内蒙古自治区交通运输厅门户网站 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠠᠰ ᠳᠡᠪᠰᠢᠭᠦᠯᠵᠦ ᠵᠥᠭᠡᠯᠡᠨ ᠣᠷᠴᠢᠨ ᠨᠥᠬᠦᠴᠡᠯ ᠬᠥᠭᠵᠢᠯᠲᠡ ᠶᠢᠨ ᠬᠠᠲᠠᠭᠤ ᠪᠤᠲᠠᠲᠤ ᠬᠦᠴᠦᠨ ᠢ ᠪᠣᠢ ᠪᠣᠯᠭᠠᠨ᠎ᠠ
        ᠨᠡᠶᠢᠲᠡᠯᠡᠭᠰᠡᠨ ᠴᠠᠭ᠄
        2022/12/23
             ᠰᠤᠷᠪᠤᠯᠵᠢᠯᠠᠭᠰᠠᠨ ᠡᠷᠬᠢᠮ ᠵᠣᠴᠢᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠰᠢᠤᠸᠠᠨ ᠳ᠋ᠧᠩ ᠳ᠋ᠢᠶᠠᠨ      ᠰᠤᠷᠪᠤᠯᠵᠢᠯᠠᠭᠰᠠᠨ ᠴᠠᠭ᠄ 2022 - 12 - 21      ᠭᠤᠣᠯ ᠠᠭᠤᠯᠭ᠎ᠠ᠄ ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠦᠷᠭᠦᠯᠵᠢᠯᠡᠨ ᠠᠬᠢᠭᠤᠯᠵᠤ᠂ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠲᠠᠰ ᠳᠡᠪᠰᠢᠭᠦᠯᠵᠦ᠂ ᠠᠵᠢᠯ ᠲᠥᠷᠥᠯ ᠤᠨ ᠬᠥᠭᠵᠢᠯᠲᠡ ᠶᠢᠨ ᠵᠥᠭᠡᠯᠡᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ ᠨᠢᠭᠡ ᠠᠯᠬᠤᠮ ᠳᠡᠭᠡᠭᠰᠢᠯᠡᠭᠦᠯᠪᠡ᠃ ᠲᠣᠰ ᠬᠤᠭᠤᠴᠠᠭᠠᠨ ᠤ ᠰᠣᠷᠪᠤᠯᠵᠢᠯᠠᠭ᠎ᠠ ᠳᠤ᠂ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠰᠢᠤᠸᠠᠨ ᠳ᠋ᠧᠩ ᠳ᠋ᠢᠶᠠᠨ ᠶᠢ ᠤᠷᠢᠵᠤ᠂ ᠲᠡᠭᠦᠨ ᠢᠶᠠᠷ ᠡᠨᠡ ᠵᠢᠯ ᠠᠴᠠ ᠨᠠᠭᠠᠰᠢᠬᠢ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ  ᠶᠢ ᠲᠦᠯᠬᠢᠨ ᠠᠬᠢᠭᠤᠯᠤᠭᠰᠠᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠤᠶ᠎ᠠ᠃      ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢ ᠠᠩᠬᠠᠷᠬᠤ ᠶᠢ ᠪᠠᠶᠠᠷᠯᠠᠨ ᠤᠭᠲᠤᠵᠤ ᠪᠠᠶᠢᠨ᠎ᠠ᠂ ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠦᠷᠭᠦᠯᠵᠢᠯᠡᠨ ᠠᠬᠢᠭᠤᠯᠵᠤ᠂ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠲᠠᠰ ᠳᠡᠪᠰᠢᠭᠦᠯᠵᠦ᠂ ᠠᠵᠢᠯ ᠲᠥᠷᠥᠯ ᠤᠨ ᠬᠥᠭᠵᠢᠯᠲᠡ ᠶᠢᠨ ᠵᠥᠭᠡᠯᠡᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠥᠨᠥᠳᠥᠷ᠂ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠰᠢᠤᠸᠠᠨ ᠳ᠋ᠧᠩ ᠳ᠋ᠢᠶᠠᠨ ᠢ ᠤᠷᠢᠭᠰᠠᠨ ᠳᠤ ᠪᠠᠨ ᠮᠠᠰᠢ ᠪᠠᠶᠠᠷᠯᠠᠵᠤ ᠪᠠᠶᠢᠨ᠎ᠠ᠂ ᠲᠡᠭᠦᠨ ᠢᠶᠠᠷ ᠡᠨᠡ ᠵᠢᠯ ᠠᠴᠠ ᠨᠠᠭᠠᠰᠢᠬᠢ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠲᠦᠯᠬᠢᠨ ᠠᠬᠢᠭᠤᠯᠤᠭᠰᠠᠨ ᠬᠠᠮᠢᠶ᠎ᠠ ᠪᠦᠬᠦᠢ ᠪᠠᠶᠢᠳᠠᠯ ᠢ ᠣᠯᠠᠨ ᠳᠤ ᠲᠠᠨᠢᠯᠴᠠᠭᠤᠯᠤᠶ᠎ᠠ᠃ ᠰᠢᠤᠸᠠᠨ ᠲᠢᠩᠬᠢᠮ ᠤᠨ ᠳᠠᠷᠤᠭ᠎ᠠ ᠠ᠂ ᠲᠠ ᠰᠠᠶᠢᠨ ᠤᠤ︕ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢ ᠠᠬᠢᠭᠤᠯᠬᠤ ᠲᠠᠯ᠎ᠠ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠶᠠᠮᠠᠷ ᠶᠠᠮᠠᠷ ᠠᠵᠢᠯ ᠬᠢᠭᠰᠡᠨ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠠᠷᠢᠮᠵᠢᠶ᠎ᠠ ᠶᠢ ᠬᠡᠷᠬᠢᠨ ᠵᠢᠷᠤᠮᠵᠢᠭᠤᠯᠤᠨ ᠨᠢᠭᠡᠳᠬᠡᠬᠦ ᠶᠢ ᠣᠯᠠᠨ ᠳᠤ ᠲᠥᠬᠦᠮ ᠲᠠᠨᠢᠯᠴᠠᠭᠤᠯᠤᠭᠠᠳ ᠦᠭᠭᠦᠭᠡᠷᠡᠢ᠃ 2022-12-21 14᠄ 30᠄ 45     ᠡᠷᠬᠢᠮ ᠵᠣᠴᠢᠨ᠄ ᠰᠢᠤᠸᠠᠨ ᠳ᠋ᠧᠩ ᠳ᠋ᠢᠶᠠᠨ          ᠬᠥᠲᠥᠯᠥᠭᠴᠢ ᠰᠠᠶᠢᠨ ᠤᠤ︕ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠡᠨᠡ ᠵᠢᠯ ᠠᠴᠠ ᠨᠠᠭᠠᠰᠢ᠂ ᠮᠠᠨ ᠤ ᠲᠢᠩᠬᠢᠮ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠥᠬᠦ ᠣᠷᠣᠨ ᠳᠤ ᠡᠩ ᠲᠡᠷᠢᠭᠦᠨ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠠᠵᠢᠯ ᠢ ᠥᠷᠨᠢᠭᠦᠯᠪᠡ᠃ ︽ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠭᠤᠷᠪᠠᠨ ᠱᠠᠲᠤᠨ ᠤ ᠭᠤᠶᠤᠴᠢᠯᠠᠯ ᠢ ᠦᠨᠳᠦᠰᠦᠯᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠭᠯᠡᠭᠦᠷ︾ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠥᠳᠡᠯᠦᠩᠭᠦᠢ ᠲᠣᠬᠢᠷᠠᠭᠤᠯᠬᠤ ᠲᠣᠭᠲᠠᠴᠠ ᠶᠢ ᠪᠡᠶᠡᠯᠡᠭᠦᠯᠵᠦ᠂ ᠠᠳᠠᠯᠢ ᠨᠢᠭᠡᠨ ᠬᠢᠨᠠᠨ ᠵᠥᠪᠰᠢᠶᠡᠷᠡᠬᠦ ᠵᠦᠢᠯᠡᠰ ᠤᠨ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠵᠦᠢᠯᠡᠰ ᠤᠨ ᠨᠡᠷᠡᠶᠢᠳᠦᠯ᠂ ᠲᠣᠭᠲᠠᠭᠠᠭᠰᠠᠨ ᠦᠨᠳᠦᠰᠦᠯᠡᠯ᠂ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠲᠤᠰᠢᠶᠠᠭᠰᠠᠨ ᠮᠠᠲ᠋ᠧᠷᠢᠶᠠᠯ᠂ ᠭᠦᠢᠴᠡᠳᠬᠡᠬᠦ ᠶᠠᠪᠤᠴᠠ᠂ ᠬᠠᠤᠯᠢ ᠪᠠᠷ ᠲᠣᠭᠲᠠᠭᠠᠭᠰᠠᠨ ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ ᠵᠡᠷᠭᠡ ᠬᠦᠴᠦᠨ ᠵᠦᠢᠯ ᠤᠨ ᠨᠢᠭᠡᠳᠦᠯᠲᠡᠢ ᠪᠠᠶᠢᠬᠤ ᠶᠢ ᠪᠡᠶᠡᠯᠡᠭᠦᠯᠵᠦ᠂ ᠠᠳᠠᠯᠢ ᠪᠤᠰᠤ ᠭᠠᠵᠠᠷ ᠣᠷᠣᠨ ᠤ ᠠᠳᠠᠯᠢ ᠬᠡᠷᠡᠭ ᠶᠠᠪᠤᠳᠠᠯ ᠢ ᠠᠳᠠᠯᠢ ᠪᠤᠰᠤ ᠪᠠᠷ  ᠭᠦᠢᠴᠡᠳᠭᠡᠬᠦ ᠠᠰᠠᠭᠤᠳᠠᠯ ᠢ ᠰᠢᠢᠳᠪᠦᠷᠢᠯᠡᠵᠦ᠂ ᠬᠢᠨᠠᠨ ᠵᠥᠪᠰᠢᠶᠡᠷᠡᠬᠦ ᠵᠦᠢᠯᠡᠰ ᠢ ᠠᠳᠠᠯᠢ ᠨᠥᠬᠦᠴᠡᠯ ᠤᠨ ᠳᠣᠣᠷ᠎ᠠ ᠢᠯᠭᠠᠭ᠎ᠠ ᠦᠭᠡᠢ ᠪᠠᠷ ᠭᠥᠯᠢᠶᠡᠨ ᠠᠪᠴᠤ ᠰᠢᠢᠳᠪᠦᠷᠢᠯᠡᠬᠦ ᠪᠠ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠨᠢᠭᠡᠳᠦᠯᠲᠡᠢ᠂ ᠦᠢᠯᠡᠴᠢᠯᠡᠭᠡᠨ ᠤ ᠪᠠᠷᠢᠮᠵᠢᠶ᠎ᠠ ᠶᠢᠨ ᠨᠢᠭᠡᠳᠦᠯᠲᠡᠢ᠂ ᠦᠢᠯᠡᠴᠢᠯᠡᠭᠡᠨ ᠤ ᠶᠠᠰᠤ ᠴᠢᠨᠠᠷ ᠤᠨ ᠨᠢᠭᠡᠳᠦᠯᠲᠡᠢ᠂ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢᠨ ᠨᠢᠭᠡᠳᠦᠯᠲᠡᠢ ᠵᠠᠮ ᠬᠠᠷᠢᠯᠴᠠᠭᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠪᠠ᠃ ᠣᠷᠣᠨ ᠲᠤᠭ᠎ᠠ ᠶᠢᠨ ᠬᠡᠪᠴᠢᠶ᠎ᠡ ᠳᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠴᠠᠷᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠦᠨᠳᠦᠰᠦᠯᠡᠨ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠱᠠᠩᠨᠠᠯ᠂ ᠵᠠᠰᠠᠭ ᠵᠠᠬᠢᠷᠭᠠᠨ ᠤ ᠲᠠᠰᠤᠯᠤᠯᠲᠠ ᠂ ᠵᠠᠰᠠᠭ ᠵᠠᠬᠢᠷᠭᠠᠨ ᠤ ᠳᠠᠩᠰᠠᠯᠠᠯᠲᠠ ᠪᠠ ᠪᠤᠰᠤᠳ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠪᠠᠭᠲᠠᠭᠠᠨ᠎ᠠ᠃ 2022-12-21 14᠄ 32᠄ 42      ᠬᠥᠲᠥᠯᠥᠭᠴᠢ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠳᠤᠮᠳᠠ᠂ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠭᠦᠷᠭᠡ ᠬᠠᠷᠢᠭᠤᠴᠠᠯᠭ᠎ᠠ ᠶᠢ ᠬᠡᠷᠬᠢᠨ ᠲᠣᠳᠣᠷᠬᠠᠶᠢᠯᠠᠬᠤ ᠪᠣᠶ︖ 2022-12-21 14᠄ 35᠄ 48       ᠡᠷᠬᠢᠮ ᠵᠣᠴᠢᠨ᠄ ᠰᠢᠤᠸᠠᠨ ᠳ᠋ᠧᠩ ᠳ᠋ᠢᠶᠠᠨ      ᠵᠠᠰᠠᠭ ᠵᠠᠬᠢᠷᠭᠠᠨ ᠤ ᠵᠥᠪᠰᠢᠶᠡᠷᠡᠯ ᠤᠨ ᠨᠠᠷᠢᠨ ᠳᠠᠩᠰᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠲᠥᠪ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠲᠢᠩᠬᠢᠮ ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠢ ᠦᠨᠳᠦᠰᠦᠯᠡᠨ ᠲᠣᠭᠲᠠᠭᠠᠭᠰᠠᠨ ᠬᠢᠨᠠᠨ ᠵᠥᠪᠰᠢᠶᠡᠷᠡᠬᠦ ᠵᠦᠢᠯᠡᠰ ᠢ ᠡᠮᠬᠢᠯᠡᠨ ᠨᠡᠶᠢᠯᠡᠭᠦᠯᠵᠦ᠂ ︽ᠪᠦᠬᠦ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ︵2022 ᠣᠨ ᠤ ᠬᠡᠪᠯᠡᠯ︶ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠣᠲᠣ ᠶᠢᠨ ᠪᠠᠶᠢᠭ᠎ᠠ ᠵᠥᠪᠰᠢᠶᠡᠷᠡᠯ ᠤᠨ ᠨᠠᠷᠢᠨ ᠳᠠᠩᠰᠠ ᠳᠤ ᠲᠣᠬᠢᠷᠠᠭᠤᠯᠤᠯᠲᠠ ᠬᠢᠵᠦ᠂ ᠬᠡᠷᠡᠭᠵᠢᠭᠦᠯᠬᠦ ᠲᠠᠰ ᠳᠠᠪᠬᠤᠷᠭ᠎ᠠ ᠶᠢᠨ 7 ᠵᠦᠢᠯ ᠳᠤ ᠲᠣᠬᠢᠷᠠᠭᠤᠯᠤᠯᠲᠠ ᠬᠢᠵᠦ᠂ ᠡᠷᠬᠡ ᠶᠢᠨ ᠲᠥᠷᠥᠯ ᠢᠯᠭᠠᠯ ᠤᠨ 4 ᠵᠦᠢᠯ ᠳᠤ ᠲᠣᠬᠢᠷᠠᠭᠤᠯᠤᠯᠲᠠ ᠬᠢᠵᠦ᠂ 1 ᠵᠦᠢᠯ ᠢ ᠬᠦᠴᠦᠨ ᠦᠭᠡᠢ ᠪᠣᠯᠭᠠᠵᠤ᠂ 7 ᠵᠦᠢᠯ ᠢ ᠨᠡᠶᠢᠯᠡᠭᠦᠯᠵᠦ᠂ ᠡᠯ᠎ᠡ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠬᠡᠷᠡᠭᠵᠢᠭᠦᠯᠬᠦ ᠲᠠᠰ ᠳᠠᠪᠬᠤᠷᠭ᠎ᠠ᠂ ᠵᠥᠪᠰᠢᠶᠡᠷᠡᠬᠦ ᠡᠷᠬᠡ ᠶᠢᠨ ᠬᠢᠵᠠᠭᠠᠷ ᠢ ᠲᠣᠳᠣᠷᠬᠠᠶᠢᠯᠠᠨ᠂ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠡᠷᠡᠭᠵᠢᠭᠦᠯᠦᠭᠰᠡᠨ ᠪᠠᠶᠢᠳᠠᠯ ᠢ ᠲᠥᠪ ᠪᠠ ᠥᠪᠡᠷᠲᠡᠭᠡᠨ ᠵᠠᠰᠠᠬᠤ ᠣᠷᠣᠨ ᠤ ᠪᠣᠳᠠᠲᠠᠢ ᠱᠠᠭᠠᠷᠳᠠᠯᠭ᠎ᠠ ᠳᠤ ᠨᠡᠶᠢᠴᠡᠭᠦᠯᠬᠦ ᠶᠢ  ᠦᠨᠡᠨ ᠬᠦ ᠪᠠᠲᠤᠯᠠᠪᠠ᠃ 2022-12-21 14᠄ 36᠄ 28     ᠬᠥᠲᠥᠯᠥᠭᠴᠢ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︽ᠭᠡᠷᠡᠴᠢ ᠪᠠ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠬᠡᠷᠬᠢᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠢᠨᠠᠯᠲᠠ ᠬᠠᠮᠢᠶᠠᠷᠤᠯᠲᠠ ᠶᠢ ᠬᠡᠷᠬᠢᠨ ᠴᠢᠩᠭᠠᠳᠬᠠᠭᠰᠠᠨ ᠪᠣᠶ︖ 2022-12-21 14᠄ 38᠄ 43      ᠡᠷᠬᠢᠮ ᠵᠣᠴᠢᠨ᠄ ᠰᠢᠤᠸᠠᠨ ᠳ᠋ᠧᠩ ᠳ᠋ᠢᠶᠠᠨ      ᠲᠥᠪ ᠪᠠ ᠥᠪᠡᠷᠲᠡᠭᠡᠨ ᠵᠠᠰᠠᠬᠤ ᠣᠷᠣᠨ ᠤ ︽ᠭᠡᠷᠡᠴᠢ ᠪᠠ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠭᠤᠣᠯᠳᠠᠭᠤ ᠬᠢᠨᠠᠨ ᠵᠦᠪᠰᠢᠶᠡᠷᠡᠬᠦ ᠶᠢ ᠳᠠᠩᠰᠠᠯᠠᠬᠤ ᠪᠠᠷ ᠥᠭᠡᠷᠡᠴᠢᠯᠡᠬᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠢᠨᠠᠨ ᠵᠥᠪᠰᠢᠶᠡᠷᠡᠬᠦ ᠵᠦᠢᠯᠡᠰ ᠢ ᠬᠦᠴᠦᠨ ᠦᠭᠡᠢ ᠪᠣᠯᠭᠠᠬᠤ ᠶᠢ ᠨᠠᠶᠢᠳᠠᠪᠤᠷᠢᠵᠢᠭᠤᠯᠬᠤ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠬᠦ᠂ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠳᠥᠷᠪᠡᠨ ᠵᠦᠢᠯ ᠤᠨ ᠠᠷᠭ᠎ᠠ ᠮᠠᠶ᠋ᠢᠭ ᠢ ᠠᠪᠴᠤ᠂ 26 ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠤᠨ ︽ᠭᠡᠷᠡᠴᠢ ᠪᠠ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠪᠡᠶᠡᠯᠡᠭᠦᠯᠪᠡ᠃ ᠬᠢᠨᠠᠨ ᠵᠦᠪᠰᠢᠶᠡᠷᠡᠬᠦ ᠶᠢ ᠳᠠᠩᠰᠠᠯᠠᠬᠤ ᠪᠠᠷ ᠥᠭᠡᠷᠡᠴᠢᠯᠡᠬᠦ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠦᠴᠦᠨ ᠦᠭᠡᠢ ᠪᠣᠯᠭᠠᠭᠰᠠᠨ ᠬᠢᠨᠠᠨ ᠵᠥᠪᠰᠢᠶᠡᠷᠡᠬᠦ ᠵᠦᠢᠯᠡᠰ ᠲᠤ᠂ ᠪᠢᠴᠢᠭ ᠮᠠᠲ᠋ᠧᠷᠢᠶᠠᠯ ᠪᠠᠭᠤᠯᠭᠠᠬᠤ ᠳᠤ ᠪᠠᠨ ᠵᠠᠰᠠᠭ ᠵᠠᠬᠢᠷᠭᠠᠨ ᠤ ᠵᠥᠪᠰᠢᠶᠡᠷᠡᠯ ᠢ ᠳᠠᠭᠢᠵᠤ ᠬᠡᠷᠡᠭᠵᠢᠭᠦᠯᠵᠦ ᠪᠣᠯᠬᠤ ᠦᠭᠡᠢ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠠᠤᠯᠢ ᠬᠡᠷᠡᠭᠵᠢᠭᠦᠯᠦᠯᠲᠡ ᠵᠢᠴᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠷᠭ᠎ᠠ ᠮᠠᠶ᠋ᠢᠭ ᠢ ᠠᠪᠴᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠯᠲᠡ ᠶᠢ ᠵᠢᠷᠤᠮᠵᠢᠭᠤᠯᠤᠨ᠂ ᠡᠷᠬᠡ ᠬᠠᠷᠢᠭᠤᠴᠠᠯᠭ᠎ᠠ ᠨᠢ ᠨᠢᠭᠡᠳᠦᠯᠲᠡᠢ ᠪᠠᠷᠢᠮᠵᠢᠶᠠᠵᠢᠭᠰᠠᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ 2022-12-21 14᠄ 39᠄ 33     ᠬᠥᠲᠥᠯᠥᠭᠴᠢ᠄      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠬᠡᠷᠡᠭ ᠶᠠᠪᠤᠳᠠᠯ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ︾ ᠶᠢ ᠠᠬᠢᠭᠤᠯᠬᠤ ᠠᠵᠢᠯ ᠤᠨ ᠳᠤᠮᠳᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠶᠠᠮᠠᠷ ᠶᠠᠮᠠᠷ ᠠᠵᠢᠯ ᠬᠢᠭᠰᠡᠨ ᠪᠣᠶ︖ ᠬᠡᠷᠬᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ ᠡᠲᠡᠭᠡᠷ ᠠᠵᠢᠯ ᠢ ᠪᠤᠲᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠭᠰᠠᠨ ᠪᠣᠶ︖ 2022-12-21 14᠄ 40᠄ 25      ᠡᠷᠬᠢᠮ ᠵᠣᠴᠢᠨ᠄ ᠰᠢᠤᠸᠠᠨ ᠳ᠋ᠧᠩ ᠳ᠋ᠢᠶᠠᠨ      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠᠷ ᠭᠦᠢᠴᠡᠳᠭᠡᠬᠦ ᠪᠣᠯᠪᠠᠰᠤᠷᠠᠯᠲᠠ ᠶᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠨᠢᠭᠡ ᠯᠡ ᠤᠳᠠᠭ᠎ᠠ ᠳᠤ ᠭᠦᠢᠴᠡᠳᠬᠡᠨ ᠳᠠᠭᠤᠰᠬᠠᠵᠤ ᠳᠡᠶᠢᠯᠬᠦ᠂ ᠪᠥᠬᠦ ᠶᠠᠪᠤᠴᠠ ᠶᠢ ᠨᠢᠭᠡ ᠴᠣᠭᠴᠠᠵᠢᠭᠤᠯᠤᠭᠰᠠᠨ ᠲᠠᠪᠴᠠᠩ ᠳᠤ ᠭᠦᠢᠴᠡᠳᠬᠡᠬᠦ ᠵᠦᠢᠯᠡᠰ ᠢ ᠰᠢᠯᠢᠳᠡᠭᠵᠢᠭᠦᠯᠪᠡ᠃ ᠡᠨᠡ ᠵᠢᠯ ᠤᠨ 11 ᠳ᠋ᠦ᠋ᠭᠡᠷ ᠰᠠᠷ᠎ᠠ ᠪᠣᠯᠲᠠᠯ᠎ᠠ᠂ ᠲᠢᠩᠬᠢᠮ ᠤᠨ ᠲᠣᠰ ᠱᠠᠲᠤᠨ ᠤ ᠵᠦᠢᠯᠡᠰ ᠤᠨ ᠳᠠᠷᠤᠢ ᠭᠦᠢᠴᠡᠳᠬᠡᠬᠦ ᠵᠦᠢᠯ ᠤᠨ ᠬᠠᠷᠢᠴᠠᠯ ᠵᠢᠯ ᠤᠨ ᠡᠬᠢᠨ ᠳᠤ 23% ᠪᠠᠶᠢᠭᠰᠠᠨ   ᠠᠴᠠ ᠪᠠᠨ ᠳᠡᠭᠡᠭᠰᠢᠯᠡᠭᠡᠳ 35% ᠪᠣᠯᠵᠤ᠂ ᠪᠥᠬᠦ ᠣᠷᠣᠨ ᠤ ᠳᠤᠮᠳᠠᠴᠢ ᠬᠡᠮᠵᠢᠭᠳᠡᠯ ᠠᠴᠠ 11 ᠵᠠᠭᠤᠨ ᠤ ᠨᠢᠭᠡᠴᠢ ᠥᠨᠳᠥᠷ ᠪᠣᠯᠪᠠ︔ ᠡᠭᠦᠨ ᠤ ᠬᠠᠮᠲᠤ᠂ ᠪᠥᠬᠦ ᠶᠠᠪᠤᠴᠠ ᠶᠢᠨ ᠰᠦᠯᠵᠢᠶ᠎ᠡ ᠪᠠᠷ ᠭᠦᠢᠴᠡᠳᠭᠡᠬᠦ ᠬᠠᠷᠢᠴᠠᠯ 80% ᠪᠠᠶᠢᠭᠰᠠᠨ ᠠᠴᠠ ᠪᠠᠨ ᠳᠡᠭᠡᠭᠰᠢᠯᠡᠭᠡᠳ 87% ᠪᠣᠯᠵᠤ᠂ ᠪᠥᠬᠦ ᠣᠷᠣᠨ ᠤ ᠳᠤᠮᠳᠠᠴᠢ ᠬᠡᠮᠵᠢᠭᠳᠡᠯ ᠠᠴᠠ 22 ᠵᠠᠭᠤᠨ ᠤ ᠨᠢᠭᠡᠴᠢ ᠥᠨᠳᠥᠷ ᠪᠣᠯᠪᠠ᠃ ᠡᠭᠦᠨ ᠤ ᠬᠠᠮᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠤᠲᠠᠭᠳᠠᠯ ᠢ ᠠᠭᠤᠴᠢᠯᠠᠨ ᠰᠢᠢᠳᠪᠦᠷᠢᠯᠡᠬᠦ ᠪᠠ ᠮᠡᠳᠡᠭᠳᠡᠬᠦ ᠠᠮᠠᠯᠠᠯᠲᠠ ᠶᠢᠨ ᠳᠦᠷᠢᠮ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠣᠳᠣᠬᠠᠨ ᠳᠤ ᠨᠡᠶᠢᠲᠡ 12 ᠵᠦᠢᠯ ᠤᠨ ᠵᠦᠢᠯᠡᠰ ᠲᠤ ᠳᠤᠲᠠᠭᠳᠠᠯ ᠢ ᠠᠭᠤᠴᠢᠯᠠᠨ ᠰᠢᠢᠳᠪᠦᠷᠢᠯᠡᠬᠦ ᠪᠠ ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠪᠡ᠃ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠢᠶᠠᠨ ᠨᠥᠬᠦᠵᠦ ᠲᠤᠰᠢᠶᠠᠭᠰᠠᠨ ᠦᠭᠡᠢ᠂ ᠬᠤᠳᠠᠯ ᠬᠠᠭᠤᠷᠮᠠᠭ ᠢᠶᠠᠷ ᠠᠮᠠᠯᠠᠭᠰᠠᠨ ᠪᠤᠶᠤ ᠵᠥᠪᠰᠢᠶᠡᠷᠡᠨ ᠣᠷᠣᠭᠤᠯᠤᠭᠰᠠᠨ ᠤ ᠳᠠᠷᠠᠭ᠎ᠠ ᠬᠠᠤᠯᠢ ᠠᠴᠠ ᠵᠥᠷᠢᠴᠡᠨ ᠡᠵᠡᠩᠨᠡᠭᠰᠡᠨ ᠵᠡᠷᠭᠡ ᠦᠶᠯᠡ ᠠᠵᠢᠯᠯᠠᠭ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠢ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠶᠢᠨ ᠬᠠᠮᠤᠷᠬᠤ ᠬᠡᠪᠴᠢᠶ᠎ᠡ ᠶᠢ ᠨᠡᠮᠡᠭᠳᠡᠭᠦᠯᠬᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠠᠤᠯᠢ ᠬᠡᠷᠡᠭᠵᠢᠭᠦᠯᠦᠯᠲᠡ ᠶᠢ ᠥᠷᠨᠢᠭᠦᠯᠬᠦ᠂ ᠢᠲᠡᠭᠡᠮᠵᠢ ᠶᠢᠨ ᠵᠠᠯᠬᠠᠭᠠᠯ ᠢ ᠬᠡᠷᠡᠭᠵᠢᠭᠦᠯᠬᠦ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠦᠨᠳᠦᠰᠦᠯᠡᠨ ᠬᠦᠨᠳᠦ ᠪᠠᠷ ᠰᠢᠢᠳᠭᠡᠬᠦ ᠵᠡᠷᠭᠡ ᠠᠷᠭ᠎ᠠ ᠮᠠᠶ᠋ᠢᠭ ᠢ ᠠᠪᠴᠤ ᠂ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃2022-12-21 14᠄ 41᠄ 03      ᠬᠥᠲᠥᠯᠥᠭᠴᠢ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠥᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ ᠵᠢᠴᠢ ᠨᠡᠮᠡᠭᠳᠡᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠪᠠᠲᠤᠯᠠᠬᠤ ᠠᠵᠢᠯ ᠤᠨ ᠱᠠᠭᠠᠷᠳᠠᠯᠭ᠎ᠠ ᠶᠢ ᠬᠡᠷᠬᠢᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠬᠠᠮᠢᠶᠠᠷᠤᠯᠲᠠ ᠢ ᠴᠢᠩᠭᠠᠳᠬᠠᠬᠤ ᠪᠠᠷ ᠳᠠᠮᠵᠢᠭᠤᠯᠤᠨ ᠡᠲᠡᠭᠡᠷ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠪᠦᠲᠦᠮᠵᠢᠲᠡᠶ ᠬᠡᠷᠡᠭᠵᠢᠭᠦᠯᠬᠦ ᠶᠢ ᠦᠨᠡᠨ ᠬᠦ ᠪᠠᠲᠤᠯᠠᠭᠰᠠᠨ ᠪᠣᠶ︖ 2022-12-21 14᠄ 43᠄ 42      ᠡᠷᠬᠢᠮ ᠵᠣᠴᠢᠨ᠄ ᠰᠢᠤᠸᠠᠨ ᠳ᠋ᠧᠩ ᠳ᠋ᠢᠶᠠᠨ      ᠪᠥᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠴᠢᠩᠭᠠᠳᠬᠠᠬᠤ ᠵᠢᠴᠢ ᠨᠡᠮᠡᠭᠳᠡᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠪᠠᠲᠤᠯᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠪᠢᠴᠢᠭ ᠮᠠᠲ᠋ᠧᠷᠢᠶᠠᠯ ᠢ ᠳᠣᠷᠣᠭᠰᠢ ᠲᠠᠷᠬᠠᠭᠠᠭᠰᠠᠨ ᠤ ᠳᠠᠷᠠᠭ᠎ᠠ᠂ ᠮᠠᠨ ᠤ ᠲᠢᠩᠬᠢᠮ ᠪᠥᠬᠦ ᠰᠢᠰᠲ᠋ᠧᠮ ᠢ ᠵᠣᠬᠢᠶᠠᠨ ᠪᠠᠶᠢᠭᠤᠯᠤᠨ ᠬᠠᠮᠢᠶ᠎ᠠ ᠪᠦᠬᠦᠢ ᠲᠣᠭᠲᠠᠭᠠᠯ ᠳᠤ ᠥᠯᠥ ᠨᠡᠶᠢᠴᠡᠬᠦ ᠲᠥᠷᠥ ᠶᠢᠨ ᠪᠣᠳᠣᠯᠭ᠎ᠠ ᠪᠠ ᠠᠷᠭ᠎ᠠ ᠪᠠᠷᠢᠯ ᠢ ᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠬᠠᠮᠢᠶ᠎ᠠ ᠪᠦᠬᠦᠢ ᠲᠣᠭᠲᠠᠭᠠᠯ ᠢ ᠵᠥᠷᠢᠴᠡᠭᠰᠡᠨ ᠪᠢᠴᠢᠭ ᠮᠠᠲ᠋ᠧᠷᠢᠶᠠᠯ ᠵᠢᠴᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ᠂ ᠵᠠᠰᠠᠭ ᠵᠠᠬᠢᠷᠭᠠᠨ ᠤ ᠵᠥᠪᠰᠢᠶᠡᠷᠡᠯ᠂ ᠲᠣᠭᠲᠠᠭᠠᠯ ᠢ ᠢᠯᠭᠠᠷᠠᠭᠤᠯᠤᠨ ᠰᠢᠢᠳᠪᠦᠷᠢᠯᠡᠪᠡ᠃ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ᠂ ᠭᠤᠣᠯᠴᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠠᠵᠢᠯ ᠤᠨ ᠳᠤᠮᠳᠠ᠂ ᠡᠯ᠎ᠡ ᠲᠦᠷᠦᠯ ᠤᠨ ᠪᠢᠴᠢᠭ ᠮᠠᠲ᠋ᠧᠷᠢᠶᠠᠯ ᠳᠤ ᠬᠠᠤᠯᠢ ᠶᠢ ᠵᠥᠷᠢᠴᠡᠨ ᠵᠥᠪᠰᠢᠶᠡᠷᠡᠯ᠂ ᠰᠢᠢᠳᠭᠡᠯ ᠢ ᠲᠣᠭᠲᠠᠭᠠᠬᠤ᠂ ᠣᠷᠣᠨ ᠨᠤᠲᠤᠭ ᠤᠨ ᠬᠠᠮᠠᠭᠠᠯᠠᠯᠲᠠ᠂ ᠠᠵᠢᠯ ᠲᠦᠷᠦᠯ ᠤᠨ ᠪᠠᠬᠢᠯᠡᠯᠲᠡ ᠶᠢ ᠨᠡᠮᠡᠭᠳᠡᠭᠦᠯᠬᠦ᠂ ᠠᠵᠤ ᠠᠬᠤᠶᠢᠯᠠᠯ ᠤᠨ ᠥᠮᠴᠢᠯᠡᠯ ᠤᠨ ᠰᠢᠨᠵᠢ ᠴᠢᠨᠠᠷ ᠢ ᠢᠯᠭᠠᠬᠤ ᠵᠡᠷᠭᠡ ᠠᠭᠤᠯᠭ᠎ᠠ ᠪᠠᠶᠢᠬᠤ ᠡᠰᠡᠬᠦ ᠶᠢ ᠭᠤᠣᠯᠳᠠᠯᠭ᠎ᠠ ᠲᠠᠢ ᠬᠢᠨᠠᠨ ᠬᠠᠷᠭᠤᠭᠤᠯᠵᠤ᠂ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠲᠥᠪ ᠬᠤᠷᠢᠶᠠᠨ ᠤ ᠵᠣᠷᠢᠭ ᠰᠠᠨᠠᠭ᠎ᠠ ᠪᠠ ᠲᠣᠭᠲᠠᠭᠠᠯ ᠳᠤ ᠨᠡᠶᠢᠴᠡᠬᠦ ᠶᠢ ᠦᠨᠡᠨ ᠬᠦ ᠪᠠᠲᠤᠯᠠᠪᠠ᠃ ᠲᠤᠰᠬᠠᠢ ᠠᠵᠢᠯᠯᠠᠭ᠎ᠠ ᠳᠤ ᠨᠡᠶᠢᠲᠡ 300 ᠭᠠᠷᠤᠢ ᠬᠤᠪᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠦᠨᠡᠯᠡᠨ ᠪᠠᠶᠢᠴᠠᠭᠠᠵᠤ᠂ ᠬᠠᠤᠯᠢ ᠶᠢ ᠵᠥᠷᠢᠴᠡᠨ ᠠᠵᠤ ᠠᠬᠤᠶᠢᠯᠠᠯ ᠪᠠ ᠣᠯᠠᠨ ᠲᠦᠮᠡᠨ ᠤ ᠡᠭᠦᠷᠭᠡ ᠶᠢ ᠬᠦᠨᠳᠦᠷᠡᠭᠦᠯᠦᠭᠰᠡᠨ᠂ ᠨᠢᠭᠡᠨᠲᠡ ᠵᠥᠪᠰᠢᠶᠡᠷᠡᠯ ᠢ   ᠨᠢ ᠬᠦᠴᠦᠨ ᠦᠭᠡᠢ ᠪᠣᠯᠭᠠᠭᠰᠠᠨ ᠪᠤᠶᠤ ᠵᠥᠪᠰᠢᠶᠡᠷᠡᠯ ᠢ ᠳᠠᠩᠰᠠᠯᠠᠬᠤ ᠪᠠᠷ ᠦᠭᠡᠷᠡᠴᠢᠯᠡᠭᠰᠡᠨ ᠵᠦᠢᠯᠡᠰ ᠢ ᠮᠥᠨ ᠬᠦ ᠵᠦᠪᠰᠢᠶᠡᠷᠡᠯ ᠬᠢᠬᠦ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠦᠨᠡᠯᠡᠨ ᠪᠠᠶᠢᠴᠠᠭᠠᠵᠤ᠂ ᠬᠠᠤᠯᠢ ᠶᠢ ᠵᠥᠷᠢᠴᠡᠨ ᠬᠡᠷᠡᠭᠵᠢᠭᠦᠯᠦᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠢ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠲᠠᠷᠠᠭᠠᠴᠢ ᠶᠢᠨ ᠵᠦᠢᠯᠡᠰ ᠢ ᠲᠣᠬᠢᠲᠠᠢ ᠰᠢᠢᠳᠪᠦᠷᠢᠯᠡᠪᠡ᠃ 2022-12-21 14᠄ 44᠄ 36     ᠬᠥᠲᠥᠯᠥᠭᠴᠢ᠄      ᠳᠤᠲᠠᠭᠳᠠᠯ ᠢ ᠠᠭᠤᠴᠢᠯᠠᠨ ᠰᠢᠢᠳᠪᠦᠷᠢᠯᠡᠬᠦ᠂ ᠮᠡᠳᠡᠭᠳᠡᠬᠦ ᠠᠮᠠᠯᠠᠯᠲᠠ ᠶᠢᠨ ᠲᠠᠯ᠎ᠠ ᠪᠠᠷ᠂ ᠥᠪᠥᠷ ᠮᠣᠩᠭᠤᠯ ᠠᠴᠠ ᠪᠦᠷ ᠶᠠᠮᠠᠷ ᠶᠠᠮᠠᠷ ᠠᠵᠢᠯ ᠬᠢᠵᠦ᠂ ᠶᠠᠮᠠᠷ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠳᠤᠲᠠᠭᠳᠠᠯ ᠢ ᠠᠭᠤᠴᠢᠯᠠᠬᠤ᠂ ᠠᠮᠠᠯᠠᠯᠲᠠ ᠶᠢᠨ ᠵᠦᠢᠯᠡᠰ ᠤᠨ ᠦᠨᠡᠨ ᠪᠣᠳᠠᠲᠤ ᠴᠢᠨᠠᠷ   ᠢ ᠦᠨᠡᠨ ᠬᠦ ᠪᠠᠲᠤᠯᠠᠭᠰᠠᠨ ᠪᠣᠶ︖ 2022-12-21 14᠄ 45᠄ 20      ᠡᠷᠬᠢᠮ ᠵᠣᠴᠢᠨ᠄ ᠰᠢᠤᠸᠠᠨ ᠳ᠋ᠧᠩ ᠳ᠋ᠢᠶᠠᠨ      ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠢᠳᠡ ︽ᠵᠠᠰᠠᠮᠠᠯ ᠵᠠᠮ ᠤᠨ ᠵᠠᠮ ᠳᠤ ᠬᠤᠯᠪᠣᠭᠳᠠᠬᠤ ᠪᠠᠷᠢᠯᠭ᠎ᠠ ᠶᠢᠨ ᠠᠵᠢᠯ ᠢ ᠰᠢᠯᠭᠠᠨ ᠠᠪᠬᠤ︾ ᠵᠡᠷᠭᠡ 7 ᠵᠦᠢᠯ ᠤᠨ ᠵᠦᠢᠯᠡᠰ ᠢ ᠰᠣᠩᠭᠤᠨ ᠠᠪᠴᠤ ᠲᠤᠲᠠᠭᠲᠠᠯ ᠢ ᠠᠭᠤᠴᠢᠯᠠᠨ ᠰᠢᠢᠳᠪᠦᠷᠢᠯᠡᠬᠦ ᠶᠢ ᠬᠡᠷᠡᠭᠵᠢᠭᠦᠯᠵᠦ᠂ ︽ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠢ ᠶᠢᠨ ᠬᠢᠷᠢ ᠬᠡᠮ ᠢ ᠬᠢᠨᠠᠨ ᠵᠥᠪᠰᠢᠶᠡᠷᠡᠬᠦ︾ ᠵᠡᠷᠭᠡ 5 ᠵᠦᠢᠯ ᠤᠨ ᠵᠦᠢᠯᠡᠰ ᠲᠤ ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠪᠡ᠃ ᠬᠡᠰᠡᠭ ᠵᠠᠩᠭᠢᠯᠠᠭ᠎ᠠ ᠶᠢᠨ ᠪᠤᠰᠤ ᠮᠠᠲ᠋ᠧᠷᠢᠶᠠᠯ ᠢ ᠠᠮᠠᠯᠳᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠰᠢᠶᠠᠬᠤ ᠠᠴᠠ ᠬᠡᠯᠲᠦᠷᠢᠭᠦᠯᠵᠦ᠂ ᠠᠵᠤ ᠠᠬᠤᠶᠢᠯᠠᠯ ᠤᠨ ᠤᠯᠠᠨ ᠲᠦᠮᠡᠨ ᠤ ᠲᠤᠰᠢᠶᠠᠬᠤ ᠭᠤᠶᠤᠴᠢᠯᠠᠯ ᠤᠨ ᠮᠠᠲ᠋ᠧᠷᠢᠶᠠᠯ ᠤᠨ ᠲᠤᠭ᠎ᠠ ᠬᠡᠮᠵᠢᠶ᠎ᠡ ᠪᠠ ᠭᠦᠶᠦᠯᠲᠡ ᠶᠢᠨ ᠲᠤᠭ᠎ᠠ ᠶᠢ ᠪᠠᠭᠠᠰᠬᠠᠵᠤ᠂ ᠭᠦᠢᠴᠡᠳᠬᠡᠬᠦ ᠦᠨᠡᠮᠯᠡᠯ ᠨᠢ ᠤᠯᠠᠨ᠂ ᠮᠠᠲ᠋ᠧᠷᠢᠶᠠᠯ ᠨᠢ ᠤᠯᠠᠨ᠂ ᠭᠦᠶᠦᠬᠦ ᠨᠢ ᠤᠯᠠᠨ᠂ ᠤᠴᠢᠷ ᠶᠠᠪᠤᠳᠠᠯ ᠪᠦᠲᠦᠭᠡᠬᠦ ᠳᠤ ᠬᠦᠴᠢᠷ ᠵᠡᠷᠭᠡ ᠠᠰᠠᠭᠤᠳᠠᠯ ᠢ ᠰᠢᠢᠳᠪᠦᠷᠢᠯᠡᠪᠡ᠃ ᠡᠭᠦᠨ ᠤ ᠬᠠᠮᠲᠤ᠂ ᠠᠵᠢᠯ ᠤᠨ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠨ᠂ ᠠᠵᠤ ᠠᠬᠤᠶᠢᠯᠠᠯ ᠢ ᠵᠣᠪᠠᠭᠠᠵᠤ ᠠᠷᠠᠳ ᠢ ᠦᠶᠮᠡᠭᠦᠯᠬᠦ ᠠᠴᠠ ᠵᠠᠶᠢᠯᠠᠰᠬᠢᠵᠦ᠂ ︽ᠬᠤᠶᠠᠷ ᠢ ᠰᠤᠭᠤᠴᠢᠵᠤ  ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾᠂ ︽ᠢᠲᠡᠭᠡᠮᠵᠢ ᠶᠢᠨ ᠬᠢᠨᠠᠯᠲᠠ ᠬᠠᠮᠢᠶᠠᠷᠤᠯᠲᠠ︾ ᠵᠡᠷᠭᠡ ᠠᠷᠭ᠎ᠠ ᠮᠠᠶ᠋ᠢᠭ ᠢ ᠭᠦᠢᠴᠡᠳ ᠬᠡᠷᠡᠭᠯᠡᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠪᠡ᠃ ᠬᠠᠷᠭᠤᠭᠤᠯᠤᠨ ᠪᠠᠶᠢᠴᠠᠭᠠᠬᠤ ᠪᠤᠶᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠬᠤᠳᠠᠯ ᠬᠠᠭᠤᠷᠮᠠᠭ ᠢᠶᠠᠷ ᠠᠮᠠᠯᠠᠭᠰᠠᠨ ᠪᠠᠶᠢᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠬᠠᠤᠯᠢ ᠶᠣᠰᠣᠭᠠᠷ ᠭᠦᠢᠴᠡᠳᠬᠡᠬᠦ ᠪᠠᠨ ᠵᠣᠭᠰᠣᠭᠠᠵᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠂ ᠵᠠᠰᠠᠭ ᠵᠠᠬᠢᠷᠭᠠᠨ ᠤ ᠲᠣᠭᠲᠠᠭᠠᠯ ᠢ ᠬᠦᠴᠦᠨ ᠦᠭᠡᠢ ᠪᠣᠯᠭᠠᠵᠤ᠂ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠨᠥᠬᠦᠴᠡᠯ ᠳᠤ ᠨᠡᠶᠢᠴᠡᠭᠰᠡᠨ ᠪᠠᠶᠢᠪᠠᠯ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠥᠭᠴᠦ᠂ ᠢᠲᠡᠭᠡᠮᠵᠢ ᠶᠢᠨ ᠲᠡᠮᠳᠡᠭᠯᠡᠯ ᠳᠤ ᠣᠷᠤᠭᠤᠯᠪᠠ᠃ 2022-12-21 14᠄ 46᠄ 05      ᠬᠥᠲᠥᠯᠥᠭᠴᠢ᠄      ᠨᠢᠳᠤᠨᠤᠨ ᠤ 6 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽︿ᠭᠡᠷᠡᠴᠢ ᠪᠠ ᠦᠨᠡᠮᠯᠡᠯ ᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠮᠡᠳᠡᠭᠳᠡᠯ︾ ᠢ ᠨᠡᠶᠢᠲᠡᠯᠡᠪᠡ᠃ ᠮᠠᠨ ᠤ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠤᠨ ᠵᠥᠪᠰᠢᠶᠡᠷᠡᠯ ᠤᠨ ᠵᠦᠢᠯᠡᠰ ᠤᠨ ᠲᠠᠯ᠎ᠠ ᠪᠠᠷ ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠦᠨᠡᠮᠯᠡᠯ ᠠᠪᠤᠭᠰᠠᠨ ᠤ ᠳᠠᠷᠠᠭ᠎ᠠ ᠭᠡᠷᠡᠴᠢ ᠶᠢ ᠬᠠᠰᠤᠬᠤ ᠪᠠ ᠬᠢᠨᠠᠨ ᠵᠥᠪᠰᠢᠶᠡᠷᠡᠬᠦ ᠶᠢ ᠳᠥᠭᠦᠮᠴᠢᠯᠡᠬᠦ ᠵᠡᠷᠭᠡ ᠲᠠᠯ᠎ᠠ ᠪᠠᠷ ᠮᠠᠰᠢ ᠲᠥᠯᠥᠭᠡᠯᠡᠬᠦ ᠴᠢᠨᠠᠷᠲᠠᠢ ᠪᠠᠶᠢᠳᠠᠭ᠂ ᠲᠠ ᠲᠣᠪᠴᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖ 2022-12-21 14᠄ 48᠄ 45      ᠡᠷᠬᠢᠮ ᠵᠣᠴᠢᠨ᠄ ᠰᠢᠤᠸᠠᠨ ᠳ᠋ᠧᠩ ᠳ᠋ᠢᠶᠠᠨ      ︽ᠭᠡᠷᠡᠴᠢ ᠪᠠ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ︽︿ᠭᠡᠷᠡᠴᠢ ᠪᠠ ᠦᠨᠡᠮᠯᠡᠯ ᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ᠤᠨ ᠱᠠᠭᠠᠷᠳᠠᠯᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠢᠳᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠵᠢᠴᠢ ︽ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠢ ᠦᠨᠳᠦᠰᠦᠯᠡᠨ᠂ ︽ᠵᠠᠰᠠᠮᠠᠯ ᠵᠠᠮ ᠤᠨ ᠢᠨᠵᠧᠨᠧᠷᠢᠩ ᠤᠨ ᠬᠥᠬᠡᠭᠴᠢᠨ ᠲᠠᠰ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ᠂ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠬᠥᠬᠡᠭᠴᠢᠨ ᠲᠠᠰ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ᠂ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠮᠠᠰᠢᠨ ᠴᠠᠬᠢᠯᠭᠠᠨ ᠤ ᠲᠤᠰᠬᠠᠢ ᠵᠦᠢᠯ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ︾ ᠵᠡᠷᠭᠡ 3 ᠵᠦᠢᠯ ᠤᠨ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠳᠤ ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠪᠡ᠃ ᠣᠳᠣᠬᠠᠨ ᠳᠤ᠂ ᠮᠡᠳᠡᠭᠳᠡᠬᠦ ᠠᠮᠠᠯᠠᠯᠲᠠ ᠶᠢ ᠭᠦᠢᠴᠡᠳᠬᠡᠬᠦ ᠵᠦᠭᠯᠡᠭᠦᠷ ᠢ ᠨᠢᠭᠡᠨᠲᠡ ᠨᠠᠶᠢᠷᠠᠭᠤᠯᠤᠨ ᠵᠣᠬᠢᠶᠠᠵᠤ ᠳᠠᠭᠤᠰᠬᠠᠭᠰᠠᠨ ᠪᠥᠭᠡᠳ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠬᠤ ᠠᠵᠢᠯ᠂ ᠲᠤᠰᠬᠠᠢ ᠮᠡᠷᠭᠡᠵᠢᠯᠲᠡᠨ ᠤ ᠨᠤᠲᠠᠯᠠᠯᠲᠠ ᠪᠠ ᠲᠦᠭᠰᠢᠭᠦᠷᠢ ᠶᠢᠨ ᠵᠢᠱᠢᠯᠲᠡ ᠵᠢᠴᠢ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠨᠢᠭᠡᠨᠲᠡ ᠪᠡᠶᠡᠯᠡᠭᠦᠯᠵᠦ᠂ ᠣᠶᠢᠷ᠎ᠠ ᠶᠢᠨ ᠬᠤᠭᠤᠴᠠᠭᠠᠨ ᠳᠤ ᠵᠢᠩᠬᠢᠨᠢ ᠪᠠᠷ ᠨᠡᠶᠢᠲᠡᠯᠡᠬᠦ ᠪᠠᠷ ᠪᠣᠶ᠃ ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠬᠦ ᠨᠢ᠂ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠤᠨ ᠵᠥᠪᠰᠢᠶᠡᠷᠡᠯ ᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ 2022-12-21 14᠄ 49᠄ 24      ᠬᠥᠲᠥᠯᠥᠭᠴᠢ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠷᠢᠭᠤᠴᠠᠨ ᠭᠦᠢᠴᠡᠳᠬᠡᠬᠦ ᠲᠣᠮᠣ ᠵᠦᠢᠯ ᠤᠨ ᠲᠡᠭᠡᠭᠡᠪᠦᠷᠢ ᠶᠢᠨ ᠵᠥᠪᠰᠢᠶᠡᠷᠡᠯ ᠨᠢ ᠪᠠᠷᠠᠭᠠᠨ ᠤ ᠭᠦᠢᠯᠭᠡᠭᠡᠨ ᠤ ᠵᠠᠬ᠎ᠠ ᠳᠡᠯᠭᠡᠭᠦᠷ ᠲᠠᠢ ᠨᠢᠭᠲᠠ ᠬᠤᠯᠪᠣᠭ᠎ᠠ ᠲᠠᠢ ᠪᠠᠶᠢᠵᠤ᠂ ᠭᠦᠢᠴᠡᠳᠭᠡᠬᠦ ᠬᠡᠮᠵᠢᠶ᠎ᠡ ᠨᠢ ᠶᠡᠭᠡ᠂ ᠣᠯᠠᠨ ᠲᠦᠮᠡᠨ ᠤ ᠠᠩᠬᠠᠷᠤᠯ ᠤᠨ ᠬᠡᠮᠵᠢᠶ᠎ᠡ ᠨᠢ ᠥᠨᠳᠥᠷ ᠪᠠᠶᠢᠳᠠᠭ᠂ ᠨᠢᠭᠡᠨ ᠰᠦᠯᠵᠢᠶᠡᠨ ᠤ ᠠᠨᠳᠠ ᠠᠰᠠᠭᠤᠭᠰᠠᠨ ᠨᠢ᠂ ᠲᠣᠮᠣ ᠵᠦᠢᠯ ᠤᠨ ᠲᠡᠭᠡᠭᠡᠪᠦᠷᠢ ᠶᠢᠨ ᠵᠥᠪᠰᠢᠶᠡᠷᠡᠯ ᠤᠨ ᠬᠢᠨᠠᠨ ᠬᠠᠮᠢᠶᠠᠷᠬᠤ ᠬᠢᠷᠢ ᠲᠦᠪᠰᠢᠨ ᠢ ᠬᠡᠷᠬᠢᠨ ᠳᠡᠭᠡᠭᠰᠢᠯᠡᠭᠦᠯᠦᠭᠰᠡᠨ ᠪᠣᠶ︖ 2022-12-21 14᠄ 5᠄  09      ᠡᠷᠬᠢᠮ ᠵᠣᠴᠢᠨ᠄ ᠰᠢᠤᠸᠠᠨ ᠳ᠋ᠧᠩ ᠳ᠋ᠢᠶᠠᠨ       ᠰᠦᠯᠵᠢᠶᠡᠨ ᠤ ᠠᠨᠳᠠ ᠤᠨ ᠠᠰᠠᠭᠤᠭᠰᠠᠨ ᠳᠤ ᠲᠠᠯᠠᠷᠬᠠᠵᠤ ᠪᠠᠶᠢᠨ᠎ᠠ᠂ ᠲᠣᠮᠣ ᠵᠦᠢᠯ ᠤᠨ ᠲᠡᠭᠡᠭᠡᠪᠦᠷᠢ ᠶᠢᠨ ᠵᠥᠪᠰᠢᠶᠡᠷᠡᠯ ᠢ ᠮᠤᠵᠢ ᠠᠯᠤᠰᠯᠠᠭᠰᠠᠨ ᠲᠡᠭᠡᠭᠡᠪᠦᠷᠢ ᠪᠠ ᠮᠤᠵᠢ ᠶᠢᠨ ᠳᠣᠲᠣᠭᠠᠳᠤ ᠶᠢᠨ ᠲᠡᠭᠡᠭᠡᠪᠦᠷᠢ ᠭᠡᠵᠦ ᠬᠤᠶᠠᠷ ᠬᠡᠰᠡᠭ ᠲᠤ ᠬᠤᠪᠢᠶᠠᠵᠤ᠂ ᠴᠥᠮ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ ᠶᠢ ᠪᠡᠶᠡᠯᠡᠭᠦᠯᠦᠭᠰᠡᠨ ᠪᠥᠭᠡᠳ 2017 ᠣᠨ ᠳᠤ ᠮᠤᠵᠢ ᠠᠯᠤᠰᠯᠠᠨ ᠨᠡᠶᠢᠳᠡᠮ ᠭᠦᠢᠴᠡᠳᠬᠡᠬᠦ᠂ ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ ᠶᠢ ᠪᠡᠶᠡᠯᠡᠭᠦᠯᠪᠡ᠃ ᠭᠤᠶᠤᠴᠢᠯᠠᠭᠴᠢ ᠨᠢ ᠰᠦᠯᠵᠢᠶᠡᠨ ᠳᠡᠭᠡᠷ᠎ᠡ ᠭᠤᠶᠤᠴᠢᠯᠠᠬᠤ᠂ ᠰᠦᠯᠵᠢᠶᠡᠨ ᠳᠡᠭᠡᠷ᠎ᠡ ᠮᠠᠲ᠋ᠧᠷᠢᠶᠠᠯ ᠲᠤᠰᠢᠶᠠᠬᠤ᠂ ᠰᠦᠯᠵᠢᠶᠡᠨ ᠳᠡᠭᠡᠷ᠎ᠡ ᠦᠨᠡᠮᠯᠡᠯ ᠭᠠᠷᠭᠠᠬᠤ᠂ ᠪᠥᠬᠦ ᠶᠠᠪᠤᠴᠠ ᠳᠤ ᠨᠢᠭᠤᠷ ᠵᠣᠯᠭᠠᠬᠤ ᠦᠭᠡᠢ ᠪᠠᠷ ᠬᠢᠨᠠᠨ ᠵᠥᠪᠰᠢᠶᠡᠷᠡᠭᠦᠯᠬᠦ ᠶᠢ ᠪᠡᠶᠡᠯᠡᠭᠦᠯᠪᠡ᠃ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠶᠢᠨ ᠰᠢᠰᠲ᠋ᠧᠮ ᠤᠨ ᠬᠠᠯᠬᠠᠪᠴᠢ ᠶᠢ ᠨᠠᠪᠲᠠᠷᠡᠭᠦᠯᠵᠦ᠂ ᠪᠥᠬᠦ ᠶᠠᠪᠤᠴᠠ ᠪᠠᠷ ᠰᠢᠰᠲ᠋ᠧᠮ ᠤᠨ ᠳᠣᠲᠣᠭᠠᠳᠤ ᠳᠤ ᠡᠷᠭᠢᠯᠳᠦᠭᠦᠯᠦᠨ᠂ ᠭᠦᠢᠴᠡᠳᠬᠡᠬᠦ ᠴᠠᠭ ᠤᠨ ᠬᠢᠵᠠᠭᠠᠷ ᠢ ᠶᠡᠭᠡ ᠪᠠᠷ ᠪᠠᠭᠠᠰᠬᠠᠨ᠂ ︽ᠭᠤᠷᠪᠠᠨ ᠲᠥᠷᠥᠯ︾ ᠤᠨ ᠲᠣᠮᠣ ᠵᠦᠢᠯ ᠤᠨ ᠲᠡᠭᠡᠭᠡᠪᠦᠷᠢ ᠶᠢ ᠬᠠᠮᠤᠭ ᠤᠨ ᠬᠤᠷᠳᠤᠨ ᠳᠤ ᠪᠠᠨ 3 ᠠᠵᠢᠯᠯᠠᠬᠤ ᠡᠳᠦᠷ ᠲᠤ ᠳᠠᠷᠤᠢ ᠭᠦᠢᠴᠡᠳᠬᠡᠵᠦ ᠳᠠᠭᠤᠰᠬᠠᠨ᠎ᠠ᠃ 2022 ᠣᠨ ᠳᠤ᠂ ᠨᠡᠶᠢᠲᠡ 17.5 ᠲᠦᠮᠡᠨ ᠲᠣᠮᠣ ᠵᠦᠢᠯ ᠤᠨ ᠲᠡᠭᠡᠭᠡᠪᠦᠷᠢ ᠶᠢᠨ ᠵᠥᠪᠰᠢᠶᠡᠷᠡᠯ ᠢ ᠭᠦᠢᠴᠡᠳᠬᠡᠵᠦ᠂ ︽ᠰᠠᠶᠢᠨ ᠮᠠᠭᠤ ᠶᠢᠨ ᠦᠨᠡᠯᠡᠯᠲᠡ︾ ᠶᠢᠨ ᠬᠠᠨᠤᠮᠵᠢ ᠶᠢᠨ ᠬᠡᠮᠵᠢᠶ᠎ᠡ ᠨᠢ 100% ᠳᠤ ᠬᠥᠷᠪᠡ᠃ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠯᠵᠢᠶ᠎ᠡ ᠪᠠᠷ ᠰᠦᠢᠳᠬᠡᠯ ᠬᠤᠷᠢᠶᠠᠬᠤ ᠰᠢᠰᠲ᠋ᠧᠮ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠠᠰᠢᠭᠯᠠᠨ ᠲᠣᠮᠣ ᠵᠦᠢᠯ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠪᠣᠳᠠᠲᠠᠢ ᠲᠡᠭᠡᠭᠡᠪᠦᠷᠢ ᠶᠢᠨ ᠦᠶᠯᠡ ᠠᠵᠢᠯᠯᠠᠭ᠎ᠠ ᠳᠤ ᠪᠠᠶᠢᠴᠠᠭᠠᠯᠲᠠ ᠬᠢᠵᠦ᠂ ᠲᠡᠷᠭᠡᠨ ᠦᠨᠡᠮᠯᠡᠯ ᠨᠢ ᠨᠡᠶᠢᠴᠡᠬᠦ ᠦᠭᠡᠢ᠂ ︽ᠣᠶᠢᠷ᠎ᠠ ᠵᠠᠮ ᠤᠨ ᠲᠡᠭᠡᠭᠡᠪᠦᠷᠢ ᠶᠢ ᠡᠷᠬᠢᠯᠡᠵᠦ ᠬᠤᠯᠠ ᠵᠠᠮ ᠤᠨ ᠲᠡᠭᠡᠭᠡᠪᠦᠷᠢ ᠶᠢ ᠭᠦᠶᠦᠬᠦ︾᠂ ︽ᠲᠣᠮᠣ ᠲᠡᠷᠭᠡᠨ ᠤ ᠵᠢᠵᠢᠭ ᠦᠨᠡᠮᠯᠡᠯ︾ ᠵᠡᠷᠭᠡ ᠲᠣᠮᠣ ᠵᠦᠢᠯ ᠤᠨ ᠲᠡᠭᠡᠭᠡᠪᠦᠷᠢ ᠶᠢᠨ ᠬᠠᠤᠯᠢ ᠠᠴᠠ ᠵᠥᠷᠢᠴᠡᠭᠰᠡᠨ ᠪᠠᠶᠢᠳᠠᠯ ᠳᠤ ᠴᠢᠩᠭ᠎ᠠ ᠴᠣᠬᠢᠯᠲᠠ ᠦᠭᠪᠡ᠃ ᠢᠲᠡᠭᠡᠮᠵᠢ ᠶᠢᠨ ᠠᠮᠠᠯᠠᠯᠲᠠ ᠪᠠ ᠵᠠᠯᠬᠠᠭᠠᠨ ᠴᠡᠭᠡᠷᠯᠡᠭᠦᠯᠬᠦ ᠠᠵᠢᠯ ᠢ ᠥᠷᠨᠢᠭᠦᠯᠵᠦ᠂ ᠨᠡᠶᠢᠲᠡ 59 ᠲᠡᠭᠡᠭᠡᠪᠦᠷᠢ ᠶᠢᠨ ᠦᠢᠯᠡᠰ ᠤᠨ ᠡᠷᠦᠬᠡ᠂ 157 ᠲᠡᠭᠡᠭᠡᠪᠦᠷᠢ ᠶᠢᠨ ᠲᠡᠷᠭᠡ ᠬᠥᠰᠬᠡ ᠶᠢ ᠬᠠᠷ᠎ᠠ ᠳᠠᠩᠰᠠ ᠳᠤ ᠵᠢᠭᠰᠠᠭᠠᠨ ᠣᠷᠣᠭᠤᠯᠵᠤ᠂ ᠲᠡᠭᠦᠨ ᠤ ᠬᠤᠶᠢᠰᠢᠳᠠ ᠶᠢᠨ ᠵᠥᠪᠰᠢᠶᠡᠷᠡᠯ᠂ ᠲᠡᠭᠡᠭᠡᠪᠦᠷᠢ ᠵᠡᠷᠭᠡ ᠶᠢ ᠭᠤᠣᠯᠳᠠᠯᠭ᠎ᠠ ᠲᠠᠢ ᠬᠢᠨᠠᠨ ᠬᠠᠮᠢᠶᠠᠷᠪᠠ᠃ 2022-12-21 14᠄ 52᠄ 48      ᠬᠥᠲᠥᠯᠥᠭᠴᠢ᠄      ᠪᠠᠰᠠ ᠨᠢᠭᠡ ᠰᠦᠯᠵᠢᠶᠡᠨ ᠤ ᠠᠨᠳᠠ ᠠᠰᠠᠭᠤᠭᠰᠠᠨ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠰᠦᠢᠳᠬᠡᠯ ᠬᠤᠷᠢᠶᠠᠬᠤ ᠥᠷᠲᠡᠭᠡ ᠪᠠᠶᠢᠭᠤᠯᠬᠤ ᠶᠢ ᠬᠢᠨᠠᠨ ᠬᠠᠷᠭᠤᠭᠤᠯᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ 2022-12-21 14᠄ 54᠄ 23     ᠡᠷᠬᠢᠮ ᠵᠣᠴᠢᠨ᠄ ᠰᠢᠤᠸᠠᠨ ᠳ᠋ᠧᠩ ᠳ᠋ᠢᠶᠠᠨ      ᠰᠦᠢᠳᠬᠡᠯ ᠬᠤᠷᠢᠶᠠᠬᠤ ᠥᠷᠲᠡᠭᠡ ᠪᠠᠶᠢᠭᠤᠯᠬᠤ ᠶᠢᠨ ᠬᠢᠨᠠᠨ ᠬᠠᠷᠭᠤᠭᠤᠯᠬᠤ ᠴᠤᠪᠤᠷᠠᠯ ᠢ ᠰᠢᠯᠢᠳᠡᠭᠵᠢᠭᠦᠯᠵᠦ᠂ ︽ᠳᠥᠷᠪᠡᠨ ᠤᠷᠢᠳᠴᠢᠯᠠᠬᠤ︾ ᠶᠢ ᠬᠡᠷᠡᠭᠯᠡᠨ ᠬᠢᠨᠠᠨ ᠬᠠᠷᠭᠤᠭᠤᠯᠬᠤ ᠭᠠᠷᠳᠠᠮ ᠢ ᠲᠦᠷᠭᠡᠳᠬᠡᠨ ᠭᠦᠢᠴᠡᠳᠭᠡᠪᠡ᠃ 2022 ᠣᠨ ᠳᠤ᠂ ︽ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡ ᠪᠠᠶᠢᠭᠤᠯᠬᠤ ᠶᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠲᠦᠷᠭᠡᠳᠬᠡᠨ ᠠᠬᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ︽ᠳᠥᠷᠪᠡᠨ ᠤᠷᠢᠳᠴᠢᠯᠠᠬᠤ︾ ᠲᠠᠰ ᠳᠠᠷᠠᠭᠠᠯᠠᠯ ᠤᠨ ᠶᠣᠰᠣᠭᠠᠷ᠂ ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡ ᠶᠢᠨ ᠮᠡᠳᠡᠭᠦᠯᠦᠨ ᠵᠥᠪᠰᠢᠶᠡᠷᠡᠭᠦᠯᠬᠦ ᠴᠤᠪᠤᠷᠠᠯ᠂ ᠮᠡᠳᠡᠭᠦᠯᠦᠨ ᠵᠥᠪᠰᠢᠶᠡᠷᠡᠭᠦᠯᠬᠦ ᠴᠢᠬᠤᠯᠠ ᠨᠥᠬᠦᠴᠡᠯ ᠢ ᠰᠢᠯᠢᠳᠡᠭᠵᠢᠭᠦᠯᠵᠦ᠂ ᠰᠢᠨ᠎ᠡ ᠪᠠᠷ ᠪᠠᠶᠢᠭᠤᠯᠬᠤ ᠰᠦᠢᠳᠬᠡᠯ ᠬᠤᠷᠢᠶᠠᠬᠤ ᠵᠠᠰᠠᠮᠠᠯ ᠵᠠᠮ ᠤᠨ ᠲᠥᠷᠥᠯ ᠵᠦᠢᠯ ᠢ ᠤᠷᠢᠳᠴᠢᠯᠠᠨ ᠮᠡᠳᠡᠭᠦᠯᠦᠨ ᠵᠥᠪᠰᠢᠶᠡᠷᠡᠭᠦᠯᠬᠦ᠂ ᠪᠠᠶᠢᠭᠤᠯᠵᠤ ᠳᠠᠭᠤᠰᠬᠠᠪᠠᠯ ᠳᠠᠷᠤᠢ ᠬᠡᠷᠡᠭᠯᠡᠬᠦ ᠶᠢ ᠠᠬᠢᠭᠤᠯᠪᠠ᠃ ᠥᠷᠲᠡᠭᠡ ᠪᠠᠶᠢᠭᠤᠯᠬᠤ ᠶᠢᠨ ᠮᠡᠳᠡᠭᠦᠯᠦᠨ ᠵᠥᠪᠰᠢᠶᠡᠷᠡᠭᠦᠯᠬᠦ ᠳᠤ ︽ᠤᠷᠢᠳᠴᠢᠯᠠᠨ ᠭᠦᠢᠴᠡᠳᠬᠡᠬᠦ︾ ᠶᠢ ᠬᠡᠷᠡᠭᠵᠢᠭᠦᠯᠵᠦ᠂ ᠢᠳᠡᠪᠬᠢ ᠪᠣᠰᠤ ᠮᠡᠳᠡᠭᠦᠯᠦᠨ ᠵᠥᠪᠰᠢᠶᠡᠷᠡᠭᠦᠯᠬᠦ ᠶᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠣᠯᠭᠠᠨ ᠬᠤᠪᠢᠷᠠᠭᠤᠯᠵᠤ᠂ ᠳᠠᠷᠤᠢ ᠲᠥᠷᠥᠯ ᠵᠦᠢᠯ ᠢ ᠠᠵᠢᠯ ᠳᠠᠭᠤᠰᠬᠠᠬᠤ ᠠᠴᠠ ᠡᠮᠦᠨ᠎ᠡ ᠠᠳᠠᠭ ᠲᠤ ᠪᠠᠨ 2 ᠰᠠᠷ᠎ᠠ᠂ ᠤᠷᠢᠳᠴᠢᠯᠠᠨ ᠮᠠᠲ᠋ᠧᠷᠢᠶᠠᠯ ᠢ ᠮᠡᠳᠡᠭᠦᠯᠦᠨ ᠵᠥᠪᠰᠢᠶᠡᠷᠡᠭᠦᠯᠵᠦ᠂ ᠤᠷᠢᠳᠴᠢᠯᠠᠨ ᠵᠣᠬᠢᠶᠠᠨ ᠪᠠᠶᠢᠭᠤᠯᠤᠨ ᠤᠷᠢᠳᠴᠢᠯᠠᠨ ᠬᠢᠨᠠᠵᠤ᠂ ᠬᠠᠶᠢᠨ ᠰᠢᠯᠭᠠᠯᠲᠠ ᠶᠢ ᠤᠷᠢᠳᠴᠢᠯᠠᠨ ᠥᠷᠨᠢᠭᠦᠯᠵᠦ᠂ ᠨᠥᠬᠦᠴᠡᠯ ᠪᠦᠷᠢᠳᠦᠭᠰᠡᠨ ᠤ ᠳᠠᠷᠠᠭ᠎ᠠ ᠤᠷᠢᠳᠴᠢᠯᠠᠨ ᠮᠡᠳᠡᠭᠦᠯᠦᠨ ᠵᠥᠪᠰᠢᠶᠡᠷᠡᠭᠦᠯᠵᠦ᠂ ᠵᠠᠰᠠᠮᠠᠯ ᠵᠠᠮ ᠢ ᠪᠠᠶᠢᠭᠤᠯᠵᠤ ᠳᠠᠭᠤᠰᠪᠠᠯ ᠳᠠᠷᠤᠢ ᠡᠵᠡᠩᠨᠡᠵᠦ᠂ ᠡᠵᠡᠩᠨᠡᠪᠡᠯ ᠳᠠᠷᠤᠢ ᠰᠦᠢᠳᠬᠡᠯ ᠬᠤᠷᠢᠶᠠᠬᠤ ᠶᠢ ᠪᠡᠶᠡᠯᠡᠭᠦᠯᠪᠡ᠃ ᠰᠢᠨ᠎ᠡ ᠪᠠᠷ ᠪᠠᠶᠢᠭᠤᠯᠬᠤ ᠰᠦᠢᠳᠬᠡᠯ ᠬᠤᠷᠢᠶᠠᠬᠤ ᠵᠠᠰᠠᠮᠠᠯ ᠵᠠᠮ ᠤᠨ ᠲᠥᠷᠥᠯ ᠵᠦᠢᠯ ᠢ ᠤᠷᠢᠳᠴᠢᠯᠠᠨ ᠮᠡᠳᠡᠭᠦᠯᠦᠨ ᠵᠥᠪᠰᠢᠶᠡᠷᠡᠭᠦᠯᠵᠦ᠂ ᠳᠠᠷᠤᠶᠢᠬᠠᠨ ᠬᠡᠷᠡᠭᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠪᠠ᠃ 2022-12-21 14᠄ 55᠄ 48      ᠬᠥᠲᠥᠯᠥᠭᠴᠢ᠄      ᠰᠢᠤᠸᠠᠨ ᠳ᠋ᠧᠩ ᠳ᠋ᠢᠶᠠᠨ ᠳᠡᠳ᠋ ᠲᠢᠩᠬᠢᠮ ᠤᠨ ᠳᠠᠷᠤᠭ᠎ᠠ ᠶᠢᠨ ᠪᠢᠳᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠠᠵᠢᠯ ᠤᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠤᠭᠰᠠᠨ ᠳᠤ ᠮᠠᠰᠢ ᠲᠠᠯᠠᠷᠬᠠᠵᠤ ᠪᠠᠶᠢᠨ᠎ᠠ᠃ ᠴᠠᠭ ᠬᠤᠭᠤᠴᠠᠭᠠᠨ ᠤ ᠬᠢᠵᠠᠭᠠᠷᠯᠠᠯ ᠠᠴᠠ  ᠪᠣᠯᠵᠤ᠂ ᠲᠤᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠃ ᠰᠦᠯᠵᠢᠶᠡᠨ ᠤ ᠠᠨᠳᠠ ᠨᠠᠷ ᠤᠨ ᠠᠩᠬᠠᠷᠤᠯ ᠳᠤ ᠲᠠᠯᠠᠷᠬᠠᠵᠤ ᠪᠠᠶᠢᠨ᠎ᠠ᠃ 2022-12-21 14᠄ 57᠄ 22      ᠡᠷᠬᠢᠮ ᠵᠣᠴᠢᠨ᠄ ᠰᠢᠤᠸᠠᠨ ᠳ᠋ᠧᠩ ᠳ᠋ᠢᠶᠠᠨ      ᠰᠦᠯᠵᠢᠶᠡᠨ ᠤ ᠠᠨᠳᠠ ᠨᠠᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠲᠤ ᠦᠵᠡᠭᠦᠯᠦᠭᠰᠡᠨ ᠳᠡᠮᠵᠢᠯᠭᠡ ᠪᠠ ᠬᠠᠯᠠᠮᠵᠢᠯᠠᠯ ᠳᠤ ᠲᠠᠯᠠᠷᠬᠠᠵᠤ ᠪᠠᠶᠢᠨ᠎ᠠ︕ 2022-12-21 14᠄ 58᠄ 57
         
        ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠤᠨ ᠮᠣᠩᠭᠤᠯ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号