内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ
        ᠨᠡᠶᠢᠲᠡᠯᠡᠭᠰᠡᠨ ᠴᠠᠭ᠄
        2022/12/15
             ᠰᠤᠷᠪᠤᠯᠵᠢᠯᠠᠭᠰᠠᠨ ᠡᠷᠬᠢᠮ ᠵᠣᠴᠢᠨ᠄ ᠯᠢ ᠰᠢ      ᠰᠤᠷᠪᠤᠯᠵᠢᠯᠠᠭᠰᠠᠨ ᠴᠠᠭ᠄ 2022 ︱ 11 ︱ 25      ᠭᠤᠣᠯ ᠠᠭᠤᠯᠭ᠎ᠠ᠄      ᠣᠶᠢᠷ᠎ᠠ ᠶᠢᠨ ᠵᠢᠯ ᠤᠳ ᠲᠤ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠰᠠᠭᠤᠷᠢ ᠲᠦᠭᠦᠭᠡᠷᠦᠮᠵᠢ ᠦᠳᠲᠡᠷ ᠲᠦᠷᠭᠡᠨ ᠬᠥᠭᠵᠢᠵᠦ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠬᠡᠷᠡᠭᠵᠢᠭᠦᠯᠵᠦ᠂ ᠰᠠᠶᠢᠨ ᠰᠠᠶᠢᠬᠠᠨ ᠠᠮᠢ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠣᠯᠣᠭᠰᠠᠨ ᠪᠠᠶᠢᠨ᠎ᠠ᠃ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠡᠳ᠋ ᠳᠠᠷᠤᠭ᠎ᠠ ᠯᠢ ᠰᠢ ᠶᠢ ᠤᠷᠢᠵᠤ᠂ ᠲᠡᠭᠦᠨ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠪᠠᠶᠢᠭ᠎ᠠ ᠬᠠᠮᠢᠶ᠎ᠠ ᠪᠦᠬᠦᠢ ᠪᠠᠶᠢᠳᠠᠯ ᠢ ᠣᠯᠠᠨ ᠳᠤ ᠲᠠᠨᠢᠯᠴᠠᠭᠤᠯᠤᠶ᠎ᠠ᠃      ᠦᠰᠦᠭ ᠪᠢᠴᠢᠭ ᠤᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠮᠠᠨ ᠤ ᠥᠨᠥᠳᠥᠷ ᠤᠨ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠳᠤ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠡᠬᠡ ᠤᠯᠤᠰ ᠤᠨ ᠤᠮᠠᠷᠠᠲᠤ ᠬᠢᠯᠢ ᠬᠢᠵᠠᠭᠠᠷ ᠲᠤ ᠪᠠᠶᠢᠷᠢᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠮᠥᠨ᠂ ᠣᠶᠢᠷ᠎ᠠ ᠶᠢᠨ ᠵᠢᠯ ᠤᠳ ᠲᠤ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠦᠳᠲᠡᠷ ᠲᠦᠷᠭᠡᠨ ᠬᠥᠭᠵᠢᠵᠦ᠂ ᠵᠠᠰᠠᠮᠠᠯ ᠵᠠᠮ ᠤᠨ ᠲᠣᠣᠷ ᠦᠨᠳᠦᠰᠦᠨ ᠳᠤ ᠪᠠᠨ ᠪᠦᠷᠢᠯᠳᠦᠵᠦ᠂ 2021 ᠣᠨ ᠤ ᠰᠡᠭᠦᠯᠴᠢ ᠪᠣᠯᠲᠠᠯ᠎ᠠ᠂ ᠵᠠᠰᠠᠮᠠᠯ ᠵᠠᠮ ᠤᠨ ᠪᠦᠬᠦ ᠤᠷᠳᠤ 21.3 ᠲᠦᠮᠡᠨ ᠺᠢᠯᠣᠮᠧᠲᠷ ᠲᠤ ᠬᠦᠷᠴᠦ᠂ ᠡᠭᠦᠨ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠬᠡᠷᠡᠭᠵᠢᠭᠦᠯᠵᠦ᠂ ᠰᠠᠶᠢᠨ ᠰᠠᠶᠢᠬᠠᠨ ᠠᠮᠢ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠢ ᠣᠯᠣᠭᠰᠠᠨ ᠪᠠᠶᠢᠨ᠎ᠠ᠃ ᠥᠨᠥᠳᠥᠷ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠡᠳ᠋ ᠳᠠᠷᠤᠭ᠎ᠠ ᠯᠢ ᠰᠢ ᠶᠢ ᠤᠷᠢᠵᠤ ᠠᠪᠴᠢᠷᠠᠭᠰᠠᠨ ᠳᠤ ᠪᠠᠨ ᠮᠠᠰᠢ ᠪᠠᠶᠠᠷ ᠲᠠᠢ ᠪᠠᠶᠢᠨ᠎ᠠ᠂ ᠲᠡᠭᠦᠨ ᠢᠶᠠᠷ ᠣᠶᠢᠷ᠎ᠠ ᠶᠢᠨ ᠵᠢᠯ ᠤᠳ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠪᠠᠶᠢᠭ᠎ᠠ ᠬᠠᠮᠢᠶ᠎ᠠ ᠪᠦᠬᠦᠢ ᠪᠠᠶᠢᠳᠠᠯ ᠢ ᠣᠯᠠᠨ ᠳᠤ ᠲᠠᠨᠢᠯᠴᠠᠭᠤᠯᠤᠶ᠎ᠠ᠃ ᠯᠢ ᠳᠡᠳ᠋ ᠲᠢᠩᠬᠢᠮ ᠤᠨ ᠳᠠᠷᠤᠭ᠎ᠠ᠂ ᠲᠠ ᠰᠠᠶᠢᠨ ᠤᠤ︕ ᠪᠣᠬᠢᠷᠳᠤᠯ ᠦᠭᠡᠢ ᠵᠠᠰᠠᠮᠠᠯ ᠵᠠᠮ ᠨᠢ ᠤᠯᠠᠮᠵᠢᠯᠠᠯᠲᠤ ᠵᠠᠰᠠᠮᠠᠯ ᠵᠠᠮ ᠲᠠᠢ ᠶᠠᠮᠠᠷ ᠶᠠᠮᠠᠷ ᠢᠯᠭᠠᠭ᠎ᠠ ᠲᠠᠢ ᠪᠠᠶᠢᠬᠤ᠂ ᠪᠣᠬᠢᠷᠳᠤᠯ ᠦᠭᠡᠢ ᠵᠠᠰᠠᠮᠠᠯ ᠵᠠᠮ ᠤᠨ ᠭᠤᠣᠯ ᠠᠭᠤᠯᠤᠭᠳᠠᠬᠤᠨ ᠨᠢ ᠶᠠᠮᠠᠷ ᠲᠠᠯ᠎ᠠ ᠶᠢ ᠢᠯᠡᠷᠡᠭᠦᠯᠵᠦ ᠪᠠᠶᠢᠬᠤ ᠶᠢ ᠪᠢᠳᠡᠨ ᠳᠤ ᠶᠠᠷᠢᠭᠠᠳ ᠥᠭᠭᠦᠨ᠎ᠡ ᠤᠤ᠃ 2022-11-25 09 : 30 : 11      ᠡᠷᠬᠢᠮ ᠵᠣᠴᠢᠨ᠄ ᠯᠢ ᠰᠢ      ᠬᠥᠲᠥᠯᠥᠭᠴᠢ ᠰᠠᠶᠢᠨ ᠤᠤ︕ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠪᠣᠬᠢᠷᠳᠤᠯ ᠦᠭᠡᠢ ᠵᠠᠰᠠᠮᠠᠯ ᠵᠠᠮ ᠪᠣᠯ ᠰᠢᠨ᠎ᠡ ᠪᠠᠶᠢᠳᠠᠯ ᠤᠨ ᠳᠣᠣᠷᠠᠬᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠬᠤ ᠶᠢᠨ ᠲᠥᠯᠥᠭᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ 2016 ᠣᠨ ᠳᠤ ᠳᠤᠷᠠᠳᠤᠭᠰᠠᠨ ᠬᠠᠮᠤᠭ ᠤᠨ ᠰᠢᠨ᠎ᠡ ᠣᠶᠢᠯᠠᠭᠠᠭᠳᠠᠬᠤᠨ ᠮᠥᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ 2004 ᠣᠨ ᠳᠤ ᠳᠤᠷᠠᠳᠤᠭᠰᠠᠨ ︽ᠵᠢᠷᠭᠤᠭ᠎ᠠ ᠶᠢ ᠪᠠᠷᠢᠮᠲᠠᠯᠠᠵᠤ᠂ ᠵᠢᠷᠭᠤᠭ᠎ᠠ ᠶᠢ ᠪᠣᠶ ᠪᠣᠯᠭᠠᠬᠤ︾ ᠣᠶᠢᠯᠠᠭᠠᠭᠳᠠᠬᠤᠨ ᠢ ᠳᠡᠭᠡᠭᠰᠢᠯᠡᠭᠦᠯᠦᠨ ᠥᠷᠭᠡᠳᠬᠡᠬᠦ ᠶᠠᠪᠤᠳᠠᠯ ᠮᠥᠨ᠂ ᠪᠠᠰᠠ ᠴᠤ 2009 ᠣᠨ ᠳᠤ ᠣᠲᠣ ᠦᠶ᠎ᠡ ᠶᠢᠨ ᠢᠨᠵᠧᠨᠧᠷᠢᠩ ᠢ ᠬᠥᠮᠥᠨᠴᠢᠯᠡᠬᠦ᠂ ᠲᠤᠰᠬᠠᠶᠢᠵᠢᠭᠤᠯᠬᠤ᠂ ᠪᠠᠷᠢᠮᠵᠢᠶᠠᠵᠢᠭᠤᠯᠬᠤ᠂ ᠮᠡᠳᠡᠭᠡ ᠵᠠᠩᠭᠢᠴᠢᠯᠠᠬᠤ᠂ ᠨᠠᠷᠢᠯᠢᠭᠵᠢᠭᠤᠯᠬᠤ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠰᠢᠨ᠎ᠡ ᠱᠠᠭᠠᠷᠳᠠᠯᠭ᠎ᠠ ᠮᠥᠨ᠃ ᠪᠣᠬᠢᠷᠳᠤᠯ ᠦᠭᠡᠢ ᠵᠠᠰᠠᠮᠠᠯ ᠵᠠᠮ ᠭᠡᠳᠡᠭ ᠨᠢ ᠶᠠᠰᠤ ᠴᠢᠨᠠᠷ ᠢᠶᠠᠷ ᠰᠢᠯᠢᠳᠡᠭ ᠰᠠᠶᠢᠨ ᠶᠠᠰᠤ ᠴᠢᠨᠠᠷ ᠤᠨ ᠢᠨᠵᠧᠨᠧᠷᠢᠩ ᠢᠶᠠᠷ ᠤᠷᠢᠲᠠᠯ ᠪᠣᠯᠭᠠᠵᠤ᠂ ᠡᠬᠢ ᠪᠠᠶᠠᠯᠢᠭ ᠢ ᠠᠷᠪᠢᠯᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠭᠢ ᠠᠷᠪᠢᠯᠠᠬᠤ ᠥᠨᠳᠥᠷ ᠦᠷ᠎ᠡ ᠪᠦᠲᠦᠮᠵᠢᠲᠡᠶ᠂ ᠦᠢᠯᠡᠴᠢᠯᠡᠭᠡ ᠶᠢ ᠳᠡᠭᠡᠭᠰᠢᠯᠡᠭᠦᠯᠬᠦ ᠪᠠᠷ ᠭᠤᠣᠯ ᠣᠨᠴᠠᠯᠢᠭ ᠪᠣᠯᠭᠠᠭᠰᠠᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠣᠶᠢᠯᠠᠭᠠᠭᠳᠠᠬᠤᠨ ᠢ ᠵᠢᠭᠠᠵᠤ ᠪᠣᠶ᠃ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠪᠣᠯ ᠵᠠᠰᠠᠮᠠᠯ ᠵᠠᠮ ᠤᠨ ᠠᠵᠢᠯ ᠲᠥᠷᠥᠯ ᠤᠨ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠤᠯ ᠦᠭᠡᠢ᠂ ᠨᠡᠭᠡᠭᠡᠯᠲᠡᠲᠡᠢ᠂ ᠬᠠᠮᠲᠤ ᠪᠠᠷ ᠭᠥᠷᠳᠡᠬᠦ ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ ᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ︽ᠲᠠᠪᠤ ᠶᠢ ᠨᠢᠭᠡ ᠴᠣᠭᠴᠠᠵᠢᠭᠤᠯᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠠᠬᠢ ᠦᠢᠯᠡᠳᠦᠯᠭᠡ ᠶᠢ ᠦᠢᠯᠡᠳᠦᠯᠭᠡᠵᠢᠭᠦᠯᠦᠨ᠎ᠡ᠃ ᠮᠦᠨ ᠴᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠵᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠬᠡᠷᠡᠭᠵᠢᠭᠦᠯᠬᠦ ᠪᠣᠳᠠᠲᠠᠢ ᠠᠷᠭ᠎ᠠ ᠬᠡᠮᠵᠢᠶ᠎ᠡ ᠮᠥᠨ᠂ ᠨᠡᠩ ᠴᠤ ᠵᠠᠰᠠᠮᠠᠯ ᠵᠠᠮ ᠤᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢᠨ ᠵᠠᠶᠢᠯᠠᠰᠢ ᠦᠭᠡᠢ ᠰᠣᠩᠭᠤᠯᠲᠠ ᠮᠥᠨ᠃ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠨᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠳᠤ ᠠᠰᠢᠭᠲᠠᠢ ᠪᠠᠶᠢᠵᠤ᠂ ᠵᠠᠰᠠᠮᠠᠯ ᠵᠠᠮ ᠤᠨ ᠰᠠᠭᠤᠷᠢ ᠲᠦᠭᠦᠭᠡᠷᠦᠮᠵᠢ ᠶᠢ ᠵᠥᠪᠬᠡᠨ ᠶᠠᠪᠤᠵᠤ ᠰᠠᠭᠤᠬᠤ ᠴᠢᠳᠠᠮᠵᠢ ᠶᠢ ᠬᠠᠩᠭᠠᠵᠤ ᠪᠠᠶᠢᠭᠰᠠᠨ ᠠᠴᠠ ᠵᠠᠮ ᠬᠠᠷᠢᠯᠴᠠᠭ᠎ᠠ ᠲᠡᠭᠡᠭᠡᠪᠦᠷᠢ᠂ ᠰᠣᠶᠣᠯ ᠤᠨ ᠳᠠᠮᠵᠢᠭᠤᠯᠭ᠎ᠠ᠂ ᠵᠢᠭᠤᠯᠴᠢᠯᠠᠯ᠂ ᠠᠵᠤ ᠦᠢᠯᠡᠰ ᠤᠨ ᠡᠬᠢ ᠪᠠᠶᠠᠯᠢᠭ ᠤᠨ ᠨᠡᠭᠡᠭᠡᠯᠲᠡ ᠵᠡᠷᠭᠡ ᠣᠯᠠᠨ ᠬᠡᠷᠡᠭᠴᠡᠭᠡ ᠱᠠᠭᠠᠷᠳᠠᠯᠭ᠎ᠠ ᠳᠠᠰᠢ ᠬᠥᠭᠵᠢᠭᠦᠯᠬᠦ ᠶᠢ ᠪᠡᠶᠡᠯᠡᠭᠦᠯᠬᠦ ᠳᠤ ᠠᠰᠢᠭᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠬᠤᠷᠢᠳᠤᠭᠠᠷ ᠶᠡᠭᠡ ᠬᠤᠷᠠᠯ ᠤᠨ ᠢᠯᠡᠳᠬᠡᠯ  ᠳᠤ ᠪᠠᠨ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠡᠷᠬᠡᠪᠰᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠤᠬᠢᠴᠠᠯᠲᠠᠢ ᠪᠠᠷ ᠬᠠᠮᠲᠤ ᠣᠷᠣᠰᠢᠬᠤ ᠡᠷᠭᠦᠭᠳᠡᠴᠡ ᠠᠴᠠ ᠬᠥᠭᠵᠢᠯᠲᠡ ᠶᠢ ᠰᠦᠪᠡᠭᠴᠢᠯᠡᠬᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠠᠷᠪᠢᠲᠠᠢ ᠡᠷᠴᠢᠮᠯᠢᠭ ᠪᠠᠶᠢᠬᠤ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠨᠡ ᠨᠢ ᠪᠢᠳᠡᠨ ᠤ ᠢᠷᠡᠭᠡᠳᠦᠢ ᠳᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠬᠡᠷᠬᠢᠨ ᠲᠣᠭᠤᠰᠢᠯᠠᠭᠤᠯᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠂ ᠪᠢᠳᠡ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠵᠠᠰᠠᠮᠠᠯ ᠵᠠᠮ ᠤᠨ ᠦᠢᠯᠡᠰ ᠤᠨ ᠬᠥᠭᠵᠢᠯᠲᠡ ᠪᠣᠯᠣᠨ ᠪᠠᠶᠢᠭᠠᠯᠢ ᠶᠢᠨ ᠠᠮᠢ ᠠᠬᠤᠢ ᠣᠷᠴᠢᠨ ᠲᠣᠭᠤᠷᠢᠨ ᠤ ᠡᠶ᠎ᠡ ᠵᠣᠬᠢᠴᠠᠯᠲᠠᠢ ᠪᠠᠷ ᠬᠠᠮᠲᠤ ᠣᠷᠣᠰᠢᠬᠤ ᠶᠢ ᠪᠡᠶᠡᠯᠡᠭᠦᠯᠦᠨ᠎ᠡ᠃ 2022-11-25 09᠄ 33᠄ 38      ᠬᠦᠲᠦᠯᠦᠭᠴᠢ᠄      ᠲᠠ ᠪᠣᠬᠢᠷᠳᠤᠯ ᠦᠭᠡᠢ ᠵᠠᠰᠠᠮᠠᠯ ᠵᠠᠮ ᠨᠢ ᠪᠠᠶᠢᠭᠠᠯᠢ ᠲᠠᠢ ᠡᠶ᠎ᠡ ᠵᠣᠬᠢᠴᠠᠯᠲᠠᠢ ᠪᠠᠷ ᠬᠠᠮᠲᠤ ᠣᠷᠣᠰᠢᠬᠤ ᠬᠡᠷᠡᠭᠲᠡᠢ ᠭᠡᠵᠦ ᠳᠤᠷᠠᠳᠤᠭᠰᠠᠨ ᠶᠤᠮ᠂ ᠲᠡᠭᠡᠪᠡᠯ ᠪᠣᠬᠢᠷᠳᠤᠯ ᠦᠭᠡᠢ ᠵᠠᠰᠠᠮᠠᠯ ᠵᠠᠮ ᠢ ᠬᠡᠷᠡᠭᠵᠢᠭᠦᠯᠬᠦ ᠳᠤ ᠶᠠᠮᠠᠷ ᠶᠠᠮᠠᠷ ᠪᠣᠳᠠᠲᠠᠢ ᠱᠠᠭᠠᠷᠳᠠᠯᠭ᠎ᠠ ᠲᠠᠢ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠤᠤ︖ 2022-11-25 09: 37: 55      ᠡᠷᠬᠢᠮ ᠵᠣᠴᠢᠨ᠄ ᠯᠢ ᠰᠢ      ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠳᠣᠣᠷᠠᠬᠢ ᠮᠡᠲᠦ ᠳᠥᠷᠪᠡᠨ ᠲᠠᠯ᠎ᠠ ᠶᠢᠨ ᠱᠠᠭᠠᠷᠳᠠᠯᠭ᠎ᠠ ᠲᠠᠢ᠄ ᠡᠩ ᠲᠡᠷᠢᠭᠦᠨ ᠳᠤ᠂ ᠨᠣᠭᠤᠭᠠᠨ ᠦᠩᠭᠡ ᠪᠣᠯ ᠪᠠᠶᠢᠭᠠᠯᠢ ᠶᠢᠷᠲᠢᠨᠴᠦ ᠳᠤ ᠦᠷᠭᠦᠯᠵᠢ ᠬᠠᠷᠠᠭᠳᠠᠳᠠᠭ ᠥᠩᠭᠡ ᠪᠤᠳᠤᠭ ᠪᠠᠶᠢᠵᠤ᠂ ᠰᠢᠨ᠎ᠡ ᠰᠣᠷᠭᠤᠭ᠂ ᠲᠠᠭᠠᠯᠠᠮᠵᠢᠲᠠᠢ᠂ ᠠᠮᠢ ᠨᠠᠰᠤ ᠪᠠ ᠡᠷᠬᠡ ᠲᠡᠭᠰᠢ ᠶᠢᠨ ᠠᠭᠤᠯᠭ᠎ᠠ ᠶᠢ ᠲᠥᠯᠥᠭᠡᠯᠡᠵᠦ ᠪᠠᠶᠢᠳᠠᠭ᠃ ᠮᠠᠨ ᠤ ᠬᠡᠯᠡᠵᠦ ᠪᠠᠶᠢᠭ᠎ᠠ ᠪᠣᠬᠢᠷᠳᠤᠯ ᠦᠭᠡᠢ ᠵᠠᠰᠠᠮᠠᠯ ᠵᠠᠮ ᠨᠢ ᠶᠡᠷᠦᠩᠬᠡᠢ  ᠳᠤ ᠪᠠᠨ ᠵᠠᠰᠠᠮᠠᠯ ᠵᠠᠮ ᠢ ᠲᠤᠬᠠᠢ ᠶᠢᠨ ᠭᠠᠵᠠᠷ ᠤᠨ ᠪᠠᠶᠢᠭᠠᠯᠢ ᠶᠢᠨ ᠣᠷᠴᠢᠨ ᠲᠣᠭᠤᠷᠢᠨ ᠳᠤ ᠨᠡᠶᠢᠴᠡᠭᠰᠡᠨ᠂ ᠠᠮᠤᠷ ᠲᠦᠪᠰᠢᠨ᠂ ᠪᠣᠬᠢᠷᠳᠤᠯ ᠦᠭᠡᠢ᠂ ᠪᠠᠶᠢᠭᠠᠯᠢᠯᠢᠭ᠂ ᠦᠵᠡᠰᠬᠦᠯᠡᠩᠲᠦ ᠰᠠᠶᠢᠬᠠᠨ ᠠᠮᠢ ᠠᠬᠤᠢ ᠲᠠᠢ ︽ᠠᠮᠤᠷ ᠲᠦᠪᠰᠢᠨ ᠪᠣᠬᠢᠷᠳᠤᠯ ᠦᠭᠡᠢ ᠰᠠᠶᠢᠬᠠᠨ︾ ᠵᠠᠰᠠᠮᠠᠯ ᠵᠠᠮ ᠪᠣᠯᠭᠠᠨ ᠪᠦᠲᠦᠭᠡᠨ ᠪᠠᠶᠢᠭᠤᠯᠤᠨ᠎ᠠ᠃ ᠬᠤᠶᠠᠳᠤᠭᠠᠷ ᠲᠤ᠂ ᠪᠣᠬᠢᠷᠳᠤᠯ ᠦᠭᠡᠢ ᠵᠠᠰᠠᠮᠠᠯ ᠵᠠᠮ ᠨᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠠᠯᠢ ᠴᠢᠳᠠᠬᠤ ᠪᠠᠷ ᠪᠠᠶᠢᠭᠠᠯᠢ ᠶᠢ ᠬᠠᠮᠠᠭᠠᠯᠠᠵᠤ᠂ ᠡᠬᠢ ᠪᠠᠶᠠᠯᠢᠭ ᠢ ᠠᠷᠪᠢᠯᠠᠨ᠂ ᠤᠳᠤ ᠪᠠᠶᠢᠭ᠎ᠠ ᠡᠬᠢ ᠪᠠᠶᠠᠯᠢᠭ ᠢ ᠪᠦᠲᠦᠮᠵᠢᠲᠡᠶ ᠠᠰᠢᠭᠯᠠᠨ᠎ᠠ᠃ ᠵᠠᠰᠠᠮᠠᠯ ᠵᠠᠮ ᠳᠠᠭᠠᠤ ᠶᠢᠨ ᠭᠠᠵᠠᠷ ᠰᠢᠷᠣᠢ᠂ ᠤᠢ ᠰᠢᠭᠤᠢ᠂ ᠨᠤᠲᠤᠭ ᠪᠡᠯᠴᠢᠭᠡᠷ ᠵᠡᠷᠭᠡ ᠶᠢᠨ ᠡᠬᠢ ᠪᠠᠶᠠᠯᠢᠭ ᠴᠥᠮ ᠲᠤᠶᠢᠯ ᠤᠨ ᠡᠷᠬᠢᠮ ᠨᠠᠨᠳᠢᠨ ᠪᠠᠶᠢᠳᠠᠭ ᠪᠣᠯᠬᠤᠷ ᠪᠦᠷᠢᠯᠭᠡᠨ ᠰᠦᠢᠳᠬᠡᠬᠦ ᠶᠢ ᠵᠥᠪᠰᠢᠶᠡᠷᠡᠬᠦ ᠦᠭᠡᠢ᠃ ᠪᠢᠳᠡ ᠪᠣᠬᠢᠷᠳᠤᠯ ᠦᠭᠡᠢ ᠵᠠᠰᠠᠮᠠᠯ ᠵᠠᠮ ᠤᠨ ᠠᠮᠢ ᠠᠬᠤᠢ ᠶᠢᠨ ᠱᠤᠭᠤᠮ ᠰᠣᠩᠭᠤᠬᠤ ᠵᠠᠷᠴᠢᠮ ᠢ ᠬᠡᠷᠡᠭᠵᠢᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠵᠡᠷᠭᠡ ᠠᠴᠠ ᠵᠠᠶᠢᠯᠠᠵᠤ᠂ ᠦᠨᠳᠦᠰᠦᠨ ᠲᠠᠷᠢᠶᠠᠨ ᠭᠠᠵᠠᠷ ᠢ ᠬᠡᠰᠡᠭᠯᠡᠨ ᠬᠤᠪᠢᠶᠠᠬᠤ ᠠᠴᠠ ᠵᠠᠶᠢᠯᠠᠬᠤ ᠪᠤᠶᠤ ᠪᠠᠭᠠᠰᠬᠠᠵᠤ᠂ ᠶᠡᠭᠡ ᠪᠠᠷ ᠪᠥᠭᠯᠡᠵᠦ ᠶᠡᠭᠡ ᠪᠠᠷ ᠮᠠᠯᠲᠠᠬᠤ ᠠᠴᠠ ᠵᠠᠶᠢᠯᠠᠰᠬᠢᠬᠦ ᠶᠢᠨ ᠬᠠᠮᠲᠤ ᠪᠠᠰᠠ ᠲᠦᠷ ᠴᠠᠭ ᠤᠨ ᠢᠨᠵᠧᠨᠧᠷᠢᠩ ᠢ ᠪᠦᠬᠦ ᠲᠠᠯ᠎ᠠ ᠪᠠᠷ ᠰᠡᠷᠭᠦᠭᠡᠨ ᠬᠠᠭᠠᠯᠪᠤᠷᠢᠯᠠᠬᠤ ᠪᠤᠶᠤ ᠰᠡᠯᠪᠢᠨ ᠵᠠᠰᠠᠬᠤ ᠪᠣᠯ ᠴᠥᠮ ᠪᠠᠶᠢᠭᠠᠯᠢ ᠶᠢ ᠬᠦᠨᠳᠦᠳᠬᠡᠵᠦ᠂ ᠬᠠᠮᠠᠭᠠᠯᠠᠭᠰᠠᠨ ᠤ ᠢᠯᠡᠷᠡᠯ ᠮᠥᠨ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ  ᠳᠤ ᠠᠮᠢ ᠠᠬᠤᠢ ᠣᠷᠴᠢᠨ ᠠᠬᠤᠢ ᠶᠢᠨ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠵᠤ ᠪᠠᠶᠢᠭ᠎ᠠ ᠨᠢ ᠰᠢᠨ᠎ᠡ ᠴᠠᠭ ᠦᠶ᠎ᠡ ᠳᠤ ᠵᠣᠬᠢᠴᠠᠬᠤ ᠶᠢ ᠤᠯᠤᠰ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠤᠭ ᠤᠨ ᠴᠢᠩᠭ᠎ᠠ ᠭᠠᠵᠠᠷ ᠰᠢᠷᠣᠢ ᠶᠢᠨ ᠬᠠᠮᠠᠭᠠᠯᠠᠯᠲᠠ ᠪᠠ ᠣᠷᠴᠢᠨ ᠠᠬᠤᠢ ᠶᠢᠨ ᠬᠠᠮᠠᠭᠠᠯᠠᠯᠲᠠ ᠲᠠᠢ ᠤᠶᠠᠯᠳᠤᠭᠤᠯᠵᠤ ᠪᠠᠶᠢᠭ᠎ᠠ ᠶᠦᠮ᠂ ᠶᠡᠷᠦᠩᠬᠡᠢ ᠱᠦᠵᠢ ᠰᠢ ᠶᠢᠨ ᠫᠢᠩ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠥᠩᠭᠦᠨ ᠠᠭᠤᠯᠠ ᠮᠥᠨ︾᠂ ᠪᠣᠬᠢᠷᠳᠤᠯ ᠦᠭᠡᠢ ᠵᠠᠰᠠᠮᠠᠯ ᠵᠠᠮ ᠪᠣᠯ ᠳᠠᠷᠤᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ︽ᠡᠪᠳᠡᠬᠦ ᠦᠭᠡᠢ ᠪᠣᠯ ᠬᠠᠮᠤᠭ ᠤᠨ ᠶᠡᠭᠡ ᠬᠠᠮᠠᠭᠠᠯᠠᠯᠲᠠ︾ ᠭᠡᠬᠦ ᠵᠠᠷᠴᠢᠮ ᠢ ᠪᠡᠶᠡᠯᠡᠭᠦᠯᠬᠦ ᠶᠢᠨ ᠲᠥᠯᠥᠭᠡ ᠶᠤᠮ ᠭᠡᠵᠦ ᠬᠡᠯᠡᠭᠰᠡᠨ ᠶᠤᠮ᠃ ᠭᠤᠷᠪᠠᠳᠤᠭᠠᠷ ᠲᠤ᠂ ᠪᠣᠬᠢᠷᠳᠤᠯ ᠦᠭᠡᠢ ᠵᠠᠰᠠᠮᠠᠯ ᠵᠠᠮ ᠨᠢ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠥᠪᠡᠷ ᠤᠨ ᠥᠷᠲᠡᠭ ᠤᠨ ᠣᠶᠢᠯᠠᠭᠠᠭᠳᠠᠬᠤᠨ᠂ ᠲᠤᠬᠠᠶᠢᠯᠠᠪᠠᠯ ᠪᠠᠶᠢᠭᠤᠯᠬᠤ᠂ ᠠᠷᠠᠴᠢᠯᠠᠬᠤ᠂ ᠲᠡᠭᠡᠭᠡᠪᠦᠷᠢᠯᠡᠬᠦ ᠪᠥᠬᠦ ᠶᠠᠪᠤᠴᠠ ᠶᠢᠨ ᠥᠪᠡᠷ ᠤᠨ ᠥᠷᠲᠡᠭ ᠤᠨ ᠣᠶᠢᠯᠠᠭᠠᠭᠳᠠᠬᠤᠨ ᠵᠢᠴᠢ ᠡᠷᠬᠢᠨ ᠲᠣᠭᠤᠷᠢᠨ ᠤ ᠣᠷᠣᠨ ᠪᠦᠰᠡ ᠶᠢᠨ ᠣᠷᠴᠢᠨ ᠲᠣᠭᠤᠷᠢᠨ ᠠᠭᠤᠷ ᠠᠮᠢᠰᠬᠤᠯ ᠤᠨ ᠣᠨᠴᠠᠯᠢᠭ ᠯᠤᠭ᠎ᠠ ᠵᠣᠬᠢᠴᠠᠭᠰᠠᠨ ᠥᠪᠡᠷ ᠤᠨ ᠥᠷᠲᠡᠭ ᠤᠨ ᠣᠶᠢᠯᠠᠭᠠᠭᠳᠠᠬᠤᠨ ᠢ ᠲᠣᠭᠤᠰᠢᠯᠠᠭᠤᠯᠵᠤ᠂ ᠪᠦᠲᠦᠴᠡ ᠶᠢᠨ ᠳᠠᠭᠠᠭᠠᠮᠠᠭᠠᠢ ᠴᠢᠨᠠᠷ ᠪᠠ ᠠᠮᠤᠷ ᠲᠦᠪᠰᠢᠨ ᠴᠢᠨᠠᠷ ᠢ ᠪᠠᠲᠤᠯᠠᠬᠤ ᠪᠠᠷ ᠳᠠᠮᠵᠢᠭᠤᠯᠤᠨ᠂ ᠡᠨᠧᠷᠭᠢ ᠶᠢᠨ ᠬᠤᠷᠣᠭᠳᠠᠯ ᠢ ᠪᠠᠭᠠᠰᠬᠠᠵᠤ᠂ ᠢᠨᠵᠧᠨᠧᠷᠢᠩ ᠤᠨ ᠪᠠᠶᠢᠭᠤᠯᠤᠭᠰᠠᠨ ᠦᠨ᠎ᠡ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠪᠠᠭᠤᠷᠠᠭᠤᠯᠬᠤ ᠬᠡᠷᠡᠭᠲᠡᠢ᠃ ᠵᠢᠱᠢᠶᠡᠯᠡᠪᠡᠯ᠂ ᠪᠢᠳᠡ ᠨᠡᠷᠡᠨ ᠤ ᠡᠨᠧᠷᠭᠢ᠂ ᠰᠠᠯᠬᠢᠨ ᠤ ᠡᠨᠧᠷᠭᠢ ᠵᠡᠷᠭᠡ ᠴᠡᠪᠡᠷ ᠡᠨᠧᠷᠭᠢ ᠶᠢ ᠬᠡᠷᠡᠭᠯᠡᠬᠦ ᠶᠢ ᠵᠣᠷᠢᠭᠵᠢᠭᠤᠯᠵᠤ᠂ ᠨᠦᠬᠡᠨ ᠵᠠᠮ ᠤᠨ LED ᠡᠨᠧᠷᠭᠢ ᠠᠷᠪᠢᠯᠠᠬᠤ ᠭᠡᠷᠡᠯᠲᠦᠭᠦᠯᠭᠡ ᠶᠢ ᠬᠡᠷᠡᠭᠵᠢᠭᠦᠯᠵᠦ᠂ ᠶᠡᠭᠡ ᠬᠡᠮᠵᠢᠶᠡᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠠᠰᠢᠭᠯᠠᠬᠤ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠣᠯ ᠴᠥᠮ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ ᠶᠢ ᠨᠠᠶᠢᠳᠠᠪᠤᠷᠢᠵᠢᠭᠤᠯᠬᠤ ᠶᠢᠨ ᠠᠮᠢᠳᠤᠯᠢᠭ ᠢᠯᠡᠷᠡᠯ ᠮᠥᠨ᠃ ᠳᠥᠷᠪᠡᠳᠦᠭᠡᠷ ᠲᠤ᠂ ᠪᠣᠬᠢᠷᠳᠤᠯ ᠦᠭᠡᠢ ᠵᠠᠰᠠᠮᠠᠯ ᠵᠠᠮ ᠤᠨ ᠦᠢᠯᠡᠴᠢᠯᠡᠭᠡᠨ ᠤ ᠶᠠᠰᠤ ᠴᠢᠨᠠᠷ ᠢ ᠪᠠᠰᠠ ᠳᠡᠭᠡᠭᠰᠢᠯᠡᠭᠦᠯᠬᠦ ᠬᠡᠷᠡᠭᠲᠡᠢ᠃ ᠣᠳᠣᠬᠠᠨ ᠤ ᠳᠤᠮᠳᠠᠳᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠪᠣᠯ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠬᠡᠷᠡᠭᠴᠡᠭᠡ ᠪᠣᠯᠣᠨ ᠲᠡᠩᠴᠡᠭᠦᠷᠢ ᠦᠭᠡᠢ ᠬᠥᠭᠵᠢᠯᠲᠡ ᠶᠢᠨ ᠬᠤᠭᠤᠷᠣᠨᠳᠣᠬᠢ ᠵᠥᠷᠢᠴᠡᠯ ᠪᠣᠯᠣᠨ᠎ᠠ᠃ ᠣᠳᠣᠬᠠᠨ ᠳᠤ᠂ ᠬᠥᠮᠥᠰ ᠤᠨ ᠵᠠᠰᠠᠮᠠᠯ ᠵᠠᠮ ᠤᠨ ᠲᠤᠬᠠᠢ ᠱᠠᠭᠠᠷᠳᠠᠯᠭ᠎ᠠ ᠨᠢ ᠵᠥᠪᠬᠡᠨ ᠶᠠᠪᠤᠵᠤ ᠰᠠᠭᠤᠬᠤ ᠴᠢᠳᠠᠪᠬᠢ ᠳᠤ ᠯᠠ ᠬᠢᠵᠠᠭᠠᠷᠯᠠᠭᠳᠠᠬᠤ ᠪᠢᠰᠢ᠂ ᠪᠣᠬᠢᠷᠳᠤᠯ ᠦᠭᠡᠢ ᠵᠠᠰᠠᠮᠠᠯ ᠵᠠᠮ ᠨᠢ ᠪᠠᠰᠠ ᠬᠥᠮᠥᠰ ᠤᠨ ᠵᠢᠭᠤᠯᠴᠢᠯᠠᠯ ᠂ ᠬᠡᠷᠡᠭᠯᠡᠭᠡ᠂ ᠰᠣᠶᠣᠯ ᠵᠡᠷᠭᠡ ᠤᠯᠠᠨ ᠡᠰᠢᠴᠢᠯᠡᠭᠰᠡᠨ ᠬᠡᠷᠡᠭᠴᠡᠭᠡ ᠶᠢ ᠬᠠᠮᠲᠤ ᠳᠤ ᠨᠢ ᠪᠣᠳᠣᠯᠬᠢᠯᠠᠵᠤ᠂ ᠬᠦᠮᠦᠨᠴᠢ ᠵᠢᠷᠤᠭ ᠲᠥᠯᠥᠪᠯᠡᠭᠡ ᠶᠢ ᠪᠡᠶᠡᠯᠡᠭᠦᠯᠵᠦ᠂ ᠥᠷᠭᠡᠨ ᠤᠯᠠᠨ ᠠᠷᠠᠳ ᠲᠦᠮᠡᠨ ᠳᠤ ᠨᠡᠩ ᠤᠯᠠᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠲᠠᠢ ᠪᠣᠯᠭᠠᠬᠤ ᠬᠡᠷᠡᠭᠲᠡᠢ᠃ 2022-11-25 09: 38: 39      ᠬᠥᠲᠥᠯᠥᠭᠴᠢ᠄      ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠠᠮᠠᠷ ᠪᠣᠳᠠᠲᠠᠢ ᠠᠵᠢᠯ ᠤᠳ ᠢ ᠬᠢᠭᠰᠡᠨ ᠪᠣᠶ︖ 2022-11-25 09᠄ 43᠄ 29     ᠡᠷᠬᠢᠮ ᠵᠣᠴᠢᠨ᠄ ᠯᠢ ᠰᠢ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠨᠤᠲᠤᠭ ᠥᠷᠭᠡᠨ ᠠᠭᠤᠳᠠᠮ᠂ ᠵᠡᠭᠦᠨᠰᠢ ᠪᠠᠷᠠᠭᠤᠨᠰᠢ 2400 ᠺᠢᠯᠣᠮᠧᠲᠷ᠂ ᠡᠮᠦᠨᠡᠰᠢ ᠤᠮᠠᠷᠠᠰᠢ 1700 ᠺᠢᠯᠣᠮᠧᠲᠷ᠂ ᠲᠠᠯᠠᠪᠠᠶ ᠨᠢ 118 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠠᠶᠢᠭᠠᠯᠢ᠂ ᠬᠥᠮᠥᠨ ᠰᠣᠶᠣᠯ ᠤᠨ ᠵᠢᠭᠤᠯᠴᠢᠯᠠᠯ ᠤᠨ ᠡᠬᠢ ᠪᠠᠶᠠᠯᠢᠭ ᠡᠯᠪᠡᠭ ᠪᠠᠶᠠᠯᠢᠭ ᠣᠯᠠᠨ ᠶᠠᠩᠵᠤ ᠶᠢᠨ ᠪᠠᠶᠢᠵᠤ᠂ ᠲᠠᠯ᠎ᠠ ᠨᠤᠲᠤᠭ᠂ ᠡᠯᠡᠰᠦ ᠮᠠᠩᠬ᠎ᠠ᠂ ᠨᠠᠭᠤᠷ ᠴᠥᠭᠦᠷᠥᠮ᠂ ᠣᠶ ᠰᠢᠭᠤᠢ᠂ ᠴᠢᠭᠢᠭᠯᠢᠭ ᠭᠠᠵᠠᠷ᠂ ᠠᠭᠤᠯᠠ ᠤᠰᠤ ᠵᠡᠷᠭᠡ ᠪᠠᠶᠢᠭᠠᠯᠢ ᠶᠢᠨ ᠦᠵᠡᠮᠵᠢ ᠲᠠᠢ ᠮᠥᠷᠲᠡᠭᠡᠨ ᠪᠠᠰᠠ ᠳᠡᠯᠡᠬᠡᠢ ᠶᠢᠨ ᠰᠣᠶᠣᠯ ᠤᠨ ᠥᠪ ᠲᠠᠢ ᠪᠠᠶᠢᠵᠤ᠂ ᠲᠣᠰ ᠲᠣᠰ ᠤᠨ ᠣᠨᠴᠠᠯᠢᠭ ᠲᠠᠢ ᠪᠠᠶᠢᠳᠠᠭ᠃ ᠥᠪᠥᠷ ᠮᠣᠩᠭᠤᠯ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ ᠨᠡᠯᠢᠶᠡᠳ ᠶᠡᠭᠡ᠂ ᠵᠠᠮ ᠱᠤᠭᠤᠮ ᠨᠢ ᠣᠷᠳᠣ ᠪᠣᠯᠪᠠᠴᠤ ᠵᠡᠭᠦᠨ ᠪᠠᠷᠠᠭᠤᠨ ᠭᠠᠵᠠᠷ ᠤᠨ ᠪᠠᠶᠢᠴᠠ ᠭᠠᠵᠠᠷ ᠰᠢᠨᠵᠢᠯᠡᠭᠡᠨ ᠤ ᠵᠥᠷᠢᠶ᠎ᠡ ᠨᠢ ᠨᠡᠯᠢᠶᠡᠳ ᠶᠡᠭᠡ᠂ ᠪᠡᠯᠡ ᠣᠷᠣᠭᠤᠯᠤᠯᠲᠠ ᠶᠢᠨ ᠬᠡᠪᠴᠢᠶ᠎ᠡ ᠶᠢᠨ ᠶᠡᠭᠡ ᠪᠠᠭ᠎ᠠ ᠨᠢ ᠲᠡᠭᠰᠢ ᠪᠤᠰᠤ ᠵᠡᠷᠭᠡ ᠣᠨᠴᠠᠯᠢᠭ ᠲᠠᠢ ᠪᠣᠯᠬᠤᠷ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠪᠠᠶᠢᠭᠠᠯᠢ ᠶᠢ ᠬᠦᠨᠳᠦᠳᠬᠡᠵᠦ᠂ ᠲᠥᠷᠥᠯ ᠵᠦᠢᠯ ᠤᠨ ᠣᠷᠣᠨ ᠪᠦᠰᠡ᠂ ᠵᠠᠮ ᠬᠠᠷᠢᠯᠴᠠᠭᠠᠨ ᠤ ᠬᠡᠮᠵᠢᠶ᠎ᠡ ᠵᠡᠷᠭᠡ ᠣᠨᠴᠠᠯᠢᠭ ᠢ ᠪᠣᠳᠣᠯᠬᠢᠯᠠᠨ᠂ ᠲᠣᠬᠢᠷᠠᠮᠵᠢᠲᠠᠢ ᠪᠦᠲᠦᠭᠡᠨ ᠪᠠᠶᠢᠭᠤᠯᠤᠯᠲᠠ ᠶᠢᠨ ᠲᠥᠰᠥᠯ ᠢ ᠳᠤᠷᠠᠳᠤᠨ ᠭᠠᠷᠭᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠲᠡᠢ᠃ ᠡᠨᠡ ᠵᠢᠯ ᠤᠨ ᠲᠤᠷᠰᠢ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ ᠨᠢᠭᠡ ᠳᠤ᠂ ᠵᠢᠷᠤᠭ ᠲᠥᠯᠥᠪᠯᠡᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠪᠠ᠃ ᠵᠢᠷᠤᠭ ᠲᠥᠯᠥᠪᠯᠡᠭᠡ ᠶᠢᠨ ᠲᠠᠯ᠎ᠠ ᠪᠠᠷ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠣᠭᠤᠰᠢᠯᠠᠭᠤᠯᠪᠠ᠃ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠱᠠᠲᠤᠨ  ᠳᠤ᠂ ᠲᠥᠷᠥᠯ ᠵᠦᠢᠯ ᠤᠨ ᠣᠨᠴᠠᠯᠢᠭ ᠪᠠ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠠᠮᠤᠷ ᠲᠦᠪᠰᠢᠨ᠂ ᠭᠠᠵᠠᠷ ᠠᠷᠪᠢᠯᠠᠬᠤ᠂ ᠡᠨᠧᠷᠭᠢ ᠠᠷᠪᠢᠯᠠᠬᠤ᠂ ᠠᠮᠢ ᠠᠬᠤᠢ᠂ ᠣᠷᠴᠢᠨ ᠠᠬᠤᠢ ᠶᠢᠨ ᠬᠠᠮᠠᠭᠠᠯᠠᠯᠲᠠ᠂ ᠦᠵᠡᠮᠵᠢ᠂ ᠦᠢᠯᠡᠴᠢᠯᠡᠭᠡ ᠵᠡᠷᠭᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠶᠠᠭᠳᠠᠮᠠᠯ ᠬᠠᠭᠤᠴᠢᠨ ᠮᠠᠲ᠋ᠧᠷᠢᠶᠠᠯ ᠪᠠ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠢᠳᠡᠪᠬᠢᠲᠡᠢ ᠬᠡᠷᠡᠭᠯᠡᠵᠦ᠂ ᠡᠨᠧᠷᠭᠢ ᠠᠷᠪᠢᠯᠠᠬᠤ ᠮᠡᠷᠭᠡᠵᠢᠯ ᠪᠠ ᠴᠡᠪᠡᠷ ᠡᠨᠧᠷᠭᠢ ᠶᠢᠨ ᠰᠤᠷᠪᠤᠯᠵᠢ ᠶᠢ ᠳᠡᠯᠭᠡᠷᠡᠭᠦᠯᠦᠨ᠂ ᠵᠢᠷᠤᠭ ᠲᠥᠯᠥᠪᠯᠡᠭᠡ ᠶᠢᠨ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠪᠦᠲᠦᠴᠡ ᠶᠢᠨ ᠢᠨᠵᠧᠨᠧᠷᠢᠩ ᠢ ᠠᠵᠤ ᠦᠢᠯᠡᠳᠪᠦᠷᠢᠵᠢᠭᠦᠯᠦᠨ ᠪᠠᠶᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ᠃ ᠬᠤᠶᠠᠷ ᠲᠤ᠂ ᠨᠠᠷᠢᠯᠢᠭᠵᠢᠭᠤᠯᠤᠭᠰᠠᠨ ᠪᠠᠷᠢᠯᠭ᠎ᠠ ᠶᠢᠨ ᠠᠵᠢᠯ ᠢ ᠴᠢᠩᠭᠠᠳᠬᠠᠪᠠ᠃ ᠪᠠᠷᠢᠯᠭ᠎ᠠ ᠪᠠᠷᠢᠬᠤ ᠱᠠᠲᠤ ᠦᠶ᠎ᠡ ᠪᠣᠯ ᠪᠣᠬᠢᠷᠳᠤᠯ ᠦᠭᠡᠢ ᠵᠠᠰᠠᠮᠠᠯ ᠵᠠᠮ ᠢ ᠨᠠᠶᠢᠳᠠᠪᠤᠷᠢᠵᠢᠭᠤᠯᠬᠤ ᠶᠢᠨ ᠵᠠᠩᠭᠢᠯᠠᠭ᠎ᠠ ᠶᠢᠨ ᠱᠠᠲᠤ ᠦᠶ᠎ᠡ ᠪᠣᠯᠣᠨ᠎ᠠ᠂ ᠪᠠᠷᠢᠯᠭ᠎ᠠ ᠡᠬᠢᠯᠡᠭᠦᠯᠬᠦ ᠠᠴᠠ ᠡᠮᠦᠨ᠎ᠡ ᠪᠣᠬᠢᠷᠳᠤᠯ ᠦᠭᠡᠢ ᠵᠠᠰᠠᠮᠠᠯ ᠵᠠᠮ ᠤᠨ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠵᠤ᠂ ᠪᠠᠷᠢᠯᠭ᠎ᠠ ᠪᠠᠷᠢᠬᠤ ᠶᠠᠪᠤᠴᠠ ᠳᠤ ᠬᠥᠳᠡᠯᠦᠩᠭᠦᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠪᠣᠬᠢᠷᠳᠤᠯ ᠦᠭᠡᠢ ᠵᠠᠰᠠᠮᠠᠯ ᠵᠠᠮ ᠤᠨ ᠬᠡᠷᠡᠭᠵᠢᠭᠦᠯᠵᠦ ᠪᠠᠶᠢᠭ᠎ᠠ ᠠᠬᠢᠴᠠ ᠵᠢᠴᠢ ᠶᠠᠰᠤ ᠴᠢᠨᠠᠷ ᠤᠨ ᠡᠵᠡᠮᠳᠡᠯ ᠤᠨ ᠪᠠᠶᠢᠳᠠᠯ ᠢ ᠴᠠᠭ ᠢᠮᠠᠭᠲᠠ ᠡᠵᠡᠮᠰᠢᠵᠦ᠂ ᠶᠠᠪᠤᠴᠠ ᠶᠢᠨ ᠡᠵᠡᠮᠳᠡᠯ ᠢ ᠴᠢᠩᠭᠠᠳᠬᠠᠨ᠂ ᠪᠦᠲᠦᠭᠡᠨ ᠪᠠᠶᠢᠭᠤᠯᠬᠤ ᠠᠭᠤᠯᠭ᠎ᠠ ᠶᠢ ᠴᠠᠭ ᠲᠤ ᠨᠢ ᠲᠣᠬᠢᠷᠠᠭᠤᠯᠤᠨ ᠰᠢᠯᠢᠳᠡᠭᠵᠢᠭᠦᠯᠦᠨ ᠲᠣᠬᠢᠷᠠᠭᠤᠯᠵᠤ᠂ ᠪᠣᠬᠢᠷᠳᠤᠯ ᠦᠭᠡᠢ ᠵᠠᠰᠠᠮᠠᠯ ᠵᠠᠮ ᠤᠨ ᠪᠠᠷᠢᠮᠵᠢᠶ᠎ᠠ ᠶᠢ ᠨᠠᠷᠢᠯᠢᠭ ᠨᠠᠶᠢᠳᠠᠪᠤᠷᠢᠵᠢᠭᠤᠯᠪᠠ᠃ ᠪᠠᠷᠢᠯᠭ᠎ᠠ ᠶᠢᠨ ᠠᠵᠢᠯ ᠤᠨ ᠪᠠᠷᠢᠮᠵᠢᠶᠠᠵᠢᠭᠤᠯᠤᠯᠲᠠ ᠶᠢ ᠬᠡᠷᠡᠭᠵᠢᠭᠦᠯᠵᠦ᠂ ᠪᠠᠷᠢᠯᠭ᠎ᠠ ᠶᠢᠨ ᠲᠠᠯᠠᠪᠤᠷ ᠭᠠᠵᠠᠷ᠂ ᠤᠷᠠᠨ ᠳᠠᠷᠬ᠎ᠠ᠂ ᠬᠠᠮᠢᠶᠠᠷᠤᠯᠲᠠ ᠵᠡᠷᠭᠡ ᠶᠢᠨ ᠪᠠᠷᠢᠮᠵᠢᠶᠠᠵᠢᠭᠤᠯᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠪᠠᠷᠢᠮᠵᠢᠶᠠᠵᠢᠭᠤᠯᠤᠯᠲᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠣᠯᠠᠨ ᠳᠠᠭᠠᠭᠠᠴᠢᠯᠠᠯᠲᠠ ᠤᠨ ᠬᠡᠰᠡᠭ ᠂ ᠲᠥᠷᠥᠯ ᠵᠦᠢᠯ ᠨᠢ ᠬᠤᠯᠢᠵᠤ ᠨᠡᠶᠢᠯᠡᠭᠦᠯᠬᠦ ᠥᠷᠲᠡᠭᠡ ᠶᠢ ᠲᠥᠪᠯᠡᠷᠡᠭᠦᠯᠦᠨ ᠪᠦᠲᠦᠭᠡᠨ ᠪᠠᠶᠢᠭᠤᠯᠬᠤ ᠪᠤᠶᠤ ᠲᠥᠪᠯᠡᠷᠡᠭᠦᠯᠦᠨ ᠤᠷᠢᠳᠴᠢᠯᠠᠨ ᠦᠶᠯᠡᠳᠬᠦ᠂ ᠲᠣᠬᠢᠷᠠᠭᠤᠯᠤᠨ ᠬᠦᠷᠭᠡᠬᠦ ᠵᠡᠷᠭᠡ ᠶᠢ ᠬᠠᠶᠢᠨ ᠰᠦᠪᠡᠭᠴᠢᠯᠡᠪᠡ᠃ ᠪᠠᠷᠢᠯᠭ᠎ᠠ ᠪᠠᠷᠢᠬᠤ ᠶᠠᠪᠤᠴᠠ ᠳᠤ ᠪᠣᠬᠢᠷᠳᠤᠯ ᠤᠨ ᠡᠬᠢ ᠰᠤᠷᠪᠤᠯᠵᠢ ᠶᠢ ᠵᠠᠰᠠᠬᠤ ᠶᠢ ᠴᠢᠩᠭᠠᠳᠬᠠᠵᠤ᠂ ᠦᠢᠯᠡᠳᠪᠦᠷᠢᠯᠡᠯ ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠭᠰᠡᠨ ᠤ ᠲᠠᠷᠠᠭ᠎ᠠ ᠭᠠᠳᠠᠭᠰᠢᠯᠠᠭᠤᠯᠵᠤ ᠂ ᠪᠠᠷᠢᠯᠭ᠎ᠠ ᠪᠠᠷᠢᠬᠤ ᠶᠠᠪᠤᠴᠠ ᠳᠤ ᠪᠠᠷᠢᠯᠭ᠎ᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠪᠠ᠃ ᠭᠤᠷᠪᠠ ᠳᠤ᠂ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠪᠠ᠃ ᠵᠠᠰᠠᠮᠠᠯ ᠵᠠᠮ ᠤᠨ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠦᠨᠡᠯᠡᠬᠦ ᠪᠥᠬᠦ ᠶᠠᠪᠤᠴᠠ ᠳᠤ ᠪᠣᠬᠢᠷᠳᠤᠯ ᠦᠭᠡᠢ ᠣᠶᠢᠯᠠᠭᠠᠭᠳᠠᠬᠤᠨ ᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠭᠦᠨᠵᠡᠭᠡᠢ ᠲᠦᠯᠬᠢᠨ ᠠᠬᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠪᠠᠶᠢᠭᠠᠯᠢ ᠶᠢᠨ ᠭᠠᠵᠠᠷ ᠵᠦᠢ ᠶᠢᠨ ᠨᠥᠬᠦᠴᠡᠯ ᠲᠠᠢ ᠤᠶᠠᠯᠳᠤᠭᠤᠯᠤᠨ᠂ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠮᠡᠷᠭᠡᠵᠢᠯ ᠪᠠ ᠮᠡᠷᠭᠡᠵᠢᠯ ᠤᠨ ᠪᠣᠭᠤᠮᠢ ᠳᠤ ᠴᠢᠭᠯᠡᠭᠦᠯᠦᠨ᠂ ᠰᠤᠳᠤᠯᠤᠨ ᠨᠡᠭᠡᠭᠡᠬᠦ ᠠᠵᠢᠯ ᠢ ᠥᠷᠨᠢᠭᠦᠯᠵᠦ᠂ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠮᠡᠷᠭᠡᠵᠢᠯ ᠤᠨ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠪᠠ᠃ ᠣᠶᠢᠷ᠎ᠠ ᠶᠢᠨ ᠵᠢᠯ ᠤᠳ ᠲᠤ ︽ᠥᠪᠥᠷ ᠮᠣᠩᠭᠤᠯ ᠣᠷᠣᠨ ᠤ ᠪᠣᠯᠣᠳ ᠤᠨ ᠰᠢᠭᠠᠷᠤ ᠶᠢᠨ ᠪᠦᠷᠢᠨ ᠨᠠᠶᠢᠷᠠᠯᠭ᠎ᠠ ᠶᠢ ᠡᠬᠢ ᠪᠠᠶᠠᠯᠢᠭᠵᠢᠭᠤᠯᠤᠨ ᠢᠵᠢ ᠪᠦᠷᠢᠳᠦᠭᠦᠯᠬᠦ ᠮᠡᠷᠭᠡᠵᠢᠯ ᠬᠢᠭᠡᠳ ᠬᠡᠷᠡᠭᠯᠡᠭᠡᠨ ᠤ ᠰᠤᠳᠤᠯᠤᠯ︾᠂ ︽ᠵᠠᠰᠠᠮᠠᠯ ᠵᠠᠮ ᠤᠨ ᠢᠨᠵᠧᠨᠧᠷᠢᠩ ᠳᠠᠬᠢ ᠨᠡᠭᠦᠷᠡᠰᠦᠨ ᠴᠢᠯᠠᠭᠤ ᠶᠢᠨ ᠬᠡᠷᠡᠭᠯᠡᠭᠡᠨ ᠤ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠯ︾ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠤᠨ ᠰᠤᠳᠤᠯᠭᠠᠨ ᠢ ᠥᠷᠨᠢᠭᠦᠯᠵᠦ᠂ ︽ᠵᠠᠰᠠᠮᠠᠯ ᠵᠠᠮ ᠤᠨ ᠱᠦᠢᠨᠢ ᠶᠢᠨ ᠲᠣᠭᠲᠠᠪᠤᠷᠢᠵᠢᠭᠤᠯᠤᠭᠰᠠᠨ ᠪᠣᠯᠣᠳ ᠰᠢᠭᠠᠷᠤ ᠶᠢᠨ ᠬᠤᠯᠢᠮᠠᠭ ᠮᠠᠲ᠋ᠧᠷᠢᠶᠠᠯ ᠤᠨ ᠵᠢᠷᠤᠭ ᠲᠥᠯᠥᠪᠯᠡᠭᠡ ᠬᠢᠭᠡᠳ ᠪᠠᠷᠢᠯᠭ᠎ᠠ ᠶᠢᠨ ᠮᠡᠷᠭᠡᠵᠢᠯ ᠤᠨ ᠵᠢᠷᠤᠮᠵᠢᠯ︾᠂ ︽ᠴᠠᠬᠢᠭᠤᠷ ᠺᠠᠯᠼ ᠤᠨ ᠰᠢᠭᠠᠷᠤ ᠶᠢᠨ ᠨᠤᠨᠳᠠᠭ ᠨᠡᠭᠦᠷᠡᠰᠦᠨ ᠤ ᠦᠨᠡᠰᠦ ᠶᠢ ᠲᠣᠭᠲᠠᠪᠤᠷᠢᠵᠢᠭᠤᠯᠬᠤ ᠮᠠᠲ᠋ᠧᠷᠢᠶᠠᠯ ᠤᠨ ᠵᠠᠮ ᠳᠠᠬᠢ ᠦᠨᠳᠦᠰᠦᠨ ᠱᠠᠲᠤᠨ ᠤ ᠬᠡᠷᠡᠭᠯᠡᠭᠡᠨ ᠤ ᠵᠢᠷᠤᠮᠵᠢᠯ︾ ᠵᠡᠷᠭᠡ ᠣᠷᠣᠨ ᠨᠤᠲᠤᠭ ᠤᠨ ᠪᠠᠷᠢᠮᠵᠢᠶ᠎ᠠ ᠶᠢ ᠨᠠᠶᠢᠷᠠᠭᠤᠯᠤᠨ ᠲᠣᠭᠲᠠᠭᠠᠵᠤ᠂ ᠣᠳᠣᠬᠠᠨ ᠳᠤ ᠶᠠᠭ ︽ᠪᠣᠬᠢᠷᠳᠤᠯ ᠦᠭᠡᠢ ᠵᠠᠰᠠᠮᠠᠯ ᠵᠠᠮ ᠤᠨ ᠦᠨᠡᠯᠡᠯᠲᠡ ᠶᠢᠨ ᠵᠢᠷᠤᠮᠵᠢᠯ︾ ︽ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠨᠡᠶᠢᠳᠡᠮ ᠬᠡᠷᠡᠭᠯᠡᠬᠦ ᠮᠡᠷᠭᠡᠵᠢᠯ ᠤᠨ ᠵᠦᠭᠯᠡᠭᠦᠷ︾ ᠭᠡᠬᠦ 2 ᠣᠷᠣᠨ ᠨᠤᠲᠤᠭ ᠤᠨ ᠪᠠᠷᠢᠮᠵᠢᠶ᠎ᠠ ᠶᠢ ᠲᠤᠭᠤᠷᠪᠢᠵᠤ᠂ 2023 ᠣᠨ ᠳᠤ ᠨᠡᠶᠢᠲᠡᠯᠡᠬᠦ ᠪᠠᠷ ᠲᠥᠯᠥᠪᠯᠡᠵᠦ ᠪᠣᠶ ᠃ ᠳᠡᠭᠡᠷᠡᠬᠢ ᠮᠡᠷᠭᠡᠵᠢᠯ ᠤᠨ ᠰᠤᠳᠤᠯᠤᠨ ᠨᠡᠭᠡᠭᠡᠬᠦ ᠠᠵᠢᠯ ᠨᠢ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ᠂ ᠵᠠᠰᠠᠮᠠᠯ ᠵᠠᠮ ᠤᠨ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠲᠦᠯᠬᠢᠨ ᠠᠬᠢᠭᠤᠯᠪᠠ᠃ ᠳᠥᠷᠪᠡ ᠳᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠶᠢ ᠴᠢᠩᠭᠠᠳᠬᠠᠪᠠ᠃ 2016 ᠣᠨ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ  ᠠᠴᠠ ︽ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠵᠢᠯᠤᠭᠤᠳᠬᠤ ᠰᠠᠨᠠᠯ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠢᠳᠡᠪᠬᠢᠲᠡᠢ ᠵᠣᠬᠢᠶᠠᠨ ᠪᠠᠶᠢᠭᠤᠯᠵᠤ ᠡᠬᠢᠯᠡᠭᠦᠯᠪᠡ᠃ ᠭᠤᠶᠤᠴᠢᠯᠠᠨ ᠮᠡᠳᠡᠭᠦᠯᠬᠦ ᠪᠠᠷ ᠢᠳᠡᠪᠬᠢᠲᠡᠢ ᠴᠢᠷᠮᠠᠶᠢᠬᠤ ᠪᠠᠷ ᠳᠡᠮᠵᠢᠨ᠂ G1611 ᠳ᠋ᠨᠨᠳᠦ᠋ᠩ ᠠᠴᠠ ᠰᠢᠯᠢᠩᠬᠤᠲᠠ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠡᠰᠢᠭᠲᠡᠨ ᠠᠴᠠ ᠴᠧᠩᠳᠧ ᠬᠦᠷᠬᠦ ᠬᠠᠷᠢᠯᠴᠠᠭᠠᠨ ᠤ ᠱᠤᠭᠤᠮ ᠤᠨ ᠬᠡᠰᠢᠭᠲᠡᠨ ︵ᠪᠢᠷᠠᠭᠤ︶ ᠠᠴᠠ ᠤᠯᠠᠭᠠᠨᠪᠤᠲᠤᠩ ︵ᠥᠪᠥᠷ ᠮᠣᠩᠭᠤᠯ ᠾᠧᠪᠧᠢ ᠶᠢᠨ ᠵᠠᠭᠠᠭ︶ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠢ ᠶᠠᠮᠤᠨ ᠤ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠳᠤ ᠵᠢᠭᠰᠠᠭᠠᠨ ᠣᠷᠤᠭᠤᠯᠪᠠ᠃ ᠡᠭᠦᠨ ᠤ ᠬᠠᠮᠲᠤ ᠲᠥᠷᠥᠯ ᠵᠦᠢᠯ ᠤᠨ ᠣᠨᠴᠠᠯᠢᠭ ᠲᠠᠢ ᠤᠶᠠᠯᠳᠤᠭᠤᠯᠤᠨ᠂ ᠮᠠᠨ ᠤ ᠲᠢᠩᠬᠢᠮ ᠠᠴᠠ ᠲᠤᠬᠠᠢ ᠶᠢᠨ ᠦᠶ᠎ᠡ ᠳᠤ ᠶᠠᠭ ᠪᠦᠲᠦᠭᠡᠨ ᠪᠠᠶᠢᠭᠤᠯᠵᠤ ᠪᠠᠶᠢᠭᠰᠠᠨ G5516 ᠰᠦᠨᠢᠳ ᠪᠠᠷᠠᠭᠤᠨ ᠬᠤᠰᠢᠭᠤ ᠠᠴᠠ ᠵᠠᠩ ᠵᠢᠶᠠ ᠺᠧᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠥᠨᠢᠳ ᠪᠠᠷᠠᠭᠤᠨ ᠬᠤᠰᠢᠭᠤ ᠠᠴᠠ ᠬᠤᠸᠠᠳᠧ ᠬᠦᠷᠬᠦ ︵ᠥᠪᠥᠷ ᠮᠣᠩᠭᠤᠯ ᠾᠧᠪᠧᠢ ᠶᠢᠨ ᠵᠠᠭᠠᠭ︶ ᠳᠡᠭᠡᠳᠦ ᠬᠤᠷᠳᠤ ᠶᠢᠨ ᠵᠠᠰᠠᠮᠠᠯ ᠵᠠᠮ᠂ G10 ᠰᠤᠹᠸᠡ ᠭᠤᠤᠯ ᠠᠴᠠ ᠮᠠᠨᠵᠤᠤᠷ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠠᠶᠢᠯᠠᠷ ᠠᠴᠠ ᠮᠠᠨᠵᠤᠤᠷ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠭᠡᠬᠦ ᠬᠤᠶᠠᠷ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠪᠣᠯᠭᠠᠵᠤ᠂ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠵᠤ᠂ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠪᠠᠷ ᠲᠣᠭᠲᠠᠭᠠᠪᠠ᠃ ᠡᠭᠦᠨ ᠳᠤ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠵᠠᠰᠠᠮᠠᠯ ᠵᠠᠮ ᠤᠨ ᠵᠢᠱᠢᠶ᠎ᠡ ᠦᠵᠡᠭᠦᠯᠬᠦ ᠢᠨᠵᠧᠨᠧᠷᠢᠩ ᠤᠨ G5516 ᠰᠥᠨᠢᠳ ᠪᠠᠷᠠᠭᠤᠨ ᠬᠤᠰᠢᠭᠤ ᠠᠴᠠ ᠬᠤᠸᠠᠳᠧ ᠬᠦᠷᠬᠦ ︵ᠥᠪᠥᠷ ᠮᠣᠩᠭᠤᠯ ᠾᠧᠪᠧᠢ ᠶᠢᠨ ᠵᠠᠭᠠᠭ︶᠂ G10 ᠰᠤᠹᠸᠡ ᠭᠤᠤᠯ ᠠᠴᠠ ᠮᠠᠨᠵᠤᠤᠷ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠠᠶᠢᠯᠠᠷ ᠠᠴᠠ ᠮᠠᠨᠵᠤᠤᠷ ᠬᠦᠷᠬᠦ ︵ᠭᠤᠣᠯ ᠱᠤᠭᠤᠮ︶ ᠵᠢᠱᠢᠶ᠎ᠡ ᠦᠵᠡᠭᠦᠯᠬᠦ ᠢᠨᠵᠧᠨᠧᠷᠢᠩ ᠨᠢ ᠨᠢᠭᠡᠨᠲᠡ ᠠᠵᠢᠯ ᠢᠶᠠᠨ ᠳᠠᠭᠤᠰᠬᠠᠵᠤ᠂ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠢᠱᠢᠭᠰᠡᠨ ᠦᠷ᠎ᠡ ᠪᠦᠲᠦᠮᠵᠢ ᠶᠢ ᠣᠯᠪᠠ︔ ᠶᠠᠮᠤᠨ ᠤ ᠵᠢᠱᠢᠶ᠎ᠡ ᠦᠵᠡᠭᠦᠯᠬᠦ ᠢᠨᠵᠧᠨᠧᠷᠢᠩ ᠤᠨ G1611 ᠳ᠋ᠨᠨᠳᠦ᠋ᠩ ᠠᠴᠠ ᠰᠢᠯᠢᠩᠬᠤᠲᠠ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠡᠰᠢᠭᠲᠡᠨ ︵ᠪᠢᠷᠠᠭᠤ︶ ᠠᠴᠠ ᠤᠯᠠᠭᠠᠨᠪᠤᠲᠤᠩ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠨᠢ ᠢᠷᠡᠬᠦ ᠵᠢᠯ ᠳᠤ ᠠᠵᠢᠯ ᠢᠶᠠᠨ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠂ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠲᠥᠰᠥᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ ᠪᠠᠶᠢᠨ᠎ᠠ ᠃ ᠪᠣᠬᠢᠷᠳᠤᠯ ᠦᠭᠡᠢ ᠵᠠᠰᠠᠮᠠᠯ ᠵᠠᠮ ᠤᠨ ᠵᠢᠱᠢᠶ᠎ᠡ ᠦᠵᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠨᠢ ᠮᠠᠨ  ᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠬᠤ ᠶᠢ ᠲᠦᠯᠬᠢᠨ ᠠᠬᠢᠭᠤᠯᠬᠤ᠂ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠤᠭᠳᠠᠬᠤᠨ ᠢ ᠲᠣᠭᠤᠰᠢᠯᠠᠭᠤᠯᠬᠤ᠂ ᠵᠠᠰᠠᠮᠠᠯ ᠵᠠᠮ ᠤᠨ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠳᠤ ᠣᠷᠣᠨ ᠪᠦᠰᠡ ᠶᠢᠨ ᠣᠨᠴᠠᠯᠢᠭᠲᠤ ᠢᠨᠵᠧᠨᠧᠷᠢᠩ ᠤᠨ ᠦᠢᠯᠡᠳᠦᠯᠭᠡ ᠶᠢᠨ ᠲᠤᠷᠰᠢᠯᠭ᠎ᠠ ᠶᠢ ᠬᠤᠷᠠᠮᠳᠤᠭᠤᠯᠪᠠ᠃ 2022-11-25 09᠄ 44᠄ 47      ᠬᠥᠲᠥᠯᠥᠭᠴᠢ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠰᠤᠷᠪᠤᠯᠵᠢ ᠡᠯᠪᠡᠭ ᠪᠠᠶᠢᠵᠤ᠂ ᠪᠥᠬᠦ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠡᠬᠢ ᠪᠠᠶᠠᠯᠢᠭ ᠢ ᠭᠠᠷᠭᠠᠬᠤ ᠰᠠᠭᠤᠷᠢᠨ ᠭᠠᠵᠠᠷ ᠪᠣᠯᠣᠨ᠎ᠠ᠂ ᠡᠬᠢ ᠪᠠᠶᠠᠯᠢᠭ ᠡᠨᠧᠷᠭᠢ ᠶᠢᠨ ᠰᠤᠷᠪᠤᠯᠵᠢ ᠶᠢ ᠭᠠᠷᠭᠠᠬᠤ ᠶᠢᠨ ᠵᠡᠷᠭᠡ ᠳᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠭᠡ ᠬᠡᠮᠵᠢᠶ᠎ᠡ ᠪᠠᠷ ᠪᠣᠶ ᠪᠣᠯᠭᠠᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠪᠣᠯ ᠪᠣᠬᠢᠷᠳᠤᠯ ᠦᠭᠡᠢ ᠬᠥᠭᠵᠢᠯᠲᠡ ᠶᠢᠨ ᠴᠢᠬᠤᠯᠠ ᠠᠭᠤᠯᠭ᠎ᠠ ᠮᠥᠨ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ 2022-11-25 09: 59: 36      ᠡᠷᠬᠢᠮ ᠵᠣᠴᠢᠨ᠄ ᠯᠢ ᠰᠢ      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ︽ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠣᠬᠢᠷᠳᠤᠯ ᠦᠭᠡᠢ ᠪᠣᠯᠭᠠᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ ᠲᠦᠯᠬᠢᠨ ᠠᠬᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ᠃︾  ︽ᠪᠥᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠡᠯ᠎ᠡ ᠲᠥᠷᠥᠯ ᠤᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ ᠬᠠᠶᠠᠭᠳᠠᠮᠠᠯ  ᠪᠣᠳᠠᠰ ᠢ ᠡᠷᠭᠢᠯᠳᠦᠭᠦᠯᠦᠨ ᠠᠰᠢᠭᠯᠠᠬᠤ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃︾ ︽ᠡᠨᠧᠷᠭᠢ ᠶᠢᠨ ᠰᠤᠷᠪᠤᠯᠵᠢ ᠶᠢ ᠠᠷᠢᠭᠤᠨ ᠴᠡᠪᠡᠷ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠲᠦᠯᠬᠢᠨ ᠠᠬᠢᠭᠤᠯᠵᠤ᠂ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠡᠪᠡᠷ ᠬᠡᠯᠪᠡᠷᠢ ᠶᠢᠨ ᠬᠤᠪᠢᠷᠠᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ︾ ᠭᠡᠵᠦ ᠳᠤᠷᠠᠳᠤᠨ ᠭᠠᠷᠭᠠᠵᠠᠢ᠃ ᠶᠡᠭᠡ ᠬᠡᠮᠵᠢᠶᠡᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠠᠰᠢᠭᠯᠠᠬᠤ ᠶᠢ ᠠᠬᠢᠭᠤᠯᠬᠤ ᠪᠣᠯ ᠶᠠᠭ ᠰᠢ  ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ  ᠤᠨ ᠪᠤᠲᠠᠲᠠᠢ ᠠᠷᠭ᠎ᠠ ᠪᠠᠷᠢᠯ ᠢᠶᠠᠷ ᠡᠷᠡᠰ ᠭᠤᠶᠢᠪᠢᠰᠢ ᠦᠭᠡᠢ ᠵᠠᠮᠨᠠᠬᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠪᠡᠶᠡᠯᠡᠭᠦᠯᠬᠦ ᠠᠮᠢᠳᠤᠯᠢᠭ ᠦᠢᠯᠡᠳᠦᠯᠭᠡ ᠶᠢ ᠪᠡᠶᠡᠯᠡᠭᠦᠯᠬᠦ ᠶᠠᠪᠤᠳᠠᠯ ᠪᠣᠯᠣᠨ᠎ᠠ᠃ ᠪᠦᠷᠢᠳᠬᠡᠯ ᠢᠶᠠᠷ᠂ 2021 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ 43650.41 ᠲᠦᠮᠡᠨ ᠲᠣᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠭᠠᠷᠴᠤ᠂ ᠵᠢᠯ ᠤᠨ ᠠᠰᠢᠭᠯᠠᠯᠲᠠ ᠶᠢᠨ ᠬᠡᠮᠵᠢᠶ᠎ᠡ ᠨᠢ 16347.03 ᠲᠦᠮᠡᠨ ᠲᠣᠨ ᠪᠠᠶᠢᠵᠤ᠂ ᠵᠢᠯ ᠤᠨ ᠠᠰᠢᠭᠯᠠᠯᠲᠠ ᠶᠢᠨ ᠨᠣᠷᠮ᠎ᠠ ᠨᠢ 37.45% ᠪᠠᠶᠢᠵᠤ᠂ ᠵᠢᠯ ᠤᠨ ᠰᠢᠢᠳᠪᠦᠷᠢᠯᠡᠭᠰᠡᠨ ᠬᠡᠮᠵᠢᠶ᠎ᠡ ᠨᠢ 17966.61 ᠲᠦᠮᠡᠨ ᠲᠣᠨ ᠪᠠᠶᠢᠵᠤ᠂ ᠨᠡᠶᠢᠲᠡ ᠬᠠᠳᠠᠭᠠᠯᠠᠯᠲᠠ ᠶᠢᠨ ᠬᠡᠮᠵᠢᠶ᠎ᠡ ᠨᠢ 46650.6 ᠲᠦᠮᠡᠨ ᠲᠣᠨ ᠪᠠᠶᠢᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠨᠢ ᠮᠥᠨ ᠬᠦ ᠮᠠᠰᠢ ᠶᠡᠭᠡ ᠳᠡᠭᠡᠭᠰᠢᠯᠡᠬᠦ ᠣᠷᠣᠨ ᠵᠠᠢ ᠲᠠᠢ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠠᠴᠠ ᠵᠠᠮ ᠬᠠᠷᠢᠯᠴᠠᠭ᠎ᠠ ᠲᠡᠭᠡᠭᠡᠪᠦᠷᠢ  ᠶᠢᠨ ᠠᠵᠢᠯ ᠲᠥᠷᠥᠯ ᠤᠨ ᠪᠣᠳᠠᠲᠠᠢ ᠠᠴᠠ ᠡᠭᠦᠰᠴᠦ᠂ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠶᠡᠭᠡ ᠬᠡᠮᠵᠢᠶᠡᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠠᠰᠢᠭᠯᠠᠯᠲᠠ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠪᠠ ᠮᠠᠨ ᠤ ᠣᠷᠣᠨ ᠤ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠬᠤ ᠯᠤᠭ᠎ᠠ ᠵᠣᠬᠢᠴᠠᠯᠳᠤᠭᠤᠯᠤᠨ ᠠᠬᠢᠭᠤᠯᠪᠠ᠃ ᠨᠢᠭᠡ ᠳᠤ᠂ ᠥᠵᠦ ᠵᠢᠷᠤᠭ ᠲᠥᠯᠥᠪᠯᠡᠭᠡ ᠶᠢ ᠴᠢᠩᠭᠠᠳᠬᠠᠪᠠ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ  ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠥᠨᠳᠥᠷ ᠥᠷᠲᠡᠭᠲᠦ ᠠᠰᠢᠭᠯᠠᠯᠲᠠ ᠶᠢ ᠪᠡᠶᠡᠯᠡᠭᠦᠯᠬᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠬᠤ᠂ ᠨᠡᠮᠡᠭᠳᠡᠬᠦ ᠬᠡᠮᠵᠢᠶ᠎ᠡ ᠶᠢ ᠪᠠᠭᠲᠠᠭᠠᠨ ᠰᠢᠩᠭᠡᠭᠡᠬᠦ ᠬᠠᠷᠠᠯᠲᠠ ᠶᠢᠨ ᠲᠣᠭᠤᠷᠢᠨ ᠳᠤ᠂ ᠰᠠᠭᠤᠷᠢ ᠲᠤᠭ᠎ᠠ ᠶᠢ ᠣᠶᠢᠯᠠᠭᠠᠬᠤ ᠠᠵᠢᠯ ᠢ ᠥᠷᠨᠢᠭᠦᠯᠵᠦ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠲᠠᠢ ᠨᠡᠪᠲᠡᠷᠡᠯᠴᠡᠨ ᠵᠣᠯᠭᠠᠭᠤᠯᠵᠤ᠂ ᠪᠠᠶᠢᠴᠠᠭᠠᠨ ᠰᠤᠳᠤᠯᠵᠤ ᠣᠶᠢᠯᠠᠭᠠᠨ ᠵᠢᠭᠰᠠᠭᠠᠵᠤ᠂ ᠮᠠᠨ ᠤ ᠣᠷᠣᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠥᠷᠥᠯ ᠵᠦᠢᠯ᠂ ᠲᠠᠷᠬᠠᠯᠲᠠ᠂ ᠨᠢᠭᠡᠨᠲᠡ ᠪᠠᠶᠢᠭ᠎ᠠ ᠬᠠᠳᠠᠭᠠᠯᠠᠯᠲᠠ ᠶᠢᠨ ᠬᠡᠮᠵᠢᠶ᠎ᠡ ᠵᠢᠴᠢ ᠭᠠᠷᠭᠠᠯᠲᠠ ᠶᠢᠨ ᠬᠡᠮᠵᠢᠶ᠎ᠡ ᠶᠢ ᠡᠮᠬᠢᠯᠡᠨ ᠭᠠᠷᠭᠠᠵᠤ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠠᠰᠢᠭᠯᠠᠯᠲᠠ ᠳᠤ ᠰᠠᠭᠤᠷᠢ ᠲᠤᠭ᠎ᠠ ᠪᠠᠷᠢᠮᠲᠠ ᠶᠢ ᠬᠠᠩᠭᠠᠪᠠ᠃ ᠪᠠᠶᠢᠴᠠᠭᠠᠨ ᠵᠢᠭᠰᠠᠭᠠᠭᠰᠠᠨ ᠪᠠᠶᠢᠳᠠᠯ ᠢ ᠦᠨᠳᠦᠰᠦᠯᠡᠨ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠠᠷᠭ᠎ᠠ ᠵᠠᠮ ᠤᠨ ᠴᠢᠭᠯᠡᠯ᠂ ᠶᠡᠷᠦᠩᠬᠡᠢ ᠪᠠᠶᠢᠷᠢᠰᠢᠭᠤᠯᠤᠯᠲᠠ ᠪᠠ ᠵᠢᠯᠤᠭᠤᠳᠬᠤ ᠰᠠᠨᠠᠯ ᠢᠶᠠᠨ ᠳᠤᠷᠠᠳᠪᠠ᠃ ᠲᠥᠰᠥᠯ ᠳᠤ ᠱᠠᠭᠠᠷᠳᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠠᠶᠢᠮᠠᠭ ᠬᠤᠲᠠ ᠶᠢᠨ ᠬᠢᠨ ᠲᠣᠰ ᠪᠡᠶ᠎ᠡ ᠶᠢᠨ ᠬᠠᠷᠠᠯᠲᠠ᠂ ᠡᠭᠦᠷᠭᠡ ᠵᠢᠴᠢ ᠠᠷᠭ᠎ᠠ ᠬᠡᠮᠵᠢᠶ᠎ᠡ ᠲᠠᠢ ᠪᠠᠨ ᠤᠶᠠᠯᠳᠤᠭᠤᠯᠤᠨ᠂ ᠶᠠᠪᠤᠴᠠ ᠶᠢᠨ ᠬᠢᠨᠠᠯᠲᠠ ᠪᠠᠨ ᠴᠢᠩᠭᠠᠳᠬᠠᠵᠤ᠂ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠲᠥᠰᠥᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠪᠥᠭᠡᠳ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠬᠠᠮᠵᠢᠯᠴᠠᠨ ᠠᠬᠢᠭᠤᠯᠬᠤ ᠲᠣᠭᠲᠠᠴᠠ ᠶᠢ ᠪᠠᠶᠢᠭᠤᠯᠪᠠ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠵᠠᠮ ᠬᠠᠷᠢᠯᠴᠠᠭᠠᠨ ᠤ ᠬᠦᠷᠢᠶᠡᠨ ᠳᠠᠬᠢ ᠠᠰᠢᠭᠯᠠᠯᠲᠠ ᠨᠢ ᠣᠯᠠᠨ ᠰᠠᠯᠠᠭ᠎ᠠ ᠮᠥᠴᠢᠷ᠂ ᠣᠯᠠᠨ ᠠᠵᠢᠯ ᠲᠥᠷᠥᠯ ᠳᠤ ᠬᠤᠯᠪᠣᠭᠳᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠢᠭᠠᠪᠤᠷᠢ ᠠᠪᠴᠤ ᠵᠥᠪᠰᠢᠶᠡᠷᠡᠭᠦᠯᠦᠭᠰᠡᠨ ᠤ ᠳᠠᠷᠠᠭ᠎ᠠ᠂ ᠮᠠᠨ ᠤ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ  ᠯᠦᠭᠡ ᠬᠤᠯᠪᠤᠭᠠᠲᠤ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠭᠠᠷᠭᠠᠬᠤ᠂ ᠴᠤᠭᠯᠠᠭᠤᠯᠬᠤ᠂ ᠰᠢᠯᠵᠢᠭᠦᠯᠬᠦ᠂ ᠠᠰᠢᠭᠯᠠᠬᠤ᠂ ᠰᠢᠢᠳᠪᠦᠷᠢᠯᠡᠬᠦ ᠵᠡᠷᠭᠡ ᠭᠤᠭᠴᠤᠭ᠎ᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢᠨ ᠵᠠᠭᠠᠭ ᠬᠢᠵᠠᠭᠠᠷ ᠢ ᠲᠣᠳᠣᠷᠬᠠᠶᠢᠯᠠᠵᠤ᠂ ᠬᠠᠷᠢᠭᠤᠴᠠᠯᠭ᠎ᠠ ᠲᠣᠳᠣᠷᠬᠠᠢ᠂ ᠵᠣᠬᠢᠴᠠᠩᠭᠤᠢ ᠡᠮᠬᠢ ᠵᠢᠷᠤᠮ ᠲᠠᠢ᠂ ᠬᠢᠨᠠᠯᠲᠠ ᠬᠠᠮᠢᠶᠠᠷᠤᠯᠲᠠ ᠬᠦᠴᠦᠲᠡᠢ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠪᠠ᠃ ᠡᠭᠦᠨ ᠤ ᠬᠠᠮᠲᠤ ᠵᠠᠮ ᠬᠠᠷᠢᠯᠴᠠᠭᠠᠨ ᠤ ᠠᠵᠢᠯ ᠲᠥᠷᠥᠯ ᠤᠨ ᠳᠣᠲᠣᠷ᠎ᠠ ᠲᠤᠰᠬᠠᠢ ᠵᠦᠢᠯ ᠤᠨ ᠠᠵᠢᠯ ᠢ ᠲᠦᠯᠬᠢᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠬᠡᠷᠡᠭᠵᠢᠭᠦᠯᠬᠦ ᠲᠥᠰᠥᠯ ᠤᠨ ᠨᠠᠶᠢᠳᠠᠪᠤᠷᠢᠵᠢᠭᠤᠯᠤᠯᠲᠠ ᠶᠢ ᠳᠦᠷᠢᠮ ᠢᠶᠠᠷ ᠪᠠᠲᠤᠯᠠᠵᠤ᠂ ᠠᠵᠢᠯ ᠤᠨ ᠲᠥᠯᠥᠪᠯᠡᠭᠡ ᠪᠠᠨ ᠨᠠᠶᠢᠷᠠᠭᠤᠯᠤᠨ ᠵᠢᠭᠰᠠᠭᠠᠵᠤ᠂ ᠬᠠᠷᠠᠯᠲᠠ ᠶᠢᠨ ᠡᠭᠦᠷᠭᠡ ᠪᠣᠯᠣᠨ ᠬᠠᠷᠢᠭᠤᠴᠠᠯᠭ᠎ᠠ ᠶᠢ ᠰᠠᠯᠠᠭ᠎ᠠ ᠮᠥᠴᠢᠷ ᠲᠤ ᠬᠦᠷᠲᠡᠯ᠎ᠡ ᠵᠠᠳᠠᠯᠵᠤ᠂ ᠠᠵᠢᠯ ᠨᠢᠭᠡᠪᠦᠷᠢ ᠳᠤ ᠬᠦᠷᠲᠡᠯ᠎ᠡ ᠪᠣᠳᠠᠲᠠᠢ ᠪᠠᠷ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢ ᠳᠤ ᠬᠦᠷᠲᠡᠯ᠎ᠡ ᠨᠠᠶᠢᠳᠠᠪᠤᠷᠢᠵᠢᠭᠤᠯᠤᠨ᠂ ᠪᠥᠬᠦ ᠶᠠᠪᠤᠴᠠ ᠶᠢ ᠲᠠᠭᠠᠨ ᠨᠠᠶᠢᠳᠠᠪᠤᠷᠢᠵᠢᠭᠤᠯᠬᠤ ᠢ ᠠᠳᠬᠤᠵᠤ᠂ ᠪᠥᠬᠦ ᠣᠷᠣᠨ ᠤ ᠭᠤᠣᠯᠳᠠᠯᠭ᠎ᠠ ᠲᠠᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠯᠤᠭ᠎ᠠ ᠵᠡᠷᠭᠡ ᠳᠤ ᠨᠢ ᠲᠦᠯᠬᠢᠨ ᠠᠬᠢᠭᠤᠯᠪᠠ᠃ ᠭᠤᠷᠪᠠ ᠳᠤ᠂ ᠬᠠᠮᠢᠶ᠎ᠠ ᠪᠦᠬᠦᠢ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠨᠡᠶᠢᠲᠡᠯᠡᠬᠦ ᠶᠢ ᠲᠦᠯᠬᠢᠨ ᠠᠬᠢᠭᠤᠯᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠢᠳᠡᠪᠬᠢᠲᠡᠢ ᠪᠠᠷ ᠨᠡᠪᠲᠡᠷᠡᠯᠴᠡᠨ ᠵᠣᠯᠭᠠᠭᠤᠯᠵᠤ᠂ ᠣᠯᠠᠨ ᠠᠷᠭ᠎ᠠ ᠵᠠᠮ ᠢᠶᠠᠷ ᠪᠡᠯᠡ ᠮᠥᠩᠭᠦ ᠶᠢᠨ ᠳᠡᠮᠵᠢᠯᠭᠡ ᠶᠢ ᠨᠡᠮᠡᠭᠳᠡᠭᠦᠯᠬᠦ ᠲᠠᠯ᠎ᠠ ᠪᠠᠷ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠠᠵᠤ ᠠᠬᠤᠶᠢᠯᠠᠯ ᠢ ᠪᠣᠬᠢᠷᠳᠤᠯ ᠦᠭᠡᠢ ᠠᠵᠤ ᠠᠬᠤᠶᠢᠯᠠᠯ ᠤᠨ ᠬᠡᠪᠴᠢᠶᠡᠨ ᠳᠤ ᠣᠷᠣᠭᠤᠯᠬᠤ ᠶᠢ ᠠᠬᠢᠭᠤᠯᠵᠤ᠂ ᠵᠦᠢ ᠶᠣᠰᠣᠨ ᠤ ᠮᠥᠩᠭᠦᠨ ᠭᠦᠢᠯᠭᠡᠭᠡᠨ ᠤ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠲᠠᠯ᠎ᠠ ᠪᠠᠷ᠂ ᠤᠯᠤᠰ ᠠᠴᠠ ᠨᠢᠭᠡᠨᠲᠡ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ  ᠶᠢ ᠨᠡᠶᠢᠲᠡᠯᠡᠨ ᠬᠡᠷᠡᠭᠵᠢᠭᠦᠯᠵᠦ᠂ ᠭᠡᠪᠡᠴᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠦᠷᠭᠦᠯᠵᠢ ᠬᠡᠷᠡᠭᠯᠡᠳᠡᠭ ᠪᠠᠷᠤᠭᠰᠢᠨ ᠪᠧᠲ᠋ᠤᠨ ᠳᠤ ᠬᠡᠷᠡᠭᠯᠡᠬᠦ ᠨᠡᠶᠢᠯᠡᠮᠡᠯ ᠴᠢᠯᠠᠭᠤᠯᠢᠭ ᠮᠠᠲ᠋ᠧᠷᠢᠶᠠᠯ᠂ ᠱᠦᠢᠨᠢ ᠪᠧᠲ᠋ᠤᠨ ᠳᠤ ᠬᠡᠷᠡᠭᠯᠡᠬᠦ ᠭᠤᠤᠯᠯᠠᠬᠤ ᠮᠠᠲ᠋ᠧᠷᠢᠶᠠᠯ᠂ ᠱᠦᠢᠨᠢ ᠶᠢᠨ ᠲᠣᠭᠲᠠᠪᠤᠷᠢᠵᠢᠭᠤᠯᠬᠤ ᠦᠨᠳᠦᠰᠦᠨ ᠱᠠᠲᠤᠨ ᠳᠤ ᠬᠡᠷᠡᠭᠯᠡᠬᠦ ᠨᠡᠶᠢᠯᠡᠮᠡᠯ ᠴᠢᠯᠠᠭᠤᠯᠢᠭ ᠮᠠᠲ᠋ᠧᠷᠢᠶᠠᠯ ᠵᠡᠷᠭᠡ ᠶᠡᠭᠡ ᠬᠡᠮᠵᠢᠶᠡᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠡᠪᠴᠢᠶᠡᠵᠢᠭᠦᠯᠦᠨ ᠪᠠᠭᠲᠠᠭᠠᠨ ᠰᠢᠩᠭᠡᠭᠡᠵᠦ ᠳᠡᠶᠢᠯᠬᠦ ᠦᠢᠯᠡᠳᠬᠦᠨ ᠢ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠦᠢᠯᠡᠳᠬᠦᠨ ᠤ ᠭᠠᠷᠴᠠᠭ ᠲᠤ ᠣᠷᠣᠭᠤᠯᠤᠭᠰᠠᠨ ᠦᠭᠡᠢ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢ ᠬᠠᠮᠤᠷᠤᠭᠰᠠᠨ ᠬᠠᠮᠢᠶ᠎ᠠ ᠪᠦᠬᠦᠢ ᠦᠢᠯᠡᠳᠬᠦᠨ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠥᠷᠭᠡᠳᠬᠡᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠢᠳᠡᠪᠬᠢᠵᠢᠯ ᠢ ᠲᠡᠭᠡᠭᠰᠢᠯᠡᠭᠦᠯᠪᠡ᠃ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠨᠢᠭᠡ ᠪᠣᠯᠣᠨ᠎ᠠ᠂ ᠶᠡᠷᠦᠩᠬᠡᠢ ᠱᠦᠵᠢ ᠰᠢ ᠶᠢᠨ ᠫᠢᠩ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠨᠡᠩ ᠪᠠᠲᠤ ᠪᠠᠬᠢ ᠪᠠᠶᠢᠭᠤᠯᠬᠤ ᠬᠡᠷᠡᠭᠲᠡᠢ ᠭᠡᠵᠦ ᠣᠯᠠᠨᠲᠠ ᠴᠢᠬᠤᠯᠠᠴᠢᠯᠠᠪᠠ᠃ ᠶᠡᠭᠡ ᠬᠡᠮᠵᠢᠶᠡᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠶᠡᠷᠦᠩᠬᠡᠶᠢᠯᠡᠨ ᠪᠦᠬᠦ ᠲᠠᠯ᠎ᠠ ᠪᠠᠷ ᠠᠰᠢᠭᠯᠠᠬᠤ ᠶᠢ ᠠᠬᠢᠭᠤᠯᠬᠤ ᠪᠣᠯ ᠳᠠᠷᠤᠢ ᠶᠡᠷᠦᠩᠬᠡᠢ ᠱᠦᠵᠢ ᠶᠢᠨ ᠱᠠᠭᠠᠷᠳᠠᠯᠭ᠎ᠠ ᠶᠢ ᠦᠢᠯᠡᠳᠦᠯᠭᠡᠵᠢᠭᠦᠯᠬᠦ ᠶᠢᠨ ᠪᠣᠳᠠᠲᠠᠢ ᠢᠯᠡᠷᠡᠯ ᠮᠥᠨ᠂ ᠪᠠᠰᠠ ᠴᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠣᠭᠤᠰᠢᠯᠠᠭᠤᠯᠬᠤ ᠶᠢᠨ ᠴᠢᠬᠤᠯᠠ ᠭᠤᠭᠴᠤᠭ᠎ᠠ ᠮᠥᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠵᠠᠪᠠᠯ ᠶᠠᠪᠤᠬᠤ ᠵᠠᠮ ᠮᠥᠨ᠃ 2022-11-25 10: 00: 38     ᠬᠥᠲᠥᠯᠥᠭᠴᠢ᠄      ᠯᠢ ᠲᠢᠩᠬᠢᠮ ᠤᠨ ᠳᠡᠳ᠋ ᠳᠠᠷᠤᠭ᠎ᠠ ᠠ᠂ ᠪᠢ ᠰᠦᠯᠵᠢᠶᠡᠨ ᠤ ᠨᠠᠶᠢᠵᠠ ᠨᠠᠷ ᠢ ᠲᠥᠯᠥᠭᠡᠯᠡᠨ ᠬᠠᠮᠤᠭ ᠰᠡᠭᠦᠯ ᠤᠨ ᠨᠢᠭᠡ ᠠᠰᠠᠭᠤᠯᠲᠠ ᠶᠢ ᠠᠰᠠᠭᠤᠶ᠎ᠠ᠂ ᠥᠪᠥᠷ ᠮᠣᠩᠭᠤᠯ ᠤᠨ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠡᠪᠡᠰᠦ ᠪᠡᠯᠴᠢᠭᠡᠷ ᠤᠨ ᠪᠠᠶᠢᠭᠠᠯᠢ ᠶᠢᠨ ᠳᠦᠷᠰᠦ ᠪᠠᠶᠢᠳᠠᠯ ᠡᠯᠪᠡᠭ ᠪᠠᠶᠠᠯᠢᠭ᠂ ᠥᠩᠭᠡ ᠦᠵᠡᠮᠵᠢ ᠥᠷᠭᠡᠨ ᠠᠭᠤᠳᠠᠮ ᠰᠦᠷᠯᠢᠭ ᠰᠠᠶᠢᠬᠠᠨ᠂ ᠵᠢᠭᠤᠯᠴᠢᠯᠠᠯ ᠤᠨ ᠡᠬᠢ ᠪᠠᠶᠠᠯᠢᠭ ᠡᠯᠪᠡᠭ ᠪᠠᠶᠠᠯᠢᠭ ᠪᠠᠶᠢᠳᠠᠭ᠂ ᠮᠠᠰᠢ ᠣᠯᠠᠨ ᠵᠢᠭᠤᠯᠴᠢᠯᠠᠯ ᠳᠤ ᠪᠠᠭ᠋ᠠᠲᠠᠢ ᠬᠥᠮᠥᠰ ᠴᠥᠮ ᠥᠪᠡᠷ ᠢᠶᠠᠨ ᠮᠠᠰᠢᠨ ᠪᠠᠷᠢᠵᠤ ᠵᠢᠭᠤᠯᠴᠢᠯᠠᠬᠤ ᠳᠤᠷᠠᠲᠠᠢ ᠪᠠᠶᠢᠳᠠᠭ᠂ ᠲᠡᠭᠡᠪᠡᠯ ᠥᠪᠥᠷ ᠮᠣᠩᠭᠤᠯ ᠳᠤ ᠲᠠᠨᠢᠯᠴᠠᠭᠤᠯᠤᠭᠤᠰᠢᠲᠠᠢ ᠶᠠᠮᠠᠷ ᠶᠠᠮᠠᠷ ᠭᠤᠶᠢᠳᠠ ᠰᠠᠶᠢᠬᠠᠨ ᠵᠠᠰᠠᠮᠠᠯ ᠵᠠᠮ ᠪᠠᠶᠢᠬᠤ ᠪᠣᠶ ︖ 2022-11-25 10: 16: 09      ᠡᠷᠬᠢᠮ ᠵᠣᠴᠢᠨ᠄ ᠯᠢ ᠰᠢ      ᠥᠪᠥᠷ ᠮᠣᠩᠭᠤᠯ ᠳᠤ ᠲᠠᠨᠢᠯᠴᠠᠭᠤᠯᠤᠭᠤᠰᠢᠲᠠᠢ ᠭᠤᠶᠢᠳᠠ ᠰᠠᠶᠢᠬᠠᠨ ᠵᠠᠰᠠᠮᠠᠯ ᠵᠠᠮ ᠦᠨᠡᠨ ᠳᠤ ᠪᠠᠨ ᠣᠯᠠᠨ ᠪᠠᠶᠢᠨ᠎ᠠ᠃2017 ᠣᠨ ᠳᠤ ᠲᠡᠷᠭᠡ ᠨᠡᠪᠲᠡᠷᠡᠨ ᠡᠵᠡᠩᠨᠡᠵᠦ ᠪᠠᠶᠢᠭ᠎ᠠ G7 ᠪᠡᠭᠡᠵᠢᠩ ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠦ ᠶᠢᠨ ᠵᠠᠰᠠᠮᠠᠯ ᠵᠠᠮ ᠤᠨ ᠥᠪᠥᠷ ᠮᠣᠩᠭᠤᠯ ᠤᠨ ᠯᠢᠨᠾᠧ ᠠᠴᠠ ᠪᠠᠢ ᠭᠧ ᠳ᠋ᠠ ᠬᠦᠷᠬᠦ ᠬᠡᠰᠡᠭ᠂ ᠪᠦᠬᠦ ᠤᠷᠳᠤ ᠨᠢ 930 ᠺᠢᠯᠦᠮᠧᠲᠷ ᠪᠣᠯᠣᠨ᠎ᠠ᠃ ᠳᠡᠯᠡᠬᠡᠢ ᠳᠡᠭᠡᠷᠡᠬᠢ ᠡᠯᠡᠰᠦ ᠶᠢ ᠲᠤᠭᠤᠯᠤᠭᠰᠠᠨ ᠬᠠᠮᠤᠭ ᠤᠨ ᠤᠷᠳᠤ ᠳᠡᠭᠡᠳᠦ ᠬᠤᠷᠳᠤ ᠶᠢᠨ ᠵᠠᠰᠠᠮᠠᠯ ᠵᠠᠮ ᠪᠣᠯᠣᠨ᠎ᠠ᠂ ᠪᠠᠳᠠᠢ ᠶᠢᠨ ᠵᠢᠷᠠᠨ ᠤ ᠡᠯᠡᠰᠦ᠂ ᠲᠡᠭᠷᠢ ᠡᠯᠡᠰᠦᠨ ᠴᠦᠯ ᠪᠣᠯᠣᠨ ᠤᠯᠠᠭᠠᠨᠪᠦᠲᠦᠩ ᠤᠨ ᠡᠯᠡᠰᠦᠨ ᠴᠦᠯ ᠢ ᠲᠤᠭᠤᠯᠤᠭᠰᠠᠨ ᠪᠠᠶᠢᠨ᠎ᠠ᠃ ᠬᠥᠮᠥᠰ ᠲᠠᠯ᠎ᠠ ᠨᠤᠲᠤᠭ᠂ ᠭᠤᠣᠯ ᠮᠥᠷᠡᠨ᠂ ᠣᠶ ᠰᠢᠭᠤᠢ᠂ ᠡᠯᠡᠰᠦᠨ ᠴᠥᠯ᠂ ᠭᠤᠪᠢ᠂ ᠨᠠᠭᠤᠷ ᠴᠥᠭᠦᠷᠥᠮ᠂ ᠥᠨᠳᠥᠷ ᠠᠭᠤᠯᠠ ᠵᠡᠷᠭᠡ ᠶᠢᠨ ᠥᠩᠭᠡ ᠦᠵᠡᠮᠵᠢ  ᠶᠢ ᠣᠶᠢᠯᠠᠭᠠᠵᠤ᠂ ᠲᠠᠯ᠎ᠠ ᠨᠤᠲᠤᠭ ᠤᠨ ᠬᠥᠬᠡ᠂ ᠭᠤᠪᠢ ᠶᠢᠨ ᠴᠠᠶᠢᠪᠤᠷ᠂ ᠡᠯᠡᠰᠦᠨ ᠴᠥᠯ ᠤᠨ ᠰᠢᠷ᠎ᠠ᠂ ᠨᠠᠭᠤᠷ ᠴᠥᠭᠦᠷᠥᠮ ᠤᠨ ᠬᠥᠬᠡ᠂ ᠵᠢᠷᠭᠠᠬᠤ ᠨᠡᠷᠡᠨ ᠤ ᠤᠯᠠᠭᠠᠨ᠂ ᠲᠣᠣᠷᠠᠢ ᠶᠢᠨ ᠰᠢᠷᠭᠠᠯ ᠢ ᠣᠯᠵᠤ ᠬᠠᠷᠠᠵᠤ ᠪᠣᠯᠣᠨ᠎ᠠ᠃ ᠪᠡᠭᠡᠵᠢᠩ ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠦ ᠶᠢᠨ ᠵᠠᠰᠠᠮᠠᠯ ᠵᠠᠮ ᠤᠨ ᠵᠠᠮ ᠳᠠᠭᠠᠤ ᠶᠢᠨ ᠭᠤᠶᠣ ᠦᠵᠡᠮᠵᠢ ᠲᠣᠭᠠᠯᠠᠰᠢ ᠦᠭᠡᠢ ᠣᠯᠠᠨ ᠪᠠᠶᠢᠵᠤ᠂ ᠡᠵᠡᠨ᠎ᠡ ᠬᠤᠰᠢᠭᠤ ᠪᠣᠯ ᠬᠠᠮᠤᠭ ᠤᠨ ᠨᠠᠷᠠᠲᠠᠢ ᠭᠠᠵᠠᠷ ᠪᠣᠯᠣᠨ᠎ᠠ᠃ ᠡᠵᠡᠨ᠎ᠡ ᠤᠤᠯ ᠨᠢ ᠬᠢᠲᠠᠳ᠂ ᠲᠠᠩ᠂ ᠪᠠᠷᠠᠭᠤᠨ ᠰᠢᠶᠠ ᠪᠣᠯᠣᠨ ᠶᠤᠸᠠᠨ ᠤᠯᠤᠰ ᠤᠨ ᠴᠢᠬᠤᠯᠠ ᠪᠠᠯᠭᠠᠰᠤ ᠪᠠᠶᠢᠵᠤ᠂ ᠡᠷᠲᠡᠨ ᠤ ᠲᠣᠷᠭᠠᠨ ᠵᠠᠮ ᠤᠨ ᠤᠯᠠᠷᠢᠯ ᠬᠤᠪᠢᠰᠤᠯ ᠤᠨ ᠳᠤᠷᠠᠰᠤᠮᠵᠢ ᠶᠢ ᠰᠢᠩᠭᠡᠭᠡᠵᠦ᠂ ᠡᠵᠡᠨ᠎ᠡ ᠬᠤᠰᠢᠭᠤ ᠲᠣᠣᠷᠠᠢ ᠶᠢᠨ ᠤᠢ ᠪᠠᠷ ᠳᠡᠯᠡᠬᠡᠢ ᠳᠤ ᠠᠯᠳᠠᠷᠰᠢᠵᠤ᠂ ᠠᠳᠡ ᠳᠡᠯᠡᠬᠡᠢ ᠳᠤ ᠦᠯᠡᠳᠡᠵᠦ ᠪᠠᠶᠢᠭ᠎ᠠ ᠭᠤᠷᠪᠠᠨ ᠲᠣᠮᠣ ᠲᠣᠣᠷᠠᠢ ᠶᠢᠨ ᠤᠢ ᠶᠢᠨ ᠨᠢᠭᠡ ᠪᠠᠶᠢᠵᠤ᠂ ᠲᠣᠣᠷᠠᠢ ᠶᠢᠨ ᠠᠮᠢᠵᠢᠷᠠᠯ ᠤᠨ ᠬᠦᠴᠦᠨ ᠨᠢ ᠲᠤᠶᠢᠯ ᠤᠨ ᠴᠢᠩᠭ᠎ᠠ ᠪᠠᠶᠢᠳᠠᠭ ᠢᠶᠠᠷ ᠢᠶᠠᠨ ᠥᠪᠡᠷᠮᠢᠴᠡ ᠪᠡᠯᠭᠡᠳᠡᠯ ᠪᠠ ᠲᠡᠮᠳᠡᠭ ᠪᠣᠯᠤᠭᠰᠠᠨ ᠪᠠᠶᠢᠨ᠎ᠠ᠃ ᠬᠥᠯᠥᠨ ᠪᠤᠶᠢᠷ ᠤᠨ ᠳᠤᠮᠳᠠᠳᠤ ᠣᠷᠣᠰ ᠤᠨ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠬᠤᠶᠢᠨ᠎ᠠ ᠠᠴᠠ ᠰᠢᠪᠡᠭᠡ ᠬᠦᠷᠬᠦ ᠪᠥᠭᠡᠳ ᠡᠮᠦᠨᠡᠰᠢ ᠬᠠᠶᠢᠯᠠᠷ ᠠᠴᠠ ᠮᠠᠨᠵᠤᠤᠷ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠯᠦᠭᠡ ᠨᠡᠶᠢᠯᠡᠪᠡᠯ ᠮᠠᠨᠵᠤᠤᠷ ᠲᠤ ᠰᠢᠭᠤᠳ ᠬᠦᠷᠴᠦ᠂ ᠣᠷᠳᠣ ᠨᠢ ᠪᠠᠷᠤᠭ 400 ᠺᠢᠯᠣᠮᠧᠲᠷ  ᠪᠠᠶᠢᠳᠠᠭ᠃ ᠳᠤᠮᠳᠠᠳᠤ ᠣᠷᠣᠰ ᠤᠨ ᠬᠢᠯᠢ ᠪᠠᠷ ᠬᠦᠷᠢᠶᠡᠯᠡᠭᠰᠡᠨ ᠡᠨᠡ ᠬᠡᠰᠡᠭ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠨᠢ ᠲᠡᠭᠰᠢ ᠪᠦᠭᠡᠳ ᠬᠥᠲᠥᠯ ᠨᠢ ᠨᠠᠮᠤᠭᠤᠬᠠᠨ᠂ ᠲᠡᠷᠭᠡᠨ ᠤ ᠴᠣᠪᠤᠷᠠᠯ ᠤᠨ ᠬᠡᠮᠵᠢᠶ᠎ᠡ ᠨᠢ ᠨᠡᠯᠢᠶᠡᠳ ᠪᠠᠭ᠎ᠠ ᠪᠠᠶᠢᠵᠤ᠂ ᠵᠢᠯ ᠤᠨ ᠳᠥᠷᠪᠡᠨ ᠤᠯᠠᠷᠢᠯ ᠳᠤ ᠥᠪᠡᠷ ᠢᠶᠠᠨ ᠲᠡᠷᠭᠡ ᠵᠢᠯᠤᠭᠤᠳᠬᠤ ᠳᠤ ᠪᠦᠷ ᠲᠣᠬᠢᠷᠠᠮᠵᠢᠲᠠᠢ ᠪᠠᠶᠢᠳᠠᠭ᠃ ᠵᠠᠮ ᠲᠤᠷᠰᠢ ᠲᠠᠯ᠎ᠠ ᠨᠤᠲᠤᠭ᠂ ᠵᠠᠰᠠᠮᠠᠯ ᠵᠠᠮ᠂ ᠰᠣᠷᠭᠤᠭ ᠴᠡᠴᠡᠭ ᠪᠣᠯᠣᠨ ᠤᠢ ᠰᠢᠭᠤᠢ᠂ ᠲᠦᠮᠡᠨ ᠵᠦᠢᠯ ᠤᠨ ᠵᠠᠩ ᠦᠢᠯᠡ ᠶᠢ ᠪᠦᠷᠢᠯᠳᠦᠭᠦᠯᠵᠦ᠂ ᠵᠠᠮ ᠳᠠᠭᠠᠤ ᠶᠢᠨ ᠳᠤᠮᠳᠠᠳᠤ ᠤᠷᠤᠰ ᠬᠤᠶᠠᠷ ᠤᠯᠤᠰ ᠤᠨ ᠦᠵᠡᠰᠬᠦᠯᠡᠩᠲᠦ ᠰᠠᠶᠢᠬᠠᠨ ᠠᠭᠤᠯᠠ ᠤᠰᠤ ᠨᠢ ᠬᠥᠮᠥᠰ ᠢ ᠨᠢᠳᠦ ᠢᠷᠮᠡᠬᠦ ᠶᠢᠨ ᠵᠠᠪ ᠦᠭᠡᠢ ᠪᠣᠯᠭᠠᠨ᠎ᠠ᠃ ᠾᠧᠢ ᠱᠠᠨ ᠲᠧᠦ ᠠᠴᠠ ᠰᠢᠪᠡᠭᠡ ᠬᠦᠷᠬᠦ ᠬᠢᠯᠢ ᠶᠢᠨ ᠵᠠᠰᠠᠮᠠᠯ ᠵᠠᠮ ᠨᠢ ᠡᠷᠭᠦᠨ᠎ᠡ ᠭᠤᠣᠯ ᠢ ᠳᠠᠭᠠᠵᠤ ᠮᠤᠷᠤᠯᠵᠠᠨ᠂ ᠲᠤᠬᠠᠢ ᠶᠢᠨ ᠵᠢᠯ ᠤᠨ ᠺᠠᠯᠦᠶᠢᠨ ᠢᠶᠠᠷ ᠥᠩᠭᠡᠷᠡᠬᠦ ᠳᠤ ᠥᠩᠭᠡ ᠦᠵᠡᠮᠵᠢ  ᠨᠢ ᠣᠨᠴᠠᠭᠠᠶ ᠪᠠᠶᠠᠯᠢᠭ ᠪᠠᠶᠢᠳᠠᠭ ᠪᠣᠯᠬᠤᠷ᠂ ᠥᠪᠡᠷ ᠢᠶᠠᠨ ᠲᠡᠷᠭᠡ ᠵᠢᠯᠤᠭᠤᠳᠬᠤ ᠳᠤᠷᠠᠲᠠᠢ ᠬᠥᠮᠥᠰ ᠲᠤ ︽ᠺᠠ ᠱᠤᠭᠤᠮ︾ ᠭᠡᠵᠦ ᠨᠡᠷᠡᠯᠡᠭᠳᠡᠵᠡᠢ᠃ ᠠᠳᠡᠬᠢ ᠪᠣᠯ ᠬᠠᠮᠤᠭ ᠤᠨ ᠭᠤᠶᠣ ᠬᠢᠯᠢ ᠶᠢᠨ ᠱᠤᠭᠤᠮ ᠮᠥᠨ᠂ ᠠᠯᠬᠤᠮ ᠪᠦᠷᠢ ᠳᠤ ᠮᠠᠰᠢ ᠭᠠᠶᠢᠬᠠᠯᠲᠠᠢ ᠪᠠᠶᠢᠳᠠᠭ᠂ ᠡᠨᠡ ᠬᠦ ᠲᠠᠯ᠎ᠠ ᠨᠤᠲᠤᠭ ᠤᠨ ᠲᠡᠭᠷᠢ ᠶᠢᠨ ᠵᠠᠮ ᠭᠡᠳᠡᠭ ᠬᠢᠯᠢ ᠶᠢᠨ ᠱᠤᠭᠤᠮ ᠢ ᠲᠠᠭᠠᠨ ᠠᠶᠠᠯᠠᠪᠠᠯ᠂ ᠠᠶᠢᠯ ᠲᠣᠰᠬᠤᠨ᠂ ᠢᠰᠡᠭᠡᠢ ᠭᠡᠷ ᠬᠠᠷᠢᠯᠴᠡᠨ ᠬᠤᠯᠪᠤᠯᠳᠠᠬᠤ ᠶᠢ ᠣᠯᠵᠤ ᠬᠠᠷᠠᠨ᠎ᠠ᠂ ᠮᠣᠷᠢ ᠤᠨᠤᠭ᠎ᠠ᠂ ᠦᠬᠡᠷ ᠬᠤᠨᠢ᠂ ᠲᠠᠯ᠎ᠠ ᠨᠤᠲᠤᠭ᠂ ᠳᠣᠪᠣᠷᠬᠠᠭ᠂ ᠭᠤᠣᠯ ᠮᠥᠷᠡᠨ᠂ ᠴᠢᠭᠢᠭᠯᠢᠭ ᠭᠠᠵᠠᠷ᠂ ᠣᠶ ᠰᠢᠭᠤᠢ ···· ᠶᠢ ᠣᠯᠵᠤ ᠬᠠᠷᠠᠨ᠎ᠠ᠂ ᠪᠠᠰᠠ ᠨᠡᠯᠦᠭᠡᠷ ᠶᠡᠭᠡ ᠰᠢᠯᠢᠮᠳᠡᠭ ᠤᠨ ᠴᠡᠴᠡᠭ᠂ ᠬᠥᠪᠡᠭᠡ ᠬᠢᠵᠠᠭᠠᠷ  ᠨᠢ ᠬᠠᠷᠠᠭᠳᠠᠬᠤ ᠦᠭᠡᠢ ᠪᠤᠭᠤᠳᠠᠢ ᠶᠢᠨ ᠳᠠᠪᠠᠯᠭᠠᠨ ᠢ ᠣᠯᠵᠤ ᠬᠠᠷᠠᠨ᠎ᠠ᠂ ᠡᠨᠡ ᠨᠢ ᠣᠯᠠᠨ ᠳᠤ ᠲᠤᠶᠢᠯ ᠤᠨ ᠰᠠᠶᠢᠨ ᠵᠢᠭᠤᠯᠴᠢᠯᠠᠯ ᠤᠨ ᠥᠩᠭᠡᠷᠡᠯᠲᠡ ᠪᠣᠯᠬᠤ ᠶᠤᠮ᠃ ᠠᠳᠠᠯᠢᠬᠠᠨ ᠦᠵᠡᠰᠬᠦᠯᠡᠩᠲᠦ ᠰᠠᠶᠢᠬᠠᠨ ᠵᠠᠰᠠᠮᠠᠯ ᠵᠠᠮ ᠥᠪᠥᠷ ᠮᠣᠩᠭᠤᠯ ᠳᠤ ᠪᠠᠰᠠ ᠮᠠᠰᠢ ᠣᠯᠠᠨ ᠪᠠᠶᠢᠨ᠎ᠠ᠂ ᠨᠢᠭᠡ ᠨᠢᠭᠡ ᠪᠠᠷ ᠲᠣᠭᠠᠴᠢᠬᠤ ᠪᠠᠨ ᠪᠠᠶᠢᠶ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠮᠠᠨ ᠤ ᠥᠪᠥᠷ ᠮᠣᠩᠭᠤᠯ ᠳᠤ ᠢᠷᠡᠵᠦ ᠪᠡᠶᠡᠴᠢᠯᠡᠨ ᠣᠶᠢᠯᠠᠭᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠢᠩᠭᠢᠪᠡᠯ ᠲᠠᠨ ᠤ ᠰᠡᠳᠬᠢᠯ ᠢ ᠯᠠᠪᠲᠠᠢ ᠰᠠᠨᠠᠭᠠᠯᠵᠠᠭᠤᠯᠬᠤ ᠶᠤᠮ᠃2022-11-25 10᠄ 17᠄ 00      ᠬᠥᠲᠥᠯᠥᠭᠴᠢ᠄      ᠯᠢ ᠲᠢᠩᠬᠢᠮ ᠤᠨ ᠳᠡᠳ᠋ ᠳᠠᠷᠤᠭ᠎ᠠ ᠶᠢᠨ ᠪᠢᠳᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠵᠤ ᠥᠭᠭᠦᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠪᠠᠰᠠ ᠥᠷᠭᠡᠨ ᠣᠯᠠᠨ ᠰᠦᠯᠵᠢᠶᠡᠨ ᠠᠨᠳᠠ ᠨᠠᠷ ᠢ ᠴᠤ ᠬᠠᠯᠠᠭᠤᠨ ᠢᠶᠠᠷ ᠤᠷᠢᠵᠤ ᠪᠠᠶᠢᠨ᠎ᠠ᠃ ᠴᠠᠭ ᠬᠤᠭᠤᠴᠠᠭᠠᠨ ᠤ ᠬᠢᠵᠠᠭᠠᠷᠯᠠᠯ ᠠᠴᠠ ᠪᠣᠯᠵᠤ᠂ ᠲᠤᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠃ ᠰᠦᠯᠵᠢᠶᠡᠨ ᠤ ᠠᠨᠳᠠ ᠨᠠᠷ ᠤᠨ ᠠᠩᠬᠠᠷᠤᠯ ᠳᠤ ᠲᠠᠯᠠᠷᠬᠠᠵᠤ ᠪᠠᠶᠢᠨ᠎ᠠ᠃ 2022-11-25 10᠄ 22᠄ 54      ᠡᠷᠬᠢᠮ ᠵᠣᠴᠢᠨ᠄ ᠯᠢ ᠰᠢ      ᠰᠦᠯᠵᠢᠶᠡᠨ ᠤ ᠠᠨᠳᠠ ᠨᠠᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠳᠤ ᠦᠵᠡᠭᠦᠯᠦᠭᠰᠡᠨ ᠳᠡᠮᠵᠢᠯᠭᠡ ᠪᠠ ᠬᠠᠯᠠᠮᠵᠢᠯᠠᠯ ᠳᠤ ᠲᠠᠯᠠᠷᠬᠠᠵᠤ ᠪᠠᠶᠢᠨ᠎ᠠ︕ 2022-11-25 10: 23
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号