢ ᠡᠵᠡᠩᠨᠡᠨ᠎ᠡ︾᠂ ᠰᠠᠯᠠᠭ᠎ᠠ ᠮᠥᠴᠢᠷ ᠤᠨ ᠨᠢᠭᠡ ᠵᠦᠢᠯ ᠤᠨ ᠠᠵᠢᠯ ᠶᠠᠪᠤᠳᠠᠯ ᠢ ᠬᠢᠨᠠᠨ ᠵᠦᠪᠰᠢᠶᠡᠷᠡᠬᠦ ᠠᠴᠠ ᠠᠵᠤ ᠠᠬᠤᠶᠢᠯᠠᠯ ᠤᠨ ᠣᠯᠠᠨ ᠲᠦᠮᠡᠨ ᠳᠤ ᠦᠢᠯᠡᠴᠢᠯᠡᠬᠦ ︽ᠨᠢᠭᠡ ᠵᠦᠢᠯ ᠤᠨ ᠠᠵᠢᠯ ᠶᠠᠪᠤᠳᠠᠯ︾ ᠪᠣᠯᠭᠠᠨ ᠬᠤᠪᠢᠷᠠᠭᠤᠯᠪᠠ᠃ ᠭᠤᠷᠪᠠ ᠳᠤ᠂ ︽ᠲᠠᠨ ᠢ ᠬᠠᠪᠰᠤᠷᠤᠨ ᠭᠦᠢᠴᠡᠳᠭᠡᠬᠦ︾ ᠶᠢ ᠪᠡᠶᠡᠯᠡᠭᠦᠯᠵᠦ᠂ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠡᠩᠨᠡᠭᠡ ᠶᠢ ᠵᠣᠬᠢᠶᠠᠨ ᠪᠠᠶᠢᠭᠤᠯᠵᠤ᠂ ᠵᠠᠮ ᠳᠤ ᠬᠤᠯᠪᠣᠭᠳᠠᠬᠤ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠢ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠶᠢ ᠪᠡᠶᠡᠯᠡᠭᠦᠯᠪᠡ᠃ ᠳᠥᠷᠪᠡ ᠳᠤ᠂ ︽ᠠᠯᠠᠭᠠᠨ ᠳᠡᠭᠡᠷ᠎ᠡ ᠭᠦᠢᠴᠡᠳᠭᠡᠬᠦ︾ ᠶᠢ ᠪᠡᠶᠡᠯᠡᠭᠦᠯᠵᠦ᠂ ᠨᠢᠭᠡ ᠪᠦᠯᠦᠭ ᠤᠨᠴᠠᠯᠢᠬᠳᠤ ᠬᠡᠷᠡᠭᠯᠡᠭᠡᠨ ᠤ ᠵᠢᠵᠢᠭ ᠫᠷᠤᠭ᠍ᠷᠠᠮ ᠢ ᠰᠢᠨ᠎ᠡ ᠪᠠᠷ ᠨᠡᠭᠡᠭᠡᠬᠦ ᠶᠢᠨ ᠬᠠᠮᠲᠤ ︽ᠮᠦᠩᠬᠡ ᠰᠤᠪᠠᠭ︾ ᠤᠨ ᠰᠢᠯᠵᠢᠮᠡᠯ ᠦᠵᠦᠭᠦᠷ ᠲᠤ ᠵᠠᠯᠭᠠᠨ ᠣᠷᠣᠭᠤᠯᠵᠤ᠂ ᠣᠯᠠᠨ ᠲᠦᠮᠡᠨ ᠤ ᠬᠤᠷᠤᠭᠤᠨ ᠦᠵᠦᠭᠦᠷ ᠲᠤ ᠲᠤᠬᠠᠶᠢᠯᠠᠭᠰᠠᠨ ᠠᠵᠢᠯ ᠭᠦᠢᠴᠡᠳᠭᠡᠬᠦ ᠳᠤ ᠲᠦᠢᠯ ᠤᠨ ᠶᠡᠭᠡ ᠲᠥᠬᠦᠮ ᠦᠵᠡᠭᠦᠯᠪᠡ᠃ ᠲᠠᠪᠤ ᠳᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ︽ᠳᠥᠷᠪᠡ ᠶᠢ ᠬᠠᠰᠤᠬᠤ︾ ᠶᠢ ᠪᠡᠶᠡᠯᠡᠭᠦᠯᠵᠦ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠳᠠᠭᠤᠰᠴᠤ ᠰᠢᠯᠭᠠᠨ ᠠᠪᠬᠤ ᠠᠵᠢᠯ ᠢ 105 ᠠᠵᠢᠯᠯᠠᠬᠤ ᠡᠳᠦᠷ ᠪᠠᠶᠢᠭᠰᠠᠨ ᠠᠴᠠ 50 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠲᠣᠮᠣ ᠵᠦᠢᠯ ᠤᠨ ᠲᠡᠭᠡᠭᠡᠪᠦᠷᠢ ᠶᠢᠨ ᠵᠥᠪᠰᠢᠶᠡᠷᠡᠯ ᠢ ᠭᠦᠢᠴᠡᠳᠬᠡᠵᠦ ᠳᠠᠭᠤᠰᠬᠠᠬᠤ ᠳᠤᠮᠳᠠᠴᠢ ᠴᠠᠭ ᠤᠨ ᠬᠢᠵᠠᠭᠠᠷ ᠢ 1.65 ᠠᠵᠢᠯᠯᠠᠬᠤ ᠡᠳᠦᠷ ᠪᠣᠯᠭᠠᠨ ᠪᠠᠭᠠᠰᠬᠠᠪᠠ᠃ 80 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ ᠭᠡᠷᠡᠴᠢ ᠦᠨᠡᠮᠯᠡᠯ ᠤᠨ ᠲᠥᠷᠥᠯ ᠤᠨ ᠮᠠᠲ᠋ᠧᠷᠢᠶᠠᠯ ᠢ ᠲᠤᠰᠢᠶᠠᠬᠤ ᠥᠬᠡᠶ ᠶᠢ ᠪᠡᠶᠡᠯᠡᠭᠦᠯᠪᠡ᠃ ᠲᠢᠩᠬᠢᠮ ᠤᠨ ᠲᠣᠰ ᠱᠠᠲᠤᠨ ᠤ 45 ᠵᠦᠢᠯ ᠤᠨ ᠠᠵᠢᠯ ᠢ ᠪᠥᠬᠦ ᠶᠠᠪᠤᠴᠠ ᠳᠤ ᠰᠦᠯᠵᠢᠶᠡᠨ ᠳᠡᠭᠡᠷ᠎ᠡ ᠰᠢᠢᠳᠪᠦᠷᠢᠯᠡᠵᠦ᠂ ᠣᠯᠠᠨ ᠲᠦᠮᠡᠨ ᠬᠡᠷ ᠠᠴᠠ ᠪᠠᠨ ᠭᠠᠷᠬᠤ ᠥᠬᠡᠶ᠂ ︽ᠭᠦᠶᠦᠬᠦ ᠥᠬᠡᠶ︾ ᠴᠤ ᠬᠡᠷᠡᠭᠴᠡᠭᠡ ᠪᠥᠬᠦᠶ ᠠᠵᠢᠯ ᠢ ᠰᠦᠯᠵᠢᠶᠡᠨ ᠳᠡᠭᠡᠷ᠎ᠡ ᠰᠠᠶᠢᠲᠤᠷ ᠰᠢᠢᠳᠪᠦᠷᠢᠯᠡᠵᠦ ᠪᠣᠯᠤᠨ᠎ᠠ᠃ ᠨᠥᠭᠦᠭᠡ ᠲᠠᠯ᠎ᠠ ᠪᠠᠷ ᠠᠵᠤ ᠠᠬᠤᠶᠢᠯᠠᠯ ᠤᠨ ᠳᠠᠷᠤᠭᠠᠰᠤ ᠪᠠ ᠡᠵᠡᠩᠨᠡᠯᠲᠡ  ᠶᠢᠨ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠬᠤ ᠳᠡᠭᠡᠷ᠎ᠡ ᠢᠯᠡᠷᠡᠵᠦ ᠪᠠᠶᠢᠨ᠎ᠠ᠃ ᠲᠣᠭᠤᠷᠢᠨ ᠵᠤᠭᠠᠴᠠᠬᠤ ᠲᠡᠷᠭᠡ ᠪᠣᠯᠤᠨ ᠰᠦᠯᠵᠢᠶ᠎ᠡ ᠪᠠᠷ ᠪᠣᠯᠵᠣᠬᠤ ᠲᠡᠷᠭᠡ ᠶᠢᠨ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠰᠢᠯᠭᠠᠯᠲᠠ ᠶᠢᠨ ︽ᠬᠤᠶᠠᠷ ᠰᠢᠯᠭᠠᠯᠲᠠ ᠶᠢ ᠨᠢᠭᠡᠳᠬᠡᠬᠦ︾᠂ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠤᠨ ︽ᠬᠤᠶᠠᠷ ᠦᠨᠡᠮᠯᠡᠯ ᠢ ᠨᠢᠭᠡᠳᠬᠡᠬᠦ︾᠂ ᠡᠩ ᠤᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠣᠨ ᠤ ᠬᠢᠨᠠᠯᠲᠠ ᠶᠢᠨ ︽ᠭᠤᠷᠪᠠᠨ ᠪᠠᠶᠢᠴᠠᠭᠠᠯᠲᠠ ᠶᠢ ᠨᠢᠭᠡᠳᠬᠡᠬᠦ︾᠂ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠶᠢᠨ ︽ᠬᠤᠶᠠᠷ ᠬᠢᠨᠠᠯᠲᠠ ᠶᠢ ᠨᠢᠭᠡᠳᠬᠡᠬᠦ︾ ᠶᠢ ᠪᠡᠶᠡᠯᠡᠭᠦᠯᠵᠦ᠂ ᠲᠣᠮᠣ ᠵᠦᠢᠯ ᠤᠨ ᠲᠡᠭᠡᠭᠡᠪᠦᠷᠢ ᠶᠢ ᠬᠠᠮᠳᠤᠳᠬᠠᠨ ᠵᠥᠪᠰᠢᠶᠡᠷᠡᠬᠦ ᠶᠢ ᠪᠡᠶᠡᠯᠡᠭᠦᠯᠪᠡ᠃ ᠲᠣᠭᠲᠠᠭᠠᠯ ᠢ ᠵᠥᠷᠢᠴᠡᠨ ᠪᠠᠶᠢᠷᠢᠯᠠᠭᠤᠯᠤᠭᠰᠠᠨ ᠪᠠᠷᠠᠭᠠᠨ ᠤ ᠲᠡᠷᠭᠡ ᠶᠢᠨ ᠨᠡᠪᠲᠡᠷᠡᠬᠦ ᠶᠢ ᠬᠠᠷᠰᠢᠯᠠᠬᠤ ᠵᠠᠮ ᠤᠨ ᠥᠨᠳᠥᠷ ᠢ ᠬᠢᠵᠠᠭᠠᠷᠯᠠᠬᠤ ᠥᠷᠭᠡᠨ ᠢ ᠬᠢᠵᠠᠭᠠᠷᠯᠠᠬᠤ 238 ᠲᠥᠬᠦᠭᠡᠷᠦᠮᠵᠢ ᠶᠢ ᠨᠤᠷᠠᠭᠠᠪᠠ᠃ ᠲᠦᠭᠵᠢᠷᠡᠯ ᠪᠠ ᠠᠯᠭᠤᠷ ᠶᠠᠪᠤᠬᠤ ᠰᠦᠢᠳᠭᠡᠯ ᠬᠤᠷᠢᠶᠠᠬᠤ ᠥᠷᠲᠡᠭᠡ ᠶᠢᠨ ᠲᠤᠰᠬᠠᠶ ᠵᠠᠰᠠᠯᠲᠠ ᠶᠢ ᠥᠷᠨᠢᠭᠦᠯᠵᠦ᠂ ᠠᠮᠤᠷ ᠲᠦᠪᠰᠢᠨ ᠳᠥᠭᠦᠮ ᠳᠥᠲᠡ ᠶᠠᠪᠤᠵᠤ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ 8 ᠳ᠋ᠤᠭᠠᠷ ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠶᠠᠪᠤᠳᠠᠯ  ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠬᠢᠭᠡᠳ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠢᠨᠲ᠋ᠧᠷ ᠰᠦᠯᠵᠢᠶᠡᠨ ᠤ ᠵᠠᠮ ᠲᠡᠭᠡᠭᠡᠪᠦᠷᠢ ᠶᠢᠨ ᠠᠷᠠᠳ ᠲᠤ ᠳᠥᠭᠦᠮ ᠦᠵᠡᠭᠦᠯᠬᠦ ᠵᠠᠰᠠᠭ ᠤᠨ ᠶᠠᠪᠤᠳᠠᠯ ᠤᠨ ᠦᠢᠯᠡᠴᠢᠯᠡᠬᠦ ᠰᠢᠰᠲ᠋ᠧᠮ ᠲᠠᠢ ᠬᠤᠯᠪᠤᠨ ᠵᠣᠬᠢᠴᠠᠭᠤᠯᠬᠤ ᠶᠢ ᠪᠡᠶᠡᠯᠡᠭᠦᠯᠵᠦ᠂ ᠵᠠᠮ ᠤᠨ ᠠᠶᠠᠨᠴᠢᠳ ᠤᠨ ᠲᠡᠭᠡᠭᠡᠪᠦᠷᠢ᠂ ᠡᠩ ᠤᠨ ᠡᠳ᠋ ᠪᠠᠷᠠᠭᠠᠨ ᠤ ᠲᠡᠭᠡᠭᠡᠪᠦᠷᠢ ᠵᠢᠴᠢ ᠠᠶᠤᠯᠲᠠᠶ ᠡᠳ᠋ ᠪᠠᠷᠠᠭᠠᠨ ᠤ ᠵᠠᠮ ᠲᠡᠭᠡᠭᠡᠪᠦᠷᠢ ᠶᠢᠨ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠢ ᠨᠥᠬᠦᠨ ᠣᠯᠭᠤᠬᠤ᠂ ᠰᠣᠯᠢᠵᠤ ᠲᠠᠷᠬᠠᠭᠠᠬᠤ᠂ ᠬᠤᠪᠢᠷᠠᠭᠤᠯᠬᠤ᠂ ᠬᠦᠴᠦᠨ ᠥᠬᠡᠶ ᠪᠣᠯᠭᠠᠬᠤ ᠵᠢᠴᠢ ᠦᠨᠡᠨᠴᠢ ᠢᠲᠡᠭᠡᠮᠵᠢ ᠶᠢᠨ ᠬᠢᠨᠠᠨ ᠰᠢᠯᠭᠠᠯᠲᠠ ᠵᠡᠷᠭᠡ 5 ᠵᠦᠢᠯ ᠤᠨ ᠥᠨᠳᠥᠷ ᠳᠠᠪᠲᠠᠮᠵᠢᠲᠤ ᠵᠦᠢᠯᠡᠰ ᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠸᠢᠴᠠᠲ ᠤᠨ ᠨᠡᠶᠢᠲᠡ ᠶᠢᠨ ᠳ᠋ᠤᠭᠠᠷ᠂ ᠢᠨᠲ᠋ᠧᠷ ᠰᠦᠯᠵᠢᠶᠡᠨ ᠤ ᠠᠷᠠᠳ ᠲᠤ ᠲᠥᠬᠦᠮ ᠦᠵᠡᠭᠦᠯᠬᠦ ᠵᠠᠰᠠᠭ ᠤᠨ ᠶᠠᠪᠤᠳᠠᠯ ᠤᠨ ᠰᠢᠰᠲ᠋ᠧᠮ ᠤᠨ ᠰᠦᠯᠵᠢᠶᠡᠨ ᠤ ᠬᠠᠭᠤᠳᠠᠰᠤ᠂ ᠵᠠᠮ ᠲᠡᠭᠡᠭᠡᠪᠦᠷᠢ ᠶᠢᠨ ᠶᠠᠪᠤᠳᠠᠯ ᠤᠨ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ ᠸᠢᠴᠠᠲ ᠤᠨ ᠵᠢᠵᠢᠭ ᠫᠷᠤᠭ᠍ᠷᠠᠮ ᠵᠡᠷᠭᠡ ᠣᠯᠠᠨ ᠣᠷᠤᠴᠠ ᠪᠠᠷ ᠭᠦᠢᠴᠡᠳᠭᠡᠵᠦ ᠪᠣᠯᠤᠨ᠎ᠠ᠃ ᠵᠢᠯᠣᠭᠤᠴᠢ ︽ᠣᠯᠠᠨ ᠭᠠᠵᠠᠷ ᠢᠶᠠᠷ ᠭᠦᠶᠦᠬᠦ︾ ︽ᠪᠤᠴᠠᠵᠤ ᠭᠦᠶᠦᠬᠦ︾ ᠠᠴᠠ ᠰᠠᠯᠪᠠ᠃ ︽ᠰᠠᠭᠠᠳ ᠥᠬᠡᠶ ᠨᠡᠪᠲᠡᠷᠡᠬᠦ ᠵᠠᠮ︾ ᠪᠣᠯᠤᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠨᠡᠪᠲᠡᠷᠡᠬᠦ ᠰᠦᠢᠳᠭᠡᠯ ᠢ ᠬᠠᠰᠤᠵᠤ ᠭᠡᠯᠳᠦᠷᠢᠭᠦᠯᠬᠦ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 1 — 10 ᠳ᠋ᠤᠭᠠᠷ ᠰᠠᠷ᠎ᠠ ᠳᠤ ᠪᠥᠬᠦ ᠣᠷᠣᠨ ᠤ ᠨᠡᠪᠲᠡᠷᠡᠬᠦ ᠰᠦᠢᠳᠭᠡᠯ ᠢ 12.36 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ᠃ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠶᠢ ᠲᠤᠷᠰᠢᠨ ᠬᠡᠷᠡᠭᠵᠢᠭᠦᠯᠵᠦ᠂ ᠲᠣᠷᠰᠢᠨ ᠬᠡᠷᠡᠭᠵᠢᠭᠦᠯᠬᠦ ᠨᠡᠪᠲᠡᠷᠡᠬᠦ ᠵᠠᠮ ᠤᠨ ᠬᠡᠰᠡᠭ ᠤᠨ ᠬᠠᠤᠯᠢ ᠶᠣᠰᠣᠨ ᠤ ᠡᠵᠡᠩᠨᠡᠯᠲᠡ ᠳᠤ ᠲᠣᠭᠲᠠᠭᠠᠭᠰᠠᠨ ᠲᠡᠷᠭᠡᠨ ᠤ ᠬᠡᠯᠪᠡᠷᠢ ᠶᠢᠨ ᠪᠠᠷᠠᠭᠠᠨ ᠤ ᠲᠡᠷᠭᠡ ᠳᠤ ETC 9.5 ᠶᠢᠨ ᠨᠤᠭᠤᠯᠤᠭᠠᠰᠤ ᠶᠢᠨ ᠰᠠᠭᠤᠷᠢᠨ ᠳᠡᠭᠡᠷ᠎ᠡ᠂ ᠨᠡᠪᠲᠡᠷᠡᠬᠦ ᠰᠦᠢᠳᠭᠡᠯ ᠢ 6 ᠨᠤᠭᠤᠯᠤᠭᠠᠰᠤ ᠶᠢᠨ ᠬᠠᠷᠠᠭᠠᠯᠵᠠᠯ ᠦᠵᠡᠭᠦᠯᠵᠦ᠂ ᠶᠡᠷᠦᠩᠬᠡᠶ ᠬᠦᠨᠳᠦ ᠨᠢ 20 ᠲᠣᠨ ᠠᠴᠠ ᠪᠠᠭ᠎ᠠ ᠪᠤᠶᠤ ᠲᠡᠩᠴᠡᠭᠦᠤ 6 ᠬᠡᠯᠪᠡᠷᠢ ᠶᠢᠨ ᠬᠠᠤᠯᠢ ᠶᠣᠰᠣᠨ ᠤ ᠡᠵᠡᠩᠨᠡᠯᠲᠡ ᠶᠢᠨ ᠪᠠᠷᠠᠭᠠᠨ ᠤ ᠲᠡᠷᠭᠡ ᠳᠤ ETC 9.5 ᠶᠢᠨ ᠨᠤᠭᠤᠯᠤᠭᠠᠰᠤ ᠶᠢᠨ ᠰᠠᠭᠤᠷᠢᠨ ᠳᠡᠭᠡᠷ᠎ᠡ᠂ ᠨᠡᠪᠲᠡᠷᠡᠬᠦ ᠰᠦᠢᠳᠭᠡᠯ ᠢ 5 ᠨᠤᠭᠤᠯᠤᠭᠠᠰᠤ ᠶᠢᠨ ᠬᠠᠷᠠᠭᠠᠯᠵᠠᠯ ᠦᠵᠡᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠲᠠᠪᠴᠠᠩ ᠤᠨ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠡᠵᠡᠩᠨᠡᠯᠲᠡ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾ ᠢ ᠨᠡᠶᠢᠲᠡᠯᠡᠵᠦ᠂ ᠬᠥᠮᠦᠨ᠂ ᠲᠡᠷᠭᠡ᠂ ᠪᠠᠷᠠᠭ᠎ᠠ᠂ ᠱᠤᠭᠤᠮ ᠵᠡᠷᠭᠡ ᠪᠠᠷᠠᠭᠠᠨ ᠤ ᠭᠦᠢᠯᠭᠡᠭᠡᠨ ᠤ ᠬᠦᠴᠦᠨ ᠵᠦᠢᠯ ᠢ ᠣᠨᠣᠪᠴᠢᠲᠠᠶ ᠳᠣᠭᠢᠷᠠᠭᠤᠯᠬᠤ ᠶᠢ ᠠᠬᠢᠭᠤᠯᠤᠨ᠂ ᠠᠵᠤ ᠠᠬᠤᠶᠢᠯᠠᠯ ᠤᠨ ᠲᠡᠷᠭᠡ ᠬᠥᠰᠬᠡ ᠶᠢᠨ ᠬᠤᠭᠤᠰᠣᠨ ᠶᠠᠪᠤᠬᠤ ᠨᠣᠷᠮ᠎ᠠ ᠶᠢ ᠪᠠᠷᠤᠭ 10% ᠪᠠᠷ ᠪᠠᠭᠤᠷᠠᠭᠤᠯᠵᠤ᠂ ᠳᠤᠮᠳᠠᠴᠢ ᠪᠠᠷᠠᠭ᠎ᠠ ᠬᠦᠯᠢᠶᠡᠬᠦ ᠴᠠᠭ ᠢ 2 — 3 ᠡᠳᠦᠷ ᠠᠴᠠ 8 — 10 ᠴᠠᠭ ᠪᠣᠯᠭᠠᠨ ᠪᠣᠭᠤᠨᠢᠰᠬᠠᠪᠠ᠃ 2021-12-03 09: 39: 25      ᠬᠥᠲᠥᠯᠥᠭᠴᠢ᠄      ᠲᠠ ᠰᠠᠶ᠋ᠢᠬᠠᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠣᠭᠤᠷᠢᠨ ᠵᠤᠭᠠᠴᠠᠬᠤ ᠲᠡᠷᠭᠡ ᠪᠣᠯᠤᠨ ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ︽ᠬᠤᠶᠠᠷ ᠰᠢᠯᠭᠠᠯᠲᠠ ᠶᠢ ᠨᠢᠭᠡᠳᠬᠡᠬᠦ︾ ᠪᠠ ︽ᠬᠤᠶᠠᠷ ᠦᠨᠡᠮᠯᠡᠯ ᠢ ᠨᠢᠭᠡᠳᠬᠡᠬᠦ︾ ᠠᠵᠢᠯ ᠦᠷᠨᠢᠭᠦᠯᠦᠭᠰᠡᠨ ᠢ ᠳᠤᠷᠠᠳᠪᠠ᠂ ᠲᠠ ᠪᠢᠳᠡᠨ ᠳᠤ ᠨᠠᠷᠢᠨ ᠪᠠᠶᠢᠳᠠᠯ ᠢ ᠲᠠᠨᠢᠯᠴᠠᠭᠤᠯᠤᠭᠠᠳ ᠦᠭᠭᠦᠭᠡᠷᠡᠢ᠃ 2021-12-03 09: 50: 09      ᠰᠤᠷᠪᠤᠯᠵᠢᠯᠠᠭ᠎ᠠ ᠬᠦᠯᠢᠶᠡᠭᠴᠢ᠄ ᠶᠦᠨ ᠸᠧᠨ ᠵᠢᠩ      ᠥᠪᠡᠷᠲᠡᠭᠡᠨ ᠵᠠᠰᠠᠬᠤ ᠣᠷᠣᠨ ᠤ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠥᠭᠡᠷᠡᠴᠢᠯᠡᠯᠲᠡ  ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠢᠯ ᠲᠥᠷᠥᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠲᠣᠭᠤᠷᠢᠨ ᠵᠤᠭᠠᠴᠠᠬᠤ ᠲᠡᠷᠭᠡ ᠪᠠ ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠪᠥᠬᠦ ᠤᠯᠤᠰ ᠤᠨ ᠣᠯᠠᠨ ᠨᠡᠶᠢᠲᠡ ᠶᠢᠨ ᠬᠢᠴᠢᠶᠡᠯ ᠲᠥᠷᠥᠯ ᠤᠨ ᠰᠢᠯᠭᠠᠯᠲᠠ ᠬᠢᠭᠡᠳ ᠣᠷᠣᠨ ᠪᠦᠰᠡ ᠶᠢᠨ ᠬᠢᠴᠢᠶᠡᠯ ᠲᠥᠷᠥᠯ ᠤᠨ ᠰᠢᠯᠭᠠᠯᠲᠠ ᠶᠢᠨ ︽ᠬᠤᠶᠠᠷ ᠰᠢᠯᠭᠠᠯᠲᠠ ᠶᠢ ᠨᠢᠭᠡᠳᠬᠡᠬᠦ︾ ᠠᠵᠢᠯ ᠢ ᠵᠢᠩᠬᠢᠨᠢ ᠪᠠᠷ ᠡᠬᠢᠯᠡᠭᠦᠯᠪᠡ᠃ ᠰᠢᠯᠭᠠᠯᠲᠠ ᠳᠤ ᠬᠢᠷᠢ ᠲᠡᠩᠴᠡᠭᠰᠡᠨ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠳᠤ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ︾ ᠢ ᠨᠢᠭᠡᠳᠦᠯᠲᠡᠶ ᠬᠢᠨᠠᠨ ᠣᠯᠭᠤᠵᠤ᠂ ︽ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ︾᠂ ︽ᠰᠦᠯᠵᠢᠶ᠎ᠡ ᠪᠠᠷ  ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ︾ ︽ᠬᠤᠶᠠᠷ ᠦᠨᠡᠮᠯᠡᠯ ᠢ ᠨᠢᠭᠡᠳᠬᠡᠬᠦ︾ ᠶᠢ ᠪᠡᠶᠡᠯᠡᠭᠦᠯᠪᠡ᠃ ᠤᠤᠯ ᠨᠢ ︽ᠬᠤᠣᠰ ᠦᠨᠡᠮᠯᠡᠯ︾ ᠲᠠᠢ ᠪᠠᠶᠢᠭᠰᠠᠨ ᠪᠣᠯ ᠰᠢᠭᠤᠳ ᠰᠢᠨ᠎ᠡ ᠦᠨᠡᠮᠯᠡᠯ ᠰᠣᠯᠢᠵᠤ ᠪᠣᠯᠤᠨ᠎ᠠ︔ ᠲᠣᠭᠤᠷᠢᠨ ᠵᠤᠭᠠᠴᠠᠬᠤ ᠲᠡᠷᠭᠡ ᠪᠤᠶᠤ ᠰᠦᠯᠵᠢᠶ᠎ᠡ ᠪᠠᠷ ᠪᠣᠯᠵᠣᠬᠤ ᠲᠡᠷᠭᠡ ᠶᠢᠨ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠡᠪᠴᠢᠶ᠎ᠡ ᠶᠢ ᠨᠡᠮᠡᠭᠳᠡᠭᠦᠯᠪᠡᠯ᠂ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠬᠤᠶᠠᠷ ᠵᠦᠢᠯ ᠤᠨ ᠠᠵᠢᠯ ᠡᠷᠭᠢᠯᠡᠬᠦ ᠬᠢᠷᠢ ᠬᠡᠮ ᠢ ᠪᠠᠭᠲᠠᠭᠠᠭᠰᠠᠨ ᠰᠢᠨ᠎ᠡ ᠦᠨᠡᠮᠯᠡᠯ ᠢ ᠣᠯᠵᠤ ᠪᠣᠯᠤᠨ᠎ᠠ᠃ ︽ᠬᠤᠶᠠᠷ ᠦᠨᠡᠮᠯᠡᠯ ᠢ ᠨᠢᠭᠡᠳᠬᠡᠬᠦ︾ ᠪᠠ ︽ᠬᠤᠶᠠᠷ ᠰᠢᠯᠭᠠᠯᠲᠠ ᠶᠢ ᠨᠢᠭᠡᠳᠬᠡᠬᠦ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠰᠢᠯᠭᠠᠯᠲᠠ ᠶᠢᠨ ᠵᠠᠷᠤᠳᠠᠯ ᠢ ᠤᠤᠯ ᠤᠨ ᠵᠠᠷᠤᠳᠠᠯ ᠠᠴᠠ ᠥᠨᠳᠥᠷ ᠪᠠᠶᠢᠯᠭᠠᠬᠤ ᠥᠬᠡᠶ᠂ ᠵᠢᠯᠣᠭᠤᠴᠢ ᠶᠢᠨ ᠳᠠᠷᠤᠭᠠᠰᠤ ᠶᠢ ᠢᠯᠡᠭᠦᠴᠡ ᠨᠡᠮᠡᠭᠳᠡᠭᠦᠯᠬᠦ ᠥᠬᠡᠶ᠃ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯᠲᠠᠨ ᠵᠥᠪᠬᠡᠨ ᠨᠢᠭᠡ ᠯᠡ ᠤᠳᠠᠭᠠᠨ ᠤ ᠰᠢᠯᠭᠠᠯᠲᠠ ᠶᠢ ᠥᠩᠭᠡᠷᠡᠭᠡᠵᠦ᠂ ᠨᠢᠭᠡ ᠯᠡ ᠦᠨᠡᠮᠯᠡᠯ ᠠᠪᠤᠪᠠᠯ ᠳᠠᠷᠤᠶ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡ ᠶᠢ ᠵᠡᠷᠭᠡ ᠪᠠᠷ ᠵᠢᠯᠣᠭᠤᠳᠴᠤ ᠪᠣᠯᠤᠨ᠎ᠠ᠂ ᠡᠨᠡ ᠨᠢ ᠤᠯᠠᠮᠵᠢᠯᠠᠯᠲᠤ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠪᠠᠬᠢᠯᠡᠯᠲᠡ ᠶᠢ ᠶᠡᠬᠡᠬᠡᠨ ᠬᠡᠮᠵᠢᠶᠡᠨ᠎ᠡ ᠡᠪᠳᠡᠵᠦ᠂ ᠰᠢᠨ᠎ᠡ ᠬᠠᠭᠤᠴᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠳᠤᠨ ᠬᠥᠭᠵᠢᠬᠦ ᠶᠢ ᠠᠬᠢᠭᠤᠯᠵᠤ᠂ ᠠᠵᠢᠯ ᠡᠷᠬᠢᠯᠡᠭᠰᠡᠳ ᠤᠨ ᠬᠤᠶᠠᠷ ᠵᠦᠢᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠤᠭᠤᠷᠣᠨᠳᠣ ᠬᠤᠤᠰ ᠴᠢᠭᠯᠡᠯ ᠢᠶᠠᠷ ᠰᠢᠯᠵᠢᠬᠦ ᠳᠤ ᠲᠥᠬᠦᠮ ᠪᠣᠯᠭᠠᠵᠠᠶ᠃ 2021-12-03 09: 51: 29      ᠬᠥᠲᠥᠯᠥᠭᠴᠢ᠄      ᠨᠢᠭᠡ ᠵᠢᠯ ᠤᠨ ᠲᠤᠷᠰᠢᠬᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠪᠣᠳᠠᠲᠠᠶ ᠦᠢᠯᠡᠳᠦᠯᠭᠡ ᠲᠠᠢ ᠤᠶᠠᠯᠳᠤᠭᠤᠯᠤᠨ᠂ ᠶᠠᠮᠠᠷ ᠶᠠᠮᠠᠷ ᠰᠠᠶᠢᠨ ᠲᠤᠷᠰᠢᠯᠭ᠎ᠠ ᠪᠠ ᠠᠷᠭ᠎ᠠ ᠶᠢ ᠪᠢᠳᠡᠨ ᠲᠠᠢ ᠬᠤᠪᠢᠶᠠᠯᠴᠠᠬᠤ ᠪᠣᠶ︖ 2021-12-03 09᠄ 55᠄ 04        ᠰᠤᠷᠪᠤᠯᠵᠢᠯᠠᠭ᠎ᠠ ᠬᠦᠯᠢᠶᠡᠭᠴᠢ᠄ ᠶᠦᠨ ᠸᠧᠨ ᠵᠢᠩ      ᠪᠢᠳᠡᠨ ᠤ ᠬᠢᠬᠦ ᠠᠷᠭ᠎ᠠ ᠶᠢ ᠳᠣᠣᠷᠠᠬᠢ ᠬᠡᠳᠦᠨ ᠲᠠᠯ᠎ᠠ ᠪᠠᠷ ᠬᠤᠷᠢᠶᠠᠩᠭᠤᠶᠢᠯᠠᠵᠤ ᠪᠣᠯᠤᠨ᠎ᠠ᠄ ᠨᠢᠭᠡ ᠳᠤ᠂ ᠥᠨᠳᠥᠷ ᠪᠠᠶᠢᠷᠢᠨ ᠳᠤ ᠲᠦᠯᠬᠢᠨ ᠠᠬᠢᠭᠤᠯᠬᠤ ᠶᠢ ᠪᠠᠷᠢᠮᠲᠠᠯᠠᠪᠠ᠃ ᠬᠠᠤᠯᠢᠵᠢᠭᠤᠯᠤᠭᠰᠠᠨ᠂ ᠢᠲᠡᠭᠡᠮᠵᠢᠵᠢᠭᠦᠯᠦᠭᠰᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠬᠤ ᠶᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠵᠤ᠂ ᠭᠤᠣᠯ ᠤᠳᠤᠷᠢᠳᠤᠯᠭ᠎ᠠ ᠰᠢᠭᠤᠳ ᠲᠦᠷᠦᠭᠦᠯᠡᠨ ᠬᠢᠵᠦ᠂ ᠴᠠᠭ ᠲᠤᠬᠠᠶ ᠳᠤ ᠨᠢ ᠲᠣᠬᠢᠷᠠᠭᠤᠯᠤᠨ ᠰᠤᠳᠤᠯᠵᠤ᠂ ᠠᠵᠢᠯ ᠢᠶᠠᠨ ᠨᠠᠷᠢᠯᠢᠭ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠪᠠ᠃ ᠡᠭᠦᠨ ᠤ ᠬᠠᠮᠲᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠴᠢᠬᠤᠯᠠ ᠠᠭᠤᠯᠭ᠎ᠠ ᠳᠤ ᠣᠷᠣᠭᠤᠯᠵᠤ᠂ ᠡᠯ᠎ᠡ ᠵᠦᠢᠯ ᠤᠨ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠠᠬᠢᠭᠤᠯᠪᠠ᠃ ᠬᠤᠶᠠᠷ ᠲᠤ᠂ ᠰᠢᠰᠲ᠋ᠧᠮ ᠲᠠᠢ ᠪᠠᠷ ᠠᠷᠭ᠎ᠠ ᠤᠬᠠᠭᠠᠨ ᠰᠦᠪᠡᠭᠴᠢᠯᠡᠬᠦ ᠶᠢ ᠪᠠᠷᠢᠮᠲᠠᠯᠠᠪᠠ᠃ ︽ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ︾ ᠢ ᠲᠣᠭᠲᠠᠭᠠᠵᠤ᠂ ᠠᠵᠢᠯᠯᠠᠭ᠎ᠠ ᠶᠢᠨ ᠲᠥᠰᠦᠯ ᠤᠨ ᠲᠣᠭᠤᠷᠢᠨ ᠳᠤ ︽ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 2021 ᠣᠨ ᠤ ᠭᠤᠤᠯᠳᠠᠯᠭ᠎ᠠ ᠲᠠᠢ ᠡᠭᠦᠷᠭᠡ ᠶᠢᠨ ᠡᠬᠡ ᠲᠠᠩᠰᠠ︾ ︽2021 ᠣᠨ ᠤ ᠬᠠᠤᠯᠢ ᠶᠣᠰᠣᠭᠠᠷ ᠵᠠᠰᠠᠭ ᠶᠠᠪᠤᠭᠤᠯᠵᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠶᠢᠭᠤᠯᠤᠯᠲᠠ ᠶᠢ ᠠᠬᠢᠭᠤᠯᠬᠤ ᠡᠭᠦᠷᠭᠡ ᠶᠢᠨ ᠡᠬᠡ ᠲᠠᠩᠰᠠ︾ ︽2021 ᠣᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠡᠭᠦᠷᠭᠡ ᠶᠢᠨ ᠡᠬᠡ ᠲᠠᠩᠰᠠ︾ ᠶᠢ ᠨᠡᠶᠢᠲᠡᠯᠡᠵᠦ᠂ ᠴᠠᠭ ᠲᠤ ᠨᠢ ᠳᠣᠭᠢᠷᠠᠭᠤᠯᠤᠨ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ᠂ ᠨᠠᠷᠢᠨ ᠲᠠᠩᠰᠠᠵᠢᠭᠤᠯᠤᠨ ᠬᠠᠮᠢᠶᠠᠷᠴᠤ᠂ ᠲᠥᠷᠥᠯ ᠵᠦᠢᠯᠴᠢᠯᠡᠨ ᠠᠬᠢᠭᠤᠯᠤᠨ᠎ᠠ᠃ ᠭᠤᠷᠪᠠ ᠳᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠪᠠᠷᠢᠮᠲᠠᠯᠠᠪᠠ᠃ ᠡᠭᠦᠷᠭᠡ ᠶᠢᠨ ᠡᠬᠡ ᠲᠠᠩᠰᠠ ᠶᠢ ᠰᠠᠷ᠎ᠠ ᠪᠠᠷ ᠳᠣᠭᠢᠷᠠᠭᠤᠯᠤᠨ ᠨᠡᠪᠲᠡᠷᠡᠭᠦᠯᠵᠦ᠂ ᠤᠳᠤᠷᠢᠳᠬᠤ ᠳᠤᠭᠤᠶᠢᠯᠠᠩ ᠨᠢ ᠤᠯᠠᠷᠢᠯ ᠪᠦᠷᠢ ᠳᠤ ᠬᠤᠷᠠᠯ ᠬᠤᠷᠠᠯᠳᠤᠭᠤᠯᠵᠤ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠱᠠᠭᠠᠷᠳᠠᠨ ᠬᠢᠯᠭᠡᠬᠦ ᠰᠢᠪᠠᠳᠠᠨ ᠬᠢᠯᠭᠡᠬᠦ ᠲᠣᠭᠲᠠᠴᠠ ᠶᠢ ᠪᠠᠶᠢᠭᠤᠯᠵᠤ᠂ ᠠᠬᠢᠴᠠ ᠨᠢ ᠤᠳᠠᠭᠠᠨ ᠪᠠᠶᠢᠬᠤ ᠡᠭᠦᠷᠭᠡ ᠶᠢ ᠴᠠᠭ ᠲᠤᠬᠠᠶ ᠳᠤ ᠨᠢ ᠰᠠᠨᠠᠭᠤᠯᠤᠨ ᠰᠢᠪᠠᠳᠠᠪᠠ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤᠬᠠᠶ ᠶᠢᠨ  ᠭᠠᠵᠠᠷ ᠲᠤ ᠲᠥᠪᠯᠡᠷᠡᠭᠦᠯᠦᠨ ᠠᠵᠢᠯᠯᠠᠵᠤ᠂ ᠨᠢᠭᠡ ᠴᠤᠭᠴᠠᠵᠢᠭᠤᠯᠤᠨ ᠠᠬᠢᠭᠤᠯᠤᠨ ᠰᠢᠢᠳᠪᠦᠷᠢᠯᠡᠪᠡ᠃ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠲᠠᠢ ᠬᠠᠮᠲᠤ ᠪᠠᠷ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠠᠬᠢᠴᠠ ᠬᠤᠴᠣᠷᠤᠩᠭᠤᠢ᠂ ᠠᠷᠭ᠎ᠠ ᠬᠡᠮᠵᠢᠶ᠎ᠡ ᠬᠦᠴᠦᠨ ᠦᠭᠡᠢ᠂ ᠬᠠᠷᠢᠭᠤᠴᠠᠯᠭ᠎ᠠ ᠲᠣᠳᠣᠷᠬᠠᠢ ᠦᠭᠡᠢ᠂ ᠦᠷ᠎ᠡ ᠪᠦᠲᠦᠮᠵᠢ ᠢᠯᠡᠷᠬᠡᠢ ᠪᠤᠰᠤ ᠠᠵᠢᠯ ᠢ ᠴᠢᠩᠭ᠎ᠠ ᠠᠳᠬᠤᠪᠠ᠃ ᠲᠦᠷᠪᠡ ᠳᠤ᠂ ᠲᠣᠭᠲᠠᠴᠠ ᠶᠢ ᠲᠡᠭᠦᠯᠳᠡᠷᠵᠢᠭᠦᠯᠬᠦ ᠶᠢ ᠪᠠᠷᠢᠮᠲᠠᠯᠠᠪᠠ᠃ ᠠᠰᠠᠭᠤᠳᠠᠯ ᠤᠨ ᠰᠦᠪᠡᠭᠴᠢ ᠶᠢᠨ ᠢᠷᠡᠯᠲᠡ ᠶᠢᠨ ᠠᠷᠭ᠎ᠠ ᠵᠠᠮ ᠢ ᠥᠷᠭᠡᠳᠬᠡᠵᠦ᠂ ᠳᠡᠭᠡᠳᠦ ᠱᠠᠲᠤᠨ ᠤ ᠲᠤᠰᠢᠶᠠᠨ ᠰᠢᠢᠳᠪᠦᠷᠢᠯᠡᠭᠦᠯᠬᠦ ᠪᠠ ᠰᠢᠯᠵᠢᠭᠦᠯᠦᠨ ᠰᠢᠢᠳᠪᠦᠷᠢᠯᠡᠭᠦᠯᠬᠦ᠂ ᠡᠭᠦᠳᠡ ᠪᠠᠨ ᠨᠡᠭᠡᠭᠡᠵᠦ ᠢᠳᠬᠠᠯ ᠬᠤᠷᠢᠶᠠᠬᠤ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ᠂ ᠬᠠᠯᠠᠭᠤᠨ ᠤᠲᠠᠰᠤ ᠪᠠᠷ ᠵᠠᠭᠠᠯᠳᠤᠵᠤ ᠢᠯᠡᠴᠢᠯᠡᠨ ᠮᠡᠳᠡᠭᠦᠯᠬᠦ᠂ ᠲᠠᠪᠴᠠᠩ ᠢᠶᠠᠷ ᠦᠭᠡ ᠦᠯᠡᠳᠡᠭᠡᠬᠦ ᠵᠡᠷᠭᠡ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠯᠲᠠ ᠬᠢᠵᠦ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠲᠦᠭᠵᠢᠷᠡᠯ᠂ ᠬᠦᠴᠢᠷ ᠠᠰᠠᠭᠤᠳᠠᠯ ᠢ ᠪᠥᠬᠦ ᠲᠠᠯ᠎ᠠ ᠪᠠᠷ ᠡᠷᠢᠵᠦ᠂ ᠠᠵᠢᠯ ᠤᠨ ᠳᠤᠮᠳᠠ ᠪᠠᠨ ︽ᠠᠰᠠᠭᠤᠳᠠᠯ ᠢ ᠡᠷᠢᠬᠦ — ᠡᠭᠦᠷᠭᠡ ᠶᠢ ᠲᠣᠳᠣᠷᠬᠠᠶᠢᠯᠠᠬᠤ — ᠲᠥᠰᠦᠯ ᠲᠣᠭᠲᠠᠭᠠᠬᠤ — ᠡᠬᠡ ᠲᠠᠩᠰᠠ ᠪᠠᠶᠢᠭᠤᠯᠬᠤ — ᠰᠢᠢᠳᠪᠦᠷᠢᠯᠡᠬᠦ ᠶᠢ ᠠᠬᠢᠭᠤᠯᠬᠤ — ᠴᠠᠭ ᠲᠤᠬᠠᠶ ᠳᠤ ᠨᠢ ᠬᠠᠷᠢᠭᠤ ᠲᠤᠰᠬᠠᠬᠤ — ᠣᠷᠳᠣ ᠬᠤᠭᠤᠴᠠᠭᠠᠨ ᠤ ᠪᠦᠲᠦᠮᠵᠢᠲᠡᠶ ᠪᠣᠯᠭᠠᠬᠤ︾ ᠪᠢᠲᠡᠭᠦᠦ ᠴᠠᠭᠠᠷᠢᠭ ᠤᠨ ᠲᠣᠭᠲᠠᠴᠠ ᠶᠢ ᠰᠦᠪᠡᠭᠴᠢᠯᠡᠨ ᠳ᠋ᠦᠩᠨᠡᠪᠡ᠃ ᠲᠠᠪᠤ ᠳᠤ᠂ ᠬᠠᠤᠯᠢ ᠪᠠᠷ ᠵᠠᠰᠠᠬᠤ ᠪᠠ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠲᠠᠢ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠪᠠ᠃ ᠡᠨᠡ ᠵᠢᠯ ᠪᠢᠳᠡ ᠨᠢᠭᠡ ᠪᠦᠯᠦᠭ ᠠᠭᠤᠯᠭ᠎ᠠ ᠨᠢ ᠬᠠᠤᠯᠢ ᠪᠠᠷ ᠲᠣᠭᠲᠠᠭᠠᠭᠰᠠᠨ ᠡᠷᠬᠡ ᠶᠢᠨ ᠬᠢᠵᠠᠭᠠᠷ ᠠᠴᠠ ᠳᠠᠪᠠᠭᠰᠠᠨ᠂ ᠳᠡᠭᠡᠳᠦ ᠪᠠᠶᠢᠷᠢ ᠶᠢᠨ ᠬᠠᠤᠯᠢ ᠲᠠᠢ ᠨᠢᠭᠡᠳᠦᠯ ᠦᠭᠡᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠤᠨ ᠬᠦᠴᠦᠨ ᠦᠭᠡᠢ ᠪᠣᠯᠭᠠᠵᠤ᠂ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠵᠢᠷᠤᠮ ᠤᠨ ᠵᠢᠯᠤᠭᠤᠳᠤᠯᠭ᠎ᠠ︾᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠤ ᠪᠤᠳᠤᠯᠭ᠎ᠠ ᠲᠣᠭᠲᠠᠭᠠᠬᠤ ᠵᠢᠷᠤᠮ ᠤᠨ ᠵᠢᠯᠤᠭᠤᠳᠤᠯᠭ᠎ᠠ︾ ᠶᠢ ᠲᠣᠭᠲᠠᠭᠠᠵᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠢᠢᠳᠪᠦᠷᠢᠲᠤ ᠪᠤᠳᠤᠯᠭ᠎ᠠ ᠲᠣᠭᠲᠠᠭᠠᠬᠤ᠂ ᠠᠷᠠᠳ ᠤᠨ ᠠᠮᠢᠳᠤᠷᠠᠯ᠂ ᠣᠷᠴᠢᠨ ᠠᠬᠤᠶ ᠳᠤ ᠨᠡᠩ ᠰᠠᠶᠢᠲᠤᠷ ᠦᠢᠯᠡᠴᠢᠯᠡᠭᠦᠯᠪᠡ᠃ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ ᠪᠠ ᠪᠠᠶᠢᠩᠭᠤ ᠶᠢᠨ ᠬᠠᠷᠢᠯᠴᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠠᠪᠤᠴᠠ ᠳᠤ ᠠᠵᠢᠯ ᠲᠥᠷᠥᠯ ᠤᠨ ᠠᠵᠤ ᠠᠬᠤᠶᠢᠯᠠᠯ ᠪᠠ ᠨᠡᠶᠢᠭᠡᠮᠯᠢᠭ ᠤᠨ ᠰᠠᠨᠠᠯ ᠢ ᠭᠦᠢᠴᠡᠳ ᠰᠣᠨᠣᠰᠤᠨ᠎ᠠ᠃ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠤᠨ ᠲᠠᠰᠤᠯᠤᠯᠲᠠ ᠶᠢᠨ ᠡᠷᠬᠡ ᠶᠢ ᠬᠡᠷᠡᠭᠯᠡᠬᠦ ᠲᠦᠷᠢᠮ ᠳᠤ ᠵᠠᠰᠠᠪᠤᠷᠢ ᠣᠷᠣᠭᠤᠯᠵᠤ᠂ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠯᠲᠠ ᠶᠢ ᠲᠦᠯᠬᠢᠨ ᠠᠬᠢᠭᠤᠯᠪᠠ᠃ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠨᠢ ᠳᠥᠭᠦᠮ ᠪᠦᠳᠦᠭᠦᠯᠢᠭ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠬᠢᠬᠦ ᠪᠠ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠳᠤᠷ᠎ᠠ ᠪᠠᠷ ᠢᠶᠠᠨ ᠳᠡᠭᠡᠭᠰᠢᠯᠡᠭᠦᠯᠬᠦ ᠵᠡᠷᠭᠡ ᠠᠰᠠᠭᠤᠳᠠᠯ ᠳᠤ ᠴᠢᠭᠯᠡᠭᠦᠯᠦᠨ ᠭᠦᠨᠵᠡᠭᠡᠶ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠵᠤ᠂ 172 ᠲᠤᠪᠤᠶᠢᠮ᠎ᠠ ᠠᠰᠠᠭᠤᠳᠠᠯ ᠢ ᠬᠠᠷᠭᠤᠭᠤᠯᠤᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠤᠭᠰᠠᠨ ᠨᠤᠷᠮ᠎ᠠ ᠶᠢ 100% ᠪᠠᠷ ᠳᠡᠭᠡᠭᠰᠢᠯᠡᠭᠦᠯᠪᠡ᠃ 12328 ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢᠨ ᠤᠲᠠᠰᠤ ᠪᠠᠷ ᠰᠢᠪᠠᠳᠠᠨ ᠬᠢᠯᠭᠡᠬᠦ ᠠᠵᠢᠯ ᠤᠨ ᠲᠤᠰᠬᠠᠶ ᠠᠩᠭᠢ ᠪᠠᠶᠢᠭᠤᠯᠵᠤ᠂ ᠭᠠᠷᠠᠭ ᠤᠨ ᠮᠡᠳᠡᠭᠦᠯᠦᠯᠲᠡ ᠶᠢᠨ ᠲᠣᠭᠲᠠᠴᠠ ᠶᠢ ᠪᠠᠶᠢᠭᠤᠯᠤᠨ᠂ ᠠᠵᠤ ᠠᠬᠤᠶᠢᠯᠠᠯ ᠣᠯᠠᠨ ᠲᠦᠮᠡᠨ ᠤ ᠲᠤᠰᠬᠠᠭᠰᠠᠨ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠪᠡ᠃ ᠠᠭᠤᠴᠢᠯᠠᠨ ᠰᠢᠢᠳᠭᠡᠬᠦ ᠪᠠ ᠴᠢᠩᠭ᠎ᠠ ᠰᠢᠢᠳᠭᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠰᠢᠮᠳᠠᠭᠤᠯᠤᠨ ᠪᠠᠶᠢᠴᠠᠭᠠᠬᠤ ᠳᠤᠮᠳᠠᠬᠢ ᠢᠲᠡᠭᠡᠮᠵᠢ ᠶᠢᠨ ᠦᠨᠡᠯᠡᠯᠲᠡ ᠶᠢᠨ AA ᠲᠠᠰ ᠤᠨ ᠠᠵᠤ ᠠᠬᠤᠶᠢᠯᠠᠯ ᠤᠨ ᠪᠠᠶᠢᠴᠠᠭᠠᠬᠤ ᠤᠳᠠᠭ᠎ᠠ ᠶᠢ ᠪᠠᠭᠠᠰᠬᠠᠵᠤ᠂ ᠠᠮᠤᠷ ᠲᠦᠪᠰᠢᠨ ᠵᠡᠷᠭᠡ ᠬᠦᠷᠢᠶ᠎ᠡ ᠴᠠᠷᠠᠭ᠎ᠠ ᠳᠤ ᠬᠤᠯᠪᠣᠭᠳᠠᠬᠤ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠪᠠ᠃      ᠬᠥᠲᠥᠯᠥᠭᠴᠢ᠄      ᠲᠠᠨ ᠤ ᠰᠠᠶ᠋ᠢᠬᠠᠨ ᠳᠤᠷᠠᠳᠤᠭᠰᠠᠨ ᠢᠶᠠᠷ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠶᠢᠭᠤᠯᠤᠯᠲᠠ ᠲᠠᠢ ᠤᠶᠠᠯᠳᠤᠭᠤᠯᠤᠨ ᠨᠢᠭᠡ ᠴᠤᠭᠴᠠᠵᠢᠭᠤᠯᠤᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠡᠨᠡ ᠵᠢᠯ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠠᠷᠭ᠎ᠠ  ᠪᠠᠷᠢᠯ ᠠᠪᠤᠭᠰᠠᠨ ᠪᠣᠶ︖ ᠪᠠᠰᠠ ᠶᠠᠮᠠᠷ ᠠᠬᠢᠴᠠ ᠲᠠᠢ ᠪᠣᠯᠤᠭᠰᠠᠨ ᠪᠤᠢ︖ 2021-12-0310᠄ 04᠄ 54      ᠰᠤᠷᠪᠤᠯᠵᠢᠯᠠᠭ᠎ᠠ ᠬᠦᠯᠢᠶᠡᠭᠴᠢ᠄ ᠶᠦᠨ ᠸᠧᠨ ᠵᠢᠩ      ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ 2021 ᠣᠨ ᠤ ᠬᠠᠤᠯᠢ ᠲᠦᠷᠢᠮ ᠤᠨ ᠠᠵᠢᠯ ᠤᠨ ᠭᠤᠤᠯᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠶᠣᠰᠣᠭᠠᠷ ᠣᠷᠣᠨ ᠢᠶᠠᠨ ᠵᠠᠰᠠᠬᠤ ᠬᠤᠷᠢᠶ᠎ᠠ ᠶᠢᠨ 2021 ᠣᠨ ᠤ ᠠᠵᠢᠯ ᠤᠨ ᠭᠤᠤᠯᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ︽2021 ᠣᠨ ᠤ ᠬᠠᠤᠯᠢ ᠶᠣᠰᠣᠭᠠᠷ ᠵᠠᠰᠠᠭ ᠶᠠᠪᠤᠭᠤᠯᠵᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠡᠭᠦᠷᠭᠡ ᠶᠢᠨ ᠡᠬᠡ ᠲᠠᠩᠰᠠ︾ ᠶᠢ ᠲᠣᠭᠲᠠᠭᠠᠪᠠ᠃ ᠣᠳᠣᠬᠠᠨ ᠳᠤ᠂ ᠡᠯ᠎ᠡ ᠵᠦᠢᠯ ᠤᠨ ᠡᠭᠦᠷᠭᠡ ᠶᠢ ᠨᠢᠭᠡᠨᠲᠡ ᠪᠦᠬᠦᠨ ᠢ ᠠᠬᠢᠭᠤᠯᠤᠨ ᠥᠷᠨᠢᠭᠦᠯᠵᠦ᠂ 90% ᠶᠢ ᠨᠢ ᠨᠢᠭᠡᠨᠲᠡ ᠪᠡᠶᠡᠯᠡᠭᠦᠯᠦᠭᠰᠡᠨ ᠪᠤᠶᠤ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ᠃ ᠬᠠᠤᠯᠢ ᠲᠣᠭᠲᠠᠭᠠᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠲᠠᠢ ᠬᠠᠮᠵᠢᠯᠴᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠳᠦᠷᠢᠮ︾ ᠤᠨ ᠬᠠᠤᠯᠢ ᠲᠣᠭᠲᠠᠭᠠᠬᠤ ᠶᠢ ᠪᠡᠶᠡᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠳᠦᠷᠢᠮ︾ ᠤᠨ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢ ᠥᠷᠨᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠵᠠᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠦᠷᠢᠮ︾ ᠢ 2021 ᠣᠨ ᠤ ᠥᠪᠡᠷᠲᠡᠭᠡᠨ ᠵᠠᠰᠠᠬᠤ ᠣᠷᠣᠨ ᠤ ᠬᠠᠤᠯᠢ ᠲᠣᠭᠲᠠᠭᠠᠬᠤ ᠪᠠᠶᠢᠴᠠᠭᠠᠨ ᠰᠤᠳᠤᠯᠬᠤ ᠲᠥᠯᠥᠪᠯᠡᠭᠡ ᠳᠤ ᠵᠢᠭᠰᠠᠭᠠᠨ ᠣᠷᠣᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠶᠢᠨ ᠠᠷᠭ᠎ᠠ︾ ᠳᠤ ᠵᠠᠰᠠᠪᠤᠷᠢ ᠣᠷᠤᠭᠤᠯᠬᠤ ᠰᠠᠨᠠᠭᠤᠯᠭ᠎ᠠ ᠲᠤᠷᠠᠳᠪᠠ᠃ ᠬᠠᠤᠯᠢ ᠬᠡᠷᠡᠭᠵᠢᠭᠦᠯᠬᠦ ᠲᠠᠯ᠎ᠠ ᠪᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ︽ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠳᠤ ᠬᠠᠤᠯᠢ ᠳᠦᠷᠢᠮ ᠢ ᠬᠢᠨᠠᠨ ᠬᠠᠷᠭᠤᠭᠤᠯᠬᠤ ᠳᠦᠷᠢᠮ︾ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠳᠤ ᠬᠠᠤᠯᠢ ᠳᠦᠷᠢᠮ ᠢ ᠬᠢᠨᠠᠨ ᠬᠠᠷᠭᠤᠭᠤᠯᠬᠤ ᠳᠦᠷᠢᠮ ᠢ ᠪᠣᠳᠠᠲᠠᠶ ᠬᠡᠷᠡᠭᠵᠢᠭᠦᠯᠬᠦ ᠲᠥᠰᠦᠯ︾ ᠢ ᠲᠣᠭᠲᠠᠭᠠᠪᠠ᠃ ᠲᠢᠩᠬᠢᠮ ᠤᠨ ᠰᠢᠭᠤᠳ ᠬᠠᠷᠢᠶ᠎ᠠ ᠬᠠᠤᠯᠢ ᠬᠡᠷᠡᠭᠵᠢᠭᠦᠯᠬᠦ ᠡᠩᠨᠡᠭᠡ ᠨᠢ ᠨᠢᠭᠡᠨᠲᠡ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠪᠦᠷᠢᠨ ᠲᠡᠮᠳᠡᠭᠯᠡᠬᠦ᠂ ᠬᠠᠤᠯᠢ ᠬᠡᠷᠡᠭᠵᠢᠭᠦᠯᠬᠦ ᠶᠠᠪᠤᠴᠠ ᠶᠢ ᠮᠥᠷᠳᠡᠵᠦ ᠪᠣᠯᠬᠤ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠳᠤ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ ᠶᠢ ᠪᠦᠷᠢᠨ ᠪᠦᠷᠬᠦᠭᠦᠯᠬᠦ ᠶᠢ ᠦᠨᠳᠦᠰᠦᠨ ᠳᠤ ᠪᠠᠨ ᠪᠡᠶᠡᠯᠡᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠡᠷᠬᠡ ︵ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ︶ ᠶᠢᠨ ᠵᠦᠢᠯᠡᠰ ᠤᠨ ᠵᠢᠯᠣᠭᠤᠳᠬᠤ ᠭᠠᠷᠴᠠᠭ︾ ᠢ ᠡᠮᠬᠢᠯᠡᠨ ᠳᠢᠭᠯᠡᠵᠦ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠵᠦ᠂ ᠬᠥᠳᠡᠯᠦᠩᠭᠦᠶ ᠪᠠᠷ ᠳᠣᠭᠢᠷᠠᠭᠤᠯᠬᠤ ᠪᠠ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠶᠢᠯᠠᠵᠤ᠂ ᠬᠢᠨᠠᠯᠲᠠ ᠬᠠᠮᠢᠶᠠᠷᠤᠯᠲᠠ ᠶᠢᠨ ᠠᠵᠢᠯ ᠶᠠᠪᠤᠳᠠᠯ ᠤᠨ ᠡᠷᠬᠡ ᠶᠢ ᠲᠣᠳᠣᠷᠬᠠᠶᠢᠯᠠᠨ᠂ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠣᠷᠣᠨ ᠪᠠᠶᠢᠷᠢ ᠳᠤᠲᠠᠭᠳᠠᠬᠤ᠂ ᠣᠷᠣᠨ ᠪᠠᠶᠢᠷᠢ ᠳᠠᠪᠠᠭ᠋ᠤ᠂ ᠣᠷᠣᠨ ᠪᠠᠶᠢᠷᠢ ᠪᠤᠷᠤᠭᠤᠳᠠᠬᠤ ᠠᠴᠠ ᠵᠠᠶᠢᠯᠠᠰᠬᠢᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠭᠤᠤᠯᠳᠠᠯᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠤᠨ ᠲᠥᠰᠦᠯ ︵2021 ᠣᠨ-2023 ᠣᠨ︶︾ ︽ᠲᠥᠪ ᠴᠢᠩᠭ᠎ᠠ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠬᠦ ᠰᠠᠨᠠᠯ︾ ︽2021 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠰᠢᠯᠭᠠᠨ ᠦᠨᠡᠯᠡᠬᠦ ᠭᠦᠢᠴᠡᠳᠭᠡᠯ ᠲᠤᠭ᠎ᠠ︾ ᠶᠢ ᠳᠠᠷᠤᠮᠠᠯᠯᠠᠨ ᠲᠠᠷᠬᠠᠭᠠᠪᠠ ᠃ ᠬᠠᠤᠯᠢ ᠬᠡᠷᠡᠭᠵᠢᠭᠦᠯᠬᠦ ᠪᠡᠶᠡᠴᠢ ᠴᠣᠭᠴᠠ᠂ ᠴᠤᠪᠤᠷᠠᠯ ᠪᠠ ᠠᠵᠢᠯᠳᠠᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠡᠵᠡᠩᠨᠡᠯᠲᠡ ᠶᠢᠨ ᠰᠢᠨ᠎ᠡ ᠪᠠᠶᠢᠳᠠᠯ ᠤᠨ ᠪᠠᠭᠲᠠᠭᠠᠮᠵᠢᠲᠠᠶ ᠬᠢᠨᠠᠭᠤᠷ ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠢᠳᠡᠪᠬᠢᠲᠡᠶ ᠪᠠᠷ ᠰᠢᠨ᠎ᠡ ᠪᠠᠷ ᠡᠭᠦᠳᠴᠦ᠂ ᠲᠡᠷᠢᠭᠦᠨ ᠵᠥᠷᠢᠴᠡᠭᠰᠡᠨ ᠢ ᠥᠯᠥ ᠲᠣᠷᠭᠠᠬᠤ᠂ ᠬᠥᠩᠭᠡᠪᠲᠦᠷ ᠢ ᠲᠣᠷᠭᠠᠭᠤᠯᠢ ᠠᠴᠠ ᠬᠡᠯᠲᠦᠷᠢᠭᠦᠯᠬᠦ ᠲᠤᠷᠰᠢᠯᠲᠠ ᠶᠢ ᠵᠣᠬᠢᠶᠠᠨ ᠪᠠᠶᠢᠭᠤᠯᠤᠨ ᠦᠷᠨᠢᠭᠦᠯᠪᠡ᠃ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠲᠠᠯ᠎ᠠ ᠪᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠰᠠᠨᠠᠯ ︵2021 -2025︶︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠲᠣᠭᠲᠠᠭᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ ᠵᠡᠷᠭᠡ ᠶᠢ ᠭᠤᠤᠯᠳᠠᠯᠭ᠎ᠠ ᠲᠠᠢ ᠰᠤᠷᠤᠯᠴᠠᠵᠤ ᠤᠬᠠᠭᠤᠯᠬᠤ ᠠᠭᠤᠯᠭ᠎ᠠ ᠳᠤ ᠣᠷᠣᠭᠤᠯᠪᠠ᠃ ︽ᠵᠠᠮ ᠬᠠᠷᠢᠯᠴᠠᠭ᠎ᠠ ᠲᠡᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠣᠪᠴᠢᠯᠠᠯ︾ ︵ᠨᠢᠭᠡᠳᠦᠭᠡᠷ ᠳᠡᠪᠲᠡᠷ᠂ ᠬᠤᠶᠠᠳᠤᠭᠠᠷ ᠳᠡᠪᠲᠡᠷ︶ ᠪᠣᠯᠤᠨ ︽ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠡᠮᠬᠢᠳᠬᠡᠯ︾ ᠢ ᠨᠠᠶᠢᠷᠠᠭᠤᠯᠤᠨ ᠬᠡᠪᠯᠡᠭᠦᠯᠵᠦ᠂ ᠪᠦᠬᠦ ᠰᠢᠰᠲ᠋ᠧᠮ ᠳᠤ ᠴᠠᠭ ᠲᠤᠬᠠᠶ ᠳᠤ ᠨᠢ ᠲᠠᠷᠬᠠᠭᠠᠨ ᠥᠭᠴᠦ᠂ ᠠᠵᠢᠯ ᠲᠥᠷᠥᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠶᠢ ᠵᠢᠯᠣᠭᠤᠳᠬᠤ ᠳᠤ ᠬᠡᠷᠡᠭᠯᠡᠨ᠎ᠡ᠃ 2021-12-03 10: 05: 24      ᠬᠥᠲᠥᠯᠥᠭᠴᠢ᠄      ᠨᠢᠭᠡ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠠᠵᠢᠯ ᠤᠨ ᠠᠷᠭ᠎ᠠ ᠪᠠᠷᠢᠯ ᠪᠠ ᠬᠢᠯᠠᠰ ᠴᠡᠭ ᠲᠠᠢ ᠪᠠᠶᠢᠬᠤ ᠪᠣᠶ︖ 2021-12-03 10: 12: 13      ᠰᠤᠷᠪᠤᠯᠵᠢᠯᠠᠭ᠎ᠠ ᠬᠦᠯᠢᠶᠡᠭᠴᠢ᠄ ᠶᠦᠨ ᠸᠧᠨ ᠵᠢᠩ      ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ᠂ ᠵᠢᠯ ᠤᠨ ᠡᠬᠢᠨ ᠳᠤ ︽2021 ᠣᠨ  ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ︾ ᠵᠢᠴᠢ ᠠᠵᠢᠯ ᠤᠨ ᠬᠤᠪᠢᠶᠠᠷᠢᠯᠠᠯ ᠤᠨ ᠡᠬᠡ ᠳᠠᠩᠰᠠ ᠶᠢ ᠳᠠᠷᠤᠮᠠᠯᠯᠠᠨ ᠲᠠᠷᠬᠠᠭᠠᠪᠠ᠃ ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠪᠠᠷᠢᠬᠤ ᠵᠥᠪᠰᠢᠶᠡᠷᠡᠯ ᠤᠨ ᠤᠤᠯ ᠤᠨ 7 ᠵᠦᠢᠯ ᠤᠨ ᠮᠡᠳᠡᠭᠦᠯᠬᠦ ᠮᠠᠲ᠋ᠧᠷᠢᠶᠠᠯ ᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠠᠷᠭ᠎ᠠ ᠮᠠᠶ᠋ᠢᠭ ᠢᠶᠠᠷ 4 ᠵᠦᠢᠯ ᠪᠣᠯᠭᠠᠨ ᠪᠠᠭᠠᠰᠬᠠᠪᠠ᠃ 2020 ᠣᠨ ᠤ ᠪᠥᠬᠦ ᠣᠷᠣᠨ ᠤ ᠵᠠᠰᠠᠮᠠᠯ ᠵᠠᠮ ᠤᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ ᠠᠵᠤ ᠠᠬᠤᠶᠢᠯᠠᠯ ᠪᠣᠯᠤᠨ ᠵᠠᠰᠠᠮᠠᠯ ᠵᠠᠮ ᠤᠨ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ᠂ ᠲᠤᠷᠰᠢᠯᠲᠠ ᠶᠢᠨ ᠪᠠᠶᠢᠴᠠᠭᠠᠨ ᠬᠡᠮᠵᠢᠯᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠦᠨᠡᠯᠡᠯᠲᠡ ᠶᠢᠨ ᠠᠵᠢᠯ ᠢ ᠪᠡᠶᠡᠯᠡᠭᠦᠯᠪᠡ᠃ ᠵᠠᠰᠠᠭ ᠤᠨ ᠶᠠᠪᠤᠳᠠᠯ ᠤᠨ ᠭᠡᠷ᠎ᠡ ᠶᠢ ᠬᠡᠷᠡᠭᠵᠢᠭᠦᠯᠬᠦ ᠪᠠ ᠠᠮᠠᠯᠠᠯᠲᠠ ᠪᠠᠨ ᠰᠠᠬᠢᠬᠤ ᠦᠢᠯᠡᠴᠢᠯᠡᠭᠡ ᠶᠢ ᠣᠨ ᠤ ᠬᠢᠨᠠᠨ ᠰᠢᠯᠭᠠᠬᠤ ᠭᠦᠢᠴᠡᠳᠭᠡᠯ ᠲᠣᠭᠠᠨ ᠤ ᠰᠢᠰᠲ᠋ᠧᠮᠵᠢ ᠳᠤ ᠣᠷᠣᠭᠤᠯᠵᠤ᠂ ᠰᠠᠯᠠᠭ᠎ᠠ ᠮᠥᠴᠢᠷ ᠪᠠ ᠠᠯᠪᠠᠨ ᠲᠤᠰᠢᠶᠠᠯᠲᠠᠨ ᠤ ᠢᠲᠡᠭᠡᠯ ᠠᠯᠳᠠᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠲᠦᠷᠢᠮ ᠪᠠ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠪᠠᠶᠢᠭᠤᠯᠪᠠ ᠃ 2021-12-03 10: 13: 40      ᠬᠥᠲᠥᠯᠥᠭᠴᠢ᠄      ᠵᠠᠯᠭᠠᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠶᠠᠮᠠᠷ ᠠᠵᠢᠯ ᠤᠨ ᠲᠥᠯᠥᠪᠯᠡᠭᠡ ᠲᠠᠢ ᠪᠣᠶ︖ 2021-12-03 10: 16: 01      ᠰᠤᠷᠪᠤᠯᠵᠢᠯᠠᠭ᠎ᠠ ᠬᠦᠯᠢᠶᠡᠭᠴᠢ᠄ ᠶᠦᠨ ᠸᠧᠨ ᠵᠢᠩ      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠳᠠᠭᠤᠰᠬᠤ ᠴᠠᠭ ᠭᠡᠵᠦ ᠪᠠᠶᠢᠬᠤ ᠥᠬᠡᠶ᠂ ᠵᠥᠪᠬᠡᠨ ᠶᠠᠪᠤᠭᠳᠠᠬᠤ ᠴᠠᠭ ᠭᠡᠵᠦ ᠪᠠᠶᠢᠨ᠎ᠠ︔ ᠬᠠᠮᠤᠭ ᠤᠨ ᠰᠠᠶᠢᠨ ᠭᠡᠵᠦ ᠪᠠᠶᠢᠬᠤ ᠦᠭᠡᠶ᠂ ᠬᠠᠷᠢᠨ ᠨᠡᠩ ᠰᠠᠶᠢᠨ ᠯᠠ ᠪᠠᠶᠢᠨ᠎ᠠ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠠ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ ᠂ ᠣᠯᠠᠨ ᠲᠦᠮᠡᠨ ᠤ ᠬᠡᠷᠡᠭᠴᠡᠭᠡ ᠪᠣᠯᠤᠨ ᠨᠡᠶᠢᠭᠡᠮ ᠤᠨ ᠠᠩᠬᠠᠷᠤᠯ ᠳᠤ ᠰᠢᠭᠤᠳ ᠬᠠᠨᠳᠤᠵᠤ᠂ ᠪᠥᠬᠦ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠪᠤᠶᠢᠵᠢᠭᠤᠯᠬᠤ ᠪᠠ ᠬᠥᠭᠵᠢᠭᠡᠬᠦ ᠲᠧᠯᠸᠢᠰ ᠳ᠋ᠢᠶᠠᠩᠬᠤᠸᠠ ᠬᠤᠷᠠᠯ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ  ᠦᠢᠯᠡᠴᠢᠯᠡᠬᠦ ᠠᠵᠢᠯᠯᠠᠭ᠎ᠠ ᠶᠢᠨ ᠲᠥᠰᠦᠯ ᠳᠠᠬᠢ ᠬᠠᠮᠢᠶ᠎ᠠ ᠪᠥᠬᠦᠶ ᠭᠤᠤᠯᠳᠠᠯᠭ᠎ᠠ ᠲᠠᠢ ᠡᠭᠦᠷᠭᠡ ᠶᠢ ᠬᠢᠨᠠᠮᠠᠭᠠᠶ ᠪᠡᠶᠡᠯᠡᠭᠦᠯᠵᠦ᠂ ᠬᠠᠤᠯᠢ ᠪᠠᠷ ᠵᠠᠰᠠᠬᠤ᠂ ᠢᠲᠡᠭᠡᠮᠵᠢ ᠶᠢᠨ ᠰᠢᠰᠲ᠋ᠧᠮᠵᠢ ᠪᠣᠯᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠨᠢᠭᠡ ᠴᠤᠭᠴᠠᠵᠢᠭᠤᠯᠤᠨ ᠪᠦᠲᠦᠭᠡᠨ ᠪᠠᠶᠢᠭᠤᠯᠬᠤ ᠠᠵᠢᠯ ᠤᠨ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ᠂ ︽ᠨᠢᠭᠡ ᠯᠡ ᠰᠦᠯᠵᠢᠶ᠎ᠡ ᠶᠢ ᠨᠡᠶᠢᠳᠡᠮ ᠬᠡᠷᠡᠭᠯᠡᠬᠦ︾᠂ ︽ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠪᠠᠷ ᠬᠠᠷᠠᠯᠲᠠ ᠪᠠ ᠶᠡᠷᠦᠩᠬᠡᠶ ᠭᠠᠷᠳᠠᠴᠠ ᠪᠣᠯᠭᠠᠵᠤ᠂ ᠰᠦᠯᠵᠢᠶᠡᠨ ᠳᠡᠭᠡᠷᠡᠬᠢ ︽ᠨᠢᠭᠡ ᠯᠡ ᠰᠦᠯᠵᠢᠶ᠎ᠡ ᠪᠠᠷ ᠭᠦᠢᠴᠡᠳᠭᠡᠬᠦ︾᠂ ᠰᠦᠯᠵᠢᠶᠡᠨ ᠭᠠᠳᠠᠨᠠᠬᠢ ︽ᠨᠢᠭᠡ ᠯᠡ ᠡᠭᠦᠳᠡ ᠪᠠᠷ ᠭᠦᠢᠴᠡᠳᠭᠡᠬᠦ︾ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠣᠷᠤᠨ ᠬᠤᠲᠠ ᠰᠢᠶᠠᠨ ᠭᠤᠷᠪᠠᠨ ᠱᠠᠲᠤᠨ ᠤ ᠬᠢᠨ ᠢᠯᠭᠠᠭ᠎ᠠ ᠥᠬᠡᠶ ᠪᠠᠷ ᠭᠥᠯᠢᠶᠡᠨ ᠠᠪᠴᠤ ᠰᠢᠢᠳᠪᠦᠷᠢᠯᠡᠬᠦ ᠶᠢ ᠠᠳᠠᠯᠢ ᠪᠠᠷᠢᠮᠵᠢᠶ᠎ᠠ ᠪᠠᠷ ᠭᠦᠢᠴᠡᠳᠭᠡᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠪᠣᠳᠠᠲᠠᠶ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠪᠠ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢᠨ ᠬᠠᠷᠢᠯᠴᠠᠨ ᠬᠠᠪᠰᠤᠷᠤᠯᠴᠠᠵᠤ ᠬᠠᠷᠢᠯᠴᠠᠨ ᠳᠣᠪᠤᠶᠢᠯᠭᠠᠬᠤ᠂ ᠬᠠᠷᠢᠯᠴᠠᠨ ᠭᠡᠷᠡᠯᠲᠦᠭᠦᠯᠬᠦ ᠶᠢ ᠠᠬᠢᠭᠤᠯᠤᠨ᠎ᠠ᠃ 2021-12-03 10: 17: 27      ᠬᠥᠲᠥᠯᠥᠭᠴᠢ᠄      ᠶᠦᠨ ᠲᠢᠩᠭᠢᠮ ᠤᠨ ᠳᠡᠳ᠋ ᠳᠠᠷᠤᠭ᠎ᠠ ᠶᠢᠨ ᠨᠠᠷᠢᠨ ᠲᠠᠨᠢᠯᠴᠠᠭᠤᠯᠭ᠎ᠠ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠃ ᠣᠯᠠᠨ ᠤ ᠠᠩᠬᠠᠷᠤᠯ ᠳᠤ ᠲᠠᠯᠠᠷᠬᠠᠵᠤ ᠪᠠᠶᠢᠨ᠎ᠠ ︕ 2021-12-03 10: 19: 28      ᠰᠤᠷᠪᠤᠯᠵᠢᠯᠠᠭ᠎ᠠ ᠬᠦᠯᠢᠶᠡᠭᠴᠢ᠄ ᠶᠦᠨ ᠸᠧᠨ ᠵᠢᠩ      ᠪᠠᠶᠠᠷᠲᠠᠶ︕ 2021-12-03 10: 20: 04
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号