内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠤᠨ ᠬᠤᠯᠪᠣᠯᠳᠤᠨ ᠨᠡᠪᠲᠡᠷᠡᠯᠴᠡᠬᠦ
        ᠨᠡᠶᠢᠲᠡᠯᠡᠭᠰᠡᠨ ᠴᠠᠭ᠄
        2021/7/1
             ᠰᠤᠷᠪᠤᠯᠵᠢᠯᠠᠭ᠎ᠠ ᠬᠦᠯᠢᠶᠡᠭᠴᠢ᠄      ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠶᠦᠨ ᠸᠧᠨ ᠵᠢᠩ      ᠰᠤᠷᠪᠤᠯᠵᠢᠯᠠᠭᠰᠠᠨ ᠴᠠᠭ᠄ 2020-11-11      ᠭᠤᠤᠯ ᠠᠭᠤᠯᠭ᠎ᠠ ᠨᠢ᠄      ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠨᠢ ᠺᠠᠷᠲ ᠢᠶᠠᠷ ᠭᠠᠵᠠᠷ ᠣᠷᠣᠨ ᠠᠯᠤᠰᠯᠠᠬᠤ᠂ ᠵᠠᠮ ᠬᠠᠷᠢᠯᠴᠠᠭ᠎ᠠ ᠠᠯᠤᠰᠯᠠᠬᠤ ᠠᠷᠭ᠎ᠠ ᠬᠡᠯᠪᠡᠷᠢ ᠶᠢ ᠬᠡᠷᠡᠭᠯᠡᠬᠦ ᠶᠢ ᠪᠡᠶᠡᠯᠡᠭᠦᠯᠵᠦ ᠪᠣᠯᠤᠨ᠎ᠠ᠂ ᠲᠡᠭᠡᠭᠡᠪᠦᠷᠢ ᠶᠢᠨ ᠪᠠᠭᠠᠵᠢ ᠳᠤ ᠰᠠᠭᠤᠬᠤ ᠳᠤ ᠪᠠᠨ ᠪᠢᠯᠧᠲ ᠬᠤᠳᠠᠯᠳᠤᠨ ᠠᠪᠬᠤ᠂ ᠪᠢᠯᠧᠲ ᠰᠢᠯᠭᠠᠬᠤ ᠪᠠ ᠰᠦᠢᠳᠭᠡᠯ ᠲᠤᠰᠢᠶᠠᠬᠤ ᠴᠠᠭ ᠢ ᠠᠷᠪᠢᠯᠠᠬᠤ ᠪᠠᠷ ᠪᠠᠷᠠᠬᠤ ᠥᠬᠡᠶ᠂ ᠪᠠᠰᠠ ᠪᠡᠯᠡᠨ ᠵᠣᠭᠤᠰ ᠠᠪᠴᠤ ᠶᠠᠪᠤᠬᠤ ᠶᠢ ᠪᠠᠭᠠᠰᠬᠠᠨ᠎ᠠ …      ᠦᠰᠦᠭ ᠪᠢᠴᠢᠭ ᠤᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︖ ᠲᠣᠰ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠠᠵᠠ ᠵᠠᠪᠰᠢᠶᠠᠨ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ ᠢ ᠤᠷᠢᠵᠤ᠂ ︽ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠤᠨ ᠬᠤᠯᠪᠣᠯᠳᠤᠨ ᠨᠡᠪᠲᠡᠷᠡᠯᠴᠡᠬᠦ︾ ᠭᠤᠤᠯ ᠰᠡᠳᠦᠪ ᠤᠨ ᠲᠤᠬᠠᠶ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠨ᠎ᠠ᠃ ᠶᠦᠨ ᠲᠢᠩᠬᠢᠮ ᠤᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ᠃ ﹇2020-11-11  09᠄ 15᠄ 48﹈      ᠬᠦᠯᠢᠶᠡᠭᠴᠢ᠄ ᠶᠦᠨ ᠸᠧᠨ ᠵᠢᠩ      ᠬᠥᠲᠥᠯᠥᠭᠴᠢ ᠰᠠᠶᠢᠨ ᠤᠤ᠂  ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠳᠤ ᠢᠷᠡᠭᠰᠡᠨ ᠳᠤ ᠪᠠᠨ ᠮᠠᠰᠢ ᠪᠠᠶᠠᠷᠲᠠᠶ ᠪᠠᠶᠢᠨ᠎ᠠ᠃ ᠳᠣᠤᠷ᠎ᠠ᠂ ᠪᠢ ᠣᠶᠢᠷ᠎ᠠ ᠶᠢᠨ ᠵᠢᠯ ᠤᠨ ᠲᠤᠷᠰᠢᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠤᠨ ᠬᠤᠯᠪᠣᠯᠳᠤᠨ ᠨᠡᠪᠲᠡᠷᠡᠯᠴᠡᠬᠦ ᠠᠵᠢᠯ ᠤᠨ ᠲᠠᠯ᠎ᠠ ᠪᠠᠷ ᠬᠥᠲᠥᠯᠥᠭᠴᠢ ᠵᠢᠴᠢ ᠰᠦᠯᠵᠢᠶᠡᠨ ᠠᠨᠳᠠ ᠨᠠᠷ ᠤᠨ ᠠᠩᠬᠠᠷᠴᠤ ᠪᠠᠶᠢᠭ᠎ᠠ ᠠᠰᠠᠭᠤᠯᠲᠠ ᠶᠢ ᠬᠠᠷᠢᠭᠤᠯᠤᠶ᠎ᠠ᠃ ﹇2020-11-11  09᠄ 17᠄ 12﹈      ᠬᠥᠲᠥᠯᠥᠭᠴᠢ᠄      ᠶᠦᠨ ᠲᠢᠩᠬᠢᠮ ᠤᠨ ᠳᠠᠷᠤᠭ᠎ᠠ ᠡ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠪᠣᠯ ᠨᠡᠶᠢᠭᠡᠮ ᠨᠡᠶᠢᠲᠡ ᠶᠢᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠮᠥᠨ᠂ ᠲᠠ ᠤᠷᠢᠳ ᠢᠶᠠᠷ ᠥᠷᠭᠡᠨ ᠣᠯᠠᠨ ᠰᠦᠯᠵᠢᠶᠡᠨ ᠤ ᠠᠨᠳᠠ ᠨᠠᠷ ᠲᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠤᠨ ᠬᠤᠯᠪᠣᠯᠳᠤᠨ ᠨᠡᠪᠲᠡᠷᠡᠯᠴᠡᠬᠦ ᠲᠦᠷᠦᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠤᠶ ᠪᠠᠶᠢᠳᠠᠯ ᠵᠢᠴᠢ ᠬᠤᠯᠪᠣᠯᠳᠤᠨ ᠨᠡᠪᠲᠡᠷᠡᠯᠴᠡᠬᠦ ᠶᠡᠷᠦᠩᠬᠡᠶ ᠠᠬᠢᠴᠠ ᠶᠢᠨ ᠪᠠᠶᠢᠳᠠᠯ ᠢ ᠲᠠᠨᠢᠯᠴᠠᠭᠤᠯᠤᠭᠠᠳ ᠦᠭᠭᠦᠭᠡᠷᠡᠢ᠃ ﹇2020-11-11  09᠄ 18᠄ 49﹈      ᠬᠦᠯᠢᠶᠡᠭᠴᠢ᠄ ᠶᠦᠨ ᠸᠧᠨ ᠵᠢᠩ      ᠵᠠ᠃ 2012 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠡᠩ ᠲᠡᠷᠢᠭᠦᠨ ᠳᠤ ᠬᠥᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠰᠢᠯᠵᠢᠮᠡᠯ ᠲᠣᠭᠠᠴᠠᠭ᠎ᠠ ᠬᠢᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ︽ᠪᠦᠷᠢᠨ ᠴᠢᠳᠠᠮᠵᠢᠲᠦ ᠺᠠᠷᠲ︾ ᠢ ᠪᠥᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠪᠠᠷᠢᠮᠵᠢᠶ᠎ᠠ ᠶᠢᠨ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠬᠤᠲᠠ ᠶᠢᠨ ᠴᠠᠷᠠᠭ᠎ᠠ ᠠᠯᠤᠰᠯᠠᠭᠰᠠᠨ ᠨᠡᠶᠢᠲᠡ ᠶᠢᠨ ᠵᠠᠮ ᠬᠠᠷᠢᠯᠴᠠᠭᠠᠨ ᠤ ︽ᠪᠦᠷᠢᠨ ᠴᠢᠳᠠᠮᠵᠢᠲᠦ ᠺᠠᠷᠲ︾ ᠤᠨ ᠬᠤᠯᠪᠣᠯᠳᠤᠨ ᠨᠡᠪᠲᠡᠷᠡᠯᠴᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ ᠭᠡᠵᠦ ᠳᠤᠷᠠᠳᠤᠨ ᠭᠠᠷᠭᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠨᠢ ᠪᠥᠬᠦ ᠤᠯᠤᠰ ᠤᠨ ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠤᠨ ᠬᠤᠯᠪᠣᠯᠳᠤᠨ ᠨᠡᠪᠲᠡᠷᠡᠯᠴᠡᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ ᠣᠲᠣ ᠪᠣᠯᠲᠠᠯ᠎ᠠ᠂ ᠪᠥᠬᠦ ᠤᠯᠤᠰ ᠲᠤ ᠨᠢᠭᠡᠨᠲᠡ 280 ᠭᠠᠷᠤᠶ ᠲᠤᠰᠬᠠᠶ ᠣᠷᠣᠨ ᠤ ᠲᠠᠰ ᠠᠴᠠ ᠳᠡᠭᠡᠭᠰᠢᠬᠢ ᠬᠤᠲᠠ ᠶᠢᠨ ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠤᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ᠂ ᠵᠦᠵᠢᠶᠠᠩ ᠮᠥᠷᠡᠨ ᠤ ᠭᠤᠷᠪᠠᠯᠵᠢᠨ᠂ ᠬᠥᠬᠡᠮᠥ᠋ᠷᠡᠨ ᠤ ᠳᠤᠮᠳᠠᠳᠤ ᠤᠷᠤᠰᠬᠠᠯ ᠤᠨ ᠬᠤᠲᠠ ᠶᠢᠨ ᠪᠥᠭᠡᠮᠨᠡᠷᠡᠯ ᠵᠡᠷᠭᠡ ᠣᠯᠠᠨ ᠭᠤᠤᠯᠳᠠᠯᠭ᠎ᠠ ᠲᠠᠢ ᠣᠷᠣᠨ ᠪᠦᠰᠡ ᠶᠢ ᠬᠠᠮᠤᠷᠤᠭᠰᠠᠨ ᠪᠠᠶᠢᠨ᠎ᠠ᠃ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠶᠢ  ᠨᠡᠶᠢᠲᠡ ᠶᠢᠨ ᠮᠠᠰᠢᠨ ᠲᠡᠷᠭᠡ᠂ ᠭᠠᠵᠠᠷ ᠳᠣᠤᠷᠠᠬᠢ ᠲᠡᠮᠦᠷ ᠵᠠᠮ᠂ ᠲᠦᠷᠢᠶᠡᠰᠦᠨ ᠮᠠᠰᠢᠨ ᠲᠡᠷᠭᠡ᠂ ᠣᠯᠠᠨ ᠨᠡᠶᠢᠲᠡ ᠶᠢᠨ ᠳᠤᠭᠤᠶ ᠲᠡᠷᠭᠡ᠂ ᠣᠩᠭᠤᠴᠠ ᠭᠠᠲᠤᠯᠬᠤ᠂ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ᠂ ᠬᠤᠲᠠ ᠶᠢᠨ ᠲᠡᠭᠦᠷᠭᠡ ᠶᠢᠨ ᠲᠡᠮᠦᠷ ᠵᠠᠮ ᠵᠡᠷᠭᠡ ᠣᠯᠠᠨ ᠵᠦᠢᠯ ᠤᠨ ᠵᠠᠮ ᠬᠠᠷᠢᠯᠴᠠᠭᠠᠨ ᠤ ᠠᠷᠭ᠎ᠠ ᠬᠡᠯᠪᠡᠷᠢ ᠪᠠᠷ ᠬᠤᠪᠢᠷᠠᠭᠤᠯᠵᠤ᠂ ᠲᠣᠭᠠᠴᠠᠭ᠎ᠠ ᠬᠢᠬᠦ ᠠᠷᠭ᠎ᠠ ᠬᠡᠯᠪᠡᠷᠢ ᠢ ᠪᠣᠳᠠᠲᠤ ᠺᠠᠷᠲ ᠤᠨ ᠰᠦᠯᠵᠢᠶᠡᠨ ᠭᠠᠳᠠᠨᠠᠬᠢ ᠲᠣᠭᠠᠴᠠᠭ᠎ᠠ ᠬᠢᠵᠦ ᠪᠠᠶᠢᠭᠰᠠᠨ ᠠᠴᠠ ᠰᠢᠯᠵᠢᠮᠡᠯ ᠰᠦᠯᠵᠢᠶᠡᠨ ᠲᠡᠭᠡᠷ᠎ᠡ ᠲᠣᠭᠠᠴᠠᠭ᠎ᠠ ᠬᠢᠬᠦ ᠳᠠᠰᠢ ᠬᠤᠪᠢᠷᠠᠭᠤᠯᠵᠤ᠂ ᠠᠷᠠᠳ ᠣᠯᠠᠨ ᠤ ᠳᠥᠭᠦᠮ ᠳᠥᠲᠡ ᠶᠠᠪᠤᠵᠤ ᠰᠠᠭᠤᠬᠤ ᠶᠢ ᠬᠠᠩᠭᠠᠨ᠎ᠠ᠃ ﹇2020-11-11  09᠄ 19᠄ 14﹈      ᠬᠥᠲᠥᠯᠥᠭᠴᠢ᠄      ᠲᠡᠭᠡᠪᠡᠯ ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠨᠢ ᠶᠠᠮᠠᠷ ᠦᠢᠯᠡᠳᠦᠯ ᠲᠠᠢ ᠪᠤᠢ︖ ﹇2020-11- 11  09᠄ 22᠄ 36﹈      ᠬᠦᠯᠢᠶᠡᠭᠴᠢ᠄ ᠶᠦᠨ ᠸᠧᠨ ᠵᠢᠩ      ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠨᠢ ᠣᠯᠠᠨ ᠨᠡᠶᠢᠲᠡ ᠶᠢᠨ ᠶᠠᠪᠤᠵᠤ ᠰᠠᠭᠤᠬᠤ ᠶᠢᠨ ᠴᠢᠬᠤᠯᠠ ᠲᠣᠭᠠᠴᠠᠭ᠎ᠠ ᠬᠢᠬᠦ ᠠᠷᠭ᠎ᠠ ᠪᠠᠷᠢᠯ ᠪᠣᠯᠤᠭᠰᠠᠨ ᠤ ᠬᠤᠪᠢ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠲᠡᠭᠦᠨ ᠤ ᠭᠤᠤᠯ ᠦᠢᠯᠡᠳᠦᠯ ᠨᠢ ᠴᠠᠭᠠᠰᠤᠨ ᠪᠢᠯᠧᠲ ᠺᠠᠷᠲ ᠢ ᠣᠷᠣᠯᠠᠵᠤ ᠨᠡᠶᠢᠲᠡ ᠶᠢᠨ ᠵᠠᠮ ᠬᠠᠷᠢᠯᠴᠠᠭᠠᠨ ᠤ ᠠᠷᠭ᠎ᠠ ᠬᠡᠯᠪᠡᠷᠢ ᠪᠠᠷ ᠲᠦᠷᠭᠡᠨ ᠲᠣᠭᠠᠴᠠᠭ᠎ᠠ ᠬᠢᠵᠦ᠂ ᠲᠡᠷᠭᠡᠨ ᠳᠤ ᠰᠠᠭᠤᠵᠤ ᠰᠤᠯᠠ ᠵᠣᠭᠤᠰ ᠡᠷᠢᠬᠦ ᠳᠥᠭᠦᠮ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠡᠢ᠃ ᠵᠦᠪᠬᠡᠨ ᠭᠠᠷ ᠲᠤ ᠪᠠᠨ ᠨᠢᠭᠡ ᠺᠠᠷᠲ ᠪᠠᠷᠢᠪᠠᠯ ᠳᠠᠷᠤᠶ ᠨᠢᠭᠡᠨᠲᠡ ᠨᠡᠪᠲᠡᠷᠡᠯᠴᠡᠭᠰᠡᠨ ᠭᠠᠵᠠᠷ ᠣᠷᠣᠨ ᠳᠤ ᠺᠠᠷᠲ ᠵᠢᠷᠤᠵᠤ ᠲᠡᠷᠭᠡᠨ ᠳᠤ ᠰᠠᠭᠤᠵᠤ ᠪᠣᠯᠤᠨ᠎ᠠ᠂ ᠢᠩᠭᠢᠪᠡᠯ ᠺᠠᠷᠲ ᠪᠠᠷᠢᠭᠴᠢ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠵᠠᠮ ᠬᠠᠷᠢᠯᠴᠠᠭᠠᠨ ᠤ ᠲᠣᠭᠠᠴᠠᠭ᠎ᠠ ᠬᠢᠬᠦ ᠦᠢᠯᠡᠴᠢᠯᠡᠭᠡ ᠬᠠᠩᠭᠠᠵᠤ᠂ ᠣᠯᠠᠨ ᠨᠡᠶᠢᠲᠡ ᠶᠢᠨ ᠶᠠᠪᠤᠵᠤ ᠰᠠᠭᠤᠬᠤ ᠦᠢᠯᠡᠴᠢᠯᠡᠭᠡᠨ ᠤ ᠠᠵᠢᠯᠯᠠᠭᠠᠨ ᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ ᠴᠢᠳᠠᠨ᠎ᠠ᠃ ﹇2020-11-11 09᠄ 23᠄ 00﹈       ᠬᠥᠲᠥᠯᠥᠭᠴᠢ᠄      ᠶᠦᠨ ᠲᠢᠩᠬᠢᠮ ᠤᠨ ᠳᠠᠷᠤᠭ᠎ᠠ ᠡ᠂ ᠲᠠ ᠮᠠᠨ ᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ ᠶᠡᠷᠦᠩᠬᠡᠶ ᠪᠠᠶᠢᠳᠠᠯ ᠢ ᠳᠠᠬᠢᠨᠲᠠ ᠲᠠᠨᠢᠯᠴᠠᠭᠤᠯᠤᠭᠠᠳ ᠦᠭᠭᠦᠭᠡᠷᠡᠢ᠃ ﹇2020-11-11  09᠄ 25᠄ 43﹈      ᠬᠦᠯᠢᠶᠡᠭᠴᠢ᠄ ᠶᠦᠨ ᠸᠧᠨ ᠵᠢᠩ      ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ ᠠᠵᠢᠯ ᠪᠣᠯ ᠨᠢᠭᠡ ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠮᠠᠨ ᠤ ᠣᠷᠣᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠲᠤᠨ ᠨᠡᠪᠲᠡᠷᠡᠯᠴᠡᠬᠦ︾ ᠶᠢ ᠬᠡᠷᠡᠭᠵᠢᠭᠦᠯᠬᠦ ᠭᠤᠣᠯᠳᠠᠯᠭ᠎ᠠ ᠲᠠᠢ ᠮᠤᠵᠢ ᠪᠣᠯᠤᠭᠰᠠᠨ ᠤ ᠬᠤᠪᠢ ᠳᠤ᠂ 2015 ᠣᠨ ᠠᠴᠠ ᠡᠬᠢᠯᠡᠨ ᠬᠤᠯᠪᠣᠯᠳᠤᠨ ᠨᠡᠪᠲᠡᠷᠡᠯᠴᠡᠬᠦ ᠠᠵᠢᠯ ᠢ ᠵᠢᠩᠬᠢᠨᠢ ᠪᠠᠷ ᠡᠬᠢᠯᠡᠭᠦᠯᠵᠦ᠂ ᠶᠠᠮᠤᠨ ᠤ ᠨᠢᠭᠡᠳᠦᠯᠲᠡᠶ ᠲᠣᠬᠢᠷᠠᠭᠤᠯᠤᠯᠲᠠ ᠪᠠᠷ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ᠂ ᠪᠦᠬᠦ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠲᠤᠨ ᠨᠡᠪᠲᠡᠷᠡᠯᠴᠡᠬᠦ ᠶᠢᠨ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠬᠤ ᠶᠢᠨ ᠬᠠᠮᠲᠤ᠂ ᠬᠡᠷᠡᠭᠵᠢᠭᠦᠯᠬᠦ ᠶᠢ ᠶᠡᠭᠡ ᠪᠠᠷ ᠳᠥᠯᠭᠢᠨ ᠠᠬᠢᠭᠤᠯᠪᠠ᠂ ᠭᠤᠤᠯ ᠠᠵᠢᠯ ᠳᠤ ᠪᠠᠭᠲᠠᠬᠤ ᠨᠢ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ IC ᠺᠠᠷᠲ ᠤᠨ ᠮᠡᠷᠭᠡᠵᠢᠯ ᠤᠨ ᠵᠢᠷᠤᠮᠵᠢᠯ︾ ᠤᠨ ᠶᠣᠰᠣᠭᠠᠷ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠢ ᠢᠯᠭᠠᠷᠠᠭᠤᠯᠤᠨ ᠬᠤᠪᠢᠶᠠᠵᠤ ᠳ᠋ᠦᠩᠨᠡᠨ ᠪᠤᠳᠤᠬᠤ ᠲᠠᠪᠴᠠᠩ ᠢ ᠪᠠᠶᠢᠭᠤᠯᠵᠤ᠂ ᠶᠠᠮᠤᠨ ᠤ ᠱᠠᠲᠤᠨ ᠤ ᠢᠯᠭᠠᠷᠠᠭᠤᠯᠤᠨ ᠬᠤᠪᠢᠶᠠᠵᠤ ᠳ᠋ᠦᠩᠨᠡᠨ ᠪᠤᠳᠤᠬᠤ ᠲᠠᠪᠴᠠᠩ ᠯᠤᠭ᠎ᠠ ᠵᠣᠯᠭᠠᠭᠤᠯᠬᠤ᠂ ᠬᠤᠯᠪᠣᠯᠳᠤᠨ ᠨᠡᠪᠲᠡᠷᠡᠯᠴᠡᠬᠦ ᠨᠢᠭᠤᠴᠠ ᠲᠦᠯᠬᠢᠭᠦᠷ ᠤᠨ ᠰᠢᠰᠲ᠋ᠧᠮ ᠤᠨ ᠪᠥᠲᠥᠭᠡᠨ ᠪᠠᠶᠢᠭᠤᠯᠤᠯᠲᠠ᠂ ᠣᠷᠤᠭᠤᠯᠵᠤ ᠤᠭᠰᠠᠷᠠᠬᠤ ᠵᠡᠷᠭᠡ ᠠᠵᠢᠯ ᠢ ᠪᠡᠶᠡᠯᠡᠭᠦᠯᠵᠦ᠂ ᠡᠯ᠎ᠡ ᠠᠶᠢᠮᠠᠭ ᠬᠤᠲᠠ ᠶᠢᠨ ᠪᠦᠷᠢᠨ ᠴᠢᠳᠠᠮᠵᠢᠲᠤ ᠺᠠᠷᠲ ᠤᠨ ᠰᠢᠰᠲ᠋ᠧᠮ ᠤᠨ ᠪᠥᠲᠥᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠥᠷᠨᠢᠭᠦᠯᠦᠨ᠎ᠡ᠃ ᠳᠡᠭᠡᠷᠡᠬᠢ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ᠂ ᠡᠯ᠎ᠡ ᠭᠠᠵᠠᠷ ᠤᠨ ᠨᠡᠶᠢᠲᠡ ᠶᠢᠨ ᠵᠠᠮ ᠬᠠᠷᠢᠯᠴᠠᠭᠠᠨ ᠤ ᠬᠤᠶᠠᠳᠤᠭᠠᠷ ᠳᠡᠰ ᠤᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠳᠡᠭᠡᠭᠰᠢ ᠬᠦᠷᠭᠡᠬᠦ᠂ ᠭᠥᠯᠢᠶᠡᠨ ᠠᠪᠬᠤ᠂ ᠳᠣᠷᠣᠭᠰᠢ ᠲᠠᠷᠬᠠᠭᠠᠬᠤ ᠵᠢᠴᠢ ᠬᠠᠮᠢᠶ᠎ᠠ ᠪᠥᠬᠦᠶ ᠬᠠᠮᠢᠶᠠᠷᠤᠯᠲᠠ ᠶᠢᠨ ᠠᠵᠢᠯ ᠢ ᠪᠡᠶᠡᠯᠡᠭᠦᠯᠪᠠ᠃ ᠡᠯ᠎ᠡ ᠠᠶᠢᠮᠠᠭ ᠬᠤᠲᠠ ᠶᠢᠨ ᠮᠠᠰᠢᠨ ᠪᠠᠭᠠᠵᠢ ᠶᠢ ᠥᠭᠡᠷᠡᠴᠢᠯᠡᠨ ᠲᠠᠰ ᠳᠡᠪᠰᠢᠭᠦᠯᠬᠦ᠂ ᠠᠵᠢᠯᠯᠠᠭᠠᠨ ᠢ ᠬᠠᠮᠠᠭᠠᠯᠠᠬᠤ᠂ ᠢᠯᠭᠠᠷᠠᠭᠤᠯᠤᠨ ᠬᠤᠪᠢᠶᠠᠵᠤ ᠳ᠋ᠦᠩᠨᠡᠨ ᠪᠤᠳᠤᠬᠤ ᠲᠠᠪᠴᠠᠩ ᠤᠨ ᠠᠵᠢᠯᠯᠠᠭᠤᠯᠵᠤ ᠬᠠᠮᠠᠭᠠᠯᠠᠬᠤ ᠵᠡᠷᠭᠡ ᠬᠠᠮᠢᠶ᠎ᠠ ᠪᠥᠬᠦᠶ ᠠᠵᠢᠯ ᠢ ᠥᠷᠨᠢᠭᠦᠯᠵᠦ᠂ ᠪᠥᠬᠦ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ ᠶᠢ ᠪᠥᠬᠦ ᠬᠦᠴᠦᠨ ᠢᠶᠠᠷ ᠠᠬᠢᠭᠤᠯᠪᠠ᠃ ᠣᠳᠣᠬᠠᠨ ᠪᠣᠯᠲᠠᠯ᠎ᠠ᠂ ᠬᠥᠬᠡᠬᠤᠲᠠ᠂ ᠪᠤᠭᠤᠲᠤ ᠬᠤᠳᠠ᠂ ᠤᠷᠳᠤᠰ ᠬᠤᠳᠠ᠂ ᠦᠬᠠᠢ ᠬᠤᠳᠠ᠂ ᠰᠢᠯᠢ ᠶᠢᠨ ᠭᠤᠣᠯ ᠠᠶᠢᠮᠠᠭ᠂ ᠡᠷᠢᠶᠡᠨ ᠬᠤᠳᠠ ᠶᠢᠨ ᠬᠤᠳᠠ ᠶᠢᠨ ᠲᠣᠭᠤᠷᠢᠭ ᠲᠤ ᠨᠡᠶᠢᠲᠡ ᠶᠢᠨ ᠵᠠᠮ ᠬᠠᠷᠢᠯᠴᠠᠭᠠᠨ ᠤ ᠪᠦᠬᠦ ᠱᠤᠭᠤᠮ ᠤᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠡᠢ︔ ᠲᠦᠩᠯᠢᠶᠣᠤ ᠬᠤᠲᠠ ᠶᠢᠨ ᠬᠡᠰᠡᠭ ᠬᠤᠰᠢᠭᠤ ᠰᠢᠶᠠᠨ᠂ ᠬᠢᠩᠭᠠᠨ ᠠᠶᠢᠮᠠᠭ ᠤᠨ ᠬᠡᠰᠡᠭ ᠬᠤᠰᠢᠭᠤ ᠰᠢᠶᠠᠨ ᠤ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠤᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠨᠡᠶᠢᠲᠡ 5461 ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠪᠠᠷᠢᠮᠵᠢᠶ᠎ᠠ ᠳᠤ ᠨᠡᠶᠢᠴᠡᠭᠰᠡᠨ ᠮᠠᠰᠢᠨ ᠪᠠᠭᠠᠵᠢ ᠶᠢ ᠲᠠᠰ ᠳᠡᠪᠰᠢᠭᠦᠯᠦᠨ ᠥᠭᠡᠷᠡᠴᠢᠯᠡᠵᠦ᠂ ᠬᠤᠯᠪᠣᠯᠳᠤᠨ ᠨᠡᠪᠲᠡᠷᠡᠯᠴᠡᠬᠦ ᠺᠠᠷᠲ ᠢ ᠨᠡᠶᠢᠲᠡ 50 ᠭᠠᠷᠤᠶ ᠲᠦᠮᠡ ︵ᠬᠤᠶᠠᠷ ᠬᠡᠮᠵᠢᠯᠳᠦ ᠲᠡᠮᠳᠡᠭ ᠤᠨ ᠲᠠᠩᠰᠠᠨ ᠡᠷᠦᠬᠡ ᠪᠠᠭᠲᠠᠨ᠎ᠠ︶ ᠲᠠᠷᠬᠠᠭᠠᠪᠠ᠃ ᠡᠨᠡ ᠵᠢᠯ ᠤᠨ ᠡᠴᠦᠰ ᠲᠤ᠂ ᠮᠠᠨ ᠤ ᠣᠷᠣᠨ ᠨᠢ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠭᠡᠳᠦᠶ ᠠᠶᠢᠮᠠᠭ ᠬᠤᠲᠠ ᠶᠢ ᠪᠥᠬᠦ ᠤᠯᠤᠰ ᠤᠨ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ ᠬᠡᠪᠴᠢᠶᠡᠨ ᠳᠤ ᠣᠷᠣᠭᠤᠯᠵᠤ᠂ ᠠᠷᠠᠳ ᠣᠯᠠᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠣᠨᠳᠣᠤ ᠭᠠᠵᠠᠷ ᠲᠤ ᠣᠯᠠᠨ ᠨᠡᠶᠢᠲᠡ ᠶᠢᠨ ᠶᠠᠪᠤᠵᠤ ᠰᠠᠭᠤᠬᠤ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ ﹇2020-11-11 09᠄ 26᠄ 27﹈      ᠬᠥᠲᠥᠯᠥᠭᠴᠢ᠄      ᠲᠡᠭᠡᠪᠡᠯ ᠲᠠ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ ᠪᠠᠷᠢᠯᠭ᠎ᠠ ᠶᠢ ᠬᠡᠷᠡᠭᠵᠢᠭᠦᠯᠦᠭᠰᠡᠨ ᠨᠢ ᠥᠪᠡᠷᠲᠡᠭᠡᠨ ᠵᠠᠰᠠᠬᠤ ᠣᠷᠣᠨ ᠵᠢᠴᠢ ᠠᠷᠠᠳ ᠢᠷᠭᠡᠳ ᠲᠤ ᠶᠠᠮᠠᠷ ᠠᠴᠢ ᠬᠤᠯᠪᠣᠭᠳᠠᠯ ᠲᠠᠢ ᠪᠣᠯᠬᠤ ᠶᠢ ᠳᠥᠭᠦᠮᠬᠡᠨ ᠲᠠᠨᠢᠯᠴᠠᠭᠤᠯᠤᠭᠠᠳ ᠥᠭᠭᠦᠨ᠎ᠡ ᠤᠤ︖ ﹇2020-11-11  09᠄ 30᠄ 13﹈      ᠬᠦᠯᠢᠶᠡᠭᠴᠢ᠄ ᠶᠦᠨ ᠸᠧᠨ ᠵᠢᠩ      ᠵᠠ᠃ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ ᠠᠵᠢᠯ ᠢ ᠠᠬᠢᠭᠤᠯᠬᠤ ᠨᠢ ᠴᠢᠬᠤᠯᠠ ᠨᠡᠶᠢᠭᠡᠮ ᠤᠨ ᠦᠷ᠎ᠡ ᠠᠰᠢᠭ ᠲᠠᠢ ᠪᠠᠶᠢᠵᠤ᠂ ᠨᠡᠶᠢᠭᠡᠮ ᠤᠨ ᠤᠯᠠᠨ ᠨᠡᠶᠢᠲᠡ ᠶᠢᠨ ᠬᠦᠷᠳᠡᠭᠡᠮᠵᠢᠲᠦ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠪᠦᠲᠦᠮᠵᠢᠲᠡᠢ ᠳᠡᠭᠡᠭᠰᠢᠯᠡᠭᠦᠯᠵᠦ ᠴᠢᠳᠠᠨ᠎ᠠ᠃ ᠨᠢᠭᠡ ᠳᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠨ᠎ᠡ᠃ ᠣᠷᠣᠨ ᠪᠦᠰᠡ ᠶᠢᠨ ᠵᠠᠮ ᠬᠠᠷᠢᠯᠴᠠᠭ᠎ᠠ ᠬᠢᠭᠡᠳ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠴᠣᠭᠴᠠᠵᠢᠭᠤᠯᠬᠤ ᠬᠦᠭᠵᠢᠯᠲᠡ ᠶᠢ ᠳᠠᠭᠠᠯᠳᠤᠨ᠂ ᠨᠡᠶᠢᠲᠡ ᠶᠢᠨ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠨᠢ ᠥᠷᠭᠡᠨ ᠣᠯᠠᠨ ᠲᠦᠮᠡᠨ ᠤ ᠨᠡᠶᠢᠲᠡ ᠶᠢᠨ ᠵᠠᠮ ᠬᠠᠷᠢᠯᠴᠠᠭᠠᠨ ᠤ ᠶᠠᠪᠤᠵᠤ ᠰᠠᠭᠤᠬᠤ ᠳᠤ ᠰᠣᠩᠭᠤᠬᠤ ᠨᠢᠭᠡ ᠵᠦᠢᠯ ᠤᠨ ᠠᠮᠤᠷ ᠲᠦᠪᠰᠢᠨ ᠤ ᠲᠣᠭᠠᠴᠠᠭ᠎ᠠ ᠬᠢᠬᠦ ᠠᠷᠭ᠎ᠠ ᠬᠡᠯᠪᠡᠷᠢ ᠪᠣᠯᠤᠭᠰᠠᠨ ᠤ ᠬᠤᠪᠢ ᠳᠤ᠂ ᠰᠠᠭᠤᠭᠠᠯᠢ ᠠᠷᠠᠳ ᠲᠤ ᠣᠷᠣᠨ ᠪᠦᠰᠡ ᠠᠯᠤᠰᠯᠠᠨ ᠶᠠᠪᠤᠵᠤ ᠰᠠᠭᠤᠬᠤ ᠶᠢᠨ ᠳᠥᠭᠦᠮ ᠳᠥᠲᠡ ᠦᠢᠯᠡᠴᠢᠯᠡᠭᠡ ᠶᠢ ᠡᠳ᠋ᠯᠡᠭᠦᠯᠵᠦ ᠪᠣᠯᠤᠨ᠎ᠠ᠃ ᠬᠤᠶᠠᠷ ᠲᠤ᠂ ᠳᠣᠤᠷ᠎ᠠ ᠨᠡᠭᠦᠷᠡᠰᠦᠳᠦ᠋ᠷᠦᠭᠴᠢᠲᠦ ᠣᠷᠴᠢᠨ ᠠᠬᠤᠶ ᠶᠢ ᠬᠠᠮᠠᠭᠠᠯᠠᠨ᠎ᠠ᠃ ᠬᠤᠪᠢ ᠶᠢᠨ ᠮᠠᠰᠢᠨ ᠲᠡᠷᠭᠡᠨ ᠤ ᠶᠠᠪᠤᠵᠤ ᠰᠠᠭᠤᠬᠤ ᠬᠡᠮᠵᠢᠶ᠎ᠡ ᠶᠢ ᠪᠠᠭᠠᠰᠬᠠᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠤᠷᠠᠭᠤᠯᠤᠨ᠂ ᠣᠷᠴᠢᠨ ᠠᠬᠤᠢ ᠶᠢ ᠬᠠᠮᠠᠭᠠᠯᠠᠵᠤ ᠶᠠᠪᠤᠵᠤ ᠰᠠᠭᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠣᠷᠢᠯᠭ᠎ᠠ ᠳᠤ ᠬᠦᠷᠦᠭᠦᠯᠬᠦ ᠬᠡᠷᠡᠭᠲᠡᠶ᠃ ᠭᠤᠷᠪᠠ ᠳᠤ᠂ ᠠᠵᠤ ᠠᠬᠤᠶ ᠶᠢ ᠠᠷᠪᠢᠯᠠᠨ ᠭᠠᠮᠨᠠᠨ᠎ᠠ᠃ ᠨᠥᠬᠦᠴᠡᠯ ᠪᠦᠷᠢᠳᠦᠭᠰᠡᠨ ᠮᠠᠰᠢᠨ ᠪᠠᠭᠠᠵᠢ ᠶᠢ ᠲᠡᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠪᠡᠯ᠂ ᠶᠡᠭᠡ ᠬᠡᠪᠴᠢᠶ᠎ᠡ ᠪᠠᠷ ᠮᠠᠰᠢᠨ ᠪᠠᠭᠠᠵᠢ ᠶᠢ ᠰᠣᠯᠢᠬᠤ ᠶᠢ ᠪᠠᠭᠠᠰᠬᠠᠵᠤ᠂ ᠳᠠᠪᠬᠤᠷᠳᠠᠭᠤᠯᠤᠨ ᠪᠡᠯᠡ ᠣᠷᠣᠭᠤᠯᠵᠤ ᠪᠦᠳᠦᠭᠡᠨ ᠪᠠᠶᠢᠭᠤᠯᠬᠤ ᠠᠴᠠ ᠵᠠᠶᠢᠯᠠᠰᠬᠢᠵᠦ ᠪᠣᠯᠤᠨ᠎ᠠ᠃ ﹇2020-11-11  09᠄ 31᠄ 41﹈      ᠬᠥᠲᠥᠯᠥᠭᠴᠢ᠄      ᠬᠤᠯᠪᠣᠯᠳᠤᠨ ᠨᠡᠪᠲᠡᠷᠡᠯᠴᠡᠬᠦ ᠠᠵᠢᠯ ᠢ ᠠᠬᠢᠭᠤᠯᠬᠤ ᠶᠠᠪᠤᠴᠠ ᠳᠤ ᠶᠠᠮᠠᠷ ᠬᠦᠴᠢᠷᠳᠡᠯ ᠪᠠᠶᠢᠬᠤ ᠪᠣᠢ︖ ﹇2020-11 - 11 09᠄ 34᠄ 20﹈      ᠬᠦᠯᠢᠶᠡᠭᠴᠢ᠄ ᠶᠦᠨ ᠸᠧᠨ ᠵᠢᠩ      ᠲᠦᠯᠬᠢᠨ ᠠᠬᠢᠭᠤᠯᠬᠤ ᠶᠠᠪᠤᠴᠠ ᠳᠤ᠂ ᠪᠢᠳᠡᠨ ᠳᠤ ᠡᠳᠦᠶ ᠲᠡᠳᠦᠶ ᠬᠦᠴᠢᠷᠳᠡᠯ ᠲᠤᠯᠭᠠᠷᠠᠵᠠᠶ᠂ ᠨᠢᠭᠡ ᠳᠤ᠂ ᠠᠵᠤ ᠠᠬᠤᠶᠢᠯᠠᠯ ᠤᠨ ᠲᠠᠨᠢᠯᠲᠠ ᠳᠣᠣᠷ᠎ᠠ ᠪᠠᠶᠢᠨ᠎ᠠ᠃ ᠬᠡᠰᠡᠭ ᠠᠶᠢᠮᠠᠭ ᠬᠤᠲᠠ ᠶᠢᠨ ᠵᠠᠰᠠᠭ ᠤᠨ ᠣᠷᠳᠣᠨ ᠵᠢᠴᠢ ᠨᠡᠶᠢᠲᠡ ᠶᠢᠨ ᠵᠠᠮ ᠬᠠᠷᠢᠯᠴᠠᠭᠠᠨ ᠤ ᠠᠵᠤ ᠠᠬᠤᠶᠢᠯᠠᠯ ᠤᠨ ᠬᠤᠯᠪᠣᠯᠳᠤᠨ ᠨᠡᠪᠲᠡᠷᠡᠯᠴᠡᠬᠦ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠷ ᠳᠤᠲᠠᠮᠠᠭ ᠪᠠᠶᠢᠵᠤ᠂ ᠬᠤᠯᠪᠣᠯᠳᠤᠨ ᠨᠡᠪᠲᠡᠷᠡᠯᠴᠡᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠭᠦᠨᠵᠡᠭᠡᠶ ᠣᠶᠢᠯᠠᠭᠠᠬᠤ ᠥᠬᠡᠶ᠂ ᠠᠵᠢᠯ ᠤᠨ ᠨᠠᠶᠢᠳᠠᠪᠤᠷᠢᠵᠢᠭᠤᠯᠤᠯᠲᠠ ᠬᠦᠷᠦᠯᠴᠡᠬᠦ ᠥᠬᠡᠶ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠤᠭᠤᠷᠣᠨᠳᠣ ᠪᠠᠨ ᠨᠡᠪᠲᠡᠷᠡᠯᠴᠡᠵᠦ ᠵᠣᠬᠢᠴᠠᠭᠤᠯᠬᠤ ᠡᠷᠴᠢᠮ ᠨᠡᠯᠢᠶᠡᠳ ᠪᠠᠭᠤᠷᠠᠶ ᠪᠠᠶᠢᠵᠤ᠂ ᠬᠤᠯᠪᠣᠯᠳᠤᠨ ᠨᠡᠪᠲᠡᠷᠡᠯᠴᠡᠬᠦ ᠠᠵᠢᠯ ᠤᠨ ᠥᠷᠨᠢᠯᠲᠡ ᠶᠢ ᠨᠥᠯᠥᠭᠡᠯᠡᠵᠦ ᠪᠠᠶᠢᠨ᠎ᠠ᠃ ᠬᠤᠶᠠᠷ ᠲᠤ᠂ ᠶᠡᠷᠦᠩᠬᠡᠶᠢᠯᠡᠭᠰᠡᠨ ᠬᠡᠷᠡᠭᠯᠡᠯᠲᠡ ᠶᠢ ᠥᠷᠭᠡᠳᠬᠡᠬᠦ ᠠᠵᠢᠯ ᠢ ᠴᠢᠩᠭᠠᠳᠬᠠᠬᠤ ᠴᠢᠬᠤᠯᠠᠲᠠᠶ ᠪᠠᠶᠢᠨ᠎ᠠ᠃ ᠮᠠᠨ ᠤ ᠣᠷᠣᠨ ᠤ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠭᠰᠡᠨ ᠠᠶᠢᠮᠠᠭ ᠬᠤᠲᠠ ᠨᠢ ᠭᠤᠤᠯᠳᠠᠭᠤ ᠤᠯᠠᠮᠵᠢᠯᠠᠯᠲᠤ ᠨᠡᠶᠢᠲᠡ ᠶᠢᠨ ᠵᠠᠮ ᠬᠠᠷᠢᠯᠴᠠᠭ᠎ᠠ ᠳᠤ ᠲᠥᠪᠯᠡᠷᠡᠵᠦ᠂ ᠲᠤᠬᠠᠶᠢᠯᠠᠭᠰᠠᠨ ᠠᠵᠢᠯ ᠤᠨ ᠬᠡᠯᠪᠡᠷᠢ ᠨᠢ ᠲᠠᠩ  ᠭᠠᠭᠴᠠ᠂ ᠠᠳᠠᠯᠢ ᠪᠤᠰᠤ ᠲᠡᠭᠡᠭᠡᠪᠦᠷᠢ ᠶᠢᠨ ᠠᠷᠭ᠎ᠠ ᠬᠡᠯᠪᠡᠷᠢ ᠶᠢᠨ ᠬᠤᠭᠤᠷᠣᠨᠳᠣ ᠲᠡᠷᠭᠡ ᠰᠣᠯᠢᠵᠤ ᠰᠠᠭᠤᠬᠤ ᠶᠢ ᠵᠣᠯᠭᠠᠭᠤᠯᠬᠤ᠂ ᠤᠶᠤᠨᠴᠢᠯᠠᠬᠤ ᠪᠠ ᠥᠪᠡᠷᠮᠢᠴᠡ ᠦᠢᠯᠡᠴᠢᠯᠡᠭᠡᠨ ᠤ ᠴᠢᠳᠠᠪᠤᠷᠢ ᠵᠡᠷᠭᠡ ᠲᠠᠯ᠎ᠠ ᠪᠠᠷ ᠪᠠᠰᠠ ᠰᠢᠪᠲᠤᠯᠤᠯᠲᠠ ᠲᠠᠢ ᠪᠠᠶᠢᠬᠤ ᠬᠡᠷᠡᠭᠲᠡᠶ᠃ ﹇2020-11-11  09᠄ 35᠄ 58﹈        ᠬᠥᠲᠥᠯᠥᠭᠴᠢ᠄      ᠤᠤᠯ ᠨᠢ ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠨᠢ ᠡᠶᠢᠮᠦ ᠣᠯᠠᠨ ᠰᠠᠶᠢᠨ ᠲᠠᠯ᠎ᠠ ᠲᠠᠢ ᠪᠠᠶᠢᠳᠠᠭ ᠂ ᠲᠡᠭᠡᠪᠡᠯ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠨᠢ ᠰᠣᠷᠣᠭᠴᠢ ᠶᠢᠨ ᠺᠠᠷᠲ᠂ ᠨᠠᠰᠤᠲᠠᠶᠢᠴᠤᠳ ᠤᠨ ᠺᠠᠷᠲ ᠵᠡᠷᠭᠡ ᠣᠨᠴᠠᠭᠠᠶ ᠺᠠᠷᠲ ᠤᠨ ᠲᠥᠷᠥᠯ ᠢ ᠭᠦᠢᠴᠡᠳᠭᠡᠵᠦ ᠪᠣᠯᠤᠨ᠎ᠠ ᠤᠤ︖ ﹇2020-11-11  09᠄ 38᠄ 35﹈      ᠬᠦᠯᠢᠶᠡᠭᠴᠢ᠄ ᠶᠦᠨ ᠸᠧᠨ ᠵᠢᠩ      ᠡᠯ᠎ᠡ ᠭᠠᠵᠠᠷ ᠤᠨ ᠰᠣᠷᠣᠭᠴᠢ ᠶᠢᠨ ᠺᠠᠷᠲ᠂ ᠨᠠᠰᠤᠲᠠᠶᠢᠴᠤᠳ ᠤᠨ ᠺᠠᠷᠲ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠨᠥᠬᠦᠪᠥᠷᠢ ᠥᠭᠬᠦ ᠠᠷᠭ᠎ᠠ ᠬᠡᠯᠪᠡᠷᠢ ᠨᠢ ᠠᠳᠠᠯᠢ ᠥᠬᠡᠶ ᠪᠠᠶᠢᠬᠤ ᠶᠢ ᠪᠣᠳᠤᠯᠬᠢᠯᠠᠭᠰᠠᠨ ᠠᠴᠠ᠂ ᠣᠨᠴᠠᠭᠠᠶ ᠺᠠᠷᠲ ᠤᠨ ᠲᠥᠷᠥᠯ ᠳᠤ ᠴᠢᠭᠯᠡᠭᠦᠯᠦᠨ᠂ ᠬᠤᠯᠪᠣᠯᠳᠤᠨ ᠨᠡᠪᠲᠡᠷᠡᠯᠴᠡᠬᠦ ᠶᠢᠨ ᠣᠨᠳᠣᠤ ᠭᠠᠵᠠᠷ ᠲᠤ ᠬᠡᠷᠡᠭᠯᠡᠬᠦ ᠴᠢᠳᠠᠮᠵᠢ ᠶᠢ ᠬᠠᠷᠠᠬᠠᠨ ᠨᠡᠪᠲᠡᠷᠡᠭᠦᠯᠦᠭᠡᠳᠦᠶ ᠪᠠᠶᠢᠨ᠎ᠠ᠃ ﹇2020-11-11  09᠄ 39᠄ 07﹈      ᠬᠥᠲᠥᠯᠥᠭᠴᠢ᠄      ᠥᠪᠡᠷᠲᠡᠭᠡᠨ ᠵᠠᠰᠠᠬᠤ ᠣᠷᠣᠨ ᠳᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠢ ᠭᠦᠢᠴᠡᠳᠭᠡᠭᠰᠡᠨ ᠪᠠᠶᠢᠪᠠᠯ᠂ ᠭᠠᠳᠠᠷ ᠮᠤᠵᠢ ︵ᠬᠤᠲᠠ︶ ᠶᠢᠨ ᠬᠡᠳᠦᠶ ᠬᠤᠲᠠ ᠳᠤ ᠣᠴᠢᠵᠤ ᠬᠡᠷᠡᠭᠯᠡᠵᠦ ᠪᠣᠯᠬᠤ ᠪᠣᠶ᠂ ᠬᠠᠷᠠᠭᠠᠯᠵᠠᠯ ᠦᠵᠡᠭᠦᠯᠵᠦ ᠪᠣᠯᠤᠨ᠎ᠠ  ᠤᠤ︖ ﹇2020-11-11  09᠄ 40᠄ 45﹈      ᠬᠦᠯᠢᠶᠡᠭᠴᠢ᠄ ᠶᠦᠨ ᠸᠧᠨ ᠵᠢᠩ      ︽ᠵᠠᠮ ᠬᠠᠷᠢᠯᠴᠠᠭᠠᠨ ᠤ ᠬᠤᠯᠪᠣᠭᠠᠯᠠᠯ︾ ᠤᠨ ᠲᠡᠮᠳᠡᠭ ᠲᠠᠢ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠡᠷᠡᠭᠯᠡᠭᠴᠢ ᠶᠢ ᠲᠤᠰᠬᠠᠶ ᠣᠷᠣᠨ ᠤ ᠲᠠᠰ ᠠᠴᠠ ᠳᠡᠭᠡᠭᠰᠢᠬᠢ 280 ᠭᠠᠷᠤᠶ ᠬᠤᠲᠠ ︵ᠪᠣᠳᠠᠲᠠᠶ ᠨᠡᠪᠲᠡᠷᠡᠭᠦᠯᠦᠭᠰᠡᠨ ᠬᠤᠲᠠ ᠪᠠ ᠺᠠᠷᠲ ᠲᠠᠷᠬᠠᠭᠠᠭᠰᠠᠨ ᠬᠤᠲᠠ ᠶᠢᠨ ᠨᠡᠷᠡᠰ᠂ ᠸᠢᠴᠠᠲ ᠤᠨ ︽ᠵᠠᠮ ᠬᠠᠷᠢᠯᠴᠠᠭᠠᠨ ᠤ ᠬᠠᠮᠲᠤᠷᠠᠭᠰᠠᠨ ᠠᠯᠪᠠᠨ ᠤ ᠲᠠᠯ᠎ᠠ ᠶᠢᠨ ᠦᠢᠯᠡᠴᠢᠯᠡᠭᠡᠨ ᠤ ᠨᠣᠮᠧᠷ︾ ᠢᠶᠠᠷ ᠳᠠᠮᠵᠢᠭᠤᠯᠤᠨ ᠪᠠᠶᠢᠴᠠᠭᠠᠨ ᠯᠠᠪᠯᠠᠵᠤ᠂ ᠪᠦᠲᠦᠮᠵᠢᠲᠡᠶ ᠮᠡᠳᠡᠭᠡ ᠵᠠᠩᠭᠢ ᠣᠯᠵᠤ ᠪᠣᠯᠤᠨ᠎ᠠ︶ ᠶᠢᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠡᠭᠡᠷ᠎ᠡ ᠺᠠᠷᠲ ᠵᠢᠷᠤᠵᠤ ᠬᠡᠷᠡᠭᠯᠡᠵᠦ ᠪᠣᠯᠤᠨ᠎ᠠ᠃ ᠪᠥᠬᠦ ᠤᠯᠤᠰ ᠤᠨ ᠬᠤᠯᠪᠣᠯᠳᠤᠨ ᠨᠡᠪᠲᠡᠷᠡᠯᠴᠡᠬᠦ ᠺᠠᠷᠲ ᠤᠨ ᠬᠡᠷᠡᠭᠯᠡᠬᠦ ᠬᠡᠪᠴᠢᠶ᠎ᠡ ᠨᠢ ᠨᠡᠶᠢᠲᠡ ᠶᠢᠨ ᠮᠠᠰᠢᠨ ᠲᠡᠷᠭᠡ᠂ ᠭᠠᠵᠠᠷ ᠳᠣᠤᠷᠠᠬᠢ ᠲᠡᠮᠦᠷ ᠵᠠᠮ᠂ ᠲᠦᠷᠢᠶᠡᠰᠦᠨ ᠮᠠᠰᠢᠨ ᠲᠡᠷᠭᠡ᠂ ᠬᠥᠩᠭᠡᠨ ᠵᠠᠮ᠂ ᠣᠩᠭᠤᠴᠠ ᠭᠠᠲᠤᠯᠬᠤ᠂ ᠣᠯᠠᠨ ᠨᠡᠶᠢᠲᠡ ᠶᠢᠨ ᠳᠤᠭᠤᠶ ᠲᠡᠷᠭᠡ ᠵᠡᠷᠭᠡ ᠣᠯᠠᠨ ᠵᠦᠢᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠷᠭ᠎ᠠ ᠬᠡᠯᠪᠡᠷᠢ ᠳᠤ ᠬᠤᠯᠪᠣᠭᠳᠠᠨ᠎ᠠ᠃ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ ᠺᠠᠷᠲ ᠲᠠᠢ ᠬᠡᠷᠡᠭᠯᠡᠭᠴᠢ ᠶᠢ ᠺᠠᠷᠲ ᠲᠠᠷᠬᠠᠭᠠᠭᠰᠠᠨ ᠥᠬᠡᠶ ᠭᠠᠵᠠᠷ ᠲᠤ ᠬᠡᠷᠡᠭᠯᠡᠬᠦ ᠦᠶ᠎ᠡ ᠳᠤ᠂ ᠪᠣᠳᠠᠲᠠᠶ ᠬᠠᠷᠠᠭᠠᠯᠵᠠᠯ ᠤᠨ ᠠᠷᠭ᠎ᠠ ᠬᠡᠯᠪᠡᠷᠢ᠂ ᠬᠠᠷᠠᠭᠠᠯᠵᠠᠯ ᠤᠨ ᠲᠤᠭ᠎ᠠ ᠬᠡᠮᠵᠢᠶ᠎ᠡ ᠵᠢᠴᠢ ᠬᠡᠷᠡᠭᠯᠡᠬᠦ ᠬᠡᠪᠴᠢᠶ᠎ᠡ ᠶᠢ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠨ᠎ᠠ᠃ ᠮᠠᠨ ᠤ ᠣᠷᠣᠨ ᠤ ᠺᠠᠷᠲ ᠵᠢᠷᠤᠬᠤ ᠬᠠᠷᠠᠭᠠᠯᠵᠠᠯ ᠨᠢ ᠡᠯ᠎ᠡ ᠭᠠᠵᠠᠷ ᠤᠨ ᠡᠵᠡᠩᠨᠡᠯᠲᠡ ᠶᠢᠨ ᠪᠠᠶᠢᠭᠤᠯᠤᠮᠵᠢ ᠶᠢᠨ ᠬᠤᠯᠪᠣᠯᠳᠤᠨ ᠨᠡᠪᠲᠡᠷᠡᠯᠴᠡᠬᠦ ᠡᠩ ᠤᠨ ᠺᠠᠷᠲ ᠤᠨ ᠬᠠᠷᠠᠭᠠᠯᠵᠠᠯ ᠤᠨ ᠠᠷᠭ᠎ᠠ ᠬᠡᠯᠪᠡᠷᠢ ᠪᠠᠷ ᠬᠡᠷᠡᠭᠵᠢᠭᠦᠯᠦᠨ᠎ᠡ᠃ ﹇2020- 11-11  09᠄ 41᠄ 22﹈      ᠬᠥᠲᠥᠯᠥᠭᠴᠢ᠄      ᠤᠤᠯ ᠨᠢ ᠭᠦᠢᠴᠡᠳᠭᠡᠭᠰᠡᠡ ᠨᠡᠶᠢᠲᠡ ᠶᠢᠨ ᠵᠠᠮ ᠬᠠᠷᠢᠯᠴᠠᠭᠠᠨ ᠤ ᠺᠠᠷᠲ ᠢ ᠶᠠᠭᠠᠬᠢᠪᠠᠯ ᠰᠠᠶ᠋ᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠢᠶᠠᠷ ᠰᠣᠯᠢᠵᠤ ᠪᠣᠯᠬᠤ ᠪᠣᠢ︖ ﹇2020-11-11  09᠄ 44᠄ 46﹈      ᠬᠦᠯᠢᠶᠡᠭᠴᠢ᠄ ᠶᠦᠨ ᠸᠧᠨ ᠵᠢᠩ      ᠤᠤᠯ ᠤᠨ ᠪᠠᠶᠢᠭᠰᠠᠨ ᠬᠠᠭᠤᠴᠢᠨ ᠪᠠᠷᠢᠮᠵᠢᠶᠠᠲᠤ ᠺᠠᠷᠲ ᠢ ᠮᠥᠨ ᠬᠦ ᠲᠣᠰ ᠭᠠᠵᠠᠷ ᠲᠤ ᠬᠡᠷᠡᠭᠯᠡᠵᠦ ᠪᠣᠯᠤᠨ᠎ᠠ᠂ ᠣᠨᠳᠣᠤ ᠭᠠᠵᠠᠷ ᠲᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠺᠠᠷᠲ ᠪᠠᠷᠢᠭᠴᠢ ᠨᠢ ᠲᠠᠷᠬᠠᠭᠠᠬᠤ ᠭᠠᠵᠠᠷ ᠤᠨ ᠰᠦᠯᠵᠢᠶᠡᠨ ᠤ ᠴᠡᠭ ᠤᠨ ᠪᠠᠶᠢᠭᠤᠯᠤᠮᠵᠢ ᠳᠤ ᠬᠤᠯᠪᠣᠯᠳᠤᠨ ᠨᠡᠪᠲᠡᠷᠡᠯᠴᠡᠬᠦ ᠴᠢᠳᠠᠮᠵᠢ ᠲᠠᠢ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠢ  ᠭᠦᠢᠴᠡᠳᠭᠡᠵᠦ ᠪᠣᠯᠤᠨ᠎ᠠ᠃ ﹇2020-11-11  09᠄ 45᠄ 00﹈      ᠬᠥᠲᠥᠯᠥᠭᠴᠢ᠄      ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠢ ᠣᠨᠳᠣᠤ ᠭᠠᠵᠠᠷ ᠲᠤ ᠵᠣᠭᠤᠰ ᠨᠡᠮᠡᠬᠦ ᠪᠠ ᠰᠦᠯᠵᠢᠶᠡᠨ ᠳᠡᠭᠡᠷ᠎ᠡ ᠵᠣᠭᠤᠰ ᠨᠡᠮᠡᠵᠦ ᠪᠣᠯᠤᠨ᠎ᠠ ᠤᠤ︖ ﹇2020-11-11  09᠄ 46᠄ 13﹈      ᠬᠦᠯᠢᠶᠡᠭᠴᠢ᠄ ᠶᠦᠨ ᠸᠧᠨ ᠵᠢᠩ      ᠣᠳᠣᠬᠠᠨ ᠳᠤ ᠣᠷᠣᠨ ᠤ ᠳᠣᠲᠣᠷᠠᠬᠢ ᠬᠤᠯᠪᠣᠯᠳᠤᠨ ᠨᠡᠪᠲᠡᠷᠡᠯᠴᠡᠬᠦ ᠺᠠᠷᠲ ᠨᠢ ᠲᠠᠷᠬᠠᠭᠠᠬᠤ ᠲᠤᠬᠠᠶ ᠶᠢᠨ ᠭᠠᠵᠠᠷ ᠤᠨ ᠰᠦᠯᠵᠢᠶᠡᠨ ᠤ ᠴᠡᠭ ᠪᠠᠷ ᠳᠡᠮᠵᠢᠨ ᠵᠣᠭᠤᠰ ᠨᠡᠮᠡᠵᠦ ᠪᠣᠯᠤᠨ᠎ᠠ᠃ ᠡᠭᠦᠨ ᠤ ᠬᠠᠮᠲᠤ᠂ ᠰᠢᠯᠵᠢᠮᠡᠯ ᠲᠣᠭᠠᠴᠠᠭ᠎ᠠ ᠬᠢᠬᠦ ᠶᠢᠨ ᠲᠥᠬᠦᠮ ᠴᠢᠨᠠᠷ ᠢ ᠪᠣᠳᠤᠯᠬᠢᠯᠠᠭᠰᠠᠨ ᠠᠴᠠ᠂ ᠣᠲᠤᠬᠠᠨ ᠶᠠᠭ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠲᠠᠢ NFC ᠭᠠᠷ ᠤᠲᠠᠰᠤᠨ ᠤ ᠲᠣᠭᠠᠴᠠᠭ᠎ᠠ ᠬᠢᠬᠦ ᠲᠠᠪᠴᠠᠩ ᠢ ᠵᠣᠯᠭᠠᠭᠤᠯᠵᠤ ᠪᠠᠶᠢᠨ᠎ᠠ᠂ ᠬᠡᠰᠡᠭ ᠠᠶᠢᠮᠠᠭ ᠬᠤᠲᠠ ᠵᠠᠯᠭᠠᠭ᠎ᠠ ᠪᠠᠷ ᠵᠠᠯᠭᠠᠨ ᠣᠷᠣᠭᠤᠯᠵᠤ᠂ ᠠᠭᠠᠷ ᠲᠤ ᠺᠠᠷᠲ ᠨᠡᠭᠡᠭᠡᠬᠦ᠂ ᠰᠦᠯᠵᠢᠶᠡᠨ ᠳᠡᠭᠡᠷ᠎ᠡ ᠵᠣᠭᠤᠰ ᠨᠡᠮᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠪᠣᠯᠤᠨ᠎ᠠ᠃ ﹇2020-11-11  09᠄ 47᠄ 42﹈      ᠬᠥᠲᠥᠯᠥᠭᠴᠢ᠄      ᠡᠯ᠎ᠡ ᠲᠦᠷᠦᠯ ᠤᠨ ᠵᠠᠮ ᠬᠠᠷᠢᠯᠴᠠᠭᠠᠨ ᠤ ᠪᠠᠭᠠᠵᠢ ᠳᠤ ᠬᠡᠷᠬᠢᠨ ᠬᠡᠷᠡᠭᠯᠡᠬᠦ ᠪᠤᠢ︖ ﹇2020-11-11 09᠄ 48᠄ 30﹈        ᠬᠦᠯᠢᠶᠡᠭᠴᠢ᠄ ᠶᠦᠨ ᠸᠧᠨ ᠵᠢᠩ      ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠤᠷᠢᠳᠴᠢᠯᠠᠨ ᠲᠤᠰᠢᠶᠠᠬᠤ ᠺᠠᠷᠲ ᠲᠤ ᠲᠣᠭᠠᠴᠠᠭᠳᠠᠨ᠎ᠠ᠂ ᠬᠡᠷᠡᠭᠯᠡᠬᠦ ᠠᠴᠠ ᠡᠮᠦᠨ᠎ᠡ ᠤᠷᠢᠳ ᠢᠶᠠᠷ ᠺᠠᠷᠲ ᠲᠤ ᠵᠣᠭᠤᠰ ᠨᠡᠮᠡᠬᠦ ᠬᠡᠷᠡᠭᠲᠡᠶ᠂ ᠳᠠᠷᠠᠭ᠎ᠠ ᠨᠢ ᠡᠯ᠎ᠡ ᠲᠥᠷᠥᠯ ᠤᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠦᠶ᠎ᠡ ᠳᠤ ᠰᠢᠭᠤᠳ ᠺᠠᠷᠲ ᠵᠢᠷᠤᠵᠤ ᠲᠡᠷᠭᠡᠨ ᠳᠤ ᠰᠠᠭᠤᠵᠤ ᠪᠣᠯᠤᠨ᠎ᠠ᠃ ﹇2020-11-11 09᠄ 48᠄ 43      ᠬᠥᠲᠥᠯᠥᠭᠴᠢ᠄      ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠢ ᠪᠥᠬᠦ ᠤᠯᠤᠰ ᠤᠨ ᠨᠡᠶᠢᠲᠡ ᠶᠢᠨ ᠵᠠᠮ ᠬᠠᠷᠢᠯᠴᠠᠭᠠᠨ ᠤ ᠭᠠᠵᠠᠷ ᠳᠣᠤᠷᠠᠬᠢ ᠲᠡᠮᠦᠷ ᠵᠠᠮ ᠳᠤ ᠬᠡᠷᠡᠭᠯᠡᠵᠦ ᠪᠣᠯᠤᠨ᠎ᠠ᠂ ᠶᠠᠭᠠᠬᠢᠭᠠᠳ ᠪᠡᠭᠡᠵᠢᠩ ᠤᠨ ᠨᠡᠶᠢᠲᠡ ᠶᠢᠨ ᠵᠠᠮ ᠬᠠᠷᠢᠯᠴᠠᠭ᠎ᠠ ᠨᠢ ᠳᠡᠮᠵᠢᠬᠦ ᠦᠭᠡᠢ ᠪᠣᠢ︖ ﹇2020-11-11  09᠄ 49᠄ 19﹈      ᠬᠦᠯᠢᠶᠡᠭᠴᠢ᠄ ᠶᠦᠨ ᠸᠧᠨ ᠵᠢᠩ      ᠪᠡᠭᠡᠵᠢᠩ ᠤᠨ ᠦᠵᠦᠭᠦᠷ ᠤᠨ ᠮᠠᠰᠢᠨ ᠣᠨᠴᠠᠭᠠᠶ᠂ ᠬᠤᠲᠠ ᠶᠢᠨ ᠨᠡᠷᠡᠰ ᠤᠨ ᠬᠠᠳᠠᠭᠠᠯᠠᠮᠵᠢ ᠶᠢᠨ ᠬᠡᠮᠵᠢᠶ᠎ᠡ ᠬᠢᠵᠠᠭᠠᠷᠲᠠᠶ ᠪᠣᠯᠬᠤᠷ᠂ ᠵᠦᠪᠬᠡᠨ 48 ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠳᠡᠮᠵᠢᠵᠦ᠂ 224 ᠬᠤᠲᠠ ᠶᠢᠨ ᠭᠠᠵᠠᠷ ᠳᠣᠤᠷᠠᠬᠢ ᠲᠡᠮᠦᠷ ᠵᠠᠮ ᠤᠨ ᠺᠠᠷᠲ ᠵᠢᠷᠤᠵᠤ ᠬᠡᠷᠡᠭᠯᠡᠬᠦ ᠶᠢ ᠳᠡᠮᠵᠢᠵᠦ ᠪᠠᠶᠢᠨ᠎ᠠ᠃ ᠣᠳᠣᠬᠠᠨ ᠳᠤ ᠂ ᠣᠷᠣᠨ ᠤ ᠳᠣᠲᠣᠷᠠᠬᠢ ᠬᠥᠬᠡᠬᠤᠲᠠ᠂ ᠦᠬᠠᠶ ᠬᠤᠲᠠ᠂ ᠲᠦᠩᠯᠢᠶᠣᠤ ᠬᠤᠲᠠ ᠶᠢᠨ ᠲᠠᠷᠬᠠᠭᠠᠭᠰᠠᠨ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠡᠩ ᠤᠨ ᠺᠠᠷᠲ ᠢ ᠪᠡᠭᠡᠵᠢᠩ ᠤᠨ ᠭᠠᠵᠠᠷ ᠳᠣᠤᠷᠠᠬᠢ ᠲᠡᠮᠦᠷ ᠵᠠᠮ ᠳᠤ ᠬᠡᠷᠡᠭᠯᠡᠵᠦ ᠪᠣᠯᠤᠨ᠎ᠠ᠂ ᠪᠤᠰᠤᠳ ᠬᠤᠯᠪᠣᠯᠲᠤᠨ ᠨᠡᠪᠲᠡᠷᠡᠯᠴᠡᠬᠦ ᠬᠤᠲᠠ ᠶᠢᠨ ᠨᠡᠷᠡᠰ ᠢ ᠪᠡᠭᠡᠵᠢᠩ ᠤᠨ ᠭᠠᠵᠠᠷ ᠳᠣᠤᠷᠠᠬᠢ ᠲᠡᠮᠦᠷ ᠵᠠᠮ ᠳᠡᠭᠡᠷ᠎ᠡ ᠰᠢᠨᠡᠳᠬᠡᠨ ᠬᠡᠷᠡᠭᠯᠡᠬᠦ ᠶᠢ ᠶᠠᠭ ᠢᠳᠡᠪᠬᠢᠲᠡᠶ ᠵᠣᠬᠢᠴᠠᠭᠤᠯᠵᠤ ᠪᠠᠶᠢᠨ᠎ᠠ᠃ ᠪᠡᠭᠡᠵᠢᠩ ᠤᠨ ᠨᠡᠶᠢᠲᠡ ᠶᠢᠨ ᠵᠠᠮ ᠬᠠᠷᠢᠯᠴᠠᠭᠠᠨ ᠤ ᠦᠵᠦᠭᠦᠷ ᠤᠨ ᠮᠠᠰᠢᠨ ᠪᠠᠭᠠᠵᠢ ᠶᠢ ᠲᠠᠰ ᠳᠡᠪᠰᠢᠭᠦᠯᠦᠭᠰᠡᠨ ᠤ ᠳᠠᠷᠠᠭ᠎ᠠ᠂ ᠮᠠᠨ ᠤ ᠣᠷᠣᠨ ᠤ ᠲᠠᠷᠬᠠᠭᠠᠭᠰᠠᠨ ᠬᠤᠯᠪᠣᠯᠳᠤᠨ ᠨᠡᠪᠲᠡᠷᠡᠯᠴᠡᠬᠦ ᠺᠠᠷᠲ ᠢ ᠳᠠᠷᠤᠶ ᠪᠡᠭᠡᠵᠢᠩ ᠤᠨ ᠨᠡᠶᠢᠲᠡ ᠶᠢᠨ ᠵᠠᠮ ᠬᠠᠷᠢᠯᠴᠠᠭ᠎ᠠ ᠳᠤ ᠬᠡᠷᠡᠭᠯᠡᠵᠦ ᠪᠣᠯᠤᠨ᠎ᠠ᠂ ᠪᠣᠳᠠᠲᠠᠶ ᠰᠢᠨᠡᠳᠬᠡᠭᠰᠡᠨ ᠪᠠᠶᠢᠳᠠᠯ ᠢ ︽ᠵᠠᠮ ᠬᠠᠷᠢᠯᠴᠠᠭᠠᠨ ᠤ ᠬᠠᠮᠲᠤᠷᠠᠭᠰᠠᠨ ᠠᠯᠪᠠᠨ ᠤ ᠲᠠᠯ᠎ᠠ ᠶᠢᠨ ᠦᠢᠯᠡᠴᠢᠯᠡᠭᠡᠨ ᠤ ᠨᠣᠮᠧᠷ︾ ᠢᠶᠠᠷ ᠪᠠᠶᠢᠴᠠᠭᠠᠨ ᠯᠠᠪᠯᠠᠵᠤ ᠪᠣᠯᠤᠨ᠎ᠠ᠃ ﹇2020-11-11  09᠄ 50᠄ 16﹈      ᠬᠥᠲᠥᠯᠥᠭᠴᠢ᠄      ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠨᠢ ᠪᠤᠰᠤᠳ ᠬᠡᠷᠡᠭᠴᠡᠭᠡ ᠲᠠᠢ ᠤᠤ᠂ ᠵᠢᠱᠢᠶᠡᠯᠡᠪᠡᠯ ᠲᠣᠰᠣ ᠨᠡᠮᠡᠬᠦ ᠺᠠᠷᠲ ᠢᠶᠠᠷ ᠬᠡᠷᠡᠭᠯᠡᠨ᠎ᠡ᠃ ﹇2020-11-11  09᠄ 53᠄ 43﹈      ᠬᠦᠯᠢᠶᠡᠭᠴᠢ᠄ ᠶᠦᠨ ᠸᠧᠨ ᠵᠢᠩ      ᠣᠳᠣᠬᠠᠨ ᠳᠤ᠂ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ ᠺᠠᠷᠲ  ᠢ ᠭᠤᠤᠯᠳᠠᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠬᠦᠷᠢᠶᠡᠨ ᠳᠤ ᠬᠡᠷᠡᠭᠯᠡᠵᠦ᠂ ᠪᠤᠰᠤᠳ ᠬᠦᠷᠢᠶᠡᠨ ᠳᠤ ᠬᠠᠮᠲᠤᠷᠠᠨ ᠬᠡᠷᠡᠭᠯᠡᠬᠦ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ ᠪᠠᠶᠢᠨ᠎ᠠ᠃ ﹇2020-11-11  09᠄ 54᠄ 12﹈      ᠬᠥᠲᠥᠯᠥᠭᠴᠢ᠄      ᠵᠠ᠂ ᠴᠠᠭ ᠤᠨ ᠬᠠᠷᠠᠭ᠎ᠠ ᠠᠴᠠ ᠪᠣᠯᠵᠤ᠂ ᠪᠢᠳᠡᠨ ᠤ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠃ ᠶᠦᠨ ᠲᠢᠩᠬᠢᠮ ᠤᠨ ᠳᠠᠷᠤᠭ᠎ᠠ ᠶᠢᠨ ᠬᠠᠯᠠᠰᠢᠷᠠᠯ ᠦᠭᠡᠶ ᠬᠠᠷᠢᠭᠤᠯᠤᠭᠰᠠᠨ ᠳᠤ ᠲᠠᠯᠠᠷᠬᠠᠵᠤ ᠪᠠᠶᠢᠬᠤ ᠪᠥᠭᠡᠳ ᠰᠦᠯᠵᠢᠶᠡᠨ ᠤ ᠠᠨᠳᠠ ᠨᠠᠷ ᠤᠨ ᠬᠠᠯᠠᠭᠤᠨ ᠰᠡᠳᠭᠢᠯᠭᠡ ᠪᠠᠷ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠃ ﹇2020-11-11  09᠄ 55᠄ 53﹈      ᠬᠦᠯᠢᠶᠡᠭᠴᠢ᠄ ᠶᠦᠨ ᠸᠧᠨ ᠵᠢᠩ      ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠲᠤ ᠲᠠᠯᠠᠷᠬᠠᠵᠤ ᠪᠠᠶᠢᠨ᠎ᠠ᠃ ᠣᠯᠠᠨ  ᠢᠶᠠᠷ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ ᠠᠵᠢᠯ ᠢ ᠦᠷᠭᠦᠯᠵᠢᠯᠡᠨ ᠠᠩᠬᠠᠷᠴᠤ᠂ ᠣᠯᠠᠨ ᠢᠶᠠᠷ ᠢᠶᠠᠨ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ   ᠢ ᠢᠳᠡᠪᠬᠢᠲᠡᠶ ᠬᠡᠷᠡᠭᠯᠡᠨ ᠳᠡᠯᠭᠡᠷᠡᠭᠦᠯᠵᠦ᠂ ᠳᠥᠭᠦᠮ ᠳᠥᠲᠡ ᠶᠠᠪᠤᠵᠤ ᠰᠠᠭᠤᠬᠤ ᠳᠤ ᠨᠠᠩ ᠣᠯᠠᠨ ᠠᠷᠠᠳ ᠣᠯᠠᠨ ᠳᠤ ᠠᠰᠢᠭ ᠬᠦᠷᠲᠡᠭᠡᠬᠦ ᠶᠢ ᠬᠦᠰᠡᠵᠦ ᠪᠠᠶᠢᠨ᠎ᠠ᠃ ᠲᠠ ᠪᠦᠬᠦᠨ ᠳᠤ ᠳᠠᠬᠢᠨᠲᠠ ᠲᠠᠯᠠᠷᠬᠠᠵᠤ ᠪᠠᠶᠢᠨ᠎ᠠ︕
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号